﹇ᠬᠥᠲᠥᠯᠥᠭᠴᠢ﹈ ᠵᠧᠤ ᠲᠣᠪᠴᠢᠶᠠᠨ ᠳᠠᠷᠤᠭ᠎ᠠ ᠲᠠ ᠰᠠᠶᠢᠨ ᠤᠤ᠂ ᠵᠠᠰᠠᠭ ᠤᠨ ᠣᠷᠳᠣᠨ ᠤ ᠰᠦᠯᠵᠢᠶᠡᠨ ᠤ ︽ | ᠰᠦᠯᠵᠢᠶᠡᠨ ᠳᠡᠭᠡᠷᠡᠬᠢ ᠰᠤᠷᠪᠤᠯᠵᠢᠯᠠᠭ᠎ᠠ︾ ᠪᠤᠯᠤᠩ ᠤᠨ ᠤᠷᠢᠯᠭ᠎ᠠ ᠶᠢ ᠬᠦᠯᠢᠶᠡᠨ ᠠᠪᠤᠭᠰᠠᠨ ᠳᠤ ᠴᠢᠨᠢ ᠲᠠᠯᠠᠷᠬᠠᠵᠤ | ᠪᠠᠶᠢᠨ᠎ᠠ᠃ | ﹇ᠵᠧᠤ ᠭᠤᠸᠠᠩ ᠾᠦᠢ﹈ ᠬᠥᠲᠥᠯᠥᠭᠴᠢ ᠰᠠᠶᠢᠨ ᠤᠤ᠂ ᠰᠦᠯᠵᠢᠶᠡᠨ ᠤ ᠠᠨᠳᠠ ᠨᠠᠷ ᠰᠠᠶᠢᠨ ᠤᠤ᠂ ᠵᠠᠰᠠᠭ ᠤᠨ | ᠣᠷᠳᠣᠨ ᠤ ᠰᠦᠯᠵᠢᠶᠡᠨ ᠤ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠤᠯᠤᠩ ᠳᠤ ᠣᠷᠣᠯᠴᠠᠬᠤ ᠪᠣᠯᠤᠭᠰᠠᠨ ᠳᠠᠭᠠᠨ | ᠮᠠᠰᠢ ᠪᠠᠶᠠᠷᠲᠠᠶ ᠪᠠᠶᠢᠨ᠎ᠠ᠃ | ︹ ᠬᠥᠲᠥᠯᠥᠭᠴᠢ ︺ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠳᠤᠮᠳᠠ ᠶᠠᠮᠠᠷ | ᠶᠠᠮᠠᠷ ᠦᠷ᠎ᠡ ᠪᠦᠲᠦᠮᠵᠢ ᠶᠢᠨ ᠴᠢᠨᠠᠷᠲᠠᠢ ᠠᠵᠢᠯ ᠢ ᠪᠣᠳᠠᠲᠠᠢ ᠥᠷᠨᠢᠭᠦᠯᠦᠭᠰᠡᠨ ᠲᠤᠬᠠᠢ ᠲᠠ ᠶᠠᠷᠢᠭᠠᠳ ᠥᠭᠭᠦᠨ᠎ᠡ ᠦᠤ︖ | ᠲᠠ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠳᠤᠮᠳᠠ ᠶᠠᠮᠠᠷ ᠶᠠᠮᠠᠷ ᠦᠷ᠎ᠡ | ᠪᠦᠲᠦᠮᠵᠢ ᠶᠢᠨ ᠴᠢᠨᠠᠷᠲᠠᠢ ᠠᠵᠢᠯ ᠢ ᠪᠣᠳᠠᠲᠠᠢ ᠥᠷᠨᠢᠭᠦᠯᠦᠭᠰᠡᠨ ᠪᠤᠢ︖ | ︹ ᠵᠧᠦ ᠭᠤᠸᠠᠩ ᡁᠢ ︺ ᠰᠢᠨᠵᠢᠯᠡᠬᠦ ᠤᠬᠠᠭᠠᠨ ᠮᠡᠷᠭᠡᠵᠢᠯ ᠤᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠪᠤᠷᠢ ᠶᠢᠨ ᠲᠣᠪᠴᠢ᠊ ᠡᠶ᠎ᠡ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠤᠯᠠᠮ ᠴᠢᠨᠠᠭᠰᠢᠳᠠ | ᠰᠢᠯᠢᠳᠡᠭᠵᠢᠭᠦᠯᠵᠦ᠂ ︽ᠳᠡᠯᠭᠡᠭᠦᠷ ᠤᠨ ᠪᠠᠭ᠎ᠠ ᠬᠤᠶᠠᠳᠤᠭᠠᠷ︾ ᠪᠤᠯᠵᠤ᠂ ᠠᠵᠤ ᠠᠬᠤᠶᠢᠯᠠᠯ ᠤᠨ ᠬᠥᠭᠵᠢᠯᠲᠡ ᠶᠢ | ᠲᠦᠷᠭᠡᠳᠬᠡᠬᠦ ᠶᠢᠨ ᠲᠥᠯᠥᠭᠡ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠰᠢᠰᠲᠧᠮ ᠨᠢ | ︽ᠲᠦᠷᠦ ᠶᠢᠨ ᠪᠤᠳᠤᠯᠭ᠎ᠠ ᠪᠠᠷ ᠠᠵᠤ ᠠᠬᠤᠶᠢᠯᠠᠯ ᠳᠤ ᠠᠰᠢᠭ ᠬᠦᠷᠲᠡᠭᠡᠬᠦ︾᠂ ︽ᠥᠭᠡᠷᠡᠴᠢᠯᠡᠯᠲᠡ ᠬᠢᠵᠦ ᠠᠵᠤ | ᠠᠬᠤᠶᠢᠯᠠᠯ ᠳᠤ ᠠᠰᠢᠭ ᠬᠦᠷᠲᠡᠭᠡᠬᠦ︾᠂ ︽ᠠᠵᠢᠯᠴᠢᠨ ᠡᠯᠰᠡᠵᠦ ᠠᠵᠤ ᠠᠬᠤᠶᠢᠯᠠᠯ ᠢ ᠬᠠᠪᠰᠤᠷᠬᠤ︾᠂ ︽ | ᠴᠢᠳᠠᠪᠤᠷᠢᠲᠠᠨ ᠢᠶᠠᠷ ᠠᠵᠤ ᠠᠬᠤᠶᠢᠯᠠᠯ ᠢ ᠬᠠᠪᠰᠤᠷᠬᠤ︾᠂ ︽ᠦᠢᠯᠡᠴᠢᠯᠡᠭᠡ ᠪᠠᠷ ᠠᠵᠤ ᠠᠬᠤᠶᠢᠯᠠᠯ ᠳᠤ ᠲᠦᠭᠦᠮ | ᠦᠵᠡᠭᠦᠯᠬᠦ︾ — ︽ᠲᠠᠪᠤᠨ ᠶᠡᠭᠡ ᠠᠵᠢᠯᠯᠠᠭ᠎ᠠ︾ ᠶᠢ ᠬᠡᠷᠡᠭᠵᠢᠭᠦᠯᠵᠦ᠂ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠬᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ᠂ ᠠᠵᠢᠯ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠳᠤ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠲᠠᠰᠤᠭ | ᠪᠠᠶᠢᠭᠤᠯᠵᠤ᠂ 6 ᠵᠦᠶ᠋ᠯ ᠤᠨ ᠭᠤᠤᠯᠳᠠᠯᠭ᠎ᠠ ᠲᠠᠢ ᠦᠶ᠋ᠯᠡᠴᠢᠯᠡᠭᠡᠨ ᠤ ᠵᠦᠶ᠋ᠯᠡᠰ ᠢ ᠪᠦᠬᠦᠨ ᠢ ᠵᠠᠰᠠᠭ ᠤᠨ ᠶᠠᠪᠤᠳᠠᠯ ᠤᠨ | ᠦᠶ᠋ᠯᠡᠴᠢᠯᠡᠭᠡᠨ ᠤ ᠲᠢᠩᠬᠢᠮ ᠳᠤ ᠣᠷᠣᠭᠤᠯᠵᠤ᠂ ᠬᠤᠪᠢᠳᠠᠨ ᠬᠠᠮᠢᠶᠠᠷᠴᠤ ᠪᠠᠶᠢᠭ᠎ᠠ ᠰᠲ᠋ᠣᠺ ᠤᠨ ᠲᠠᠰᠤᠭ᠂ ᠨᠢᠭᠡᠴᠡ ᠶᠢᠨ | ᠬᠢᠵᠠᠭᠠᠷᠯᠠᠯ ᠢ ᠡᠪᠳᠡᠵᠦ᠂ ᠨᠢᠭᠡ ᠴᠣᠩᠬᠤ ᠪᠠᠷ ᠨᠢᠭᠡ ᠯᠡ ᠤᠳᠠᠭ᠎ᠠ ᠳᠤ ᠣᠳᠣᠬᠠᠨ ᠳᠤ᠂ ᠨᠡᠶᠢᠭᠡᠮ ᠤᠨ ᠪᠠᠲᠤᠯᠠᠭ᠎ᠠ ᠶᠢᠨ | ᠲᠤᠬᠠᠶᠢᠯᠠᠭᠰᠠᠨ ᠠᠵᠢᠯ ᠢ ᠨᠢᠭᠡᠨᠲᠡ ︽ᠨᠢᠭᠡ ᠴᠣᠩᠬᠤ ᠪᠠᠷ ᠨᠡᠶᠢᠳᠡᠮ ᠭᠦᠶ᠋ᠴᠡᠳᠬᠡᠬᠦ︾ ᠠᠵᠢᠯ ᠢ ᠪᠡᠶᠡᠯᠡᠭᠦᠯᠵᠡᠶ᠃ 18 ︽ | ᠨᠢᠭᠡ ᠥᠷᠲᠡᠭᠡ ᠮᠠᠶ᠋ᠢᠭ︾ ᠤᠨ ᠦᠶ᠋ᠯᠡᠴᠢᠯᠡᠭᠡᠨ ᠤ ᠲᠣᠤᠷ ᠴᠡᠭ ᠢ ᠪᠠᠶᠢᠭᠤᠯᠵᠤ᠂ ᠨᠡᠶᠢᠭᠡᠮ ᠤᠨ ᠳᠠᠭᠠᠳᠬᠠᠯ ᠤᠨ ᠺᠠᠷᠲ ᠤᠨ | ᠮᠡᠳᠡᠭᠡ ᠵᠠᠩᠭᠢ ᠶᠢ ᠴᠤᠭᠯᠠᠭᠤᠯᠬᠤ᠂ ᠬᠡᠷᠡᠯ ᠵᠢᠷᠤᠭ ᠢ ᠳᠡᠭᠡᠭᠰᠢ ᠳᠠᠮᠵᠢᠭᠤᠯᠬᠤ᠂ ᠲᠡᠷᠡ ᠳᠠᠷᠤᠶ ᠳᠤᠨᠢ ᠺᠠᠷᠲ ᠠᠪᠬᠤ᠂ | ᠲᠤᠬᠠᠶ ᠶᠢᠨ ᠲᠠᠯᠠᠪᠤᠷ ᠲᠤ ᠠᠮᠢᠯᠠᠭᠤᠯᠬᠤ᠂ ᠭᠡᠭᠡᠭᠰᠡᠨ ᠢᠶᠠᠨ ᠮᠡᠳᠡᠭᠦᠯᠬᠦ ᠪᠠ ᠲᠠᠶᠢᠯᠬᠤ᠂ ᠨᠢᠭᠡᠳᠦᠯᠲᠡᠶ ᠲᠥᠯᠥᠪᠯᠡᠬᠦ | ᠲᠣᠭᠤᠷᠢᠭ ᠢ ᠰᠢᠯᠵᠢᠭᠦᠯᠬᠦ ᠵᠡᠷᠭᠡ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠢ ︽ᠨᠢᠭᠡ ᠥᠷᠲᠡᠭᠡ ᠮᠠᠶ᠋ᠢᠭ︾ ᠢᠶᠠᠷ | ᠭᠦᠶ᠋ᠴᠡᠳᠬᠡᠬᠦ ᠶᠢ ᠪᠡᠶᠡᠯᠡᠭᠦᠯᠪᠡ᠃ | ﹇ᠬᠥᠲᠥᠯᠥᠭᠴᠢ﹈ ᠪᠣᠳᠠᠲᠠᠶ ᠶᠠᠮᠠᠷ ᠪᠣᠳᠠᠲᠠᠶ ᠪᠦᠲᠦᠮᠵᠢᠲᠡᠶ ᠠᠷᠭ᠎ᠠ ᠬᠡᠮᠵᠢᠶ᠎ᠡ ᠠᠪᠤᠭᠰᠠᠨ ᠨᠢ ᠬᠤᠳᠠᠯᠳᠤᠭ᠎ᠠ ᠡᠷᠭᠢᠯᠡᠬᠦ | ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠳᠤᠮᠳᠠ ᠡᠶᠢᠮᠦ ᠲᠣᠪᠤᠶᠢᠮ᠎ᠠ ᠦᠷ᠎ᠡ ᠪᠦᠲᠦᠮᠵᠢ ᠣᠯᠵᠤ ᠴᠢᠳᠠᠬᠤ | ᠲᠤᠬᠠᠶ ᠲᠠ ᠶᠠᠷᠢᠭᠠᠳ ᠥᠭᠭᠦᠨ᠎ᠡ ᠦᠤ ᠶᠢ ᠲᠠ ᠶᠠᠷᠢᠭᠠᠳ ᠥᠭᠭᠦᠨ᠎ᠡ ᠦᠤ᠂ ᠲᠠ ᠶᠠᠮᠠᠷ ᠶᠠᠮᠠᠷ ᠦᠨᠡᠨ ᠬᠦ | ᠪᠦᠲᠦᠮᠵᠢᠲᠡᠶ ᠠᠷᠭ᠎ᠠ ᠬᠡᠮᠵᠢᠶ᠎ᠡ ᠠᠪᠤᠭᠰᠠᠨ ᠪᠣᠯ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ | ᠠᠵᠢᠯ ᠤᠨ ᠳᠤᠮᠳᠠ ᠡᠶᠢᠮᠦ ᠲᠣᠪᠤᠶᠢᠮ᠎ᠠ ᠦᠷ᠎ᠡ ᠪᠦᠲᠦᠮᠵᠢ ᠣᠯᠵᠤ ᠴᠢᠳᠠᠬᠤ ᠪᠤᠶ | [ ᠵᠧᠦ ᠭᠤᠸᠠᠩ ᡁᠢ ] ᠨᠢᠭᠡ ᠳᠤ ︽ᠲᠦᠷᠦ ᠶᠢᠨ ᠪᠤᠳᠤᠯᠭ᠎ᠠ ᠪᠠᠷ ᠠᠵᠤ ᠠᠬᠤᠶᠢᠯᠠᠯ ᠳᠤ ᠠᠰᠢᠭ ᠬᠦᠷᠲᠡᠭᠡᠬᠦ︾ | ᠠᠵᠢᠯᠯᠠᠭ᠎ᠠ ᠶᠢ ᠥᠷᠨᠢᠭᠦᠯᠦᠨ᠎ᠡ᠃ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠲᠦᠷᠦ ᠶᠢᠨ | ᠪᠤᠳᠤᠯᠭ᠎ᠠ ᠶᠢ ᠤᠬᠠᠭᠤᠯᠤᠨ ᠬᠦᠷᠭᠡᠬᠦ ᠡᠷᠴᠢᠮ ᠢ ᠴᠢᠩᠭᠠᠷᠠᠭᠤᠯᠵᠤ᠂ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠬᠤ᠂ ᠪᠡᠯᠡ ᠮᠥᠩᠭᠦ ᠶᠢᠨ ᠨᠥᠬᠦᠪᠥᠷᠢ᠂ ᠭᠠᠶᠢᠯᠢ ᠲᠠᠲᠠᠪᠤᠷᠢ ᠶᠢ ᠬᠠᠰᠤᠵᠤ ᠬᠡᠯᠲᠦᠷᠢᠭᠦᠯᠬᠦ᠂ ᠮᠥᠩᠭᠦᠨ | ᠭᠦᠢᠯᠭᠡᠭᠡᠨ ᠤ ᠳᠡᠮᠵᠢᠯᠭᠡ ᠦᠵᠡᠭᠦᠯᠬᠦ ᠵᠡᠷᠭᠡ ᠠᠵᠤ ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠠᠰᠢᠭ ᠬᠦᠷᠲᠡᠭᠡᠬᠦ | ᠰᠠᠶᠢᠨ ᠲᠦᠷᠦ ᠶᠢᠨ ᠪᠤᠳᠤᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠤᠨ᠎ᠠ᠃ ᠠᠵᠢᠯ ᠣᠯᠭᠤᠯᠲᠠ ᠶᠢᠨ ᠦᠢᠯᠡᠴᠢᠯᠡᠭᠡᠨ ᠤ | ᠲᠥᠪ᠂ ᠬᠥᠳᠡᠯᠮᠦᠷᠢ ᠬᠦᠴᠦᠨ ᠤ ᠭᠠᠷᠭᠠᠯᠭ᠎ᠠ ᠶᠢᠨ ᠦᠢᠯᠡᠴᠢᠯᠡᠭᠡᠨ ᠤ ᠲᠥᠪ ᠵᠡᠷᠭᠡ ᠬᠠᠮᠢᠶ᠎ᠠ ᠪᠦᠬᠦᠢ ᠠᠵᠢᠯᠳᠠᠨ ᠢ | ᠦᠷᠭᠦᠯᠵᠢ ᠵᠣᠬᠢᠶᠠᠨ ᠪᠠᠶᠢᠭᠤᠯᠵᠤ ᠪᠠᠶᠢᠭᠠᠳ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠣᠯᠤᠨ ᠡᠯ᠎ᠡ ᠲᠦᠷᠦᠯ ᠤᠨ | ᠠᠵᠤ ᠠᠬᠤᠶᠢᠯᠠᠯ ᠳᠤ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ᠂ ᠬᠥᠳᠡᠯᠮᠦᠷᠢ ᠶᠢᠨ ᠪᠠᠲᠤᠯᠠᠭ᠎ᠠ | ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠤᠯᠤᠰ ᠠᠴᠠ ᠰᠢᠨ᠎ᠡ ᠪᠠᠷ ᠨᠡᠶᠢᠲᠡᠯᠡᠭᠰᠡᠨ ᠠᠵᠤ ᠠᠬᠤᠶᠢᠯᠠᠯ ᠳᠤ ᠠᠰᠢᠭ | ᠬᠦᠷᠲᠡᠭᠡᠬᠦ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠨ᠎ᠠ᠃ ᠠᠵᠤ ᠠᠬᠤᠶᠢᠯᠠᠯ ᠳᠤ ︽ᠠᠵᠤ ᠠᠬᠤᠶᠢᠯᠠᠯ ᠳᠤ | ᠬᠤᠯᠪᠣᠭᠳᠠᠬᠤ ᠲᠥᠷᠥ ᠶᠢᠨ ᠪᠣᠳᠣᠯᠭ᠎ᠠ ᠶᠢᠨ ᠯᠠᠪᠯᠠᠯᠲᠠ ᠶᠢᠨ ᠺᠠᠷᠲ︾ ᠢ ᠲᠤᠰᠬᠠᠶᠢᠯᠠᠨ ᠵᠣᠬᠢᠶᠠᠨ ᠥᠭᠴᠦ᠂ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠡᠭᠦᠷᠭᠡ ᠴᠢᠳᠠᠪᠤᠷᠢ ᠶᠢᠨ ᠳᠣᠲᠣᠷᠠᠬᠢ ᠠᠵᠢᠯ ᠣᠯᠭᠤᠯᠲᠠ᠂ | ᠨᠠᠰᠤᠵᠢᠯ ᠤᠨ ᠠᠰᠠᠷᠠᠮᠵᠢ᠂ ᠠᠵᠢᠯ ᠠᠴᠠ ᠪᠣᠯᠤᠭᠰᠠᠨ ᠭᠡᠮᠲᠦᠯ᠂ ᠠᠵᠢᠯ ᠠᠯᠳᠠᠯᠲᠠ ᠶᠢᠨ ᠳᠠᠭᠠᠳᠬᠠᠯ᠂ ᠬᠠᠤᠯᠢ ᠴᠠᠭᠠᠵᠠ | ᠬᠠᠤᠯᠢ ᠲᠣᠭᠲᠠᠭᠠᠯ᠂ ᠬᠥᠳᠡᠯᠮᠦᠷᠢ ᠶᠢᠨ ᠭᠡᠷ᠎ᠡ ᠵᠡᠷᠭᠡ ᠬᠤᠯᠪᠣᠭᠳᠠᠯ ᠪᠥᠬᠦᠶ ᠲᠤᠬᠠᠶᠢᠯᠠᠭᠰᠠᠨ ᠠᠵᠢᠯ ᠤᠨ | ᠬᠠᠷᠢᠭᠤᠴᠠᠯᠭᠠᠲᠠᠨ ᠤ ᠬᠠᠷᠢᠯᠴᠠᠬᠤ ᠠᠷᠭ᠎ᠠ ᠬᠡᠯᠪᠡᠷᠢ ᠶᠢ ᠲᠣᠳᠣᠷᠬᠠᠶ ᠮᠡᠳᠡᠵᠦ᠂ ᠠᠵᠤ ᠠᠬᠤᠶᠢᠯᠠᠯ ᠤᠨ ᠴᠠᠭ ᠲᠤᠬᠠᠶ ᠳᠤᠨᠢ | ᠤᠲᠠᠰᠤ ᠢᠷᠡᠭᠦᠯᠵᠦ ᠯᠠᠪᠯᠠᠬᠤ ᠳᠤ ᠲᠥᠬᠦᠮ ᠦᠵᠡᠭᠦᠯᠵᠦ ᠪᠠᠶᠢᠨ᠎ᠠ᠃ ᠬᠤᠶᠠᠷ ᠲᠤ ︽ᠠᠵᠤ ᠠᠬᠤᠶᠢᠯᠠᠯ ᠳᠤ ᠠᠰᠢᠭ | ᠬᠦᠷᠲᠡᠭᠡᠬᠦ︾ ᠠᠵᠢᠯᠯᠠᠭ᠎ᠠ ᠶᠢ ᠥᠭᠡᠷᠡᠴᠢᠯᠡᠨ᠎ᠡ᠃ ︽ᠪᠠᠭᠤᠯᠭᠠᠬᠤ ᠬᠠᠮᠢᠶᠠᠷᠬᠤ ᠦᠶ᠋ᠯᠡᠴᠢᠯᠡᠬᠦ︾ ᠥᠭᠡᠷᠡᠴᠢᠯᠡᠯᠲᠡ ᠶᠢ | ᠡᠴᠦᠰ ᠲᠤᠨᠢ ᠲᠤᠯᠲᠠᠯ᠎ᠠ ᠳᠥᠯᠭᠢᠨ ᠠᠬᠢᠭᠤᠯᠵᠤ᠂ ᠭᠠᠶᠢᠯᠢ ᠶᠢ ᠬᠥᠩᠭᠡᠯᠡᠵᠦ ᠰᠦᠶ᠋ᠳᠬᠡᠯ ᠢ ᠪᠠᠭᠤᠷᠠᠭᠤᠯᠬᠤ ᠶᠢ ᠪᠣᠳᠠᠲᠠᠶ ᠳᠤ | ᠨᠠᠶᠢᠳᠠᠪᠤᠷᠢᠵᠢᠭᠤᠯᠤᠨ᠂ ︽ᠳᠣᠲᠣᠨᠣ︾ ︽ᠴᠡᠪᠡᠷ︾ ᠰᠢᠨ᠎ᠡ ᠬᠡᠯᠪᠡᠷᠢ ᠶᠢᠨ ᠵᠠᠰᠠᠭ ᠬᠤᠳᠠᠯᠳᠤᠭᠠᠨ ᠤ ᠬᠠᠷᠢᠴᠠᠭ᠎ᠠ ᠶᠢ | ᠪᠣᠳᠠᠲᠠᠶ ᠳᠤ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠳᠤ ᠠᠰᠢᠭᠲᠠᠶ ᠠᠷᠠᠳ ᠲᠤ ᠲᠥᠬᠦᠮ ᠦᠵᠡᠭᠦᠯᠬᠦ ᠡᠭᠦᠳᠡᠨ ᠠᠴᠠ | ᠡᠭᠦᠰᠦᠨ᠂ ᠠᠵᠢᠯ ᠤᠨ ᠲᠠᠰ ᠳᠠᠷᠠᠭᠠᠯᠠᠯ ᠢ ᠰᠢᠯᠢᠳᠡᠭᠵᠢᠭᠦᠯᠵᠦ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠰᠢᠨᠵᠢᠯᠡᠬᠦ ᠤᠬᠠᠭᠠᠨ ᠮᠡᠷᠭᠡᠵᠢᠯ ᠤᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠰᠢᠰᠲ᠋ᠧᠮ ᠨᠢ ᠲᠣᠪᠴᠢᠶᠠᠨ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠬᠤᠳᠠᠯᠳᠤᠭ᠎ᠠ | ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠰᠬᠠᠶ ᠰᠡᠳᠦᠪ ᠤᠨ ᠳᠤᠭᠤᠶᠢᠯᠠᠩ ᠢ ᠪᠠᠶᠢᠭᠤᠯᠵᠤ᠂ ᠰᠤᠳᠤᠯᠤᠨ | ᠶᠠᠷᠢᠯᠴᠠᠬᠤ ᠬᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠡᠭᠦᠷᠭᠡ ᠴᠢᠳᠠᠪᠤᠷᠢ ᠶᠢ ᠰᠢᠯᠢᠳᠡᠭᠵᠢᠭᠦᠯᠬᠦ᠂ | ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠴᠣᠩᠬᠤᠪᠴᠢ ᠳᠣᠭᠢᠷᠠᠭᠤᠯᠬᠤ᠂ ᠠᠵᠢᠯᠲᠠᠨ ᠤ ᠲᠣᠬᠢᠷᠠᠭᠤᠯᠤᠯᠲᠠ᠂ ᠬᠡᠷᠡᠭ | ᠭᠦᠶ᠋ᠴᠡᠳᠬᠡᠬᠦ ᠴᠤᠪᠤᠷᠠᠯ ᠢ ᠴᠣᠮᠬᠠᠳᠬᠠᠬᠤ ᠵᠡᠷᠭᠡ ᠵᠦᠶ᠋ᠯᠡᠰ ᠢ ᠲᠥᠪᠯᠡᠷᠡᠭᠦᠯᠦᠨ ᠶᠠᠷᠢᠯᠴᠠᠬᠤ ᠶᠢᠨ ᠬᠠᠮᠲᠤ | ᠨᠠᠶᠢᠳᠠᠪᠤᠷᠢᠵᠢᠭᠤᠯᠬᠤ ᠶᠢ ᠲᠤᠬᠠᠶᠢᠯᠠᠭᠰᠠᠨ ᠠᠵᠢᠯ ᠤᠨ ᠴᠤᠪᠤᠷᠠᠯ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ︽ᠨᠡᠶᠢᠯᠡᠭᠦᠯᠵᠦ | ᠳᠡᠶᠢᠯᠪᠡᠯ ᠨᠡᠶᠢᠯᠡᠭᠦᠯᠬᠦ᠂ ᠳᠥᠭᠦᠮᠴᠢᠯᠡᠪᠡᠯ ᠲᠥᠬᠦᠮ ᠪᠣᠯᠭᠠᠬᠤ᠂ ᠳᠤᠲᠠᠭᠤ ᠶᠢ ᠭᠥᠯᠢᠶᠡᠨ ᠠᠪᠴᠤ ᠰᠢᠶ᠋ᠳᠪᠦᠷᠢᠯᠡᠬᠦ᠂ ᠲᠥᠷᠥᠯ | ᠬᠤᠪᠢᠶᠠᠨ ᠰᠢᠶ᠋ᠳᠪᠦᠷᠢᠯᠡᠬᠦ︾ ᠵᠠᠷᠴᠢᠮ ᠶᠣᠰᠣᠭᠠᠷ᠂ ︽ᠴᠠᠭ ᠢ ᠪᠠᠭᠠᠰᠬᠠᠬᠤ᠂ ᠮᠠᠲ᠋ᠧᠷᠢᠶᠠᠯ ᠢ ᠪᠠᠭᠠᠰᠬᠠᠬᠤ᠂ ᠴᠤᠪᠤᠷᠠᠯ ᠢ | ᠪᠠᠭᠠᠰᠬᠠᠬᠤ᠂ ᠦᠶ᠋ᠯᠡᠴᠢᠯᠡᠭᠡ ᠶᠢ ᠰᠢᠯᠢᠳᠡᠭᠵᠢᠭᠦᠯᠬᠦ︾ ᠶᠢ ᠦᠨᠡᠨᠬᠦ ᠪᠡᠶᠡᠯᠡᠭᠦᠯᠦᠨ᠎ᠡ᠃ ᠭᠤᠷᠪᠠ ᠳᠤ ︽ᠠᠵᠢᠯᠴᠢᠨ ᠡᠯᠰᠡᠵᠦ | ᠠᠵᠤ ᠠᠬᠤᠶᠢᠯᠠᠯ ᠢ ᠬᠠᠪᠰᠤᠷᠬᠤ︾ ᠠᠵᠢᠯᠯᠠᠭ᠎ᠠ ᠪᠣᠯᠤᠨ᠎ᠠ᠃ ᠠᠵᠤ ᠠᠬᠤᠶᠢᠯᠠᠯ ᠯᠤᠭ᠎ᠠ ᠶᠢᠨ ᠨᠡᠪᠲᠡᠷᠡᠯᠴᠡᠭᠡ | ᠬᠠᠷᠢᠯᠴᠠᠭ᠎ᠠ ᠪᠠᠨ ᠴᠢᠩᠭᠠᠳᠬᠠᠵᠤ᠂ ᠵᠠᠳᠠᠯᠤᠨ ᠰᠤᠳᠤᠯᠵᠤ ᠮᠠᠭᠠᠳᠯᠠᠬᠤ ᠴᠢᠳᠠᠪᠤᠷᠢ ᠪᠠᠨ ᠴᠢᠩᠭᠠᠷᠠᠭᠤᠯᠤᠨ᠂ ᠠᠵᠤ | ᠠᠬᠤᠶᠢᠯᠠᠯ ᠤᠨ ᠠᠵᠢᠯᠴᠢᠨ ᠬᠡᠷᠡᠭᠯᠡᠬᠦ ᠶᠢᠨ ᠬᠥᠳᠡᠯᠦᠩᠭᠦᠶ ᠪᠠᠶᠢᠳᠠᠯ ᠢ ᠬᠢᠨᠠᠨ ᠬᠡᠮᠵᠢᠬᠦ ᠶᠢ ᠴᠢᠩᠭᠠᠷᠠᠭᠤᠯᠵᠤ᠂ ᠦᠷᠭᠦᠯᠵᠢ | ᠵᠣᠬᠢᠶᠠᠨ ᠪᠠᠶᠢᠭᠤᠯᠤᠨ ᠪᠠᠶᠢᠴᠠᠭᠠᠨ ᠰᠤᠳᠤᠯᠵᠤ ᠰᠤᠷᠪᠤᠯᠵᠢᠯᠠᠨ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ | ᠱᠠᠭᠠᠷᠳᠠᠯᠭ᠎ᠠ ᠶᠢ ᠪᠣᠳᠠᠲᠠᠶ ᠭᠠᠵᠠᠷ ᠲᠤᠨᠢ ᠤᠶᠢᠯᠠᠭᠠᠨ᠂ ᠠᠵᠤ ᠠᠬᠤᠶᠢᠯᠠᠯ ᠤᠨ ᠪᠠᠶᠢᠳᠠᠯ ᠳᠤᠨᠢ ᠵᠣᠬᠢᠴᠠᠭᠤᠯᠤᠨ ᠲᠥᠷᠥ ᠶᠢᠨ | ᠪᠣᠳᠣᠯᠭ᠎ᠠ ᠬᠡᠷᠡᠭᠵᠢᠭᠦᠯᠵᠦ᠂ ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠰᠦᠯᠵᠢᠶᠡᠨ | ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠵᠡᠷᠭᠡ ᠪᠠᠷ ᠠᠵᠢᠯᠲᠠᠨ ᠡᠯᠰᠡᠬᠦ ᠵᠠᠭᠪᠤᠷ ᠢ ᠬᠡᠷᠡᠭᠯᠡᠨ᠎ᠡ᠃ ᠨᠢᠳᠤᠨᠤᠨ ᠠᠴᠠ ᠨᠠᠰᠢ᠂ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︽ᠠᠵᠢᠯ ᠣᠯᠭᠤᠯᠲᠠ ᠶᠢᠨ | ᠲᠤᠰᠠᠯᠠᠮᠵᠢ ᠶᠢᠨ ᠰᠠᠷ᠎ᠠ︾ ︽ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠲᠤᠰᠬᠠᠶ ᠠᠵᠢᠯᠲᠠᠨ ᠡᠯᠰᠡᠬᠦ ᠴᠤᠭᠯᠠᠭᠠᠨ︾ | ᠵᠡᠷᠭᠡ ᠠᠵᠢᠯ ᠣᠯᠭᠤᠯᠲᠠ ᠶᠢᠨ ᠲᠤᠰᠠᠯᠠᠮᠵᠢ ᠶᠢᠨ ᠠᠵᠢᠯᠯᠠᠭ᠎ᠠ ᠶᠢ ᠥᠷᠭᠡᠨ ᠢᠶᠠᠷ ᠬᠤᠷᠠᠯᠳᠤᠭᠤᠯᠵᠤ᠂ ᠳᠡᠭᠡᠳᠦ ᠰᠤᠷᠭᠠᠭᠤᠯᠢ | ᠲᠡᠭᠦᠰᠦᠭᠰᠡᠳ᠂ ᠮᠠᠯᠵᠢᠬᠤ ᠲᠠᠷᠢᠶᠠᠯᠠᠬᠤ ᠣᠷᠣᠨ ᠤ ᠰᠢᠯᠵᠢᠭᠰᠡᠨ ᠬᠥᠳᠡᠯᠮᠦᠷᠢ ᠶᠢᠨ ᠬᠦᠴᠦᠨ ᠵᠡᠷᠭᠡ ᠭᠤᠤᠯᠳᠠᠯᠭ᠎ᠠ ᠲᠠᠢ | ᠬᠠᠮᠲᠤᠯᠢᠭ ᠤᠨ ᠠᠵᠢᠯ ᠣᠯᠭᠤᠯᠲᠠ ᠶᠢᠨ ᠠᠵᠢᠯ ᠢ ᠲᠣᠪᠤᠶᠢᠮ᠎ᠠ ᠰᠠᠶᠢᠲᠤᠷ ᠠᠳᠬᠤᠵᠤ᠂ ᠬᠤᠯᠪᠣᠭᠳᠠᠯ ᠪᠥᠬᠦᠶ ᠰᠠᠯᠠᠭ᠎ᠠ | ᠮᠥᠴᠢᠷ ᠲᠠᠢ ᠬᠤᠯᠪᠣᠭᠠᠯᠠᠨ᠂ ᠠᠵᠢᠯᠲᠠᠨ ᠡᠯᠰᠡᠬᠦ ᠴᠤᠭᠯᠠᠭᠠᠨ ᠢ ᠨᠡᠶᠢᠲᠡ 30 ᠭᠠᠷᠤᠶ ᠤᠳᠠᠭ᠎ᠠ ᠡᠷᠭᠢᠯᠡᠵᠦ᠂ ᠠᠵᠤ | ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠪᠠ ᠬᠥᠳᠡᠯᠮᠦᠷᠢ ᠶᠢᠨ ᠬᠦᠴᠦᠨ ᠤ ᠠᠵᠢᠯ ᠡᠷᠢᠬᠦ ᠬᠦᠰᠡᠯ ᠰᠠᠨᠠᠭ᠎ᠠ ᠶᠢ | ᠨᠠᠷᠢᠯᠢᠭ ᠣᠨᠣᠴᠠᠲᠠᠶ ᠪᠠᠷ ᠵᠣᠯᠭᠠᠭᠤᠯᠬᠤ ᠶᠢ ᠦᠨᠡᠨ ᠬᠦ ᠪᠡᠶᠡᠯᠡᠭᠦᠯᠪᠡ᠃ ᠲᠦᠷᠪᠡ ᠳᠤ ︽ᠴᠢᠳᠠᠪᠤᠷᠢᠲᠠᠨ ᠢᠶᠠᠷ ᠠᠵᠤ | ᠠᠬᠤᠶᠢᠯᠠᠯ ᠢ ᠲᠤᠰᠠᠯᠠᠬᠤ︾ ᠠᠵᠢᠯᠯᠠᠭ᠎ᠠ᠃ ᠠᠵᠤ ᠠᠬᠤᠶᠢᠯᠠᠯ ᠤᠨ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢ ᠪᠥᠬᠦ | ᠲᠠᠯ᠎ᠠ ᠪᠠᠷ ᠡᠵᠡᠮᠰᠢᠨ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠣᠭᠲᠠᠴᠠ ᠶᠢ ᠠᠮᠢᠳᠤᠯᠢᠭ ᠪᠥᠭᠡᠳ ᠨᠡᠭᠡᠭᠡᠯᠲᠡ ᠲᠠᠢ | ᠪᠠᠶᠢᠯᠭᠠᠬᠤ ᠶᠢ ᠰᠦᠪᠡᠭᠴᠢᠯᠡᠵᠦ᠂ ᠴᠢᠳᠠᠪᠤᠷᠢᠲᠠᠨ ᠤ ᠠᠷᠭ᠎ᠠ ᠵᠠᠮ ᠢ ᠥᠷᠭᠡᠳᠬᠡᠨ᠂ ︽ᠴᠢᠳᠠᠪᠤᠷᠢᠲᠠᠨ ᠢᠶᠠᠷ ᠲᠣᠭᠤᠷᠢᠭ ᠢᠶᠠᠨ | ᠬᠦᠴᠦᠷᠬᠡᠭᠵᠢᠭᠦᠯᠬᠦ︾ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ︽ᠬᠤᠷᠴᠢᠨ ᠴᠢᠳᠠᠪᠤᠷᠢᠲᠠᠨ︾ ᠤ | ᠢᠨᠵᠧᠨᠧᠷᠢᠩ ᠢᠶᠠᠷ ᠭᠠᠷᠳᠠᠴᠠ ᠪᠣᠯᠭᠠᠨ᠂ ᠡᠯ᠎ᠡ ᠲᠥᠷᠥᠯ ᠤᠨ ᠤᠯᠤᠰ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠤ | ᠬᠤᠲᠠ ᠶᠢᠨ ᠴᠢᠳᠠᠪᠤᠷᠢᠲᠠᠨ ᠤ ᠲᠥᠯᠥᠪᠯᠡᠭᠡ ᠲᠠᠢ ᠵᠣᠯᠭᠠᠭᠤᠯᠵᠤ᠂ ᠠᠵᠤ ᠠᠬᠤᠶᠢᠯᠠᠯ ᠤᠨ ᠴᠢᠳᠠᠪᠤᠷᠢᠲᠠᠨ ᠢ ᠣᠷᠣᠭᠤᠯᠤᠨ | ᠠᠪᠴᠢᠷᠠᠬᠤ᠂ ᠴᠢᠳᠠᠪᠤᠷᠢᠲᠠᠨ ᠢ ᠬᠥᠮᠦᠵᠢᠭᠦᠯᠬᠦ᠂ ᠴᠢᠳᠠᠪᠤᠷᠢᠲᠠᠨ ᠢ ᠦᠯᠡᠳᠡᠭᠡᠬᠦ᠂ ᠴᠢᠳᠠᠪᠤᠷᠢᠲᠠᠨ ᠢ ᠬᠡᠷᠡᠭᠯᠡᠬᠦ ᠠᠷᠭ᠎ᠠ | ᠵᠠᠮ ᠤᠨ ᠰᠠᠭᠠᠳ ᠥᠬᠡᠶ ᠨᠡᠪᠲᠡᠷᠡᠬᠦ ᠶᠢ ᠪᠠᠲᠤᠯᠠᠨ᠎ᠠ᠃ ᠲᠠᠪᠤ ᠳᠤ ︽ᠦᠶ᠋ᠯᠡᠴᠢᠯᠡᠵᠦ ᠠᠵᠤ ᠠᠬᠤᠶᠢᠯᠠᠯ ᠳᠤ ᠲᠥᠬᠦᠮ | ᠦᠵᠡᠭᠦᠯᠬᠦ︾ ᠠᠵᠢᠯᠯᠠᠭ᠎ᠠ᠃ ᠣᠯᠠᠨ ᠲᠦᠮᠡᠨ ᠳᠤ ᠦᠶ᠋ᠯᠡᠴᠢᠯᠡᠬᠦ ᠲᠠᠯ᠎ᠠ ᠪᠠᠷ ︽ᠠᠵᠢᠯ ᠲᠥᠷᠥᠯ ᠤᠨ ᠰᠤᠷᠲᠠᠯ ᠤᠨ | ᠪᠠᠶᠢᠭᠤᠯᠤᠯᠲᠠ ᠶᠢᠨ ᠣᠨ︾ ᠤ ᠠᠵᠢᠯᠯᠠᠭ᠎ᠠ ᠶᠢ ᠠᠬᠢᠭᠤᠯᠬᠤ ᠠᠴᠠ ᠭᠠᠳᠠᠨ᠎ᠠ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ | ᠳᠡᠭᠡᠭᠰᠢᠯᠡᠭᠦᠯᠬᠦ ᠲᠠᠯ᠎ᠠ ᠪᠠᠷ ᠴᠤ ᠡᠷᠴᠢᠮ ᠢᠶᠠᠨ ᠴᠢᠩᠭᠠᠷᠠᠭᠤᠯᠪᠠ᠃ ᠰᠤᠷᠤᠯᠴᠠᠯᠭ᠎ᠠ ᠪᠣᠯᠪᠠᠰᠤᠷᠠᠯ ᠤᠨ ᠲᠥᠯᠥᠪᠯᠡᠭᠡ | ᠲᠣᠭᠲᠠᠭᠠᠵᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ︽ᠴᠡᠷᠢᠭ ᠤᠨ | ᠡᠷᠳᠡᠮ ᠤᠨ ᠮᠥᠷᠦ᠋ᠢᠴᠡᠭᠡᠨ︾ ᠵᠡᠷᠭᠡ ᠡᠯ᠎ᠡ ᠵᠦᠢᠯ ᠤᠨ ᠰᠤᠷᠤᠯᠴᠠᠬᠤ ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ | ᠲᠣᠭᠲᠠᠮᠠᠯ ᠬᠤᠭᠤᠴᠠᠭ᠎ᠠ ᠲᠠᠢ ᠪᠠᠷ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ᠂ ᠡᠯ᠎ᠡ ᠰᠲ᠋ᠣᠺ ᠤᠨ ᠲᠠᠰᠤᠭ | ᠨᠢᠭᠡᠴᠡ ᠶᠢᠨ ᠬᠤᠭᠤᠷᠣᠨᠳᠣᠬᠢ ᠬᠤᠷᠰᠢᠯᠴᠠᠭ᠎ᠠ ᠵᠢᠴᠢ ᠭᠠᠳᠠᠷ ᠣᠷᠣᠨ ᠤ ᠠᠵᠢᠯ ᠨᠢᠭᠡᠲᠡᠨ ᠯᠦᠭᠡ ᠶᠢᠨ ᠰᠣᠯᠢᠯᠴᠠᠭ᠎ᠠ ᠶᠢ | ᠥᠷᠨᠢᠭᠦᠯᠵᠦ᠂ ᠮᠡᠳᠡᠯᠭᠡ ᠶᠢᠨ ᠪᠠᠭᠤᠷᠠᠶ ᠵᠦᠶ᠋ᠯ᠂ ᠴᠢᠳᠠᠪᠤᠷᠢ ᠶᠢᠨ ᠳᠤᠲᠠᠭᠤᠳᠠᠯ᠂ ᠲᠤᠷᠰᠢᠯᠭ᠎ᠠ ᠶᠢᠨ ᠪᠠᠯᠠᠶ ᠣᠷᠣᠨ ᠢ | ᠨᠥᠬᠦᠪᠥᠷᠢᠯᠡᠵᠦ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠠᠵᠢᠯᠲᠠᠨ ᠤ | ᠲᠥᠷᠥ ᠶᠢᠨ ᠪᠣᠳᠣᠯᠭ᠎ᠠ ᠶᠢᠨ ᠬᠢᠷᠢ ᠬᠡᠮᠵᠢᠶ᠎ᠡ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠲᠠᠰᠤᠷᠠᠯᠲᠠ ᠥᠬᠡᠶ | ᠳᠡᠭᠡᠭᠰᠢᠯᠡᠭᠦᠯᠦᠨ᠂ ᠨᠢᠭᠡ ᠪᠦᠯᠦᠭ ︽ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠨᠡᠪᠲᠡᠷᠬᠡᠶ︾ | ︽ᠨᠢᠭᠡ ᠯᠡ ᠳᠡᠭᠡᠷ᠎ᠡ ᠲᠣᠳᠣᠷᠬᠠᠶ︾ ︽ᠠᠰᠠᠭᠤᠬᠤ ᠶᠢᠨ ᠠᠷᠭ᠎ᠠ ᠥᠬᠡᠶ︾ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠦᠶ᠋ᠯᠡᠴᠢᠯᠡᠭᠡᠨ ᠤ ᠰᠣᠳᠣᠨ ᠬᠠᠮᠲᠤᠯᠢᠭ ᠤᠨ ᠨᠡᠶᠢᠲᠡᠯᠢᠭ ᠵᠢᠱᠢᠶ᠎ᠡ ᠶᠢ ᠪᠣᠶ ᠪᠣᠯᠭᠠᠨ᠎ᠠ᠃ | ﹇ᠬᠥᠲᠥᠯᠥᠭᠴᠢ﹈ ᠵᠧᠤ ᠲᠣᠪᠴᠢᠶᠠᠨ ᠳᠠᠷᠤᠭ᠎ᠠ ᠳᠤ ᠲᠠᠯᠠᠷᠬᠠᠯ᠎ᠠ᠂ ᠶᠠᠭᠠᠷᠠᠤ ᠴᠠᠭ ᠢᠶᠠᠷ ᠢᠶᠠᠨ ᠪᠢᠳᠡᠨ ᠳᠤ ᠡᠶᠢᠮᠦ | ᠨᠠᠷᠢᠨ ᠲᠣᠳᠣᠷᠬᠠᠶ ᠬᠠᠷᠢᠭᠤᠯᠲᠠ ᠥᠭᠭᠦᠭᠰᠡᠨ ᠪᠥᠭᠡᠳ ᠥᠷᠭᠡᠨ ᠣᠯᠠᠨ ᠰᠦᠯᠵᠢᠶᠡᠨ ᠤ ᠨᠠᠶᠢᠵᠠ ᠨᠠᠷ ᠤᠨ ᠠᠩᠬᠠᠷᠤᠯ ᠳᠤ | ᠲᠠᠯᠠᠷᠬᠠᠵᠤ ᠪᠠᠶᠢᠨ᠎ᠠ᠂ ᠪᠢᠳᠡ ᠳᠠᠷᠠᠭ᠎ᠠ ᠬᠤᠭᠤᠴᠠᠭᠠᠨ ᠳᠤ ᠳᠠᠬᠢᠨ ᠠᠭᠤᠯᠵᠠᠶ᠎ᠠ | |