ᠬᠤᠷᠴᠢᠨ ᠲᠣᠭᠤᠷᠢᠭ ᠨᠢ ᠳᠤᠮᠳᠠᠳᠤ ᠤᠯᠤᠰ ᠤᠨ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ᠂ ᠳᠤᠮᠳᠠᠳᠤ | ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ ᠠᠵᠤ ᠠᠬᠤᠶᠢᠯᠠᠯ ᠵᠢᠴᠢ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠲᠠᠢ ᠬᠠᠮᠲᠤᠷᠠᠯᠴᠠᠵᠤ᠂ ᠪᠣᠬᠢᠷᠲᠤᠯ ᠦᠭᠡᠢ ᠴᠢᠨᠠᠷ ᠰᠠᠶᠢᠲᠠᠢ | ᠥᠨᠳᠥᠷ ᠦᠷ᠎ᠡ ᠪᠦᠲᠦᠮᠵᠢᠲᠡᠢ ᠠᠵᠢᠯᠯᠠᠭ᠎ᠠ ᠶᠢᠨ ᠲᠦᠷᠦᠯ ᠵᠦᠢᠯ ᠢ ᠥᠷᠨᠢᠭᠦᠯᠦᠨ᠎ᠡ᠃ ᠲᠣᠰ ᠲᠥᠷᠥᠯ ᠵᠦᠶ᠋ᠯ ᠳᠤ | ᠨᠡᠶᠢᠲᠡ 100 ᠲᠦᠮᠡᠨ ᠲᠥᠭᠦᠷᠢᠭ ᠣᠷᠣᠭᠤᠯᠵᠤ᠂ ᠭᠤᠤᠯ ᠣᠷᠣᠨ ᠤ 1 ᠮᠢᠩᠭᠠᠨ ᠮᠥ᠂ ᠲᠥᠷᠥᠯ ᠵᠦᠶ᠋ᠯ ᠤᠨ | ᠣᠷᠣᠨ ᠤ 1 ᠲᠦᠮᠡᠨ ᠮᠥ᠂ ᠵᠢᠱᠢᠶ᠎ᠡ ᠦᠵᠡᠭᠦᠯᠬᠦ ᠣᠷᠣᠨ ᠤ 9 ᠲᠦᠮᠡᠨ ᠮᠥ ᠶᠢ ᠪᠥᠲᠥᠭᠡᠨ ᠪᠠᠶᠢᠭᠤᠯᠵᠤ᠂ ᠡᠷᠳᠡᠨᠢ | ᠰᠢᠰᠢ ᠶᠢᠨ ᠤᠰᠤ ᠪᠣᠷᠳᠣᠭᠤᠷ ᠢ ᠨᠢᠭᠡ ᠴᠤᠭᠴᠠᠵᠢᠭᠤᠯᠤᠨ ᠨᠢᠭᠲᠠ ᠳᠠᠷᠢᠵᠤ ᠥᠨᠳᠥᠷ ᠤᠨᠠᠯᠲᠠ ᠲᠠᠢ ᠦᠷ᠎ᠡ | ᠬᠤᠷᠢᠶᠠᠬᠤ ᠮᠡᠷᠭᠡᠵᠢᠯ᠂ ᠡᠪᠡᠳᠴᠢᠨ ᠬᠤᠷᠣᠬᠠᠶ ᠶᠢᠨ ᠬᠥᠨᠥᠭᠡᠯ ᠤᠨ ᠪᠣᠬᠢᠷᠲᠤᠯ ᠥᠬᠡᠶ ᠰᠡᠷᠭᠡᠶᠢᠯᠡᠨ ᠡᠵᠡᠮᠳᠡᠬᠦ | ᠮᠡᠷᠭᠡᠵᠢᠯ᠂ ᠮᠧᠬᠠᠨᠢᠭᠴᠢᠯᠠᠭᠰᠠᠨ ᠹᠢᠽᠢᠺ ᠤᠨ ᠠᠷᠭ᠎ᠠ ᠪᠠᠷ ᠡᠪᠡᠰᠦ ᠠᠷᠢᠯᠭᠠᠬᠤ ᠵᠡᠷᠭᠡ ᠰᠢᠨ᠎ᠡ ᠮᠡᠷᠭᠡᠵᠢᠯ ᠰᠢᠨ᠎ᠡ | ᠵᠠᠭᠪᠤᠷ ᠢ ᠳᠡᠯᠭᠡᠷᠡᠭᠦᠯᠬᠦ ᠪᠠᠷ ᠭᠤᠤᠯ ᠰᠢᠪᠲᠤᠯᠤᠯᠲᠠ ᠶᠢᠨ ᠴᠢᠭᠯᠡᠯ ᠪᠣᠯᠭᠠᠨ᠎ᠠ᠃ ᠣᠳᠣᠬᠠᠨ ᠳᠤ᠂ ᠲᠥᠷᠥᠯ | ᠵᠦᠶ᠋ᠯ ᠤᠨ ᠪᠥᠲᠥᠭᠡᠨ ᠪᠠᠶᠢᠭᠤᠯᠤᠯᠲᠠ ᠶᠢ ᠪᠦᠬᠦᠨ ᠢ ᠪᠡᠶᠡᠯᠡᠭᠦᠯᠦᠭᠰᠡᠨ ᠪᠥᠭᠡᠳ ᠭᠠᠷᠤᠯᠲᠠ ᠶᠢ ᠨᠡᠮᠡᠭᠳᠡᠭᠦᠯᠦᠨ ᠦᠷ᠎ᠡ | ᠠᠰᠢᠭ ᠢ ᠨᠡᠮᠡᠭᠳᠡᠭᠦᠯᠬᠦ ᠶᠢ ᠪᠡᠶᠡᠯᠡᠭᠦᠯᠵᠦ᠂ ᠲᠥᠷᠥᠯ ᠵᠦᠶ᠋ᠯ ᠤᠨ ᠣᠷᠣᠨ ᠳᠤ ᠳᠤᠮᠳᠠᠴᠢ ᠪᠠᠷ 25.2% ᠢᠶᠠᠷ | ᠨᠡᠮᠡᠭᠳᠡᠪᠡ᠃ |