ᠲᠣᠭᠤᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠦᠶ᠋ᠯᠡᠴᠢᠯᠡᠭᠡᠨ ᠤ ᠲᠥᠪ 10 ᠰᠠᠷ᠎ᠠ ᠶᠢᠨ 18 ᠤ | ᠡᠳᠦᠷ ᠠᠴᠠ ᠡᠬᠢᠯᠡᠨ ᠴᠣᠩᠬᠤ ᠪᠠᠷ ᠦᠶ᠋ᠯᠡᠴᠢᠯᠡᠬᠦ ᠴᠠᠭ ᠢᠶᠠᠨ ᠤᠷᠲᠤᠳᠬᠠᠵᠤ᠂ ᠵᠠᠰᠠᠭ ᠤᠨ ᠶᠠᠪᠤᠳᠠᠯ ᠤᠨ | ᠦᠶ᠋ᠯᠡᠴᠢᠯᠡᠭᠡᠨ ᠤ ᠲᠥᠪ ᠤᠨ ᠡᠮ ᠡᠮᠨᠡᠯᠭᠡ ᠶᠢᠨ ᠳᠠᠭᠠᠳᠬᠠᠯ ᠤᠨ ᠴᠣᠩᠬᠤ ᠶᠢᠨ ᠭᠠᠷᠠᠭ ᠤᠨ ᠥᠪᠡᠷᠲᠡᠭᠡᠨ ᠵᠠᠰᠠᠬᠤ | ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠱᠠᠭᠠᠷᠳᠠᠯᠭ᠎ᠠ ᠶᠢ ᠦᠨᠳᠦᠰᠦᠯᠡᠪᠡᠯ᠂ 11 ᠰᠠᠷ᠎ᠠ ᠶᠢᠨ | ᠳᠤᠮᠳᠠᠴᠢ ᠪᠠᠷ ᠮᠠᠨ ᠤ ᠬᠤᠲᠠ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠮᠡᠳᠡᠭᠡ ᠵᠠᠩᠭᠢ ᠶᠢᠨ ᠰᠢᠰᠲ᠋ᠧᠮ ᠢ | ᠰᠣᠯᠢᠬᠤ ᠪᠣᠯᠤᠨ᠎ᠠ᠂ ᠲᠤᠬᠠᠶ ᠶᠢᠨ ᠦᠶ᠎ᠡ ᠳᠤ ᠠᠷᠠᠳ ᠢᠷᠭᠡᠳ ᠡᠮ ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ | ᠠᠵᠢᠯ ᠢ ᠭᠦᠶ᠋ᠴᠡᠳᠬᠡᠬᠦ ᠶᠢᠨ ᠠᠷᠭ᠎ᠠ ᠥᠬᠡᠶ ᠪᠣᠯᠤᠨ᠎ᠠ᠂ 12 ᠰᠠᠷ᠎ᠠ ᠳᠤ ᠰᠢᠨ᠎ᠡ ᠰᠢᠰᠲ᠋ᠧᠮ ᠢ ᠣᠷᠣᠨ ᠤ ᠡᠮ | ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ 253 ᠵᠠᠰᠠᠭ ᠵᠠᠬᠢᠷᠭᠠᠨ ᠤ ᠠᠵᠢᠯ ᠦᠶ᠋ᠯᠡᠰ ᠤᠨ ᠨᠢᠭᠡᠴᠡ ᠪᠣᠯᠤᠨ 947 | ᠠᠵᠤ ᠠᠬᠤᠶᠢᠯᠠᠯ ᠤᠨ ᠨᠢᠭᠡᠴᠡ ᠶᠢ ᠪᠥᠬᠦ ᠬᠦᠴᠦᠨ ᠢᠶᠠᠷ ᠢᠶᠠᠨ ᠬᠠᠪᠰᠤᠷᠤᠨ ᠲᠣᠰ ᠵᠢᠯ ᠤᠨ ᠮᠡᠳᠡᠭᠦᠯᠵᠦ | ᠢᠯᠭᠠᠷᠠᠭᠤᠯᠤᠨ ᠪᠤᠳᠤᠬᠤ ᠲᠤᠬᠠᠶᠢᠯᠠᠭᠰᠠᠨ ᠠᠵᠢᠯ ᠢ ᠤᠷᠤᠭᠰᠢᠲᠠᠶ ᠪᠡᠶᠡᠯᠡᠭᠦᠯᠵᠦ᠂ ᠰᠢᠰᠲ᠋ᠧᠮ ᠢ ᠰᠣᠯᠢᠬᠤ ᠠᠴᠠ | ᠡᠮᠦᠨ᠎ᠡ ︽ᠵᠠᠮ ᠵᠠᠭᠤᠷᠠᠬᠢ︾ ᠲᠤᠬᠠᠶᠢᠯᠠᠭᠰᠠᠨ ᠠᠵᠢᠯ ᠢ ᠭᠦᠶ᠋ᠴᠡᠳᠬᠡᠬᠦ ᠶᠢ ᠪᠠᠲᠤᠯᠠᠵᠤ᠂ ᠣᠯᠠᠨ ᠲᠦᠮᠡᠨ ᠳᠤ | ᠪᠣᠳᠠᠲᠠᠶ ᠠᠵᠢᠯ ᠬᠢᠵᠦ ᠥᠭᠬᠦ ᠶᠢ ᠦᠨᠡᠨ ᠬᠦ ᠪᠡᠶᠡᠯᠡᠭᠦᠯᠦᠨ᠎ᠡ᠃ |