ᠨᠢᠭᠡ᠂ ᠨᠡᠶᠢᠲᠡᠯᠡᠭᠰᠡᠨ ᠠᠬᠤᠶ ᠪᠠᠶᠢᠳᠠᠯ | 2020 ᠣᠨ ᠤ 6 ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠣᠯᠠᠨ | ᠨᠡᠶᠢᠲᠡ ᠶᠢᠨ ᠰᠣᠶᠣᠯ ᠤᠨ ᠬᠦᠷᠢᠶᠡᠨ ᠳᠠᠬᠢ ᠲᠥᠪ ᠵᠢᠴᠢ ᠣᠷᠣᠨ ᠨᠤᠲᠤᠭ ᠤᠨ ᠡᠳ᠋ ᠤᠨ ᠵᠠᠰᠠᠭ ᠤᠨ ᠶᠠᠪᠤᠳᠠᠯ ᠢ | ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ ᠢ | ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ︹2020︺ 14 ᠳ᠋ᠦ᠋ᠭᠡᠷ | ᠲᠣᠭᠠᠲᠤ︶ ᠳᠤ᠂ ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠳᠠᠬᠢ ᠲᠥᠪ ᠵᠢᠴᠢ ᠣᠷᠣᠨ ᠨᠤᠲᠤᠭ ᠤᠨ | ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ | ᠶᠡᠷᠦᠩᠬᠡᠶ ᠱᠠᠭᠠᠷᠳᠠᠯᠭ᠎ᠠ ᠬᠢᠭᠡᠳ ᠣᠯᠠᠨ ᠨᠡᠶᠢᠲᠡ ᠶᠢᠨ ᠰᠣᠶᠣᠯ ᠤᠨ ᠦᠨᠳᠦᠰᠦᠨ ᠦᠶ᠋ᠯᠡᠴᠢᠯᠡᠭᠡ᠂ ᠰᠣᠶᠣᠯ | ᠤᠷᠠᠯᠢᠭ ᠤᠨ ᠵᠣᠬᠢᠶᠠᠨ ᠪᠦᠲᠦᠭᠡᠯᠭᠡ ᠶᠢ ᠲᠡᠳᠬᠦᠨ ᠳᠡᠮᠵᠢᠬᠦ᠂ ᠰᠣᠶᠣᠯ ᠤᠨ ᠥᠪ ᠬᠥᠷᠥᠩᠭᠡ ᠶᠢ ᠬᠠᠮᠠᠭᠠᠯᠠᠨ | ᠤᠯᠠᠮᠵᠢᠯᠠᠬᠤ᠂ ᠰᠣᠶᠣᠯ ᠤᠨ ᠰᠣᠯᠢᠯᠴᠠᠭ᠎ᠠ ᠪᠠ ᠴᠢᠳᠠᠪᠤᠷᠢ ᠶᠢᠨ ᠪᠠᠶᠢᠭᠤᠯᠤᠯᠲᠠ ᠵᠡᠷᠭᠡ ᠲᠠᠪᠤᠨ ᠲᠠᠯ᠎ᠠ ᠶᠢᠨ ᠠᠵᠢᠯ | ᠶᠠᠪᠤᠳᠠᠯ ᠤᠨ ᠡᠷᠬᠡ ᠶᠢ ᠬᠤᠪᠢᠶᠠᠷᠢᠯᠠᠬᠤ ᠠᠭᠤᠯᠭ᠎ᠠ ᠶᠢ ᠲᠣᠳᠣᠷᠬᠠᠶᠢᠯᠠᠵᠤ᠂ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠶᠢ ᠴᠢᠩᠭᠠᠳᠬᠠᠬᠤ᠂ ᠣᠷᠣᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠬᠤ᠂ ᠥᠭᠡᠷᠡᠴᠢᠯᠡᠯᠲᠡ ᠶᠢ | ᠬᠠᠮᠵᠢᠯᠴᠠᠨ ᠠᠬᠢᠭᠤᠯᠬᠤ ᠵᠡᠷᠭᠡ ᠭᠤᠷᠪᠠᠨ ᠵᠦᠶ᠋ᠯ ᠤᠨ ᠢᠵᠢ ᠪᠥᠷᠢᠳᠦᠭᠦᠯᠬᠦ ᠠᠷᠭ᠎ᠠ ᠬᠡᠮᠵᠢᠶ᠎ᠡ ᠶᠢ ᠳᠤᠷᠠᠳᠤᠨ | ᠭᠠᠷᠭᠠᠯ᠎ᠠ᠃ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠴᠢ ᠲᠥᠯᠥᠪᠯᠡᠭᠡ ᠳᠤ | ᠠᠰ ᠲᠠᠭᠠᠨ ᠵᠢᠭᠰᠠᠭᠠᠭᠳᠠᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠲᠣᠰ ᠲᠥᠰᠦᠯ ᠤᠨ ᠵᠣᠷᠢᠭ | ᠰᠠᠨᠠᠭ᠎ᠠ ᠶᠢ ᠦᠨᠳᠦᠰᠦᠯᠡᠨ᠂ ᠮᠤᠵᠢ ᠠᠴᠠ ᠳᠣᠷᠤᠭᠰᠢᠬᠢ ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠳᠠᠬᠢ | ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠵᠦᠶ ᠵᠣᠬᠢᠰᠲᠠᠶ | ᠬᠤᠪᠢᠶᠠᠷᠢᠯᠠᠬᠤ ᠶᠢ ᠱᠠᠭᠠᠷᠳᠠᠵᠠᠢ᠃ | ᠲᠥᠷᠦ ᠶᠢᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠳᠠᠬᠢ | ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ | ᠥᠭᠡᠷᠡᠴᠢᠯᠡᠯᠲᠡ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠤᠨ | ᠂ ᠪᠢᠳᠡ ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠳᠠᠬᠢ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ | ᠵᠠᠷᠤᠯᠭ᠎ᠠ ᠶᠢᠨ ᠬᠠᠷᠢᠭᠤᠴᠠᠯᠭ᠎ᠠ ᠶᠢ ᠨᠠᠷᠢᠨ ᠨᠢᠮᠪᠠᠶ ᠡᠮᠬᠢᠯᠡᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ | ᠣᠲᠣ ᠶᠢᠨ ᠬᠡᠷᠡᠭᠵᠢᠭᠦᠯᠵᠦ ᠪᠠᠶᠢᠭ᠎ᠠ ᠬᠠᠮᠢᠶ᠎ᠠ ᠪᠥᠬᠦᠶ ᠵᠠᠷᠤᠳᠠᠯ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ | ᠵᠢᠷᠤᠮᠯᠠᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠰᠣᠶᠣᠯ ᠤᠨ | ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠵᠢᠴᠢ ᠠᠶᠢᠮᠠᠭ ᠬᠤᠲᠠ ᠶᠢᠨ ᠡᠳ᠋ ᠤᠨ ᠵᠠᠰᠠᠭ ᠤᠨ ᠶᠠᠪᠤᠳᠠᠯ ᠢ | ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ︾ ︵ | ᠳᠣᠷᠣᠭᠰᠢ ︽ᠲᠥᠰᠦᠯ︾ ᠭᠡᠵᠦ ᠲᠣᠪᠴᠢᠯᠠᠨ᠎ᠠ︶ ᠢ ᠨᠣᠣᠷᠠᠭᠯᠠᠨ ᠲᠤᠭᠤᠷᠪᠢᠪᠠ᠃ | ᠬᠤᠶᠠᠷ᠂ ᠭᠤᠣᠯ ᠠᠭᠤᠯᠭ᠎ᠠ | ᠲᠥᠪ ᠤᠨ ᠪᠢᠴᠢᠭ ᠮᠠᠲ᠋ᠧᠷᠢᠶᠠᠯ ᠤᠨ ᠥᠭᠡᠷᠡᠴᠢᠯᠡᠯᠲᠡ ᠶᠢᠨ ᠬᠡᠪᠴᠢᠶ᠎ᠡ ᠶᠣᠰᠣᠭᠠᠷ᠂ ᠥᠪᠡᠷᠲᠡᠭᠡᠨ ᠵᠠᠰᠠᠬᠤ | ᠣᠷᠣᠨ ᠤ ᠣᠲᠣ ᠶᠢᠨ ᠬᠡᠷᠡᠭᠵᠢᠭᠦᠯᠵᠦ ᠪᠠᠶᠢᠭ᠎ᠠ ᠡᠳ᠋ ᠤᠨ ᠵᠠᠰᠠᠭ ᠤᠨ ᠪᠠᠲᠤᠯᠠᠭ᠎ᠠ ᠶᠢᠨ ᠵᠠᠭᠪᠤᠷ ᠲᠠᠢ ᠤᠶᠠᠯᠳᠤᠭᠤᠯᠤᠨ | ᠂ ᠥᠪᠡᠷᠲᠡᠭᠡᠨ ᠵᠠᠰᠠᠬᠤ ᠣᠷᠣᠨ ᠵᠢᠴᠢ ᠠᠶᠢᠮᠠᠭ ᠬᠤᠲᠠ ᠶᠢᠨ ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠳᠠᠬᠢ | 5 ᠲᠠᠯ᠎ᠠ ᠶᠢᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ | ᠬᠤᠪᠢᠶᠠᠷᠢᠯᠠᠯ ᠢ ᠲᠣᠳᠤᠷᠬᠠᠶᠢᠯᠠᠪᠠ᠃ | ᠨᠢᠭᠡ᠂ ᠣᠯᠠᠨ ᠨᠡᠶᠢᠲᠡ ᠶᠢᠨ ᠰᠣᠶᠣᠯ ᠤᠨ ᠦᠨᠳᠦᠰᠦᠨ ᠦᠢᠯᠡᠴᠢᠯᠡᠭᠡᠨ ᠤ ᠲᠠᠯ᠎ᠠ᠃ ᠶᠡᠷᠦᠩᠬᠡᠶ ᠳᠤ ᠨᠢ | ᠡᠳ᠋ ᠤᠨ ᠵᠠᠰᠠᠭ ᠤᠨ ᠠᠵᠢᠯ ᠢ ᠬᠠᠮᠢᠶᠠᠷᠬᠤ ᠬᠠᠮᠲᠤ ᠶᠢᠨ ᠡᠷᠬᠡ ᠶᠢ ᠲᠣᠭᠲᠠᠭᠠᠵᠤ᠂ ᠲᠣᠰ ᠲᠣᠰ ᠲᠤ ᠪᠠᠨ | ᠵᠠᠷᠤᠯᠭ᠎ᠠ ᠶᠢᠨ ᠬᠠᠷᠢᠭᠤᠴᠠᠯᠭ᠎ᠠ ᠡᠭᠦᠷᠭᠡᠯᠡᠨ᠎ᠡ᠃ | ᠬᠤᠶᠠᠷ᠂ ᠰᠣᠶᠣᠯ ᠤᠷᠠᠯᠢᠭ ᠤᠨ ᠵᠣᠬᠢᠶᠠᠨ ᠪᠦᠲᠦᠭᠡᠯᠭᠡ ᠶᠢ ᠳᠡᠮᠵᠢᠬᠦ ᠲᠠᠯ᠎ᠠ᠃ ᠲᠥᠷᠥ ᠶᠢᠨ ᠪᠣᠳᠣᠯᠭ᠎ᠠ | ᠶᠣᠰᠣᠭᠠᠷ ᠲᠠᠰ ᠱᠠᠲᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠭᠤᠤᠯ ᠴᠣᠭᠴᠠ ᠶᠢ ᠲᠣᠭᠲᠠᠭᠠᠵᠤ᠂ ᠡᠳ᠋ ᠤᠨ | ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠲᠣᠰ ᠲᠣᠰ ᠬᠤᠪᠢᠶᠠᠷᠢᠯᠠᠨ᠎ᠠ᠃ | ᠭᠤᠷᠪᠠ᠂ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠲᠠᠯ᠎ᠠ᠃ ᠲᠥᠷᠥ ᠶᠢᠨ ᠪᠣᠳᠣᠯᠭ᠎ᠠ ᠶᠢ ᠦᠨᠳᠦᠰᠦᠯᠡᠨ | ᠲᠠᠰ ᠱᠠᠲᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠭᠤᠤᠯ ᠴᠣᠭᠴᠠ ᠶᠢ ᠲᠣᠭᠲᠠᠭᠠᠵᠤ᠂ ᠡᠳ᠋ ᠤᠨ ᠵᠠᠰᠠᠭ ᠤᠨ | ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠲᠣᠰ ᠲᠣᠰ ᠬᠤᠪᠢᠶᠠᠷᠢᠯᠠᠨ᠎ᠠ᠃ | ᠳᠥᠷᠪᠡ᠂ ᠰᠣᠶᠣᠯ ᠤᠨ ᠰᠣᠯᠢᠯᠴᠠᠭᠠᠨ ᠤ ᠲᠠᠯ᠎ᠠ᠃ ᠵᠣᠬᠢᠶᠠᠨ ᠪᠠᠶᠢᠭᠤᠯᠤᠨ ᠬᠡᠷᠡᠭᠵᠢᠭᠦᠯᠬᠦ ᠭᠤᠤᠯ ᠴᠣᠭᠴᠠ ᠶᠢ | ᠦᠨᠳᠦᠰᠦᠯᠡᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠲᠣᠰ | ᠪᠦᠷᠢ ᠬᠤᠪᠢᠶᠠᠷᠢᠯᠠᠨ᠎ᠠ᠃ | ᠲᠠᠪᠤ᠂ ᠴᠢᠳᠠᠪᠤᠷᠢ ᠶᠢᠨ ᠪᠠᠶᠢᠭᠤᠯᠤᠯᠲᠠ ᠶᠢᠨ ᠲᠠᠯ᠎ᠠ᠃ ᠣᠯᠠᠨ ᠨᠡᠶᠢᠲᠡ ᠶᠢᠨ ᠰᠣᠶᠣᠯ ᠤᠨ ᠪᠠᠶᠢᠭᠤᠯᠤᠮᠵᠢ ᠶᠢᠨ | ᠬᠠᠷᠢᠶᠠᠯᠠᠭᠳᠠᠬᠤ ᠬᠠᠷᠢᠴᠠᠭ᠎ᠠ ᠶᠣᠰᠣᠭᠠᠷ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ | ᠬᠠᠷᠢᠭᠤᠴᠠᠯᠭ᠎ᠠ ᠶᠢ ᠲᠣᠰ ᠪᠦᠷᠢ ᠬᠤᠪᠢᠶᠠᠷᠢᠯᠠᠨ᠎ᠠ᠃ | ᠭᠤᠷᠪᠠ᠂ ᠲᠦᠬᠦᠷᠵᠢᠭᠦᠯᠬᠦ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ | ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ︽ᠳᠥᠷᠪᠡᠨ ᠤᠬᠠᠮᠰᠠᠷ︾ ᠢᠶᠠᠨ | ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ | ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠰᠢᠶ᠋ᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠦᠨᠡᠨ ᠬᠦ ᠨᠢᠭᠡᠳᠬᠡᠨ᠂ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠶ᠋ᠴᠡᠳᠬᠡᠨ | ᠂ ᠨᠢᠭᠲᠠ ᠵᠣᠬᠢᠴᠠᠯᠳᠤᠨ ᠬᠠᠮᠵᠢᠯᠴᠠᠵᠤ᠂ ᠥᠭᠡᠷᠡᠴᠢᠯᠡᠯᠲᠡ ᠶᠢᠨ ᠠᠵᠢᠯ ᠢ ᠨᠠᠶᠢᠳᠠᠪᠤᠷᠢᠵᠢᠭᠤᠯᠤᠨ | ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ | ︵ᠬᠤᠶᠠᠷ︶ ᠣᠷᠣᠭᠤᠯᠤᠯᠲᠠ ᠶᠢᠨ ᠪᠠᠲᠤᠯᠠᠭ᠎ᠠ ᠪᠠᠨ ᠴᠢᠩᠭᠠᠷᠠᠭᠤᠯᠤᠨ᠎ᠠ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠲᠣᠰ ᠲᠥᠰᠦᠯ ᠢ ᠦᠨᠳᠦᠰᠦᠯᠡᠨ ᠦᠷᠭᠦᠯᠵᠢᠯᠡᠨ | ᠰᠢᠯᠵᠢᠭᠦᠯᠦᠨ ᠥᠭᠬᠦ ᠬᠤᠯᠪᠣᠭᠳᠠᠯ ᠪᠥᠬᠦᠶ ᠪᠠᠯᠠ ᠮᠥᠩᠭᠦ ᠪᠠᠷ ᠳᠠᠮᠵᠢᠭᠤᠯᠤᠨ ᠠᠶᠢᠮᠠᠭ ᠬᠤᠲᠠ ᠶᠢᠨ ᠣᠯᠠᠨ | ᠨᠡᠶᠢᠲᠡ ᠶᠢᠨ ᠰᠣᠶᠣᠯ ᠤᠨ ᠬᠦᠷᠢᠶᠡᠨ ᠳᠠᠬᠢ ᠵᠦᠶ᠋ᠯᠡᠰ ᠲᠤ ᠳᠡᠮᠵᠢᠯᠭᠡ ᠦᠵᠡᠭᠦᠯᠦᠨ᠎ᠡ᠃ ᠡᠯ᠎ᠡ ᠠᠶᠢᠮᠠᠭ ᠬᠤᠲᠠ | ᠲᠣᠰ ᠱᠠᠲᠤᠨ ᠤ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ | ᠬᠢᠨᠠᠮᠠᠭᠠᠶ ᠨᠠᠶᠢᠳᠠᠪᠤᠷᠢᠵᠢᠭᠤᠯᠵᠤ᠂ ᠳᠡᠭᠡᠳᠦ ᠱᠠᠲᠤᠨ ᠠᠴᠠ ᠰᠢᠯᠵᠢᠭᠦᠯᠦᠨ ᠥᠭᠬᠦ ᠪᠠ ᠥᠪᠡᠷ ᠤᠨ ᠡᠳ᠋ ᠤᠨ | ᠬᠦᠴᠦᠨ ᠢᠶᠠᠨ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠣᠯᠠᠨ ᠨᠡᠶᠢᠲᠡ ᠶᠢᠨ ᠰᠣᠶᠣᠯ ᠤᠨ ᠦᠨᠳᠦᠰᠦᠨ | ᠦᠶ᠋ᠯᠡᠴᠢᠯᠡᠭᠡ ᠶᠢ ᠪᠠᠷᠢᠮᠵᠢᠶᠠᠵᠢᠭᠤᠯᠬᠤ ᠪᠠ ᠲᠡᠩᠴᠡᠭᠦᠷᠢᠰᠢᠭᠦᠯᠬᠦ ᠶᠢ ᠠᠬᠢᠭᠤᠯᠤᠨ᠂ ᠡᠳ᠋ ᠤᠨ ᠵᠠᠰᠠᠭ ᠤᠨ ᠣᠯᠠᠨ | ᠨᠡᠶᠢᠲᠡ ᠶᠢᠨ ᠰᠣᠶᠣᠯ ᠤᠨ ᠣᠷᠣᠭᠤᠯᠤᠯᠲᠠ ᠶᠢᠨ ᠬᠢᠷᠢ ᠬᠡᠮᠵᠢᠶ᠎ᠡ ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠱᠠᠲᠤ ᠦᠶ᠎ᠡ ᠲᠠᠢ ᠬᠠᠷᠢᠯᠴᠠᠨ ᠵᠣᠬᠢᠴᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠣᠷᠣᠨ ᠪᠦᠰᠡ ᠶᠢᠨ | ᠲᠥᠯᠥᠪᠵᠢᠭᠦᠯᠭᠡ ᠳᠤ ᠨᠡᠶᠢᠴᠡᠬᠦ ᠣᠯᠠᠨ ᠨᠡᠶᠢᠲᠡ ᠶᠢᠨ ᠰᠣᠶᠣᠯ ᠤᠨ ᠪᠠᠶᠢᠭᠤᠯᠤᠮᠵᠢ ᠶᠢᠨ ᠦᠨᠳᠦᠰᠦᠨ ᠪᠦᠲᠦᠭᠡᠨ | ᠪᠠᠶᠢᠭᠤᠯᠤᠯᠲᠠ ᠵᠡᠷᠭᠡ ᠬᠥᠷᠥᠩᠭᠡ ᠶᠢᠨ ᠴᠢᠨᠠᠷᠲᠠᠶ ᠵᠠᠷᠤᠯᠭ᠎ᠠ ᠶᠢ ᠬᠠᠤᠯᠢ ᠶᠣᠰᠣᠭᠠᠷ ᠣᠷᠣᠨ ᠨᠤᠲᠤᠭ ᠤᠨ ᠵᠠᠰᠠᠭ ᠤᠨ | ᠣᠷᠳᠣᠨ ᠤ ᠵᠢᠭᠡᠯᠡᠯᠭᠡ ᠶᠢᠨ ᠲᠡᠮᠳᠡᠭ ᠲᠠᠷᠬᠠᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠲᠣᠬᠢᠷᠠᠭᠤᠯᠵᠤ ᠪᠣᠯᠤᠨ᠎ᠠ᠃ | ︵ᠭᠤᠷᠪᠠ︶ ᠬᠠᠷᠢᠯᠴᠠᠨ ᠬᠠᠮᠵᠢᠯᠴᠠᠵᠤ ᠥᠭᠡᠷᠡᠴᠢᠯᠡᠯᠲᠡ ᠶᠢ ᠠᠬᠢᠭᠤᠯᠤᠨ᠎ᠠ | ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠵᠢᠴᠢ ᠠᠶᠢᠮᠠᠭ ᠬᠤᠲᠠ ᠶᠢᠨ | ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠰᠠᠯᠭᠠᠨ ᠬᠤᠪᠢᠶᠠᠷᠢᠯᠠᠬᠤ | ᠥᠭᠡᠷᠡᠴᠢᠯᠡᠯᠲᠡ ᠶᠢ ᠰᠣᠶᠣᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠲᠡᠦᠬᠡ ᠶᠢᠨ | ᠳᠤᠷᠠᠰᠬᠠᠯᠲᠤ ᠵᠦᠶ᠋ᠯᠡᠰ ᠢ ᠬᠠᠮᠠᠭᠠᠯᠠᠵᠤ ᠠᠰᠢᠭᠯᠠᠬᠤ ᠥᠭᠡᠷᠡᠴᠢᠯᠡᠯᠲᠡ ᠵᠡᠷᠭᠡ ᠯᠦᠭᠡ ᠨᠢᠭᠲᠠ ᠤᠶᠠᠯᠳᠤᠭᠤᠯᠬᠤ ᠶᠢᠨ | ᠬᠠᠮᠲᠤ᠂ ᠬᠠᠮᠢᠶ᠎ᠠ ᠪᠥᠬᠦᠶ ᠬᠦᠷᠢᠶᠡᠨ ᠤ ᠥᠭᠡᠷᠡᠴᠢᠯᠡᠯᠲᠡ ᠬᠥᠭᠵᠢᠯᠲᠡ ᠶᠢᠨ ᠪᠠᠶᠢᠳᠠᠯ ᠵᠡᠷᠭᠡ ᠶᠢ ᠦᠨᠳᠦᠰᠦᠯᠡᠨ | ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠶᠢᠨ ᠵᠦᠶ᠋ᠯᠡᠰ ᠢ ᠴᠠᠭ ᠲᠤᠬᠠᠢ ᠳᠤ ᠨᠢ ᠳᠣᠭᠢᠷᠠᠭᠤᠯᠤᠨ | ᠰᠢᠯᠢᠳᠡᠭᠵᠢᠭᠦᠯᠵᠦ᠂ ᠰᠠᠭᠤᠷᠢ ᠪᠠᠷᠢᠮᠵᠢᠶ᠎ᠠ ᠶᠢ ᠲᠡᠭᠦᠯᠳᠡᠷᠵᠢᠭᠦᠯᠦᠨ᠂ ᠵᠠᠷᠤᠯᠭ᠎ᠠ ᠶᠢᠨ ᠬᠠᠷᠢᠭᠤᠴᠠᠯᠭ᠎ᠠ ᠶᠢ ᠤᠯᠠᠮ ᠨᠢᠭᠡ | ᠠᠯᠬᠤᠮ ᠵᠢᠷᠤᠮᠵᠢᠭᠤᠯᠵᠤ᠂ ᠬᠠᠮᠢᠶ᠎ᠠ ᠪᠥᠬᠦᠶ ᠥᠭᠡᠷᠡᠴᠢᠯᠡᠯᠲᠡ ᠶᠢ ᠪᠦᠬᠦᠯᠢ ᠴᠣᠭᠴᠠ ᠪᠠᠷ ᠬᠠᠷᠢᠯᠴᠠᠨ ᠬᠠᠮᠵᠢᠭᠤᠯᠤᠨ | ᠠᠬᠢᠭᠤᠯᠬᠤ ᠶᠢ ᠦᠨᠡᠨ ᠬᠦ ᠪᠠᠲᠤᠯᠠᠨ᠎ᠠ᠃ | ︵ᠳᠥᠷᠪᠡ︶ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ | ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠱᠠᠭᠠᠷᠳᠠᠯᠭ᠎ᠠ | ᠶᠣᠰᠣᠭᠠᠷ᠂ ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠳᠠᠬᠢ ᠦᠢᠯᠡᠴᠢᠯᠡᠭᠡᠨ ᠤ ᠣᠨᠴᠠᠯᠢᠭ ᠲᠠᠢ ᠨᠢᠭᠲᠠ | ᠤᠶᠠᠯᠳᠤᠭᠤᠯᠤᠨ᠂ ᠠᠮᠵᠢᠯᠲᠠ ᠪᠦᠲᠦᠮᠵᠢ ᠶᠢᠨ ᠬᠠᠷᠠᠯᠲᠠᠲᠤ ᠬᠠᠮᠢᠶᠠᠷᠤᠯᠲᠠ ᠶᠢ ᠴᠢᠩᠭᠠᠳᠬᠠᠵᠤ᠂ ᠠᠮᠵᠢᠯᠲᠠ | ᠪᠦᠲᠦᠮᠵᠢ ᠶᠢ ᠬᠢᠨᠠᠨ ᠡᠵᠡᠮᠳᠡᠬᠦ ᠶᠢ ᠰᠠᠶᠢᠲᠤᠷ ᠬᠢᠵᠦ᠂ ᠠᠮᠵᠢᠯᠲᠠ ᠪᠦᠲᠦᠮᠵᠢ ᠶᠢ ᠦᠨᠡᠯᠡᠬᠦ ᠪᠠ ᠦᠷ᠎ᠡ ᠳ᠋ᠦᠩ ᠢ | ᠬᠡᠷᠡᠭᠯᠡᠬᠦ ᠶᠢ ᠴᠢᠩᠭᠠᠷᠠᠭᠤᠯᠤᠨ᠂ ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠳᠠᠬᠢ ᠡᠳ᠋ ᠤᠨ ᠵᠠᠰᠠᠭ ᠤᠨ ᠡᠬᠢ | ᠪᠠᠶᠠᠯᠢᠭ ᠢ ᠲᠣᠬᠢᠷᠠᠭᠤᠯᠬᠤ ᠦᠷ᠎ᠡ ᠪᠦᠲᠦᠮᠵᠢ᠂ ᠬᠡᠷᠡᠭᠯᠡᠬᠦ ᠦᠷ᠎ᠡ ᠠᠰᠢᠭ ᠪᠠ ᠣᠯᠠᠨ ᠨᠡᠶᠢᠲᠡ ᠶᠢᠨ ᠦᠢᠯᠡᠴᠢᠯᠡᠭᠡᠨ ᠤ | ᠶᠠᠰᠤ ᠴᠢᠨᠠᠷ ᠢ ᠳᠡᠭᠡᠭᠰᠢᠯᠡᠭᠦᠯᠦᠨ᠎ᠡ᠃ | ︵ᠲᠠᠪᠤ︶ ᠲᠦᠷᠢᠮ ᠢ ᠱᠠᠯᠠᠪᠳᠠᠨ ᠵᠠᠰᠠᠪᠤᠷᠢ ᠣᠷᠣᠭᠤᠯᠵᠤ ᠪᠦᠷᠢᠨᠰᠢᠭᠦᠯᠦᠨ᠎ᠡ | ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠣᠰ ᠲᠥᠰᠦᠯ ᠤᠨ ᠬᠤᠯᠪᠣᠭᠳᠠᠯ | ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠪᠥᠬᠦ ᠲᠠᠯ᠎ᠠ ᠪᠠᠷ ᠰᠢᠰᠲ᠋ᠧᠮ ᠲᠠᠢ ᠡᠮᠬᠢᠯᠡᠭᠰᠡᠨ ᠰᠠᠭᠤᠷᠢᠨ ᠳᠡᠭᠡᠷ᠎ᠡ᠂ | ᠬᠠᠮᠢᠶ᠎ᠠ ᠪᠥᠬᠦᠶ ᠬᠠᠮᠢᠶᠠᠷᠤᠯᠲᠠ ᠶᠢᠨ ᠲᠦᠷᠢᠮ ᠳᠤ ᠱᠠᠯᠠᠪᠳᠠᠨ ᠵᠠᠰᠠᠪᠤᠷᠢ ᠣᠷᠣᠭᠤᠯᠤᠨ ᠪᠦᠷᠢᠨᠰᠢᠭᠦᠯᠵᠦ᠂ ᠣᠯᠠᠨ | ᠨᠡᠶᠢᠲᠡ ᠶᠢᠨ ᠰᠣᠶᠣᠯ ᠤᠨ ᠬᠦᠷᠢᠶᠡᠨ ᠳᠠᠬᠢ ᠠᠶᠢᠮᠠᠭ ᠬᠤᠲᠠ ᠵᠢᠴᠢ ᠬᠤᠰᠢᠭᠤ ᠰᠢᠶᠠᠨ ︵ᠬᠤᠲᠠ᠂ ᠲᠣᠭᠤᠷᠢᠭ︶ ᠤ | ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠵᠦᠶ ᠵᠣᠬᠢᠰᠲᠠᠶ | ᠬᠤᠪᠢᠶᠠᠷᠢᠯᠠᠬᠤ ᠬᠡᠷᠡᠭᠲᠡᠶ᠃ |