ᠨᠢᠭᠡ᠂ ᠶᠠᠭᠤᠨ ᠳᠤ ︽ᠮᠦᠩᠭᠡ ᠰᠤᠪᠠᠭ · ᠲᠠᠨ ᠤ ᠬᠠᠪᠰᠤᠷᠤᠮᠵᠢ︾ ᠲᠥᠰᠦᠯ ᠢ ᠲᠣᠭᠲᠠᠭᠠᠭᠰᠠᠨ ᠪᠣᠶ︖ | ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠯᠬᠤᠮ ᠴᠢᠨᠠᠭᠰᠢᠳᠠ ᠭᠦᠨᠵᠡᠭᠡᠶᠢᠷᠡᠭᠦᠯᠵᠦ᠂ | ᠲᠥᠷᠥᠯ ᠵᠦᠢᠯ ᠢ ᠬᠢᠨᠠᠨ ᠵᠥᠪᠰᠢᠶᠡᠷᠡᠬᠦ ᠪᠣᠭᠤᠮᠢ ᠶᠢ ᠪᠦᠲᠦᠮᠵᠢᠲᠡᠶ ᠲᠠᠶᠢᠯᠵᠤ᠂ ᠬᠢᠨᠠᠨ ᠵᠥᠪᠰᠢᠶᠡᠷᠡᠬᠦ ᠰᠠᠯᠠᠭ᠎ᠠ | ᠮᠥᠴᠢᠷ ᠬᠢᠭᠡᠳ ᠭᠤᠶᠤᠴᠢᠯᠠᠭᠴᠢ ᠶᠢᠨ ᠬᠤᠭᠤᠷᠣᠨᠳᠣ ᠪᠠᠨ ᠵᠠᠪᠰᠠᠷ ᠥᠬᠡᠶ ᠵᠣᠯᠭᠠᠭᠤᠯᠬᠤ ᠶᠢ ᠪᠡᠶᠡᠯᠡᠭᠦᠯᠵᠦ᠂ | ᠲᠥᠷᠥᠯ ᠵᠦᠢᠯ ᠤᠨ ᠬᠢᠨᠠᠨ ᠵᠥᠪᠰᠢᠶᠡᠷᠡᠯ ᠤᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠪᠦᠲᠦᠮᠵᠢ ᠶᠢ | ᠨᠡᠮᠡᠭᠳᠡᠭᠦᠯᠬᠦ ᠶᠢ ᠠᠬᠢᠭᠤᠯᠤᠨ᠂ ᠲᠥᠷᠥᠯ ᠵᠦᠢᠯ ᠤᠨ ᠡᠷᠲᠡ ᠵᠦᠢᠯ ᠲᠣᠭᠲᠠᠭᠠᠬᠤ᠂ ᠡᠷᠲᠡ ᠠᠵᠢᠯ ᠡᠬᠢᠯᠡᠭᠦᠯᠬᠦ᠂ | ᠡᠷᠲᠡ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠪᠥᠬᠦ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ | ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠬᠦ ᠶᠢᠨ ᠳᠦᠯᠦᠬᠡ ᠂ ᠥᠪᠡᠷᠲᠡᠭᠡᠨ ᠵᠠᠰᠠᠬᠤ | ᠣᠷᠣᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠮᠦᠩᠭᠡ ᠰᠤᠪᠠᠭ · ᠲᠠᠨ ᠤ | ᠬᠠᠪᠰᠤᠷᠤᠮᠵᠢ﹀ ᠶᠢ ᠪᠥᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠬᠡᠷᠡᠭᠵᠢᠭᠦᠯᠬᠦ ᠲᠥᠰᠦᠯ︾ ᠢ ᠲᠣᠭᠲᠠᠭᠠᠪᠠ᠃ | ᠬᠤᠶᠠᠷ᠂ ᠶᠠᠭᠤ ᠶᠢ ︽ᠮᠦᠩᠭᠡ ᠰᠤᠪᠠᠭ · ᠲᠠᠨ ᠤ ᠬᠠᠪᠰᠤᠷᠤᠮᠵᠢ︾ ᠭᠡᠬᠦ ᠪᠣᠶ︖ | ︽ᠮᠦᠩᠭᠡ ᠰᠤᠪᠠᠭ · ᠲᠠᠨ ᠤ ᠬᠠᠪᠰᠤᠷᠤᠮᠵᠢ︾ ᠭᠡᠳᠡᠭ ᠨᠢ ᠡᠯ᠎ᠡ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠶᠡᠭᠡ ᠲᠢᠩᠬᠢᠮ ᠳᠤ ᠲᠦᠰᠢᠭᠯᠡᠨ᠂ ᠣᠷᠣᠯᠠᠨ ᠭᠦᠢᠴᠡᠳᠬᠡᠭᠴᠢ ᠠᠴᠠ ᠭᠤᠤᠯᠳᠠᠯᠭ᠎ᠠ ᠲᠠᠢ ᠲᠥᠷᠥᠯ | ᠵᠦᠢᠯ ᠤᠨ ᠭᠤᠶᠤᠴᠢᠯᠠᠭᠴᠢ ᠳᠤ ᠲᠥᠷᠥ ᠶᠢᠨ ᠪᠣᠳᠣᠯᠭ᠎ᠠ ᠶᠢᠨ ᠯᠠᠪᠯᠠᠭ᠎ᠠ ᠬᠠᠩᠭᠠᠬᠤ᠂ ᠵᠣᠬᠢᠴᠠᠭᠤᠯᠤᠨ ᠠᠬᠢᠭᠤᠯᠬᠤ᠂ | ᠬᠠᠮᠵᠢᠯᠴᠠᠨ ᠭᠦᠢᠴᠡᠳᠬᠡᠵᠦ ᠬᠠᠪᠰᠤᠷᠤᠨ ᠭᠦᠢᠴᠡᠳᠬᠡᠬᠦ ᠵᠡᠷᠭᠡ ᠲᠥᠯᠥᠪᠦᠷᠢ ᠥᠬᠡᠶ ᠦᠢᠯᠡᠴᠢᠯᠡᠭᠡ ᠬᠠᠩᠭᠠᠵᠤ᠂ ᠡᠬᠢ | ᠪᠠᠶᠠᠯᠢᠭ ᠢ ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠵᠦ᠂ ᠬᠢᠨᠠᠨ ᠵᠥᠪᠰᠢᠶᠡᠷᠡᠬᠦ ᠴᠤᠪᠤᠷᠠᠯ ᠢ ᠰᠢᠯᠢᠳᠡᠭᠵᠢᠭᠦᠯᠦᠨ᠂ ︽ | ᠠᠵᠤ ᠠᠬᠤᠶᠢᠯᠠᠯ ᠤᠨ ᠭᠦᠶᠦᠬᠦ︾ ᠶᠢ ︽ᠵᠠᠰᠠᠭ ᠤᠨ ᠣᠷᠳᠣᠨ ᠤ ᠭᠦᠶᠦᠬᠦ︾ ᠪᠣᠯᠭᠠᠨ ᠬᠤᠪᠢᠷᠠᠭᠤᠯᠵᠤ᠂ ᠬᠢᠨᠠᠨ | ᠵᠥᠪᠰᠢᠶᠡᠷᠡᠬᠦ ᠦᠢᠯᠡᠴᠢᠯᠡᠬᠡᠨ ᠤ ᠴᠢᠳᠠᠮᠵᠢ ᠶᠢ ᠳᠡᠭᠡᠭᠰᠢᠯᠡᠭᠦᠯᠦᠨ᠂ ᠲᠥᠷᠥᠯ ᠵᠦᠢᠯ ᠢ ᠡᠷᠲᠡ ᠵᠦᠢᠯ ᠲᠣᠭᠲᠠᠭᠠᠬᠤ᠂ | ᠡᠷᠲᠡ ᠠᠵᠢᠯ ᠡᠬᠢᠯᠡᠭᠦᠯᠬᠦ᠂ ᠡᠷᠲᠡ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ | ᠭᠤᠷᠪᠠ᠂ ᠶᠠᠮᠠᠷ ᠭᠠᠵᠠᠷ ᠣᠷᠣᠨ ᠳᠤ ︽ᠮᠦᠩᠭᠡ ᠰᠤᠪᠠᠭ · ᠲᠠᠨ ᠤ ᠬᠠᠪᠰᠤᠷᠤᠮᠵᠢ︾ ᠶᠢ ᠥᠷᠨᠢᠭᠦᠯᠬᠦ ᠪᠣᠶ︖ | | ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠵᠢᠴᠢ | ᠬᠠᠤᠯᠢ ᠶᠣᠰᠣᠭᠠᠷ ᠪᠠᠶᠢᠭᠤᠯᠤᠭᠰᠠᠨ ᠡᠯ᠎ᠡ ᠲᠥᠷᠥᠯ ᠤᠨ ᠨᠡᠭᠡᠭᠡᠯᠲᠡ ᠶᠢᠨ ᠲᠣᠭᠤᠷᠢᠭ ︵ᠠᠵᠤ ᠠᠬᠤᠶ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ᠂ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠶᠡᠷᠦᠩᠬᠡᠶᠢᠯᠡᠭᠰᠡᠨ | ᠭᠠᠶᠢᠯᠢ ᠪᠠᠲᠤᠯᠠᠬᠤ ᠲᠣᠭᠤᠷᠢᠭ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠪᠠᠷᠠᠭᠠᠨ ᠤ ᠭᠦᠢᠯᠭᠡᠭᠡᠨ ᠤ | ᠬᠦᠷᠢᠶᠡᠯᠡᠩ ᠲᠣᠭᠤᠷᠢᠭ ᠵᠡᠷᠭᠡ ᠪᠠᠭᠲᠠᠨ᠎ᠠ︶ ᠲᠤ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠣᠷᠣᠯᠠᠨ | ᠭᠦᠢᠴᠡᠳᠬᠡᠬᠦ ᠬᠠᠪᠰᠤᠷᠤᠨ ᠭᠦᠢᠴᠡᠳᠬᠡᠬᠦ ᠦᠢᠯᠡᠴᠢᠯᠡᠭᠡ ᠶᠢ ᠬᠡᠷᠡᠭᠵᠢᠭᠦᠯᠦᠨ᠎ᠡ᠃ | ᠲᠦᠷᠪᠡ᠂ ᠪᠣᠳᠠᠲᠠᠶ ᠪᠠᠷ ᠶᠠᠮᠠᠷ ᠵᠦᠢᠯᠡᠰ ᠢ ᠣᠷᠣᠯᠠᠨ ᠭᠦᠢᠴᠡᠳᠬᠡᠬᠦ ᠪᠠ ᠬᠠᠪᠰᠤᠷᠤᠨ ᠭᠦᠢᠴᠡᠳᠬᠡᠬᠦ ᠪᠤᠢ︖ | ᠰᠢᠶᠠᠨ ᠤ ᠱᠠᠲᠤ ᠵᠢᠴᠢ ᠲᠡᠭᠦᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ | ᠲᠣᠭᠲᠠᠭᠠᠭᠰᠠᠨ ᠭᠤᠣᠯᠳᠠᠯᠭ᠎ᠠ ᠲᠠᠢ ᠪᠡᠯᠡ ᠤᠷᠤᠭᠤᠯᠤᠯᠲᠠ ᠶᠢᠨ ᠪᠦᠲᠦᠬᠡᠨ ᠪᠠᠶᠢᠭᠤᠯᠤᠯᠳᠠ ᠶᠢᠨ ᠲᠦᠷᠦᠯ ᠵᠦᠢᠯ︔ | ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠴᠢᠬᠤᠯᠠ ᠶᠡᠭᠡ ᠲᠦᠷᠦᠯ ᠵᠦᠢᠯ︔ ᠰᠢᠨᠵᠢᠯᠡᠭᠡ ᠮᠡᠷᠭᠡᠵᠢᠯ ᠤᠨ | ᠰᠢᠨ᠎ᠡ ᠶᠢ ᠡᠭᠦᠳᠬᠦ ᠪᠠ ᠤᠯᠤᠰ ᠠᠴᠠ ᠵᠣᠷᠢᠭᠵᠢᠭᠤᠯᠬᠤ ᠲᠦᠷᠦᠯ ᠵᠡᠷᠭᠡ ᠶᠢᠨ ᠪᠡᠯᠡ ᠣᠷᠣᠭᠤᠯᠤᠯᠲᠠ ᠶᠢᠨ ᠪᠦᠳᠦᠭᠡᠨ | ᠪᠠᠶᠢᠭᠤᠯᠤᠯᠲᠠ ᠶᠢᠨ ᠲᠦᠷᠦᠯ ᠵᠦᠢᠯ᠃ | ᠲᠠᠪᠤ᠂ ᠬᠡᠷᠬᠢᠨ ︽ᠮᠦᠩᠭᠡ ᠰᠤᠪᠠᠭ · ᠲᠠᠨ ᠤ ᠬᠠᠪᠰᠤᠷᠤᠮᠵᠢ︾ ᠠᠵᠢᠯ ᠢ ᠶᠠᠪᠤᠭᠳᠠᠭᠤᠯᠵᠤ ᠬᠡᠷᠡᠭᠵᠢᠬᠦᠯᠬᠦ ᠪᠣᠶ | ︖ | ᠨᠢᠭᠡ ᠳᠤ᠂ ᠴᠠᠭ ᠤᠨ ᠬᠦᠰᠦᠨᠦᠭᠲᠦ ᠶᠢ ᠲᠣᠳᠣᠷᠬᠠᠶᠢᠯᠠᠨ᠎ᠠ᠃ 2021 ᠣᠨ ᠤ 5 ᠰᠠᠷ᠎ᠠ ᠶᠢᠨ ᠰᠡᠭᠦᠯᠴᠢ ᠠᠴᠠ | ᠡᠮᠦᠨ᠎ᠡ᠂ ᠡᠯ᠎ᠡ ᠭᠠᠵᠠᠷ ᠤᠨ ᠬᠢᠨ ︽ᠲᠠᠨ ᠤ ᠬᠠᠪᠰᠤᠷᠤᠮᠵᠢ︾ ᠴᠣᠩᠬᠤ ᠪᠠ ᠰᠦᠯᠵᠢᠶᠡᠨ ᠳᠠᠬᠢ ᠲᠤᠰᠬᠠᠶ ᠪᠤᠯᠤᠩ | ᠭᠠᠷᠭᠠᠬᠤ ᠶᠢ ᠳᠠᠭᠤᠰᠬᠠᠵᠤ᠂ ᠲᠤᠰᠬᠠᠶ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠡᠩᠨᠡᠭᠡ ᠶᠢ ᠵᠣᠬᠢᠶᠠᠨ | ᠪᠠᠶᠢᠭᠤᠯᠵᠤ᠂ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠦᠢᠯᠡᠴᠢᠯᠡᠭᠡᠨ ᠤ ᠬᠡᠪᠴᠢᠶ᠎ᠡ᠂ ᠡᠭᠦᠷᠭᠡ | ᠬᠠᠷᠢᠭᠤᠴᠠᠯᠭ᠎ᠠ ᠵᠢᠴᠢ ᠴᠤᠪᠤᠷᠠᠯ ᠢ ᠨᠠᠷᠢᠯᠢᠬᠵᠢᠭᠤᠯᠵᠤ᠂ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ | ᠵᠦᠢᠯᠡᠰ ᠤᠨ ᠨᠠᠷᠢᠨ ᠲᠠᠩᠰᠠ ᠶᠢ ᠨᠡᠶᠢᠲᠡᠯᠡᠨ᠎ᠡ᠃ 2021 ᠣᠨ ᠤ 7 ᠰᠠᠷ᠎ᠠ ᠶᠢᠨ ᠰᠡᠭᠦᠯᠴᠢ ᠠᠴᠠ ᠡᠮᠦᠨ᠎ᠡ᠂ ᠪᠥᠬᠦ | ᠣᠷᠣᠨ ᠳᠤ ︽ᠭᠤᠯᠳᠤ ᠪᠠᠷ ᠭᠤᠷᠪᠠᠨ ᠱᠠᠲᠤ ᠪᠠᠷ ᠬᠤᠯᠪᠣᠭᠠᠯᠠᠨ ᠬᠥᠳᠡᠯᠦᠯᠴᠡᠬᠦ᠂ ᠬᠥᠨᠳᠡᠯᠡᠨ ᠢᠶᠠᠷ ᠰᠠᠯᠠᠭ᠎ᠠ | ᠮᠥᠴᠢᠷ ᠬᠠᠮᠵᠢᠯᠴᠠᠬᠤ︾ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠣᠷᠣᠯᠠᠨ ᠭᠦᠢᠴᠡᠳᠬᠡᠬᠦ ᠬᠠᠪᠰᠤᠷᠤᠨ | ᠭᠦᠢᠴᠡᠳᠬᠡᠬᠦ ᠠᠵᠢᠯ ᠤᠨ ᠲᠤᠭᠲᠠᠮᠵᠢ ᠶᠢ ᠦᠨᠳᠦᠰᠦᠨ ᠳᠡᠭᠡᠨ ᠪᠦᠷᠢᠯᠳᠦᠭᠦᠯᠦᠨ᠎ᠡ᠃ | ᠬᠤᠶᠠᠷ ᠲᠤ᠂ ᠠᠵᠢᠯ ᠤᠨ ᠠᠷᠭ᠎ᠠ ᠠᠪᠴᠠᠯ ᠢᠶᠠᠨ ᠨᠠᠷᠢᠯᠢᠬᠵᠢᠭᠤᠯᠤᠨ᠎ᠠ᠃ ᠦᠢᠯᠡᠴᠢᠯᠡᠭᠡᠨ ᠤ ᠬᠦᠷᠢᠶ᠎ᠡ ᠬᠡᠪᠴᠢᠶ᠎ᠡ | ᠲᠤᠭᠲᠠᠭᠠᠬᠤ᠂ ᠨᠡᠶᠢᠲᠡᠯᠡᠬᠦ ᠵᠦᠢᠯᠡᠰ ᠢ ᠡᠮᠬᠢᠳᠬᠡᠬᠦ᠂ ᠲᠤᠰᠬᠠᠶ ᠮᠡᠷᠭᠡᠵᠢᠯ ᠤᠨ ᠡᠩᠨᠡᠭᠡ ᠵᠣᠬᠢᠶᠠᠨ ᠪᠠᠶᠢᠭᠤᠯᠬᠤ᠂ | ᠦᠢᠯᠡᠴᠢᠯᠡᠬᠡᠨ ᠤ ᠠᠷᠭ᠎ᠠ ᠮᠠᠶ᠋ᠢᠭ ᠢ ᠥᠷᠭᠡᠳᠬᠡᠬᠦ᠂ ᠲᠤᠬᠠᠶᠢᠯᠠᠭᠰᠠᠨ ᠠᠵᠢᠯ ᠤᠨ ᠴᠤᠪᠤᠷᠠᠯ ᠢ ᠵᠢᠷᠤᠮᠵᠢᠭᠤᠯᠬᠤ᠂ | ᠨᠢᠭᠡᠳᠦᠯᠲᠡᠶ ᠲᠥᠯᠥᠪᠯᠡᠨ ᠵᠤᠬᠢᠴᠠᠭᠤᠯᠤᠨ ᠭᠦᠢᠴᠡᠳᠬᠡᠬᠦ᠂ ᠬᠢᠨᠠᠯᠲᠠ ᠲᠠᠯᠪᠢᠵᠤ ᠰᠢᠯᠭᠠᠨ ᠦᠨᠡᠯᠡᠬᠦ ᠶᠢ | ᠴᠢᠩᠭᠠᠷᠠᠭᠤᠯᠬᠤ ᠵᠡᠷᠭᠡ ᠠᠷᠭ᠎ᠠ ᠠᠪᠴᠠᠯ ᠢᠶᠠᠷ ᠳᠠᠮᠵᠢᠭᠤᠯᠤᠨ᠂ ︽ᠮᠦᠩᠭᠡ ᠰᠤᠪᠠᠭ · ᠲᠠᠨ ᠤ ᠬᠠᠪᠰᠤᠷᠤᠮᠵᠢ︾ | ᠠᠵᠢᠯ ᠤᠨ ᠨᠠᠶᠢᠳᠠᠪᠤᠷᠢᠵᠢᠭᠤᠯᠤᠯᠲᠠ ᠶᠢ ᠶᠠᠪᠤᠭᠳᠠᠭᠤᠯᠤᠨ᠎ᠠ᠃ | ᠵᠢᠷᠭᠤᠭ᠎ᠠ᠂ ︽ᠮᠦᠩᠭᠡ ᠰᠤᠪᠠᠭ · ᠲᠠᠨ ᠤ ᠬᠠᠪᠰᠤᠷᠤᠮᠵᠢ︾ ᠨᠢ ᠶᠠᠮᠠᠷ ᠭᠢᠯᠠᠰ ᠴᠡᠭ ᠪᠠ ᠦᠪᠡᠷᠮᠢᠴᠡ | ᠣᠨᠴᠠᠯᠢᠭ ᠲᠠᠢ ᠪᠣᠶ︖ | ᠨᠢᠭᠡ ᠳᠤ ᠭᠤᠣᠯᠳᠠᠯᠭ᠎ᠠ ᠳᠤᠪᠤᠶᠢᠮ᠎ᠠ᠂ ᠬᠠᠨᠳᠤᠯᠭᠠᠲᠤ ᠴᠢᠨᠠᠷ ᠢᠶᠠᠷ ᠴᠢᠩᠭ᠎ᠠ᠃ ᠭᠤᠣᠯᠳᠠᠭᠤ ᠪᠡᠯᠡ | ᠣᠷᠣᠭᠤᠯᠤᠯᠲᠠ ᠶᠢᠨ ᠲᠦᠷᠦᠯ ᠵᠦᠢᠯ ᠢ ᠬᠢᠨᠠᠨ ᠵᠥᠪᠰᠢᠶᠡᠷᠡᠬᠦ ᠬᠦᠷᠢᠶ᠎ᠡ ᠴᠠᠷᠠᠭ᠎ᠠ ᠶᠢᠨ ᠲᠤᠭᠤᠷᠢᠨ ᠳᠤ᠂ | ᠬᠠᠨᠳᠤᠯᠭᠠᠲᠤ ᠬᠦᠷᠢᠶ᠎ᠡ ᠨᠡᠩ ᠪᠣᠳᠠᠲᠠᠶ᠂ ᠠᠵᠢᠯ ᠤᠨ ᠠᠷᠭ᠎ᠠ ᠠᠪᠴᠠᠯ ᠨᠡᠩ ᠨᠠᠷᠢᠯᠢᠭ ᠨᠡᠩ ᠪᠣᠳᠠᠲᠠᠶ᠂ 12 | ᠵᠦᠢᠯ ᠤᠨ ᠠᠷᠭ᠎ᠠ ᠬᠡᠮᠵᠢᠶ᠎ᠡ ᠶᠢ ᠨᠡᠶᠢᠲᠡᠯᠡᠨ ᠪᠣᠳᠠᠲᠠᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃ | ᠬᠤᠶᠠᠷ ᠲᠤ ᠠᠷᠭ᠎ᠠ ᠬᠡᠯᠪᠡᠷᠢ ᠪᠠᠶᠠᠯᠢᠭ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠨ᠎ᠡ᠃ ᠪᠠᠯᠠ | ᠣᠷᠣᠭᠤᠯᠤᠯᠲᠠ ᠶᠢᠨ ᠲᠥᠷᠥᠯ ᠵᠦᠢᠯ ᠤᠨ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠦᠢᠯᠡᠴᠢᠯᠡᠭᠡ ᠳᠤ ︽ | ᠱᠠᠲᠤ ᠬᠤᠪᠢᠶᠠᠨ ᠭᠦᠢᠴᠡᠳᠬᠡᠬᠦ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠬᠦ᠂ ᠰᠦᠯᠵᠢᠶᠡᠨ ᠳᠠᠬᠢ | ᠪᠠ ᠰᠦᠯᠵᠢᠶᠡᠨ ᠭᠠᠳᠠᠨᠠᠬᠢ ᠶᠢ ᠵᠡᠷᠭᠡ ᠳᠤᠨᠢ ᠶᠠᠪᠤᠭᠳᠠᠭᠤᠯᠬᠤ︾ ᠠᠷᠭ᠎ᠠ ᠬᠡᠯᠪᠡᠷᠢ ᠶᠢ ᠬᠡᠷᠡᠭᠵᠢᠭᠦᠯᠦᠨ᠎ᠡ᠃ | ᠰᠦᠯᠵᠢᠶᠡᠨ ᠭᠠᠳᠠᠨ᠎ᠠ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ | ᠲᠦᠰᠢᠭᠯᠡᠨ ︽ᠲᠠᠨ ᠤ ᠬᠠᠪᠰᠤᠷᠤᠮᠵᠢ︾ ᠴᠤᠩᠬᠤᠪᠴᠢ ᠭᠠᠷᠭᠠᠵᠤ᠂ ᠰᠦᠯᠵᠢᠶᠡᠨ ᠳᠤ ᠥᠪᠥᠷ ᠮᠣᠩᠭᠤᠯ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ᠂ ︽ᠮᠦᠩᠭᠡ ᠰᠤᠪᠠᠭ︾ ᠰᠢᠯᠵᠢᠮᠡᠯ ᠦᠵᠦᠬᠦᠷ ᠲᠤ | ᠲᠦᠰᠢᠭᠯᠡᠨ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤᠨ ᠳᠤ ᠲᠦᠰᠢᠭᠯᠡᠨ ︽ | ᠲᠠᠨ ᠤ ᠬᠠᠪᠰᠤᠷᠤᠮᠵᠢ︾ ᠲᠤᠰᠬᠠᠶ ᠪᠤᠯᠤᠩ ᠭᠠᠷᠭᠠᠵᠤ᠂ ᠭᠤᠶᠤᠴᠢᠯᠠᠭᠴᠢ ᠳᠤ ᠠᠰᠠᠭᠤᠨ ᠯᠠᠪᠯᠠᠬᠤ᠂ ᠵᠢᠭᠠᠨ | ᠵᠢᠯᠣᠭᠤᠳᠬᠤ᠂ ᠵᠣᠬᠢᠴᠠᠭᠤᠯᠬᠤ ᠪᠠ ᠳᠠᠭᠠᠭᠤᠯᠤᠨ ᠭᠦᠢᠴᠡᠳᠬᠡᠬᠦ ᠵᠡᠷᠭᠡ ᠰᠦᠢᠳᠬᠡᠯ ᠬᠤᠷᠢᠶᠠᠬᠤ ᠥᠬᠡᠶ | ᠦᠢᠯᠡᠴᠢᠯᠡᠭᠡ ᠶᠢ ᠪᠥᠬᠦ ᠲᠠᠯ᠎ᠠ ᠪᠠᠷ ᠬᠠᠩᠭᠠᠨ᠎ᠠ᠃ | ᠭᠤᠷᠪᠠ ᠳᠤ ᠨᠢᠭᠡᠳᠦᠯᠲᠡᠶ ᠪᠥᠭᠡᠳ ᠵᠢᠷᠤᠮᠵᠢᠭᠤᠨ᠂ ᠪᠠᠷᠢᠮᠵᠢᠶᠠᠵᠢᠭᠤᠯᠤᠯᠲᠠ ᠪᠠᠷ ᠴᠢᠩᠭ᠎ᠠ᠃ ᠣᠷᠣᠯᠠᠨ | ᠭᠦᠢᠴᠡᠳᠬᠡᠬᠦ ᠬᠠᠪᠰᠤᠷᠤᠨ ᠭᠦᠢᠴᠡᠳᠬᠡᠬᠦ ᠦᠢᠯᠡᠴᠢᠯᠡᠭᠡᠨ ᠤ 22 ᠵᠦᠢᠯᠡᠰ ᠢ ᠨᠢᠭᠡᠳᠦᠯᠲᠡᠢ ᠡᠮᠬᠢᠳᠬᠡᠨ ᠨᠡᠶᠢᠲᠡᠯᠡᠵᠦ᠂ | ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠲᠤᠬᠠᠶᠢᠯᠠᠭᠰᠠᠨ ᠠᠵᠢᠯ ᠤᠨ ᠴᠤᠪᠤᠷᠠᠯ ᠢ ᠵᠢᠷᠤᠮᠵᠢᠭᠤᠯᠵᠤ᠂ | ᠴᠤᠪᠤᠷᠠᠯ ᠵᠢᠷᠤᠭ ᠤᠨ ᠵᠢᠱᠢᠶ᠎ᠡ ᠦᠵᠡᠭᠦᠯᠬᠦ ᠲᠣᠪᠬᠢᠮᠠᠯ᠂ ᠭᠤᠶᠤᠴᠢᠯᠠᠯ ᠤᠨ ᠬᠦᠰᠦᠨᠦᠭᠲᠦ᠂ ᠡᠷᠬᠡ ᠣᠯᠭᠤᠬᠤ | ᠨᠠᠶᠢᠳᠠᠯᠭ᠎ᠠ ᠶᠢᠨ ᠪᠢᠴᠢᠭ᠂ ᠠᠮᠠᠯᠠᠯᠲᠠ ᠶᠢᠨ ᠪᠢᠴᠢᠭ᠂ ᠭᠦᠢᠴᠡᠳᠬᠡᠵᠦ ᠳᠠᠭᠤᠰᠬᠠᠬᠤ ᠬᠠᠭᠤᠳᠠᠰᠤ᠂ ᠦᠨᠡᠯᠡᠬᠦ | ᠬᠦᠰᠦᠨᠦᠭᠲᠦ᠂ ᠵᠤᠭᠰᠤᠭᠠᠬᠤ ᠬᠠᠭᠤᠳᠠᠰᠤ ᠵᠡᠷᠭᠡ ᠶᠢ ᠪᠢᠴᠢᠭ ᠤᠨ ᠬᠠᠮᠳᠤ ᠳᠠᠷᠤᠮᠠᠯᠯᠠᠨ ᠲᠠᠷᠬᠠᠭᠠᠵᠤ᠂ ᠣᠷᠣᠯᠠᠨ | ᠭᠦᠢᠴᠡᠳᠬᠡᠬᠦ ᠬᠠᠪᠰᠤᠷᠤᠨ ᠭᠦᠢᠴᠡᠳᠬᠡᠬᠦ ᠶᠢ ᠭᠤᠶᠤᠴᠢᠯᠠᠬᠤ ᠠᠴᠠ ᠠᠪᠤᠭᠠᠳ ᠭᠦᠢᠴᠡᠳᠬᠡᠵᠦ ᠳᠠᠭᠤᠰᠬᠠᠬᠤ | ᠬᠦᠷᠲᠡᠯᠡᠬᠢ ᠪᠦᠬᠦ ᠴᠤᠪᠤᠷᠠᠯ ᠳᠤ ᠬᠠᠮᠤᠷᠴᠤ᠂ ᠲᠦᠷᠦᠯ ᠵᠦᠢᠯ ᠤᠨ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠨ᠎ᠡ᠃ |