ᠬᠤᠷᠴᠢᠨ ᠲᠣᠭᠤᠷᠢᠭ ᠤᠨ ︽ᠨᠢᠭᠲᠠ ᠳᠠᠷᠢᠬᠤ + ᠮᠥᠬᠦᠯᠢᠭ ᠬᠤᠷᠢᠶᠠᠯᠲᠠ︾ ᠨᠢ ᠡᠷᠳᠡᠨᠢ ᠰᠢᠰᠢ ᠶᠢᠨ ᠤᠨᠠᠯᠲᠠ ᠶᠢ ᠥᠨᠳᠥᠷ ᠪᠦᠲᠦᠮᠵᠢᠲᠡᠶ ᠪᠠᠷ ᠨᠡᠮᠡᠭᠳᠡᠭᠦᠯᠬᠦ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2021/11/1
    ᠡᠨᠡ ᠨᠠᠮᠤᠷ᠂ ᠬᠤᠷᠴᠢᠨ ᠲᠣᠭᠤᠷᠢᠭ ᠤᠨ ᠥᠨᠳᠥᠷ ᠤᠨᠠᠯᠲᠠ ᠲᠠᠢ ᠦᠷ᠎ᠡ ᠬᠤᠷᠢᠶᠠᠬᠤ ᠮᠡᠷᠭᠡᠵᠢᠯ ᠤᠨ 140 ᠮᠦ ᠶᠢᠨ ᠵᠢᠱᠢᠶ᠎ᠡ ᠦᠵᠡᠭᠦᠯᠬᠦ ᠡᠷᠳᠡᠨᠢ ᠰᠢᠰᠢ ᠡᠯᠪᠡᠭ ᠬᠤᠷᠢᠶᠠᠯᠲᠠ ᠤᠯᠪᠠ᠃ ᠲᠠᠷᠢᠶᠠᠯᠠᠩ ᠤᠨ ᠮᠡᠷᠭᠡᠵᠢᠯ ᠤᠨ ᠲᠤᠰᠬᠠᠶ ᠮᠡᠷᠭᠡᠵᠢᠯᠲᠡᠨ ᠤ ᠲᠤᠬᠠᠶ ᠶᠢᠨ ᠲᠠᠯᠠᠪᠠᠶ ᠶᠢᠨ ᠤᠨᠠᠯᠲᠠ ᠶᠢ ᠬᠡᠮᠵᠢᠬᠦ ᠪᠠᠷ ᠳᠡᠮᠵᠢᠨ᠂ ᠬᠡᠷᠡᠭᠯᠡᠭᠡᠨ ᠤ ᠮᠡᠷᠭᠡᠵᠢᠯ ᠤᠨ ᠵᠢᠱᠢᠶ᠎ᠡ ᠦᠵᠡᠭᠦᠯᠬᠦ ᠲᠠᠷᠢᠶᠠᠨ ᠭᠠᠵᠠᠷ ᠤᠨ ᠮᠥ ᠪᠦᠷᠢ ᠶᠢᠨ ᠳᠤᠮᠳᠠᠴᠢ ᠤᠨᠠᠯᠲᠠ 1060 ᠺᠢᠯᠣᠭ᠍ᠷᠠᠮ ᠳᠤ ᠬᠦᠷᠴᠦ᠂ ᠤᠯᠠᠮᠵᠢᠯᠠᠯᠲᠤ ᠵᠠᠭᠪᠤᠷ ᠤᠨ ᠳᠠᠷᠢᠬᠤ ᠮᠥ ᠪᠦᠷᠢ ᠶᠢᠨ ᠤᠨᠠᠯᠲᠠ ᠠᠴᠠ 200 ᠭᠠᠷᠤᠶ ᠺᠢᠯᠣᠭ᠍ᠷᠠᠮ ᠨᠡᠮᠡᠭᠳᠡᠨ᠂ ᠬᠤᠷᠴᠢᠨ ᠲᠣᠭᠤᠷᠢᠭ ᠤᠨ ᠶᠡᠭᠡ ᠬᠡᠪᠴᠢᠶ᠎ᠡ ᠪᠠᠷ ᠳᠡᠯᠭᠡᠷᠡᠭᠦᠯᠬᠦ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ 2021 ᠣᠨ ᠳᠤ᠂ ᠬᠤᠷᠴᠢᠨ ᠲᠣᠭᠤᠷᠢᠭ ᠤᠨ ᠠᠮᠤ ᠪᠤᠳᠠᠭᠠᠨ ᠤ ᠲᠠᠷᠢᠮᠠᠯ ᠤᠨ ᠲᠠᠯᠠᠪᠠᠶ 207.79 ᠲᠦᠮᠡᠨ ᠮᠥ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.82% ᠨᠡᠮᠡᠭᠳᠡᠵᠦ᠂ ᠵᠢᠱᠢᠯᠲᠡ ᠪᠠᠷ ᠪᠥᠬᠦ ᠵᠢᠯ ᠤᠨ ᠠᠮᠤ ᠪᠤᠳᠠᠭᠠᠨ ᠤ ᠶᠡᠷᠦᠩᠬᠡᠶ ᠤᠨᠠᠯᠲᠠ 161.77 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.16% ᠨᠡᠮᠡᠭᠳᠡᠬᠦ ᠪᠣᠯᠤᠨ᠎ᠠ᠃ ᠡᠭᠦᠨ ᠳᠤ᠂ ᠡᠷᠳᠡᠨᠢ ᠰᠢᠰᠢ ᠳᠠᠷᠢᠬᠤ ᠲᠠᠯᠠᠪᠠᠶ 203.47 ᠲᠦᠮᠡᠨ ᠮᠥ ᠪᠠᠶᠢᠨ᠎ᠠ᠃ ᠡᠨᠡ ᠨᠢ ᠠᠮᠤ ᠪᠤᠳᠠᠭᠠᠨ ᠤ ᠲᠠᠷᠢᠮᠠᠯ ᠤᠨ ᠲᠠᠯᠠᠪᠠᠶ ᠶᠢᠨ 98% ᠶᠢ ᠡᠵᠡᠯᠡᠨ᠎ᠡ᠃ ᠲᠠᠷᠠᠭᠠᠴᠢ ᠶᠢᠨ ᠠᠯᠬᠤᠮ ᠳᠤ᠂ ᠬᠤᠷᠴᠢᠨ ᠲᠣᠭᠤᠷᠢᠭ ᠤᠨ ᠬᠢᠨ ᠡᠷᠳᠡᠨᠢ ᠰᠢᠰᠢ ᠶᠢ ᠨᠢᠭᠲᠠ ᠳᠠᠷᠢᠵᠤ ᠥᠨᠳᠥᠷ ᠤᠨᠠᠯᠲᠠ ᠲᠠᠢ ᠦᠷ᠎ᠡ ᠬᠤᠷᠢᠶᠠᠬᠤ ᠮᠡᠷᠭᠡᠵᠢᠯ ᠤᠨ ᠵᠢᠱᠢᠶ᠎ᠡ ᠦᠵᠡᠭᠦᠯᠦᠨ ᠳᠡᠯᠭᠡᠷᠡᠭᠦᠯᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠡᠷᠳᠡᠨᠢ ᠰᠢᠰᠢ ᠶᠢᠨ ᠶᠠᠰᠤ ᠴᠢᠨᠠᠷ ᠢ ᠰᠠᠶᠢᠵᠢᠷᠠᠭᠤᠯᠤᠨ᠂ ᠠᠵᠤ ᠦᠶ᠋ᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠠᠮᠤ ᠪᠤᠳᠠᠭᠠᠨ ᠤ ᠦᠶ᠋ᠯᠡᠳᠪᠦᠷᠢᠯᠡᠯ ᠤᠨ ᠠᠮᠤᠷ ᠲᠦᠪᠰᠢᠨ ᠢ ᠪᠠᠲᠤᠯᠠᠵᠤ᠂ ᠬᠤᠷᠴᠢᠨ ᠲᠣᠭᠤᠷᠢᠭ ᠤᠨ ᠲᠠᠷᠢᠶᠠᠯᠠᠩ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠪᠠ ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠳᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃    
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号