ᠬᠤᠷᠴᠢᠨ ᠲᠣᠭᠤᠷᠢᠭ ᠤᠨ ᠬᠢᠨ ᠲᠠᠷᠢᠶᠠᠯᠠᠩ ᠢ ᠬᠥᠭᠵᠢᠭᠦᠯᠬᠦ ᠵᠢᠭᠡᠯᠡᠯᠭᠡ᠂ ᠲᠡᠵᠢᠭᠡᠨ ᠦᠷᠡᠵᠢᠭᠦᠯᠬᠦ ᠵᠢᠭᠡᠯᠡᠯᠭᠡ᠂ | ᠪᠠᠭ᠎ᠠ ᠵᠢᠭᠡᠯᠡᠯᠭᠡ ᠶᠢ ᠳᠡᠮᠵᠢᠬᠦ ᠵᠡᠷᠭᠡ ᠭᠠᠮᠰᠢᠭ ᠲᠠᠢ ᠲᠡᠮᠡᠴᠡᠵᠦ ᠭᠠᠮᠰᠢᠭ ᠠᠴᠠ ᠠᠪᠤᠷᠠᠬᠤ ᠲᠤᠰᠬᠠᠢ ᠲᠦᠷᠦᠯ ᠤᠨ | ᠮᠥᠩᠭᠦᠨ ᠭᠦᠢᠯᠭᠡᠭᠡᠨ ᠤ ᠦᠢᠯᠡᠳᠬᠦᠨ ᠵᠢᠴᠢ ᠭᠠᠮᠰᠢᠭᠳᠠᠭᠰᠠᠨ ᠬᠡᠮᠵᠢᠶᠡᠨ ᠤ ᠵᠢᠭᠡᠯᠡᠯᠭᠡ ᠶᠢᠨ ᠡᠷᠦᠬᠡ ᠶᠢᠨ | ᠬᠤᠭᠤᠴᠠᠭ᠎ᠠ ᠶᠢ ᠤᠷᠲᠤᠳᠬᠠᠬᠤ᠂ ᠡᠬᠡ ᠮᠥᠩᠭᠦ ᠶᠢ ᠪᠤᠴᠠᠭᠠᠬᠤ ᠦᠭᠡᠢ ᠪᠠᠷ ᠵᠢᠭᠡᠯᠡᠯᠭᠡ ᠶᠢ ᠦᠷᠭᠦᠯᠵᠢᠯᠡᠭᠦᠯᠬᠦ | ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠵᠢᠭᠡᠯᠡᠯᠭᠡ ᠶᠢᠨ ᠰᠠᠭᠠᠳ ᠦᠭᠡᠢ ᠨᠡᠪᠲᠡᠷᠡᠬᠦ ᠵᠠᠮ ᠢ ᠪᠠᠶᠢᠭᠤᠯᠵᠤ᠂ | ᠵᠢᠭᠡᠯᠡᠯᠭᠡ ᠶᠢ ᠬᠢᠨᠠᠨ ᠵᠥᠪᠰᠢᠶᠡᠷᠡᠬᠦ ᠭᠠᠷ ᠭᠦᠢᠴᠡᠳᠬᠡᠯ ᠢ ᠳᠥᠭᠦᠮᠴᠢᠯᠡᠵᠦ᠂ ᠭᠠᠮᠰᠢᠭᠳᠠᠭᠰᠠᠨ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ᠂ ᠬᠥᠳᠡᠭᠡ ᠲᠣᠰᠬᠤᠨ ᠲᠠᠷᠢᠶᠠᠴᠢᠨ ᠤ ᠬᠡᠷᠡᠭᠯᠡᠭᠴᠢᠳ ᠤᠨ ᠡᠵᠡᠩᠨᠡᠯᠲᠡ ᠪᠠᠨ | ᠲᠦᠷᠭᠡᠨ ᠰᠡᠷᠭᠦᠭᠡᠬᠦ ᠳᠤ ᠬᠦᠴᠦ ᠨᠡᠮᠡᠷᠢᠯᠡᠪᠡ᠃ ᠭᠠᠮᠰᠢᠭ ᠠᠴᠠ ᠠᠪᠤᠷᠬᠠᠤ ᠶᠠᠪᠤᠴᠠ ᠳᠤ 10 ᠲᠦᠮᠡᠨ | ᠲᠥᠭᠦᠷᠢᠭ ᠠᠴᠠ ᠳᠡᠭᠡᠭᠰᠢ ᠬᠠᠨᠳᠢᠪᠯᠠᠭᠰᠠᠨ ᠠᠵᠤ ᠠᠬᠤᠶᠢᠯᠠᠯ ᠪᠠ ᠬᠤᠪᠢ ᠬᠥᠮᠦᠨ ᠤ ᠬᠦᠤ ᠮᠥᠩᠭᠦ ᠶᠢᠨ | ᠨᠣᠷᠮ᠎ᠠ ᠶᠢ 10% ᠪᠠᠷ ᠪᠠᠭᠤᠷᠠᠭᠤᠯᠬᠤ ᠶᠢᠨ ᠬᠠᠮᠲᠤ 5 ᠲᠠᠩᠰᠠᠨ ᠤ ᠭᠠᠮᠰᠢᠭ ᠤᠨ ᠲᠤᠰᠬᠠᠶ ᠲᠤᠰᠢᠶᠠᠯᠲᠤ | ᠪᠦᠯᠬᠦᠮ ᠢ ᠵᠣᠬᠢᠶᠠᠨ ᠪᠠᠶᠢᠭᠤᠯᠵᠤ ᠡᠷᠦᠬᠡ ᠳᠤ ᠬᠦᠷᠴᠦ ᠪᠠᠶᠢᠴᠠᠭᠠᠯᠲᠠ ᠬᠢᠵᠦ ᠵᠢᠭᠡᠯᠡᠯᠭᠡ ᠲᠠᠯᠪᠢᠨ᠎ᠠ᠃ | ᠣᠳᠣᠬᠠᠨ ᠳᠤ ᠲᠦᠩᠯᠢᠶᠣᠤ ᠶᠢᠨ ᠶᠢᠨ ᠬᠥ᠋ ᠲᠣᠰᠬᠤᠨ ᠪᠠᠯᠭᠠᠰᠤ ᠶᠢᠨ ᠪᠠᠩᠬᠢ ᠠᠴᠠ ᠭᠠᠮᠰᠢᠭᠳᠠᠭᠰᠠᠨ ᠠᠵᠤ | ᠠᠬᠤᠶᠢᠯᠠᠯ ᠳᠤ 610 ᠲᠦᠮᠡᠨ ᠲᠥᠭᠦᠷᠢᠭ ᠤᠨ ᠵᠢᠭᠡᠯᠡᠯᠭᠡ ᠲᠠᠯᠪᠢᠭᠰᠠᠨ ᠪᠠᠶᠢᠨ᠎ᠠ᠃ |