ᠣᠶᠢᠷ᠎ᠠ ᠳᠤ᠂ ᠬᠤᠷᠴᠢᠨ ᠲᠣᠭᠤᠷᠢᠭ ᠤᠨ ᠬᠢᠨ 19 ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠵᠢᠴᠢ ᠠᠵᠢᠯ | ᠮᠡᠷᠭᠡᠵᠢᠯ ᠤᠨ ᠰᠤᠷᠭᠠᠭᠤᠯᠢ ᠶᠢᠨ ᠨᠡᠷ᠎ᠡ ᠮᠡᠳᠡᠭᠦᠯᠬᠦ ᠭᠠᠵᠠᠷ ᠢ ᠵᠣᠬᠢᠶᠠᠨ ᠪᠠᠶᠢᠭᠤᠯᠤᠨ ᠳᠡᠭᠡᠳᠦ ᠰᠤᠷᠭᠠᠭᠤᠯᠢ ᠳᠤ | ᠰᠣᠷᠣᠭᠴᠢ ᠡᠯᠰᠡᠬᠦ ᠰᠢᠯᠭᠠᠯᠲᠠ ᠶᠢᠨ ᠨᠡᠷ᠎ᠡ ᠮᠡᠳᠡᠭᠦᠯᠬᠦ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠨᠡᠷ᠎ᠡ | ᠮᠡᠳᠡᠭᠦᠯᠬᠦ ᠨᠥᠬᠦᠴᠡᠯ᠂ ᠠᠷᠭ᠎ᠠ ᠵᠡᠷᠭᠡ ᠶᠢᠨ ᠲᠤᠬᠠᠶ ᠲᠠᠶᠢᠯᠤᠮᠵᠢ ᠬᠢᠪᠠ᠃ ᠡᠭᠦᠨ ᠤ ᠬᠠᠮᠲᠤ᠂ ᠤᠬᠠᠭᠤᠯᠭ᠎ᠠ ᠶᠢᠨ | ᠦᠶ᠋ᠯᠡᠴᠢᠯᠡᠭᠡ ᠶᠢ ᠴᠢᠩᠭᠠᠳᠬᠠᠵᠤ᠂ ᠠᠰᠠᠭᠤᠨ ᠯᠠᠪᠯᠠᠬᠤ ᠲᠤᠰᠬᠠᠶ ᠱᠤᠭᠤᠮ ᠢ ᠨᠡᠪᠲᠡᠷᠡᠭᠦᠯᠬᠦ ᠶᠢᠨ ᠬᠠᠮᠲᠤ ᠬᠢᠷᠢ | ᠬᠡᠮ ᠢ ᠬᠢᠨᠠᠨ ᠪᠠᠶᠢᠴᠠᠭᠠᠬᠤ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠴᠢᠩᠭ᠎ᠠ ᠠᠳᠬᠤᠵᠤ᠂ ᠲᠣᠰ ᠭᠠᠵᠠᠷ ᠤᠨ | ᠡᠷᠦᠬᠡ ᠠᠮᠠ ᠶᠢᠨ ᠲᠠᠩᠰᠠ ᠲᠠᠢ ᠰᠢᠯᠭᠠᠭᠤᠯᠤᠭᠴᠢ᠂ ᠣᠷᠣᠨ ᠤ ᠭᠠᠳᠠᠨᠠᠬᠢ ᠡᠷᠦᠬᠡ ᠠᠮᠠ ᠶᠢᠨ ᠲᠠᠩᠰᠠ ᠲᠠᠢ | ᠰᠢᠯᠭᠠᠭᠤᠯᠤᠭᠴᠢ᠂ ᠲᠣᠰ ᠭᠠᠵᠠᠷ ᠤᠨ ᠡᠷᠦᠬᠡ ᠠᠮᠠ ᠶᠢᠨ ᠲᠠᠩᠰᠠ ᠲᠠᠢ ᠭᠠᠳᠠᠨ᠎ᠠ ᠣᠷᠣᠨ ᠳᠤ ᠰᠤᠷᠤᠯᠴᠠᠵᠤ | ᠪᠠᠶᠢᠭ᠎ᠠ ᠵᠡᠷᠭᠡ ᠡᠯ᠎ᠡ ᠲᠥᠷᠥᠯ ᠤᠨ ᠰᠢᠯᠭᠠᠭᠤᠯᠤᠭᠴᠢ ᠶᠢᠨ ᠨᠡᠷ᠎ᠡ ᠮᠡᠳᠡᠭᠦᠯᠬᠦ ᠬᠢᠷᠢ ᠬᠡᠮ ᠤᠨ ᠬᠢᠨᠠᠨ ᠪᠠᠶᠢᠴᠠᠭᠠᠯᠲᠠ ᠶᠢ | ᠲᠥᠷᠥᠯ ᠬᠤᠪᠢᠶᠠᠨ ᠰᠠᠶᠢᠲᠤᠷ ᠬᠢᠵᠦ᠂ ᠮᠡᠳᠡᠭᠡ ᠵᠠᠩᠭᠢ ᠶᠢᠨ ᠵᠥᠪ ᠣᠨᠣᠪᠴᠢᠲᠠᠶ ᠪᠠᠶᠢᠬᠤ ᠶᠢ ᠪᠠᠲᠤᠯᠠᠨ᠎ᠠ᠃ |