ᠵᠠᠰᠠᠭ ᠤᠨ ᠣᠷᠳᠣᠨ ᠤ ᠠᠵᠢᠯ ᠤᠨ ᠢᠯᠡᠳᠬᠡᠯ | — 2021 ᠣᠨ ᠤ 3 ᠰᠠᠷ᠎ᠠ ᠶᠢᠨ 1 ᠤ ᠡᠳᠦᠷ ᠲᠤᠭᠤᠷᠢᠭ ᠤᠨ ᠠᠷᠪᠠᠨ ᠵᠢᠷᠭᠤᠳᠤᠭᠠᠷ | ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠳᠡᠭᠡᠷ᠎ᠡ | ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠢᠦᠢ ᠾᠦᠢ ᠲᠤᠤ | ᠲᠥᠯᠥᠭᠡᠯᠡᠭᠴᠢᠳ ᠡ᠄ | ᠤᠳᠤ ᠪᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ | ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠂ ᠲᠡᠷᠡᠴᠢᠯᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ | ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2020 ᠣᠨ ᠵᠢᠴᠢ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ | ᠬᠤᠭᠤᠴᠠᠭᠠᠨ ᠳᠠᠬᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠷᠭᠢᠴᠡᠭᠦᠯᠦᠯ | 2020 ᠣᠨ ᠪᠣᠯ ᠮᠠᠨ ᠤ ᠲᠤᠭᠤᠷᠢᠭ ᠤᠨ ᠬᠥᠭᠵᠢᠯᠲᠡ ᠶᠢᠨ ᠠᠬᠢᠴᠠ ᠳᠠᠬᠢ ᠲᠦᠢᠯ ᠤᠨ ᠶᠡᠷᠦ ᠪᠤᠰᠤ ᠶᠢᠨ | ᠨᠢᠭᠡ ᠵᠢᠯ ᠪᠣᠯᠤᠨ᠎ᠠ᠃ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠠᠵᠤ ᠠᠬᠤᠶ ᠶᠢᠨ ᠪᠠᠶᠢᠳᠠᠯ ᠤᠨ ᠡᠮᠦᠨ᠎ᠡ᠂ | ᠥᠭᠡᠷᠡᠴᠢᠯᠡᠯᠲᠡ ᠬᠥᠭᠵᠢᠯᠲᠡ ᠲᠣᠭᠲᠠᠭᠤᠨ ᠪᠠᠶᠢᠳᠠᠯ ᠤᠨ ᠬᠠᠲᠠᠭᠤ ᠪᠡᠷᠬᠡ ᠬᠦᠨᠳᠦ ᠡᠭᠦᠷᠭᠡ ᠶᠢᠨ ᠡᠮᠦᠨ᠎ᠡ᠂ | ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠶ | ᠳᠠᠭᠠᠷᠢᠯᠲᠠ ᠳᠤ ᠪᠢᠳᠡ ᠲᠦᠩᠯᠢᠶᠣᠤ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠣᠯᠤᠨ | ᠲᠣᠭᠤᠷᠢᠭ ᠤᠨ ᠨᠠᠮ ᠤᠨ ᠬᠤᠷᠢᠶ᠎ᠠ ᠶᠢᠨ ᠵᠥᠪ ᠣᠨᠣᠪᠴᠢᠲᠠᠶ ᠤᠳᠤᠷᠢᠳᠤᠯᠭ᠎ᠠ ᠳᠣᠣᠷ᠎ᠠ᠂ ᠲᠤᠭᠤᠷᠢᠭ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ | ᠳᠡᠮᠵᠢᠯᠭᠡ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠰᠢ ᠶᠢᠨ ᠫᠢᠩ ᠶᠡᠷᠦᠩᠬᠡᠶ ᠱᠦᠵᠢ ᠶᠢᠨ | ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ | ᠪᠦᠲᠦᠭᠡᠬᠦ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ | ᠤᠷᠤᠭᠰᠢᠯᠠᠭᠤᠯᠬᠤ ᠠᠵᠢᠯ ᠤᠨ ᠶᠡᠷᠦᠩᠬᠡᠶ ᠬᠦᠭ ᠠᠶᠠᠰ ᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ | ᠪᠣᠯᠭᠠᠬᠤ ᠶᠢ ᠪᠠᠷᠢᠮᠲᠠᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠶ ᠨᠡᠶᠢᠭᠡᠮ ᠤᠨ | ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠵᠢᠷᠭᠤᠭ᠎ᠠ ᠶᠢ ᠲᠤᠭᠲᠠᠪᠤᠷᠢᠵᠢᠭᠤᠯᠵᠤ︾᠂ ︽ | ᠵᠢᠷᠭᠤᠭ᠎ᠠ ᠶᠢ ᠪᠠᠲᠤᠯᠠᠬᠤ︾ ᠶᠢ ᠯᠠᠪᠳᠠᠭᠤᠨ ᠪᠠᠲᠤᠲᠠᠶ ᠰᠠᠶᠢᠲᠤᠷ ᠠᠳᠬᠤᠵᠤ᠂ ᠠᠵᠤ ᠠᠬᠤᠶ ᠶᠢᠨ ᠬᠥᠭᠵᠢᠯᠲᠡ ᠶᠢ | ᠠᠯᠭᠤᠷ ᠲᠣᠭᠲᠠᠭᠤᠨ ᠪᠣᠯᠭᠠᠬᠤ᠂ ᠨᠡᠶᠢᠭᠡᠮ ᠤᠨ ᠶᠡᠭᠡ ᠲᠠᠯ᠎ᠠ ᠶᠢ ᠡᠶ᠎ᠡ ᠵᠣᠬᠢᠴᠠᠯ ᠲᠠᠢ ᠲᠣᠭᠲᠠᠭᠤᠨ ᠪᠠᠶᠢᠯᠭᠠᠬᠤ ᠶᠢ | ᠪᠡᠶᠡᠯᠡᠭᠦᠯᠪᠡ᠃ | ᠨᠢᠭᠡ ᠵᠢᠯ ᠤᠨ ᠲᠤᠷᠰᠢ ᠭᠤᠣᠯᠳᠠᠭᠤ ᠳᠣᠣᠷᠠᠬᠢ ᠠᠵᠢᠯ ᠤᠳ ᠢ ᠬᠢᠪᠡ᠄ | ︵ᠨᠢᠭᠡ︶ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠭᠦᠰᠬᠦ ᠥᠬᠡᠶ ᠪᠠᠶᠢᠬᠤ ᠶᠢ | ᠦᠷᠭᠦᠯᠵᠢᠯᠡᠨ ᠪᠠᠲᠤᠯᠠᠨ᠎ᠠ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠨ᠂ | ᠪᠦᠯᠬᠦᠮᠳᠡᠨ ᠨᠢᠭᠡᠳᠴᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ 1.2 ᠲᠦᠮᠡ ᠭᠠᠷᠤᠶ ᠬᠥᠮᠦᠨ ᠢ | ᠵᠣᠬᠢᠶᠠᠨ ᠪᠠᠶᠢᠭᠤᠯᠤᠨ ᠲᠠᠶᠢᠴᠢᠯᠠᠵᠤ᠂ 6156 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ | ᠨᠡᠶᠢᠭᠡᠮ ᠤᠨ ᠬᠠᠨᠳᠢᠪᠯᠠᠭᠰᠠᠨ ᠵᠣᠭᠤᠰ ᠮᠥᠩᠭᠦ ᠡᠳ᠋ ᠪᠣᠳᠠᠰ ᠢ 1558 ᠲᠦᠮᠡᠨ ᠲᠥᠭᠦᠷᠢᠭ ᠢᠶᠠᠷ ᠨᠤᠭᠤᠯᠤᠨ | ᠪᠤᠳᠤᠵᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠤᠯᠠᠨ ᠢᠶᠠᠷ ᠢᠶᠠᠨ ᠰᠡᠷᠭᠡᠶᠢᠯᠡᠵᠦ | ᠤᠯᠠᠨ ᠢᠶᠠᠷ ᠢᠶᠠᠨ ᠡᠵᠡᠮᠳᠡᠬᠦ ᠰᠡᠷᠭᠡᠶᠢᠯᠡᠨ ᠡᠵᠡᠮᠳᠡᠬᠦ ᠰᠢᠰᠲ᠋ᠧᠮ ᠢ ᠪᠠᠶᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠷᠠᠳ ᠤᠨ ᠲᠠᠶᠢᠨ᠂ ᠶᠡᠷᠦᠩᠬᠡᠶ ᠲᠠᠶᠢᠨ᠂ ᠬᠤᠷᠢᠭᠯᠠᠨ ᠴᠣᠬᠢᠬᠤ ᠲᠠᠶᠢᠨ ᠢ ᠡᠷᠡᠰ ᠰᠠᠶᠢᠲᠤᠷ ᠬᠢᠵᠦ᠂ | ᠪᠦᠬᠦ ᠲᠤᠭᠤᠷᠢᠭ ᠤᠨ ᠬᠢᠵᠢᠭ ᠤᠨ ᠪᠠᠶᠢᠳᠠᠯ ᠦᠯᠦ ᠡᠭᠦᠰᠬᠦ ᠶᠢ ᠪᠡᠶᠡᠯᠡᠭᠦᠯᠪᠡ᠃ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠢ ᠳᠠᠭᠤᠰᠲᠠᠯ᠎ᠠ ᠬᠢᠴᠢᠶᠡᠨ ᠰᠠᠶᠢᠲᠤᠷ ᠬᠢᠵᠦ᠂ ︽ᠭᠠᠳᠠᠭᠠᠳᠤ ᠠᠴᠠ | ᠣᠷᠣᠭᠤᠯᠬᠤ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠰᠡᠷᠭᠦᠬᠦ ᠶᠢ ᠰᠡᠷᠭᠡᠶᠢᠯᠡᠬᠦ︾ ᠶᠢ ᠪᠠᠷᠢᠮᠲᠠᠯᠠᠵᠤ᠂ | ᠬᠤᠲᠠ ᠲᠣᠭᠤᠷᠢᠭ᠂ ᠲᠠᠷᠢᠶᠠᠯᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠰᠲ᠋ᠧᠮ ᠤᠨ | ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠣᠯᠠᠨ ᠭᠠᠵᠠᠷ ᠲᠤ ᠬᠥᠨᠳᠡᠭᠳᠡᠬᠦ ᠶᠢ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ︽ᠪᠠᠶᠢᠴᠠᠭᠠᠬᠤ ᠶᠣᠰᠣᠲᠠᠶ ᠶᠢ ᠨᠢ | ᠴᠥᠮ ᠪᠠᠶᠢᠴᠠᠭᠠᠬᠤ︾ ᠡᠭᠦᠷᠭᠡ ᠶᠢ ᠥᠨᠳᠥᠷ ᠪᠠᠷᠢᠮᠵᠢᠶ᠎ᠠ ᠪᠠᠷ ᠨᠠᠶᠢᠳᠠᠪᠤᠷᠢᠵᠢᠭᠤᠯᠤᠨ᠂ ᠰᠥᠭᠡᠷᠭᠦ ᠳᠠᠷᠤᠯᠲᠠᠲᠤ | ᠲᠦᠷᠭᠡᠨ ᠠᠪᠤᠷᠠᠯᠳᠠ ᠶᠢᠨ ᠲᠡᠷᠭᠡ ᠥᠬᠡᠶ ᠪᠠᠶᠢᠭᠰᠠᠨ ᠠᠴᠠ ᠪᠠᠨ ᠪᠠᠶᠢᠬᠤ ᠪᠣᠯᠵᠣ᠂ ᠡᠮᠨᠡᠯᠭᠡ ᠶᠢᠨ ᠬᠤᠷᠢᠶᠠᠨ ᠤ | ᠰᠡᠷᠡᠯ ᠢ ᠰᠡᠷᠭᠡᠶᠢᠯᠡᠨ ᠡᠵᠡᠮᠳᠡᠬᠦ᠂ ᠴᠤᠪᠤᠷᠠᠭᠤᠯᠤᠨ ᠲᠣᠬᠢᠷᠠᠭᠤᠯᠬᠤ ᠶᠢ ᠰᠢᠭᠰᠢᠨ ᠪᠠᠶᠢᠴᠠᠭᠠᠬᠤ ᠶᠢ ᠪᠡᠶᠡᠯᠡᠭᠦᠯᠵᠦ᠂ | ᠡᠳ᠋ ᠪᠣᠳᠠᠰ ᠤᠨ ᠪᠠᠲᠤᠯᠠᠭ᠎ᠠ ᠶᠢᠨ ᠴᠢᠳᠠᠪᠤᠷᠢ ᠶᠢ ᠲᠦᠷᠭᠡᠨ ᠢᠶᠠᠷ ᠳᠡᠭᠡᠭᠰᠢᠯᠡᠭᠦᠯᠦᠨ᠂ ᠭᠤᠤᠯᠳᠠᠯᠭ᠎ᠠ ᠲᠠᠢ ᠬᠥᠮᠦᠰ ᠲᠤ | 1.6 ᠲᠦᠮᠡᠨ ᠸᠢᠷᠦ᠋ᠰ ᠤᠨ ᠸᠠᠺᠼᠢᠨ ᠤ ᠲᠠᠷᠢᠯᠭ᠎ᠠ ᠶᠢ ᠲᠠᠰ ᠳᠠᠷᠠᠭᠠᠯᠠᠯ ᠲᠠᠢ ᠪᠡᠶᠡᠯᠡᠭᠦᠯᠵᠦ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠣᠶ ᠪᠣᠯᠭᠠᠪᠠ᠃ | ︵ᠬᠤᠶᠠᠷ︶ ᠨᠡᠮᠡᠭᠳᠡᠯ ᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠪᠠᠲᠤᠯᠠᠬᠤ ᠠᠵᠢᠯ ᠢᠳᠡᠪᠬᠢᠲᠡᠶ ᠦᠷ᠎ᠡ | ᠪᠦᠲᠦᠮᠵᠢ ᠤᠯᠪᠠ᠃ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠠᠳᠠᠯᠢ ᠬᠤᠭᠤᠴᠠᠭᠠᠨ ᠤ ᠬᠢ ᠠᠴᠠ | 0.8% ᠪᠠᠷ ᠪᠠᠭᠤᠷᠠᠵᠤ᠂ ᠪᠠᠭᠠᠰᠤᠭᠰᠠᠨ ᠪᠠᠶᠢᠳᠠᠯ ᠢᠯᠡᠷᠬᠡᠶ ᠪᠣᠯᠵᠣ᠂ ᠬᠤᠲᠠ ᠪᠠᠯᠭᠠᠰᠤᠨ ᠤ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 1.8% ᠪᠠᠷ ᠨᠡᠮᠡᠭᠳᠡᠵᠦ᠂ ᠮᠠᠯᠴᠢᠨ ᠲᠠᠷᠢᠶᠠᠴᠢᠨ ᠤ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 8.7% ᠪᠠᠷ ᠨᠡᠮᠡᠭᠳᠡᠪᠡ᠃ ᠠᠵᠤ ᠠᠬᠤᠶᠢᠯᠠᠯ ᠢ ᠬᠠᠪᠰᠤᠷᠤᠨ | ᠬᠦᠴᠢᠷᠳᠡᠯ ᠢ ᠰᠢᠢᠳᠪᠦᠷᠢᠯᠡᠬᠦ᠂ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠵᠡᠷᠭᠡ | ᠲᠦᠷᠦ ᠶᠢᠨ ᠪᠤᠳᠤᠯᠭ᠎ᠠ ᠶᠢ ᠥᠨᠳᠥᠷ ᠪᠦᠲᠦᠮᠵᠢᠲᠡᠶ ᠪᠠᠷ ᠨᠠᠶᠢᠳᠠᠪᠤᠷᠢᠵᠢᠭᠤᠯᠵᠤ᠂ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠤᠨ ᠪᠤᠴᠠᠭᠠᠬᠤ ᠲᠦᠷᠦ ᠶᠢᠨ ᠪᠤᠳᠤᠯᠭ᠎ᠠ ᠶᠢᠨ ᠨᠥᠬᠦᠪᠥᠷᠢ ᠪᠡᠯᠡ ᠮᠥᠩᠭᠦ ᠶᠢ 2149 ᠲᠦᠮᠡᠨ | ᠲᠥᠭᠦᠷᠢᠭ ᠲᠠᠷᠬᠠᠭᠠᠵᠤ᠂ ᠰᠢᠨ᠎ᠡ ᠪᠠᠷ ᠨᠡᠮᠡᠭᠳᠡᠭᠰᠡᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠤᠭᠰᠠᠨ | ᠬᠡᠮᠵᠢᠶ᠎ᠡ 7.6 ᠳ᠋ᠦᠩᠰᠢᠭᠤᠷ ᠲᠥᠭᠦᠷᠢᠭ ᠢ ᠳᠠᠪᠠᠵᠤ᠂ ᠠᠵᠤ ᠠᠬᠤᠶᠢᠯᠠᠯ ᠳᠤ 80 ᠳ᠋ᠦᠩᠰᠢᠭᠤᠷ ᠲᠥᠭᠦᠷᠢᠭ ᠤᠨ | ᠵᠢᠭᠡᠯᠡᠯᠭᠡ ᠲᠠᠯᠪᠢᠵᠤ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠪᠦᠬᠦ ᠬᠦᠴᠦᠨ ᠢᠶᠠᠷ ᠢᠶᠠᠨ | ᠲᠦᠯᠬᠢᠨ ᠠᠬᠢᠭᠤᠯᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠪᠦᠬᠦ ᠲᠤᠭ᠎ᠠ 8.7 ᠲᠦᠮᠡᠨ ᠡᠷᠦᠭᠡ ᠶᠢ | ᠳᠠᠪᠠᠵᠤ᠂ ᠪᠦᠬᠦ ᠬᠤᠳᠠ ᠳᠤ ᠨᠢᠭᠡᠳᠦᠭᠡᠷ ᠲᠤ ᠣᠷᠣᠪᠠ᠃ ᠶᠡᠭᠡ ᠬᠦᠴᠦ ᠣᠷᠣᠭᠤᠯᠤᠨ ᠠᠵᠢᠯ ᠣᠯᠭᠤᠯᠲᠠ ᠶᠢ | ᠪᠠᠲᠤᠯᠠᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ | ᠠᠯᠳᠠᠯᠲᠠ ᠶᠢᠨ ᠨᠣᠷᠮ᠎ᠠ ᠶᠢ 3.82% ᠲᠤ ᠬᠦᠷᠦᠭᠦᠯᠵᠦ᠂ ᠠᠳᠠᠯ ᠦᠢᠯᠡᠰ ᠴᠣᠭᠴᠠᠯᠠᠬᠤ ᠪᠠᠲᠤᠯᠠᠭᠠᠲᠤ | ᠵᠢᠭᠡᠯᠡᠯᠭᠡ ᠶᠢ 1.5 ᠳ᠋ᠦᠩᠰᠢᠭᠤᠷ ᠲᠥᠭᠦᠷᠢᠭ ᠲᠠᠯᠪᠢᠵᠤ᠂ ᠪᠥᠬᠦ ᠵᠢᠯ ᠳᠤ ᠬᠤᠲᠠ ᠪᠠᠯᠭᠠᠰᠤᠨ ᠤ 4900 | ᠬᠥᠮᠦᠨ ᠳᠤ ᠰᠢᠨ᠎ᠡ ᠪᠠᠷ ᠠᠵᠢᠯ ᠣᠯᠭᠤᠬᠤ ᠶᠢ ᠪᠡᠶᠡᠯᠡᠭᠦᠯᠪᠡ᠃ ᠱᠠᠨᠳᠦ᠋ᠩ ᠤᠨ ᠴᠢᠩᠳᠣᠤ᠂ ᠭᠤᠸᠠᠩᠳᠦ᠋ᠩ ᠤᠨ | ᠾᠦᠢᠵᠸᠤ ᠵᠡᠷᠭᠡ ᠭᠠᠵᠠᠷ ᠣᠷᠣᠨ ᠯᠤᠭ᠎ᠠ ᠶᠢᠨ ᠬᠥᠳᠡᠯᠮᠦᠷᠢ ᠶᠢᠨ ᠬᠦᠴᠦᠨ ᠤ ᠭᠠᠷᠭᠠᠯᠭ᠎ᠠ ᠶᠢᠨ ᠬᠠᠮᠲᠤᠷᠠᠯᠴᠠᠭ᠎ᠠ ᠪᠠᠨ | ᠴᠢᠩᠭᠠᠳᠬᠠᠵᠤ᠂ 8 ᠲᠦᠮᠡ ᠭᠠᠷᠤᠶ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ᠠᠵᠢᠯ | ᠣᠯᠭᠤᠯᠲᠠ ᠶᠢᠨ ᠪᠠᠶᠢᠳᠠᠯ ᠤᠨ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠲᠤᠯᠠᠪᠠ᠃ | ︵ᠭᠤᠷᠪᠠ︶ ᠠᠵᠤ ᠦᠢᠯᠡᠳᠪᠦᠷᠢ ᠶᠢᠨ ᠠᠵᠤ ᠠᠬᠤᠶ ᠶᠢᠨ ᠰᠥᠷᠭᠡᠦ ᠨᠡᠮᠡᠭᠳᠡᠯ ᠢ ᠪᠡᠶᠡᠯᠡᠭᠦᠯᠪᠡ᠃ ᠮᠸᠢ | ᠬᠤᠸ᠋ᠨ ᠠᠮᠢᠳᠤ ᠪᠣᠳᠠᠰ ᠨᠢ ᠧᠦ᠋ᠷᠣᠫᠠ ᠲᠢᠪ᠂ ᠵᠡᠭᠦᠨ ᠡᠮᠦᠨᠡᠲᠦ ᠠᠽᠢᠶ᠎ᠠ ᠶᠢᠨ ᠵᠠᠬ᠎ᠠ ᠳᠡᠯᠭᠡᠭᠦᠷ ᠢ ᠢᠳᠡᠪᠬᠢᠲᠡᠢ | ᠨᠡᠭᠡᠭᠡᠵᠦ᠂ ᠭᠠᠳᠠᠭᠠᠳᠤ ᠭᠠᠷᠭᠠᠯᠲᠠ ᠶᠢᠨ ᠬᠡᠮᠵᠢᠶ᠎ᠡ ᠂ ᠭᠠᠳᠠᠭᠠᠳᠤ ᠭᠠᠷᠭᠠᠯᠲᠠ ᠶᠢᠨ ᠲᠤᠭ᠎ᠠ ᠦᠷᠭᠦᠯᠵᠢᠯᠡᠨ ᠬᠤᠣᠰ | ᠨᠡᠮᠡᠭᠳᠡᠯ ᠢᠶᠠᠨ ᠪᠠᠲᠤᠯᠠᠵᠤ᠂ ︽ᠥᠪᠥᠷ ᠮᠣᠩᠭᠤᠯ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ 100 | ᠬᠦᠴᠦᠷᠬᠡᠭ︾ ᠤᠨ ᠨᠢᠭᠡᠳᠦᠭᠡᠷ ᠵᠢᠭᠰᠠᠭᠠᠯ ᠳᠤ ᠯᠠᠪᠳᠠᠭᠤᠨ ᠪᠠᠶᠢᠷᠢᠯᠠᠪᠠ᠃ ᠮᠣᠩᠭᠤᠯ ᠸᠠᠩ ᠠᠵᠤ | ᠦᠢᠯᠡᠰ ᠤᠨ ᠬᠢᠨ ᠤᠯᠤᠰ ᠤᠨ ᠲᠠᠰ ᠤᠨ ᠪᠣᠬᠢᠷᠲᠤᠯ ᠥᠬᠡᠶ ᠦᠢᠯᠡᠳᠪᠦᠷᠢ ᠪᠠᠷ ᠦᠨᠡᠯᠡᠭᠳᠡᠵᠦ᠂ ᠵᠢᠩ ᠲᠦᠩ | ᠲᠠᠷᠢᠶᠠᠯᠠᠩ ᠤᠨ ︽ ᠰᠢᠨ ᠯᠢᠶᠠᠩ ᠭᠦ᠋ ᠢᠤᠢ︾ ᠬᠠᠷ᠎ᠠ ᠪᠤᠭᠤᠳᠠᠶ ᠶᠢᠨ ᠭᠤᠯᠢᠷ ᠤᠯᠤᠰ ᠤᠨ ᠲᠠᠰ ᠤᠨ ᠪᠣᠬᠢᠷᠲᠤᠯ | ᠥᠬᠡᠶ ᠢᠳᠡᠭᠡᠨ ᠤ A ᠲᠠᠰ ᠤᠨ ᠪᠦᠲᠦᠭᠡᠭᠳᠡᠬᠦᠨ ᠢᠶᠠᠷ ᠦᠨᠡᠯᠡᠭᠳᠡᠵᠦ᠂ ᠪᠥᠬᠦ ᠵᠢᠯ ᠳᠤ 4 ᠠᠵᠤ | ᠦᠢᠯᠡᠳᠪᠦᠷᠢ ᠶᠢᠨ ᠠᠵᠤ ᠠᠬᠤᠶᠢᠯᠠᠯ ᠢᠶᠠᠷ ᠰᠢᠨ᠎ᠡ ᠪᠠᠷ ᠦᠨᠡᠯᠡᠭᠳᠡᠵᠦ᠂ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ 3.3% ᠪᠠᠷ ᠨᠡᠮᠡᠭᠳᠡᠪᠡ᠃ ᠰᠢᠨ ᠬᠤᠤ ᠲᠠᠷᠢᠶᠠᠯᠠᠩ ᠮᠠᠯ ᠠᠵᠤ ᠠᠬᠤᠶ ᠶᠢᠨ 30 ᠲᠦᠮᠡᠨ ᠲᠣᠨ ᠤ | ᠪᠥᠬᠦ ᠦᠨ᠎ᠡ ᠶᠢᠨ ᠪᠣᠷᠳᠤᠭ᠎ᠠ ᠶᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠨ᠂ ᠠᠵᠤ ᠦᠢᠯᠡᠰ ᠤᠨ | ᠢᠵᠢ ᠪᠦᠷᠢᠳᠦᠭᠦᠯᠬᠦ ᠴᠢᠳᠠᠪᠤᠷᠢ ᠶᠢ ᠪᠥᠬᠦ ᠲᠠᠯ᠎ᠠ ᠪᠠᠷ ᠴᠢᠩᠭᠠᠷᠠᠭᠤᠯᠪᠠ᠃ ᠵᠢᠩ ᠰᠢᠨ ᠰᠢᠨᠵᠢᠯᠡᠬᠦ ᠤᠬᠠᠭᠠᠨ | ᠮᠡᠷᠭᠡᠵᠢᠯ ᠤᠨ 3000 ᠲᠣᠨ ᠴᠡᠪᠡᠷ ᠢᠰᠦᠯᠳᠦ ᠬᠥᠩᠭᠡᠨᠴᠠᠭᠠᠨ ᠤ ᠢᠰᠦᠯ ᠨᠢ ᠠᠰᠢᠭᠯᠠᠯᠲᠠ ᠳᠤ ᠣᠷᠣᠬᠤ | ᠨᠥᠬᠦᠴᠡᠯ ᠢ ᠪᠦᠷᠢᠳᠦᠭᠦᠯᠵᠦ᠂ ᠪᠢᠳᠦᠷᠶ᠎ᠡ ᠦᠢᠯᠡᠳᠪᠦᠷᠢᠯᠡᠯ ᠤᠨ ᠲᠦᠭᠦᠬᠡᠶ ᠮᠠᠲ᠋ᠧᠷᠢᠶᠠᠯ ᠤᠨ ᠬᠡᠷᠡᠮ ᠠᠯᠠᠰᠯᠠᠨ | ᠬᠠᠩᠭᠠᠯᠭ᠎ᠠ ᠶᠢ ᠠᠬᠢᠭᠤᠯᠤᠨ᠎ᠠ᠃ ᠮᠤ᠋ ᠰᠧ ᠹᠠᠩ ᠵᠢᠵᠢᠭ ᠪᠣᠭᠤᠳᠠᠯ ᠲᠠᠢ ᠲᠦᠷᠭᠡᠨ ᠬᠥᠯᠳᠡᠭᠡᠭᠰᠡᠨ ᠢᠳᠡᠭᠡᠨ ᠢ | ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠴᠡᠪᠡᠷ ᠢᠳᠡᠭᠡᠨ ᠤ ᠠᠮᠤᠷ ᠲᠦᠪᠰᠢᠨ ᠤ ᠬᠤᠲᠠ ᠶᠢᠨ | ᠲᠠᠰ ᠤᠨ ᠴᠡᠪᠡᠷ ᠨᠣᠭᠤᠭ᠎ᠠ ᠶᠢᠨ ᠲᠥᠪ ᠤᠨ ᠲᠥᠷᠥᠯ ᠵᠦᠢᠯ ᠢ ᠪᠥᠬᠦ ᠲᠠᠯ᠎ᠠ ᠪᠠᠷ ᠡᠬᠢᠯᠡᠭᠦᠯᠵᠦ᠂ ᠪᠣᠬᠢᠷᠲᠤᠯ ᠥᠬᠡᠶ | ᠡᠷᠡᠭᠦᠯ ᠢᠳᠡᠭᠡᠨ ᠤᠮᠳᠠᠭᠠᠨ ᠤ ᠬᠠᠩᠭᠠᠯᠭ᠎ᠠ ᠶᠢᠨ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠬᠠᠶ | ᠲᠢᠶᠠᠨ ᠮᠣᠩᠭᠤᠯ ᠬᠢᠲᠠᠳ ᠡᠮ ᠤᠨ ᠮᠠᠲ᠋ᠧᠷᠢᠶᠠᠯ ᠤᠨ ᠴᠢᠨᠠᠬᠤ ᠡᠮ ᠤᠨ ᠲᠥᠷᠥᠯ ᠵᠦᠢᠯ ᠢ ᠡᠮᠬᠢ ᠵᠢᠷᠤᠮ ᠲᠠᠢ | ᠪᠥᠲᠥᠭᠡᠨ ᠪᠠᠶᠢᠭᠤᠯᠵᠤ᠂ ᠮᠥᠩᠬᠡ ᠡᠮ ᠤᠨ ᠦᠢᠯᠡᠰ ᠢ ᠲᠤᠷᠰᠢᠨ ᠦᠢᠯᠡᠳᠪᠦᠷᠢᠯᠡᠬᠦ ᠱᠠᠲᠤᠨ ᠳᠤ ᠣᠷᠣᠭᠤᠯᠵᠤ᠂ | ᠮᠣᠩᠭᠤᠯ ᠬᠢᠲᠠᠳ ᠡᠮ ᠳᠠᠷᠢᠬᠤ᠂ ᠦᠢᠯᠡᠳᠪᠦᠷᠢᠯᠡᠵᠦ ᠡᠳ᠋ᠰᠢᠭᠦᠯᠬᠦ᠂ ᠰᠤᠳᠤᠯᠤᠨ ᠨᠡᠭᠡᠭᠡᠵᠦ ᠳᠡᠯᠭᠡᠷᠡᠭᠦᠯᠬᠦ ᠪᠥᠬᠦ | ᠬᠡᠯᠬᠢᠶᠡᠰᠦ ᠶᠢᠨ ᠵᠠᠭᠪᠤᠷ ᠢ ᠬᠦᠴᠦᠯᠡᠨ ᠪᠠᠶᠢᠭᠤᠯᠤᠨ᠎ᠠ᠃ ᠯᠦᠩ ᠮᠠ ᠶᠢᠨ ᠳᠡᠭᠡᠳᠦ ᠲᠠᠰ ᠤᠨ ᠲᠣᠨᠤᠭ | ᠲᠥᠬᠦᠭᠡᠷᠦᠮᠵᠢ ᠦᠢᠯᠡᠳᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠲᠦᠷᠭᠡᠳᠴᠦ᠂ | ᠲᠣᠨᠤᠭ ᠲᠥᠬᠦᠭᠡᠷᠦᠮᠵᠢ ᠦᠢᠯᠡᠳᠬᠦ ᠪᠠ ᠴᠡᠪᠡᠷ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ ᠬᠠᠮᠲᠤ ᠪᠠᠷ | ᠬᠥᠭᠵᠢᠬᠦ ᠶᠢ ᠪᠦᠯᠦᠭᠯᠡᠨ ᠳᠠᠶᠢᠴᠢᠯᠠᠪᠠ᠃ | ︵ᠳᠥᠷᠪᠡ︶ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠤᠶᠤᠨᠲᠤ ᠠᠯᠬᠤᠮ ᠢ ᠠᠯᠬᠤᠪᠠ᠃ | ᠬᠦᠴᠦ ᠪᠠᠨ ᠲᠥᠪᠯᠡᠷᠡᠭᠦᠯᠦᠨ ︽ᠤᠶᠤᠨᠲᠤ ᠲᠤᠮᠤ ᠲᠠᠷᠢᠶᠠᠯᠠᠩ︾ ᠤᠨ ᠬᠥᠭᠵᠢᠯᠲᠡ ᠶᠢᠨ ᠰᠢᠨ᠎ᠡ ᠵᠠᠭᠪᠤᠷ ᠢ | ᠡᠭᠦᠳᠴᠦ᠂ ᠤᠳᠤ ᠦᠶ᠎ᠡ ᠶᠢᠨ ᠲᠠᠷᠢᠶᠠᠯᠠᠩ ᠤᠨ ᠬᠡᠯᠪᠡᠷᠢ ᠶᠢ ᠤᠶᠤᠨᠵᠢᠭᠤᠯᠬᠤ ᠲᠡᠰᠢ ᠬᠤᠪᠢᠷᠠᠭᠤᠯᠬᠤ ᠶᠢ | ᠲᠦᠷᠭᠡᠳᠬᠡᠨ᠎ᠡ᠃ ᠮᠣᠳᠣᠲᠤ ᠪᠠᠯᠭᠠᠰᠤ᠂ ᠢᠦᠶ ᠰᠢᠨ ᠪᠠᠯᠭᠠᠰᠤ ᠪᠠᠷ ᠭᠤᠤᠯ ᠪᠣᠯᠭᠠᠵᠤ᠂ 24.6 ᠲᠦᠮᠡᠨ ᠮᠥ | ᠲᠠᠯᠠᠪᠠᠶ ᠪᠥᠬᠦᠶ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠤ᠂ ᠥᠪᠡᠷᠲᠡᠭᠡᠨ | ᠵᠠᠰᠠᠬᠤ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠳᠥᠯᠭᠢᠨ | ᠠᠬᠢᠭᠤᠯᠬᠤ ᠲᠤᠬᠠᠶ ᠶᠢᠨ ᠲᠠᠯᠠᠪᠤᠷ ᠤᠨ ᠬᠤᠷᠠᠯ ᠢ ᠠᠮᠵᠢᠯᠲᠠ ᠲᠠᠢ ᠳᠠᠭᠠᠭᠠᠴᠢᠯᠠᠨ ᠡᠷᠭᠢᠯᠡᠪᠡ᠃ ᠬᠠᠲᠤᠨ ᠭᠤᠤᠯ ᠤᠨ | ᠡᠷᠳᠡᠨᠢ ᠰᠢᠰᠢ ᠶᠢᠨ ᠠᠵᠢᠯ ᠲᠥᠷᠥᠯ ᠤᠨ ᠨᠡᠶᠢᠭᠡᠮᠯᠢᠭ᠂ ᠲᠠᠷᠢᠶᠠᠯᠠᠩ ᠤᠨ ᠦᠢᠯᠡᠳᠪᠦᠷᠢᠯᠡᠯ ᠤᠨ ᠨᠠᠶᠢᠳᠠᠨ | ᠬᠠᠮᠢᠶᠠᠷᠤᠭᠤᠯᠬᠤ ᠦᠢᠯᠡᠴᠢᠯᠡᠭᠡᠨ ᠤ ᠠᠵᠢᠯ ᠲᠥᠷᠥᠯ ᠤᠨ ᠨᠡᠶᠢᠭᠡᠮᠯᠢᠭ ᠢ ᠪᠠᠶᠢᠭᠤᠯᠵᠤ᠂ 40 ᠵᠢᠷᠤᠮᠵᠢᠭᠰᠠᠨ | ᠬᠤᠷᠰᠢᠶ᠎ᠠ ᠶᠢ ᠥᠨᠳᠥᠷ ᠪᠠᠷᠢᠮᠵᠢᠶ᠎ᠠ ᠪᠠᠷ ᠪᠠᠶᠢᠭᠤᠯᠤᠨ᠂ 120 ᠡᠷᠦᠬᠡ ᠶᠢ ᠨᠥᠯᠥᠭᠡᠯᠡᠨ ᠳᠠᠶᠢᠴᠢᠯᠠᠨ | ᠳᠡᠭᠡᠭᠰᠢᠯᠡᠭᠦᠯᠵᠦ᠂ 110 ᠲᠦᠮᠡᠨ ᠮᠥ ᠭᠠᠵᠠᠷ ᠰᠢᠷᠣᠶ ᠶᠢ ᠬᠡᠪᠴᠢᠶᠡᠵᠢᠭᠦᠯᠦᠨ ᠡᠷᠭᠢᠯᠲᠡ ᠳᠤ ᠣᠷᠣᠭᠤᠯᠬᠤ ᠶᠢ | ᠳᠥᠯᠭᠢᠨ ᠠᠬᠢᠭᠤᠯᠵᠤ᠂ 23 ᠲᠦᠮᠡᠨ ᠮᠥ ᠳᠤ ᠨᠠᠶᠢᠳᠠᠨ ᠬᠠᠮᠢᠶᠠᠷᠤᠭᠤᠯᠵᠤ ᠳᠠᠷᠢᠵᠤ᠂ ᠲᠠᠷᠢᠶᠠᠯᠠᠩ ᠤᠨ | ᠶᠠᠪᠤᠳᠠᠯ ᠤᠨ ᠵᠠᠬᠢᠶᠠᠯᠠᠭ᠎ᠠ ᠶᠢᠨ ᠦᠢᠯᠡᠴᠢᠯᠡᠭᠡ 140 ᠲᠦᠮᠡᠨ ᠮᠥ ᠶᠢ ᠳᠠᠪᠠᠪᠠ᠃ ᠬᠠᠭᠠᠯᠪᠤᠷᠢᠯᠠᠬᠤ ᠥᠬᠡᠶ ᠪᠠᠷ | ᠳᠠᠷᠢᠬᠤ᠂ ᠤᠰᠤ ᠪᠣᠷᠲᠣᠭᠤᠷ ᠢ ᠨᠢᠭᠡ ᠴᠤᠭᠴᠠᠵᠢᠭᠤᠯᠬᠤ᠂ ᠣᠶᠤᠨᠴᠢ ᠪᠠᠷ ᠰᠡᠷᠭᠡᠶᠢᠯᠡᠨ ᠡᠵᠡᠮᠳᠡᠬᠦ ᠵᠡᠷᠭᠡ | ᠲᠠᠷᠢᠶᠠᠯᠠᠩ ᠤᠨ ᠮᠡᠷᠭᠡᠵᠢᠯ ᠲᠠᠷᠢᠶᠠᠯᠠᠩ ᠤᠨ ᠮᠡᠷᠭᠡᠵᠢᠯ ᠢ ᠪᠣᠯᠪᠠᠰᠤᠷᠠᠩᠭᠤᠶ ᠬᠡᠷᠡᠭᠯᠡᠵᠦ᠂ ᠨᠢᠭᠡᠳᠦᠭᠡᠷ ᠪᠦᠯᠦᠭ ᠤᠨ | ᠪᠥᠬᠦ ᠤᠯᠤᠰ ᠤᠨ ᠪᠣᠬᠢᠷᠲᠤᠯ ᠥᠬᠡᠶ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠰᠢᠶᠠᠨ ᠢᠶᠠᠷ ᠦᠨᠡᠯᠡᠭᠳᠡᠪᠡ᠃ | ᠡᠷᠳᠡᠨᠢ ᠰᠢᠰᠢ ᠶᠢᠨ ᠥᠨᠳᠥᠷ ᠤᠨᠠᠯᠲᠠ ᠶᠢ ᠡᠭᠦᠳᠦᠨ ᠪᠠᠶᠢᠭᠤᠯᠬᠤ ᠮᠦ ᠪᠦᠷᠢ ᠶᠢᠨ ᠤᠨᠠᠯᠲᠠ ᠲᠠᠢ ᠬᠠᠭᠤᠷᠠᠶ ᠠᠮᠤ | 1245 ᠺᠢᠯᠣᠭ᠍ᠷᠠᠮ ᠳᠤ ᠬᠦᠷᠴᠦ᠂ ᠵᠡᠭᠦᠨ ᠬᠤᠶᠢᠲᠤ ᠣᠷᠣᠨ ᠤ ᠣᠷᠦ᠋ᠢᠯᠠᠭᠰᠠᠨ ᠲᠦᠪᠰᠢᠨ ᠳᠤ ᠬᠦᠷᠴᠦ᠂ ᠠᠮᠤ | ᠪᠤᠳᠠᠭᠠᠨ ᠤ ᠶᠡᠷᠦᠩᠬᠡᠶ ᠤᠨᠠᠯᠲᠠ 31.2 ᠳ᠋ᠦᠩᠰᠢᠭᠤᠷ ᠵᠢᠩ ᠢ ᠳᠠᠪᠠᠪᠠ᠃ ᠶᠢᠨ ᠯᠦᠸᠧ ᠶᠢᠨ ᠮᠠᠯ ᠠᠵᠤ | ᠠᠬᠤᠢ ᠶᠢᠨ 50 ᠲᠦᠮᠡᠨ ᠭᠠᠭ᠋ᠠᠢ ᠶᠢ ᠲᠡᠵᠢᠭᠡᠨ ᠦᠷᠡᠵᠢᠭᠦᠯᠦᠭᠡᠳ ᠦᠷ᠎ᠡ ᠪᠦᠲᠦᠮᠵᠢ ᠣᠯᠵᠤ᠂ ᠰᠢᠨ ᠬᠤᠤ ᠮᠠᠯ | ᠲᠠᠷᠢᠶᠠᠯᠠᠩ ᠤᠨ ᠭᠠᠭ᠋ᠠᠢ ᠶᠢᠨ ᠲᠤᠭ᠎ᠠ 40 ᠲᠦᠮᠡ ᠳᠤ ᠬᠦᠷᠴᠦ᠂ ︽ᠦᠬᠡᠷ ᠢ ᠲᠣᠰᠬᠤᠨ ᠠᠴᠠ ᠭᠠᠷᠭᠠᠬᠤ︾ | ᠲᠤᠷᠰᠢᠯᠲᠠ ᠶᠢᠨ ᠴᠢᠭ᠋ ᠤᠨ ᠪᠦᠳᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠵᠤ᠂ ᠪᠦᠬᠦ ᠵᠢᠯ ᠤᠨ | ᠮᠠᠯ ᠤᠨ ᠲᠤᠭ᠎ᠠ 182 ᠲᠦᠮᠡ ᠳᠤ ᠬᠦᠷᠴᠦ᠂ ᠲᠡᠦᠬᠡ ᠶᠢᠨ ᠬᠠᠮᠤᠭ ᠤᠨ ᠥᠨᠳᠥᠷ ᠲᠦᠪᠰᠢᠨ ᠳᠤ ᠬᠦᠷᠴᠡᠢ᠃ | ︵ᠲᠠᠪᠤ︶ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠲᠤ ᠣᠯᠠᠨ ᠲᠠᠯ᠎ᠠ ᠪᠠᠷ ᠰᠢᠪᠲᠤᠯᠤᠯᠲᠠ ᠭᠠᠷᠭᠠᠨ᠎ᠠ᠃ | ᠬᠢᠵᠢᠭ ᠤᠨ ᠪᠠᠶᠢᠳᠠᠯ ᠤᠨ ᠨᠥᠯᠥᠭᠡᠯᠡᠯ ᠳᠣᠣᠷ᠎ᠠ ᠵᠠᠬ᠎ᠠ ᠳᠡᠯᠭᠡᠭᠦᠷ ᠤᠨ ᠬᠡᠷᠡᠭᠯᠡᠭᠡ ᠬᠦᠴᠦ ᠮᠡᠬᠦᠰᠳᠡᠵᠦ ᠪᠠᠶᠢᠭ᠎ᠠ | ᠪᠣᠳᠠᠲᠤ ᠪᠠᠶᠢᠳᠠᠯ ᠳᠤ ᠴᠢᠭᠯᠡᠭᠦᠯᠦᠨ᠂ ᠬᠡᠷᠡᠭᠯᠡᠭᠡᠨ ᠤ ᠲᠡᠮᠳᠡᠭᠲᠦ ᠲᠦᠭᠡᠭᠡᠨ ᠲᠠᠷᠬᠠᠭᠠᠬᠤ᠂ ᠭᠠᠵᠠᠷ ᠲᠠᠷᠢᠶᠠᠨ ᠤ | ᠳᠡᠯᠭᠡᠭᠡ ᠮᠠᠶᠢᠮᠠᠶ ᠶᠢᠨ ᠠᠵᠤ ᠠᠬᠤᠶ ᠶᠢ ᠬᠥᠭᠵᠢᠭᠦᠯᠬᠦ᠂ ᠰᠥᠨᠢ ᠶᠢᠨ ᠵᠠᠬ᠎ᠠ ᠳᠡᠯᠭᠡᠭᠦᠷ ᠤᠨ ᠠᠵᠤ ᠠᠬᠤᠶ ᠶᠢ | ᠴᠡᠴᠡᠭᠯᠡᠭᠦᠯᠦᠨ ᠬᠥᠭᠵᠢᠭᠦᠯᠬᠦ ᠵᠡᠷᠭᠡ ᠠᠯᠢ ᠤᠯᠠᠨ ᠠᠷᠭ᠎ᠠ ᠬᠡᠮᠵᠢᠶ᠎ᠡ ᠠᠪᠴᠤ᠂ ᠸᠠᠨ ᠳ᠋ᠠ᠂ ᠳ᠋ᠠ ᠷᠦᠨ ᠹᠠ᠂ | ᠧᠦ᠋ᠷᠣᠫᠠ ᠠᠽᠢᠶ᠎ᠠ᠂ ᠸᠢᠺᠲ᠋ᠤᠷᠢ ᠵᠡᠷᠭᠡ ᠲᠤᠮᠤ ᠬᠡᠯᠪᠡᠷᠢ ᠶᠢᠨ ᠠᠷᠠᠯᠵᠢᠶ᠎ᠠ ᠬᠤᠳᠠᠯᠳᠤᠭᠠᠨ ᠤ ᠶᠡᠷᠦᠩᠬᠡᠶ | ᠴᠣᠭᠴᠠ ᠨᠤᠭᠤᠳ ᠲᠤᠰ ᠲᠤᠰ ᠤᠨ ᠣᠨᠴᠠᠯᠢᠭ ᠪᠦᠬᠦᠢ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ | ᠵᠠᠯᠭᠠᠯᠳᠤᠭᠠᠪᠠᠷ ᠶᠠᠪᠤᠭᠤᠯᠵᠤ᠂ ᠬᠡᠷᠡᠭᠯᠡᠭᠡᠨ ᠤ ᠵᠠᠬ᠎ᠠ ᠳᠡᠯᠭᠡᠭᠦᠷ ᠢ ᠠᠯᠬᠤᠮ ᠠᠯᠬᠤᠮ ᠢᠶᠠᠷ ᠰᠡᠷᠭᠦᠭᠡᠪᠡ᠃ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠰᠢᠨ᠎ᠡ ᠠᠵᠠ ᠲᠣᠬᠢᠶᠠᠯ ᠢ ᠵᠠᠪᠳᠤᠨ ᠠᠳᠬᠤᠵᠤ᠂ ︽ | ᠰᠢᠭᠤᠳ ᠨᠡᠪᠲᠡᠷᠡᠭᠦᠯᠬᠦ ᠬᠤᠷᠴᠢᠨ᠂ ᠬᠡᠷᠡᠭᠯᠡᠭᠡ ᠶᠢ ᠠᠬᠢᠭᠤᠯᠬᠤ ᠤᠯᠠᠷᠢᠯ︾ ᠵᠡᠷᠭᠡ ᠡᠯᠧᠺᠲᠷᠣᠨ ᠬᠤᠳᠠᠯᠳᠤᠭᠠᠨ ᠤ | ᠳᠡᠯᠭᠡᠷᠡᠭᠦᠯᠦᠯᠲᠡ ᠶᠢᠨ ᠠᠵᠢᠯᠯᠠᠭ᠎ᠠ ᠶᠢ ᠢᠳᠡᠪᠬᠢᠲᠡᠶ ᠡᠷᠭᠢᠯᠡᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠠᠷᠠᠯᠵᠢᠶ᠎ᠠ ᠶᠢᠨ ᠲᠤᠭ᠎ᠠ ᠵᠠᠭᠤᠨ ᠳ᠋ᠦᠩᠰᠢᠭᠤᠷ ᠤᠨ ᠪᠣᠭᠤᠮᠲᠠ ᠶᠢ ᠳᠠᠪᠠᠪᠠ᠃ ᠱᠧᠨ ᠲᠦᠩ ᠪᠠᠷᠠᠭᠠᠨ ᠤ | ᠭᠦᠢᠯᠭᠡᠭᠡ ︽ᠪᠥᠬᠦ ᠤᠯᠤᠰ ᠤᠨ ᠰᠢᠤᠳᠠᠨ ᠤ ᠠᠵᠢᠯ ᠲᠥᠷᠥᠯ ᠤᠨ ᠲᠡᠷᠢᠭᠦᠨ ᠤ ᠬᠠᠮᠲᠤ︾ ᠪᠠᠷ ᠦᠨᠡᠯᠡᠭᠳᠡᠵᠦ᠂ | ᠮᠤᠩ ᠳ᠋ᠦᠩ ᠤᠨ ᠨᠡᠭᠦᠷᠡᠰᠦᠨ ᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠯᠤᠰ ᠤᠨ ᠪᠠᠴᠢᠮ ᠪᠠᠶᠢᠳᠠᠯ ᠢ | ᠠᠷᠭᠠᠴᠠᠬᠤ ᠨᠡᠭᠦᠷᠡᠰᠦ ᠨᠥᠭᠡᠴᠡᠯᠡᠬᠦ ᠰᠠᠭᠤᠷᠢᠨ ᠭᠠᠵᠠᠷ ᠢᠶᠠᠷ ᠵᠥᠪᠰᠢᠶᠡᠷᠡᠭᠳᠡᠵᠦ᠂ ᠮᠣᠩᠭᠤᠯ ᠸᠠᠩ ᠡᠮ ᠡᠮᠨᠡᠯᠭᠡ ᠶᠢᠨ | ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠬᠤᠶᠠᠳᠤᠭᠠᠷ ᠬᠤᠭᠤᠴᠠᠭᠠᠨ ᠤ ᠪᠥᠲᠥᠭᠡᠨ ᠪᠠᠶᠢᠭᠤᠯᠤᠯᠲᠠ ᠶᠢ | ᠳᠠᠭᠤᠰᠬᠠᠵᠤ᠂ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ | ᠲᠠᠯᠠᠪᠤᠷ ᠤᠨ ᠭᠤᠤᠯ ᠴᠣᠭᠴᠠ ᠶᠢ ᠦᠨᠳᠦᠰᠦᠨ ᠳᠡᠭᠡᠨ ᠳᠠᠭᠤᠰᠬᠠᠵᠤ᠂ ᠳᠤᠮᠳᠠᠳᠤ ᠧᠦ᠋ᠷᠣᠫᠠ ᠶᠢᠨ ᠵᠢᠰᠢᠶᠠᠨ ᠤ | ᠭᠠᠯᠲᠤ ᠲᠡᠷᠭᠡ ᠶᠢᠨ ᠭᠠᠳᠠᠭᠠᠳᠤ ᠭᠠᠷᠭᠠᠯᠲᠠ ᠶᠢᠨ ᠲᠤᠭ᠎ᠠ 4000 ᠲᠦᠮᠡᠨ ᠳ᠋ᠣᠯᠯᠠᠷ ᠲᠤ ᠬᠥᠷᠪᠡ᠃ ᠪᠥᠬᠦ ᠵᠢᠯ ᠤᠨ | ᠭᠠᠳᠠᠭᠠᠳᠤ ᠠᠷᠠᠯᠵᠢᠶᠠᠨ ᠤ ᠭᠠᠳᠠᠭᠠᠳᠤ ᠭᠠᠷᠭᠠᠯᠲᠠ ᠶᠢᠨ ᠪᠥᠬᠦ ᠲᠤᠭ᠎ᠠ 3.3 ᠳ᠋ᠦᠩᠰᠢᠭᠤᠷ ᠳ᠋ᠣᠯᠯᠠᠷ ᠲᠤ ᠬᠦᠷᠴᠦ᠂ | 12.2% ᠢᠶᠠᠷ ᠨᠡᠮᠡᠭᠳᠡᠨ᠂ ᠪᠥᠬᠦ ᠬᠤᠲᠠ ᠶᠢᠨ 80% ᠠᠴᠠ ᠳᠡᠭᠡᠭᠰᠢᠬᠢ ᠶᠢ ᠡᠵᠡᠯᠡᠪᠡ᠃ ᠬᠤᠷᠴᠢᠨ | ᠵᠦᠴᠦᠭᠡ ᠶᠢᠨ ᠬᠦᠷᠢᠶᠡᠯᠡᠩ ᠢ ᠥᠭᠡᠷᠡᠴᠢᠯᠡᠨ ᠪᠠᠶᠢᠭᠤᠯᠵᠤ᠂ ᠠᠰᠢᠭᠯᠠᠯᠲᠠ ᠳᠤ ᠣᠷᠣᠭᠤᠯᠤᠨ᠂ ᠮᠣᠩᠭᠤᠯ ᠸᠠᠩ | ᠠᠷᠢᠬᠢᠨ ᠰᠣᠶᠣᠯ ᠤᠨ ᠮᠦᠽᠧᠶ ᠶᠢᠨ ᠭᠤᠤᠯ ᠴᠣᠭᠴᠠ ᠶᠢ ᠪᠠᠶᠢᠭᠤᠯᠤᠨ ᠳᠠᠭᠤᠰᠬᠠᠵᠤ᠂ ᠬᠤᠷᠴᠢᠨ ᠤ ᠤᠶᠤᠨᠲᠤ | ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ ᠲᠥᠪ ᠤᠨ ᠰᠦᠯᠵᠢᠶᠡᠨ ᠳᠡᠭᠡᠷᠡᠬᠢ ᠲᠠᠪᠴᠠᠩ ᠢ ᠲᠤᠷᠰᠢᠨ | ᠠᠵᠢᠯᠯᠠᠭᠤᠯᠵᠤ᠂ ᠱᠢ ᠶᠤᠸᠠᠨ ᠬᠠᠯᠠᠭᠤᠨ ᠷᠠᠰᠢᠶᠠᠨ ᠤᠯᠤᠰ ᠤᠨ AA ᠲᠠᠰ ᠤᠨ ᠵᠢᠭᠤᠯᠴᠢᠯᠠᠯ ᠤᠨ ᠦᠵᠡᠮᠵᠢ ᠶᠢᠨ | ᠣᠷᠣᠨ ᠢᠶᠠᠷ ᠦᠨᠡᠯᠡᠭᠳᠡᠪᠡ᠃ | ︵ᠵᠢᠷᠭᠤᠭ᠎ᠠ︶ ᠭᠤᠷᠪᠠᠨ ᠶᠡᠭᠡ ᠪᠡᠷᠬᠡ ᠰᠡᠳᠦᠪ ᠢ ᠰᠢᠢᠳᠪᠦᠷᠢᠯᠡᠬᠦ ᠳᠠᠶᠢᠯᠠᠯᠳᠤᠭᠠᠨ ᠳᠤ ᠰᠢᠢᠳᠪᠦᠷᠢᠯᠡᠭᠴᠢ | ᠴᠢᠨᠠᠷᠲᠠᠶ ᠠᠮᠵᠢᠯᠲᠠ ᠪᠦᠲᠦᠮᠵᠢ ᠤᠯᠪᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠣᠯᠵᠤ᠂ ᠶᠠᠳᠠᠭᠤ ᠶᠢ ᠲᠡᠳᠬᠦᠬᠦ ᠲᠣᠭᠤᠷᠢᠨ ᠪᠠᠶᠢᠴᠠᠭᠠᠯᠲᠠ ᠶᠢᠨ | ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ᠂ ᠪᠣᠳᠠᠲᠤ ᠦᠷ᠎ᠡ | ᠪᠦᠲᠦᠮᠵᠢ ᠤᠯᠬᠤ ᠶᠢ ᠦᠷᠭᠦᠯᠵᠢᠯᠡᠨ ᠠᠬᠢᠭᠤᠯᠵᠤ᠂ ︽ᠬᠤᠶᠠᠷ ᠲᠤ ᠵᠣᠪᠠᠭ᠋ᠤ ᠦᠭᠡᠢ ᠪᠠᠶᠢᠬᠤ᠂ ᠭᠤᠷᠪᠠ ᠶᠢ | ᠪᠠᠲᠤᠯᠠᠬᠤ︾ ᠲᠤᠪᠤᠶᠢᠮ᠎ᠠ ᠠᠰᠠᠭᠤᠳᠠᠯ ᠢ ᠪᠦᠬᠦ ᠲᠠᠯ᠎ᠠ ᠪᠠᠷ ᠰᠢᠢᠳᠪᠦᠷᠢᠯᠡᠵᠦ᠂ ᠲᠠᠩᠰᠠᠯᠠᠵᠤ ᠺᠠᠷᠲᠯᠠᠭᠰᠠᠨ ᠶᠠᠳᠠᠭᠤ | ᠬᠦᠴᠢᠷᠳᠡᠯᠲᠡᠢ ᠡᠷᠦᠬᠡ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠳᠠᠶᠢᠯᠠᠯᠳᠤᠭᠠᠨ ᠤ ᠪᠦᠬᠦ ᠲᠠᠯ᠎ᠠ ᠶᠢᠨ ᠢᠯᠠᠯᠲᠠ ᠶᠢ ᠤᠯᠪᠠ᠃ ᠪᠣᠬᠢᠷᠲᠤᠯ ᠢ ᠰᠡᠷᠭᠡᠶᠢᠯᠡᠨ | ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ᠂ ︽ᠡᠷᠬᠢᠨ ᠬᠠᠷᠠᠬᠤ︾ ᠵᠢᠴᠢ ᠥᠪᠡᠷᠲᠡᠭᠡᠨ ᠵᠠᠰᠠᠬᠤ ᠣᠷᠣᠨ ᠤ | ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠵᠦ᠂ ᠲᠥᠪ ᠬᠤᠲᠠ ᠶᠢᠨ ᠲᠣᠭᠤᠷᠢᠭ ᠤᠨ ᠠᠭᠠᠷ ᠤᠨ | ᠶᠠᠰᠤ ᠴᠢᠨᠠᠷ ᠤᠨ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ ᠢ 91% ᠳᠤ ᠬᠦᠷᠦᠭᠦᠯᠵᠦ᠂ ᠭᠠᠵᠠᠷ | ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠢ ᠵᠠᠰᠠᠬᠤ ᠱᠠᠲᠤ ᠦᠶ᠎ᠡ ᠶᠢᠨ ᠴᠢᠨᠠᠷᠲᠠᠶ ᠬᠠᠷᠠᠯᠲᠠ ᠶᠢᠨ | ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠵᠦ᠂ ᠲᠠᠷᠢᠶᠠᠯᠠᠩ ᠳᠤ ᠬᠡᠷᠡᠭᠯᠡᠬᠦ ᠭᠠᠵᠠᠷ ᠪᠠ ᠪᠥᠲᠥᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠶ ᠶᠢᠨ ᠣᠷᠴᠢᠨ ᠲᠣᠭᠤᠷᠢᠨ ᠢ ᠪᠥᠬᠦ ᠲᠠᠯ᠎ᠠ ᠪᠠᠷ ᠠᠮᠤᠷ | ᠲᠦᠪᠰᠢᠨ ᠢᠶᠠᠷ ᠬᠠᠮᠢᠶᠠᠷᠤᠨ ᠡᠵᠡᠮᠳᠡᠬᠦ ᠶᠢ ᠪᠡᠶᠡᠯᠡᠭᠦᠯᠵᠦ᠂ ᠠᠭᠠᠷ ᠮᠠᠨᠳᠠᠯ᠂ ᠤᠰᠤ᠂ ᠬᠥᠷᠥᠰᠥ ᠰᠢᠷᠣᠶ ᠶᠢᠨ | ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠪᠡ᠃ ᠬᠦᠴᠦᠨ ᠢᠶᠠᠨ ᠲᠥᠪᠯᠡᠷᠡᠭᠦᠯᠦᠨ | ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠳᠤ | ᠠᠩᠬᠠᠷᠤᠯ ᠢᠶᠠᠨ ᠲᠥᠪᠯᠡᠷᠡᠭᠦᠯᠵᠦ᠂ 12.08 ᠳ᠋ᠦᠩᠰᠢᠭᠤᠷ ᠲᠥᠭᠦᠷᠢᠭ ᠤᠨ ᠥᠷᠢ ᠥᠭᠴᠡᠭᠡ ᠶᠢ ᠪᠦᠲᠦᠮᠵᠢᠲᠡᠶ ᠪᠠᠷ | ᠠᠷᠢᠯᠭᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ ᠲᠠᠩᠰᠠᠨ | ᠵᠣᠭᠤᠰ ᠢ ︽ᠴᠠᠭ ᠬᠢᠵᠠᠭᠠᠷᠯᠠᠨ ᠲᠡᠭ ᠲᠤ ᠣᠷᠣᠭᠤᠯᠤᠭᠰᠠᠨ︾ ᠪᠠᠶᠢᠨ᠎ᠠ᠃ ᠬᠠᠤᠯᠢ ᠪᠤᠰᠤ ᠮᠥᠩᠭᠦᠨ ᠭᠦᠢᠯᠭᠡᠭᠡᠨ ᠤ | ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ | ᠰᠡᠷᠭᠡᠶᠢᠯᠡᠬᠦ ᠪᠠ ᠰᠢᠢᠳᠪᠦᠷᠢᠯᠡᠬᠦ ᠠᠵᠢᠯ ᠢᠳᠡᠪᠬᠢᠲᠡᠶ ᠠᠬᠢᠴᠠ ᠲᠠᠢ ᠪᠣᠯᠪᠠ᠃ | ︵ᠳᠣᠯᠤᠭ᠎ᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠮᠠᠰᠢ ᠣᠯᠠᠨ ᠬᠢᠯᠠᠰ ᠴᠡᠭ ᠲᠠᠢ | ᠪᠣᠯᠪᠠ᠃ ᠲᠥᠯᠥᠪᠵᠢᠭᠦᠯᠭᠡ ᠪᠠᠷ ᠬᠥᠲᠥᠯᠦᠨ ᠳᠠᠭᠠᠭᠤᠯᠬᠤ᠂ ᠲᠤᠷᠰᠢᠯᠲᠠ ᠶᠢ ᠤᠷᠢᠳᠠᠪᠠᠷ ᠬᠢᠬᠦ ᠶᠢ ᠪᠠᠷᠢᠮᠲᠠᠯᠠᠵᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠷᠰᠢᠯᠲᠠ ᠶᠢᠨ ᠴᠢᠬ ᠪᠣᠯᠬᠤ ᠲᠦᠷᠦᠭᠦᠤ ᠪᠦᠯᠦᠭ ᠤᠨ 27 | ᠲᠣᠰᠬᠤᠨ ᠢ ᠪᠣᠶ ᠪᠣᠯᠭᠠᠪᠠ᠃ ᠲᠦᠩ ᠺᠧ ᠠᠵᠤ ᠦᠢᠯᠡᠰ ᠤᠨ ᠰᠢᠨ᠎ᠡ ᠶᠢ ᠡᠭᠦᠳᠴᠦ ︽ᠶᠦᠨ ᠲᠦᠩ | ᠲᠠᠷᠢᠶᠠᠯᠠᠩ ᠤᠨ ᠲᠠᠯᠠᠪᠠᠢ︾ ᠶᠢ ᠪᠠᠶᠢᠭᠤᠯᠵᠤ᠂ ᠮᠡᠯᠡᠬᠡᠶᠢᠲᠦ ᠪᠠᠯᠭᠠᠰᠤ ᠶᠢᠨ ᠭᠦᠩ ᠰᠧ ᠲᠣᠰᠬᠤᠨ ᠤ ᠬᠢᠨ | ᠲᠣᠰᠬᠤᠨ ᠠᠴᠠ ᠡᠷᠬᠢᠯᠡᠭᠰᠡᠨ ᠠᠵᠤ ᠠᠬᠤᠶᠢᠯᠠᠯ ᠢ ᠲᠣᠭᠲᠠᠭᠤᠨ ᠢᠶᠠᠷ ᠪᠤᠵᠠᠭᠠᠶᠢᠷᠠᠭᠤᠯᠵᠤ᠂ ᠴᠢᠩ ᠡᡁᠧ | ᠪᠠᠯᠭᠠᠰᠤ ᠶᠢᠨ ︽ ᠲᠦᠪᠡᠳ ᠬᠠᠰᠢ ᠶᠢᠨ ᠵᠠᠬ᠎ᠠ︾ ᠵᠡᠷᠭᠡ ᠪᠣᠬᠢᠷᠲᠤᠯ ᠦᠭᠡᠢ ᠪᠦᠲᠦᠭᠡᠭᠳᠡᠬᠦᠨ ᠢᠶᠠᠷ ᠬᠤᠳᠠ ᠶᠢᠨ ︽ | ᠢᠳᠡᠰᠢᠨ ᠨᠣᠭᠤᠭ᠎ᠠ︾ ᠶᠢ ᠪᠠᠶᠠᠯᠢᠭᠵᠢᠭᠤᠯᠵᠤ᠂ ᠢᠦᠢ ᠰᠢᠨ ᠪᠠᠯᠭᠠᠰᠤ ︽ᠤᠯᠤᠰ ᠤᠨ ᠠᠵᠤ ᠦᠢᠯᠡᠰ ᠢᠶᠠᠷ | ᠲᠣᠰᠬᠤᠨ ᠢ ᠬᠥᠭᠵᠢᠭᠦᠯᠵᠦ ᠰᠢᠶᠠᠨ ᠢ ᠬᠦᠴᠦᠷᠬᠡᠭᠵᠢᠭᠦᠯᠬᠦ ᠵᠢᠱᠢᠶ᠎ᠡ ᠦᠵᠡᠭᠦᠯᠬᠦ ᠪᠠᠯᠭᠠᠰᠤ︾ ᠪᠠᠷ ᠦᠨᠡᠯᠡᠭᠳᠡᠪᠡ᠃ | 28.28 ᠲᠦᠮᠡᠨ ᠮᠥ ᠶᠢ ᠣᠶᠢᠵᠢᠭᠤᠯᠵᠤ᠂ 378 ᠲᠣᠰᠬᠤᠨ ᠢ ᠨᠣᠭᠤᠭᠠᠷᠠᠭᠤᠯᠵᠤ᠂ 23 ᠲᠦᠮᠡᠨ ᠮᠥ ᠶᠢᠨ ᠣᠶ | ᠮᠣᠳᠣ ᠥᠬᠡᠶ ᠭᠠᠵᠠᠷ ᠢ ᠰᠢᠯᠭᠠᠨ ᠠᠪᠬᠤ ᠳᠤ ᠬᠢᠷᠢ ᠲᠡᠩᠴᠡᠭᠰᠡᠨ ᠨᠣᠷᠮ᠎ᠠ ᠶᠢ 100% ᠳᠤ ᠬᠦᠷᠦᠭᠦᠯᠵᠦ᠂ 13. | 6 ᠲᠦᠮᠡᠨ ᠮᠥ ᠶᠢᠨ ᠠᠵᠤ ᠠᠬᠤᠶ ᠶᠢᠨ ᠣᠶ ᠳᠤ ︽ᠠᠯᠲᠠ ᠪᠠ ᠨᠣᠭᠤᠭᠠᠨ ᠬᠤᠶᠠᠷ ᠲᠠᠯ᠎ᠠ ᠪᠠᠷ ᠢᠶᠠᠨ ᠠᠰᠢᠭ | ᠭᠥᠷᠳᠡᠬᠦ︾ ᠶᠢ ᠪᠡᠶᠡᠯᠡᠭᠦᠯᠵᠦ᠂ ︽ᠬᠥᠬᠡᠮᠳᠦᠭ ᠨᠣᠭᠤᠭᠠᠨ ᠠᠭᠤᠯᠠ ᠤᠰᠤ︾ ᠶᠢ ᠭᠤᠶᠣᠯᠠᠨ ᠴᠢᠮᠡᠭᠯᠡᠪᠡ᠃ | ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠶᠢ ᠪᠡᠶᠡᠯᠡᠭᠦᠯᠦᠭᠰᠡᠨ ᠨᠣᠷᠮ᠎ᠠ ᠶᠢ 42.1% ᠪᠣᠯᠲᠠᠯ᠎ᠠ ᠳᠡᠭᠡᠭᠰᠢᠯᠡᠭᠦᠯᠵᠦ | ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ᠂ ᠡᠰᠢ ᠰᠦᠷᠡᠯ ᠢ ᠡᠬᠢ ᠪᠠᠶᠠᠯᠢᠭᠵᠢᠭᠤᠯᠤᠨ ᠠᠰᠢᠭᠯᠠᠬᠤ ᠦᠷ᠎ᠡ | ᠪᠦᠲᠦᠮᠵᠢ ᠶᠢ ᠢᠯᠡᠳᠲᠡ ᠪᠣᠯᠭᠠᠵᠤ᠂ ᠵᠠᠰᠠᠭ ᠵᠠᠬᠢᠷᠭᠠᠨ ᠤ ᠲᠣᠰᠬᠤᠨ ᠤ ᠪᠠᠷᠠᠭᠠᠨ ᠤ ᠭᠦᠢᠯᠭᠡᠭᠡᠨ ᠤ ᠲᠣᠤᠷ ᠴᠢᠬ᠂ | ᠲᠣᠰᠬᠤᠨ ᠳᠤ ᠨᠡᠪᠲᠡᠷᠡᠬᠦ ᠵᠠᠮ ᠤᠨ ᠬᠠᠲᠠᠭᠤᠷᠠᠯ ᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠪᠡ᠃ ᠮᠠᠯᠴᠢᠨ | ᠲᠠᠷᠢᠶᠠᠴᠢᠨ ᠤ ᠡᠯᠪᠡᠭ ᠬᠤᠷᠢᠶᠠᠯᠲᠠ ᠶᠢᠨ ᠪᠠᠶᠠᠷ ᠢ ᠨᠠᠷᠢᠨ ᠬᠢᠨᠠᠮᠠᠭᠠᠢ ᠡᠷᠬᠢᠯᠡᠵᠦ᠂ ᠹᠧᠩ ᠲᠢᠶᠠᠨ ᠪᠠᠯᠭᠠᠰᠤ ᠶᠢᠨ | ᠯᠢᠶᠤᠤᠶᠠᠩ ᠲᠣᠰᠬᠤᠨ ᠪᠦᠬᠦ ᠤᠯᠤᠰ ᠤᠨ ᠪᠣᠯᠪᠠᠰᠤᠨ ᠲᠣᠰᠬᠤᠨ ᠪᠠᠯᠭᠠᠰᠤ ᠪᠠᠷ ᠦᠨᠡᠯᠡᠭᠳᠡᠪᠡ᠃ | ︵ᠨᠠᠶ᠋ᠮᠠ︶ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠪᠥᠬᠦ ᠲᠠᠯ᠎ᠠ ᠪᠠᠷ ᠰᠢᠯᠢᠳᠡᠭᠵᠢᠭᠦᠯᠦᠨ ᠲᠠᠰ | ᠳᠡᠪᠰᠢᠭᠦᠯᠪᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠳᠥᠯᠭᠢᠨ ᠠᠬᠢᠭᠤᠯᠵᠤ | ᠂ 5246 ᠵᠦᠢᠯ ᠤᠨ ᠡᠷᠬᠡ ᠶᠢᠨ ᠨᠠᠷᠢᠨ ᠲᠠᠩᠰᠠ ᠶᠢ ᠡᠮᠬᠢᠯᠡᠨ ᠨᠡᠶᠢᠲᠡᠯᠡᠵᠦ᠂ 399 ᠵᠦᠢᠯ ᠤᠨ ᠵᠠᠰᠠᠭ | ᠵᠠᠬᠢᠷᠭᠠᠨ ᠤ ᠡᠷᠬᠡ ᠶᠢᠨ ᠵᠦᠢᠯᠡᠰ ᠲᠤ ︽ᠬᠠᠮᠤᠭ ᠤᠨ ᠠᠷᠪᠢᠨ ᠳᠠᠭᠠᠨ ᠨᠢᠭᠡ ᠯᠡ ᠤᠳᠠᠭ᠎ᠠ ᠭᠦᠶᠦᠯᠭᠡᠬᠦ︾ ᠶᠢ | ᠪᠡᠶᠡᠯᠡᠭᠦᠯᠪᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ | ᠪᠦᠬᠦ ᠲᠠᠯ᠎ᠠ ᠪᠠᠷ ᠴᠢᠩᠭᠠᠳᠬᠠᠵᠤ᠂ ᠪᠦᠬᠦ ᠵᠢᠯ ᠳᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠵᠢᠴᠢ ᠤᠯᠠᠨ | ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ 33.2 ᠲᠦᠮᠡᠨ ᠬᠤᠪᠢ ᠰᠢᠢᠳᠪᠦᠷᠢᠯᠡᠵᠦ᠂ ᠤᠯᠠᠨ ᠲᠦᠮᠡᠨ ᠤ | ᠰᠡᠳᠬᠢᠯ ᠬᠠᠨᠤᠮᠵᠢᠲᠠᠶ ᠪᠠᠶᠢᠬᠤ ᠨᠤᠷᠮ᠎ᠠ ᠶᠢ 98% ᠠᠴᠠ ᠳᠡᠭᠡᠭᠰᠢ ᠪᠣᠯᠭᠠᠪᠠ᠃ ︽ᠢᠨᠲ᠋ᠤᠷ ᠰᠦᠯᠵᠢᠶ᠎ᠡ + | ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ | ᠬᠢᠨᠠᠨ ᠵᠥᠪᠰᠢᠶᠡᠷᠡᠬᠦ ᠵᠦᠢᠯᠡᠰ ᠢ ᠰᠦᠯᠵᠢᠶᠡᠨ ᠳᠡᠭᠡᠷ᠎ᠡ ᠭᠦᠢᠴᠡᠳᠭᠡᠵᠦ ᠪᠣᠯᠬᠤ ᠨᠣᠷᠮ᠎ᠠ 95.6% ᠬᠦᠷᠴᠦ᠂ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠪᠥᠬᠦ ᠶᠠᠪᠤᠴᠠ ᠶᠢ ᠡᠯᠤᠺᠲᠷᠤᠨᠴᠢᠯᠠᠬᠤ ᠶᠢ ᠪᠡᠶᠡᠯᠡᠭᠦᠯᠵᠦ᠂ | ᠪᠥᠬᠦ ᠵᠢᠯ ᠤᠨ ᠠᠷᠠᠯᠵᠢᠶ᠎ᠠ ᠶᠢᠨ ᠵᠣᠭᠤᠰ ᠤᠨ ᠲᠤᠭ᠎ᠠ 21 ᠳ᠋ᠦᠩᠰᠢᠭᠤᠷ ᠲᠥᠭᠦᠷᠢᠭ ᠲᠤ ᠬᠥᠷᠪᠡ᠃ ᠠᠵᠤ | ᠠᠬᠤᠶᠢᠯᠠᠯ ᠤᠨ ᠪᠡᠯᠡ ᠣᠷᠣᠭᠤᠯᠤᠯᠲᠠ ᠶᠢᠨ ᠵᠦᠢᠯᠡᠰ ᠤᠨ ᠠᠮᠠᠯᠠᠯᠲᠠ ᠶᠢᠨ ᠲᠦᠷᠢᠮ ᠢ ᠬᠡᠷᠡᠭᠵᠢᠭᠦᠯᠵᠦ᠂ | ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠵᠦᠢᠯᠡᠰ ᠢ ᠬᠢᠨᠠᠨ ᠵᠥᠪᠰᠢᠶᠡᠷᠡᠬᠦ ᠪᠦᠬᠦ ᠶᠠᠪᠤᠴᠠ ᠶᠢᠨ ᠬᠡᠷᠡᠭᠯᠡᠬᠦ | ᠴᠠᠭ ᠢ 30 ᠠᠵᠢᠯᠯᠠᠬᠤ ᠡᠳᠦᠷ ᠪᠣᠯᠭᠠᠨ ᠪᠠᠭᠠᠰᠬᠠᠨ᠎ᠠ᠃ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ | ᠪᠣᠯᠭᠠᠬᠤ︾ ᠰᠢᠨ᠎ᠡ ᠬᠡᠯᠪᠡᠷᠢ ᠶᠢᠨ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠨᠢᠭᠡᠳᠦᠯᠲᠡᠶ ᠲᠥᠯᠥᠪᠯᠡᠨ ᠠᠬᠢᠭᠤᠯᠵᠤ᠂ | ︽ᠨᠢᠭᠡ ᠤᠳᠠᠭ᠎ᠠ ᠳᠤ ᠣᠷᠣᠵᠤ᠂ ᠣᠯᠠᠨ ᠵᠦᠢᠯ ᠤᠨ ᠤᠴᠢᠷ ᠶᠠᠪᠤᠳᠠᠯ ᠢ ᠪᠠᠶᠢᠴᠠᠭᠠᠬᠤ︾ ᠶᠢ ᠪᠡᠶᠡᠯᠡᠭᠦᠯᠦᠨ᠎ᠡ᠃ | ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠢᠨᠠᠨ ᠵᠥᠪᠰᠢᠶᠡᠷᠡᠬᠦ | ᠦᠢᠯᠡᠴᠢᠯᠡᠭᠡ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠢ ᠳᠣᠷᠣᠭᠰᠢ ᠪᠠᠭᠤᠯᠭᠠᠬᠤ᠂ ᠦᠨᠳᠦᠰᠦᠨ | ᠱᠠᠲᠤᠨ ᠳᠤ ᠦᠢᠯᠡᠴᠢᠯᠡᠬᠦ ᠪᠠ ᠵᠠᠰᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢ ᠬᠦᠴᠦᠯᠡᠨ | ᠠᠬᠢᠭᠤᠯᠤᠨ᠎ᠠ᠃ | ︵ᠶᠢᠰᠦ︶ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠨᠠᠩ ᠪᠠᠲᠤ ᠴᠢᠩᠭ᠎ᠠ ᠪᠥᠭᠡᠳ ᠬᠦᠴᠦᠨ ᠲᠠᠢ ᠪᠣᠯᠭᠠᠨ᠎ᠠ | ᠃ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠯᠠᠪᠳᠠᠭᠤᠨ ᠢᠶᠠᠷ | ᠲᠦᠯᠬᠢᠨ ᠠᠬᠢᠭᠤᠯᠵᠤ᠂ ᠰᠤᠷᠤᠭᠴᠢᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ | ᠡᠵᠡᠮᠰᠢᠬᠦ ᠪᠠ ᠬᠡᠷᠡᠭᠯᠡᠬᠦ ᠴᠢᠳᠠᠪᠤᠷᠢ ᠶᠢ ᠢᠯᠡᠳᠲᠡ ᠳᠡᠭᠡᠭᠰᠢᠯᠡᠭᠦᠯᠪᠡ᠃ ᠳᠤᠮᠳᠠᠳᠤ ᠰᠤᠷᠭᠠᠭᠤᠯᠢ ᠪᠠ ᠳᠡᠭᠡᠳᠦ | ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠬᠢᠷᠢ ᠪᠦᠲᠦᠮᠵᠢ ᠲᠡᠤᠬᠡᠲᠦ ᠴᠢᠨᠠᠷᠲᠠᠶ ᠰᠢᠨ᠎ᠡ | ᠰᠢᠪᠲᠤᠯᠤᠯᠲᠠ ᠲᠠᠢ ᠪᠣᠯᠵᠣ᠂ ᠳᠤᠮᠳᠠᠳᠤ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠰᠢᠯᠢᠳᠡᠭ ᠨᠣᠷᠮ᠎ᠠ᠂ | ᠬᠢᠷᠢ ᠲᠡᠩᠴᠡᠭᠰᠡᠨ ᠨᠣᠷᠮ᠎ᠠ ᠴᠥᠮ ᠪᠥᠬᠦ ᠬᠤᠲᠠ ᠶᠢᠨ ᠲᠡᠷᠢᠭᠦᠨ ᠳᠤ ᠣᠷᠣᠵᠤ᠂ ᠬᠤᠶᠠᠳᠤᠭᠠᠷ ᠳᠤᠮᠳᠠᠳᠤ | ᠰᠤᠷᠭᠠᠭᠤᠯᠢ ᠶᠢᠨ ᠳᠡᠭᠡᠳᠦ ᠳᠤᠮᠳᠠᠳᠤ ᠰᠤᠷᠭᠠᠭᠤᠯᠢ ᠶᠢᠨ ᠠᠩᠬᠠᠳᠤᠭᠠᠷ ᠬᠤᠭᠤᠴᠠᠭᠠᠨ ᠤ ᠲᠡᠭᠦᠰᠬᠦ ᠰᠣᠷᠣᠭᠴᠢ ᠶᠢᠨ | ᠵᠢᠩᠬᠢᠨᠢ ᠠᠩᠭᠢ ᠳᠤ ᠤᠷᠤᠭᠰᠠᠨ ᠨᠣᠷᠮ᠎ᠠ 99.6% ᠬᠦᠷᠴᠡᠶ᠃ ᠠᠯᠪᠠᠨ ᠠᠴᠠ ᠡᠷᠭᠢᠯᠡᠭᠰᠡᠨ ᠬᠡᠤᠬᠡᠳ ᠤᠨ | ᠴᠡᠴᠡᠷᠯᠢᠭ ᠤᠨ ᠡᠷᠳᠡᠮ ᠤᠨ ᠴᠣᠯᠠ ᠶᠢ 1800 ᠨᠡᠮᠡᠭᠳᠡᠭᠦᠯᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠶ | ᠬᠡᠤᠬᠡᠳ ᠤᠨ ᠴᠡᠴᠡᠷᠯᠢᠭ ᠲᠤ ᠣᠷᠣᠬᠤ ᠨᠣᠷᠮ᠎ᠠ ᠶᠢ 82% ᠲᠤ ᠬᠦᠷᠦᠭᠦᠯᠦᠨ᠎ᠡ᠃ ᠪᠠᠭᠰᠢ ᠶᠢᠨ ᠡᠩᠨᠡᠭᠡᠨ ᠤ | ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ | ᠢᠯᠡ ᠪᠠᠷ ᠤᠷᠢᠨ ᠬᠡᠷᠡᠭᠯᠡᠬᠦ ᠪᠠᠷ ᠳᠠᠮᠵᠢᠭᠤᠯᠤᠨ 352 ᠲᠤᠰᠬᠠᠶ ᠲᠤᠰᠢᠶᠠᠯ ᠲᠠᠢ ᠪᠠᠭᠰᠢ ᠶᠢ ᠨᠥᠬᠦᠪᠥᠷᠢᠯᠡᠪᠡ᠃ | ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ︽ᠴᠢᠬᠢ ᠰᠡᠷᠭᠦᠭᠡᠬᠦ ᠢᠨᠵᠧᠨᠧᠷᠢᠩ︾ ᠤᠨ ᠲᠤᠷᠰᠢᠯᠲᠠ ᠶᠢ | ᠡᠬᠢᠯᠡᠭᠦᠯᠵᠦ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠪᠦᠲᠦᠮᠵᠢᠲᠡᠶ | ᠠᠬᠢᠭᠤᠯᠪᠠ᠃ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠪᠥᠬᠦ | ᠲᠠᠯ᠎ᠠ ᠪᠠᠷ ᠡᠬᠢᠯᠡᠭᠦᠯᠵᠦ᠂ ᠡᠷᠦᠬᠡ ᠳᠤ ᠣᠷᠣᠵᠤ ᠪᠦᠷᠢᠳᠬᠡᠨ ᠲᠠᠭᠯᠠᠬᠤ ᠠᠵᠢᠯ ᠢ ᠴᠢᠨᠠᠷ ᠰᠠᠶᠢᠲᠠᠶ ᠪᠡᠶᠡᠯᠡᠭᠦᠯᠪᠡ᠃ | ᠲᠣᠭᠤᠷᠢᠭ ᠤᠨ ᠳᠥᠷᠪᠡᠳᠦᠭᠡᠷ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠡᠮᠨᠡᠬᠦ ᠰᠤᠪᠢᠯᠠᠬᠤ ᠶᠢ ᠤᠶᠠᠯᠳᠤᠭᠤᠯᠬᠤ | ᠵᠡᠷᠭᠡ ᠲᠥᠷᠥᠯ ᠵᠦᠢᠯ ᠢ ᠯᠠᠪᠳᠠᠭᠤᠨ ᠢᠶᠠᠷ ᠠᠬᠢᠭᠤᠯᠵᠤ᠂ ᠪᠡᠭᠡᠵᠢᠩ ᠶᠡᠭᠡ ᠰᠤᠷᠭᠠᠭᠤᠯᠢ ᠶᠢᠨ ᠭᠤᠷᠪᠠᠳᠤᠭᠠᠷ | ᠡᠮᠨᠡᠯᠭᠡ ᠶᠢᠨ ᠬᠤᠷᠢᠶ᠎ᠠ ᠨᠢ ᠲᠣᠭᠤᠷᠢᠭ ᠤᠨ ᠨᠢᠭᠡᠳᠦᠭᠡᠷ ᠠᠷᠠᠳ ᠤᠨ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ | ᠳ᠋ᠣᠺᠲ᠋ᠣᠷ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠲᠤᠷᠰᠢᠯᠲᠠ ᠶᠢᠨ ᠲᠠᠰᠤᠭ ᠪᠠ | ᠬᠡᠭᠡᠷ᠎ᠡ ᠶᠢᠨ ᠬᠤᠯᠤᠭᠠᠨ᠎ᠠ ᠬᠢᠵᠢᠭ ᠢ ᠬᠢᠨᠠᠨ ᠬᠡᠮᠵᠢᠬᠦ ᠦᠷᠳᠡᠭᠡ ᠴᠡᠭ ᠤᠨ ᠥᠭᠡᠷᠡᠴᠢᠯᠡᠯᠲᠡ ᠶᠢ ᠥᠨᠳᠥᠷ | ᠪᠦᠲᠦᠮᠵᠢᠲᠡᠶ ᠪᠠᠷ ᠪᠡᠶᠡᠯᠡᠭᠦᠯᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠂ ᠬᠤᠯᠤᠭᠠᠨ᠎ᠠ ᠬᠢᠵᠢᠭ ᠤᠨ ᠪᠥᠭᠡᠮ | ᠬᠦᠴᠢᠯ ᠢ ᠪᠠᠶᠢᠴᠠᠭᠠᠨ ᠬᠡᠮᠵᠢᠬᠦ ᠴᠢᠳᠠᠪᠤᠷᠢ ᠶᠢ ᠲᠦᠷᠭᠡᠨ ᠢᠶᠠᠷ ᠳᠡᠭᠡᠭᠰᠢᠯᠡᠭᠦᠯᠪᠡ᠃ ᠳ᠋ᠠ ᠰᠢᠩ ᠯᠦ ᠵᠠᠮ ᠵᠡᠷᠭᠡ | ᠭᠤᠣᠯᠳᠠᠯᠭ᠎ᠠ ᠲᠠᠢ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠵᠦᠢᠯᠡᠰ ᠢ ᠲᠠᠲᠠᠪᠤᠷᠢᠯᠠᠬᠤ ᠠᠵᠢᠯ ᠲᠡᠭᠦᠰ | ᠠᠮᠵᠢᠯᠲᠠ ᠲᠠᠢ ᠪᠠᠷ ᠲᠡᠭᠦᠰᠴᠦ᠂ ᠲᠠᠪᠤᠨ ᠲᠢᠪ ᠤᠨ ᠤᠯᠠᠨ ᠤᠯᠤᠰ ᠤᠨ ᠬᠤᠳᠠᠯᠳᠤᠭ᠎ᠠ ᠠᠷᠠᠯᠵᠢᠶᠠᠨ ᠤ ᠬᠤᠳᠠ | ᠵᠡᠷᠭᠡ ︽ᠭᠤᠷᠪᠠᠨ ᠪᠡᠷᠬᠡ︾ ᠶᠢᠨ ᠵᠦᠢᠯᠡᠰ ᠤᠨ ᠦᠯᠡᠳᠡᠭᠳᠡᠯ ᠠᠰᠠᠭᠤᠳᠠᠯ ᠢ ᠶᠡᠭᠡ ᠪᠠᠷ ᠰᠢᠢᠳᠪᠦᠷᠢᠯᠡᠪᠡ᠃ ᠾᠧ | ᠵᠢᠶᠠ ᠠᠮᠢᠳᠤᠷᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠺᠣᠮᠫᠠᠨᠢ ᠶᠢ ᠣᠷᠣᠭᠤᠯᠤᠨ | ᠠᠪᠴᠢᠷᠠᠵᠤ᠂ ᠬᠠᠮᠢᠶᠠᠷᠤᠯᠲᠠ ᠪᠠᠨ ᠬᠠᠶᠠᠭᠰᠠᠨ ᠵᠢᠵᠢᠭ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢᠨ | ᠬᠡᠲᠦᠷᠡᠮᠡᠬᠡᠶ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢᠨ ᠬᠠᠮᠲᠤᠷᠠᠨ ᠬᠥᠳᠡᠯᠦᠯᠴᠡᠬᠦ | ᠲᠣᠭᠲᠠᠴᠠ ᠪᠠ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠵᠦ᠂ ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠲᠣᠬᠢᠷᠠᠭᠤᠯᠤᠯᠲᠠ᠂ ᠵᠣᠬᠢᠶᠠᠨ ᠪᠠᠶᠢᠭᠤᠯᠤᠨ ᠳᠠᠶᠢᠴᠢᠯᠠᠬᠤ ᠴᠢᠳᠠᠪᠤᠷᠢ ᠶᠢ | ᠪᠥᠬᠦ ᠲᠠᠯ᠎ᠠ ᠪᠠᠷ ᠴᠢᠩᠭᠠᠷᠠᠭᠤᠯᠪᠠ᠃ ᠤᠳᠤᠷᠢᠳᠤᠯᠭ᠎ᠠ ᠬᠡᠷᠡᠭ ᠢ ᠳᠠᠭᠠᠭᠠᠴᠢᠯᠠᠬᠤ᠂ ᠰᠠᠯᠠᠭ᠎ᠠ ᠮᠥᠴᠢᠷ ᠤᠨ ᠬᠠᠮᠲᠤᠷᠠᠨ | ᠬᠥᠳᠡᠯᠦᠯᠴᠡᠬᠦ ᠲᠣᠭᠲᠠᠴᠠ ᠶᠢ ᠦᠷᠭᠦᠯᠵᠢᠯᠡᠨ ᠴᠢᠩᠭᠠᠳᠬᠠᠵᠤ᠂ ︽ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ | ᠰᠢᠢᠳᠪᠦᠷᠢᠯᠡᠬᠦ ᠣᠨ︾ ᠤ ᠲᠤᠰᠬᠠᠶ ᠠᠵᠢᠯᠯᠠᠭ᠎ᠠ ᠶᠢᠨ ᠳᠡᠭᠡᠳᠦ ᠱᠠᠲᠤᠨ ᠠᠴᠠ ᠬᠡᠷᠡᠭ ᠢ ᠰᠢᠢᠳᠪᠦᠷᠢᠯᠡᠬᠦ ᠪᠠᠷ | ᠲᠤᠰᠢᠶᠠᠭᠰᠠᠨ ᠨᠤᠷᠮ᠎ᠠ ᠶᠢ 100% ᠳᠤ ᠬᠦᠷᠭᠡᠪᠡ᠃ ᠵᠠᠮ ᠬᠠᠷᠢᠯᠴᠠᠭ᠎ᠠ ᠲᠡᠭᠡᠭᠡᠪᠦᠷᠢ᠂ ᠢᠳᠡᠭᠡᠨ ᠤ ᠠᠮᠤᠷ | ᠲᠦᠪᠰᠢᠨ᠂ ᠪᠠᠷᠢᠯᠭ᠎ᠠ ᠶᠢᠨ ᠠᠵᠢᠯ ᠵᠡᠷᠭᠡ ᠭᠤᠤᠯᠳᠠᠯᠭ᠎ᠠ ᠲᠠᠢ ᠬᠦᠷᠢᠶᠡᠨ ᠳᠠᠬᠢ ᠠᠮᠤᠷ ᠲᠦᠪᠰᠢᠨ ᠤ ᠬᠡᠮ ᠰᠣᠭᠤᠭ ᠢ | ᠴᠠᠭ ᠲᠤᠬᠠᠶ ᠳᠤᠨᠢ ᠵᠢᠭᠰᠠᠭᠠᠨ ᠪᠠᠶᠢᠴᠠᠭᠠᠵᠤ᠂ ᠪᠦᠲᠦᠮᠵᠢᠲᠡᠶ ᠪᠠᠷ ᠴᠡᠭᠴᠡᠯᠡᠨ ᠵᠠᠰᠠᠵᠤ᠂ ᠠᠶᠤᠯᠭᠦᠶ | ᠦᠶ᠋ᠯᠡᠳᠪᠦᠷᠢᠯᠡᠯ ᠤᠨ ᠪᠠᠶᠢᠳᠠᠯ ᠢ ᠦᠷᠭᠦᠯᠵᠢᠯᠡᠨ ᠲᠣᠭᠲᠠᠭᠤᠨ ᠪᠠᠶᠢᠯᠭᠠᠵᠤ᠂ ᠣᠯᠠᠨ ᠲᠦᠮᠡᠨ ᠤ ᠬᠦᠷᠲᠡᠮᠵᠢ ᠶᠢᠨ | ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠠᠩ ᠲᠡᠭᠦᠯᠳᠡᠷ᠂ ᠨᠠᠩ | ᠪᠠᠲᠤᠯᠠᠭ᠎ᠠ ᠲᠠᠢ᠂ ᠨᠠᠩ ᠦᠷᠭᠦᠯᠵᠢᠯᠡᠬᠦ᠋ᠢᠴᠡ ᠪᠣᠯᠭᠠᠨ᠎ᠠ᠃ | ᠥᠩᠭᠡᠷᠡᠭᠰᠡᠨ ᠨᠢᠭᠡ ᠵᠢᠯ ᠳᠤ ᠪᠢᠳᠡ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠪᠠᠨ ᠪᠦᠬᠦ | ᠲᠠᠯ᠎ᠠ ᠪᠠᠷ ᠴᠢᠩᠭᠠᠳᠬᠠᠪᠠ᠃ ᠳᠣᠯᠣᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ | ᠠᠵᠢᠯ ᠢ ᠤᠷᠤᠭᠰᠢᠲᠠᠶ ᠪᠡᠶᠡᠯᠡᠭᠦᠯᠵᠦ᠂ ᠬᠤᠩ ᠰᠢᠩ ᠵᠡᠭᠡᠯᠢ ᠭᠤᠳᠤᠮᠵᠢ ᠶᠢᠨ ᠰᠢᠨ ᠯᠢ ᠳᠦᠨ ᠲᠣᠰᠬᠤᠨ | ᠨᠠᠢᠮᠠᠳᠤᠭᠠᠷ ᠪᠦᠯᠦᠭ ᠤᠨ ︽ᠪᠦᠬᠦ ᠤᠯᠤᠰ ᠤᠨ ᠠᠷᠠᠳᠴᠢᠯᠠᠯ ᠪᠠ ᠬᠠᠤᠯᠢ ᠪᠠᠷ ᠵᠠᠰᠠᠬᠤ ᠵᠢᠱᠢᠶ᠎ᠡ ᠦᠵᠡᠭᠦᠯᠬᠦ | ᠲᠣᠰᠬᠤᠨ︾ ᠢᠶᠠᠷ ᠦᠨᠡᠯᠡᠭᠳᠡᠪᠡ᠃ ︽ᠭᠤᠷᠪᠠᠨ ᠴᠢᠬᠤᠯᠠ ᠨᠢᠭᠡ ᠶᠡᠭᠡ︾ ᠶᠢᠨ ᠰᠢᠢᠳᠪᠦᠷᠢᠲᠦ ᠪᠣᠳᠣᠯᠭ᠎ᠠ ᠶᠢᠨ | ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ | ᠵᠦᠢᠯ ᠤᠨ ᠬᠠᠮᠢᠶᠠᠷᠤᠯᠲᠠ ᠶᠢᠨ ᠠᠷᠭ᠎ᠠ ᠵᠡᠷᠭᠡ ᠲᠦᠷᠢᠮ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠨ | ᠲᠡᠭᠦᠯᠳᠡᠷᠵᠢᠭᠦᠯᠵᠦ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠵᠠᠩᠭᠢᠯᠠᠭ᠎ᠠ ᠶᠢᠨ ᠭᠤᠭᠴᠤᠭ᠎ᠠ ᠶᠢᠨ ᠬᠢᠨᠠᠨ ᠪᠤᠳᠤᠵᠤ | ᠬᠢᠨᠠᠯᠲᠠ ᠲᠠᠯᠪᠢᠬᠤ ᠶᠢ ᠬᠠᠤᠯᠢ ᠶᠣᠰᠣᠭᠠᠷ ᠴᠢᠩᠭᠠᠳᠬᠠᠵᠤ᠂ ᠵᠠᠰᠠᠭ ᠤᠨ ᠣᠷᠳᠣᠨ ᠤ ᠡᠷᠬᠡ ᠶᠢᠨ ᠲᠣᠬᠢᠷᠠᠭᠤᠯᠤᠯᠲᠠ | ᠪᠠ ᠠᠵᠢᠯᠯᠠᠭᠠᠨ ᠢ ᠤᠯᠠᠮ ᠨᠢᠭᠡ ᠠᠯᠬᠤᠮ ᠵᠢᠷᠤᠮᠵᠢᠭᠤᠯᠤᠨ᠎ᠠ᠃ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ | ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠶᠡᠭᠡ ᠪᠠᠷ ᠲᠦᠯᠬᠢᠨ ᠠᠬᠢᠭᠤᠯᠵᠤ᠂ | ᠲᠥᠪ ᠬᠤᠷᠢᠶᠠᠨ ᠤ ︽ᠨᠠᠢᠮᠠᠨ ᠵᠦᠢᠯ ᠤᠨ ᠲᠣᠭᠲᠠᠭᠠᠯ︾ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ︽ᠲᠦᠷᠪᠡᠨ ᠰᠤᠷᠲᠠᠯ︾ ᠤᠨ ᠠᠰᠠᠭᠤᠳᠠᠯ ᠢ ᠪᠦᠲᠦᠮᠵᠢᠲᠡᠶ ᠪᠠᠷ ᠬᠤᠷᠢᠭᠯᠠᠨ ᠵᠣᠭᠰᠣᠭᠠᠵᠤ᠂ ᠺᠠᠳ᠋ᠷᠴᠤᠳ ᠤᠨ | ᠰᠤᠷᠲᠠᠯ ᠢ ᠤᠯᠠᠮ ᠨᠢᠭᠡ ᠠᠯᠬᠤᠮ ᠬᠤᠪᠢᠷᠠᠭᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ | ᠶᠣᠰᠣᠭᠠᠷ ᠬᠢᠨᠠᠯᠲᠠ ᠲᠠᠯᠪᠢᠬᠤ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠤᠨ ᠰᠠᠨᠠᠯ ᠵᠥᠪᠯᠡᠯᠭᠡ ᠶᠢ ᠨᠡᠶᠢᠭᠡᠮ ᠤᠨ ᠬᠢᠨᠠᠯᠲᠠ ᠲᠠᠯᠪᠢᠯᠲᠠ ᠪᠠ ᠶᠠᠷᠢᠶ᠎ᠠ ᠬᠡᠯᠡᠯᠴᠡᠭᠡᠨ ᠤ ᠬᠢᠨᠠᠯᠲᠠ | ᠲᠠᠯᠪᠢᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ︽ᠨᠢᠭᠡ ᠨᠣᠮᠧᠷ ᠢᠶᠠᠷ ᠪᠦᠬᠦᠨ ᠢ ᠰᠢᠢᠳᠪᠦᠷᠢᠯᠡᠬᠦ᠂ ᠪᠠᠯᠭᠠᠰᠤ | ︵ᠰᠤᠮᠤ︶ ᠵᠡᠭᠡᠯᠢ ᠭᠤᠳᠤᠮᠵᠢ ᠪᠠᠷ ᠨᠢᠭᠡᠳᠦᠯᠲᠡᠶ ᠰᠢᠢᠳᠪᠦᠷᠢᠯᠡᠬᠦ︾ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ | ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠪᠥᠬᠦ ᠲᠠᠯ᠎ᠠ ᠪᠠᠷ ᠴᠢᠩᠭᠠᠳᠬᠠᠪᠠ᠃ ᠡᠯ᠎ᠡ ᠠᠷᠠᠳᠴᠢᠯᠠᠭᠰᠠᠨ ᠨᠠᠮ | ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠪᠠ ᠠᠷᠠᠳ ᠤᠨ | ᠪᠦᠯᠬᠦᠮ ᠤᠨ ᠰᠠᠨᠠᠯ ᠢ ᠨᠠᠷᠢᠨ ᠬᠢᠨᠠᠮᠠᠭᠠᠢ ᠰᠣᠨᠣᠰᠴᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠨᠢ ᠤᠯᠠᠨ ᠲᠦᠮᠡᠨ ᠲᠠᠢ | ᠨᠡᠩ ᠣᠶᠢᠷᠠᠲᠤᠵᠤ᠂ ᠠᠷᠠᠳ ᠤᠨ ᠰᠠᠨᠠᠭᠠᠨ ᠳᠤ ᠨᠡᠩ ᠨᠡᠶᠢᠴᠡᠨ᠎ᠡ᠃ | ᠲᠥᠯᠥᠭᠡᠯᠡᠭᠴᠢᠳ ᠡ᠂ 2020 ᠣᠨ ᠪᠣᠯ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ | ᠲᠡᠭᠦᠰᠬᠡᠯ ᠤᠨ ᠵᠢᠯ ᠮᠥᠨ᠃ ᠲᠠᠪᠤᠨ ᠵᠢᠯ ᠤᠨ ᠲᠤᠷᠰᠢ᠂ ᠪᠢᠳᠡ ᠦᠵᠡᠯ ᠰᠠᠨᠠᠭ᠎ᠠ ᠪᠠᠨ ᠴᠢᠯᠥᠭᠡᠯᠡᠵᠦ᠂ ᠦᠨᠡᠨ ᠠᠴᠠ | ᠵᠥᠪ ᠢ ᠡᠷᠢᠬᠦ ᠶᠢ ᠪᠠᠷᠢᠮᠲᠠᠯᠠᠵᠤ᠂ ᠠᠵᠤ ᠠᠬᠤᠢ ᠶᠢᠨ ᠲᠤᠭ᠎ᠠ ᠪᠠᠷᠢᠮᠲᠠ ᠶᠢ ᠪᠦᠬᠦ ᠲᠠᠯ᠎ᠠ ᠪᠠᠷ ᠪᠣᠳᠠᠲᠠᠶᠢᠵᠢᠭᠤᠯᠵᠤ᠂ | ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠳᠠᠷᠤᠭᠠᠰᠤ ᠪᠠᠨ ᠲᠠᠶᠠᠭᠳᠠᠵᠤ᠂ ᠬᠠᠷᠰᠢ | ᠰᠠᠭᠠᠳ ᠢ ᠠᠷᠢᠯᠭᠠᠵᠤ᠂ ᠬᠥᠳᠡᠯᠭᠡᠬᠦ ᠬᠦᠴᠦᠨ ᠢ ᠬᠤᠷᠠᠮᠳᠤᠭᠤᠯᠵᠠᠢ᠃ ᠪᠢᠳᠡ ᠠᠮᠢ ᠠᠬᠤᠶ ᠶᠢ ᠲᠡᠷᠢᠭᠦᠨ ᠳᠤ | ᠲᠠᠯᠪᠢᠬᠤ᠂ ᠪᠣᠬᠢᠷᠲᠤᠯ ᠥᠬᠡᠶ ᠪᠠᠷ ᠬᠥᠭᠵᠢᠭᠦᠯᠬᠦ ᠶᠢ ᠪᠠᠷᠢᠮᠲᠠᠯᠠᠵᠤ᠂ ᠠᠵᠤ ᠠᠬᠤᠶ ᠶᠢᠨ ᠪᠦᠲᠦᠴᠡ ᠶᠢ ᠪᠥᠬᠦ | ᠬᠦᠴᠦᠨ ᠢᠶᠠᠷ ᠢᠶᠠᠨ ᠰᠢᠯᠢᠳᠡᠭᠵᠢᠭᠦᠯᠵᠦ᠂ ᠭᠤᠷᠪᠠᠨ ᠠᠵᠤ ᠦᠢᠯᠡᠰ ᠢ 2015 ᠣᠨ ᠤ 10᠄ 50᠄ 40 | ᠪᠠᠶᠢᠭᠰᠠᠨ ᠠᠴᠠ 12.9᠄ 24.9᠄ 62.2 ᠪᠣᠯᠭᠠᠨ ᠬᠤᠪᠢᠷᠠᠭᠤᠯᠪᠠ᠃ ᠥᠩᠭᠡᠷᠡᠭᠰᠡᠨ ᠲᠠᠪᠤᠨ ᠵᠢᠯ ᠳᠤ ᠠᠵᠤ | ᠠᠬᠤᠶ ᠶᠢᠨ ᠬᠥᠭᠵᠢᠯᠲᠡ ᠶᠢᠨ ᠰᠡᠯᠭᠦᠬᠦ ᠬᠦᠴᠦᠨ ᠪᠦᠬᠦ ᠲᠠᠯ᠎ᠠ ᠪᠠᠷ ᠴᠢᠩᠭᠠᠷᠠᠪᠠ᠃ ︽ᠤᠶᠤᠨᠲᠤ ᠲᠣᠮᠣ ᠲᠠᠷᠢᠶᠠᠯᠠᠩ | ︾ ᠤᠨ ᠬᠥᠭᠵᠢᠯᠲᠡ ᠶᠢᠨ ᠴᠢᠭᠯᠡᠯ ᠢ ᠪᠠᠷᠢᠮᠲᠠᠯᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 130 ᠲᠦᠮᠡᠨ ᠮᠥ | ᠪᠠᠶᠢᠭᠤᠯᠵᠤ᠂ ᠲᠠᠷᠢᠶᠠᠯᠠᠩ ᠤᠨ ᠮᠠᠰᠢᠨᠴᠢᠯᠠᠯᠲᠠ ᠶᠢᠨ ᠶᠡᠷᠦᠩᠬᠡᠶᠢᠯᠡᠭᠰᠡᠨ ᠬᠢᠷᠢ ᠬᠡᠮᠵᠢᠶ᠎ᠡ ᠶᠢ 96% ᠬᠦᠷᠭᠡᠵᠦ᠂ ︽ | ᠪᠥᠬᠦ ᠤᠯᠤᠰ ᠤᠨ ᠭᠤᠤᠯ ᠪᠣᠯᠬᠤ ᠲᠠᠷᠢᠮᠠᠯ ᠤᠨ ᠦᠢᠯᠡᠳᠪᠦᠷᠢᠯᠡᠯ ᠤᠨ ᠪᠥᠬᠦ ᠶᠠᠪᠤᠴᠠ ᠶᠢᠨ ᠮᠠᠰᠢᠨᠴᠢᠯᠠᠯᠲᠠ ᠶᠢᠨ | ᠵᠢᠱᠢᠶ᠎ᠡ ᠦᠵᠡᠭᠦᠯᠬᠦ ᠰᠢᠶᠠᠨ︾ ᠢᠶᠠᠷ ᠦᠨᠡᠯᠡᠭᠳᠡᠪᠡ᠃ ᠮᠠᠯ ᠠᠵᠤ ᠠᠬᠤᠶ ᠶᠢᠨ ᠣᠨ ᠤ ᠮᠠᠯ ᠤᠨ ᠲᠤᠭ᠎ᠠ ᠲᠣᠯᠣᠭᠠᠶ | 142 ᠲᠦᠮᠡ ᠳᠤ ᠬᠦᠷᠴᠦ᠂ ᠲᠠᠷᠢᠶᠠᠯᠠᠩ ᠮᠠᠯ ᠠᠵᠤ ᠠᠬᠤᠶ ᠶᠢᠨ ᠲᠣᠯᠣᠭᠠᠶᠢᠯᠠᠭᠴᠢ ᠠᠵᠤ ᠠᠬᠤᠶᠢᠯᠠᠯ 39 | ᠪᠣᠯᠵᠣ᠂ ᠲᠠᠷᠢᠶᠠᠯᠠᠩ ᠠᠵᠤ ᠠᠬᠤᠶᠢᠯᠠᠯ ᠤᠨ ᠠᠰᠢᠭ ᠲᠤᠰᠠ ᠶᠢᠨ ᠨᠢᠭᠲᠠ ᠬᠤᠯᠪᠣᠯᠳᠤᠭᠰᠠᠨ ᠬᠠᠷᠢᠴᠠᠯ 80% ᠶᠢ | ᠳᠠᠪᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠶᠡᠷᠦᠩᠬᠡᠶᠢᠯᠡᠨ ᠡᠳ᠋ᠰᠢᠭᠦᠯᠦᠨ | ᠬᠤᠪᠢᠷᠠᠭᠤᠯᠬᠤ ᠨᠣᠷᠮ᠎ᠠ 85% ᠳᠤ ᠬᠦᠷᠴᠦ᠂ ᠣᠯᠠᠨ ᠵᠢᠯ ᠳᠠᠷᠠᠭᠠᠯᠠᠨ ᠪᠥᠬᠦ ᠤᠯᠤᠰ ᠤᠨ ᠠᠮᠤ ᠪᠤᠳᠠᠭᠠᠨ ᠤ | ᠭᠠᠷᠤᠯᠲᠠ ᠶᠢᠨ ᠲᠣᠮᠣ ᠰᠢᠶᠠᠨ ᠢᠶᠠᠷ ᠦᠨᠡᠯᠡᠭᠳᠡᠵᠦ᠂ ᠠᠮᠢᠳᠤ ᠭᠠᠭ᠋ᠠᠶ ᠶᠢᠨ ᠭᠠᠷᠭᠠᠯᠲᠠ ᠶᠢᠨ ᠶᠡᠭᠡ ᠰᠢᠶᠠᠨ᠂ ᠦᠬᠡᠷ | ᠬᠤᠨᠢ ᠶᠢᠨ ᠭᠠᠷᠭᠠᠯᠲᠠ ᠶᠢᠨ ᠶᠡᠭᠡ ᠰᠢᠶᠠᠨ ᠪᠤᠯᠪᠠ᠃ ᠠᠵᠤ ᠦᠢᠯᠡᠳᠪᠦᠷᠢ ᠶᠢᠨ ᠠᠵᠤ ᠠᠬᠤᠶ ᠬᠡᠯᠪᠡᠷᠢ ᠪᠠᠨ | ᠬᠤᠪᠢᠷᠠᠭᠤᠯᠤᠨ ᠳᠡᠰ ᠳᠡᠪᠰᠢᠵᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠥᠪᠡᠷᠲᠡᠭᠡᠨ ᠵᠠᠰᠠᠬᠤ | ᠣᠷᠣᠨ ᠤ ᠳᠡᠰ ᠤᠨ ᠣᠷᠴᠢᠯ ᠠᠵᠤ ᠠᠬᠤᠶ ᠶᠢᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ᠂ ︽ᠪᠣᠬᠢᠷᠲᠤᠯ | ᠦᠭᠡᠶ ᠬᠦᠷᠢᠶᠡᠯᠡᠩ ᠲᠣᠭᠤᠷᠢᠭ︾ ᠢᠶᠠᠷ ᠦᠨᠡᠯᠡᠭᠳᠡᠵᠦ᠂ ᠪᠣᠬᠢᠷᠲᠤᠯ ᠦᠭᠡᠶ ᠢᠳᠡᠭᠡᠨ ᠪᠣᠯᠪᠠᠰᠤᠷᠠᠭᠤᠯᠬᠤ | ᠬᠦᠷᠢᠶᠡᠯᠡᠩ ᠲᠣᠭᠤᠷᠢᠭ ᠢ ᠥᠪᠡᠷᠲᠡᠭᠡᠨ ᠵᠠᠰᠠᠬᠤ ᠣᠷᠣᠨ ᠤ ᠳᠡᠰ ᠤᠨ ︽ ᠤᠳᠤᠳ ᠤᠨ ᠰᠢᠨ᠎ᠡ ᠶᠢ ᠡᠭᠦᠳᠬᠦ | ᠣᠷᠣᠨ ᠵᠠᠶ︾ ᠪᠠ ︽ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ︾ ᠪᠣᠯᠭᠠᠨ ᠳᠡᠭᠡᠭᠰᠢᠯᠡᠭᠦᠯᠵᠦ᠂ ᠮᠸᠢ | ᠬᠤᠸ᠋ᠨ ᠠᠮᠢᠳᠤ ᠪᠣᠳᠠᠰ ᠨᠢ ᠳᠡᠯᠡᠬᠡᠶ ᠶᠢᠨ ᠨᠢᠭᠡᠳᠦᠭᠡᠷ ᠵᠢᠵᠢᠭ ᠡᠭᠦᠯᠳᠡᠷ ᠤᠨ ᠰᠢᠪᠲᠦᠷᠲᠦ ᠬᠦᠴᠢᠯ ᠤᠨ | ᠦᠢᠯᠡᠳᠪᠦᠷᠢᠯᠡᠯ ᠤᠨ ᠠᠵᠤ ᠠᠬᠤᠶᠢᠯᠠᠯ ᠪᠣᠯᠵᠤ᠂ ᠶᠢᠨ ᠯᠦᠸᠧ ᠶᠢᠨ ᠢᠳᠡᠭᠡᠨ ᠨᠢ ᠪᠥᠬᠦ ᠳᠡᠯᠡᠬᠡᠶ ᠶᠢᠨ | ᠠᠩᠬᠠᠳᠠᠭᠴᠢ ᠯᠠᠯᠤ ᠶᠢᠨ ᠢᠳᠡᠭᠡᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠪᠣᠯᠵᠣ᠂ ᠨᠠᠷᠢᠯᠢᠭ ᠬᠢᠴᠡᠲᠡᠶ | ᠪᠢᠳᠦᠷᠶ᠎ᠡ ᠨᠢ ᠪᠥᠬᠦ ᠳᠡᠯᠡᠬᠡᠶ ᠶᠢᠨ ᠠᠩᠬᠠᠳᠠᠭᠴᠢ ᠲᠣᠮᠣ ᠬᠡᠮᠵᠢᠶᠡᠨ ᠤ ᠥᠩᠭᠡᠲᠦ ᠪᠢᠳᠦᠷᠶ᠎ᠡ ᠪᠥᠭᠡᠮ ᠢᠶᠠᠷ | ᠦᠢᠯᠡᠳᠪᠦᠷᠢᠯᠡᠬᠦ ᠮᠡᠷᠭᠡᠵᠢᠯ ᠢ ᠡᠵᠡᠮᠰᠢᠭᠰᠡᠨ ᠠᠵᠤ ᠠᠬᠤᠶᠢᠯᠠᠯ ᠪᠣᠯᠵᠣ᠂ ᠵᠢᠩ ᠰᠢᠨ ᠰᠢᠨᠵᠢᠯᠡᠬᠦ ᠤᠬᠠᠭᠠᠨ | ᠮᠡᠷᠭᠡᠵᠢᠯ ᠤᠨ ᠪᠡᠶ᠎ᠡ ᠪᠠᠨ ᠳᠠᠭᠠᠭᠠᠨ ᠰᠤᠳᠤᠯᠤᠨ ᠨᠡᠭᠡᠭᠡᠵᠦ᠂ 5N ᠲᠠᠰ ᠤᠨ ᠴᠡᠪᠡᠷ ᠬᠥᠩᠭᠡᠨᠴᠠᠭᠠᠨ ᠤ ᠢᠰᠦᠯ᠂ | ᠲᠢᠶᠠᠨ ᠷᠦᠩ ᠰᠠᠯᠬᠢᠨ ᠬᠦᠴᠦᠨ ᠤ ᠴᠠᠬᠢᠯᠭᠠᠨ ᠤ ᠦᠢᠯᠡᠳᠪᠦᠷᠢᠯᠡᠯ ᠨᠢ ᠤᠯᠤᠰ ᠤᠨ ᠳᠣᠲᠣᠭᠠᠳᠤ ᠶᠢᠨ | ᠠᠩᠬᠠᠳᠠᠭᠴᠢ ᠤᠤᠯ ᠤᠨ ᠰᠠᠯᠬᠢᠨ ᠤ ᠲᠠᠯᠠᠪᠠᠶ ᠶᠢ ᠲᠠᠰ ᠳᠡᠪᠰᠢᠭᠦᠯᠦᠨ ᠥᠭᠡᠷᠡᠴᠢᠯᠡᠬᠦ ᠶᠢ ᠪᠡᠶᠡᠯᠡᠭᠦᠯᠪᠡ᠃ | ᠲᠦᠩᠯᠢᠶᠣᠤ ᠶᠢᠨ ᠴᠠᠬᠢᠭᠤᠷᠲᠤ ᠡᠯᠡᠰᠦᠨ ᠳᠤ ᠪᠤᠯᠤᠳ ᠴᠢᠳᠬᠤᠬᠤ ᠳᠤ ᠬᠡᠷᠡᠭᠯᠡᠬᠦ ᠥᠨᠳᠥᠷ ᠴᠠᠬᠢᠭᠤᠷᠲᠤ ᠡᠯᠡᠰᠦᠨ ᠤ | ᠪᠦᠲᠦᠭᠡᠭᠳᠡᠬᠦᠨ ᠢ ᠠᠮᠵᠢᠯᠲᠠ ᠲᠠᠢ ᠪᠠᠷ ᠰᠤᠳᠤᠯᠤᠨ ᠨᠡᠭᠡᠭᠡᠵᠦ᠂ ᠤᠮᠠᠷᠠᠲᠤ ᠶᠢᠨ ᠡᠯᠡᠰᠦᠨ ᠤ ᠪᠤᠯᠤᠳ ᠴᠢᠳᠬᠤᠬᠤ | ᠬᠦᠷᠢᠶᠡᠨ ᠳᠠᠬᠢ ᠬᠡᠷᠡᠭᠯᠡᠭᠡᠨ ᠤ ᠬᠤᠭᠤᠰᠣᠨ ᠢ ᠨᠥᠬᠦᠪᠥᠷᠢᠯᠡᠵᠦ᠂ ᠦᠯᠡᠳᠡᠭᠳᠡᠯ ᠬᠦᠳᠡᠷ ᠢ ᠴᠡᠪᠡᠷᠰᠢᠭᠦᠯᠬᠦ ᠮᠡᠷᠭᠡᠵᠢᠯ ᠢ | ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ︽ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠠᠷᠪᠢᠯᠠᠬᠤ ᠪᠠ | ᠶᠡᠷᠦᠩᠬᠡᠶᠢᠯᠡᠨ ᠠᠰᠢᠭᠯᠠᠬᠤ ᠲᠡᠷᠢᠭᠦᠨ ᠤ ᠮᠡᠷᠭᠡᠵᠢᠯ ᠢ ᠳᠡᠯᠭᠡᠷᠡᠭᠦᠯᠬᠦ ᠭᠠᠷᠴᠠᠭ︾ ᠲᠤ ᠣᠷᠣᠭᠤᠯᠪᠠ᠃ ᠣᠳᠣ | ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠡᠪᠴᠢᠶ᠎ᠡ ᠶᠡᠷᠦᠩᠬᠡᠶ ᠳᠡᠭᠡᠨ ᠳᠡᠭᠡᠭᠰᠢᠯᠡᠵᠦ ᠵᠢᠯ ᠤᠨ ᠡᠵᠡᠩᠨᠡᠯᠲᠡ ᠶᠢᠨ | ᠨᠣᠷᠮ᠎ᠠ ᠨᠢ ᠳ᠋ᠦᠩᠰᠢᠭᠤᠷ ᠲᠥᠭᠦᠷᠢᠭ ᠢ ᠳᠠᠪᠠᠭᠰᠠᠨ ᠲᠣᠮᠣ ᠬᠡᠯᠪᠡᠷᠢ ᠶᠢᠨ ᠠᠷᠠᠯᠵᠢᠶ᠎ᠠ ᠬᠤᠳᠠᠯᠳᠤᠭᠠᠨ ᠤ | ᠶᠡᠷᠦᠩᠬᠡᠶᠢᠯᠡᠭᠰᠡᠨ ᠴᠣᠭᠴᠠ᠂ ᠲᠤᠰᠬᠠᠶ ᠵᠠᠬ᠎ᠠ ᠳᠡᠯᠭᠡᠭᠦᠷ 10 ᠪᠣᠯᠵᠣ᠂ ᠱᠧᠨ ᠲᠦᠩ ᠲᠦᠷᠭᠡᠨ ᠬᠦᠷᠭᠡᠯᠲᠡ ᠶᠢᠨ | ᠬᠤᠪᠢᠶᠠᠷᠢ ᠲᠥᠪ ᠲᠤ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠠᠦ᠋ᠲ᠋ᠣᠴᠢᠯᠠᠭᠰᠠᠨ ᠢᠯᠭᠠᠬᠤ ᠰᠢᠰᠲ᠋ᠧᠮ ᠢ | ᠪᠠᠶᠢᠭᠤᠯᠵᠤ᠂ ᠥᠪᠥᠷ ᠮᠣᠩᠭᠤᠯ ᠤᠨ ᠵᠡᠭᠦᠨ ᠬᠡᠰᠡᠭ ᠤᠨ ᠨᠡᠭᠦᠷᠡᠰᠦᠨ ᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ | ᠵᠢᠯ ᠤᠨ ᠡᠷᠭᠢᠯᠲᠡ ᠶᠢᠨ ᠬᠡᠮᠵᠢᠶ᠎ᠡ 574 ᠲᠦᠮᠡᠨ ᠲᠣᠨ ᠳᠤ ᠬᠦᠷᠴᠦ᠂ ᠥᠪᠥᠷ ᠮᠣᠩᠭᠤᠯ ᠸᠠᠩ ᠡᠮ ᠡᠮᠨᠡᠯᠭᠡ ᠶᠢᠨ | ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠵᠢᠯ ᠤᠨ ᠠᠷᠠᠯᠵᠢᠶᠠᠨ ᠤ ᠲᠤᠭ᠎ᠠ ᠪᠥᠬᠦ ᠬᠤᠲᠠ ᠳᠤ ᠨᠢᠭᠡᠳᠦᠭᠡᠷ ᠲᠤ | ᠣᠷᠣᠵᠤ᠂ ᠹᠧᠩ ᠱᠧᠩ ᠲᠠᠷᠢᠶᠠᠯᠠᠩ ᠤᠨ ᠪᠦᠲᠦᠭᠡᠭᠳᠡᠬᠦᠨ ᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠨᠢ | ᠡᠮᠦᠨᠡᠲᠦ ᠶᠢᠨ ᠨᠣᠭᠤᠭ᠎ᠠ ᠶᠢ ᠤᠮᠠᠷᠠᠲᠤ ᠶᠢᠨ ᠲᠡᠭᠡᠭᠡᠪᠦᠷᠢ ᠶᠢᠨ ᠬᠥᠭᠦᠷᠭᠡ ᠪᠠ ᠬᠤᠯᠪᠣᠭᠠᠰᠤ ᠪᠣᠯᠪᠠ᠃ ᠪᠥᠬᠦ | ᠣᠷᠣᠨ ᠤ ᠳᠠᠩᠰᠠᠯᠠᠭᠤᠯᠤᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ 169 ᠪᠣᠯᠵᠣ᠂ ᠰᠦᠯᠵᠢᠶᠡᠨ ᠤ | ᠳᠡᠯᠭᠡᠭᠦᠷ ᠤᠨ ᠪᠢᠴᠢᠯ ᠳᠡᠯᠭᠡᠭᠦᠷ 1.3 ᠲᠦᠮᠡᠨ ᠡᠷᠦᠬᠡ ᠳᠤ ᠬᠦᠷᠴᠦ᠂ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠠᠷᠠᠯᠵᠢᠶ᠎ᠠ ᠶᠢᠨ ᠬᠡᠪᠴᠢᠶ᠎ᠡ ᠪᠥᠬᠦ ᠬᠤᠲᠠ ᠶᠢᠨ ᠲᠡᠷᠢᠭᠦᠨ ᠳᠤ ᠣᠷᠣᠪᠠ᠃ ᠰᠢᠨᠵᠢᠯᠡᠬᠦ ᠤᠬᠠᠭᠠᠨ | ᠮᠡᠷᠭᠡᠵᠢᠯ ᠤᠨ ᠲᠤᠯᠭᠠᠭᠤᠷᠢᠯᠠᠬᠤ ᠴᠢᠳᠠᠪᠤᠷᠢ ᠶᠢ ᠪᠥᠬᠦ ᠲᠠᠯ᠎ᠠ ᠪᠠᠷ ᠴᠢᠩᠭᠠᠷᠠᠭᠤᠯᠵᠤ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠠᠴᠢᠶᠠᠯᠠᠪᠤᠷᠢ ᠶᠢ 31 ᠪᠣᠯᠭᠠᠵᠤ᠂ ᠤᠯᠤᠰ ᠠᠴᠠ ᠡᠷᠬᠡ ᠣᠯᠭᠤᠭᠰᠠᠨ ᠲᠤᠰᠬᠠᠶ | ᠠᠰᠢᠭ ᠤᠨ ᠲᠤᠭ᠎ᠠ ᠬᠡᠮᠵᠢᠶ᠎ᠡ ᠶᠢ 395 ᠰᠢᠨ᠎ᠡ ᠪᠠᠷ ᠨᠡᠮᠡᠭᠳᠡᠭᠦᠯᠵᠦ᠂ ᠶᠡᠷᠦᠩᠬᠡᠶ ᠬᠡᠮᠵᠢᠶ᠎ᠡ ᠶᠢ ᠪᠥᠬᠦ ᠬᠤᠲᠠ ᠳᠤ | ᠨᠢᠭᠡᠳᠦᠭᠡᠷ ᠲᠤ ᠣᠷᠣᠭᠤᠯᠪᠠ᠃ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠯᠤᠭ᠎ᠠ ᠶᠢᠨ | ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ︽ᠵᠠᠰᠠᠭ ᠤᠨ ᠣᠷᠳᠣᠨ | ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠬᠡᠷᠡᠭᠯᠡᠬᠦ︾ ᠵᠡᠷᠭᠡ | ᠲᠠᠯ᠎ᠠ ᠪᠠᠷ ᠣᠯᠠᠨ ᠲᠠᠯ᠎ᠠ ᠪᠠᠷ ᠰᠢᠪᠲᠤᠯᠤᠯᠲᠠ ᠭᠠᠷᠭᠠᠪᠠ᠃ ᠭᠠᠳᠠᠭᠠᠳᠤ ᠨᠡᠬᠡᠬᠡᠯᠳᠡ ᠴᠣ᠋ ᠰᠢᠨ᠎ᠡ ᠠᠯᠬᠤᠮ ᠢ | ᠠᠯᠬᠤᠵᠤ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠰᠠᠷ᠎ᠠ ᠪᠦᠷᠢ 1 ᠡᠭᠡᠯᠵᠢ ᠶᠢᠨ ︽ᠲᠠᠩ | ᠠᠶᠠᠯᠠᠯ ᠠᠴᠠ ᠡᠬᠢᠯᠡᠵᠦ︾ ᠪᠠᠶᠢᠭᠰᠠᠨ ᠠᠴᠠ ᠪᠠᠨ ᠭᠠᠷᠠᠭ ᠪᠦᠷᠢ 1 ᠡᠭᠡᠯᠵᠢ ᠶᠢᠨ ︽ᠬᠤᠣᠰ ᠴᠢᠭᠯᠡᠯ ᠢᠶᠠᠷ ᠲᠦᠷᠭᠡᠨ | ᠭᠦᠶᠦᠬᠦ︾ ᠪᠤᠯᠵᠤ᠂ ᠸᠧᠢ ᠢᠦᠢ ᠶᠢᠨ ᠠᠮᠢᠳᠤ ᠪᠣᠳᠠᠰ ᠤᠨ ᠠᠯᠠᠭ ᠮᠠᠭᠠᠵᠢ ᠶᠢ ᠤᠷᠢᠳᠴᠢᠯᠠᠨ ᠰᠢᠬᠠᠵᠤ ᠨᠠᠷᠢᠯᠢᠭ | ᠪᠣᠯᠪᠠᠰᠤᠷᠠᠭᠤᠯᠬᠤ ᠮᠡᠷᠭᠡᠵᠢᠯ ᠢᠶᠠᠷ ᠤᠯᠤᠰ ᠤᠨ ᠳᠣᠲᠣᠭᠠᠳᠤ ᠶᠢᠨ ᠠᠯᠠᠭ ᠮᠠᠭᠠᠵᠢ ᠶᠢᠨ ᠠᠵᠢᠯ ᠲᠦᠷᠦᠯ ᠤᠨ | ᠠᠩᠬᠠᠳᠠᠭᠴᠢ ᠭᠠᠷ ᠤᠷᠠᠯᠠᠯ ᠢ ᠭᠠᠳᠠᠭᠠᠳᠤ ᠳᠤ ᠭᠠᠷᠭᠠᠬᠤ ᠶᠢ ᠪᠡᠶᠡᠯᠡᠭᠦᠯᠵᠡᠢ᠃ ᠯᠦᠩ ᠮᠠ᠂ ᠾᠧᠩ ᠳ᠋ᠡ᠂ ᠰᠢᠨ | ᠶᠤᠸᠠᠨ ᠵᠡᠷᠭᠡ ᠪᠣᠳᠠᠲᠤ ᠬᠦᠴᠦᠨ ᠲᠠᠢ ᠠᠵᠤ ᠠᠬᠤᠶᠢᠯᠠᠯ ᠢ ᠠᠮᠵᠢᠯᠲᠠ ᠲᠠᠢ ᠪᠠᠷ ᠣᠷᠣᠭᠤᠯᠤᠨ ᠠᠪᠴᠢᠷᠠᠵᠤ | ᠪᠦᠲᠦᠴᠡ ᠶᠢᠨ ᠲᠠᠰ ᠳᠡᠪᠰᠢᠬᠦ ᠶᠢ ᠠᠬᠢᠭᠤᠯᠵᠤ᠂ ᠬᠠᠶ ᠲᠢᠶᠠᠨ ᠡᠮ ᠤᠨ ᠦᠢᠯᠡᠰ᠂ ᠶᠢᠨ ᠶᠤᠸᠠᠨ ᠬᠢᠮᠢ ᠶᠢᠨ ᠠᠵᠤ | ᠦᠢᠯᠡᠳᠪᠦᠷᠢ᠂ ᠮᠦᠩᠬᠡ ᠡᠮ ᠦᠢᠯᠡᠳᠬᠦ ᠵᠡᠷᠭᠡ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠢ | ᠣᠷᠣᠭᠤᠯᠤᠨ ᠠᠪᠴᠢᠷᠠᠵᠤ ᠦᠯᠡᠳᠡᠭᠡᠯ ᠡᠬᠢ ᠪᠠᠶᠠᠯᠢᠭ ᠢ ᠠᠮᠢᠯᠠᠭᠤᠯᠵᠤ᠂ ᠨᠡᠶᠢᠲᠡ 141 ᠬᠤᠳᠠᠯᠳᠤᠭᠠᠴᠢᠨ ᠤᠷᠢᠵᠤ | ᠪᠠᠯᠠ ᠣᠷᠣᠭᠤᠯᠬᠤ ᠲᠥᠷᠥᠯ ᠵᠦᠢᠯ ᠲᠠᠢ ᠭᠡᠷ᠎ᠡ ᠲᠣᠭᠲᠠᠵᠤ᠂ ᠭᠡᠷ᠎ᠡ ᠲᠣᠭᠲᠠᠭᠰᠠᠨ ᠲᠤᠭ᠎ᠠ 1440 ᠳ᠋ᠦᠩᠰᠢᠭᠤᠷ | ᠲᠥᠭᠦᠷᠢᠭ ᠲᠤ ᠬᠥᠷᠪᠡ᠃ ᠥᠩᠭᠡᠷᠡᠭᠰᠡᠨ ᠲᠠᠪᠤᠨ ᠵᠢᠯ ᠳᠤ᠂ ᠬᠤᠳᠠ ᠬᠥᠳᠡᠭᠡ ᠶᠢᠨ ᠳᠦᠷᠰᠦ ᠪᠠᠶᠢᠳᠠᠯ ᠳᠤ | ᠭᠦᠨᠵᠡᠭᠡᠢ ᠬᠤᠪᠢᠷᠠᠯᠲᠠ ᠭᠠᠷᠪᠠ᠃ ᠰᠢᠶᠠᠨ ᠤ ᠬᠡᠪᠴᠢᠶᠡᠨ ᠤ ᠬᠤᠲᠠ ᠪᠠᠯᠭᠠᠰᠤ ᠶᠢᠨ ᠰᠢᠰᠲ᠋ᠧᠮᠵᠢ ᠶᠢᠨ | ᠲᠥᠯᠥᠪᠵᠢᠭᠦᠯᠭᠡ᠂ 10 ᠰᠤᠮᠤ ᠪᠠᠯᠭᠠᠰᠤ ᠶᠢᠨ ᠪᠦᠬᠦᠯᠢ ᠴᠣᠭᠴᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ | ᠵᠣᠬᠢᠶᠠᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠨᠡᠶᠢᠲᠡ 32.5 ᠳ᠋ᠦᠩᠰᠢᠭᠤᠷ ᠲᠥᠭᠦᠷᠢᠭ ᠤᠨ ᠪᠠᠯᠠ | ᠮᠥᠩᠭᠦ ᠣᠷᠣᠭᠤᠯᠵᠤ᠂ ᠪᠡᠭᠡᠵᠢᠩ ᠮᠦᠭᠳᠡᠨ ᠤ ᠳᠡᠭᠡᠳᠦ ᠬᠤᠷᠳᠤᠴᠠᠲᠤ ᠲᠡᠮᠦᠷ ᠵᠠᠮ ᠤᠨ ᠬᠤᠯᠪᠣᠬᠤ ᠱᠤᠭᠤᠮ᠂ | ᠲᠦᠩᠯᠢᠶᠣᠤ ᠶᠢᠨ ᠨᠢᠰᠬᠡᠯ ᠤᠨ ᠪᠠᠭᠤᠳᠠᠯ ᠤᠨ ᠥᠷᠭᠡᠳᠬᠡᠨ ᠪᠠᠶᠢᠭᠤᠯᠬᠤ᠂ ᠰᠢᠨ᠎ᠡ ᠵᠠᠭᠤᠨ ᠤ ᠲᠣᠮᠣ ᠬᠥᠭᠦᠷᠭᠡ | ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠤᠨ ᠲᠠᠲᠠᠪᠤᠷᠢᠯᠠᠬᠤ ᠡᠭᠦᠷᠭᠡ ᠶᠢ ᠥᠨᠳᠥᠷ ᠪᠦᠲᠦᠮᠵᠢᠲᠡᠶ ᠪᠠᠷ | ᠪᠡᠶᠡᠯᠡᠭᠦᠯᠪᠡ᠃ ᠤᠯᠠᠨ ᠲᠦᠮᠡᠨ ᠤ ᠠᠩᠬᠠᠷᠴᠤ ᠪᠠᠶᠢᠭ᠎ᠠ 72 ᠵᠦᠢᠯᠡᠰ ᠤᠨ ᠪᠤᠴᠠᠵᠤ ᠨᠡᠭᠦᠵᠦ ᠣᠷᠣᠵᠤ ᠰᠠᠭᠤᠬᠤ | ᠠᠰᠠᠭᠤᠳᠠᠯ ᠢ ᠬᠦᠴᠦᠯᠡᠨ ᠰᠢᠢᠳᠪᠦᠷᠢᠯᠡᠵᠦ ᠂ 1.58 ᠲᠦᠮᠡᠨ ᠡᠷᠦᠬᠡ ᠰᠠᠭᠤᠭᠠᠯᠢ ᠠᠷᠠᠳ ᠢ ᠴᠠᠭ ᠲᠤᠬᠠᠶ ᠳᠤᠨᠢ | ᠪᠦᠲᠦᠮᠵᠢᠲᠡᠶ ᠪᠠᠷ ᠲᠥᠪᠬᠢᠨᠡᠭᠦᠯᠪᠡ᠃ 515 ᠬᠠᠭᠤᠴᠢᠨ ᠵᠢᠵᠢᠭ ᠲᠣᠭᠤᠷᠢᠭ᠂ 101 ᠳᠠᠩ ᠪᠡᠶᠡᠲᠦ ᠠᠰᠠᠷ ᠢ | ᠳᠡᠭᠡᠭᠰᠢᠯᠡᠭᠦᠯᠦᠨ ᠥᠭᠡᠷᠡᠴᠢᠯᠡᠬᠦ ᠠᠵᠢᠯ ᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠵᠦ᠂ ᠬᠥᠳᠡᠭᠡ ᠲᠣᠰᠬᠤᠨ ᠤ 1.4 | ᠲᠦᠮᠡ ᠭᠠᠷᠤᠶ ᠡᠷᠦᠬᠡ ᠶᠢᠨ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠵᠠᠰᠠᠬᠤ ᠡᠭᠦᠷᠭᠡ ᠶᠢ ᠴᠢᠨᠠᠷ | ᠰᠠᠶᠢᠲᠠᠶ ᠨᠠᠶᠢᠳᠠᠪᠤᠷᠢᠵᠢᠭᠤᠯᠪᠠ᠃ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠢᠨᠵᠧᠨᠧᠷᠢᠩ ᠤᠨ | ᠥᠭᠡᠷᠡᠴᠢᠯᠡᠬᠦ ᠲᠠᠯᠠᠪᠠᠢ ᠶᠢ 25 ᠲᠦᠮᠡᠨ ᠲᠡᠭᠰᠢ ᠳᠥᠷᠪᠡᠯᠵᠢᠨ ᠮᠧᠲᠷ ᠲᠤ ᠪᠡᠶᠡᠯᠡᠭᠦᠯᠵᠦ᠂ 1.3 ᠲᠦᠮᠡᠨ ᠲᠣᠨ | ᠨᠡᠭᠦᠷᠡᠰᠦ ᠬᠤᠷᠣᠭᠳᠠᠭᠤᠯᠬᠤ ᠶᠢ ᠪᠠᠭᠠᠰᠬᠠᠪᠠ᠃ ︽ᠵᠣᠷᠯᠣᠩ ᠤᠨ ᠬᠤᠪᠢᠰᠬᠠᠯ︾ ᠤᠨ ᠠᠵᠢᠯ ᠢ 3.9 ᠲᠦᠮᠡᠨ | ᠡᠷᠦᠬᠡ ᠳᠤ ᠳᠠᠭᠤᠰᠬᠠᠵᠤ᠂ ᠵᠠᠰᠠᠭ ᠵᠠᠬᠢᠷᠭᠠᠨ ᠤ ᠲᠣᠰᠬᠤᠨ ᠤ ᠶᠡᠷᠦᠩᠬᠡᠶᠢᠯᠡᠨ ᠴᠡᠭᠴᠡᠯᠡᠨ ᠵᠠᠰᠠᠬᠤ ᠪᠠ | ᠠᠮᠢᠳᠤᠷᠠᠯ ᠤᠨ ᠬᠤᠭ ᠨᠣᠪᠰᠢ ᠶᠢ ᠬᠤᠤᠷ ᠥᠬᠡᠶ ᠪᠣᠯᠭᠠᠨ ᠰᠢᠢᠳᠪᠦᠷᠢᠯᠡᠭᠰᠡᠨ ᠨᠣᠷᠮ᠎ᠠ ᠴᠥᠮ 100% ᠳᠤ | ᠬᠥᠷᠪᠡ᠃ ᠨᠡᠶᠢᠲᠡ 20.8 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠣᠷᠣᠭᠤᠯᠵᠤ᠂ ᠬᠠᠲᠠᠭᠤᠷᠠᠭᠤᠯᠤᠨ | ᠭᠡᠷᠡᠯᠲᠦᠭᠦᠯᠬᠦ ᠵᠡᠭᠡᠯᠢ ᠭᠤᠳᠤᠮᠵᠢ ᠶᠢᠨ 330 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠬᠠᠤᠯᠢ ᠠᠴᠠ | ᠵᠥᠷᠢᠴᠡᠭᠰᠡᠨ ᠪᠠᠷᠢᠯᠭ᠎ᠠ᠂ ᠵᠠᠮ ᠡᠵᠡᠯᠡᠨ ᠡᠵᠡᠩᠨᠡᠬᠦ᠂ ᠵᠠᠳᠠᠭᠠᠶ ᠰᠢᠷᠠᠮᠠᠯ ᠵᠡᠷᠭᠡ ᠠᠯᠢ ᠣᠯᠠᠨ ᠬᠤᠲᠠ ᠶᠢᠨ ᠬᠡᠮ | ᠠᠷᠬᠠᠭ ᠢ ᠪᠥᠬᠦ ᠲᠠᠯ᠎ᠠ ᠪᠠᠷ ᠰᠢᠪᠲᠤᠯᠵᠤ᠂ ᠬᠤᠲᠠ ᠶᠢᠨ ᠲᠣᠭᠤᠷᠢᠭ ᠤᠨ ᠮᠠᠰᠢᠨᠴᠢᠯᠠᠭᠰᠠᠨ ᠴᠡᠪᠡᠷᠯᠡᠯᠲᠡ ᠶᠢᠨ ᠨᠣᠷᠮ᠎ᠠ | 98% ᠳᠤ ᠬᠦᠷᠴᠦ᠂ ᠲᠦᠩᠯᠢᠶᠣᠤ ᠬᠤᠲᠠ ᠶᠢᠨ ᠪᠥᠬᠦ ᠤᠯᠤᠰ ᠤᠨ ᠪᠣᠯᠪᠠᠰᠤᠨ ᠬᠤᠲᠠ᠂ ᠤᠯᠤᠰ ᠤᠨ ᠡᠷᠡᠭᠦᠯ | ᠬᠠᠮᠠᠭᠠᠯᠠᠯ ᠤᠨ ᠬᠤᠲᠠ ᠶᠢ ᠠᠮᠵᠢᠯᠲᠠ ᠲᠠᠢ ᠪᠠᠷ ᠡᠭᠦᠳᠦᠨ ᠪᠠᠶᠢᠭᠤᠯᠬᠤ᠂ ᠬᠤᠲᠠ ᠪᠠᠶᠢᠭᠤᠯᠤᠭᠰᠠᠨ ᠦᠷ᠎ᠡ | ᠪᠦᠲᠦᠭᠡᠯ ᠢ ᠪᠠᠬᠢᠵᠢᠭᠦᠯᠬᠦ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃ ᠥᠩᠭᠡᠷᠡᠭᠰᠡᠨ ᠲᠠᠪᠤᠨ ᠵᠢᠯ ᠳᠤ᠂ | ᠠᠷᠠᠳ ᠤᠨ ᠠᠮᠢᠳᠤᠷᠠᠯ ᠤᠨ ᠲᠦᠪᠰᠢᠨ ᠮᠡᠳᠡᠭᠳᠡᠮ᠎ᠡ ᠳᠡᠭᠡᠭᠰᠢᠯᠡᠵᠡᠢ᠃ ︽ᠬᠤᠷᠴᠢᠨ ᠤ ᠪᠠᠭᠠᠴᠤᠳ ᠬᠡᠤᠬᠡᠳ ᠤᠨ ᠪᠠᠷ | ᠵᠢᠷᠤᠭ ᠤᠨ ᠤᠷᠠᠯᠢᠭ ᠤᠨ ᠨᠠᠶᠢᠷ︾ ︽ᠬᠤᠷᠴᠢᠨ ᠤ ᠠᠷᠠᠳ ᠤᠨ ᠳᠠᠭᠤᠤ ᠶᠢᠨ ᠨᠠᠶᠢᠷ︾ ᠵᠡᠷᠭᠡ ᠰᠣᠶᠣᠯ ᠢᠶᠠᠷ | ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢᠨ ᠬᠢᠯᠠᠰ ᠴᠡᠭ ᠣᠯᠠᠨ ᠢᠯᠡᠷᠡᠵᠦ᠂ ᠡᠷᠳᠡᠮ ᠰᠢᠨᠵᠢᠯᠡᠭᠡᠨ ᠤ | ᠡᠲᠡᠭᠡᠳ ᠤᠨ ᠬᠢᠨ ᠹᠦ᠋ ᠵᠢᠤᠢ ᠡᠷᠲᠡᠨ ᠤ ᠬᠤᠲᠠ ᠶᠢ ᠯᠢᠶᠣᠤ ᠤᠯᠤᠰ ᠤᠨ ᠦᠶ᠎ᠡ ᠶᠢᠨ ︽ᠯᠦᠩ ᠬᠤᠸᠠ ᠵᠧᠤ︾ | ᠶᠢᠨ ᠪᠠᠭᠤᠷᠢ ᠪᠠᠷ ᠮᠠᠭᠠᠳᠯᠠᠨ ᠲᠣᠭᠲᠠᠭᠠᠵᠤ᠂ ᠬᠤᠷᠴᠢᠨ ᠤ ᠲᠠᠷᠢᠶᠠᠯᠠᠩ ᠤᠨ ᠰᠣᠶᠣᠯ ᠤᠨ ᠮᠦᠽᠧᠶ ᠵᠢᠩᠬᠢᠨᠢ ᠪᠠᠷ | ᠡᠭᠦᠳᠡ ᠪᠠᠨ ᠨᠡᠭᠡᠭᠡᠵᠦ᠂ ᠲᠣᠭᠤᠷᠢᠭ ᠤᠨ ᠰᠣᠶᠣᠯ ᠤᠨ ᠣᠷᠳᠣᠨ᠂ ᠨᠣᠮ ᠤᠨ ᠰᠠᠩ ᠵᠢᠯ ᠳᠠᠷᠠᠭᠠᠯᠠᠨ ︽ᠤᠯᠤᠰ ᠤᠨ | ᠨᠢᠭᠡᠳᠦᠭᠡᠷ ᠳᠡᠰ ᠤᠨ ᠣᠷᠳᠣᠨ︾ ᠤ ᠡᠩᠨᠡᠭᠡᠨ ᠳᠤ ᠤᠷᠤᠭᠰᠠᠨ ᠪᠠᠶᠢᠨ᠎ᠠ᠃ ᠨᠡᠶᠢᠲᠡ 8.29 ᠳ᠋ᠦᠩᠰᠢᠭᠤᠷ | ᠲᠥᠭᠦᠷᠢᠭ ᠤᠨ ᠪᠠᠯᠠ ᠮᠥᠩᠭᠦ ᠣᠷᠣᠭᠤᠯᠵᠤ᠂ ᠰᠤᠷᠭᠠᠨ ᠬᠥᠮᠦᠵᠢᠯ ᠤᠨ ᠵᠥᠭᠡᠯᠡᠨ ᠬᠠᠲᠠᠭᠤ ᠲᠣᠨᠤᠭ ᠵᠢᠴᠢ ᠮᠡᠳᠡᠭᠡ | ᠵᠠᠩᠭᠢᠵᠢᠯᠲᠠ ᠶᠢᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠂ ᠠᠯᠪᠠᠨ ᠵᠢᠷᠤᠮ ᠤᠨ ᠰᠤᠷᠭᠠᠨ | ᠬᠥᠮᠦᠵᠢᠯ ᠢ ᠦᠨᠳᠦᠰᠦᠨ ᠳᠡᠭᠡᠨ ᠲᠡᠩᠴᠡᠭᠦᠷᠢᠲᠡᠶ ᠪᠠᠶᠢᠯᠭᠠᠵᠤ᠂ ᠥᠪᠡᠷᠲᠡᠭᠡᠨ ᠵᠠᠰᠠᠬᠤ ᠣᠷᠣᠨ ᠤ ᠪᠠᠷᠢᠮᠵᠢᠶ᠎ᠠ ᠳᠤ | ᠬᠦᠷᠦᠭᠦᠯᠦᠨ ᠰᠢᠯᠭᠠᠨ ᠠᠪᠬᠤ ᠪᠠ ᠤᠯᠤᠰ ᠠᠴᠠ ᠮᠠᠭᠠᠳᠯᠠᠨ ᠲᠣᠭᠲᠠᠭᠠᠬᠤ ᠶᠢ ᠤᠷᠤᠭᠰᠢᠲᠠᠶ ᠥᠩᠭᠡᠷᠡᠭᠡᠵᠦ᠂ | ᠰᠤᠷᠭᠠᠨ ᠬᠥᠮᠦᠵᠢᠯ ᠤᠨ ᠶᠠᠮᠤᠨ ᠠᠴᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠬᠢᠨᠠᠨ | ᠰᠢᠯᠭᠠᠬᠤ ︽ᠰᠢᠶᠠᠨ ᠤ ᠱᠠᠲᠤᠨ ᠤ ᠰᠢᠯᠢᠳᠡᠭ ᠵᠣᠬᠢᠶᠠᠨ ᠪᠠᠶᠢᠭᠤᠯᠬᠤ ᠨᠢᠭᠡᠴᠡ︾ ᠪᠠᠷ ᠣᠷᠣᠨ ᠤ ᠰᠤᠷᠭᠠᠨ | ᠬᠥᠮᠦᠵᠢᠯ ᠪᠡᠶ᠎ᠡ ᠶᠢᠨ ᠲᠠᠮᠢᠷ ᠤᠨ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠢ | ᠵᠣᠬᠢᠶᠠᠨ ᠪᠠᠶᠢᠭᠤᠯᠵᠤ᠂ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠬᠤᠶᠢᠲᠤ ᠰᠤᠷᠭᠠᠭᠤᠯᠢ ᠶᠢᠨ ᠲᠣᠭᠤᠷᠢᠭ ᠪᠠ | ᠮᠢᠩ ᠷᠧᠨ ᠪᠠᠭ᠎ᠠ ᠰᠤᠷᠭᠠᠭᠤᠯᠢ ᠶᠢᠨ ᠬᠤᠶᠢᠲᠤ ᠰᠤᠷᠭᠠᠭᠤᠯᠢ ᠶᠢᠨ ᠲᠣᠭᠤᠷᠢᠭ ᠢ ᠪᠠᠶᠢᠭᠤᠯᠵᠤ᠂ ᠭᠤᠷᠪᠠᠳᠤᠭᠠᠷ | ᠳᠤᠮᠳᠠᠳᠤ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ ᠢ ᠰᠢᠨ᠎ᠡ ᠪᠠᠷ ᠪᠠᠶᠢᠭᠤᠯᠪᠠ᠃ ᠪᠠᠭ᠎ᠠ | ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠯᠠᠪᠳᠠᠭᠤᠨ ᠪᠠᠲᠤᠲᠠᠶ ᠥᠷᠨᠢᠭᠦᠯᠵᠦ᠂ ᠰᠤᠷᠭᠠᠨ | ᠬᠥᠮᠦᠵᠢᠯ ᠤᠨ ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠢᠯᠡ ᠪᠠᠷ | ᠰᠣᠷᠣᠭᠴᠢ ᠡᠯᠰᠡᠬᠦ ᠶᠢ ᠯᠠᠪᠳᠠᠭᠤᠨ ᠢᠶᠠᠷ ᠠᠬᠢᠭᠤᠯᠵᠤ᠂ ᠠᠩᠭᠢ ᠶᠢ ᠲᠡᠩᠴᠡᠭᠦᠷᠢᠲᠡᠶ ᠬᠤᠪᠢᠶᠠᠵᠤ᠂ ᠰᠤᠷᠭᠠᠨ | ᠬᠥᠮᠦᠵᠢᠯ ᠤᠨ ᠡᠷᠬᠡ ᠲᠡᠭᠰᠢ ᠪᠠᠶᠢᠬᠤ ᠶᠢ ᠤᠯᠠᠮ ᠨᠢᠭᠡ ᠠᠯᠬᠤᠮ ᠠᠬᠢᠭᠤᠯᠤᠨ᠎ᠠ᠃ ᠰᠤᠷᠭᠠᠭᠤᠯᠢ ᠶᠢᠨ ᠬᠦᠷᠢᠶᠡᠨ ᠤ | ᠬᠥᠯ ᠪᠥᠮᠪᠦᠭᠡ ᠶᠢᠨ ᠤᠷᠤᠯᠳᠤᠭᠠᠨ ᠤ ᠦᠷ᠎ᠡ ᠪᠦᠲᠦᠮᠵᠢ ᠢᠯᠡᠳᠲᠡ ᠪᠠᠶᠢᠵᠤ᠂ ︽ᠥᠪᠥᠷ ᠮᠣᠩᠭᠤᠯ ᠤᠨ ᠬᠥᠯ | ᠪᠥᠮᠪᠦᠭᠡ ᠶᠢᠨ ᠦᠪᠡᠳᠡᠭᠰᠢ ᠶᠣᠰᠣᠯᠠᠯ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠤᠷᠤᠯᠳᠤᠭᠠᠨ ᠤ ᠬᠢᠷᠢ | ᠪᠦᠲᠦᠮᠵᠢ ᠪᠠᠷ ᠰᠢᠯᠢᠳᠡᠭ ᠬᠤᠰᠢᠭᠤ ᠰᠢᠶᠠᠨ ᠲᠣᠭᠤᠷᠢᠭ︾ ᠢᠶᠠᠷ ᠦᠨᠡᠯᠡᠭᠳᠡᠪᠡ᠃ ᠪᠡᠶ᠎ᠡ ᠶᠢᠨ ᠲᠠᠮᠢᠷ ᠤᠨ ᠵᠣᠬᠢᠶᠠᠨ | ᠪᠠᠶᠢᠭᠤᠯᠤᠯᠲᠠ ᠪᠠ ᠪᠡᠶ᠎ᠡ ᠴᠢᠭᠢᠷᠠᠭᠵᠢᠭᠤᠯᠬᠤ ᠵᠣᠬᠢᠶᠠᠨ ᠪᠠᠶᠢᠭᠤᠯᠤᠯᠲᠠ ᠶᠢ ᠵᠠᠰᠠᠭ ᠵᠠᠬᠢᠷᠭᠠᠨ ᠤ ᠲᠣᠰᠬᠤᠨ ᠳᠤ | ᠪᠦᠬᠦᠨ ᠢ ᠬᠠᠮᠤᠷᠬᠤ ᠶᠢ ᠪᠡᠶᠡᠯᠡᠭᠦᠯᠵᠦ᠂ ᠤᠯᠠᠨ ᠲᠦᠮᠡᠨ ᠤ ᠪᠡᠶ᠎ᠡ ᠶᠢᠨ ᠲᠠᠮᠢᠷ᠂ ᠤᠷᠤᠯᠳᠤᠭᠠᠨ ᠤ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠵᠦ | ᠂ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠨᠡᠯᠭᠡ ᠶᠢᠨ ᠬᠠᠮᠲᠤ ᠶᠢᠨ ᠴᠣᠭᠴᠠ ᠶᠢᠨ ᠡᠪᠡᠳᠴᠢᠨ ᠦᠵᠡᠭᠦᠯᠬᠦ | ᠰᠢᠨ᠎ᠡ ᠡᠮᠬᠢ ᠳᠢᠭᠯᠢᠮ ᠢ ᠪᠠᠶᠢᠭᠤᠯᠪᠠ᠃ ᠲᠤᠭᠤᠷᠢᠭ ᠤᠨ ᠱᠠᠲᠤᠨ ᠤ ᠡᠮᠨᠡᠯᠭᠡ ᠶᠢᠨ ᠬᠤᠷᠢᠶ᠎ᠠ ᠤᠷᠢᠳ ᠬᠤᠵᠢᠳ | ᠣᠷᠣᠨ ᠤ ᠳᠣᠲᠣᠷ᠎ᠠ ᠭᠠᠳᠠᠨᠠᠬᠢ ᠣᠷᠦ᠋ᠢᠯᠠᠭᠰᠠᠨ ᠡᠮᠴᠢᠯᠡᠭᠡᠨ ᠤ ᠪᠠᠶᠢᠭᠤᠯᠤᠮᠵᠢ ᠲᠠᠢ ᠣᠷᠣᠨ ᠪᠦᠰᠡ ᠠᠯᠤᠰᠯᠠᠭᠰᠠᠨ | ᠲᠤᠰᠬᠠᠶ ᠰᠠᠯᠠᠭᠠᠨ ᠤ ᠬᠤᠯᠪᠣᠭ᠎ᠠ ᠶᠢ 12 ᠪᠠᠶᠢᠭᠤᠯᠵᠤ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ | ᠬᠤᠷᠢᠶ᠎ᠠ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠰᠡᠨ ᠨᠣᠷᠮ᠎ᠠ | 100% ᠳᠤ ᠬᠥᠷᠪᠡ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠬᠢᠭᠡᠳ | ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠤᠷᠢᠳ | ᠬᠤᠵᠢᠳ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ | ᠵᠢᠷᠤᠮᠵᠢᠭᠰᠠᠨ ᠬᠤᠰᠢᠭᠤ ᠰᠢᠶᠠᠨ᠂ ᠤᠳᠠᠭᠠᠨ ᠴᠢᠨᠠᠷᠲᠠᠶ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ | ᠵᠢᠱᠢᠶ᠎ᠡ ᠦᠵᠡᠭᠦᠯᠬᠦ ᠣᠷᠣᠨ᠂ ᠡᠷᠡᠭᠦᠯ ᠮᠡᠨᠳᠦ ᠶᠢ ᠠᠬᠢᠭᠤᠯᠬᠤ ᠬᠤᠰᠢᠭᠤ ᠰᠢᠶᠠᠨ ᠢᠶᠠᠷ ᠦᠨᠡᠯᠡᠭᠳᠡᠪᠡ᠃ ︽ᠲᠠᠪᠤᠨ | ᠳᠠᠭᠠᠳᠬᠠᠯ︾ ᠤᠨ ᠳᠠᠭᠠᠳᠬᠠᠯ ᠳᠤ ᠣᠷᠣᠯᠴᠠᠭᠰᠠᠨ ᠪᠥᠬᠦ ᠬᠥᠮᠦᠨ ᠤ ᠲᠤᠭ᠎ᠠ 60 ᠲᠦᠮᠡ ᠳᠤ ᠬᠦᠷᠴᠦ᠂ | ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠲᠠᠷᠬᠠᠭᠠᠯᠲᠠ ᠶᠢᠨ ᠨᠣᠷᠮ᠎ᠠ ᠪᠠ ᠨᠡᠶᠢᠭᠡᠮᠴᠢᠯᠡᠭᠰᠡᠨ ᠬᠠᠮᠢᠶᠠᠷᠤᠯᠲᠠ ᠶᠢᠨ | ᠨᠣᠷᠮ᠎ᠠ ᠶᠢ 100% ᠳᠤ ᠬᠦᠷᠭᠡᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ | ᠳᠠᠭᠠᠳᠬᠠᠯ ᠢ ᠨᠢᠭᠡ ᠴᠤᠭᠴᠠᠵᠢᠭᠤᠯᠤᠨ ᠠᠵᠢᠯᠯᠠᠭᠤᠯᠬᠤ ᠶᠢ ᠪᠡᠶᠡᠯᠡᠭᠦᠯᠵᠦ᠂ ᠣᠨᠳᠣᠤ ᠭᠠᠵᠠᠷ ᠲᠤ ᠡᠮᠴᠢᠯᠡᠭᠦᠯᠦᠭᠰᠡᠨ | ᠵᠠᠷᠤᠳᠠᠯ ᠢ ᠳ᠋ᠦᠩᠨᠡᠨ ᠪᠤᠳᠤᠬᠤ ᠶᠢ ᠪᠥᠬᠦ ᠤᠯᠤᠰ ᠲᠤ ᠬᠤᠯᠪᠣᠯᠳᠤᠭᠤᠯᠤᠨ ᠨᠡᠪᠲᠡᠷᠡᠯᠴᠡᠭᠦᠯᠦᠨ᠎ᠡ᠃ ᠨᠡᠶᠢᠭᠡᠮ ᠤᠨ | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢ 26 ᠪᠣᠯᠭᠠᠵᠤ᠂ ᠲᠢᠶᠠᠨ ᠢ ᠶᠢᠨ ᠨᠠᠰᠤᠲᠠᠶᠢᠴᠤᠳ ᠤᠨ | ᠨᠡᠶᠢᠲᠡ ᠶᠢᠨ ᠪᠠᠶᠢᠷᠢ ᠳᠤ ᠡᠷᠡᠭᠦᠯᠵᠢᠯ ᠰᠤᠪᠢᠯᠠᠯᠲᠠ ᠰᠣᠶᠣᠯ ᠴᠡᠩᠭᠡᠯ ᠢ ᠨᠢᠭᠡ ᠴᠤᠭᠴᠠᠵᠢᠭᠤᠯᠤᠭᠰᠠᠨ ᠨᠠᠰᠤᠵᠢᠯ ᠤᠨ | ᠠᠰᠠᠷᠠᠮᠵᠢ ᠶᠢᠨ ᠰᠢᠨ᠎ᠡ ᠵᠠᠭᠪᠤᠷ ᠢ ᠠᠮᠵᠢᠯᠲᠠᠲᠠᠶ ᠪᠣᠶ ᠪᠣᠯᠭᠠᠪᠠ᠃ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠮᠥᠩᠭᠦ ᠶᠢ ᠨᠡᠶᠢᠲᠡ 6.31 ᠳ᠋ᠦᠩᠰᠢᠭᠤᠷ ᠲᠥᠭᠦᠷᠢᠭ ᠲᠠᠷᠬᠠᠭᠠᠵᠤ᠂ ᠣᠨᠴᠠ ᠬᠦᠴᠢᠷᠳᠡᠯᠲᠡᠶ | ᠬᠥᠮᠦᠰ ᠢ 1.13 ᠳ᠋ᠦᠩᠰᠢᠭᠤᠷ ᠲᠥᠭᠦᠷᠢᠭ ᠠᠪᠤᠷᠠᠨ ᠲᠤᠰᠠᠯᠠᠵᠤ᠂ ᠵᠡᠮᠳᠡᠭᠴᠦᠳ ᠤᠨ ᠬᠤᠶᠠᠷ ᠵᠦᠢᠯ ᠤᠨ | ᠨᠥᠬᠦᠪᠥᠷᠢ 5744 ᠲᠦᠮᠡᠨ ᠲᠥᠭᠦᠷᠢᠭ ᠣᠯᠭᠤᠵᠤ᠂ ᠬᠤᠲᠠ ᠬᠥᠳᠡᠭᠡ ᠶᠢᠨ ᠬᠦᠴᠢᠷᠳᠡᠯᠲᠡᠶ ᠣᠯᠠᠨ ᠲᠦᠮᠡᠨ ᠤ | ᠦᠨᠳᠦᠰᠦᠨ ᠠᠮᠢᠳᠤᠷᠠᠯ ᠢ ᠪᠦᠲᠦᠮᠵᠢᠲᠡᠶ ᠪᠠᠲᠤᠯᠠᠪᠠ᠃ ᠣᠯᠠᠨ ᠲᠦᠮᠡᠨ ᠤ ᠠᠵᠢᠯ ᠤᠨ ᠠᠷᠭ᠎ᠠ ᠶᠢᠨ ᠰᠢᠨ᠎ᠡ ᠶᠢ | ᠡᠭᠦᠳᠴᠦ᠂ ᠵᠥᠷᠢᠴᠡᠯ ᠢ ᠦᠨᠡᠨ ᠬᠦ ᠦᠨᠳᠦᠰᠦᠨ ᠱᠠᠲᠤᠨ ᠳᠤ ᠰᠢᠢᠳᠪᠦᠷᠢᠯᠡᠵᠦ᠂ ᠨᠢᠭᠡᠳᠦᠭᠡᠷ ᠹᠷᠣᠨᠲ ᠲᠤ | ᠰᠢᠢᠳᠪᠦᠷᠢᠯᠡᠨ᠂ ᠴᠢᠬᠤᠯᠠ ᠵᠠᠩᠭᠢᠯᠠᠭ᠎ᠠ ᠶᠢᠨ ᠴᠡᠭ ᠢ ᠢᠮᠠᠭᠲᠠ ᠪᠠᠷᠢᠮᠲᠠᠯᠠᠨ ᠬᠠᠤᠯᠢ ᠪᠤᠰᠤ ᠪᠠᠷ ᠪᠡᠭᠡᠵᠢᠩ ᠪᠠ | ᠬᠥᠬᠡᠬᠤᠲᠠ ᠬᠦᠷᠬᠦ ᠵᠠᠬᠢᠳᠠᠯ ᠰᠤᠷᠪᠤᠯᠵᠢᠯᠠᠭ᠎ᠠ ᠬᠢᠬᠦ ᠲᠡᠭ ᠪᠤᠯᠵᠠᠢ᠃ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠲᠤᠰᠬᠠᠢ ᠲᠡᠮᠡᠴᠡᠯ ᠢ ᠭᠦᠨᠵᠡᠭᠡᠢ ᠠᠬᠢᠭᠤᠯᠵᠤ᠂ ᠬᠠᠷ᠎ᠠ ᠪᠦᠯᠦᠭᠲᠡᠨ ᠤ ᠰᠢᠨᠵᠢ ᠴᠢᠨᠠᠷᠲᠠᠶ 2 ᠵᠣᠬᠢᠶᠠᠨ | ᠪᠠᠶᠢᠭᠤᠯᠤᠯᠲᠠ᠂ ᠬᠠᠷᠭᠢᠰ ᠬᠦᠴᠦᠨ ᠳᠤ ᠬᠤᠯᠪᠣᠭᠳᠠᠭᠰᠠᠨ ᠶᠠᠯᠠᠲᠤ ᠪᠦᠯᠦᠭᠯᠡᠯ ᠵᠢᠴᠢ 54 ᠪᠦᠯᠦᠭᠯᠡᠯ ᠢ ᠴᠣᠬᠢᠨ | ᠤᠨᠠᠭᠠᠵᠤ᠂ ᠣᠯᠠᠨ ᠲᠦᠮᠡᠨ ᠤ ᠠᠮᠤᠷ ᠲᠦᠪᠰᠢᠨ ᠤ ᠲᠦᠷᠦᠭᠳᠡᠯ ᠪᠥᠬᠦ ᠲᠠᠯ᠎ᠠ ᠪᠠᠷ ᠴᠢᠩᠭᠠᠷᠠᠪᠠ᠃ ᠠᠷᠠᠳ ᠤᠨ | ᠵᠡᠪᠰᠡᠭᠲᠦ ᠬᠦᠴᠦᠨ᠂ ᠦᠨᠳᠦᠰᠦᠲᠡᠨ ᠱᠠᠰᠢᠨ ᠰᠤᠷᠲᠠᠬᠤᠨ᠂ ᠭᠠᠳᠠᠭᠠᠳᠤ ᠶᠠᠪᠤᠳᠠᠯ ᠬᠠᠷᠢᠶᠠᠲᠤ ᠢᠷᠭᠡᠳ ᠤᠨ | ᠶᠠᠪᠤᠳᠠᠯ᠂ ᠰᠣᠶᠣᠯ ᠲᠡᠤᠬᠡ ᠶᠢᠨ ᠲᠠᠩᠰᠠ ᠡᠪᠬᠡᠮᠡᠯ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ | ᠡᠮᠡᠭᠲᠡᠶᠢᠴᠦᠳ ᠬᠡᠤᠬᠡᠳ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠤᠯᠠᠭᠠᠨ ᠵᠠᠭᠠᠯᠮᠠᠶᠢᠲᠠᠨ᠂ ᠬᠤᠶᠢᠴᠢ | ᠦᠶ᠎ᠡ ᠶᠢᠨ ᠬᠢᠨ ᠢ ᠬᠠᠯᠠᠮᠵᠢᠯᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠨᠠᠰᠤᠲᠠᠶᠢᠴᠤᠳ᠂ | ᠵᠡᠮᠳᠡᠭᠴᠦᠳ᠂ ᠴᠠᠭ ᠠᠭᠤᠷ᠂ ᠬᠠᠩᠭᠠᠨ ᠪᠣᠷᠣᠯᠠᠭᠤᠯᠬᠤ ᠬᠤᠷᠰᠢᠶ᠎ᠠ ᠵᠡᠷᠭᠡ ᠠᠵᠢᠯ ᠴᠥᠮ ᠪᠠᠶᠠᠷᠯᠠᠭᠤᠰᠢᠲᠠᠶ | ᠠᠮᠵᠢᠯᠲᠠ ᠣᠯᠵᠤ᠂ ︽ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ | ᠪᠠᠶᠢᠭᠤᠯᠬᠤ ᠵᠢᠱᠢᠶ᠎ᠡ ᠦᠵᠡᠭᠦᠯᠬᠦ ᠣᠷᠣᠨ︾ ︽ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ | ᠬᠤᠲᠠ︾ ᠶᠢ ᠠᠮᠵᠢᠯᠲᠠ ᠲᠠᠢ ᠡᠭᠦᠳᠦᠨ ᠪᠠᠶᠢᠭᠤᠯᠪᠠ᠃ | ᠲᠥᠯᠥᠭᠡᠯᠡᠭᠴᠢᠳ ᠡ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠠᠷᠠᠯᠲᠠ ᠶᠢ | ᠤᠷᠤᠭᠰᠢᠲᠠᠶ ᠪᠠᠷ ᠪᠡᠶᠡᠯᠡᠭᠦᠯᠵᠦ᠂ ᠲᠡᠭᠦᠰ ᠠᠮᠵᠢᠯᠲᠠ ᠲᠠᠢ ᠪᠠᠷ ᠲᠡᠭᠦᠰᠪᠡ᠂ ᠠᠮᠵᠢᠯᠲᠠ ᠪᠦᠲᠦᠮᠵᠢ ᠶᠢ ᠲᠡᠶᠢᠮᠦ | ᠬᠢᠯᠪᠠᠷᠬᠠᠨ ᠢᠶᠠᠷ ᠣᠯᠤᠭᠰᠠᠨ ᠪᠢᠰᠢ ᠶᠤᠮ᠃ ᠡᠨᠡ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ | ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ᠂ ᠳᠣᠲᠣᠨᠣ ᠬᠠᠯᠠᠮᠵᠢᠯᠠᠯ ᠤᠨ ᠦᠷ᠎ᠡ ᠳ᠋ᠦᠩ ᠮᠥᠨ᠂ ᠪᠢᠳᠡ | ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠳᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠤᠭᠰᠠᠨ ᠤ ᠦᠷ᠎ᠡ ᠳ᠋ᠦᠩ ᠮᠥᠨ᠂ ᠪᠦᠬᠦ ᠲᠤᠭᠤᠷᠢᠭ ᠤᠨ ᠥᠷᠭᠡᠨ ᠤᠯᠠᠨ ᠺᠠᠳ᠋ᠷ ᠤᠯᠠᠨ | ᠲᠦᠮᠡᠨ ᠤ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠠᠳᠡ | ᠪᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ᠂ ᠡᠯ᠎ᠡ ᠠᠵᠢᠯ ᠤᠨ ᠪᠠᠶᠢᠷᠢᠨ ᠳᠤ ᠰᠢᠷᠭᠠᠭᠤ | ᠠᠵᠢᠯᠯᠠᠵᠤ ᠪᠠᠶᠢᠭ᠎ᠠ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠳᠤ᠂ ᠵᠠᠰᠠᠭ ᠤᠨ ᠣᠷᠳᠣᠨ ᠤ ᠠᠵᠢᠯ ᠳᠤ | ᠬᠦᠴᠦᠲᠡᠢ ᠳᠡᠮᠵᠢᠯᠭᠡ ᠦᠵᠡᠭᠦᠯᠦᠭᠰᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ | ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠣᠯᠤᠨ ᠠᠵᠢᠯ ᠠᠴᠠ ᠪᠠᠨ ᠰᠠᠯᠵᠤ ᠠᠮᠠᠷᠠᠭᠰᠠᠨ ᠠᠵᠢᠯ ᠠᠴᠠ ᠪᠠᠨ | ᠪᠠᠭᠤᠵᠤ ᠠᠮᠠᠷᠠᠭᠰᠠᠨ ᠠᠬᠠᠮᠠᠳ ᠨᠥᠬᠦᠳ ᠲᠤ᠂ ᠮᠠᠨ ᠤ ᠲᠤᠭᠤᠷᠢᠭ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ | ᠪᠠ ᠣᠷᠣᠯᠴᠠᠭᠰᠠᠨ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ | ᠠᠷᠠᠳ ᠤᠨ ᠪᠦᠯᠬᠦᠮ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠲᠤ ᠡᠷᠬᠢᠮ ᠳᠡᠭᠡᠳᠦ ᠬᠦᠨᠳᠦᠳᠬᠡᠯ ᠪᠣᠯᠤᠨ | ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠨᠤᠲᠠᠯᠠᠬᠤ ᠶᠢᠨ ᠬᠠᠮᠲᠤ᠂ ᠬᠢᠵᠢᠭ ᠤᠨ ᠪᠠᠶᠢᠳᠠᠯ ᠤᠨ ᠬᠤᠪᠢᠷᠠᠯᠲᠠ ᠳᠤ ᠮᠥᠨ ᠬᠦ ᠲᠣᠭᠲᠠᠪᠤᠷᠢ | ᠥᠬᠡᠶ ᠴᠢᠨᠠᠷ ᠣᠷᠣᠰᠢᠵᠤ᠂ ᠠᠵᠤ ᠠᠬᠤᠶ ᠶᠢᠨ ᠰᠡᠷᠭᠦᠯᠲᠡ ᠶᠢᠨ ᠰᠠᠭᠤᠷᠢ ᠬᠠᠷᠠᠬᠠᠨ ᠪᠠᠲᠤ ᠪᠠᠬᠢ ᠪᠢᠰᠢ ᠪᠠᠶᠢᠬᠤ ᠶᠢ | ᠪᠢᠳᠡ ᠪᠠᠰᠠ ᠰᠡᠷᠭᠡᠭ ᠢᠶᠠᠷ ᠲᠠᠨᠢᠵᠤ ᠣᠯᠤᠭᠰᠠᠨ ᠪᠠᠶᠢᠨ᠎ᠠ᠃ ᠰᠢᠨᠵᠢᠯᠡᠬᠦ ᠤᠬᠠᠭᠠᠨ ᠤ ᠰᠤᠳᠤᠯᠭᠠᠨ ᠤ | ᠣᠷᠣᠭᠤᠯᠤᠯᠲᠠ ᠮᠥᠨ ᠬᠦ ᠬᠦᠷᠦᠯᠴᠡᠬᠦ ᠦᠭᠡᠢ ᠪᠠᠶᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠴᠢᠳᠠᠪᠤᠷᠢ ᠨᠡᠯᠢᠶᠡᠳ ᠪᠠᠭᠤᠷᠠᠶ ᠪᠠᠶᠢᠨ᠎ᠠ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠪᠦᠷᠢᠨ ᠲᠡᠭᠦᠯᠳᠡᠷ ᠪᠢᠰᠢ᠂ | ᠤᠴᠢᠷ ᠶᠠᠪᠤᠳᠠᠯ ᠪᠦᠲᠦᠭᠡᠬᠦ ᠳᠤ ᠬᠦᠴᠢᠷᠲᠡᠶ᠂ ᠤᠴᠢᠷ ᠶᠠᠪᠤᠳᠠᠯ ᠪᠦᠲᠦᠭᠡᠬᠦ ᠳᠤ ᠤᠳᠠᠭᠠᠨ ᠪᠠᠶᠢᠬᠤ ᠠᠰᠠᠭᠤᠳᠠᠯ ᠢ | ᠬᠠᠷᠠᠬᠠᠨ ᠦᠨᠳᠦᠰᠦᠨ ᠠᠴᠠ ᠨᠢ ᠰᠢᠢᠳᠪᠦᠷᠢᠯᠡᠭᠡᠳᠦᠢ ᠪᠠᠶᠢᠭᠰᠠᠭᠠᠷ᠃ ᠡᠳ᠋ ᠤᠨ ᠵᠠᠰᠠᠭ ᠤᠨ ᠣᠷᠣᠯᠭ᠎ᠠ | ᠵᠠᠷᠤᠯᠭ᠎ᠠ ᠶᠢᠨ ᠵᠥᠷᠢᠴᠡᠯ ᠲᠣᠩ ᠲᠤᠪᠤᠶᠢᠮ᠎ᠠ ᠪᠣᠯᠵᠤ᠂ ᠡᠳ᠋ ᠤᠨ ᠬᠦᠴᠦᠨ ᠬᠦᠨᠳᠦ ᠨᠣᠴᠢᠲᠠᠶ ᠳᠤᠲᠠᠭᠳᠠᠵᠤ | ᠪᠠᠶᠢᠨ᠎ᠠ᠃ ᠠᠷᠠᠳ ᠤᠨ ᠠᠮᠢᠳᠤᠷᠠᠯ ᠤᠨ ᠪᠠᠲᠤᠯᠠᠭ᠎ᠠ ᠳᠤ ᠪᠠᠰᠠ ᠮᠠᠰᠢ ᠤᠯᠠᠨ ᠪᠠᠭᠤᠷᠠᠶ ᠵᠦᠢᠯ ᠤᠨ ᠳᠤᠲᠠᠭᠤᠳᠠᠯ | ᠣᠷᠣᠰᠢᠵᠤ ᠪᠠᠶᠢᠨ᠎ᠠ᠂ ᠢᠯᠠᠩᠭᠤᠶ᠎ᠠ ᠬᠥᠳᠡᠭᠡ ᠲᠣᠰᠬᠤᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ | ᠲᠡᠭᠦᠯᠳᠡᠷᠵᠢᠭᠦᠯᠬᠦ ᠴᠢᠬᠤᠯᠠᠲᠠᠶ ᠪᠠᠶᠢᠨ᠎ᠠ᠃ ᠴᠥᠭᠡᠨ ᠲᠣᠭᠠᠨ ᠤ ᠺᠠᠳ᠋ᠷ ᠲᠤ ᠮᠥᠨ ᠯᠡ ᠬᠠᠷᠢᠭᠤᠴᠠᠯᠭ᠎ᠠ ᠡᠭᠦᠷᠭᠡᠯᠡᠬᠦ | ᠦᠭᠡᠢ᠂ ᠠᠵᠢᠯ ᠬᠢᠬᠦ ᠦᠭᠡᠢ᠂ ᠠᠵᠢᠯ ᠬᠢᠬᠦ ᠪᠠᠨ ᠤᠳᠠᠭᠠᠰᠢᠷᠠᠭᠤᠯᠬᠤ ᠠᠰᠠᠭᠤᠳᠠᠯ ᠣᠷᠣᠰᠢᠵᠤ᠂ ᠣᠨᠴᠠ ᠵᠠᠷᠢᠮ | ᠺᠠᠳ᠋ᠷ ᠤᠨ ᠤᠶᠤᠨ ᠰᠠᠨᠠᠭ᠎ᠠ ᠬᠤᠶᠢᠷᠭᠤᠰᠢᠵᠤ᠂ ᠤᠷᠤᠭᠰᠢᠯᠠᠨ ᠲᠠᠪᠰᠢᠬᠤ ᠶᠢ ᠪᠤᠳᠤᠬᠤ ᠦᠭᠡᠢ᠂ ᠵᠠᠷᠢᠮ | ᠭᠤᠣᠯᠳᠠᠯᠭ᠎ᠠ ᠲᠠᠢ ᠠᠵᠢᠯ ᠢ ᠰᠠᠶᠢᠲᠤᠷ ᠠᠬᠢᠭᠤᠯᠤᠭᠰᠠᠨ ᠦᠭᠡᠢ᠂ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ | ᠦᠭᠡᠢ ᠪᠠᠶᠢᠨ᠎ᠠ᠃ ᠡᠳᠡᠭᠡᠷ ᠠᠰᠠᠭᠤᠳᠠᠯ ᠢ ᠪᠢᠳᠡ ᠵᠠᠪᠠᠯ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠡᠩ | ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠴᠢᠷᠮᠠᠶᠢᠨ ᠰᠢᠢᠳᠪᠦᠷᠢᠯᠡᠬᠦ ᠬᠡᠷᠡᠭᠲᠡᠶ᠃ | ᠬᠤᠶᠠᠷ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠪᠣᠯ ᠮᠠᠨ ᠤ ᠤᠯᠤᠰ ᠨᠡᠶᠢᠭᠡᠮ ᠵᠢᠷᠤᠮ ᠤᠨ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠵᠦ᠂ | ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠭᠰᠠᠨ ᠠᠩᠬᠠᠳᠠᠭᠴᠢ ᠲᠠᠪᠤᠨ ᠵᠢᠯ ᠪᠣᠯᠤᠨ᠎ᠠ᠃ | ᠪᠢᠳᠡ ᠰᠢᠨ᠎ᠡ ᠬᠥᠭᠵᠢᠯᠲᠡ ᠶᠢᠨ ᠱᠠᠳᠤ ᠶᠢ ᠣᠨᠣᠪᠴᠢᠲᠠᠢ ᠡᠵᠡᠮᠳᠡᠵᠦ᠂ ᠰᠢᠨ᠎ᠡ ᠬᠥᠭᠵᠢᠯᠲᠡ ᠶᠢᠨ | ᠤᠢᠢᠯᠠᠭᠠᠭᠳᠠᠬᠤᠨ ᠢ ᠭᠦᠨᠵᠡᠭᠡᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠲᠦᠷᠭᠡᠨ | ᠠᠭᠤᠰᠤᠯᠴᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ | ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠬᠤ ᠬᠡᠷᠡᠭᠲᠡᠢ᠃ | ᠲᠤᠭᠤᠷᠢᠭ ᠤᠨ ᠨᠠᠮ ᠤᠨ ᠬᠤᠷᠢᠶ᠎ᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠠᠷᠪᠠ ᠶᠢᠰᠦᠳᠦᠭᠡᠷ ᠪᠥᠬᠦᠳᠡ | ᠬᠤᠷᠠᠯ ᠵᠢᠴᠢ ᠪᠦᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ︽ | ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠰᠠᠨᠠᠭᠤᠯᠭ᠎ᠠ︾ ᠶᠢ | ᠦᠨᠳᠦᠰᠦᠯᠡᠨ᠂ ᠪᠢᠳᠡ ︽ᠬᠤᠷᠴᠢᠨ ᠲᠤᠭᠤᠷᠢᠭ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ | ᠬᠠᠷᠠᠯᠲᠠ ᠶᠢᠨ ᠲᠣᠪᠴᠢ ︵ᠲᠥᠰᠦᠯ︶︾ ᠶᠢ ᠨᠠᠶᠢᠷᠠᠭᠤᠯᠤᠨ ᠵᠣᠬᠢᠶᠠᠵᠤ᠂ ᠬᠤᠷᠠᠯᠳᠤᠭᠠᠨ ᠳᠤ ᠬᠢᠨᠠᠨ | ᠶᠠᠷᠢᠯᠴᠠᠭᠤᠯᠬᠤ ᠪᠠᠷ ᠳᠡᠪᠰᠢᠭᠦᠯᠪᠡ᠃ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠮᠠᠨ ᠤ ᠲᠤᠭᠤᠷᠢᠭ ᠤᠨ | ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠱᠠᠭᠠᠷᠳᠠᠯᠭ᠎ᠠ ᠪᠣᠯ᠄ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠨᠠᠮ ᠤᠨ ᠠᠷᠪᠠ ᠶᠢᠰᠦᠳᠦᠭᠡᠷ | ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ | ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠮᠠᠷᠺᠰ | ᠯᠧᠨᠢᠨ ᠤ ᠦᠵᠡᠯ᠂ ᠮᠠᠤ ᠽᠤ᠋ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠣᠨᠣᠯ᠂ ︽ᠭᠤᠷᠪᠠ ᠶᠢ | ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ᠂ | ᠦᠨᠳᠦᠰᠦᠨ ᠠᠷᠭ᠎ᠠ ᠪᠣᠳᠣᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ | ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠶᠢ | ᠨᠢᠭᠡᠳᠦᠯᠲᠡᠶ ᠲᠥᠯᠥᠪᠯᠡᠨ ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ | ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ | ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ ᠰᠢᠰᠲ᠋ᠧᠮᠲᠦ ᠦᠵᠡᠯᠲᠡ ᠪᠠᠨ | ᠪᠠᠷᠢᠮᠲᠠᠯᠠᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ | ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠬᠠᠩᠭᠠᠯᠭ᠎ᠠ ᠶᠢᠨ | ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠱᠤᠭᠤᠮ ᠪᠣᠯᠭᠠᠵᠤ᠂ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠵᠤ᠂ ᠠᠷᠠᠳ ᠲᠦᠮᠡᠨ ᠤ | ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ | ᠵᠣᠷᠢᠯᠭ᠎ᠠ ᠪᠣᠯᠭᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠂ ᠠᠮᠢ ᠠᠬᠤᠶ ᠶᠢ | ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ | ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠶ ᠵᠠᠮᠨᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠲᠦᠩᠯᠢᠶᠣᠤ ᠬᠤᠲᠠ ᠶᠢᠨ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ | ᠪᠠ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ︽ | ᠨᠡᠷᠡᠲᠦ ᠲᠡᠮᠳᠡᠭ᠂ ᠶᠠᠰᠤ ᠴᠢᠨᠠᠷ᠂ ᠦᠢᠯᠡᠴᠢᠯᠡᠭᠡ᠂ ᠴᠢᠳᠠᠪᠤᠷᠢᠲᠠᠨ᠂ ᠰᠢᠨ᠎ᠡ ᠶᠢ ᠡᠭᠦᠳᠬᠦ᠂ ᠠᠮᠢ ᠠᠬᠤᠶ︾ ᠶᠢᠨ | ᠬᠥᠭᠵᠢᠯᠲᠡ ᠶᠢᠨ ᠱᠠᠭᠠᠷᠳᠠᠯᠭ᠎ᠠ ᠶᠢᠨ ᠲᠣᠭᠤᠷᠢᠨ ᠳᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ | ᠰᠠᠨᠠᠭᠠᠴᠢᠯᠠᠭ᠎ᠠ ᠠᠴᠠ ᠪᠠᠨ ᠣᠳᠣᠬᠢᠴᠢᠯᠠᠭᠰᠠᠨ ᠠᠵᠤ ᠠᠬᠤᠶ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ | ᠤᠯᠤᠰ ᠤᠨ ᠴᠢᠬᠤᠯᠠ ᠪᠣᠬᠢᠷᠲᠤᠯ ᠦᠭᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ | ᠦᠢᠯᠡᠳᠪᠦᠷᠢᠯᠡᠵᠦ ᠡᠳ᠋ᠰᠢᠭᠦᠯᠬᠦ ᠰᠠᠭᠤᠷᠢᠨ ᠭᠠᠵᠠᠷ᠂ ᠥᠪᠥᠷ ᠮᠣᠩᠭᠤᠯ ᠤᠨ ᠵᠡᠭᠦᠨ ᠬᠡᠰᠡᠭ ᠤᠨ ᠰᠢᠨ᠎ᠡ ᠮᠠᠶ᠋ᠢᠭ ᠤᠨ | ᠠᠵᠤ ᠦᠢᠯᠡᠳᠪᠦᠷᠢᠵᠢᠯᠲᠡ ᠶᠢᠨ ᠰᠠᠭᠤᠷᠢᠨ ᠭᠠᠵᠠᠷ᠂ ᠵᠡᠭᠦᠨ ᠬᠤᠶᠢᠲᠤ ᠣᠷᠣᠨ ᠤ ᠡᠳ᠋ ᠪᠠᠷᠠᠭᠠᠨ ᠤ ᠭᠦᠢᠯᠭᠡᠭᠡᠨ ᠤ | ᠲᠥᠪᠯᠡᠷᠡᠭᠦᠯᠦᠨ ᠲᠠᠷᠬᠠᠭᠠᠬᠤ ᠭᠠᠵᠠᠷ ᠢ ᠬᠦᠴᠦᠯᠡᠨ ᠪᠠᠶᠢᠭᠤᠯᠵᠤ᠂ ᠬᠤᠲᠠ ᠬᠥᠳᠡᠭᠡ ᠶᠢᠨ ᠠᠭᠤᠰᠤᠯᠴᠠᠨ | ᠬᠥᠭᠵᠢᠬᠦ ᠶᠢ ᠠᠬᠢᠭᠤᠯᠵᠤ᠂ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠲᠦᠷᠭᠡᠳᠬᠡᠨ᠂ ᠠᠷᠠᠳ ᠲᠦᠮᠡᠨ ᠤ | ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ | ᠥᠬᠡᠶ ᠳᠡᠭᠡᠭᠰᠢᠯᠡᠭᠦᠯᠵᠦ᠂ ᠬᠤᠷᠴᠢᠨ ᠲᠣᠭᠤᠷᠢᠭ ᠢ ᠣᠷᠣᠰᠢᠨ ᠰᠠᠭᠤᠬᠤ ᠳᠤ ᠲᠣᠬᠢᠷᠠᠮᠵᠢᠲᠠᠶ᠂ ᠰᠠᠭᠤᠵᠤ | ᠠᠮᠢᠳᠤᠷᠠᠬᠤ ᠪᠠ ᠠᠵᠢᠯ ᠦᠢᠯᠡᠰ ᠲᠤ ᠲᠣᠬᠢᠷᠠᠮᠵᠢᠲᠠᠶ᠂ ᠣᠳᠣᠬᠢᠴᠢᠯᠠᠭᠰᠠᠨ ᠣᠷᠣᠨ ᠪᠦᠰᠡ ᠶᠢᠨ ᠴᠢᠨᠠᠷᠲᠠᠶ ᠲᠥᠪ | ᠬᠤᠲᠠ ᠶᠢᠨ ᠭᠤᠤᠯᠯᠠᠭᠴᠢ ᠣᠷᠣᠨ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ᠃ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ᠄ ᠠᠵᠤ ᠠᠬᠤᠶ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ | ᠲᠣᠭᠲᠠᠭᠤᠨ ᠢᠶᠠᠷ ᠳᠡᠭᠡᠭᠰᠢᠯᠡᠵᠦ᠂ ᠠᠵᠤ ᠠᠬᠤᠶ ᠶᠢᠨ ᠪᠦᠲᠦᠴᠡ ᠨᠡᠩ ᠰᠢᠯᠢᠳᠡᠭᠵᠢᠵᠦ᠂ ᠰᠢᠨ᠎ᠡ ᠶᠢ ᠡᠭᠦᠳᠬᠦ | ᠴᠢᠳᠠᠪᠤᠷᠢ ᠢᠯᠡᠳᠲᠡ ᠴᠢᠩᠭᠠᠷᠠᠵᠤ᠂ ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ | ᠣᠳᠣᠬᠢᠴᠢᠯᠠᠯᠲᠠ ᠶᠢᠨ ᠬᠢᠷᠢ ᠲᠦᠪᠰᠢᠨ ᠢᠯᠡᠳᠲᠡ ᠳᠡᠭᠡᠭᠰᠢᠯᠡᠵᠦ᠂ ᠲᠠᠷᠢᠶᠠᠯᠠᠩ ᠤᠨ ᠰᠠᠭᠤᠷᠢ ᠨᠡᠩ ᠪᠠᠬᠢᠵᠢᠵᠦ᠂ | ᠬᠤᠳᠠ ᠬᠥᠳᠡᠭᠡ ᠣᠷᠣᠨ ᠪᠦᠰᠡ ᠶᠢᠨ ᠬᠥᠭᠵᠢᠯᠲᠡ ᠶᠢᠨ ᠵᠣᠬᠢᠴᠠᠩᠭᠤᠶ ᠴᠢᠨᠠᠷ ᠢᠯᠡᠳᠲᠡ ᠳᠡᠭᠡᠭᠰᠢᠯᠡᠵᠦ᠂ | ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠤᠨ ᠪᠠᠶᠢᠭᠤᠯᠤᠯᠲᠠ ᠲᠦᠷᠭᠡᠪᠴᠢᠯᠡᠨ ᠠᠬᠢᠵᠤ᠂ ᠠᠵᠤ | ᠠᠬᠤᠶ ᠶᠢᠨ ᠬᠥᠭᠵᠢᠯᠲᠡ ᠶᠢᠨ ᠰᠠᠭᠤᠷᠢ ᠤᠯᠠᠮ ᠨᠢᠭᠡ ᠠᠯᠬᠤᠮ ᠪᠠᠬᠢᠵᠢᠪᠡ᠃ ᠥᠭᠡᠷᠡᠴᠢᠯᠡᠯᠲᠡ ᠨᠡᠭᠡᠭᠡᠯᠲᠡ ᠶᠢᠨ | ᠦᠷ᠎ᠡ ᠪᠦᠲᠦᠮᠵᠢ ᠨᠡᠩ ᠢᠯᠡᠷᠬᠡᠶ ᠪᠣᠯᠵᠤ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ | ᠪᠠᠶᠢᠭᠤᠯᠤᠮᠵᠢ ᠶᠢ ᠨᠡᠩ ᠲᠡᠭᠦᠯᠳᠡᠷᠵᠢᠭᠦᠯᠵᠦ᠂ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠢ | ᠦᠨᠳᠦᠰᠦᠨ ᠳᠡᠭᠡᠨ ᠪᠠᠶᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠢᠯᠡᠳᠲᠡ ᠰᠠᠶᠢᠵᠢᠷᠠᠭᠤᠯᠵᠤ᠂ | ᠰᠢᠨ᠎ᠡ ᠶᠢ ᠡᠭᠦᠳᠬᠦ ᠲᠠᠪᠴᠠᠩ᠂ ᠰᠢᠨ᠎ᠡ ᠶᠢ ᠡᠭᠦᠳᠬᠦ ᠠᠴᠢᠶᠠᠯᠠᠪᠤᠷᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ | ᠬᠥᠭᠵᠢᠭᠰᠡᠨ ᠭᠠᠵᠠᠷ ᠣᠷᠣᠨ ᠪᠣᠯᠤᠨ ᠡᠷᠬᠢᠨ ᠲᠣᠭᠤᠷᠢᠨ ᠤ ᠬᠤᠲᠠ ᠯᠤᠭ᠎ᠠ ᠶᠢᠨ ᠪᠠᠶᠢᠯᠳᠤᠬᠤ ᠪᠤᠳᠤᠯᠭ᠎ᠠ ᠶᠢᠨ | ᠬᠠᠮᠲᠤᠷᠠᠯᠴᠠᠭ᠎ᠠ ᠶᠢ ᠨᠡᠩ ᠨᠢᠭᠲᠠᠷᠠᠭᠤᠯᠵᠤ᠂ ᠮᠠᠨ ᠤ ᠤᠯᠤᠰ ᠤᠨ ᠤᠮᠠᠷᠠᠰᠢ ᠨᠡᠬᠡᠬᠡᠯᠳᠡ ᠬᠢᠬᠦ ᠴᠢᠬᠤᠯᠠ ᠪᠠᠬᠢᠯᠡᠯᠲᠡ | ᠪᠣᠯᠤᠨ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ ᠳᠤᠮᠳᠠ ᠳᠣᠲᠣᠭᠠᠳᠤ | ᠬᠠᠭᠤᠷᠠᠢ ᠶᠢᠨ ᠨᠡᠬᠡᠬᠡᠯᠳᠡ ᠬᠢᠬᠦ ᠥᠨᠳᠦᠷᠯᠢᠭ ᠭᠠᠵᠠᠷ ᠢ ᠪᠠᠶᠢᠭᠤᠯᠤᠨ᠎ᠠ ᠃ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ | ᠢᠯᠡᠳᠲᠡ ᠳᠡᠭᠡᠭᠰᠢᠯᠡᠭᠦᠯᠵᠦ᠂ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠬᠥᠮᠦᠰ ᠤᠨ | ᠰᠡᠳᠬᠢᠯ ᠳᠤ ᠬᠠᠳᠠᠩᠰᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠭᠦᠨ | ᠦᠨᠳᠦᠰᠦᠯᠡᠭᠦᠯᠵᠦ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠪᠠ ᠰᠣᠶᠣᠯ ᠤᠨ ᠠᠵᠤ | ᠦᠢᠯᠡᠰ ᠤᠨ ᠰᠢᠰᠲ᠋ᠧᠮ ᠢ ᠨᠡᠩ ᠲᠡᠭᠦᠯᠳᠡᠷᠵᠢᠭᠦᠯᠵᠦ᠂ ᠠᠷᠠᠳ ᠲᠦᠮᠡᠨ ᠤ ᠦᠵᠡᠯ ᠰᠠᠨᠠᠭ᠎ᠠ ᠶᠣᠰᠣ ᠮᠣᠷᠠᠯ ᠤᠨ ᠬᠡᠪ | ᠴᠢᠨᠠᠷ᠂ ᠰᠢᠨᠵᠢᠯᠡᠬᠦ ᠤᠬᠠᠭᠠᠨ ᠰᠣᠶᠣᠯ ᠤᠨ ᠬᠡᠪ ᠴᠢᠨᠠᠷ᠂ ᠪᠡᠶ᠎ᠡ ᠰᠡᠳᠬᠢᠯ ᠤᠨ ᠡᠷᠡᠭᠦᠯ ᠮᠡᠨᠳᠦ ᠶᠢᠨ ᠬᠡᠪ ᠴᠢᠨᠠᠷ ᠪᠠ | ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ ᠢᠯᠡᠳᠲᠡ ᠳᠡᠭᠡᠭᠰᠢᠯᠡᠭᠦᠯᠵᠦ᠂ ᠨᠡᠶᠢᠭᠡᠮ ᠢ ᠨᠡᠩ ᠪᠣᠯᠪᠠᠰᠤᠨ | ᠲᠠᠪᠰᠢᠯᠳᠠ ᠲᠠᠢ ᠪᠣᠯᠭᠠᠨ᠎ᠠ᠃ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠬᠡᠮᠵᠢᠶ᠎ᠡ ᠭᠦᠨᠵᠡᠭᠡᠶᠢᠷᠡᠵᠦ᠂ | ᠬᠥᠮᠦᠨ ᠢᠶᠠᠷ ᠭᠤᠤᠯᠯᠠᠭᠤᠯᠤᠭᠰᠠᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢ | ᠲᠣᠭᠲᠠᠭᠤᠨ ᠢᠶᠠᠷ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ | ᠲᠣᠭᠲᠠᠭᠤᠨ ᠢᠶᠠᠷ ᠬᠡᠷᠡᠭᠵᠢᠭᠦᠯᠦᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ | ᠤᠯᠠᠮ ᠨᠢᠭᠡ ᠠᠯᠬᠤᠮ ᠪᠠᠬᠢᠵᠢᠭᠦᠯᠵᠦ᠂ ᠠᠵᠤ ᠦᠶ᠋ᠯᠡᠳᠪᠦᠷᠢ ᠲᠠᠷᠢᠶᠠᠯᠠᠩ ᠬᠠᠷᠢᠯᠴᠠᠨ ᠠᠬᠢᠭᠤᠯᠤᠭᠰᠠᠨ᠂ ᠬᠤᠲᠠ | ᠬᠥᠳᠡᠭᠡ ᠬᠠᠷᠢᠯᠴᠠᠨ ᠨᠥᠬᠦᠪᠥᠷᠢᠯᠡᠭᠰᠡᠨ᠂ ᠵᠣᠬᠢᠴᠠᠩᠭᠤᠶ ᠪᠠᠷ ᠬᠥᠭᠵᠢᠭᠰᠡᠨ᠂ ᠬᠠᠮᠲᠤ ᠪᠠᠷ ᠴᠡᠴᠡᠭᠯᠡᠨ ᠬᠥᠭᠵᠢᠭᠰᠡᠨ | ᠥᠨᠳᠥᠷ ᠬᠢᠷᠢ ᠲᠦᠪᠰᠢᠨ ᠪᠥᠬᠦᠶ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠰᠢᠨ᠎ᠡ ᠪᠠᠶᠢᠷᠢᠰᠢᠯ ᠢ | ᠦᠨᠳᠦᠰᠦᠨ ᠳᠡᠭᠡᠨ ᠪᠦᠷᠢᠯᠳᠦᠭᠦᠯᠦᠨ᠎ᠡ ᠃ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠶᠡᠭᠡ ᠪᠠᠷ | ᠰᠠᠶᠢᠵᠢᠷᠠᠭᠤᠯᠵᠤ᠂ ᠠᠭᠤᠯᠠ ᠤᠰᠤ ᠤᠢ ᠰᠢᠭᠤᠶ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ ᠤᠨ ᠠᠮᠢ | ᠨᠠᠰᠤᠨ ᠤ ᠬᠠᠮᠲᠤ ᠶᠢᠨ ᠴᠣᠭᠴᠠ ᠶᠢ ᠲᠦᠷᠭᠡᠪᠴᠢᠯᠡᠨ ᠪᠤᠢ ᠪᠣᠯᠭᠠᠵᠤ᠂ ᠪᠣᠬᠢᠷᠲᠤᠯ ᠦᠭᠡᠢ ᠦᠢᠯᠡᠳᠪᠦᠷᠢᠯᠡᠯ | ᠠᠮᠢᠳᠤᠷᠠᠯ ᠤᠨ ᠠᠷᠭ᠎ᠠ ᠮᠠᠶ᠋ᠢᠭ ᠢ ᠲᠦᠷᠭᠡᠪᠴᠢᠯᠡᠨ ᠳᠡᠯᠭᠡᠷᠡᠭᠦᠯᠵᠦ᠂ ᠠᠵᠤ ᠦᠢᠯᠡᠰ ᠢ ᠠᠮᠢ ᠠᠬᠤᠶᠢᠴᠢᠯᠠᠬᠤ᠂ ᠠᠮᠢ | ᠠᠬᠤᠶ ᠶᠢ ᠠᠵᠤ ᠦᠢᠯᠡᠰᠵᠢᠭᠦᠯᠬᠦ ᠬᠢᠷᠢ ᠲᠦᠪᠰᠢᠨ ᠢ ᠭᠦᠨᠵᠡᠭᠡᠶ ᠲᠦᠯᠬᠢᠨ ᠠᠬᠢᠭᠤᠯᠵᠤ᠂ ᠠᠮᠢ ᠠᠬᠤᠶ ᠶᠢᠨ ᠠᠮᠤᠷ | ᠲᠦᠪᠰᠢᠨ ᠤ ᠬᠠᠯᠬᠠᠪᠴᠢ ᠶᠢ ᠨᠡᠩ ᠪᠠᠬᠢᠵᠢᠭᠦᠯᠦᠨ᠎ᠡ ᠃ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠩ | ᠥᠨᠳᠥᠷ ᠲᠦᠪᠰᠢᠨ ᠳᠤ ᠬᠦᠷᠭᠡᠵᠦ᠂ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠦᠷᠳᠡᠭ ᠤᠨ ᠨᠡᠮᠡᠭᠳᠡᠯ ᠤᠨ ᠬᠤᠷᠳᠤᠴᠠ ᠠᠴᠠ ᠥᠨᠳᠥᠷ ᠪᠣᠯᠭᠠᠵᠤ᠂ ᠦᠨᠳᠦᠰᠦᠨ | ᠤᠯᠠᠨ ᠨᠡᠶᠢᠲᠡ ᠶᠢᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠲᠦᠪᠰᠢᠨ ᠢ ᠢᠯᠡᠳᠲᠡ ᠳᠡᠭᠡᠭᠰᠢᠯᠡᠭᠦᠯᠵᠦ᠂ | ᠦᠨᠳᠦᠰᠦᠲᠡᠨ ᠨᠦᠭᠦᠳ ᠡᠶ᠎ᠡ ᠨᠠᠶᠢᠷᠲᠠᠢ ᠪᠠᠷ ᠬᠠᠮᠲᠤ ᠣᠷᠣᠰᠢᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ | ᠂ ᠡᠶ᠎ᠡ ᠵᠣᠬᠢᠴᠠᠩᠭᠤᠢ ᠪᠠᠷ ᠬᠥᠭᠵᠢᠨ᠎ᠡ ᠃ ᠵᠠᠰᠠᠯᠲᠠ ᠶᠢᠨ ᠦᠷ᠎ᠡ ᠪᠦᠲᠦᠮᠵᠢ ᠰᠢᠨ᠎ᠡ ᠳᠡᠭᠡᠭᠰᠢᠯᠡᠯᠲᠡ ᠲᠠᠢ ᠪᠤᠯᠵᠤ᠂ | ᠨᠡᠶᠢᠭᠡᠮ ᠵᠢᠷᠤᠮ ᠤᠨ ᠠᠷᠠᠳᠴᠢᠯᠠᠯ ᠬᠠᠤᠯᠢᠵᠢᠯ ᠨᠡᠩ ᠲᠡᠭᠦᠯᠳᠡᠷᠵᠢᠵᠦ᠂ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ | ᠦᠷ᠎ᠡ ᠪᠦᠲᠦᠮᠵᠢ ᠪᠠ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢᠯᠡᠳᠲᠡ ᠳᠡᠭᠡᠭᠰᠢᠯᠡᠵᠦ᠂ ᠬᠦᠨᠳᠦ ᠶᠡᠭᠡ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠶᠢᠭᠤᠯᠤᠮᠵᠢ ᠲᠣᠭᠲᠠᠴᠠ ᠲᠠᠰᠤᠷᠠᠯᠲᠠ ᠦᠭᠡᠢ ᠲᠡᠭᠦᠯᠳᠡᠷᠵᠢᠵᠦ᠂ | ᠭᠡᠨᠡᠳᠲᠡ ᠡᠭᠦᠰᠬᠦ ᠤᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠢᠯᠡᠳᠲᠡ | ᠴᠢᠩᠭᠠᠷᠠᠵᠤ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠦᠪᠰᠢᠨ ᠲᠠᠰᠤᠷᠠᠯᠲᠠ ᠦᠭᠡᠢ | ᠳᠡᠭᠡᠭᠰᠢᠯᠡᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠨᠡᠩ | ᠪᠠᠬᠢᠵᠢᠭᠦᠯᠦᠨ᠎ᠡ᠃ | ᠭᠤᠷᠪᠠ᠂ 2021 ᠣᠨ ᠤ ᠠᠵᠢᠯ ᠤᠨ ᠲᠤᠬᠢᠷᠠᠭᠤᠯᠤᠯᠳᠠ | 2021 ᠣᠨ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ | ᠮᠥᠨ᠂ ᠪᠠᠰᠠ ᠴᠤ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ | ᠰᠢᠨ᠎ᠡ ᠠᠶᠠᠯᠠᠯ ᠢ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠬᠤ | ᠠᠩᠬᠠᠨ ᠤ ᠵᠢᠯ ᠮᠥᠨ᠂ ᠡᠨᠡ ᠵᠢᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ | ᠬᠤᠯᠪᠣᠭᠳᠠᠯ ᠲᠠᠢ ᠪᠥᠭᠡᠳ ᠠᠯᠤᠰ ᠬᠡᠳᠦ ᠶᠢᠨ ᠨᠥᠯᠥᠭᠡ ᠲᠠᠢ ᠶᠤᠮ᠃ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠪᠠᠶᠢᠳᠠᠯ ᠢ ᠶᠡᠷᠦᠩᠬᠡᠶᠢᠯᠡᠨ ᠪᠣᠳᠣᠯᠬᠢᠯᠠᠵᠤ᠂ 2021 ᠣᠨ ᠤ ᠭᠤᠤᠯ ᠵᠢᠱᠢᠭᠰᠡᠨ ᠬᠠᠷᠠᠯᠲᠠ ᠪᠣᠯ᠄ | ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠢ 7% ᠣᠷᠴᠢᠮ ᠨᠡᠮᠡᠭᠳᠡᠭᠦᠯᠵᠦ᠂ ᠥᠪᠡᠷᠲᠡᠭᠡᠨ ᠵᠠᠰᠠᠬᠤ | ᠣᠷᠣᠨ ᠤ ᠳᠤᠮᠳᠠᠴᠢ ᠨᠡᠮᠡᠭᠳᠡᠯ ᠤᠨ ᠬᠤᠷᠳᠤᠴᠠ ᠠᠴᠠ ᠥᠨᠳᠥᠷ ᠪᠣᠯᠭᠠᠨ᠎ᠠ᠃ ᠡᠩ ᠤᠨ ᠣᠯᠠᠨ ᠨᠡᠶᠢᠲᠡ ᠶᠢᠨ | ᠲᠥᠰᠦᠪ ᠤᠨ ᠣᠷᠣᠯᠭ᠎ᠠ ᠶᠢ 4.5% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠬᠤ ᠶᠡᠷᠦᠩᠬᠡᠶ ᠲᠤᠭ᠎ᠠ ᠶᠢ 6% ᠣᠷᠴᠢᠮ ᠨᠡᠮᠡᠭᠳᠡᠭᠦᠯᠵᠦ᠂ ᠬᠤᠲᠠ ᠪᠠᠯᠭᠠᠰᠤ ᠶᠢᠨ ᠪᠠᠶᠢᠩᠭᠤ ᠰᠠᠭᠤᠭ᠎ᠠ | ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 7% ᠣᠷᠴᠢᠮ ᠨᠡᠮᠡᠭᠳᠡᠭᠦᠯᠵᠦ᠂ | ᠮᠠᠯᠴᠢᠨ ᠲᠠᠷᠢᠶᠠᠴᠢᠨ ᠤ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 