ᠬᠤᠷᠴᠢᠨ ᠲᠣᠭᠤᠷᠢᠭ᠄ ᠨᠠᠮ ᠪᠠ ᠣᠯᠠᠨ ᠲᠦᠮᠡᠨ ᠤ ᠦᠶ᠋ᠯᠡᠴᠢᠯᠡᠭᠡ ᠶᠢ ᠴᠢᠩᠭᠠᠳᠬᠠᠵᠤ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2021/11/26
   ᠬᠤᠷᠴᠢᠨ ᠲᠣᠭᠤᠷᠢᠭ ᠤᠨ ᠬᠢᠨ ᠨᠠᠮ ᠤᠨ ᠪᠠᠶᠢᠭᠤᠯᠤᠯᠲᠠ ᠪᠠᠷ ᠭᠤᠣᠯ ᠠᠵᠢᠯ ᠢ ᠬᠦᠳᠦᠯᠦᠨ ᠳᠠᠭᠠᠭᠤᠯᠵᠤ ᠠᠬᠢᠭᠤᠯᠬᠤ ᠶᠢ ᠪᠠᠷᠢᠮᠲᠠᠯᠠᠵᠤ᠂ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠵᠦ᠂ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠤ ᠬᠠᠯᠠᠭᠤᠨ ᠳᠤᠯᠠᠭᠠᠨ ᠭᠡᠷ ᠣᠷᠣᠨ ᠢ ᠰᠡᠳᠬᠢᠯ ᠲᠠᠯᠪᠢᠨ ᠴᠣᠭᠴᠠᠯᠠᠵᠤ ᠪᠤᠢ᠃ ᠣᠲᠣ ᠪᠣᠯᠲᠠᠯ᠎ᠠ᠂ ᠪᠥᠬᠦ ᠲᠣᠭᠤᠷᠢᠭ ᠤᠨ 334 ᠨᠠᠮ ᠪᠠ ᠣᠯᠠᠨ ᠲᠦᠮᠡᠨ ᠤ ᠦᠶ᠋ᠯᠡᠴᠢᠯᠡᠭᠡᠨ ᠤ ᠲᠥᠪ ᠨᠢᠭᠡᠨᠲᠡ ᠨᠠᠮ ᠤᠨ ᠶᠠᠪᠤᠳᠠᠯ᠂ ᠵᠠᠰᠠᠭ ᠤᠨ ᠶᠠᠪᠤᠳᠠᠯ ᠵᠡᠷᠭᠡ 20 ᠭᠠᠷᠤᠶ ᠵᠦᠶ᠋ᠯ ᠤᠨ ᠦᠶ᠋ᠯᠡᠴᠢᠯᠡᠭᠡ ᠶᠢ ᠪᠥᠬᠦ ᠲᠠᠯ᠎ᠠ ᠪᠠᠷ ᠴᠢᠯᠥᠭᠡᠲᠡᠶ ᠪᠣᠯᠭᠠᠵᠤ᠂ 2100 ᠭᠠᠷᠤᠶ ᠨᠠᠮ ᠤᠨ ᠭᠡᠰᠢᠭᠦᠨ ᠺᠠᠳ᠋ᠷ ᠢ ᠲᠠᠲᠠᠵᠤ 668 ᠬᠠᠪᠰᠤᠷᠤᠨ ᠭᠦᠶ᠋ᠴᠡᠳᠬᠡᠬᠦ ᠣᠷᠣᠯᠠᠨ ᠭᠦᠶ᠋ᠴᠡᠳᠬᠡᠬᠦ ᠰᠠᠯᠪᠤᠷᠢ ᠪᠠᠭ᠎ᠠ ᠠᠩᠭᠢ ᠶᠢ ᠪᠠᠶᠢᠭᠤᠯᠤᠭᠰᠠᠨ ᠪᠠᠶᠢᠨ᠎ᠠ᠃ ᠡᠨᠡ ᠵᠢᠯ ᠠᠴᠠ ᠨᠠᠰᠢ᠂ ᠠᠷᠠᠳ ᠤᠨ ᠠᠮᠢᠳᠤᠷᠠᠯ ᠤᠨ ᠡᠯ᠎ᠡ ᠲᠥᠷᠥᠯ ᠤᠨ ᠬᠦᠴᠢᠷ ᠠᠰᠠᠭᠤᠳᠠᠯ ᠢ ᠨᠡᠶᠢᠲᠡ 3.2 ᠲᠦᠮᠡ ᠭᠠᠷᠤᠶ ᠤᠳᠠᠭ᠎ᠠ ᠰᠢᠶ᠋ᠳᠪᠦᠷᠢᠯᠡᠵᠦ᠂ ᠬᠠᠷᠢᠭᠤ ᠰᠤᠷᠪᠤᠯᠵᠢᠯᠠᠭ᠎ᠠ ᠶᠢᠨ ᠬᠠᠨᠤᠮᠵᠢ ᠶᠢᠨ ᠬᠡᠮᠵᠢᠶ᠎ᠡ 100% ᠳᠤ ᠬᠦᠷᠴᠡᠶ᠃ ᠢᠷᠭᠡᠳ ᠤᠨ ᠳᠠᠶᠢᠰᠤᠨ᠂ ᠢᠷᠭᠡᠳ ᠤᠨ ᠵᠠᠮ ᠢᠶᠠᠷ ᠵᠠᠮᠨᠠᠳᠠᠭ᠃
 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号