11 ᠳ᠋ᠦᠭᠡᠷ ᠰᠠᠷ᠎ᠠ ᠶᠢᠨ 27 ᠤ ᠡᠳᠦᠷ᠂ ᠬᠤᠷᠴᠢᠨ ᠲᠣᠭᠤᠷᠢᠭ ᠤᠨ 2021 ᠣᠨ ᠤ 8 ᠳ᠋ᠤᠭᠠᠷ ᠤᠳᠠᠭᠠᠨ ᠤ | ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠪᠠ᠃ ᠬᠤᠷᠴᠢᠨ ᠲᠣᠭᠤᠷᠢᠭ ᠤᠨ ᠨᠠᠮ ᠤᠨ ᠬᠤᠷᠢᠶᠠᠨ ᠤ | ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠺᠠᠩ ᠰᠢᠶᠤᠤ ᠳ᠋ᠦᠩ ᠬᠤᠷᠠᠯ ᠡᠷᠭᠢᠯᠡᠵᠦ᠂ ᠲᠣᠭᠤᠷᠢᠭ ᠤᠨ | ᠤᠳᠤᠷᠢᠳᠤᠯᠭ᠎ᠠ ᠴᠢ ᠮᠢᠩ ᠶᠤᠸᠠᠨ᠂ ᠶᠦᠨ ᠽᠧ ᠷᠧᠨ᠂ ᠪᠠᠶ ᠪᠠᠭᠠᠨ᠎ᠠ᠂ ᠶᠠᠩ ᠰᠢᠤ ᠶᠤᠸᠠᠨ᠂ ᠯᠢ ᠬᠤᠩ ᠪᠢᠨ᠂ | ᠱᠢ ᠰᠢᠤ ᠯᠢ ᠬᠤᠷᠠᠯ ᠳᠤ ᠣᠷᠣᠯᠴᠠᠵᠠᠶ᠃ ᠬᠤᠷᠠᠯ ᠠᠴᠠ ᠯᠦᠩ ᠮᠠ ᠬᠤᠶᠠᠳᠤᠭᠠᠷ ᠬᠤᠭᠤᠴᠠᠭᠠᠨ ᠤ ᠪᠥᠲᠥᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢᠨ ᠬᠤᠯᠪᠣᠭᠳᠠᠯ ᠪᠥᠬᠦᠶ ᠤᠴᠢᠷ ᠶᠠᠪᠤᠳᠠᠯ ᠢ ᠰᠤᠳᠤᠯᠤᠨ ᠶᠠᠷᠢᠯᠴᠠᠪᠠ︔ | ᠬᠤᠷᠴᠢᠨ ᠲᠣᠭᠤᠷᠢᠭ ᠤᠨ 2022 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ | ᠵᠦᠶ᠋ᠯ ᠢ ᠵᠣᠯᠭᠠᠭᠤᠯᠬᠤ ᠪᠠ ︽ᠬᠤᠷᠴᠢᠨ ᠲᠣᠭᠤᠷᠢᠭ ᠤᠨ ᠳᠤᠮᠳᠠ ᠵᠢᠵᠢᠭ ᠠᠵᠤ ᠠᠬᠤᠶᠢᠯᠠᠯ ᠤᠨ ᠨᠡᠪᠴᠢᠭᠦᠯᠬᠦ | ᠰᠠᠭᠤᠷᠢᠨ ᠭᠠᠵᠠᠷ ᠤᠨ ᠬᠡᠷᠡᠭᠵᠢᠭᠦᠯᠬᠦ ᠲᠥᠰᠦᠯ︾ ᠤᠨ ᠬᠠᠮᠢᠶ᠎ᠠ ᠪᠥᠬᠦᠶ ᠤᠴᠢᠷ ᠶᠠᠪᠤᠳᠠᠯ ᠵᠡᠷᠭᠡ 16 ᠵᠦᠶ᠋ᠯ ᠤᠨ | ᠵᠥᠪᠯᠡᠬᠦ ᠰᠡᠳᠦᠪ ᠢ ᠬᠢᠨᠠᠨ ᠵᠥᠪᠯᠡᠪᠡ᠃ |