ᠬᠤᠷᠴᠢᠨ ᠲᠣᠭᠤᠷᠢᠭ᠄ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠬᠠᠮᠢᠶᠠᠷᠤᠯᠲᠠ ᠶᠢᠨ ᠠᠵᠢᠯ ᠢ ᠬᠦᠴᠦᠯᠡᠨ ᠠᠬᠢᠭᠤᠯᠤᠨ᠎ᠠ
ᠨᠡᠶᠢᠲᠡᠯᠡᠭᠰᠡᠨ ᠴᠠᠭ᠄
2021/11/4
   ᠬᠤᠷᠴᠢᠨ ᠲᠣᠭᠤᠷᠢᠭ ᠤᠨ ᠬᠢᠨ ᠰᠤᠷᠤᠯᠴᠠᠯᠭ᠎ᠠ ᠪᠣᠯᠪᠠᠰᠤᠷᠠᠭᠤᠯᠤᠯ ᠢᠶᠠᠨ ᠲᠠᠰᠤᠷᠠᠯᠲᠠ ᠥᠬᠡᠶ ᠴᠢᠩᠭᠠᠳᠬᠠᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠶᠢᠨ ᠬᠠᠮᠢᠶᠠᠷᠤᠯᠲᠠ ᠶᠢᠨ ᠠᠵᠢᠯ ᠢ ᠥᠨᠳᠥᠷ ᠪᠠᠷᠢᠮᠵᠢᠶ᠎ᠠ ᠪᠠᠷ ᠳᠥᠯᠭᠢᠨ ᠠᠬᠢᠭᠤᠯᠵᠤ᠂ ᠤᠷᠢᠳ ᠬᠤᠵᠢᠳ 2 ᠤᠳᠠᠭ᠎ᠠ ᠲᠤᠰᠬᠠᠶ ᠰᠡᠳᠦᠪᠲᠦ ᠪᠣᠯᠪᠠᠰᠤᠷᠠᠭᠤᠯᠤᠯ ᠢ ᠥᠷᠨᠢᠭᠦᠯᠵᠦ᠂ ᠬᠤᠲᠠ ᠶᠢᠨ ᠱᠠᠲᠤᠨ ᠤ ᠪᠣᠯᠪᠠᠰᠤᠷᠠᠭᠤᠯᠤᠯ ᠳᠤ 1 ᠤᠳᠠᠭ᠎ᠠ ᠣᠷᠣᠯᠴᠠᠵᠤ᠂ ᠨᠡᠶᠢᠲᠡ 1672 ᠬᠥᠮᠦᠨ ᠢ ᠪᠣᠯᠪᠠᠰᠤᠷᠠᠭᠤᠯᠵᠠᠶ᠃ ᠡᠭᠦᠨ ᠤ ᠵᠡᠷᠭᠡ ᠳᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠳᠠᠬᠢᠨ ᠶᠠᠳᠠᠭᠤᠷᠠᠬᠤ ᠠᠴᠠ ᠰᠡᠷᠭᠡᠶᠢᠯᠡᠬᠦ ᠠᠵᠢᠯ ᠤᠨ ᠪᠠᠶᠢᠳᠠᠯ ᠢ ᠤᠶᠢᠯᠠᠭᠠᠨ ᠪᠠᠶᠢᠴᠠᠭᠠᠵᠤ ᠡᠷᠦᠬᠡ ᠳᠤ ᠣᠷᠣᠭᠤᠯᠬᠤ ᠠᠵᠢᠯ ᠢ ᠢᠳᠡᠪᠬᠢᠲᠡᠶ ᠥᠷᠨᠢᠭᠦᠯᠪᠡ᠃ ᠣᠲᠣ ᠪᠣᠯᠲᠠᠯ᠎ᠠ᠂ ᠪᠥᠬᠦ ᠲᠣᠭᠤᠷᠢᠭ ᠤᠨ  6000 ᠭᠠᠷᠤᠶ ᠮᠠᠯᠴᠢᠨ ᠲᠠᠷᠢᠶᠠᠴᠢᠨ ᠡᠷᠦᠬᠡ ᠶᠢ ᠵᠢᠭᠰᠠᠭᠠᠨ ᠪᠠᠶᠢᠴᠠᠭᠠᠵᠤ᠂ ᠳᠠᠬᠢᠨ ᠶᠠᠳᠠᠭᠤᠷᠠᠬᠤ ᠳᠤ ᠬᠢᠯᠪᠠᠷ ᠪᠣᠯᠤᠭᠰᠠᠨ 140 ᠡᠷᠦᠬᠡ ᠶᠢ ᠬᠢᠨᠠᠨ ᠪᠠᠶᠢᠴᠠᠭᠠᠵᠤ ᠵᠢᠭᠰᠠᠭᠠᠨ ᠪᠠᠶᠢᠴᠠᠭᠠᠵᠤ ᠭᠠᠷᠭᠠᠪᠠ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号