ᠡᠨᠡ ᠵᠢᠯ ᠠᠴᠠ ᠨᠠᠰᠢ᠂ ᠬᠤᠷᠴᠢᠨ ᠲᠣᠭᠤᠷᠢᠭ ᠤᠨ ᠬᠢᠨ ᠬᠥᠳᠡᠯᠮᠦᠷᠢ ᠶᠢᠨ ᠬᠢᠨᠠᠨ ᠪᠠᠶᠢᠴᠠᠭᠠᠯᠲᠠ ᠶᠢᠨ | ᠡᠷᠴᠢᠮ ᠢᠶᠠᠨ ᠴᠢᠩᠭᠠᠷᠠᠭᠤᠯᠵᠤ᠂ ᠪᠥᠬᠦ ᠵᠢᠯ ᠳᠤ ᠪᠠᠶᠢᠭᠤᠯᠵᠤ ᠪᠠᠶᠢᠭ᠎ᠠ ᠲᠥᠷᠥᠯ ᠵᠦᠶ᠋ᠯ᠂ ᠢᠳᠡᠭᠡᠨ ᠤᠮᠳᠠᠭᠠᠨ ᠤ | ᠦᠶ᠋ᠯᠡᠴᠢᠯᠡᠭᠡ ᠵᠡᠷᠭᠡ 379 ᠡᠯ᠎ᠡ ᠲᠥᠷᠥᠯ ᠤᠨ ᠬᠥᠮᠦᠨ ᠬᠡᠷᠡᠭᠯᠡᠬᠦ ᠨᠢᠭᠡᠴᠡ ᠶᠢ ᠬᠢᠨᠠᠨ ᠪᠠᠶᠢᠴᠠᠭᠠᠵᠤ᠂ | ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠡᠬᠢ ᠡᠭᠦᠰᠦᠯ ᠠᠴᠠ ᠨᠢ ᠡᠷᠡᠰ ᠬᠠᠮᠠᠭᠠᠯᠠᠪᠠ᠃ ᠪᠦᠬᠦ | ᠵᠢᠯ ᠳᠤ ᠬᠥᠳᠡᠯᠮᠦᠷᠢ ᠶᠢᠨ ᠪᠠᠲᠤᠯᠠᠭ᠎ᠠ ᠶᠢᠨ ᠬᠠᠤᠯᠢ ᠠᠴᠠ ᠵᠥᠷᠢᠴᠡᠭᠰᠡᠨ 8 ᠬᠡᠷᠡᠭ ᠢ ᠵᠣᠬᠢᠴᠠᠭᠤᠯᠤᠨ | ᠰᠢᠶ᠋ᠳᠪᠦᠷᠢᠯᠡᠵᠦ᠂ 41.6 ᠲᠦᠮᠡᠨ ᠲᠥᠭᠦᠷᠢᠭ ᠤᠨ ᠴᠠᠯᠢᠩ ᠤᠨ ᠵᠣᠭᠤᠰ ᠢ ᠲᠠᠲᠠᠪᠤᠷᠢᠯᠠᠵᠠᠶ᠃ ᠣᠲᠣ ᠪᠣᠯᠲᠠᠯ᠎ᠠ᠂ | ᠡᠯ᠎ᠡ ᠲᠥᠷᠥᠯ ᠤᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ 501 ᠬᠤᠪᠢ ᠬᠡᠷᠡᠭ ᠪᠣᠯᠭᠠᠨ | ᠳᠡᠩᠰᠡᠯᠡᠵᠦ ᠭᠥᠯᠢᠶᠡᠨ ᠠᠪᠴᠤ ᠰᠢᠶ᠋ᠳᠪᠦᠷᠢᠯᠡᠭᠡᠳ᠂ ᠲᠤᠬᠠᠶ ᠶᠢᠨ ᠬᠥᠮᠦᠨ ᠳᠤ 1751 ᠲᠦᠮᠡ ᠭᠠᠷᠤᠶ | ᠲᠥᠭᠦᠷᠢᠭ ᠤᠨ ᠠᠵᠤ ᠠᠬᠤᠶ ᠶᠢᠨ ᠬᠤᠬᠢᠷᠠᠯ ᠢ ᠡᠭᠡᠭᠦᠯᠦᠨ ᠠᠪᠴᠢᠷᠠᠭᠰᠠᠨ ᠪᠠᠶᠢᠨ᠎ᠠ᠃ |