︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠮᠥᠩᠬᠡ ᠰᠤᠪᠠᠭ · ᠠᠯᠠᠭᠠᠨ ᠲᠡᠭᠡᠷ᠎ᠡ ᠭᠦᠢᠴᠡᠳᠭᠡᠬᠦ﹀ ᠠᠵᠢᠯ ᠢ ᠪᠦᠬᠦ ᠲᠠᠯ᠎ᠠ ᠪᠠᠷ‌ᠠᠬᠢᠭᠤᠯᠬᠤ ᠶᠢ ᠬᠡᠷᠡᠭᠵᠢᠭᠦᠯᠬᠦ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠣᠪᠴᠢ ᠲᠣᠳᠣᠷᠬᠠᠶ ᠠᠰᠠᠭᠤᠯᠲᠠ ᠬᠠᠷᠢᠭᠤᠯᠲᠠ
ᠨᠡᠶᠢᠲᠡᠯᠡᠭᠰᠡᠨ ᠴᠠᠭ᠄
2021/3/11
  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠮᠥᠩᠬᠡ ᠰᠤᠪᠠᠭ · ᠠᠯᠠᠭᠠᠨ ᠲᠡᠭᠡᠷ᠎ᠡ ᠭᠦᠢᠴᠡᠳᠭᠡᠬᠦ﹀ ᠠᠵᠢᠯ ᠢ ᠪᠦᠬᠦ ᠲᠠᠯ᠎ᠠ ᠪᠠᠷ ᠠᠬᠢᠭᠤᠯᠬᠤ ᠶᠢ ᠬᠡᠷᠡᠭᠵᠢᠭᠦᠯᠬᠦ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠣᠪᠴᠢ ᠲᠣᠳᠣᠷᠬᠠᠶ ᠠᠰᠠᠭᠤᠯᠲᠠ ᠬᠠᠷᠢᠭᠤᠯᠲᠠ     ᠨᠢᠭᠡ᠂ ᠶᠠᠭᠤᠨ ᠳᠤ ︽ᠮᠥᠩᠬᠡ ᠰᠤᠪᠠᠭ · ᠠᠯᠠᠭᠠᠨ ᠲᠡᠭᠡᠷ᠎ᠡ ᠭᠦᠢᠴᠡᠳᠭᠡᠬᠦ︾ ᠲᠥᠰᠦᠯ ᠢ ᠲᠤᠭᠳᠠᠭᠠᠭᠰᠠᠨ ᠪᠣᠶ︖     ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︽ᠲᠠᠯᠪᠢᠬᠤ ᠬᠠᠮᠢᠶᠠᠷᠬᠤ ᠦᠶ᠋ᠯᠡᠴᠢᠯᠡᠬᠦ︾ ᠥᠭᠡᠷᠡᠴᠢᠯᠡᠯᠲᠡ ᠶᠢᠨ ᠡᠷᠴᠢᠮ ᠬᠦᠴᠦᠨ ᠢ ᠲᠦᠯᠬᠢᠨ ᠠᠬᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ᠪᠣᠳᠠᠲᠠᠶ ᠬᠡᠷᠡᠭᠴᠡᠭᠡ ᠳᠤ ᠰᠠᠭᠤᠷᠢᠯᠠᠨ᠂ ᠰᠢᠯᠵᠢᠮᠡᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠵᠢᠷᠤᠮᠵᠢᠭᠤᠯᠵᠤ᠂ ᠵᠠᠰᠠᠭ ᠤᠨ ᠶᠠᠪᠤᠳᠠᠯ ᠤᠨ  ᠦᠢᠯᠡᠴᠢᠯᠡᠭᠡ ᠶᠢ ᠰᠢᠯᠵᠢᠮᠡᠯ ᠦᠵᠦᠭᠦᠷ ᠳᠠᠰᠢ ᠤᠷᠲᠤᠳᠬᠠᠬᠤ ᠶᠢ ᠦᠷᠭᠦᠯᠵᠢᠯᠡᠨ ᠠᠬᠢᠭᠤᠯᠤᠨ᠂ ᠠᠵᠤ ᠠᠬᠤᠶᠢᠯᠠᠯ ᠪᠠ ᠣᠯᠠᠨ ᠲᠦᠮᠡᠨ ᠤ ᠬᠦᠷᠳᠡᠮᠵᠢ ᠶᠢᠨ ᠲᠥᠷᠥᠭᠳᠡᠯ ᠢ ᠨᠡᠮᠡᠭᠳᠡᠭᠦᠯᠵᠦ᠂ ᠠᠷᠠᠳ ᠲᠦᠮᠡᠨ ᠰᠡᠳᠬᠢᠯ ᠬᠠᠨᠤᠮᠵᠢᠲᠠᠶ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ  ᠤ ︿ᠮᠥᠩᠬᠡ ᠰᠤᠪᠠᠭ · ᠠᠯᠠᠭᠠᠨ ᠲᠡᠭᠡᠷ᠎ᠡ ᠭᠦᠢᠴᠡᠳᠭᠡᠬᠦ﹀ ᠠᠵᠢᠯ ᠢ ᠪᠦᠬᠦ ᠲᠠᠯ᠎ᠠ ᠪᠠᠷ ᠠᠬᠢᠭᠤᠯᠬᠤ ᠶᠢ ᠬᠡᠷᠡᠭᠵᠢᠭᠦᠯᠬᠦ ᠲᠥᠰᠦᠯ︾ ᠢ ᠲᠣᠭᠲᠠᠭᠠᠪᠠ᠃     ᠬᠤᠶᠠᠷ᠂ ︽ᠮᠥᠩᠬᠡ ᠰᠤᠪᠠᠭ · ᠠᠯᠠᠭᠠᠨ ᠲᠡᠭᠡᠷ᠎ᠡ ᠭᠦᠢᠴᠡᠳᠭᠡᠬᠦ︾ ᠭᠡᠳᠡᠭ ᠨᠢ ᠶᠠᠭᠤ ᠪᠤᠶ︖    ︽ᠮᠥᠩᠬᠡ ᠰᠤᠪᠠᠭ · ᠠᠯᠠᠭᠠᠨ ᠲᠡᠭᠡᠷ᠎ᠡ ᠭᠦᠢᠴᠡᠳᠭᠡᠬᠦ︾ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠲᠤᠭᠠᠴᠢᠯᠠᠭᠰᠠᠨ ᠬᠡᠯᠪᠡᠷᠢ ᠶᠢᠨ ᠬᠤᠪᠢᠷᠠᠯᠳᠠ ᠶᠢᠨ ᠴᠢᠬᠤᠯᠠ ᠦᠢᠯᠡᠳᠦᠯᠭᠡ ᠶᠢᠨ ᠦᠷ᠎ᠡ ᠪᠦᠲᠦᠭᠡᠯ ᠪᠣᠯᠤᠭᠰᠠᠨ ᠤ ᠬᠤᠪᠢ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠨᠢᠭᠡᠳᠦᠯᠲᠡᠶ ᠲᠥᠯᠥᠪᠯᠡᠨ ᠲᠥᠯᠥᠪᠵᠢᠭᠦᠯᠵᠦ᠂ ᠠᠶᠢᠮᠠᠭ ᠬᠤᠲᠠ᠂ ᠬᠤᠰᠢᠭᠤ ᠰᠢᠶᠠᠨ ᠬᠠᠮᠲᠤ ᠪᠠᠷ ᠪᠠᠶᠢᠭᠤᠯᠵᠤ ᠬᠠᠮᠲᠤ ᠪᠠᠷ ᠬᠡᠷᠡᠭᠯᠡᠭᠰᠡᠨ ᠰᠢᠯᠵᠢᠮᠡᠯ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠠᠪᠴᠠᠩ ︵︽ᠮᠥᠩᠬᠡ ᠰᠤᠪᠠᠭ᠂ ᠠᠯᠠᠭᠠᠨ ᠲᠡᠭᠡᠷ᠎ᠡ ᠭᠦᠢᠴᠡᠳᠭᠡᠬᠦ︾ APP ᠭᠡᠵᠦ ᠲᠣᠪᠴᠢᠯᠠᠨ᠎ᠠ︶ ᠢ ᠵᠢᠭᠠᠵᠤ ᠪᠣᠶ᠂ ᠡᠭᠦᠨ ᠳᠤ ᠰᠢᠯᠵᠢᠮᠡᠯ ᠦᠵᠦᠭᠦᠷ ᠤᠨ ᠬᠡᠷᠡᠭᠯᠡᠭᠡᠨ ᠵᠢᠴᠢ ᠵᠢᠵᠢᠭ ᠫᠷᠤᠭ᠍ᠷᠠᠮ ᠢ ᠪᠠᠭᠲᠠᠭᠠᠨ᠎ᠠ᠃ ︽ᠮᠥᠩᠬᠡ ᠰᠤᠪᠠᠭ · ᠠᠯᠠᠭᠠᠨ ᠲᠡᠭᠡᠷ᠎ᠡ ᠭᠦᠢᠴᠡᠳᠭᠡᠬᠦ︾ ᠠᠵᠢᠯ ᠢ ᠠᠬᠢᠭᠤᠯᠬᠤ ᠶᠢᠨ ᠵᠣᠷᠢᠯᠭ᠎ᠠ ᠨᠢ ᠣᠯᠠᠨ ᠲᠦᠮᠡᠨ ᠪᠠ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠭᠡᠬᠦ ᠳᠤ ︽ᠨᠢᠭᠡ ᠥᠷᠲᠡᠭᠡ ᠮᠠᠶ᠋ᠢᠭ︾ ᠤᠨ ᠠᠯᠠᠭᠠᠨ ᠳᠡᠭᠡᠷ᠎ᠡ ᠪᠠᠶᠢᠴᠠᠭᠠᠨ ᠯᠠᠪᠯᠠᠬᠤ᠂ ᠠᠯᠠᠭᠠᠨ ᠳᠡᠭᠡᠷ᠎ᠡ ᠤᠷᠢᠳᠴᠢᠯᠠᠨ ᠪᠣᠯᠵᠣᠬᠤ᠂ ᠠᠯᠠᠭᠠᠨ ᠳᠡᠭᠡᠷ᠎ᠡ  ᠭᠦᠢᠴᠡᠳᠭᠡᠬᠦ᠂ ᠠᠯᠠᠭᠠᠨ ᠳᠡᠭᠡᠷ᠎ᠡ ᠦᠨᠡᠯᠡᠬᠦ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠬᠤ ᠶᠢᠨ ᠲᠥᠯᠥᠭᠡ ᠶᠤᠮ᠃ ᠡᠭᠦᠨ ᠤ ᠬᠠᠮᠲᠤ᠂ ︽ᠮᠥᠩᠬᠡ ᠰᠤᠪᠠᠭ︾ APP ᠪᠠᠰᠠ ᠠᠷᠠᠳ ᠲᠤ ᠲᠥᠬᠦᠮ ᠦᠵᠡᠭᠦᠯᠬᠦ ᠣᠯᠠᠨ ᠵᠦᠢᠯ ᠤᠨ  ᠦᠢᠯᠡᠴᠢᠯᠡᠭᠡ ᠬᠠᠩᠭᠠᠵᠤ᠂ ᠣᠯᠠᠨ ᠲᠦᠮᠡᠨ ᠢ ᠬᠡᠷ ᠠᠴᠠ ᠪᠠᠨ ᠭᠠᠷᠬᠤ ᠥᠬᠡᠶ ᠪᠠᠷ ᠠᠮᠢᠳᠤᠷᠠᠯ  ᠤᠨ ᠲᠥᠬᠦᠮ ᠢ ᠪᠦᠷᠢᠨ ᠡᠳ᠋ᠯᠡᠬᠦ ᠪᠤᠯᠭᠠᠨ᠎ᠠ᠃ ᠠᠵᠤ ᠠᠬᠤᠶᠢᠯᠠᠯ ᠣᠯᠠᠨ ᠲᠦᠮᠡᠨ ︽ᠮᠥᠩᠬᠡ ᠰᠤᠪᠠᠭ︾ APP ᠶᠢ ᠪᠠᠭᠤᠯᠭᠠᠬᠤ ᠪᠤᠶᠤ ᠸᠢᠴᠠᠲ᠂ ᡁᠢ ᠹᠦ᠋ ᠪᠤᠤ ᠵᠢᠵᠢᠭ ᠫᠷᠤᠭ᠍ᠷᠠᠮ ᠳᠤ ᠨᠡᠪᠳᠡᠷᠡᠬᠦ ᠪᠠᠷ ᠲᠠᠮᠵᠢᠨ᠂ ᠠᠳᠠᠯᠢ ᠪᠤᠰᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ  ᠵᠦᠢᠯᠡᠰ︵ᠵᠠᠰᠠᠭ ᠵᠠᠬᠢᠷᠭᠠᠨ ᠤ ᠡᠷᠬᠡ ᠪᠠ ᠣᠯᠠᠨ ᠨᠡᠶᠢᠲᠡ ᠶᠢᠨ ᠦᠢᠯᠡᠴᠢᠯᠡᠭᠡ ᠪᠠᠭᠲᠠᠨ᠎ᠠ︶ ᠢ ᠦᠨᠳᠦᠰᠦᠯᠡᠨ᠂ 24 ᠴᠠᠭ ᠤᠨ ︽ᠠᠯᠠᠭᠠᠨ ᠳᠡᠭᠡᠷᠡᠬᠢ︾ ᠵᠠᠰᠠᠭ ᠤᠨ ᠶᠠᠪᠤᠳᠠᠯ ᠤᠨ  ᠦᠢᠯᠡᠴᠢᠯᠡᠭᠡ ᠬᠠᠩᠭᠠᠵᠤ᠂ ᠴᠣᠩᠬᠤᠪᠴᠢ ᠳᠤ ᠬᠦᠷᠴᠦ ︽ᠭᠦᠶᠦᠯᠭᠡᠬᠦ︾ ᠠᠵᠢᠯ ᠶᠠᠪᠤᠳᠠᠯ  ᠭᠦᠢᠴᠡᠳᠭᠡᠬᠦ ᠳᠠᠷᠤᠭᠠᠰᠤ ᠶᠢ ᠶᠡᠭᠡ ᠪᠠᠷ ᠬᠥᠩᠭᠡᠷᠡᠭᠦᠯᠬᠦ ᠪᠣᠯᠤᠨ᠎ᠠ᠃    ᠭᠤᠷᠪᠠ᠂ ︽ᠮᠥᠩᠬᠡ ᠰᠤᠪᠠᠭ · ᠠᠯᠠᠭᠠᠨ ᠲᠡᠭᠡᠷ᠎ᠡ ᠭᠦᠢᠴᠡᠳᠭᠡᠬᠦ︾ ᠨᠢ ᠠᠵᠤ ᠠᠬᠤᠶᠢᠯᠠᠯ ᠣᠯᠠᠨ ᠲᠦᠮᠡᠨ ᠳᠤ ᠬᠡᠷᠬᠢᠨ ᠳᠥᠭᠦᠮ ᠦᠵᠡᠭᠦᠯᠬᠦ ᠪᠤᠶ︖    ᠣᠳᠣᠬᠠᠨ ᠳᠤ᠂ ︽ᠮᠥᠩᠬᠡ ᠰᠤᠪᠠᠭ︾ APP ᠨᠢᠭᠡᠨᠲᠡ ᠪᠥᠬᠦ ᠣᠷᠣᠨ ᠤ ᠡᠯ᠎ᠡ ᠱᠠᠲᠤᠨ ᠤ 5000 ᠭᠠᠷᠤᠶ ᠰᠠᠯᠠᠭ᠎ᠠ ᠮᠥᠴᠢᠷ ᠤᠨ 10 ᠲᠦᠮᠡ ᠰᠢᠬᠠᠮ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ  ᠵᠦᠢᠯᠡᠰ ᠢ ᠨᠡᠶᠢᠲᠡᠯᠡᠵᠦ᠂ ᠬᠡᠰᠡᠭ  ᠵᠦᠢᠯᠡᠰ ᠨᠢ ᠨᠢᠭᠡᠨᠳᠡ ᠪᠠᠶᠢᠴᠠᠭᠠᠨ ᠯᠠᠪᠯᠠᠬᠤ᠂ ᠤᠷᠢᠳᠴᠢᠯᠠᠨ ᠪᠣᠯᠵᠣᠬᠤ᠂ ᠭᠦᠢᠴᠡᠳᠭᠡᠬᠦ ᠪᠠ ᠦᠨᠡᠯᠡᠬᠦ  ᠦᠢᠯᠡᠴᠢᠯᠡᠭᠡ ᠶᠢ ᠳᠡᠮᠵᠢᠪᠡ᠃ ᠡᠨᠡ ᠬᠦ ᠰᠠᠭᠤᠷᠢᠨ ᠳᠡᠭᠡᠷ᠎ᠡ᠂ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠬᠡᠷᠡᠭᠯᠡᠯᠲᠡ ᠶᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ 500 ᠭᠠᠷᠤᠶ ᠵᠦᠢᠯ ᠤᠨ ᠬᠡᠷᠡᠭᠯᠡᠭᠡᠨ ᠤ ᠦᠢᠯᠡᠴᠢᠯᠡᠭᠡ ᠶᠢ ᠰᠦᠯᠵᠢᠶᠡᠨ ᠳᠤ ᠭᠠᠷᠭᠠᠵᠤ᠂ 16 ᠲᠥᠷᠥᠯ ᠤᠨ ᠡᠯᠧᠺᠳ᠋ᠷᠣᠨ ᠦᠨᠡᠮᠯᠡᠯ ᠤᠨ ᠪᠠᠶᠢᠴᠠᠭᠠᠨ ᠯᠠᠪᠯᠠᠬᠤ᠂ ᠲᠠᠨᠢᠵᠤ ᠠᠪᠬᠤ  ᠦᠢᠯᠡᠴᠢᠯᠡᠭᠡ ᠶᠢ ᠬᠠᠩᠭᠠᠵᠤ᠂ ᠲᠠᠷᠠᠭᠠᠴᠢ ᠶᠢᠨ ᠠᠯᠬᠤᠮ ᠳᠤ ᠠᠵᠤ ᠠᠬᠤᠶᠢᠯᠠᠯ ᠣᠯᠠᠨ ᠲᠦᠮᠡᠨ ᠤ ᠡᠯ᠎ᠡ ᠲᠥᠷᠥᠯ ᠤᠨ ᠠᠵᠢᠯ ᠶᠠᠪᠤᠳᠠᠯ  ᠭᠦᠢᠴᠡᠳᠭᠡᠬᠦ ᠭᠤᠭᠴᠤᠭ᠎ᠠ ᠵᠢᠴᠢ ᠠᠳᠠᠯᠢ ᠪᠤᠰᠤ ᠲᠠᠯᠠᠪᠤᠷ ᠲᠠᠬᠢ ᠺᠣᠳ᠋ ᠰᠢᠷᠪᠢᠵᠦ ᠭᠡᠷᠡᠴᠢ ᠭᠠᠷᠭᠠᠬᠤ ᠳᠤ ᠲᠤᠯᠭᠠᠭᠤᠷᠢᠯᠠᠯ ᠬᠠᠩᠭᠠᠨ᠎ᠠ᠃ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠴᠢᠳᠠᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠠᠵᠠᠷ  ᠤᠨ ᠵᠢᠷᠤᠭ︾ ︽ᠣᠶᠤᠨᠴᠢ ᠠᠰᠠᠭᠤᠯᠲᠠ ᠬᠠᠷᠢᠭᠤᠯᠲᠠ︾ ᠵᠡᠷᠭᠡ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠠᠯᠢ ᠣᠯᠠᠨ ᠴᠢᠳᠠᠮᠵᠢ ᠶᠢᠨ ᠬᠡᠷᠡᠭᠯᠡᠯᠲᠡ ᠶᠢ ᠵᠠᠯᠭᠠᠭ᠎ᠠ ᠪᠠᠷ ᠭᠠᠷᠭᠠᠵᠤ᠂ ᠪᠥᠬᠦ ᠣᠷᠣᠨ ᠤ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠳᠥᠭᠦᠮᠴᠢᠯᠡᠯᠲᠡ ᠶᠢᠨ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠵᠦ᠂ ᠠᠵᠤ ᠠᠬᠤᠶᠢᠯᠠᠯ ᠣᠯᠠᠨ ᠲᠦᠮᠡᠨ ᠤ ᠠᠵᠢᠯ ᠶᠠᠪᠤᠳᠠᠯ  ᠭᠦᠢᠴᠡᠳᠭᠡᠬᠦ ᠳᠤ ᠬᠦᠴᠢᠷᠲᠡᠶ᠂ ᠠᠵᠢᠯ ᠶᠠᠪᠤᠳᠠᠯ  ᠭᠦᠢᠴᠡᠳᠭᠡᠬᠦ ᠳᠤ ᠤᠳᠠᠭᠠᠨ᠂ ᠠᠵᠢᠯ ᠶᠠᠪᠤᠳᠠᠯ  ᠭᠦᠢᠴᠡᠳᠭᠡᠬᠦ ᠳᠤ ᠶᠠᠷᠰᠢᠭᠲᠠᠶ ᠵᠡᠷᠭᠡ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠤᠨ᠎ᠠ᠃     ᠳᠥᠷᠪᠡ᠂ ︽ᠮᠥᠩᠬᠡ ᠰᠤᠪᠠᠭ · ᠠᠯᠠᠭᠠᠨ ᠳᠡᠭᠡᠷ᠎ᠡ ᠭᠦᠢᠴᠡᠳᠬᠡᠬᠦ︾ ᠠᠵᠢᠯ ᠢ ᠬᠡᠷᠬᠢᠨ ᠲᠦᠯᠬᠢᠨ ᠠᠬᠢᠭᠤᠯᠬᠤ ᠪᠤᠶ︖    ᠨᠢᠭᠡ ᠳᠤ ᠴᠤᠭᠯᠠᠷᠠᠭᠤᠯᠤᠨ ᠨᠢᠭᠡᠳᠭᠡᠬᠦ ᠶᠢ ᠦᠷᠭᠦᠯᠵᠢᠯᠡᠨ ᠠᠬᠢᠭᠤᠯᠤᠨ᠎ᠠ᠃ ᠠᠵᠤ ᠠᠬᠤᠶᠢᠯᠠᠯ᠂ ᠣᠯᠠᠨ ᠲᠦᠮᠡᠨ ᠳᠤ ᠬᠠᠨᠳᠤᠭᠤᠯᠤᠭᠰᠠᠨ ᠵᠠᠰᠠᠭ ᠵᠠᠬᠢᠷᠭᠠᠨ  ᠤ ᠡᠷᠬᠡ ᠶᠢᠨ ᠵᠦᠢᠯᠡᠰ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠵᠢᠴᠢ ᠬᠠᠮᠢᠶ᠎ᠠ ᠪᠥᠬᠦᠶ ᠬᠡᠷᠡᠭᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠠᠵᠢᠯᠯᠠᠭᠠᠨ  ᠤ ᠪᠠᠶᠢᠳᠠᠯ ᠢ ᠪᠥᠬᠦ ᠲᠠᠯ᠎ᠠ ᠪᠠᠷ ᠡᠮᠬᠢᠯᠡᠵᠦ᠂ ᠠᠰᠢᠭᠯᠠᠵᠤ ᠪᠣᠯᠬᠤ ᠮᠡᠳᠡᠭᠡ ᠵᠠᠩᠭᠢᠵᠢᠯᠲᠠ ᠶᠢᠨ ᠡᠬᠢ ᠪᠠᠶᠠᠯᠢᠭ ᠤᠨ ᠨᠠᠷᠢᠨ ᠬᠠᠭᠤᠳᠠᠰᠤ ᠶᠢ ᠪᠦᠷᠢᠯᠳᠦᠭᠦᠯᠦᠨ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠵᠠᠯᠭᠠᠰᠤ ᠶᠢᠨ ᠬᠠᠭᠤᠳᠠᠰᠤ ᠶᠢ ᠨᠡᠭᠡᠭᠡᠨ ᠬᠥᠭᠵᠢᠭᠦᠯᠬᠦ ᠶᠢ ᠠᠬᠢᠭᠤᠯᠬᠤ᠂ ᠮᠠᠰᠢ ᠣᠯᠠᠨ ᠰᠠᠯᠠᠭ᠎ᠠ ᠮᠥᠴᠢᠷ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ‌‍ᠤᠨ ᠨᠢᠭᠡᠴᠡ ᠳᠤ ᠲᠠᠷᠬᠠᠵᠦ ᠪᠠᠶᠢᠭ᠎ᠠ ᠰᠦᠯᠵᠢᠶ᠎ᠡ ᠪᠠᠷ ᠠᠵᠢᠯ ᠶᠠᠪᠤᠳᠠᠯ  ᠭᠦᠢᠴᠡᠳᠭᠡᠬᠦ  ᠦᠢᠯᠡᠴᠢᠯᠡᠭᠡᠨ ᠤ ᠣᠷᠣᠬᠤ ᠡᠭᠦᠳᠡ ᠵᠢᠴᠢ ᠥᠨᠳᠥᠷ ᠳᠠᠪᠲᠠᠮᠵᠢᠲᠤ ᠬᠡᠷᠡᠭᠯᠡᠯᠲᠡ ᠶᠢ ᠪᠦᠯᠦᠭ ᠬᠤᠪᠢᠶᠠᠨ ᠬᠤᠭᠤᠴᠠᠭ᠎ᠠ ᠠᠯᠤᠰᠠᠯᠵᠦ ︽ᠮᠥᠩᠬᠡ ᠰᠤᠪᠠᠭ︾ APP ᠳᠤ ᠣᠷᠣᠭᠤᠯᠤᠨ᠎ᠠ᠃   ᠬᠤᠶᠠᠷ ᠲᠤ ᠦᠢᠯᠡᠴᠢᠯᠡᠭᠡᠨ ᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠬᠡᠷᠡᠭᠯᠡᠭᠴᠢ ᠶᠢᠨ ᠬᠡᠷᠡᠭᠴᠡᠭᠡ ᠱᠠᠭᠠᠷᠳᠠᠯᠭ᠎ᠠ ᠶᠢᠨ ᠡᠭᠦᠳᠡᠨ ᠠᠴᠠ ᠡᠭᠦᠰᠴᠦ᠂ ᠠᠵᠤ ᠠᠬᠤᠶᠢᠯᠠᠯ ᠣᠯᠠᠨ ᠲᠦᠮᠡᠨ ᠤ ᠠᠵᠢᠯ ᠶᠠᠪᠤᠳᠠᠯ  ᠭᠦᠢᠴᠡᠳᠭᠡᠬᠦ ᠡᠮᠵᠡᠭ ᠭᠠᠵᠠᠷ᠂ ᠲᠦᠪᠡᠭᠲᠡᠢ ᠠᠰᠠᠭᠤᠠᠯ ᠢ ᠤᠨᠢᠯᠠᠨ᠂ ᠡᠯ᠎ᠡ ᠨᠢᠭᠡᠴᠡ ᠶᠢᠨ ᠦᠢᠯᠡᠴᠢᠯᠡᠭᠡᠨ ᠤ ᠠᠭᠤᠯᠭ᠎ᠠ ᠶᠢ ᠠᠭᠤᠰᠤᠯᠴᠠᠭᠤᠯᠤᠨ᠂ ᠬᠡᠷᠡᠭᠴᠡᠭᠡ ᠱᠠᠭᠠᠷᠳᠠᠯᠭ᠎ᠠ ᠲᠣᠭᠲᠠᠭᠠᠬᠤ ᠶᠢ ᠭᠦᠨᠵᠡᠭᠡᠶᠢᠷᠡᠭᠦᠯᠵᠦ᠂ ᠠᠵᠢᠯ ᠶᠠᠪᠤᠳᠠᠯ  ᠭᠦᠢᠴᠡᠳᠭᠡᠬᠦ ᠲᠠᠯᠠᠪᠤᠷ ᠢᠶᠠᠷ ᠭᠤᠤᠯ ᠱᠤᠭᠤᠮ ᠪᠣᠯᠭᠠᠨ᠂ ᠠᠩᠬᠠᠷᠤᠮᠵᠢ ᠦᠨᠳᠦᠷ  ᠵᠦᠢᠯᠡᠰ ᠲᠤ ᠴᠢᠭᠯᠡᠭᠦᠯᠦᠨ ᠥᠨᠳᠥᠷ ᠳᠠᠪᠲᠠᠮᠵᠢᠲᠤ ᠭᠤᠤᠯ ᠰᠡᠳᠦᠪᠲᠦ  ᠦᠢᠯᠡᠴᠢᠯᠡᠭᠡᠨ ᠤ ᠲᠤᠰᠬᠠᠶ ᠲᠣᠭᠤᠷᠢᠭ ᠢ ᠪᠠᠶᠢᠷᠢᠯᠠᠭᠤᠯᠤᠨ᠎ᠠ᠃    ᠭᠤᠷᠪᠠ ᠳᠤ ᠪᠦᠬᠦᠯᠢ ᠴᠣᠭᠴᠠ ᠶᠢᠨ ᠪᠣᠷᠣ ᠲᠥᠯᠥᠪ ᠢ ᠲᠦᠷᠭᠡᠪᠴᠢᠯᠡᠨ ᠰᠢᠯᠢᠳᠡᠭᠵᠢᠭᠦᠯᠦᠨ᠎ᠡ᠃ ᠮᠥᠩᠬᠡ ᠰᠤᠪᠠᠭ APP ᠶᠢᠨ ᠲᠥᠯᠥᠪᠵᠢᠭᠦᠯᠭᠡ ᠶᠢᠨ ᠬᠡᠪ  ᠤᠨ ᠦᠭᠡᠷᠡᠴᠢᠯᠡᠯᠳᠡ ᠶᠢ ᠠᠬᠢᠭᠤᠯᠵᠤ᠂ ᠨᠠᠩ ᠰᠢᠨᠵᠢᠯᠡᠬᠦ ᠤᠬᠠᠭᠠᠨᠴᠢ ᠪᠥᠭᠡᠳ ᠪᠦᠷᠢᠨ ᠪᠦᠲᠦᠨ ᠪᠤᠯᠤᠩ ᠤᠨ ᠪᠦᠲᠦᠴᠡ᠂ ᠠᠭᠤᠯᠭ᠎ᠠ ᠶᠢᠨ ᠪᠠᠶᠢᠷᠢᠰᠢᠭᠤᠯᠤᠯᠲᠠ᠂ ᠴᠢᠳᠠᠮᠵᠢ ᠶᠢᠨ ᠰᠢᠰᠲ᠋ᠧᠮᠵᠢ ᠪᠠ ᠬᠠᠭᠤᠳᠠᠰᠤ ᠶᠢᠨ ᠵᠢᠷᠤᠭ ᠲᠥᠯᠥᠪᠯᠡᠭᠡ ᠶᠢ ᠪᠠᠶᠢᠭᠤᠯᠵᠤ᠂ ︽ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠭᠠᠵᠠᠷ ᠤᠨ ᠵᠢᠷᠤᠭ︾ ︽ᠣᠶᠤᠨᠴᠢ ᠠᠰᠠᠭᠤᠯᠲᠠ᠂ ᠣᠶᠤᠨᠴᠢ ᠬᠠᠷᠢᠭᠤᠯᠲᠠ᠂ ᠣᠶᠤᠨᠴᠢ ᠬᠠᠶᠢᠯᠲᠠ᠂ ᠣᠶᠤᠨᠴᠢ ᠭᠦᠢᠴᠡᠳᠭᠡᠯ︾ ᠵᠡᠷᠭᠡ ᠰᠢᠯᠵᠢᠮᠡᠯ ᠣᠶᠤᠨᠴᠢ ᠵᠠᠰᠠᠭ ᠤᠨ ᠶᠠᠪᠤᠳᠠᠯ ᠤᠨ ᠴᠢᠳᠠᠮᠵᠢ ᠶᠢ ᠵᠦᠢᠴᠢᠯᠡᠨ ᠭᠠᠷᠭᠠᠵᠤ᠂ ᠠᠵᠤ ᠠᠬᠤᠶᠢᠯᠠᠯ ᠣᠯᠠᠨ ᠲᠦᠮᠡᠨ ᠳᠤ ᠣᠶᠤᠨᠴᠢᠯᠠᠭᠰᠠᠨ᠂ ᠣᠨᠣᠪᠴᠢᠯᠠᠭᠰᠠᠨ ᠂ ᠥᠪᠡᠷᠮᠢᠴᠡᠵᠢᠭᠰᠡᠨ  ᠦᠢᠯᠡᠴᠢᠯᠡᠭᠡ ᠶᠢ ᠰᠠᠨᠠᠭᠠᠴᠢᠯᠠᠭ᠎ᠠ ᠠᠴᠠ ᠪᠠᠨ ᠬᠦᠷᠭᠡᠬᠦ ᠪᠤᠯᠤᠨ᠎ᠠ᠃     ᠲᠠᠪᠤ᠂ ︽ᠮᠥᠩᠬᠡ ᠰᠤᠪᠠᠭ · ᠠᠯᠠᠭᠠᠨ ᠳᠡᠭᠡᠷ᠎ᠡ ᠭᠦᠢᠴᠡᠳᠬᠡᠬᠦ︾ ᠶᠢ ᠬᠡᠷᠬᠢᠨ ᠬᠡᠷᠡᠭᠯᠡᠬᠦ ᠪᠤᠢ︖
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号