ᠬᠤᠷᠴᠢᠨ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ | ᠱᠠᠭᠠᠷᠳᠠᠯᠭ᠎ᠠ ᠶᠢ ᠦᠨᠳᠦᠰᠦᠯᠡᠨ᠂ ᠬᠤᠷᠴᠢᠨ ᠲᠣᠭᠤᠷᠢᠭ ᠤᠨ ᠬᠢᠨ ᠭᠤᠤᠯᠳᠠᠯᠭ᠎ᠠ ᠲᠠᠢ ᠣᠷᠣᠨ ᠪᠦᠰᠡ ᠶᠢᠨ | ᠭᠤᠤᠯᠳᠠᠯᠭ᠎ᠠ ᠲᠠᠢ ᠬᠥᠮᠦᠰ ᠲᠤ ᠰᠢᠨ᠎ᠡ ᠸᠢᠷᠦ᠋ᠰ ᠤᠨ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠠᠵᠢᠯ ᠢ | ᠥᠷᠨᠢᠭᠦᠯᠪᠡ᠃ 11 ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ ᠪᠣᠯᠲᠠᠯ᠎ᠠ᠂ ᠪᠠᠶᠢᠴᠠᠭᠠᠨ ᠰᠢᠯᠭᠠᠭᠰᠠᠨ | ᠦᠷ᠎ᠡ ᠳ᠋ᠦᠩ ᠨᠢ ᠴᠥᠮ ᠪᠢᠯᠢᠭ ᠴᠢᠨᠠᠷᠲᠠᠶ ᠪᠠᠶᠢᠪᠠ᠃ ᠲᠤᠰᠠᠭᠠᠷᠯᠠᠨ ᠬᠠᠮᠢᠶᠠᠷᠴᠤ ᠡᠵᠡᠮᠳᠡᠬᠦ ᠶᠢᠨ ᠨᠢᠭᠲᠠ ᠵᠠᠯᠭᠠᠯᠲᠠ | ᠂ ᠳᠡᠳ᠋ ᠨᠢᠭᠲᠠ ᠵᠠᠯᠭᠠᠯᠲᠠ ᠶᠢᠨ ᠪᠠᠶᠢᠴᠠᠭᠠᠨ ᠰᠢᠯᠭᠠᠭᠰᠠᠨ ᠦᠷ᠎ᠡ ᠳ᠋ᠦᠩ ᠨᠢ ᠴᠦ ᠴᠥᠮ ᠪᠢᠯᠢᠭ ᠴᠢᠨᠠᠷᠲᠠᠶ ᠪᠠᠶᠢᠳᠠᠭ | ᠃ ᠠᠳᠡ ᠥᠷᠭᠡᠨ ᠣᠯᠠᠨ ᠬᠤᠲᠠ ᠶᠢᠨ ᠠᠷᠠᠳ ᠲᠤ ᠰᠠᠨᠠᠭᠤᠯᠬᠤ ᠨᠢ᠂ ᠬᠢᠵᠢᠭ ᠤᠨ ᠪᠠᠶᠢᠳᠠᠯ ᠤᠨ ᠳᠤᠮᠳᠠ ᠠᠶᠤᠯ | ᠲᠦᠭᠰᠢᠭᠦᠷᠢ ᠶᠡᠬᠡᠲᠡᠶ ᠭᠠᠵᠠᠷ ᠣᠷᠣᠨ ᠳᠤ ᠣᠴᠢᠬᠤ ᠴᠢᠬᠤᠯᠠ ᠦᠭᠡᠶ᠂ ᠴᠢᠬᠤᠯᠠ ᠪᠤᠰᠤ ᠴᠤᠭᠯᠠᠷᠠᠯ ᠤᠨ ᠴᠢᠨᠠᠷᠲᠠᠶ | ᠠᠵᠢᠯᠯᠠᠭ᠎ᠠ ᠶᠢ ᠵᠣᠬᠢᠶᠠᠨ ᠪᠠᠶᠢᠭᠤᠯᠬᠤ ᠦᠭᠡᠶ᠂ ᠲᠡᠭᠦᠨ ᠳᠤ ᠣᠷᠣᠯᠴᠠᠬᠤ ᠦᠭᠡᠶ᠂ ᠨᠡᠶᠢᠭᠡᠮ ᠤᠨ ᠬᠠᠷᠢᠯᠴᠠᠭᠠᠨ ᠤ | ᠵᠠᠶ ᠶᠢ ᠨᠢᠭᠡ ᠮᠧᠲᠷ ᠠᠴᠠ ᠳᠡᠭᠡᠭᠰᠢ ᠪᠠᠶᠢᠯᠭᠠᠬᠤ ᠶᠢᠨ ᠬᠠᠮᠲᠤ ᠬᠤᠪᠢ ᠬᠥᠮᠦᠨ ᠤ ᠬᠠᠮᠠᠭᠠᠯᠠᠯᠲᠠ᠂ ᠭᠠᠷ ᠤᠨ | ᠬᠡᠰᠡᠭ ᠤᠨ ᠠᠷᠢᠭᠤᠳᠬᠠᠯ ᠢ ᠰᠠᠶᠢᠲᠤᠷ ᠬᠢᠵᠦ᠂ ᠪᠡᠶ᠎ᠡ ᠪᠠᠨ ᠳᠠᠭᠠᠭᠠᠭᠰᠠᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ | ᠥᠷᠨᠢᠭᠦᠯᠬᠦ ᠬᠡᠷᠡᠭᠲᠡᠶ᠃ ᠬᠡᠷᠪᠡ ᠬᠠᠯᠠᠭᠤᠷᠠᠬᠤ᠂ ᠬᠠᠨᠢᠶᠠᠬᠤ ᠵᠡᠷᠭᠡ ᠡᠪᠡᠳᠴᠢᠨ ᠤ ᠪᠠᠶᠢᠳᠠᠯ ᠢᠯᠡᠷᠡᠪᠡᠯ᠂ ᠬᠤᠪᠢ | ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠲᠠᠯ ᠳᠣᠣᠷ᠎ᠠ᠂ ᠴᠠᠭ ᠲᠤᠬᠠᠶ ᠳᠤᠨᠢ ᠲᠣᠭᠲᠠᠭᠰᠠᠨ | ᠬᠠᠯᠠᠭᠤᠷᠠᠯ ᠤᠨ ᠡᠭᠦᠳᠡᠨ ᠡᠮᠨᠡᠯᠭᠡ ᠳᠤ ᠬᠦᠷᠴᠦ ᠡᠮᠨᠡᠭᠦᠯᠦᠨ᠎ᠡ᠃ |