ᠡᠨᠡ ᠵᠢᠯ ᠠᠴᠠ ᠨᠠᠰᠢ᠂ ᠬᠤᠷᠴᠢᠨ ᠲᠣᠭᠤᠷᠢᠭ ᠤᠨ ᠬᠢᠨ ᠴᠢᠳᠠᠪᠤᠷᠢᠲᠠᠨ ᠠᠵᠢᠯᠲᠠᠨ ᠤ ᠶᠠᠪᠤᠳᠠᠯ ᠤᠨ | ᠦᠶ᠋ᠯᠡᠴᠢᠯᠡᠭᠡᠨ ᠤ ᠠᠵᠢᠯ ᠢ ᠥᠷᠨᠢᠭᠦᠯᠬᠦ ᠳᠡᠭᠡᠨ᠂ ᠴᠢᠳᠠᠪᠤᠷᠢᠲᠠᠨ ᠢ ᠲᠠᠲᠠᠬᠤ᠂ ᠴᠢᠳᠠᠪᠤᠷᠢᠲᠠᠨ ᠢ ᠦᠯᠡᠳᠡᠭᠡᠬᠦ᠂ | ᠴᠢᠳᠠᠪᠤᠷᠢᠲᠠᠨ ᠢ ᠰᠠᠶᠢᠲᠤᠷ ᠬᠡᠷᠡᠭᠯᠡᠬᠦ ᠲᠤᠯᠭᠠᠭᠤᠷᠢᠯᠠᠯ ᠤᠨ ᠦᠶ᠋ᠯᠡᠴᠢᠯᠡᠭᠡᠨ ᠤ ᠰᠢᠰᠲ᠋ᠧᠮᠵᠢ ᠶᠢ ᠴᠢᠷᠮᠠᠶᠢᠨ ᠪᠠᠶᠢᠭᠤᠯᠵᠤ | ᠂ 56 ᠨᠢᠭᠡᠴᠡ ︵ᠰᠠᠯᠠᠭ᠎ᠠ ᠮᠥᠴᠢᠷ︶ ᠶᠢᠨ ᠪᠠᠴᠢᠮ ᠱᠠᠭᠠᠷᠳᠠᠭᠳᠠᠵᠤ ᠪᠠᠶᠢᠭ᠎ᠠ ᠪᠠ ᠳᠤᠲᠠᠭᠳᠠᠵᠤ ᠪᠠᠶᠢᠭ᠎ᠠ | ᠠᠵᠢᠯ ᠤᠨ ᠪᠠᠶᠢᠷᠢ ᠶᠢ ᠨᠡᠶᠢᠲᠡ 284 ᠡᠯᠰᠡᠨ ᠴᠤᠭᠯᠠᠭᠤᠯᠵᠤ᠂ ᠣᠲᠣ ᠨᠢᠭᠡᠨᠲᠡ 13 ᠴᠢᠳᠠᠪᠤᠷᠢᠲᠠᠨ ᠢ | ᠣᠷᠣᠭᠤᠯᠤᠨ ᠠᠪᠴᠢᠷᠠᠭᠰᠠᠨ ᠪᠠᠶᠢᠨ᠎ᠠ᠃ ᠡᠭᠦᠨ ᠤ ᠵᠡᠷᠭᠡᠴᠡᠭᠡᠪᠡᠷ ᠦᠢᠯᠡᠴᠢᠯᠡᠭᠡᠨ ᠤ ᠠᠵᠢᠯᠳᠠᠨ ᠢ | ᠲᠣᠬᠢᠷᠠᠭᠤᠯᠤᠭᠰᠠᠨ 42 ᠪᠠᠶᠢᠭᠤᠯᠭ᠎ᠠ ᠨᠢᠭᠡᠴᠢ᠂ 317 ᠠᠵᠢᠯ ᠦᠢᠯᠡᠰ ᠤᠨ ᠨᠢᠭᠡᠴᠢ᠂ ᠨᠡᠶᠢᠳᠡ 14085 | ᠬᠥᠮᠦᠨ ᠤ ᠲᠤᠭ᠎ᠠ ᠪᠦᠷᠢᠳᠬᠡᠯ ᠤᠨ ᠠᠵᠢᠯ ᠢ ᠪᠡᠶᠡᠯᠡᠭᠦᠯᠪᠡ᠃ ᠡᠭᠦᠨ ᠠᠴᠠ ᠭᠠᠳᠠᠨ᠎ᠠ᠂ ᠱᠠᠨᠳᠦ᠋ᠩ ᠤᠨ | ᠴᠢᠩᠳᠣᠤ ᠶᠢᠨ ᠰᠢ ᠬᠠᠶ ᠠᠨ ᠰᠢᠨ᠎ᠡ ᠲᠣᠭᠤᠷᠢᠭ᠂ ᠵᠧᠵᠢᠶᠠᠩ ᠮᠤᠵᠢ ᠶᠢᠨ ᠠᠨ ᠵᠢᠶ ᠰᠢᠶᠠᠨ ᠵᠡᠷᠭᠡ ᠭᠠᠵᠠᠷ | ᠣᠷᠣᠨ ᠲᠠᠢ ᠵᠠᠯᠭᠠᠭ᠎ᠠ ᠪᠠᠷ ᠬᠥᠳᠡᠯᠮᠦᠷᠢ ᠦᠶ᠋ᠯᠡᠴᠢᠯᠡᠭᠡᠨ ᠤ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ | ᠬᠥᠳᠡᠯᠮᠦᠷᠢ ᠦᠶ᠋ᠯᠡᠴᠢᠯᠡᠭᠡᠨ ᠤ ᠭᠠᠷᠭᠠᠯᠭ᠎ᠠ ᠶᠢᠨ ᠦᠶ᠋ᠯᠡᠴᠢᠯᠡᠭᠡᠨ ᠤ ᠥᠷᠲᠡᠭᠡ 4 ᠪᠠᠶᠢᠭᠤᠯᠵᠤ᠂ ᠬᠥᠳᠡᠭᠡ | ᠲᠣᠰᠬᠤᠨ ᠤ ᠬᠥᠳᠡᠯᠮᠦᠷᠢ ᠬᠦᠴᠦᠨ ᠤ ᠵᠣᠬᠢᠶᠠᠨ ᠪᠠᠶᠢᠭᠤᠯᠤᠯᠲᠠ ᠲᠠᠢ᠂ ᠴᠢᠨᠠᠷ ᠰᠠᠶᠢᠲᠠᠶ ᠰᠢᠯᠵᠢᠬᠦ ᠶᠢ ᠠᠬᠢᠭᠤᠯᠪᠠ᠃ | |