ᠡᠨᠡ ᠵᠢᠯ ᠠᠴᠠ ᠨᠠᠰᠢ᠂ ᠬᠤᠷᠴᠢᠨ ᠲᠣᠭᠤᠷᠢᠭ ᠤᠨ ᠬᠢᠨ ᠰᠢᠨᠵᠢᠯᠡᠬᠦ ᠤᠬᠠᠭᠠᠨ ᠮᠡᠷᠭᠡᠵᠢᠯ ᠢ | ᠲᠦᠭᠡᠮᠡᠯᠵᠢᠭᠦᠯᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠰᠲᠧᠮ ᠢ ᠢᠳᠡᠪᠬᠢᠲᠡᠢ ᠪᠠᠶᠢᠭᠤᠯᠵᠤ᠂ ᠬᠠᠷᠢᠶ᠎ᠠ | ᠨᠡᠶᠢᠭᠡᠮᠯᠢᠭ᠂ ᠨᠡᠶᠢᠭᠡᠮᠯᠢᠭ ᠵᠡᠷᠭᠡ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ ᠶᠡᠬᠡᠪᠡᠷ | ᠬᠥᠮᠦᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠠᠵᠢᠯᠯᠠᠭᠴᠢ 12800 | ᠬᠥᠮᠦᠨ ᠢ ᠳᠠᠩᠰᠠᠯᠠᠭᠤᠯᠤᠨ ᠬᠥᠭᠵᠢᠭᠦᠯᠵᠡᠢ᠃ ᠬᠤᠷᠴᠢᠨ ᠲᠣᠭᠤᠷᠢᠭ ᠨᠢ ᠨᠡᠶᠢᠭᠡᠮ ᠲᠣᠭᠤᠷᠢᠭ ᠤᠨ ᠰᠢᠨᠵᠢᠯᠡᠬᠦ | ᠤᠬᠠᠭᠠᠨ ᠢ ᠲᠦᠭᠡᠮᠡᠯᠵᠢᠭᠦᠯᠬᠦ ᠶᠡᠭᠡ ᠰᠤᠷᠭᠠᠭᠤᠯᠢ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠵᠡᠷᠭᠡ ᠪᠠᠷ ᠲᠦᠰᠢᠭ ᠪᠣᠯᠭᠠᠵᠤ᠂ ᠣᠷᠳᠣ ᠬᠤᠭᠤᠴᠠᠭᠠᠨ ᠤ | ᠪᠦᠲᠦᠮᠵᠢᠲᠡᠶ ᠦᠶ᠋ᠯᠡᠴᠢᠯᠡᠭᠡᠨ ᠤ ᠲᠣᠭᠲᠠᠴᠠ ᠶᠢ ᠪᠠᠶᠢᠭᠤᠯᠤᠨ᠂ ᠠᠷᠠᠳ ᠢᠷᠭᠡᠳ ᠤᠨ ᠰᠢᠨᠵᠢᠯᠡᠬᠦ ᠤᠬᠠᠭᠠᠨ ᠤ ᠬᠡᠪ | ᠪᠣᠯᠪᠠᠰᠤᠷᠠᠯ ᠢ ᠬᠦᠴᠦᠯᠡᠨ ᠳᠡᠭᠡᠭᠰᠢᠯᠡᠭᠦᠯᠦᠨ᠎ᠡ᠃ ᠣᠳᠣᠬᠠᠨ ᠳᠤ᠂ ᠪᠥᠬᠦ ᠲᠣᠭᠤᠷᠢᠭ ᠳᠤ ᠨᠡᠶᠢᠭᠡᠮ ᠲᠣᠭᠤᠷᠢᠭ ᠤᠨ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠡᠭᠡ ᠰᠤᠷᠭᠠᠭᠤᠯᠢ 10᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠰᠤᠷᠭᠠᠨ ᠬᠥᠮᠦᠵᠢᠯ ᠤᠨ ᠵᠢᠱᠢᠶ᠎ᠡ ᠦᠵᠡᠭᠦᠯᠬᠦ ᠰᠤᠷᠭᠠᠭᠤᠯᠢ 3 ᠪᠠᠶᠢᠵᠤ᠂ ᠵᠢᠯ ᠤᠨ ᠳᠣᠲᠣᠷ᠎ᠠ ᠰᠢᠨᠵᠢᠯᠡᠬᠦ | ᠤᠬᠠᠭᠠᠨ ᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠠᠵᠢᠯᠯᠠᠭ᠎ᠠ ᠶᠢ ᠨᠡᠶᠢᠲᠡ 110 ᠤᠳᠠᠭ᠎ᠠ ᠥᠷᠨᠢᠭᠦᠯᠵᠦ᠂ ᠠᠰᠢᠭ | ᠭᠥᠷᠳᠡᠭᠰᠡᠨ ᠣᠯᠠᠨ ᠲᠦᠮᠡᠨ 18000 ᠭᠠᠷᠤᠶ ᠬᠥᠮᠦᠨ ᠤᠳᠠᠭ᠎ᠠ ᠳᠤ ᠬᠦᠷᠴᠡᠶ᠃ |