ᠬᠤᠷᠴᠢᠨ ᠲᠣᠭᠤᠷᠢᠭ᠄ ᠬᠢᠵᠢᠭ ᠤᠨ ᠪᠠᠶᠢᠳᠠᠯ ᠢ ᠢᠳᠡᠪᠬᠢᠲᠡᠶ ᠪᠠᠷ ᠠᠷᠭᠠᠴᠠᠵᠤ ᠠᠮᠢᠳᠤᠷᠠᠯ ᠤᠨ ᠡᠳ᠋ ᠪᠣᠳᠠᠰ ᠢ ᠭᠦᠶ᠋ᠴᠡᠳ ᠪᠡᠯᠡᠳᠬᠡᠬᠦ ᠬᠡᠷᠡᠭᠲᠡᠶ
ᠨᠡᠶᠢᠲᠡᠯᠡᠭᠰᠡᠨ ᠴᠠᠭ᠄
2021/12/2
  ᠰᠢᠨ᠎ᠡ ᠬᠡᠯᠪᠡᠷᠢ ᠶᠢᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠢᠳᠡᠪᠬᠢᠲᠡᠶ ᠠᠷᠭᠠᠴᠠᠵᠤ᠂ ᠠᠷᠠᠳ ᠣᠯᠠᠨ ᠤ ᠡᠳᠦᠷ ᠲᠤᠲᠤᠮ ᠤᠨ ᠠᠮᠢᠳᠤᠷᠠᠯ ᠤᠨ ᠬᠡᠷᠡᠭᠴᠡᠭᠡ ᠶᠢ ᠪᠠᠲᠤᠯᠠᠬᠤ ᠶᠢᠨ ᠲᠥᠯᠥᠭᠡ᠂ ᠬᠤᠷᠴᠢᠨ ᠲᠣᠭᠤᠷᠢᠭ ᠤᠨ ᠬᠢᠨ ᠣᠯᠠᠨ ᠵᠦᠶ᠋ᠯ ᠤᠨ ᠠᠷᠭ᠎ᠠ ᠬᠡᠮᠵᠢᠶ᠎ᠡ ᠠᠪᠴᠤ ᠪᠠᠶᠢᠭᠠᠳ ᠠᠮᠢᠳᠤᠷᠠᠯ ᠤᠨ ᠴᠢᠬᠤᠯᠠ ᠬᠡᠷᠡᠭᠴᠡᠭᠡᠨ ᠤ ᠡᠳ᠋ ᠪᠣᠳᠠᠰ ᠤᠨ ᠬᠠᠩᠭᠠᠯᠭ᠎ᠠ ᠶᠢ ᠪᠠᠲᠤᠯᠠᠪᠠ᠃ ᠪᠠᠴᠢᠮ ᠪᠠᠶᠢᠳᠠᠯ ᠢ ᠠᠷᠭᠠᠴᠠᠬᠤ ᠲᠠᠸᠠᠷ ᠤᠨ ᠲᠤᠭ᠎ᠠ ᠪᠠᠷᠢᠮᠲᠠ ᠶᠢᠨ ᠬᠥᠮᠥᠷᠭᠡ ᠶᠢᠨ ᠡᠳᠦᠷ ᠤᠨ ᠮᠡᠳᠡᠭᠦᠯᠬᠦ ᠲᠦᠷᠢᠮ ᠢ ᠡᠬᠢᠯᠡᠭᠦᠯᠵᠦ᠂ ᠠᠵᠤ ᠠᠬᠤᠶᠢᠯᠠᠯ ᠤᠨ ᠡᠳᠦᠷ ᠪᠦᠷᠢ ᠶᠢᠨ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠶ᠋ᠯ ᠤᠨ ᠬᠥᠮᠥᠷᠭᠡ ᠶᠢᠨ ᠬᠠᠳᠠᠭᠠᠯᠠᠯᠲᠠ᠂ ᠪᠣᠷᠣᠯᠠᠭᠤᠯᠭ᠎ᠠ ᠶᠢᠨ ᠬᠡᠮᠵᠢᠶ᠎ᠡ ᠶᠢᠨ ᠡᠳ᠋ ᠪᠣᠳᠠᠰ ᠳᠤᠲᠠᠭᠳᠠᠵᠤ ᠪᠠᠶᠢᠬᠤ ᠶᠢ ᠳᠡᠭᠡᠭᠰᠢ ᠮᠡᠳᠡᠭᠦᠯᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠡᠯ᠎ᠡ ᠲᠣᠮᠣ ᠬᠡᠲᠦ ᠳᠡᠯᠭᠡᠭᠦᠷ ᠢ ᠬᠥᠲᠥᠯᠦᠨ ᠵᠢᠯᠣᠭᠤᠳᠴᠤ ᠪᠠᠶᠢᠭᠠᠳ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ᠂ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠪᠣᠯᠭᠠᠵᠤ᠂ ᠪᠠᠷᠠᠭᠠᠨ ᠤ ᠦᠨ᠎ᠡ ᠶᠢᠨ ᠲᠣᠭᠲᠠᠭᠤᠨ ᠪᠠᠶᠢᠬᠤ ᠶᠢ ᠡᠷᠡᠰ ᠬᠠᠮᠠᠭᠠᠯᠠᠨ᠎ᠠ᠃ ᠣᠲᠣ ᠪᠣᠯᠲᠠᠯ᠎ᠠ᠂ ᠪᠥᠬᠦ ᠣᠷᠣᠨ ᠤ ᠡᠯ᠎ᠡ ᠲᠣᠮᠣ ᠬᠡᠲᠦ ᠳᠡᠯᠭᠡᠭᠦᠷ ᠬᠡᠪ ᠤᠨ ᠶᠣᠰᠣᠭᠠᠷ ᠡᠵᠡᠩᠨᠡᠯᠲᠡ ᠬᠢᠵᠦ᠂ ᠬᠠᠩᠭᠠᠯᠭ᠎ᠠ ᠶᠢᠨ ᠬᠡᠯᠬᠢᠶ᠎ᠡ ᠲᠣᠭᠲᠠᠭᠤᠨ ᠪᠥᠭᠡᠳ ᠰᠠᠭᠠᠳ ᠥᠬᠡᠶ ᠨᠡᠪᠲᠡᠷᠡᠵᠦ ᠪᠠᠶᠢᠨ᠎ᠠ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号