ᠡᠨᠡ ᠵᠢᠯ ᠠᠴᠠ ᠨᠠᠰᠢ᠂ ᠬᠤᠷᠴᠢᠨ ᠲᠣᠭᠤᠷᠢᠭ ᠤᠨ ᠬᠥᠮᠦᠨ ᠳᠤᠮᠳᠠᠴᠢ ᠶᠢᠨ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠦᠨᠳᠦᠰᠦᠨ ᠦᠶ᠋ᠯᠡᠴᠢᠯᠡᠭᠡᠨ ᠤ ᠵᠠᠷᠤᠳᠠᠯ ᠤᠨ ᠨᠥᠬᠦᠪᠥᠷᠢ ᠶᠢᠨ ᠪᠠᠷᠢᠮᠵᠢᠶ᠎ᠠ ᠶᠢ 2018 ᠣᠨ ᠳᠤ | 55 ᠲᠥᠭᠦᠷᠢᠭ ᠪᠠᠶᠢᠭᠰᠠᠨ ᠠᠴᠠ 2021 ᠣᠨ ᠳᠤ 70 ᠲᠥᠭᠦᠷᠢᠭ ᠪᠣᠯᠭᠠᠨ ᠨᠡᠮᠡᠭᠳᠡᠭᠦᠯᠵᠦ᠂ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠲᠠᠩᠰᠠ ᠡᠪᠬᠡᠮᠡᠯ ᠪᠠᠶᠢᠭᠤᠯᠤᠭᠰᠠᠨ ᠨᠣᠷᠮ᠎ᠠ 93. | 5% ᠳᠤ ᠬᠦᠷᠴᠦ᠂ ᠨᠡᠶᠢᠲᠡ 9 ᠲᠦᠮᠡᠨ ᠨᠠᠰᠤᠲᠠᠨ᠂ 4 ᠲᠦᠮᠡ 0 — 36 ᠰᠠᠷ᠎ᠠ ᠶᠢᠨ ᠬᠡᠤᠬᠡᠳ ᠤᠨ | ᠬᠢᠲᠠᠳ ᠡᠮ ᠡᠮᠨᠡᠯᠭᠡ ᠶᠢᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠶ᠋ᠯᠡᠴᠢᠯᠡᠭᠡ ᠶᠢ ᠪᠡᠶᠡᠯᠡᠭᠦᠯᠦᠭᠰᠡᠨ ᠪᠠᠶᠢᠨ᠎ᠠ᠃ | ᠡᠭᠦᠨ ᠤ ᠬᠠᠮᠲᠤ᠂ ᠡᠮᠨᠡᠬᠦ ᠪᠠ ᠰᠡᠷᠭᠡᠶᠢᠯᠡᠬᠦ ᠶᠢ ᠠᠭᠤᠰᠤᠯᠴᠠᠭᠤᠯᠬᠤ ᠶᠢ ᠴᠢᠩᠭᠠᠳᠬᠠᠵᠤ᠂ ᠤᠳᠠᠭᠠᠨ ᠴᠢᠨᠠᠷᠲᠠᠶ | ᠡᠪᠡᠳᠴᠢᠲᠡᠨ ᠤ ᠬᠥᠮᠦᠰ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠵᠢᠷᠮᠦᠰᠦᠨ ᠡᠮᠡᠭᠲᠡᠶ | ᠬᠥᠩᠭᠡᠵᠢᠭᠰᠡᠨ ᠡᠮᠡᠭᠲᠡᠶ ᠶᠢᠨ ᠡᠷᠡᠭᠦᠯ ᠮᠡᠨᠳᠦ ᠶᠢᠨ ᠬᠠᠮᠢᠶᠠᠷᠤᠯᠲᠠ᠂ ᠬᠡᠤᠬᠡᠳ ᠤᠨ ᠡᠷᠡᠭᠦᠯ ᠮᠡᠨᠳᠦ ᠶᠢᠨ | ᠬᠠᠮᠢᠶᠠᠷᠤᠯᠲᠠ ᠶᠢᠨ ᠨᠣᠷᠮ᠎ᠠ ᠶᠢ ᠴᠥᠮ ᠤᠯᠤᠰ ᠤᠨ ᠱᠠᠭᠠᠷᠳᠠᠯᠭ᠎ᠠ ᠳᠤ ᠬᠦᠷᠭᠡᠵᠦ᠂ ᠰᠠᠭᠤᠭᠠᠯᠢ ᠠᠷᠠᠳ ᠤᠨ ᠡᠷᠡᠭᠦᠯ | ᠮᠡᠨᠳᠦ ᠶᠢᠨ ᠬᠡᠪ ᠪᠣᠯᠪᠠᠰᠤᠷᠠᠯ ᠢ 2018 ᠣᠨ ᠳᠤ 19.8% ᠪᠠᠶᠢᠭᠰᠠᠨ ᠠᠴᠠ 2021 ᠣᠨ ᠤ ᠡᠴᠦᠰ ᠲᠤ | 21% ᠪᠣᠯᠭᠠᠨ ᠳᠡᠭᠡᠭᠰᠢᠯᠡᠭᠦᠯᠦᠨ᠎ᠡ᠃ |