︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠮᠥᠩᠬᠡ ᠰᠤᠪᠠᠭ · ᠨᠢᠭᠡ ᠰᠦᠯᠵᠢᠶ᠎ᠡ ᠪᠠᠷ | ᠭᠦᠢᠴᠡᠳᠬᠡᠬᠦ﹀ ᠠᠵᠢᠯ ᠢ ᠪᠦᠬᠦ ᠲᠠᠯ᠎ᠠ ᠪᠠᠷ ᠬᠡᠷᠡᠭᠵᠢᠭᠦᠯᠬᠦ ᠲᠥᠰᠦᠯ︾ ᠤᠨᠲ᠋ᠥ᠋ᠷᠥ ᠶᠢᠨ ᠪᠣᠳᠣᠯᠭ᠎ᠠ ᠶᠢᠨ ᠲᠣᠪᠴᠢ | ᠲᠣᠳᠣᠷᠬᠠᠢ ᠠᠰᠠᠭᠤᠯᠲᠠ ᠬᠠᠷᠢᠭᠤᠯᠲᠠ | ᠨᠢᠭᠡ᠂ ᠶᠠᠭᠤᠨ ᠳᠤ ︽ᠮᠥᠩᠬᠡ ᠰᠤᠪᠠᠭ · ᠨᠢᠭᠡ ᠰᠦᠯᠵᠢᠶ᠎ᠡ ᠪᠠᠷ ᠭᠦᠢᠴᠡᠳᠬᠡᠬᠦ︾ ᠶᠢᠨ ᠲᠥᠰᠦᠯ ᠢ | ᠲᠣᠭᠲᠠᠭᠠᠭᠰᠠᠨ ᠪᠤᠶ︖ | ᠮᠡᠳᠡᠭᠡ ᠵᠠᠩᠭᠢ ᠶᠢᠨ ᠮᠡᠷᠭᠡᠵᠢᠯ ᠤᠨ ᠲᠣᠭᠠᠴᠢᠯᠠᠯᠲᠠ᠂ ᠰᠦᠯᠵᠢᠶᠡᠵᠢᠯᠲᠡ᠂ ᠤᠶᠤᠨᠴᠢᠯᠠᠯᠳᠠ ᠶᠢᠨ ᠬᠥᠭᠵᠢᠯᠲᠡ ᠶᠢ | ᠳᠠᠭᠠᠯᠳᠤᠨ᠂ ᠤᠯᠠᠨ ᠲᠦᠮᠡᠨ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠭᠡᠬᠦ ᠠᠷᠭ᠎ᠠ ᠬᠡᠯᠪᠡᠷᠢ ᠪᠠᠰᠠ ᠮᠠᠰᠢ | ᠶᠡᠭᠡ ᠬᠤᠪᠢᠷᠠᠯᠲᠠ ᠭᠠᠷᠴᠤ᠂ ᠦᠢᠯᠡᠴᠢᠯᠡᠭᠡᠨ ᠤ ᠬᠡᠯᠪᠡᠷᠢ ᠨᠡᠩ ᠤᠯᠠᠨ ᠡᠰᠢᠴᠢᠯᠡᠭᠰᠡᠨ᠂ ᠳᠥᠭᠦᠮᠴᠢᠯᠡᠭᠰᠡᠨ᠂ | ᠤᠶᠤᠨᠴᠢᠯᠠᠬᠰᠠᠨ ᠪᠠᠶᠢᠨ᠎ᠠ᠃ ᠣᠶᠢᠷ᠎ᠠ ᠶᠢᠨ ᠵᠢᠯ ᠳᠤ᠂ ᠥᠪᠡᠷᠲᠡᠭᠡᠨ ᠵᠠᠰᠠᠬᠤ ᠣᠷᠣᠨ ᠪᠦᠬᠦ ᠬᠦᠴᠦᠨ ᠢᠶᠠᠷ ᠢᠶᠠᠨ ︽ | ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠪᠠᠶᠢᠭᠤᠯᠤᠯᠲᠠ ᠶᠢ ᠠᠬᠢᠭᠤᠯᠵᠤ᠂ ︽ | ᠮᠥᠩᠬᠡ ᠰᠤᠪᠠᠭ︾ ᠶᠢᠨ ᠦᠢᠯᠡᠴᠢᠯᠡᠭᠡᠨ ᠤ ᠨᠠᠷᠠᠲᠤ ᠲᠡᠮᠳᠡᠭᠲᠦ ᠶᠢ ᠪᠦᠲᠦᠭᠡᠨ ᠪᠠᠶᠢᠭᠤᠯᠣᠨ᠂ ᠪᠥᠬᠦ ᠣᠷᠣᠨ ᠤ | ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠴᠦᠨ ᠴᠢᠳᠠᠪᠤᠷᠢ ᠶᠢ ᠪᠥᠬᠦ ᠲᠠᠯ᠎ᠠ ᠪᠠᠷ | ᠳᠡᠭᠡᠭᠰᠢᠯᠡᠭᠦᠯᠬᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠴᠤᠪᠤᠷᠠᠯ ᠢ ᠳᠠᠬᠢᠨ ᠵᠣᠬᠢᠶᠠᠬᠤ᠂ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠶᠢ ᠠᠬᠢᠭᠤᠯᠤᠨ᠂ | ᠨᠢᠭᠡ ᠰᠦᠯᠵᠢᠶ᠎ᠡ ᠪᠠᠷ ᠭᠥᠯᠢᠶᠡᠨ ᠠᠪᠴᠤ ᠬᠠᠮᠵᠢᠯᠴᠠᠨ ᠭᠦᠢᠴᠡᠳᠭᠡᠵᠦ᠂ ᠶᠡᠷᠦᠩᠬᠡᠶᠢᠯᠡᠨ ᠬᠠᠮᠢᠶᠠᠷᠣᠭᠰᠠᠨ ᠨᠢᠭᠡ | ᠴᠣᠭᠴᠠᠵᠢᠭᠤᠯᠣᠯᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠯᠳᠦᠭᠦᠯᠵᠦ᠂ ᠠᠷᠠᠳ | ᠣᠯᠠᠨ ᠢ ᠢᠨᠲ᠋ᠧᠷ ᠰᠦᠯᠵᠢᠶ᠎ᠡ ᠶᠢᠨ ᠬᠥᠭᠵᠢᠯᠲᠡ ᠶᠢᠨ ᠦᠷ᠎ᠡ ᠪᠦᠲᠦᠭᠡᠯ ᠢ ᠨᠠᠩ ᠰᠠᠶᠢᠨ ᠢᠶᠠᠷ ᠬᠠᠮᠲᠦ ᠡᠳ᠋ᠯᠡᠭᠦᠯᠵᠦ᠂ | ᠥᠪᠡᠷᠲᠡᠭᠡᠨ ᠵᠠᠰᠠᠬᠤ ᠣᠷᠣᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠮᠥᠩᠬᠡ | ᠰᠤᠪᠠᠭ · ᠨᠢᠭᠡ ᠰᠦᠯᠵᠢᠶ᠎ᠡ ᠪᠠᠷ ᠭᠦᠢᠴᠡᠳᠬᠡᠬᠦ﹀ ᠶᠢ ᠪᠦᠬᠦ ᠲᠠᠯ᠎ᠠ ᠪᠠᠷ ᠬᠡᠷᠡᠭᠵᠢᠭᠦᠯᠬᠦ ᠲᠥᠰᠦᠯ︾ ᠢ ᠲᠣᠭᠲᠠᠭᠠᠪᠠ᠃ | | ᠬᠤᠶᠠᠷ᠂ ︽ᠮᠥᠩᠬᠡ ᠰᠤᠪᠠᠭ · ᠨᠢᠭᠡ ᠰᠦᠯᠵᠢᠶ᠎ᠡ ᠪᠠᠷ ᠭᠦᠢᠴᠡᠳᠬᠡᠬᠦ︾ ᠨᠢ ᠠᠵᠤ ᠠᠬᠤᠶᠢᠯᠠᠯ ᠣᠯᠠᠨ | ᠲᠦᠮᠡᠨ ᠳᠤ ᠬᠡᠷᠬᠢᠨ ᠲᠥᠬᠦᠮ ᠦᠵᠡᠭᠦᠯᠬᠦ ᠪᠣᠶ︖ | ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠶ᠋ᠴᠡᠳᠬᠡᠬᠦ ᠳᠤ ︽ᠣᠯᠠᠨ ᠡᠭᠦᠳᠡ︾ ᠠᠴᠠ ︽ | ᠨᠢᠭᠡ ᠡᠭᠦᠳᠡ︾ ᠪᠣᠯᠭᠠᠨ ᠬᠤᠪᠢᠷᠠᠭᠤᠯᠬᠤ᠂ ︽ᠣᠯᠠᠨ ᠴᠣᠩᠬᠤᠪᠴᠢ︾ ᠠᠴᠠ ︽ᠨᠢᠭᠡ ᠴᠣᠩᠬᠤᠪᠴᠢ︾ ᠪᠣᠯᠭᠠᠨ | ᠬᠤᠪᠢᠷᠠᠭᠤᠯᠬᠤ᠂ ︽ᠰᠠᠯᠠᠭ᠎ᠠ ᠮᠥᠴᠢᠷ ᠢ ᠡᠷᠢᠬᠦ︾ ᠪᠠᠶᠢᠭᠰᠠᠨ ᠠᠴᠠ ︽ᠵᠠᠰᠠᠭ ᠤᠨ ᠣᠷᠳᠣᠨ ᠢ ᠡᠷᠢᠬᠦ︾ ᠪᠣᠯᠭᠠᠨ | ᠬᠤᠪᠢᠷᠠᠭᠤᠯᠬᠤ ᠶᠢ ᠪᠡᠶᠡᠯᠡᠭᠦᠯᠦᠨ᠎ᠡ᠃ ᠰᠦᠯᠵᠢᠶᠡᠨ ᠳᠡᠭᠡᠷ᠎ᠡ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ | ᠰᠦᠯᠵᠢᠶᠡᠨ ᠳᠡᠭᠡᠷ᠎ᠡ ᠭᠦᠶ᠋ᠴᠡᠳᠬᠡᠵᠦ ᠪᠣᠯᠬᠤ᠂ ᠰᠦᠯᠵᠢᠶᠡᠨ ᠳᠡᠭᠡᠷ᠎ᠡ ᠭᠦᠢᠴᠡᠳᠭᠡᠬᠦ ᠳᠤ ᠬᠢᠯᠪᠠᠷ᠂ ᠰᠦᠯᠵᠢᠶᠡᠨ | ᠳᠡᠭᠡᠷ᠎ᠡ ᠭᠦᠢᠴᠡᠳᠭᠡᠬᠦ ᠳᠤ ᠠᠮᠠᠷᠬᠠᠨ ᠪᠠᠶᠢᠬᠤ ᠶᠢ ᠪᠡᠶᠡᠯᠡᠭᠦᠯᠵᠦ᠂ 1 ᠠᠴᠠ 2 ᠵᠢᠯ ᠤᠨ ᠬᠤᠭᠤᠴᠠᠭᠠᠨ ᠳᠤ᠂ 90 | % ᠠᠴᠠ ᠳᠡᠭᠡᠭᠰᠢᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ ᠰᠦᠯᠵᠢᠶ᠎ᠡ ᠪᠠᠷ | ᠭᠦᠢᠴᠡᠳᠬᠡᠬᠦ︾ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠰᠦᠯᠵᠢᠶᠡᠨ ᠭᠠᠳᠠᠨ᠎ᠠ᠂ ᠡᠯ᠎ᠡ ᠰᠠᠯᠠᠭ᠎ᠠ ᠮᠥᠴᠢᠷ ᠲᠤ | ᠲᠠᠷᠬᠠᠵᠤ ᠪᠠᠶᠢᠭ᠎ᠠ ᠦᠢᠯᠡᠴᠢᠯᠡᠭᠡᠨ ᠤ ᠴᠣᠩᠬᠤᠪᠴᠢ ᠶᠢ ᠠᠯᠬᠤᠮ ᠠᠯᠬᠤᠮ ᠢᠶᠠᠷ ᠡᠮᠬᠢᠯᠡᠨ ᠨᠡᠶᠢᠯᠡᠭᠦᠯᠵᠦ | ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠴᠣᠩᠬᠤᠪᠴᠢ ᠪᠣᠯᠭᠠᠵᠤ᠂ ︽ᠡᠮᠦᠨ᠎ᠡ ᠲᠠᠪᠴᠠᠩ ᠳᠤ | ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ᠂ ᠠᠷᠤ ᠲᠠᠪᠴᠠᠩ ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ | ᠂ ᠶᠡᠷᠦᠩᠬᠡᠶᠢᠯᠡᠭᠰᠡᠨ ᠴᠣᠩᠬᠤᠪᠴᠢ ᠪᠠᠷ ᠪᠢᠴᠢᠭ ᠮᠠᠲ᠋ᠧᠷᠢᠶᠠᠯ ᠭᠠᠷᠭᠠᠬᠤ︾ ᠦᠢᠯᠡᠴᠢᠯᠡᠭᠡᠨ ᠤ ᠬᠡᠯᠪᠡᠷᠢ ᠢ | ᠬᠡᠷᠡᠭᠵᠢᠭᠦᠯᠦᠨ᠎ᠡ᠃ | ᠭᠤᠷᠪᠠ᠂ ︽ᠮᠥᠩᠬᠡ ᠰᠤᠪᠠᠭ · ᠨᠢᠭᠡ ᠰᠦᠯᠵᠢᠶ᠎ᠡ ᠪᠠᠷ ᠭᠦᠢᠴᠡᠳᠬᠡᠬᠦ︾ ᠠᠵᠢᠯ ᠢ ᠬᠡᠷᠬᠢᠨ ᠠᠬᠢᠭᠤᠯᠬᠤ ᠪᠤᠶ︖ | | ᠨᠢᠭᠡ ᠳᠤ᠂ ᠦᠢᠯᠡᠴᠢᠯᠡᠭᠡᠨ ᠤ ᠵᠦᠢᠯᠡᠰ ᠤᠨ ᠪᠠᠷᠢᠮᠵᠢᠶ᠎ᠠ ᠶᠢ ᠨᠢᠭᠡᠳᠬᠡᠨ᠎ᠡ᠃ ᠥᠪᠡᠷᠲᠡᠭᠡᠨ ᠵᠠᠰᠠᠬᠤ ᠣᠷᠣᠨ᠂ | ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠤᠨ ᠪᠠᠷᠢᠮᠵᠢᠶᠠᠵᠢᠭᠤᠯᠣᠯᠲᠠ ᠶᠢ ᠠᠬᠢᠭᠤᠯᠵᠤ᠂ ᠺᠣᠮᠫᠢᠦ᠋ᠲ᠋ᠧᠷ᠂ ᠭᠠᠷ ᠤᠲᠠᠰᠤ᠂ ᠴᠣᠩᠬᠤᠪᠴᠢ᠂ ᠠᠦ᠋ᠲ᠋ᠣ᠋ | ᠮᠠᠰᠢᠨ᠂ ᠲᠧᠯᠸᠢᠰ ᠵᠡᠷᠭᠡ ᠵᠠᠮ ᠮᠥᠷ ᠤᠨ ᠠᠵᠢᠯ ᠶᠠᠪᠤᠳᠠᠯ ᠭᠦᠢᠴᠡᠳᠭᠡᠬᠦ ᠵᠦᠭᠯᠡᠭᠦᠷ ᠲᠤᠭ᠎ᠠ ᠪᠠᠷᠢᠮᠲᠠ ᠶᠢ ᠠᠳᠠᠯᠢ | ᠰᠤᠷᠪᠤᠯᠵᠢ ᠲᠠᠢ ᠪᠣᠯᠬᠤ ᠶᠢ ᠠᠬᠢᠭᠤᠯᠵᠣ᠂ ᠪᠠᠷᠢᠮᠵᠢᠶᠠᠵᠢᠭᠤᠯᠣᠯᠲᠠ ᠪᠠᠷ ᠭᠥᠯᠢᠶᠡᠨ ᠠᠪᠴᠤ ᠰᠢᠢᠳᠪᠦᠷᠢᠯᠡᠨ᠂ | ᠵᠢᠷᠣᠮᠵᠢᠭᠤᠯᠣᠯᠲᠠ ᠪᠠᠷ ᠭᠦᠢᠴᠡᠳᠭᠡᠨ᠎ᠡ᠃ | ᠬᠤᠶᠠᠷ ᠲᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠨᠢᠭᠡᠳᠬᠡᠨ᠎ᠡ᠃ ᠥᠪᠡᠷᠲᠡᠭᠡᠨ ᠵᠠᠰᠠᠬᠤ | ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠣᠲᠣ ᠶᠢᠨ ᠪᠠᠶᠢᠭ᠎ᠠ ᠡᠬᠢ ᠪᠠᠶᠠᠯᠢᠭ ᠢ | ᠨᠢᠭᠡᠳᠦᠯᠲᠡᠶ ᠲᠥᠯᠥᠪᠯᠡᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠭᠦᠨᠵᠡᠭᠡᠶ ᠠᠭᠤᠰᠤᠯᠴᠠᠬᠤ ᠶᠢ | ᠠᠬᠢᠭᠤᠯᠤᠨ᠂ ᠨᠢᠭᠡ ᠰᠦᠯᠵᠢᠶ᠎ᠡ ᠪᠠᠷ ᠭᠥᠯᠢᠶᠡᠨ ᠠᠪᠴᠤ ᠰᠢᠢᠳᠪᠦᠷᠢᠯᠡᠬᠦ᠂ ᠬᠠᠮᠵᠢᠯᠴᠠᠨ ᠭᠦᠢᠴᠡᠳᠭᠡᠬᠦ᠂ | ᠶᠡᠷᠦᠩᠬᠡᠶᠢᠯᠡᠨ ᠬᠠᠮᠢᠶᠠᠷᠬᠤ ᠶᠢ ᠪᠡᠶᠡᠯᠡᠭᠦᠯᠦᠨ᠎ᠡ᠃ 2021 ᠣᠨ ᠤ ᠰᠡᠭᠦᠯᠴᠢ ᠠᠴᠠ ᠡᠮᠦᠨ᠎ᠡ᠂ ᠣᠨᠴᠠᠯᠢᠭᠲᠤ | ᠬᠡᠷᠡᠭᠯᠡᠭᠡᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠳᠤ ᠵᠠᠯᠭᠠᠨ ᠣᠷᠣᠭᠤᠯᠬᠤ ᠶᠢ 150 ᠠᠴᠠ | ᠳᠤᠲᠠᠭᠤ ᠥᠬᠡᠶ ᠪᠠᠶᠢᠯᠭᠠᠨ᠎ᠠ᠃ | ᠭᠤᠷᠪᠠ ᠳᠤ᠂ ᠡᠭᠴᠡ ᠰᠢᠰᠲ᠋ᠧᠮ ᠤᠨ ᠵᠠᠯᠭᠠᠯᠲᠠ ᠶᠢ ᠨᠢᠭᠡᠳᠬᠡᠨ᠎ᠡ᠃ ᠥᠪᠡᠷᠲᠡᠭᠡᠨ ᠵᠠᠰᠠᠬᠤ ᠣᠷᠣᠨ ᠤ ᠲᠣᠰ | ᠱᠠᠲᠤᠨ ᠤ 14 ᠰᠠᠯᠠᠭ᠎ᠠ ᠮᠥᠴᠢᠷ ᠤᠨ 41 ᠲᠤᠬᠠᠶᠢᠯᠠᠭᠰᠠᠨ ᠠᠵᠢᠯ ᠤᠨ ᠰᠢᠰᠲ᠋ᠧᠮ ᠢ ᠨᠢᠭᠡ ᠴᠣᠭᠴᠠᠵᠢᠭᠤᠯᠤᠭᠰᠠᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠯᠤᠭ᠎ᠠ ᠵᠣᠯᠭᠠᠭᠤᠯᠬᠤ ᠶᠢ ᠠᠬᠢᠭᠤᠯᠵᠤ᠂ ᠰᠦᠯᠵᠢᠶ᠎ᠡ᠂ | ᠲᠤᠭ᠎ᠠ ᠪᠠᠷᠢᠮᠲᠠ᠂ ᠲᠤᠬᠠᠶᠢᠯᠠᠭᠰᠠᠨ ᠠᠵᠢᠯ ᠪᠠ ᠬᠡᠷᠡᠭᠯᠡᠭᠴᠢ ᠶᠢᠨ ᠰᠢᠰᠲ᠋ᠧᠮᠵᠢ ᠯᠦᠭᠡ ᠵᠣᠯᠭᠠᠭᠤᠯᠬᠤ ᠪᠠᠷ | ᠳᠠᠮᠵᠢᠭᠤᠯᠤᠨ᠂ ᠬᠥᠨᠳᠡᠯᠡᠨ ᠢᠶᠠᠷ ᠰᠢᠰᠲ᠋ᠧᠮ ᠤᠨ ᠬᠠᠷᠢᠯᠴᠠᠨ ᠬᠤᠯᠪᠣᠬᠤ᠂ ᠭᠤᠯᠳᠤ ᠪᠠᠷ ᠲᠤᠭ᠎ᠠ ᠪᠠᠷᠢᠮᠲᠠ | ᠨᠡᠪᠲᠡᠷᠡᠭᠦᠯᠬᠦ ᠶᠢ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽ᠨᠢᠭᠡ ᠰᠦᠯᠵᠢᠶ᠎ᠡ ᠪᠠᠷ ᠨᠡᠶᠢᠳᠡᠮ | ᠭᠦᠢᠴᠡᠳᠭᠡᠨ᠎ᠡ︾᠃ ᠳᠥᠷᠪᠡ ᠳᠤ᠂ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠰᠢᠰᠲ᠋ᠧᠮ ᠢ ᠨᠢᠭᠡᠳᠬᠡᠨ᠎ᠡ᠃ | ᠪᠥᠬᠦ ᠣᠷᠣᠨ ᠳᠤ ︽ᠶᠡᠷᠦᠩᠬᠡᠶᠢᠯᠡᠭᠰᠡᠨ ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ | ᠰᠢᠰᠲ᠋ᠧᠮ ᠤᠨ ᠬᠡᠷᠡᠭᠯᠡᠯᠲᠡ ᠶᠢ ᠬᠡᠷᠡᠭᠵᠢᠭᠦᠯᠵᠦ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠢᠩᠬᠢᠮ ᠳᠤ ︽ᠡᠮᠦᠨ᠎ᠡ ᠲᠠᠪᠴᠠᠩ ᠳᠤ ᠨᠢᠭᠡᠳᠦᠯᠲᠡᠶ ᠭᠥᠯᠢᠶᠡᠨ ᠠᠪᠴᠤ ᠰᠢᠢᠳᠪᠦᠷᠢᠯᠡᠬᠦ᠂ ᠠᠷᠤ ᠲᠠᠪᠴᠠᠩ ᠳᠤ | ᠲᠥᠷᠥᠯ ᠬᠤᠪᠢᠶᠠᠨ ᠭᠦᠢᠴᠡᠳᠭᠡᠬᠦ᠂ ᠶᠡᠷᠦᠩᠬᠡᠶᠢᠯᠡᠭᠰᠡᠨ ᠴᠣᠩᠬᠤᠪᠴᠢ ᠪᠠᠷ ᠪᠢᠴᠢᠭ ᠮᠠᠲ᠋ᠧᠷᠢᠶᠠᠯ ᠭᠠᠷᠭᠠᠬᠤ︾ ︽ | ᠶᠡᠷᠦᠩᠬᠡᠶᠢᠯᠡᠭᠰᠡᠨ ᠨᠢᠭᠡ ᠴᠣᠩᠬᠤᠪᠴᠢ︾᠂ ︽ᠪᠥᠬᠦ ᠣᠷᠣᠨ ᠳᠤ ᠨᠡᠶᠢᠳᠡᠮ ᠭᠦᠢᠴᠡᠳᠭᠡᠬᠦ︾᠂ ︽ᠮᠤᠵᠢ ᠠᠯᠤᠰᠯᠠᠨ | ᠨᠡᠶᠢᠳᠡᠮ ᠭᠦᠢᠴᠡᠳᠭᠡᠬᠦ︾ ᠦᠢᠯᠡᠴᠢᠯᠡᠭᠡ ᠬᠡᠷᠡᠭᠵᠢᠭᠦᠯᠬᠦ ᠳᠤ ᠮᠡᠷᠭᠡᠵᠢᠯ ᠤᠨ ᠲᠤᠯᠭᠠᠭᠤᠷᠢᠯᠠᠯ ᠢ ᠬᠠᠩᠭᠠᠨ᠎ᠠ᠃ | ᠲᠠᠪᠤ ᠳᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠭᠤᠰᠤᠯᠴᠠᠯ ᠢ ᠠᠬᠢᠭᠤᠯᠤᠨ᠎ᠠ᠃ ᠡᠯ᠎ᠡ | ᠰᠠᠯᠠᠭ᠎ᠠ ᠮᠥᠴᠢᠷ ᠤᠳ ᠥᠪᠡᠰᠦᠪᠡᠨ ᠲᠤᠰᠬᠠᠶ ᠰᠦᠯᠵᠢᠶ᠎ᠡ ᠪᠠᠶᠢᠭᠤᠯᠬᠤ ᠪᠠ ᠡᠯᠧᠺᠳ᠋ᠷᠣᠨ ᠵᠠᠰᠠᠭ ᠤᠨ ᠶᠠᠪᠤᠳᠠᠯ ᠤᠨ | ᠭᠠᠳᠠᠷ ᠰᠦᠯᠵᠢᠶ᠎ᠡ ᠬᠠᠷᠢᠯᠴᠠᠨ ᠬᠤᠯᠪᠣᠭᠠᠯᠠᠨ ᠨᠡᠪᠲᠡᠷᠡᠯᠴᠡᠵᠦ᠂ ᠥᠪᠡᠷᠲᠡᠭᠡᠨ ᠵᠠᠰᠠᠬᠤ ᠣᠷᠣᠨ ᠤ ᠰᠠᠯᠠᠭ᠎ᠠ | ᠮᠥᠴᠢᠷ ᠤᠨ ᠡᠭᠴᠡ ᠪᠠᠶᠢᠭᠤᠯᠤᠭᠰᠠᠨ ᠲᠤᠬᠠᠶᠢᠯᠠᠭᠰᠠᠨ ᠠᠵᠢᠯ ᠤᠨ ᠰᠢᠰᠲ᠋ᠧᠮ ᠬᠢᠭᠡᠳ ᠡᠯ᠎ᠡ ᠱᠠᠲᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠭᠥᠯᠢᠶᠡᠨ ᠠᠪᠴᠤ | ᠰᠢᠢᠳᠪᠦᠷᠢᠯᠡᠭᠰᠡᠨ ᠲᠤᠭ᠎ᠠ ᠪᠠᠷᠢᠮᠲᠠ᠂ ᠲᠤᠰᠢᠶᠠᠭᠰᠠᠨ ᠮᠠᠲ᠋ᠧᠷᠢᠶᠠᠯ᠂ ᠠᠵᠢᠯ ᠶᠠᠪᠤᠳᠠᠯ ᠭᠦᠢᠴᠡᠳᠭᠡᠭᠰᠡᠨ ᠠᠬᠢᠴᠠ | ᠵᠡᠷᠭᠡ ᠮᠡᠳᠡᠭᠡ ᠵᠠᠩᠭᠢ ᠶᠢ ᠴᠠᠭ ᠲᠤᠬᠠᠶ ᠳᠤᠨᠢ ᠰᠣᠯᠢᠯᠴᠠᠨ ᠬᠠᠮᠲᠣ ᠡᠳ᠋ᠯᠡᠬᠦ ᠶᠢ ᠪᠡᠶᠡᠯᠡᠭᠦᠯᠦᠨ᠎ᠡ᠃ | ᠵᠢᠷᠭᠤᠭ᠎ᠠ ᠳᠤ᠂ ᠡᠯᠧᠺᠳ᠋ᠷᠦᠠ ᠵᠠᠰᠠᠭ ᠤᠨ ᠶᠠᠪᠤᠳᠠᠯ ᠤᠨ ᠭᠠᠳᠠᠭᠠᠳᠤ ᠰᠦᠯᠵᠢᠶ᠎ᠡ ᠶᠢ ᠤᠷᠳᠣᠳᠬᠠᠨᠠ᠃ | ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ | ᠪᠠᠯᠭᠠᠰᠤ ︵ᠵᠡᠭᠡᠯᠢ ᠭᠤᠳᠤᠮᠵᠢ︶ ᠳᠥᠷᠪᠡᠨ ᠱᠠᠲᠤᠨ ᠤ ᠡᠯᠧᠺᠳ᠋ᠷᠣᠨ ᠵᠠᠰᠠᠭ ᠤᠨ ᠶᠠᠪᠤᠳᠠᠯ ᠤᠨ ᠭᠠᠳᠠᠷ | ᠰᠦᠯᠵᠢᠶ᠎ᠡ ᠶᠢ ᠬᠥᠨᠳᠡᠯᠡᠨ ᠭᠤᠯᠳᠤ ᠪᠠᠷ ᠪᠥᠷᠬᠦᠭᠦᠯᠵᠦ᠂ ︽ᠡᠮᠬᠢᠯᠡᠨ ᠨᠡᠶᠢᠯᠡᠭᠦᠯᠬᠦ ᠪᠣᠯ ᠵᠠᠷᠴᠢᠮ᠂ ᠥᠨᠥᠴᠢᠨ | ᠰᠦᠯᠵᠢᠶ᠎ᠡ ᠪᠣᠯ ᠣᠨᠴᠣᠭᠤᠶ ᠪᠠᠶᠢᠳᠠᠯ︾ ᠭᠡᠬᠦ ᠵᠠᠷᠴᠢᠮ ᠢᠶᠠᠷ ᠬᠠᠷᠢᠯᠴᠠᠨ ᠬᠤᠯᠪᠣᠭᠠᠯᠠᠨ ᠬᠠᠷᠢᠯᠴᠠᠨ ᠨᠡᠪᠲᠡᠷᠡᠯᠴᠡᠬᠦ᠂ | ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠳᠤ ᠰᠠᠭᠤᠷᠢ | ᠲᠤᠯᠭᠠᠭᠤᠷᠢᠯᠠᠯ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠠ᠃ | ᠳᠣᠯᠤᠭ᠎ᠠ ᠳᠤ᠂ ᠲᠤᠭ᠎ᠠ ᠪᠠᠷᠢᠮᠲᠠ ᠶᠢ ᠡᠮᠬᠢ ᠵᠢᠷᠤᠮ ᠲᠠᠢ ᠪᠠᠷ ᠬᠠᠮᠲᠣ ᠡᠳ᠋ᠯᠡᠬᠦ ᠶᠢ ᠠᠬᠢᠭᠤᠯᠤᠨ᠎ᠠ᠃ ᠪᠥᠬᠦ | ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠲᠣᠮᠣ ᠳ᠋ᠠᠶᠢᠲ᠋ᠠ ᠶᠢᠨ | ᠲᠥᠪ ᠢᠶᠠᠷ ᠳᠠᠮᠵᠢᠭᠤᠯᠤᠨ᠂ ᠬᠡᠷᠡᠭᠯᠡᠯᠲᠡ ᠪᠠᠷ ᠬᠥᠲᠥᠯᠦᠨ ᠳᠠᠭᠠᠭᠤᠯᠬᠤ ᠶᠢ ᠪᠠᠷᠢᠮᠲᠠᠯᠠᠵᠦ᠂ ᠲᠤᠬᠠᠶᠢᠯᠠᠭᠰᠠᠨ | ᠠᠵᠢᠯ ᠤᠨ ᠬᠠᠮᠵᠢᠯᠴᠠᠭ᠎ᠠ ᠪᠠᠷ ᠭᠤᠤᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠲᠤᠭ᠎ᠠ ᠪᠠᠷᠢᠮᠲᠠ ᠶᠢ ᠬᠡᠷᠡᠭᠴᠡᠭᠡ | ᠶᠣᠰᠣᠭᠠᠷ ᠬᠠᠮᠲᠤ ᠡᠳ᠋ᠯᠡᠬᠦ᠂ ᠡᠮᠬᠢ ᠵᠢᠷᠤᠮ ᠲᠠᠢ ᠨᠡᠭᠡᠭᠡᠯᠲᠡ ᠬᠢᠬᠦ ᠶᠢ ᠠᠬᠢᠭᠤᠯᠤᠨ᠂ ᠦᠨᠳᠦᠰᠦᠨ ᠱᠠᠲᠤᠨ ᠤ | ᠨᠢᠭᠡᠳᠦᠭᠡᠷ ᠹᠷᠣᠨᠲ ᠤᠨ ᠲᠤᠭ᠎ᠠ ᠪᠠᠷᠢᠮᠲᠠ ᠶᠢ ᠬᠠᠮᠲᠤ ᠡᠳ᠋ᠯᠡᠬᠦ ᠬᠡᠷᠡᠭᠴᠡᠭᠡ ᠱᠠᠭᠠᠷᠳᠠᠯᠭ᠎ᠠ ᠪᠠ ᠲᠤᠬᠠᠶᠢᠯᠠᠭᠰᠠᠨ | ᠠᠵᠢᠯ ᠤᠨ ᠠᠵᠢᠯᠯᠠᠭᠠᠨ ᠤ ᠬᠡᠷᠡᠭᠴᠡᠭᠡ ᠶᠢ ᠪᠦᠲᠦᠮᠵᠢᠲᠡᠶ ᠬᠠᠩᠭᠠᠨ᠎ᠠ᠃ | ᠨᠠᠢᠮᠠ ᠳᠤ᠂ ᠲᠤᠯᠭᠠᠭᠤᠷᠢᠯᠠᠬᠤ ᠰᠢᠰᠲ᠋ᠧᠮ ᠤᠨ ᠪᠠᠶᠢᠭᠤᠯᠤᠯᠲᠠ ᠶᠢ ᠨᠢᠭᠡᠳᠬᠡᠨ᠎ᠡ᠃ 2021 ᠣᠨ ᠤ | ᠰᠡᠭᠦᠯᠴᠢ ᠠᠴᠠ ᠡᠮᠦᠨ᠎ᠡ ᠨᠢᠭᠡᠳᠦᠯᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠭᠦᠳᠡ ᠡᠷᠦᠬᠡ ᠶᠢᠨ ᠬᠠᠮᠤᠷᠬᠤ | ᠬᠡᠪᠴᠢᠶ᠎ᠡ ᠶᠢ 100 % ᠳᠤ ᠬᠦᠷᠦᠭᠦᠯᠦᠨ᠎ᠡ᠃ 2021 ᠣᠨ ᠤ ᠰᠡᠭᠦᠯᠴᠢ ᠠᠴᠠ ᠡᠮᠦᠨ᠎ᠡ ᠨᠢᠭᠡᠳᠦᠯᠲᠡᠶ ᠪᠡᠶ᠎ᠡ | ᠭᠠᠷᠤᠯ ᠤᠨ ᠭᠡᠷᠡᠴᠢᠯᠡᠭᠡ ᠶᠢᠨ ᠰᠢᠰᠲ᠋ᠧᠮ ᠤᠨ ᠬᠤᠲᠠ ᠪᠠᠯᠭᠠᠰᠤ ᠶᠢᠨ ᠬᠥᠮᠦᠨ ᠠᠮᠠ ᠶᠢᠨ ᠳᠡᠩᠰᠡᠯᠡᠯᠲᠡ ᠶᠢᠨ | ᠨᠣᠷᠮ᠎ᠠ ᠶᠢ 85 % ᠠᠴᠠ ᠳᠡᠭᠡᠭᠰᠢ ᠳᠤ ᠬᠦᠷᠦᠭᠦᠯᠵᠦ᠂ ᠠᠵᠤ ᠠᠬᠤᠶᠢᠯᠠᠯ ᠤᠨ ᠳᠡᠩᠰᠡᠯᠡᠯᠲᠡ ᠶᠢᠨ ᠨᠣᠷᠮ᠎ᠠ ᠶᠢ | 70 % ᠠᠴᠠ ᠳᠡᠭᠡᠭᠰᠢ ᠳᠤ ᠬᠦᠷᠦᠭᠦᠯᠦᠨ᠎ᠡ᠃ ᠰᠠᠯᠠᠭ᠎ᠠ ᠮᠥᠴᠢᠷ ᠤᠨ ᠡᠯᠧᠺᠳ᠋ᠷᠣᠨ ᠦᠨᠡᠮᠯᠡᠯ ᠤᠨ ᠰᠢᠰᠲ᠋ᠧᠮ ᠢ | ᠵᠣᠯᠭᠠᠭᠤᠯᠬᠤ ᠪᠠ ᠲᠤᠭ᠎ᠠ ᠪᠠᠷᠢᠮᠲᠠ ᠶᠢ ᠬᠠᠮᠲᠤ ᠡᠳ᠋ᠯᠡᠬᠦ ᠶᠢ ᠲᠦᠷᠭᠡᠳᠬᠡᠵᠦ᠂ ︽ᠮᠥᠩᠬᠡ ᠰᠤᠪᠠᠭ︾ ᠤᠨ ᠰᠢᠯᠵᠢᠮᠡᠯ | ᠦᠵᠦᠭᠦᠷ ᠤᠨ ᠬᠤᠯᠪᠣᠯᠲᠠ ᠶᠢᠨ 14 ᠲᠥᠷᠥᠯ ᠤᠨ ᠡᠯᠧᠺᠳ᠋ᠷᠣᠨ ᠦᠨᠡᠮᠯᠡᠯ ᠢ ᠠᠵᠢᠯ ᠶᠠᠪᠤᠳᠠᠯ ᠭᠦᠢᠴᠡᠳᠭᠡᠬᠦ | ᠶᠠᠪᠤᠴᠠ ᠳᠤ ᠲᠤᠰᠢᠶᠠᠬᠤ ᠠᠴᠠ ᠭᠡᠯᠳᠦᠷᠢᠭᠦᠯᠦᠨ᠎ᠡ᠃ | ᠶᠢᠰᠦ ᠳᠤ᠂ ︽ᠰᠠᠶᠢᠨ ᠮᠠᠭᠤ ᠦᠨᠡᠯᠡᠯᠲᠡ︾ ᠶᠢᠨ ᠲᠦᠷᠢᠮ ᠢ ᠨᠢᠭᠡᠳᠬᠡᠨ᠎ᠡ᠃ ᠤᠤᠯ ᠤᠨ ᠵᠠᠰᠠᠭ ᠤᠨ | ᠶᠠᠪᠤᠳᠠᠯ ᠤᠨ ᠦᠢᠯᠡᠴᠢᠯᠡᠭᠡ ᠶᠢ ᠦᠨᠡᠯᠡᠬᠦ ᠠᠷᠭ᠎ᠠ ᠵᠠᠮ ᠢ ᠡᠮᠬᠢᠯᠡᠨ ᠨᠡᠶᠢᠯᠡᠭᠦᠯᠵᠦ᠂ ᠦᠢᠯᠡᠴᠢᠯᠡᠭᠡ ᠶᠢ ᠦᠨᠡᠯᠡᠬᠦ᠂ | ᠴᠠᠭ ᠲᠤᠬᠠᠶ ᠳᠤᠨᠢ ᠳᠡᠭᠡᠭᠰᠢ ᠮᠡᠳᠡᠭᠦᠯᠬᠦ᠂ ᠮᠠᠭᠤ ᠦᠨᠡᠯᠡᠯᠲᠡ ᠢ ᠬᠠᠷᠢᠭᠤ ᠰᠤᠷᠪᠤᠯᠵᠢᠯᠠᠬᠤ᠂ ᠴᠡᠭᠴᠡᠯᠡᠨ | ᠰᠠᠶᠢᠵᠢᠷᠠᠭᠤᠯᠵᠤ ᠬᠠᠷᠢᠭᠤ ᠲᠤᠰᠬᠠᠬᠤ ᠪᠥᠬᠦ ᠴᠤᠪᠤᠷᠠᠯ ᠳᠤ ᠪᠢᠲᠡᠭᠦᠮᠵᠢᠯᠡᠭᠰᠡᠨ ᠠᠵᠢᠯ ᠤᠨ ᠲᠣᠭᠲᠠᠴᠠ ᠶᠢ | ᠪᠠᠶᠢᠭᠤᠯᠵᠤ᠂ ︽ᠰᠠᠶᠢᠨ ᠮᠠᠭᠤ ᠦᠨᠡᠯᠡᠯᠲᠡ︾ ᠶᠢᠨ ᠠᠷᠭ᠎ᠠ ᠵᠠᠮ ᠢ ᠪᠦᠷᠢᠨ ᠪᠥᠷᠬᠦᠭᠦᠯᠬᠦ᠂ ᠮᠡᠳᠡᠭᠡ ᠵᠠᠩᠭᠢ ᠶᠢ | ᠪᠦᠷᠢᠨ ᠬᠤᠯᠪᠣᠭᠳᠠᠭᠤᠯᠬᠤ᠂ ᠲᠤᠭ᠎ᠠ ᠪᠠᠷᠢᠮᠲᠠ ᠶᠢ ᠪᠦᠷᠢᠨ ᠴᠤᠭᠯᠠᠭᠤᠯᠬᠤ᠂ ᠦᠷ᠎ᠡ ᠳ᠋ᠦᠩ ᠢ ᠪᠦᠷᠢᠨ ᠢᠯᠡ | ᠪᠣᠯᠭᠠᠬᠤ ᠶᠢ ᠪᠡᠶᠡᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠠᠰᠢᠭ ᠭᠥᠷᠳᠡᠭᠰᠡᠨ ᠲᠥᠷᠥᠭᠳᠡᠯ ᠢ | ᠴᠢᠩᠭᠠᠷᠠᠭᠤᠯᠤᠨ᠎ᠠ᠃ | ᠳᠥᠷᠪᠡ᠂ ᠵᠠᠩᠭᠢᠯᠠᠭ᠎ᠠ ᠶᠢᠨ ᠦᠭᠡᠰ ᠤᠨ ᠲᠠᠶᠢᠯᠪᠦᠷᠢᠯᠡᠯᠲᠡ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ᠄ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠪᠠ ᠣᠯᠠᠨ | ᠨᠡᠶᠢᠲᠡ ᠶᠢᠨ ᠦᠢᠯᠡᠴᠢᠯᠡᠭᠡᠨ ᠤ ᠵᠦᠢᠯᠡ ᠪᠠᠭᠲᠠᠨ᠎ᠠ᠂ ᠡᠭᠦᠨ ᠳᠤ᠂ ᠵᠠᠰᠠᠭ ᠵᠠᠬᠢᠷᠭᠠᠨ ᠤ ᠡᠷᠬᠡ ᠶᠢᠨ ᠵᠦᠢᠯᠡᠰ | ᠭᠡᠳᠡᠭ ᠨᠢ ᠭᠤᠤᠯᠳᠠᠭᠤ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠣᠯᠭᠤᠨ ᠥᠭᠬᠦ᠂ ᠵᠠᠰᠠᠭ | ᠵᠠᠬᠢᠷᠭᠠᠨ ᠤ ᠨᠤᠲᠠᠯᠠᠨ ᠵᠥᠪᠰᠢᠶᠡᠷᠡᠬᠦ᠂ ᠵᠠᠰᠠᠭ ᠵᠠᠬᠢᠷᠭᠠᠨ ᠤ ᠱᠠᠩᠨᠠᠯ ᠬᠥᠬᠢᠭᠦᠯᠦᠯ᠂ ᠵᠠᠰᠠᠭ ᠵᠠᠬᠢᠷᠭᠠᠨ ᠤ | ᠲᠠᠰᠣᠯᠣᠯᠲᠠ᠂ ᠵᠠᠰᠠᠭ ᠵᠠᠬᠢᠷᠭᠠᠨ ᠤ ᠳᠡᠩᠰᠡᠯᠡᠯᠲᠡ ᠵᠡᠷᠭᠡ ᠭᠤᠶᠤᠴᠢᠯᠠᠬᠤ ᠲᠥᠷᠥᠯ ᠤᠨ ᠵᠠᠰᠠᠭ ᠵᠠᠬᠢᠷᠭᠠᠨ ᠤ | ᠡᠷᠬᠡ ᠶᠢᠨ ᠵᠦᠢᠯᠡᠰ ᠢ ᠵᠢᠭᠠᠵᠤ ᠪᠣᠶ᠃ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠭᠡᠳᠡᠭ ᠨᠢ ᠭᠤᠤᠯᠳᠠᠭᠤ | ᠵᠠᠰᠠᠭ ᠵᠠᠬᠢᠷᠭᠠᠨ ᠤ ᠡᠷᠬᠡ ᠶᠢᠨ ᠵᠦᠶ᠋ᠯᠡᠰ ᠠᠴᠠ ᠭᠠᠳᠠᠨ᠎ᠠ᠂ ᠠᠷᠠᠳ ᠢᠷᠭᠡᠨ᠂ ᠬᠠᠤᠯᠢ ᠶᠢᠨ ᠡᠷᠬᠡᠲᠡᠨ᠂ ᠪᠤᠰᠤᠳ | ᠵᠣᠬᠢᠶᠠᠨ ᠪᠠᠶᠢᠭᠤᠯᠤᠯᠲᠠ ᠳᠤ ᠰᠢᠭᠤᠳ ᠬᠠᠨᠳᠤᠭᠤᠯᠤᠨ ᠭᠦᠢᠴᠡᠳᠭᠡᠭᠰᠡᠨ ᠰᠤᠷᠭᠠᠨ ᠬᠥᠮᠦᠵᠢᠯ᠂ ᠡᠮᠴᠢᠯᠡᠭᠡ᠂ | ᠣᠷᠣᠨ ᠰᠠᠭᠤᠴᠠ᠂ ᠨᠡᠶᠢᠭᠡᠮ ᠤᠨ ᠪᠠᠲᠤᠯᠠᠭ᠎ᠠ᠂ ᠠᠷᠠᠳ ᠤᠨ ᠶᠠᠪᠤᠳᠠᠯ᠂ ᠨᠡᠶᠢᠲᠡ ᠶᠢᠨ ᠬᠠᠤᠯᠢ ᠴᠠᠭᠠᠵᠠ ᠶᠢᠨ | ᠦᠢᠯᠡᠴᠢᠯᠡᠭᠡ᠂ ᠬᠥᠳᠡᠯᠮᠦᠷᠢ ᠠᠵᠢᠯ ᠣᠯᠭᠤᠯᠲᠠ᠂ ᠰᠣᠶᠣᠯ ᠲᠠᠮᠢᠷ᠂ ᠣᠨᠴᠣᠭᠤᠶ ᠬᠥᠮᠦᠰ ᠤᠨ ᠪᠠᠲᠤᠯᠠᠭ᠎ᠠ ᠵᠡᠷᠭᠡ ᠢ | ᠪᠠᠭᠲᠠᠭᠠᠭᠰᠠᠨ ᠡᠳᠦᠷ ᠲᠤᠲᠤᠮ ᠤᠨ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭᠳᠠᠬᠤ ᠠᠰᠢᠭ ᠣᠯᠭᠤᠬᠤ | ᠴᠢᠨᠠᠷᠲᠠᠶ ᠪᠠ ᠦᠢᠯᠡᠴᠢᠯᠡᠭᠡᠨ ᠤ ᠴᠢᠨᠠᠷᠲᠠᠶ ᠵᠦᠢᠯᠡᠰ ᠢ ᠵᠢᠭᠠᠵᠤ ᠪᠣᠶ᠃ ᠰᠦᠯᠵᠢᠶᠡᠨ ᠳᠡᠭᠡᠷᠡᠬᠢ ᠵᠠᠰᠠᠭ ᠤᠨ | ᠶᠠᠪᠤᠳᠠᠯ ᠤᠨ ᠦᠢᠯᠡᠴᠢᠯᠡᠭᠡ᠄ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠭᠦᠳᠡ ᠡᠷᠦᠬᠡ᠂ ᠰᠢᠯᠵᠢᠮᠡᠯ ᠦᠵᠦᠭᠦᠷ | ᠂ ᠭᠤᠷᠪᠠᠳᠠᠬᠢ ᠡᠲᠡᠭᠡᠳ ᠤᠨ ᠢᠨᠲ᠋ᠧᠷ ᠰᠦᠯᠵᠢᠶᠡᠨ ᠳᠤ ᠣᠷᠣᠬᠤ ᠡᠭᠦᠳᠡ ᠵᠡᠷᠭᠡ ᠢᠨᠲ᠋ᠧᠷ ᠰᠦᠯᠵᠢᠶᠡᠨ ᠤ | ᠦᠢᠯᠡᠴᠢᠯᠡᠭᠡᠨ ᠤ ᠠᠷᠭ᠎ᠠ ᠵᠠᠮ ᠢᠶᠠᠷ ᠳᠠᠮᠵᠢᠭᠤᠯᠤᠨ ᠬᠠᠩᠭᠠᠭᠰᠠᠨ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡ ᠪᠣᠯᠤᠨ᠎ᠠ᠃ ᠰᠦᠯᠵᠢᠶᠡᠨ ᠭᠠᠳᠠᠨᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡ᠄ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠪᠣᠳᠠᠲᠤ ᠴᠣᠭᠴᠠ ᠶᠢᠨ ᠲᠢᠩᠬᠢᠮ᠂ ᠰᠠᠯᠠᠭ᠎ᠠ ᠮᠥᠴᠢᠷ ᠤᠨ | ᠲᠤᠰᠬᠠᠶ ᠮᠡᠷᠭᠡᠵᠢᠯ ᠤᠨ ᠲᠢᠩᠬᠢᠮ᠂ ᠦᠨᠳᠦᠰᠦᠨ ᠱᠠᠲᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ | ᠴᠡᠭ᠂ ᠠᠦ᠋ᠲ᠋ᠣ᠋ ᠦᠵᠦᠭᠦᠷ ᠵᠡᠷᠭᠡ ᠦᠢᠯᠡᠴᠢᠯᠡᠭᠡᠨ ᠤ ᠠᠷᠭ᠎ᠠ ᠵᠠᠮ ᠢᠶᠠᠷ ᠳᠠᠮᠵᠢᠭᠤᠯᠤᠨ᠂ ᠲᠤᠬᠠᠶ ᠶᠢᠨ ᠲᠠᠯᠠᠪᠠᠶ ᠳᠤ | ᠬᠠᠩᠭᠠᠭᠰᠠᠨ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠪᠣᠯᠤᠨ᠎ᠠ᠃ ᠣᠨᠴᠠᠯᠢᠭᠲᠤ ᠬᠡᠷᠡᠭᠯᠡᠭᠡᠨ᠄ | ᠪᠠᠶᠢᠭᠠᠯᠢ ᠬᠥᠮᠦᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠳᠤ ᠬᠠᠩᠭᠠᠭᠰᠠᠨ ᠡᠯ᠎ᠡ | ᠲᠥᠷᠥᠯ ᠤᠨ ᠰᠦᠯᠵᠢᠶᠡᠨ ᠳᠡᠭᠡᠷ᠎ᠡ ᠲᠦᠷᠭᠡᠨ ᠦᠢᠯᠡᠴᠢᠯᠡᠭᠡ ᠶᠢ ᠵᠢᠭᠠᠵᠤ ᠪᠣᠶ᠂ ᠵᠢᠱᠢᠶᠡᠯᠡᠪᠡᠯ ᠳᠡᠭᠡᠳᠦ ᠵᠡᠷᠭᠡ ᠶᠢᠨ | ᠰᠤᠷᠭᠠᠨ ᠬᠥᠮᠦᠵᠢᠯ ᠤᠨ ᠰᠣᠷᠣᠯᠭ᠎ᠠ ᠶᠢᠨ ᠨᠠᠮᠲᠠᠷ ᠤᠨ ᠦᠨᠡᠮᠯᠡᠯ ᠢ ᠪᠠᠶᠢᠴᠠᠭᠠᠨ ᠯᠠᠪᠯᠠᠬᠤ᠂ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢ ᠪᠠᠶᠢᠴᠠᠭᠠᠨ ᠯᠠᠪᠯᠠᠬᠤ᠂ ᠮᠠᠰᠢᠨᠲᠤ ᠲᠡᠷᠭᠡᠨ ᠤ ᠰᠢᠯᠭᠠᠨ ᠪᠠᠶᠢᠴᠠᠭᠠᠯᠲᠠ ᠶᠢ | ᠪᠣᠯᠵᠣᠬᠤ ᠵᠡᠷᠭᠡ ᠣᠨᠴᠠᠯᠢᠭᠲᠣ ᠡᠭᠦᠳᠡᠯᠲᠡ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠡᠷᠡᠭᠯᠡᠭᠡ᠃ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠰᠠᠶᠢᠨ ᠮᠠᠭᠤ ᠦᠨᠡᠯᠡᠯᠲᠡ︾᠄ ᠠᠵᠤ ᠠᠬᠤᠶᠢᠯᠠᠯ ᠪᠠ ᠣᠯᠠᠨ | ᠲᠦᠮᠡᠨ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ︵ᠶᠡᠭᠡ ᠲᠢᠩᠬᠢᠮ᠂ ᠲᠥᠪ᠂ | ᠥᠷᠲᠡᠭᠡ ᠴᠡᠭ᠂ ᠴᠣᠩᠬᠤᠪᠴᠢ ᠵᠡᠷᠭᠡ ᠪᠠᠭᠲᠠᠨ᠎ᠠ︶᠂ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ ︵ᠲᠤᠬᠠᠶᠢᠯᠠᠭᠰᠠᠨ ᠠᠵᠢᠯ ᠤᠨ ᠰᠢᠰᠲ᠋ᠧᠮ᠂ ᠬᠠᠯᠠᠮᠰᠢᠯ ᠣᠲᠠᠰᠣ ᠶᠢᠨ ᠲᠠᠪᠴᠠᠩ᠂ | ᠰᠢᠯᠵᠢᠮᠡᠯ ᠦᠢᠯᠡᠴᠢᠯᠡᠭᠡᠨ ᠤ ᠦᠵᠦᠭᠦᠷ᠂ ᠠᠦ᠋ᠲ᠋ᠣ᠋ ᠦᠵᠦᠭᠦᠷ ᠵᠡᠷᠭᠡ ᠪᠠᠭᠲᠠᠨ᠎ᠠ︶ ᠳᠤ ᠠᠵᠢᠯ ᠶᠠᠪᠤᠳᠠᠯ | ᠭᠦᠢᠴᠡᠳᠭᠡᠭᠰᠡᠨ ᠤ ᠳᠠᠷᠠᠭ᠎ᠠ᠂ ᠴᠥᠮ ᠦᠢᠯᠡᠴᠢᠯᠡᠭᠡᠨ ᠤ ᠵᠦᠢᠯᠡᠰ᠂ ᠠᠵᠢᠯ ᠶᠠᠪᠤᠳᠠᠯ ᠭᠦᠢᠴᠡᠳᠭᠡᠬᠦ ᠴᠤᠪᠤᠷᠠᠯ᠂ | ᠦᠢᠯᠡᠴᠢᠯᠡᠭᠡᠨ ᠤ ᠵᠢᠷᠤᠮᠵᠢᠯ᠂ ᠦᠢᠯᠡᠴᠢᠯᠡᠭᠡᠨ ᠤ ᠶᠠᠰᠤ ᠴᠢᠨᠠᠷ ᠵᠡᠷᠭᠡ ᠲᠠᠯ᠎ᠠ ᠳᠤ ᠦᠨᠡᠯᠡᠯᠲᠡ ᠬᠢᠬᠦ ᠶᠢ ᠵᠢᠭᠠᠵᠤ ᠪᠣᠶ | ᠃ | |