ᠬᠤᠷᠴᠢᠨ ᠲᠣᠭᠤᠷᠢᠭ᠄ ᠠᠵᠢᠯ ᠣᠯᠭᠤᠯᠲᠠ ᠶᠢᠨ ᠦᠶ᠋ᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ ᠠᠵᠢᠯ ᠣᠯᠭᠤᠯᠲᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠠ
ᠨᠡᠶᠢᠲᠡᠯᠡᠭᠰᠡᠨ ᠴᠠᠭ᠄
2021/11/29
   ᠡᠨᠡ ᠵᠢᠯ ᠠᠴᠠ ᠨᠠᠰᠢ᠂ ᠬᠤᠷᠴᠢᠨ ᠲᠣᠭᠤᠷᠢᠭ ᠤᠨ ᠬᠢᠨ ᠨᠤᠲᠤᠭ ᠲᠠᠭᠠᠨ ᠪᠤᠴᠠᠭᠰᠠᠨ ᠬᠥᠯᠥᠰᠥᠨ ᠠᠵᠢᠯᠴᠢᠨ᠂ ᠠᠵᠢᠯ ᠤᠯᠬᠤ ᠳᠤ ᠬᠦᠴᠢᠷᠲᠡᠶ ᠬᠥᠮᠦᠰ ᠢ ᠠᠵᠢᠯ ᠣᠯᠭᠤᠯᠲᠠ ᠶᠢᠨ ᠠᠵᠢᠯ ᠤᠨ ᠭᠤᠤᠯᠳᠠᠯᠭ᠎ᠠ ᠪᠣᠯᠭᠠᠵᠤ᠂ ᠬᠥᠮᠦᠨ ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠨ᠂ ᠭᠤᠤᠯᠳᠠᠯᠭ᠎ᠠ ᠲᠠᠢ ᠬᠠᠮᠲᠤᠯᠢᠭ ᠤᠨ ᠠᠵᠢᠯ ᠤᠯᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ᠬᠤᠷᠴᠢᠨ ᠲᠣᠭᠤᠷᠢᠭ ᠨᠢ ᠠᠵᠤ ᠦᠢᠯᠡᠰ ᠤᠨ ᠪᠦᠲᠦᠴᠡ ᠪᠣᠯᠤᠨ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠵᠤ᠂ ᠡᠯ᠎ᠡ ᠵᠦᠢᠯ ᠤᠨ ᠪᠣᠯᠪᠠᠰᠤᠷᠠᠯ ᠤᠨ ᠠᠵᠢᠯᠯᠠᠭ᠎ᠠ ᠶᠢ ᠥᠷᠨᠢᠭᠦᠯᠦᠨ᠎ᠡ᠃ ᠡᠭᠦᠨ ᠤ ᠬᠠᠮᠲᠤ᠂ ᠠᠳᠠᠯ ᠦᠶ᠋ᠯᠡᠰ ᠴᠣᠭᠴᠠᠯᠠᠬᠤ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠠᠳᠠᠯ ᠦᠶ᠋ᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠡᠭᠦᠨ ᠠᠴᠠ ᠭᠠᠳᠠᠨ᠎ᠠ᠂ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ ᠪᠠ ᠲᠤᠰᠬᠠᠶ ᠵᠦᠶ᠋ᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠬᠦ ᠪᠠᠷ ᠳᠠᠮᠵᠢᠭᠤᠯᠤᠨ᠂ ᠬᠥᠮᠦᠨ ᠬᠡᠷᠡᠭᠯᠡᠬᠦ ᠨᠢᠭᠡᠴᠡ ᠶᠢ ᠬᠥᠲᠥᠯᠦᠨ ᠵᠢᠯᠣᠭᠤᠳᠴᠤ ᠪᠠᠶᠢᠭᠠᠳ ᠬᠥᠳᠡᠯᠮᠦᠷᠢ ᠬᠦᠴᠦᠨ ᠢ ᠬᠡᠷᠡᠭᠯᠡᠬᠦ ᠬᠠᠮᠢᠶᠠᠷᠤᠯᠲᠠ ᠶᠢ ᠵᠢᠷᠤᠮᠵᠢᠭᠤᠯᠵᠤ᠂ ᠴᠠᠯᠢᠩ ᠥᠷᠢᠲᠦᠬᠦ ᠳᠠᠯᠳᠠ ᠬᠡᠮ ᠢ ᠴᠠᠭ ᠲᠤᠬᠠᠶ ᠳᠤᠨᠢ ᠵᠢᠭᠰᠠᠭᠠᠨ ᠪᠠᠶᠢᠴᠠᠭᠠᠵᠤ ᠰᠢᠶ᠋ᠳᠪᠦᠷᠢᠯᠡᠨ᠎ᠡ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号