ᠴᠠᠰᠤ ᠰᠢᠭᠤᠷᠭᠠᠨ ᠤ ᠨᠥᠯᠥᠭᠡ ᠪᠠᠷ ᠢᠳᠡᠰᠢᠨ ᠨᠣᠭᠤᠭᠠᠨ ᠤ ᠬᠦᠯᠡᠮᠵᠢ ᠶᠢᠨ ᠳᠤᠯᠠᠭᠠᠨ ᠤ ᠬᠡᠮᠵᠢᠶ᠎ᠡ ᠪᠠᠭᠤᠷᠠᠵᠤ | ᠂ ᠬᠡᠷᠡᠯ ᠤᠨ ᠲᠤᠰᠤᠯᠲᠠ ᠬᠦᠷᠦᠯᠴᠡᠬᠦ ᠥᠬᠡᠶ ᠠᠴᠠ ᠪᠣᠯᠵᠣ ᠬᠦᠯᠡᠮᠵᠢ ᠶᠢᠨ ᠳᠣᠲᠣᠷᠠᠬᠢ ᠲᠠᠷᠢᠮᠠᠯ ᠤᠨ ᠬᠡᠪ ᠤᠨ | ᠤᠷᠭᠤᠯᠲᠠ ᠶᠢ ᠨᠥᠯᠥᠭᠡᠯᠡᠳᠡᠭ᠃ ᠡᠭᠦᠨ ᠳᠤ᠂ ᠬᠤᠷᠴᠢᠨ ᠲᠣᠭᠤᠷᠢᠭ ᠤᠨ ᠬᠢᠨ ᠴᠠᠭ ᠲᠤᠬᠠᠶ ᠳᠤᠨᠢ | ᠪᠠᠶᠢᠷᠢᠯᠠᠭᠤᠯᠤᠯᠲᠠ ᠬᠢᠵᠦ᠂ ᠢᠳᠡᠪᠬᠢᠲᠡᠶ ᠪᠠᠷ ᠠᠷᠭᠠᠴᠠᠬᠤ ᠠᠷᠭ᠎ᠠ ᠬᠡᠮᠵᠢᠶ᠎ᠡ ᠠᠪᠴᠤ᠂ ᠲᠠᠷᠢᠶᠠᠯᠠᠩ ᠤᠨ | ᠮᠡᠷᠭᠡᠵᠢᠯ ᠤᠨ ᠠᠵᠢᠯᠲᠠᠳ ᠢ ᠵᠣᠬᠢᠶᠠᠨ ᠪᠠᠶᠢᠭᠤᠯᠤᠨ ᠲᠤᠬᠠᠶ ᠶᠢᠨ ᠭᠠᠵᠠᠷ ᠲᠤᠨᠢ ᠭᠦᠨᠵᠡᠭᠡᠶᠢᠷᠡᠭᠦᠯᠦᠨ ᠵᠢᠯᠣᠭᠤᠳᠣᠯᠭ᠎ᠠ | ᠪᠠ ᠦᠶ᠋ᠯᠡᠴᠢᠯᠡᠭᠡ ᠬᠢᠯᠭᠡᠵᠦ᠂ ᠲᠣᠮᠣ ᠫᠤᠩ ᠨᠢᠭᠡᠪᠦᠷᠢ ᠶᠢᠨ ᠪᠣᠳᠠᠲᠠᠶ ᠪᠠᠶᠢᠳᠠᠯ ᠢ ᠦᠨᠳᠦᠰᠦᠯᠡᠨ ᠴᠢᠭᠯᠡᠭᠦᠯᠬᠦ | ᠴᠢᠨᠠᠷᠲᠠᠶ ᠵᠢᠯᠣᠭᠤᠳᠬᠤ ᠰᠠᠨᠠᠯ ᠭᠠᠷᠭᠠᠵᠤ᠂ ᠲᠣᠮᠣ ᠫᠤᠩ ᠳᠠᠷᠢᠬᠤ ᠡᠷᠦᠬᠡ ᠶᠢᠨ ᠴᠠᠰᠤ ᠣᠷᠣᠬᠤ ᠠᠴᠠ ᠪᠣᠯᠤᠭᠰᠠᠨ | ᠬᠦᠴᠢᠷᠳᠡᠯ ᠪᠠ ᠠᠰᠠᠭᠤᠳᠠᠯ ᠢ ᠦᠨᠡᠨ ᠬᠦ ᠰᠢᠶ᠋ᠳᠪᠦᠷᠢᠯᠡᠵᠦ᠂ ᠪᠡᠯᠡᠳᠭᠡᠮᠵᠢᠳᠤ ᠲᠠᠷᠢᠶᠠᠯᠠᠩ ᠤᠨ ᠦᠶ᠋ᠯᠡᠳᠪᠦᠷᠢᠯᠡᠯ ᠤᠨ | ᠠᠮᠤᠷ ᠲᠦᠪᠰᠢᠨ ᠢ ᠦᠨᠡᠨ ᠬᠦ ᠪᠠᠲᠤᠯᠠᠪᠠ᠃ |