ᠬᠤᠷᠴᠢᠨ ᠲᠣᠭᠤᠷᠢᠭ᠄ ᠠᠷᠠᠯᠵᠢᠶᠠᠴᠢᠨ ᠤᠷᠢᠬᠤ ︽ᠬᠥᠳᠡᠯᠭᠡᠭᠦᠷ︾ ᠢ ᠨᠣᠴᠣᠭᠠᠵᠤ ᠬᠥᠭᠵᠢᠯᠲᠡ ᠶᠢᠨ ᠬᠥᠳᠡᠯᠭᠡᠬᠦ ᠬᠦᠴᠦᠨ ᠢ ᠬᠥᠭᠵᠢᠭᠡᠨ᠎ᠡ
ᠨᠡᠶᠢᠲᠡᠯᠡᠭᠰᠡᠨ ᠴᠠᠭ᠄
2021/10/28
    ᠡᠨᠡ ᠵᠢᠯ ᠠᠴᠠ ᠨᠠᠰᠢ᠂ ᠬᠤᠷᠴᠢᠨ ᠲᠣᠭᠤᠷᠢᠭ ᠤᠨ ᠬᠢᠨ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠪᠡᠭᠡᠵᠢᠩ ᠤᠨ ᠢ ᠵᠤᠸᠠᠩ ᠤᠨ ᠵᠠᠭᠪᠤᠷ︾ ᠢᠶᠠᠷ ᠯᠠᠪᠯᠠᠯᠲᠠ ᠪᠣᠯᠭᠠᠨ ᠠᠵᠤ ᠦᠶ᠋ᠯᠡᠰ ᠤᠨ ᠠᠷᠠᠯᠵᠢᠶᠠᠴᠢᠨ ᠤᠷᠢᠬᠤ ᠬᠡᠯᠬᠢᠶ᠎ᠡ ᠵᠢᠷᠤᠭ ᠵᠢᠴᠢ ᠱᠠᠩᠨᠠᠬᠤ ᠠᠷᠭ᠎ᠠ ᠶᠢ ᠲᠣᠭᠲᠠᠭᠠᠵᠤ᠂ ᠭᠤᠤᠯᠳᠠᠯᠭ᠎ᠠ ᠲᠠᠢ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠡᠳᠦᠷ ᠤᠨ ᠮᠥᠷᠳᠡᠯᠲᠡ᠂ ᠭᠠᠷᠠᠭ ᠤᠨ ᠲᠣᠬᠢᠷᠠᠭᠤᠯᠤᠯᠲᠠ᠂ ᠰᠠᠷ᠎ᠠ ᠶᠢᠨ ᠵᠠᠳᠠᠯᠤᠯᠲᠠ ᠶᠢᠨ ᠲᠦᠷᠢᠮ ᠢ ᠪᠠᠶᠢᠭᠤᠯᠵᠤ᠂ ᠨᠥᠭᠡᠴᠡᠯᠡᠬᠦ ᠲᠥᠷᠥᠯ ᠵᠦᠶ᠋ᠯ᠂ ᠪᠠᠶᠢᠭᠤᠯᠵᠤ ᠪᠠᠶᠢᠭ᠎ᠠ ᠲᠥᠷᠥᠯ ᠵᠦᠶ᠋ᠯ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠪᠠ᠃ ᠡᠭᠦᠨ ᠤ ᠬᠠᠮᠲᠤ᠂ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠶᠡᠭᠡ ᠲᠢᠩᠬᠢᠮ ᠳᠤ ︽24 ᠴᠠᠭ ᠲᠤ ᠡᠭᠦᠳᠡ ᠪᠠᠨ ᠬᠠᠭᠠᠬᠤ ᠥᠬᠡᠶ ᠲᠥᠷᠥᠯ ᠵᠦᠶ᠋ᠯ ᠤᠨ ᠦᠶ᠋ᠯᠡᠴᠢᠯᠡᠭᠡᠨ ᠤ ᠲᠤᠰᠬᠠᠶ ᠣᠷᠣᠨ︾ ᠢ ᠲᠥᠯᠥᠪᠵᠢᠭᠦᠯᠦᠨ ᠳᠣᠭᠢᠷᠠᠭᠤᠯᠪᠠ᠃ ᠣᠲᠣ ᠪᠣᠯᠲᠠᠯ᠎ᠠ᠂ ᠨᠡᠶᠢᠲᠡ 12 ᠲᠥᠷᠥᠯ ᠵᠦᠶ᠋ᠯ ᠤᠨ ᠭᠡᠷ᠎ᠡ ᠲᠣᠭᠲᠠᠵᠤ᠂ 139 ᠳ᠋ᠦᠩᠰᠢᠭᠤᠷ ᠲᠥᠭᠦᠷᠢᠭ ᠤᠨ ᠭᠡᠷ᠎ᠡ ᠲᠣᠭᠲᠠᠵᠤ᠂ 31 ᠭᠤᠤᠯᠳᠠᠯᠭ᠎ᠠ ᠲᠠᠢ ᠲᠥᠷᠥᠯ ᠵᠦᠶ᠋ᠯ ᠢ ᠨᠥᠭᠡᠴᠡᠯᠡᠵᠦ ᠪᠠᠶᠢᠨ᠎ᠠ᠃
 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号