﹇ᠬᠥᠲᠥᠯᠥᠭᠴᠢ﹈ ᠳ᠋ᠦ᠋ ᠲᠣᠪᠴᠢᠶᠠᠨ ᠳᠠᠷᠤᠭ᠎ᠠ ᠰᠠᠶᠢᠨ ᠪᠠᠶᠢᠨ᠎ᠠ ᠤᠤ᠂ ᠵᠠᠰᠠᠭ ᠤᠨ ᠣᠷᠳᠣᠨ ᠤ ᠫᠤᠷᠲ᠋ᠤᠯ | ᠰᠦᠯᠵᠢᠶᠡᠨ ᠤ ︽ᠰᠦᠯᠵᠢᠶᠡᠨ ᠳᠡᠭᠡᠷᠡᠬᠢ ᠰᠤᠷᠪᠤᠯᠵᠢᠯᠠᠭ᠎ᠠ︾ ᠪᠤᠯᠤᠩ ᠤᠨ ᠤᠷᠢᠯᠭ᠎ᠠ ᠶᠢ ᠬᠦᠯᠢᠶᠡᠨ ᠠᠪᠤᠭᠰᠠᠨ ᠳᠤ ᠴᠢᠨᠢ | ᠲᠠᠯᠠᠷᠬᠠᠵᠤ ᠪᠠᠶᠢᠨ᠎ᠠ᠃ | ﹇ᠳ᠋ᠦ᠋ ᠯᠢ ᠰᠢᠤᠸᠠᠨ﹈ ᠬᠥᠲᠥᠯᠥᠭᠴᠢ ᠰᠠᠶᠢᠨ ᠤᠤ᠂ ᠰᠦᠯᠵᠢᠶᠡᠨ ᠤ ᠠᠨᠳᠠ ᠨᠠᠷ ᠰᠠᠶᠢᠨ ᠤᠤ᠂ ᠵᠠᠰᠠᠭ ᠤᠨ | ᠣᠷᠳᠣᠨ ᠤ ᠫᠤᠷᠲ᠋ᠤᠯ ᠰᠦᠯᠵᠢᠶᠡᠨ ᠤ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠤᠯᠤᠩ ᠳᠤ ᠣᠷᠣᠯᠴᠠᠬᠤ | ᠪᠣᠯᠤᠭᠰᠠᠨ ᠳᠠᠭᠠᠨ ᠮᠠᠰᠢ ᠪᠠᠶᠠᠷᠲᠠᠶ ᠪᠠᠶᠢᠨ᠎ᠠ᠃ | ︹ ᠬᠥᠲᠥᠯᠥᠭᠴᠢ ︺ ᠣᠶᠢᠷ᠎ᠠ ᠶᠢᠨ ᠵᠢᠯ ᠤᠳ ᠲᠤ᠂ ᠬᠤᠷᠴᠢᠨ ᠲᠣᠭᠤᠷᠢᠭ ᠤᠨ ᠬᠢᠨ ᠥᠨᠳᠥᠷ ᠪᠠᠷᠢᠮᠵᠢᠶᠠᠲᠤ | ᠬᠤᠲᠠ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠮᠠᠰᠢ ᠰᠠᠶᠢᠨ ᠠᠵᠢᠯ ᠤᠨ ᠦᠷ᠎ᠡ | ᠪᠦᠲᠦᠮᠵᠢ ᠣᠯᠵᠠᠶ᠂ ᠲᠠ ᠶᠠᠮᠠᠷ ᠠᠵᠢᠯ ᠤᠳ ᠢ ᠪᠣᠳᠠᠲᠠᠶ ᠥᠷᠨᠢᠭᠦᠯᠦᠭᠰᠡᠨ ᠢᠶᠠᠨ ᠶᠠᠷᠢᠭᠠᠳ ᠥᠭᠭᠦᠨ᠎ᠡ ᠦᠤ︖ | ﹇ᠳ᠋ᠦ᠋ ᠯᠢ ᠰᠢᠤᠸᠠᠨ﹈ ᠬᠤᠷᠴᠢᠨ ᠲᠣᠭᠤᠷᠢᠭ ᠤᠨ ᠬᠠᠷᠢᠶ᠎ᠠ ᠣᠷᠣᠨ ᠳᠤ ᠣᠳᠣ 468 ᠬᠠᠭᠤᠴᠢᠨ ᠣᠷᠣᠨ | ᠰᠠᠭᠤᠴᠠ ᠶᠢᠨ ᠵᠢᠵᠢᠭ ᠲᠣᠭᠤᠷᠢᠭ ᠵᠢᠴᠢ ᠳᠠᠩ ᠴᠣᠭᠴᠠᠲᠤ ᠠᠰᠠᠷ ᠪᠠᠷᠤᠭ 800 ᠲᠦᠮᠡᠨ ᠲᠡᠭᠰᠢ ᠳᠥᠷᠪᠡᠯᠵᠢᠨ ᠮᠧᠲᠷ | ᠪᠠᠶᠢᠵᠤ᠂ ᠬᠠᠭᠠᠰ ᠣᠷᠴᠢᠮ ᠤᠨ ᠣᠷᠣᠨ ᠰᠠᠭᠤᠴᠠ ᠶᠢᠨ ᠭᠡᠷ ᠪᠠᠶᠢᠰᠢᠩ ᠢ ᠳᠡᠭᠡᠷ᠎ᠡ ᠵᠠᠭᠤᠨ ᠤ ᠶᠡᠷᠡᠭᠡᠳ ᠣᠨ ᠤ | ᠦᠶ᠎ᠡ ᠠᠴᠠ ᠡᠬᠢᠯᠡᠨ ᠪᠠᠶᠢᠭᠤᠯᠵᠤ᠂ ᠮᠠᠰᠢ ᠣᠯᠠᠨ ᠬᠠᠭᠤᠴᠢᠨ ᠵᠢᠵᠢᠭ ᠲᠣᠭᠤᠷᠢᠭ᠂ ᠳᠠᠩ ᠴᠣᠭᠴᠠᠲᠤ ᠠᠰᠠᠷ ᠢ ᠤᠳᠠᠭᠠᠨ | ᠵᠢᠯ ᠵᠠᠰᠠᠭᠰᠠᠨ ᠦᠭᠡᠶ ᠠᠴᠠ ᠪᠣᠯᠵᠤ᠂ ᠪᠣᠬᠢᠷ ᠤᠰᠤᠨ ᠤ ᠬᠤᠭᠤᠯᠠᠶ ᠶᠢᠨ ᠲᠣᠣᠷ ᠪᠥᠭᠯᠡᠷᠡᠵᠦ᠂ ᠢᠯᠴᠢ ᠬᠠᠩᠭᠠᠬᠤ | ᠬᠤᠭᠤᠯᠠᠶ ᠶᠢᠨ ᠲᠣᠣᠷ ᠬᠠᠭᠤᠴᠢᠷᠠᠵᠤ ᠢᠯᠴᠢ ᠬᠠᠩᠭᠠᠬᠤ ᠬᠤᠭᠤᠴᠠᠭᠠᠨ ᠳᠤ ᠬᠠᠯᠠᠭᠤᠨ ᠦᠭᠡᠶ᠂ ᠵᠠᠮ ᠡᠪᠳᠡᠷᠡᠵᠦ᠂ ᠵᠢᠵᠢᠭ | ᠲᠣᠭᠤᠷᠢᠭ ᠤᠨ ᠢᠵᠢ ᠪᠦᠷᠢᠳᠦᠭᠦᠯᠬᠦ ᠲᠥᠬᠦᠭᠡᠷᠦᠮᠵᠢ ᠪᠦᠷᠢᠨ ᠪᠤᠰᠤ ᠵᠡᠷᠭᠡ ᠠᠰᠠᠭᠤᠳᠠᠯ ᠨᠡᠶᠢᠳᠡᠮ ᠣᠷᠣᠰᠢᠵᠤ ᠪᠠᠶᠢᠨ᠎ᠠ᠃ | ᠣᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠵᠤ᠂ ᠣᠯᠠᠨ ᠲᠦᠮᠡᠨ ᠤ ᠠᠮᠢᠳᠤᠷᠠᠯ ᠤᠨ ᠴᠢᠨᠠᠷ | ᠴᠢᠨᠰᠠᠭ᠎ᠠ ᠶᠢ ᠳᠡᠭᠡᠭᠰᠢᠯᠡᠭᠦᠯᠬᠦ ᠶᠢᠨ ᠲᠤᠰᠠᠳᠠ᠂ ᠮᠠᠨ ᠤ ᠣᠷᠣᠨ ︽ᠨᠢᠭᠡ ᠪᠦᠯᠦᠭ ᠢ ᠬᠡᠷᠡᠭᠵᠢᠭᠦᠯᠬᠦ᠂ ᠨᠢᠭᠡ ᠪᠦᠯᠦᠭ ᠢ | ᠰᠦᠪᠡᠭᠴᠢᠯᠡᠬᠦ᠂ ᠨᠢᠭᠡ ᠪᠦᠯᠦᠭ ᠢ ᠨᠥᠭᠡᠴᠡᠯᠡᠬᠦ︾ ᠵᠠᠷᠴᠢᠮ ᠶᠣᠰᠣᠭᠠᠷ᠂ ᠬᠠᠭᠤᠴᠢᠨ ᠪᠠ ᠬᠠᠭᠤᠴᠢᠨ ᠵᠢᠵᠢᠭ | ᠲᠣᠭᠤᠷᠢᠭ ᠤᠨ ᠥᠭᠡᠷᠡᠴᠢᠯᠡᠯᠲᠡ ᠶᠢᠨ ᠲᠤᠭ᠎ᠠ ᠪᠠᠷᠢᠮᠲᠠ ᠶᠢᠨ ᠬᠥᠮᠥᠷᠭᠡ ᠶᠢ ᠪᠠᠶᠢᠭᠤᠯᠵᠤ᠂ ᠨᠢᠭᠡᠳᠦᠯᠲᠡᠶ ᠲᠥᠯᠥᠪᠯᠡᠨ | ᠳᠣᠭᠢᠷᠠᠭᠤᠯᠵᠤ᠂ ᠬᠠᠷᠢᠶᠠᠲᠤ ᠣᠷᠣᠨ ᠤ ᠳᠣᠲᠣᠷᠠᠬᠢ ᠬᠠᠭᠤᠴᠢᠨ ᠪᠠ ᠬᠠᠭᠤᠴᠢᠨ ᠵᠢᠵᠢᠭ ᠲᠣᠭᠤᠷᠢᠭ ᠤᠨ ᠦᠯᠡᠳᠡᠭᠡᠯ | ᠠᠰᠠᠭᠤᠳᠠᠯ ᠢ ᠠᠯᠬᠤᠮ ᠠᠯᠬᠤᠮ ᠢᠶᠠᠷ ᠵᠠᠰᠠᠵᠤ ᠰᠢᠶ᠋ᠳᠪᠦᠷᠢᠯᠡᠨ᠎ᠡ᠃ 2018 ᠣᠨ ᠠᠴᠠ ᠣᠲᠣ ᠪᠣᠯᠲᠠᠯ᠎ᠠ᠂ ᠮᠠᠨ ᠤ | ᠣᠷᠣᠨ ᠬᠠᠭᠤᠴᠢᠨ ᠪᠠ ᠬᠠᠭᠤᠴᠢᠷᠬᠠᠰᠠᠨ ᠵᠢᠵᠢᠭ ᠲᠣᠭᠤᠷᠢᠭ ᠤᠨ ᠳᠣᠲᠣᠷᠠᠬᠢ ᠡᠪᠳᠡᠷᠡᠵᠦ ᠰᠦᠶ᠋ᠳᠦᠭᠰᠡᠨ᠂ | ᠬᠠᠭᠤᠴᠢᠷᠬᠠᠰᠠᠨ ᠵᠡᠷᠭᠡ ᠰᠠᠭᠤᠷᠢ ᠪᠡᠯᠡᠳᠬᠡᠮᠵᠢ ᠶᠢ ᠥᠭᠡᠷᠡᠴᠢᠯᠡᠨ ᠰᠢᠨᠡᠳᠬᠡᠪᠡ᠂ ᠡᠭᠦᠨ ᠳᠤ ᠭᠤᠤᠯᠳᠠᠭᠤ᠄ ᠪᠣᠬᠢᠷᠲᠤᠯ | ᠭᠠᠳᠠᠭᠰᠢᠯᠠᠭᠤᠯᠬᠤ ᠬᠤᠭᠤᠯᠠᠶ ᠶᠢᠨ ᠲᠣᠤᠷ᠂ ᠢᠯᠴᠢ ᠬᠠᠩᠭᠠᠬᠤ ᠬᠤᠭᠤᠯᠠᠶ ᠶᠢᠨ ᠲᠣᠤᠷ᠂ ᠤᠰᠤ ᠬᠠᠩᠭᠠᠬᠤ | ᠬᠤᠭᠤᠯᠠᠶ ᠶᠢᠨ ᠲᠣᠤᠷ᠂ ᠵᠠᠮ ᠤᠨ ᠭᠠᠳᠠᠷᠭᠤ ᠶᠢᠨ ᠬᠠᠲᠠᠭᠤᠷᠠᠯ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠴᠠᠬᠢᠯᠭᠠᠨ | ᠴᠡᠨᠡᠭᠯᠡᠬᠦ ᠱᠣᠩ ᠵᠡᠷᠭᠡ ᠠᠭᠤᠯᠭ᠎ᠠ ᠶᠢ ᠪᠠᠭᠲᠠᠭᠠᠵᠤ᠂ ᠨᠡᠶᠢᠲᠡ 200 ᠭᠠᠷᠤᠶ ᠬᠠᠭᠤᠴᠢᠨ ᠪᠠ ᠬᠠᠭᠤᠴᠢᠷᠬᠠᠰᠠᠨ ᠵᠢᠵᠢᠭ | ᠲᠣᠭᠤᠷᠢᠭ ᠢ ᠥᠭᠡᠷᠡᠴᠢᠯᠡᠨ ᠰᠢᠨᠡᠳᠬᠡᠵᠦ᠂ ᠥᠭᠡᠷᠡᠴᠢᠯᠡᠨ ᠵᠠᠰᠠᠭᠰᠠᠨ ᠲᠠᠯᠠᠪᠠᠶ ᠨᠢ ᠪᠠᠷᠤᠭ 310 ᠲᠦᠮᠡᠨ ᠲᠡᠭᠰᠢ | ᠳᠥᠷᠪᠡᠯᠵᠢᠨ ᠮᠧᠲᠷ ᠲᠤ ᠬᠦᠷᠴᠡᠶ᠃ 2021 ᠣᠨ ᠳᠤ 107 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ︵ᠲᠠᠩ | ᠪᠡᠶᠡᠲᠦ ᠠᠰᠠᠷ ᠪᠠᠭᠲᠠᠨ᠎ᠠ︶ ᠢ ᠥᠭᠡᠷᠡᠴᠢᠯᠡᠨ ᠪᠠᠶᠢᠭᠤᠯᠬᠤ ᠪᠠᠷ ᠲᠥᠯᠥᠪᠯᠡᠵᠦ᠂ 134 ᠲᠦᠮᠡᠨ ᠲᠡᠭᠰᠢ ᠳᠥᠷᠪᠡᠯᠵᠢᠨ | ᠮᠧᠲᠷ ᠤᠨ ᠲᠠᠯᠠᠪᠠᠶ ᠶᠢ ᠥᠭᠡᠷᠡᠴᠢᠯᠡᠨ ᠪᠠᠶᠢᠭᠤᠯᠵᠤ᠂ 9 ᠵᠡᠭᠡᠯᠢ ᠭᠤᠳᠤᠮᠵᠢ᠂ 331 ᠰᠠᠭᠤᠷᠢ ᠠᠰᠠᠷ᠂ 14584 ᠡᠷᠦᠬᠡ | ᠰᠠᠭᠤᠭᠠᠯᠢ ᠠᠷᠠᠳ ᠲᠤ ᠠᠰᠢᠭ ᠬᠦᠷᠲᠡᠭᠡᠬᠦ ᠪᠣᠯᠤᠨ᠎ᠠ᠂ ᠣᠳᠣᠬᠠᠨ ᠳᠤ ᠨᠢᠭᠡᠨᠲᠡ ᠲᠥᠷᠥᠯ ᠵᠦᠶ᠋ᠯ ᠤᠨ ᠰᠠᠨᠠᠭᠤᠯᠭ᠎ᠠ ᠶᠢᠨ | ᠪᠢᠴᠢᠭ᠂ ᠰᠤᠳᠤᠯᠵᠤ ᠪᠣᠯᠬᠤ ᠴᠣᠬᠤᠯᠠᠪᠤᠷᠢ᠂ ᠵᠢᠷᠤᠭ ᠲᠥᠯᠥᠪᠯᠡᠭᠡ ᠶᠢᠨ ᠳᠠᠭᠠᠭᠠᠴᠢᠯᠠᠯᠲᠠ ᠵᠠᠷᠯᠠᠬᠤ᠂ ᠪᠠᠷᠢᠯᠭ᠎ᠠ ᠶᠢᠨ | ᠳᠠᠭᠠᠭᠠᠴᠢᠯᠠᠯᠲᠠ ᠵᠠᠷᠯᠠᠬᠤ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠳᠠᠭᠤᠰᠬᠠᠵᠤ᠂ ᠬᠡᠰᠡᠭ ᠰᠠᠭᠤᠭᠠᠯᠢ ᠠᠷᠠᠳ ᠤᠨ | ᠲᠣᠭᠤᠷᠢᠭ ᠢ ᠨᠢᠭᠡᠨᠲᠡ ᠲᠠᠯᠠᠪᠠᠶ ᠳᠤ ᠣᠷᠣᠭᠤᠯᠵᠤ ᠪᠠᠷᠢᠯᠭ᠎ᠠ ᠪᠠᠷᠢᠵᠠᠶ᠃ |