10% ᠣᠷᠴᠢᠮ | ᠨᠡᠮᠡᠭᠳᠡᠭᠦᠯᠦᠨ᠎ᠡ ᠃ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4.2% ᠤᠨ | ᠳᠣᠲᠣᠷ᠎ᠠ ᠬᠢᠵᠠᠭᠠᠷᠯᠠᠵᠤ᠂ ᠨᠢᠭᠡᠴᠢ ᠭᠠᠵᠠᠷ ᠣᠷᠣᠨ ᠤ ᠦᠢᠯᠡᠳᠪᠦᠷᠢᠯᠡᠯ ᠤᠨ ᠪᠦᠬᠦ ᠦᠷᠳᠡᠭ ᠤᠨ ᠡᠨᠧᠷᠭᠢ ᠶᠢᠨ | ᠬᠤᠷᠣᠭᠳᠠᠭᠤᠯᠤᠯ ᠢ 3.4% ᠪᠠᠷ ᠪᠠᠭᠤᠷᠠᠭᠤᠯᠵᠤ᠂ ᠠᠮᠤ ᠪᠤᠳᠠᠭᠠᠨ ᠤ ᠤᠨᠠᠯᠲᠠ ᠶᠢ 35 ᠳ᠋ᠦᠩᠰᠢᠭᠤᠷ ᠵᠢᠩ ᠠᠴᠠ | ᠳᠡᠭᠡᠭᠰᠢ ᠬᠡᠮᠵᠢᠶᠡᠨ ᠳᠤ ᠲᠣᠭᠲᠠᠪᠤᠷᠢᠵᠢᠭᠤᠯᠤᠨ᠎ᠠ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠪᠢᠳᠡ | ᠵᠢᠷᠭᠤᠭᠠᠨ ᠲᠠᠯ᠎ᠠ ᠪᠠᠷ ᠴᠢᠷᠮᠠᠶᠢᠨ ᠠᠵᠢᠯᠯᠠᠨ᠎ᠠ᠃ | ︵ᠨᠢᠭᠡ︶ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠪᠠᠷ ᠬᠥᠭᠵᠢᠭᠦᠯᠬᠦ ᠶᠢ ᠪᠠᠷᠢᠮᠲᠠᠯᠠᠵᠤ᠂ | ᠠᠵᠤ ᠦᠢᠯᠡᠰ ᠤᠨ ᠡᠷᠴᠢᠮᠵᠢᠭᠦᠯᠦᠭᠰᠡᠨ ᠪᠥᠭᠡᠮᠨᠡᠷᠡᠯ ᠤᠨ ᠬᠥᠭᠵᠢᠯᠲᠡ ᠶᠢ ᠳᠥᠯᠭᠢᠨ ᠠᠬᠢᠭᠤᠯᠬᠤ ᠲᠠᠯ᠎ᠠ ᠪᠠᠷ ᠪᠥᠬᠦ | ᠬᠦᠴᠦᠨ ᠢᠶᠠᠷ ᠢᠶᠠᠨ ᠪᠡᠷᠬᠡ ᠰᠡᠳᠦᠪ ᠢ ᠰᠢᠢᠳᠪᠦᠷᠢᠯᠡᠨ᠎ᠡ᠃ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ | ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠪᠣᠯ ᠪᠦᠬᠦ ᠲᠠᠯ᠎ᠠ ᠶᠢᠨ᠂ ᠪᠦᠬᠦ | ᠣᠷᠣᠨ ᠪᠦᠰᠡ ᠶᠢᠨ ᠬᠢ ᠶᠤᠮ᠂ ᠡᠷᠬᠡᠪᠰᠢ ᠠᠮᠢ ᠠᠬᠤᠢ ᠶᠢ ᠲᠡᠷᠢᠭᠦᠨ ᠳᠤ ᠲᠠᠯᠪᠢᠬᠤ ᠣᠶᠢᠯᠠᠭᠠᠭᠳᠠᠬᠤᠨ ᠶᠣᠰᠣᠭᠠᠷ | ᠠᠵᠤ ᠦᠢᠯᠡᠰ ᠢ ᠠᠳᠬᠤᠬᠤ᠂ ᠪᠡᠯᠡ ᠣᠷᠣᠭᠤᠯᠤᠯᠲᠠ ᠶᠢ ᠠᠳᠬᠤᠬᠤ᠂ ᠲᠦᠷᠦᠯ ᠵᠦᠢᠯ ᠢ ᠠᠳᠬᠤᠬᠤ ᠶᠢ | ᠪᠠᠷᠢᠮᠲᠠᠯᠠᠵᠤ᠂ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ ᠪᠣᠯᠤᠨ ᠡᠨᠧᠷᠭᠢ ᠶᠢᠨ ᠬᠤᠷᠣᠭᠳᠠᠯ ᠤᠨ | ᠬᠦᠴᠦᠯᠡᠴᠡ ᠶᠢ ᠴᠢᠩᠭ᠎ᠠ ᠬᠢᠵᠠᠭᠠᠷᠯᠠᠵᠤ᠂ ᠠᠵᠤ ᠦᠢᠯᠡᠰ ᠤᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠲᠡᠰ | ᠳᠡᠪᠰᠢᠬᠦ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠬᠡᠷᠡᠭᠲᠡᠢ᠃ | ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢ ᠤᠶᠤᠨᠵᠢᠭᠤᠯᠤᠨ ᠲᠡᠰ ᠳᠡᠪᠰᠢᠭᠦᠯᠬᠦ ᠶᠢ ᠠᠬᠢᠭᠤᠯᠤᠨ᠎ᠠ᠃ | ︽ᠤᠶᠤᠨᠲᠤ ᠲᠣᠮᠣ ᠲᠠᠷᠢᠶᠠᠯᠠᠩ︾ ᠢᠶᠠᠷ ᠶᠡᠷᠦᠩᠬᠡᠶᠢᠯᠡᠨ ᠵᠢᠯᠣᠭᠤᠳᠣᠭᠤᠯᠵᠤ᠂ ᠰᠠᠶᠢᠨ ᠡᠭᠦᠯᠳᠡᠷ ᠰᠠᠶᠢᠨ ᠠᠷᠭ᠎ᠠ᠂ | ᠮᠡᠳᠡᠭᠡ ᠵᠠᠩᠭᠢ ᠶᠢᠨ ᠮᠡᠷᠭᠡᠵᠢᠯ᠂ ᠵᠠᠬ᠎ᠠ ᠳᠡᠯᠭᠡᠭᠦᠷ ᠢ ᠵᠣᠯᠭᠠᠭᠤᠯᠬᠤ ᠬᠢᠷᠢ ᠲᠦᠪᠰᠢᠨ ᠢ ᠪᠥᠬᠦ ᠲᠠᠯ᠎ᠠ ᠪᠠᠷ | ᠳᠡᠭᠡᠭᠰᠢᠯᠡᠭᠦᠯᠦᠨ᠂ ᠣᠲᠣ ᠦᠶ᠎ᠡ ᠶᠢᠨ ᠲᠠᠷᠢᠶᠠᠯᠠᠩ ᠤᠨ ᠪᠥᠬᠦ ᠲᠠᠯ᠎ᠠ ᠪᠠᠷ ᠬᠡᠯᠪᠡᠷᠢ ᠪᠠᠨ ᠬᠤᠪᠢᠷᠠᠭᠤᠯᠬᠤ᠂ ᠭᠤᠷᠪᠠᠨ | ᠠᠵᠤ ᠦᠢᠯᠡᠰ ᠤᠨ ᠨᠢᠭᠲᠠ ᠠᠭᠤᠰᠤᠯᠴᠠᠬᠤ ᠶᠢ ᠠᠬᠢᠭᠤᠯᠤᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ | ᠥᠭᠡᠷᠡᠴᠢᠯᠡᠨ ᠳᠡᠭᠡᠭᠰᠢᠯᠡᠭᠦᠯᠬᠦ ᠶᠢ ᠦᠷᠭᠦᠯᠵᠢᠯᠡᠨ ᠠᠬᠢᠭᠤᠯᠵᠤ᠂ ︽ᠠᠮᠤ ᠪᠤᠳᠠᠭ᠎ᠠ ᠶᠢ ᠲᠣᠭᠲᠠᠪᠤᠷᠢᠵᠢᠭᠤᠯᠬᠤ᠂ | ᠠᠵᠤ ᠠᠬᠤᠢ ᠶᠢ ᠰᠢᠯᠢᠳᠡᠭᠵᠢᠭᠦᠯᠬᠦ᠂ ᠲᠡᠵᠢᠭᠡᠯ ᠪᠣᠷᠳᠤᠭ᠎ᠠ ᠶᠢ ᠥᠷᠭᠡᠳᠬᠡᠬᠦ︾ ᠲᠠᠷᠢᠮᠠᠯ ᠤᠨ ᠪᠦᠲᠦᠴᠡ ᠶᠢᠨ | ᠪᠠᠶᠢᠷᠢᠰᠢᠭᠤᠯᠤᠯᠲᠠ ᠶᠢ ᠭᠦᠨᠵᠡᠭᠡᠢ ᠰᠢᠯᠢᠳᠡᠭᠵᠢᠭᠦᠯᠦᠨ᠎ᠡ᠃ ᠦᠷ᠎ᠡ ᠶᠢᠨ ᠠᠮᠤᠷ ᠲᠦᠪᠰᠢᠨ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠯᠦᠩ ᠫᠢᠩ ᠳᠡᠭᠡᠳᠦ ᠵᠡᠷᠭᠡ ᠶᠢᠨ ᠰᠢᠨᠵᠢᠯᠡᠬᠦ ᠤᠬᠠᠭᠠᠨ ᠮᠡᠷᠭᠡᠵᠢᠯ᠂ ᠳᠤᠮᠳᠠᠳᠤ ᠤᠯᠤᠰ ᠤᠨ | ᠡᠭᠦᠯᠳᠡᠷ ᠤᠨ ᠣᠯᠠᠨ ᠤᠯᠤᠰ ᠤᠨ ᠵᠡᠷᠭᠡ ᠠᠵᠤ ᠠᠬᠤᠶᠢᠯᠠᠯ ᠤᠨ ᠰᠢᠯᠢᠳᠡᠭ ᠡᠷᠳᠡᠨᠢ ᠰᠢᠰᠢ ᠶᠢᠨ ᠡᠭᠦᠯᠳᠡᠷ ᠢ | ᠢᠳᠡᠪᠬᠢᠲᠡᠶ ᠪᠠᠷ ᠣᠷᠣᠭᠤᠯᠤᠨ ᠠᠪᠴᠢᠷᠠᠵᠤ ᠳᠡᠯᠭᠡᠷᠡᠭᠦᠯᠦᠨ᠎ᠡ᠃ ᠶᠡᠷᠦᠩᠬᠡᠶᠢᠯᠡᠭᠰᠡᠨ ᠰᠢᠨᠵᠢᠯᠡᠬᠦ ᠤᠬᠠᠭᠠᠨ | ᠮᠡᠷᠭᠡᠵᠢᠯ ᠤᠨ ᠠᠵᠤ ᠦᠢᠯᠡᠰ ᠤᠨ ᠲᠠᠪᠴᠠᠩ ᠤᠨ ᠳᠠᠶᠢᠴᠢᠯᠠᠬᠤ ᠴᠢᠳᠠᠪᠤᠷᠢ ᠶᠢ ᠭᠦᠢᠴᠡᠳ ᠪᠠᠳᠠᠷᠠᠭᠤᠯᠵᠤ᠂ | ᠮᠥᠩᠭᠦᠨ ᠭᠦᠢᠯᠭᠡᠭᠡᠨ ᠢᠶᠠᠷ ᠬᠥᠭᠵᠢᠯᠲᠡ ᠶᠢ ᠳᠡᠮᠵᠢᠬᠦ ᠲᠣᠭᠲᠠᠴᠠ ᠶᠢ ᠲᠡᠭᠦᠯᠳᠡᠷᠵᠢᠭᠦᠯᠦᠨ᠂ ᠠᠵᠢᠯ ᠲᠥᠷᠥᠯ ᠤᠨ | ᠨᠡᠶᠢᠭᠡᠮᠯᠢᠭ᠂ ᠬᠤᠷᠰᠢᠶ᠎ᠠ᠂ ᠬᠡᠷ ᠪᠦᠯᠢ ᠶᠢᠨ ᠲᠠᠷᠢᠶᠠᠯᠠᠩ ᠤᠨ ᠲᠠᠯᠠᠪᠠᠶ ᠵᠡᠷᠭᠡ ᠭᠤᠤᠯ ᠴᠣᠭᠴᠠ ᠶᠢᠨ ᠬᠡᠪᠴᠢᠶᠡᠵᠢᠭᠰᠡᠨ | ᠂ ᠪᠠᠷᠢᠮᠵᠢᠶᠠᠵᠢᠭᠰᠠᠨ ᠦᠢᠯᠡᠳᠪᠦᠷᠢᠯᠡᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ | ᠳᠡᠭᠡᠭᠰᠢᠯᠡᠭᠦᠯᠦᠨ᠎ᠡ᠃ ᠲᠦᠩᠯᠢᠶᠣᠤ ᠶᠢᠨ ᠰᠢᠷ᠎ᠠ ᠡᠷᠳᠡᠨᠢ ᠰᠢᠰᠢ᠂ ᠡᠯᠡᠰᠦᠷᠬᠡᠭ ᠭᠠᠵᠠᠷ ᠤᠨ ᠦᠵᠦᠮ᠂ | ᠪᠣᠭᠤᠮᠲᠠ ᠶᠢᠨ ᠭᠠᠳᠠᠨᠠᠬᠢ ᠤᠯᠠᠭᠠᠨ ᠵᠡᠷᠭᠡ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠢ | ᠦᠨᠡᠮᠰᠢᠬᠦ ᠪᠠ ᠪᠥᠬᠦ ᠶᠠᠪᠤᠴᠠ ᠶᠢ ᠮᠥᠷᠳᠡᠬᠦ ᠰᠢᠰᠲ᠋ᠧᠮᠵᠢ ᠶᠢ ᠲᠡᠭᠦᠯᠳᠡᠷᠵᠢᠭᠦᠯᠵᠦ᠂ ᠨᠠᠷᠠᠲᠤ ᠲᠥᠷᠥᠯ ᠲᠡᠮᠳᠡᠭᠲᠦ ᠶᠢᠨ | ᠪᠣᠭᠤᠳᠠᠯ ᠪᠠᠭᠯᠠᠭ᠎ᠠ ᠵᠢᠴᠢ ᠨᠠᠷᠢᠯᠢᠭ ᠡᠳ᠋ᠰᠢᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠂ ︽ᠮᠣᠩᠭᠤᠯ︾ ᠥᠰᠥᠭ ᠤᠨ | ᠨᠠᠷᠠᠲᠤ ᠲᠥᠷᠥᠯ ᠲᠡᠮᠳᠡᠭᠲᠦ ᠶᠢᠨ ᠦᠢᠯᠡᠳᠦᠯ ᠢ ᠴᠢᠩᠭᠠᠷᠠᠭᠤᠯᠤᠨ᠎ᠠ᠃ ᠠᠯᠠᠰᠢᠨ ᠦᠬᠡᠷ ᠲᠡᠵᠢᠭᠡᠨ ᠦᠷᠡᠵᠢᠭᠦᠯᠬᠦ ᠶᠢ | ︽ᠲᠣᠰᠬᠤᠨ ᠠᠴᠠ ᠭᠠᠷᠭᠠᠵᠤ ᠴᠡᠴᠡᠷᠯᠢᠭ ᠲᠤ ᠣᠷᠣᠭᠤᠯᠬᠤ︾ ᠶᠢ ᠲᠦᠷᠭᠡᠳᠬᠡᠨ ᠠᠬᠢᠭᠤᠯᠵᠤ᠂ ᠰᠢᠨ ᠰᠢ ᠸᠠᠩ | ᠯᠢᠦ ᠾᠧ 200 ᠲᠦᠮᠡᠨ ᠭᠠᠭ᠋ᠠᠶ ᠶᠢᠨ ᠲᠥᠷᠥᠯ ᠵᠦᠢᠯ ᠤᠨ ᠠᠰᠢᠭᠯᠠᠯᠲᠠ ᠳᠤ ᠣᠷᠣᠬᠤ ᠶᠢ ᠢᠳᠡᠪᠬᠢᠲᠡᠶ ᠪᠠᠷ | ᠠᠬᠢᠭᠤᠯᠤᠨ᠂ ᠪᠥᠬᠦ ᠵᠢᠯ ᠳᠤ 130 ᠲᠦᠮᠡᠨ ᠭᠠᠭ᠋ᠠᠶ ᠶᠢᠨ ᠭᠠᠷᠭᠠᠯᠲᠠ ᠶᠢ ᠳᠠᠪᠠᠭᠤᠯᠵᠤ᠂ ᠠᠯᠠᠰᠢᠨ ᠦᠬᠡᠷ ᠤᠨ | ᠭᠠᠷᠭᠠᠯᠲᠠ ᠶᠢ 15 ᠲᠦᠮᠡ ᠣᠷᠴᠢᠮ ᠲᠣᠯᠣᠭᠠᠶ ᠳᠤ ᠲᠣᠭᠲᠠᠪᠤᠷᠢᠵᠢᠭᠤᠯᠬᠤ ᠪᠠᠷ ᠴᠢᠷᠮᠠᠶᠢᠨ᠎ᠠ᠃ ᠪᠠᠭᠠᠰᠤᠨ | ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ | ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠲᠠᠯᠠᠪᠠᠶ ᠶᠢᠨ ᠬᠢᠨᠠᠨ ᠵᠥᠪᠰᠢᠶᠡᠷᠡᠬᠦ ᠬᠢᠨᠠᠯᠲᠠ ᠬᠠᠮᠢᠶᠠᠷᠤᠯᠲᠠ᠂ | ᠮᠡᠷᠭᠡᠵᠢᠯ ᠤᠨ ᠦᠢᠯᠡᠴᠢᠯᠡᠭᠡ ᠶᠢ ᠴᠢᠩᠭᠠᠷᠠᠭᠤᠯᠤᠨ᠂ ᠱᠠᠩᠬᠠᠶ ᠶᠢᠨ ᠲᠢ ᠴᠢᠶᠤᠤ ᠮᠠᠯ ᠵᠢᠭᠦᠷᠲᠡᠨ ᠢ ᠬᠤᠤᠷ ᠥᠬᠡᠶ | ᠪᠣᠯᠭᠠᠨ ᠰᠢᠢᠳᠪᠦᠷᠢᠯᠡᠬᠦ ᠡᠵᠡᠩᠨᠡᠯᠲᠡ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠲᠡᠵᠢᠭᠡᠨ ᠦᠷᠡᠵᠢᠭᠦᠯᠬᠦ | ᠦᠢᠯᠡᠰ ᠤᠨ ᠡᠷᠡᠭᠦᠯ᠂ ᠲᠣᠭᠲᠠᠭᠤᠨ᠂ ᠦᠷᠭᠦᠯᠵᠢᠯᠡᠨ ᠬᠥᠭᠵᠢᠬᠦ ᠶᠢ ᠲᠦᠷᠭᠡᠳᠬᠡᠨ ᠪᠡᠶᠡᠯᠡᠭᠦᠯᠦᠨ᠎ᠡ᠃ | ᠠᠵᠤ ᠦᠢᠯᠡᠳᠪᠦᠷᠢ ᠶᠢᠨ ᠠᠵᠤ ᠠᠬᠤᠶ ᠶᠢᠨ ᠪᠥᠭᠡᠮᠨᠡᠷᠡᠨ ᠬᠥᠭᠵᠢᠬᠦ ᠶᠢ ᠲᠦᠯᠬᠢᠨ ᠠᠬᠢᠭᠤᠯᠤᠨ᠎ᠠ᠃ | ᠲᠦᠩᠯᠢᠶᠣᠤ ᠬᠤᠲᠠ ᠶᠢᠨ ︽ᠲᠠᠪᠤᠨ ᠶᠡᠭᠡ ᠠᠵᠤ ᠦᠢᠯᠡᠰ ᠤᠨ ᠪᠦᠯᠦᠭᠯᠡᠯ︾ ᠤᠨ ᠪᠥᠲᠥᠭᠡᠨ ᠪᠠᠶᠢᠭᠤᠯᠤᠯᠲᠠ ᠶᠢᠨ | ᠲᠣᠭᠤᠷᠢᠨ ᠳᠤ᠂ ᠡᠷᠳᠡᠨᠢ ᠰᠢᠰᠢ ᠶᠢᠨ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ᠂ ᠪᠣᠬᠢᠷᠲᠤᠯ ᠥᠬᠡᠶ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ᠂ ᠳᠡᠭᠡᠳᠦ ᠲᠠᠰ ᠤᠨ ᠲᠣᠨᠤᠭ | ᠲᠥᠬᠦᠭᠡᠷᠦᠮᠵᠢ ᠦᠢᠯᠡᠳᠬᠦ᠂ ᠣᠲᠣ ᠦᠶ᠎ᠡ ᠶᠢᠨ ᠰᠢᠨ᠎ᠡ ᠡᠨᠧᠷᠭᠢ᠂ ᠮᠣᠩᠭᠤᠯ ᠬᠢᠲᠠᠳ ᠡᠮ ᠡᠮᠨᠡᠯᠭᠡ ᠵᠡᠷᠭᠡ | ᠭᠤᠤᠯᠯᠠᠬᠤ ᠠᠵᠤ ᠦᠢᠯᠡᠰ ᠢ ᠭᠤᠤᠯᠳᠠᠯᠭ᠎ᠠ ᠲᠠᠢ ᠬᠥᠭᠵᠢᠭᠦᠯᠦᠨ᠎ᠡ᠃ ᠲᠡᠷᠢᠭᠦᠯᠡᠭᠴᠢ ᠴᠡᠴᠡᠭ ᠤᠨ ᠠᠮᠢᠳᠤ | ᠪᠣᠳᠠᠰ ᠤᠨ 36 ᠲᠦᠮᠡᠨ ᠲᠣᠨ ᠤ ᠨᠡᠶᠢᠯᠡᠯᠭᠡ ᠰᠢᠪᠲᠦᠷ ᠤᠨ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ | ᠡᠷᠳᠡᠨᠢ ᠰᠢᠰᠢ ᠶᠢᠨ ᠠᠮᠢᠳᠤ ᠪᠣᠳᠠᠰ ᠤᠨ ᠠᠵᠤ ᠦᠢᠯᠡᠰ ᠤᠨ ᠲᠥᠬᠦᠷᠵᠢᠭᠦᠯᠦᠯᠲᠡ ᠶᠢ ᠰᠢᠯᠢᠳᠡᠭᠵᠢᠭᠦᠯᠦᠨ᠎ᠡ᠃ | ᠲᠠᠷᠢᠶᠠᠯᠠᠩ ᠮᠠᠯ ᠠᠵᠤ ᠠᠬᠤᠶ ᠶᠢ ᠨᠢᠲᠤᠯᠵᠤ ᠡᠳ᠋ᠰᠢᠭᠦᠯᠬᠦ ᠰᠢᠨ᠎ᠡ ᠰᠠᠶᠢᠨ ᠲᠥᠷᠥᠯ ᠵᠦᠢᠯ ᠢ ᠪᠠᠶᠢᠭᠤᠯᠤᠨ | ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠬᠦᠴᠦᠯᠡᠨ ᠠᠬᠢᠭᠤᠯᠵᠤ᠂ ᠨᠠᠩ ᠣᠯᠠᠨ ᠴᠢᠨᠠᠷ ᠰᠠᠶᠢᠲᠠᠶ | ᠪᠦᠲᠦᠭᠡᠭᠳᠡᠬᠦᠨ ᠢ ᠲᠤᠬᠠᠶ ᠶᠢᠨ ᠭᠠᠵᠠᠷ ᠤᠨ ᠣᠷᠴᠢᠯ ᠬᠡᠯᠬᠢᠶᠡᠨ ᠳᠤ ᠠᠭᠤᠰᠬᠠᠨ ᠣᠷᠣᠭᠤᠯᠵᠤ᠂ ᠨᠡᠮᠡᠯᠲᠡ | ᠥᠷᠲᠡᠭ ᠢ ᠨᠢ ᠳᠡᠭᠡᠭᠰᠢᠯᠡᠭᠦᠯᠦᠨ᠎ᠡ᠃ ᠥᠪᠥᠷ ᠮᠣᠩᠭᠤᠯ ᠤᠨ ᠮᠣᠩᠭᠤᠯ ᠡᠮ ᠡᠮᠨᠡᠯᠭᠡ ᠶᠢᠨ ᠢᠨᠵᠧᠨᠧᠷᠢᠩ ᠤᠨ | ᠮᠡᠷᠭᠡᠵᠢᠯ ᠤᠨ ᠰᠤᠳᠤᠯᠭᠠᠨ ᠤ ᠬᠦᠷᠢᠶᠡᠯᠡᠩ᠂ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ | ᠬᠤᠷᠢᠶ᠎ᠠ ᠶᠢᠨ ᠮᠣᠩᠭᠤᠯ ᠡᠮ ᠤᠨ ᠨᠠᠶᠢᠷᠠᠯᠲᠠ ᠶᠢᠨ ᠰᠤᠳᠤᠯᠤᠨ ᠨᠡᠭᠡᠭᠡᠬᠦ ᠲᠥᠪ ᠢ ᠨᠠᠶᠢᠳᠠᠪᠤᠷᠢᠵᠢᠭᠤᠯᠤᠨ | ᠬᠡᠷᠡᠭᠵᠢᠭᠦᠯᠬᠦ ᠶᠢ ᠲᠦᠷᠭᠡᠳᠬᠡᠵᠦ᠂ ᠬᠠᠶ ᠲᠢᠶᠠᠨ ᠮᠣᠩᠭᠤᠯ ᠬᠢᠲᠠᠳ ᠬᠡᠷᠴᠢᠮ ᠡᠮ ᠤᠨ ᠲᠥᠷᠥᠯ ᠵᠦᠢᠯ ᠤᠨ | ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠤᠯᠬᠤ ᠶᠢ ᠠᠬᠢᠭᠤᠯᠤᠨ᠂ ᠮᠣᠩᠭᠤᠯ ᠬᠢᠲᠠᠳ ᠡᠮ ᠡᠮᠨᠡᠯᠭᠡ ᠶᠢᠨ | ᠠᠵᠤ ᠦᠢᠯᠡᠰ ᠤᠨ ᠡᠮ ᠢᠳᠡᠭᠡᠨ ᠡᠷᠡᠭᠦᠯ ᠮᠡᠨᠳᠦ ᠶᠢᠨ ᠭᠠᠷᠤᠯ ᠨᠢᠭᠡᠲᠡᠶ ᠪᠣᠯᠬᠤ᠂ ᠡᠮᠴᠢᠯᠡᠭᠡ ᠡᠷᠡᠭᠦᠯᠵᠢᠯ | ᠰᠤᠪᠢᠯᠠᠯᠲᠠ ᠶᠢ ᠨᠢᠭᠡ ᠴᠤᠭᠴᠠᠵᠢᠭᠤᠯᠬᠤ ᠳᠠᠰᠢ ᠲᠦᠷᠭᠡᠨ ᠬᠥᠭᠵᠢᠬᠦ ᠶᠢ ᠠᠬᠢᠭᠤᠯᠤᠨ᠎ᠠ᠃ ᠯᠦᠩ ᠮᠠ ᠶᠢᠨ ᠳᠡᠭᠡᠳᠦ | ᠦᠵᠦᠭᠦᠷ ᠤᠨ ᠲᠣᠨᠤᠭ ᠲᠥᠬᠦᠭᠡᠷᠦᠮᠵᠢ ᠦᠢᠯᠡᠳᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠪᠥᠬᠦ | ᠬᠦᠴᠦᠨ ᠢᠶᠠᠷ ᠢᠶᠠᠨ ᠠᠬᠢᠭᠤᠯᠵᠤ᠂ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ | ᠠᠰᠢᠭᠯᠠᠯᠲᠠ ᠳᠤ ᠣᠷᠣᠭᠤᠯᠬᠤ᠂ 30 ᠲᠦᠮᠡᠨ ᠲᠣᠨ ᠤ ᠳᠠᠪᠲᠠᠭᠤᠷ ᠲᠣᠨᠤᠭ ᠤᠨ ᠲᠥᠷᠥᠯ ᠵᠦᠢᠯ ᠢ ᠲᠣᠭᠲᠠᠭᠰᠠᠨ | ᠬᠤᠭᠤᠴᠠᠭᠠᠨ ᠳᠤ ᠠᠵᠢᠯ ᠡᠬᠢᠯᠡᠭᠦᠯᠬᠦ ᠶᠢ ᠦᠨᠡᠨᠬᠦ ᠪᠠᠲᠤᠯᠠᠵᠤ᠂ ᠳ᠋ᠦᠩ ᠹᠠᠩ ᠴᠠᠬᠢᠯᠭᠠᠨ ᠤ ᠮᠠᠰᠢᠨ ᠤ | ᠦᠢᠯᠡᠳᠪᠦᠷᠢᠯᠡᠯ᠂ ᠶᠢᠨ ᠹᠧᠩ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠬᠢᠨ ᠬᠦᠴᠦᠨ ᠤ ᠮᠠᠰᠢᠨ ᠤ ᠶᠡᠷᠦᠩᠬᠡᠶ | ᠤᠭᠰᠠᠷᠠᠯᠲᠠ ᠶᠢᠨ ᠲᠥᠷᠥᠯ ᠵᠦᠢᠯ ᠢ ᠪᠣᠳᠠᠲᠠᠶᠢᠵᠢᠭᠤᠯᠤᠨ ᠪᠥᠲᠥᠭᠡᠨ ᠪᠠᠶᠢᠭᠤᠯᠬᠤ ᠪᠠᠷ ᠴᠢᠷᠮᠠᠶᠢᠵᠤ᠂ ᠳᠤᠮᠳᠠ | ᠵᠡᠷᠭᠡ ᠶᠢᠨ ᠮᠠᠰᠢᠨ ᠲᠡᠷᠭᠡᠨ ᠤ ᠴᠠᠬᠢᠯᠭᠠᠨ ᠮᠠᠰᠢᠨ᠂ ᠶᠤᠸᠠᠨ ᠵᠢᠩ ᠡᠨᠧᠷᠭᠢ ᠵᠡᠷᠭᠡ ᠠᠵᠢᠯ ᠲᠥᠷᠥᠯ ᠤᠨ | ᠳᠠᠭᠠᠭᠤᠯᠤᠭᠴᠢ ᠠᠵᠤ ᠠᠬᠤᠶᠢᠯᠠᠯ ᠤᠨ ᠪᠦᠯᠦᠭᠯᠡᠯ ᠢ ᠢᠵᠢ ᠪᠥᠷᠢᠳᠦᠭᠦᠯᠬᠦ ᠶᠢ ᠲᠡᠳᠡᠨ ᠠᠪᠴᠢᠷᠠᠵᠤ᠂ ᠰᠢᠨ᠎ᠡ | ᠮᠠᠶ᠋ᠢᠭ ᠤᠨ ᠳᠡᠭᠡᠳᠦ ᠦᠵᠦᠭᠦᠷ ᠤᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠪᠦᠯᠦᠭᠯᠡᠯ ᠢ ᠪᠣᠶ | ᠪᠣᠯᠭᠠᠨ᠎ᠠ᠃ ᠵᠢᠶᠧ ᠹᠧᠩ ᠹᠠᠨ 113.5 ᠰᠠᠶ᠎ᠠ ᠸᠠᠲ ᠤᠨ ᠲᠠᠷᠠᠬᠠᠶ ᠪᠤᠲᠠᠷᠬᠠᠶ ᠬᠡᠯᠪᠡᠷᠢ ᠶᠢᠨ ᠰᠠᠯᠬᠢᠨ ᠬᠦᠴᠦᠨ ᠤ | ᠴᠠᠬᠢᠯᠭᠠᠨ ᠤ ᠲᠥᠷᠥᠯ ᠵᠦᠢᠯ ᠢ ᠵᠢᠯ ᠤᠨ ᠳᠣᠲᠣᠷ᠎ᠠ ᠪᠦᠬᠦᠨ ᠢ ᠲᠣᠤᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠶᠢ | ᠲᠦᠷᠭᠡᠳᠬᠡᠨ ᠠᠬᠢᠭᠤᠯᠵᠤ᠂ ᠤᠯᠤᠰ ᠤᠨ ᠡᠨᠧᠷᠭᠢ ᠶᠢᠨ ᠠᠮᠢᠳᠤ ᠪᠣᠳᠠᠰ ᠤᠨ ᠮᠠᠰ ᠢᠶᠠᠷ ᠴᠠᠬᠢᠯᠭᠠᠨ ᠭᠠᠷᠭᠠᠬᠤ ᠵᠢᠴᠢ | ᠪᠠᠶᠢᠭᠠᠯᠢ ᠶᠢᠨ ᠰᠢᠲᠠᠮᠠᠬᠠᠶ ᠬᠡᠶ᠂ ᠬᠤᠸᠠ ᠲᠦᠩ ᠠᠮᠢᠳᠤᠷᠠᠯ ᠤᠨ ᠬᠤᠭ ᠨᠣᠪᠰᠢ ᠶᠢ ᠬᠤᠤᠷ ᠦᠭᠡᠶᠢᠳᠡᠭᠦᠯᠦᠨ | ᠰᠢᠲᠠᠭᠠᠵᠤ ᠴᠠᠬᠢᠯᠭᠠᠨ ᠭᠠᠷᠭᠠᠬᠤ ᠲᠥᠷᠥᠯ ᠵᠦᠢᠯ ᠢ ᠪᠠᠶᠢᠭᠤᠯᠤᠨ ᠪᠦᠲᠦᠭᠡᠵᠦ ᠠᠰᠢᠭᠯᠠᠯᠲᠠ ᠳᠤ ᠣᠷᠣᠭᠤᠯᠬᠤ ᠶᠢ | ᠬᠦᠴᠦᠯᠡᠨ ᠠᠬᠢᠭᠤᠯᠵᠤ᠂ ᠡᠨᠧᠷᠭᠢ ᠶᠢᠨ ᠬᠠᠩᠭᠠᠯᠭ᠎ᠠ ᠶᠢᠨ ᠪᠦᠲᠦᠴᠡ ᠶᠢ ᠪᠥᠬᠦ ᠬᠦᠴᠦᠨ ᠢᠶᠠᠷ ᠢᠶᠠᠨ | ᠰᠢᠯᠢᠳᠡᠭᠵᠢᠭᠦᠯᠦᠨ᠎ᠡ᠃ ᠶᠢᠨ ᠴᠢ ᠯᠢᠨ ᠤ ᠣᠲᠣ ᠦᠶ᠎ᠡ ᠶᠢᠨ ᠡᠨᠧᠷᠭᠢ ᠶᠢᠨ ᠰᠤᠳᠤᠯᠤᠨ ᠨᠡᠭᠡᠭᠡᠵᠦ ᠠᠵᠢᠯᠯᠠᠭᠤᠯᠵᠤ | ᠪᠠᠲᠤᠯᠠᠬᠤ ᠲᠥᠪ ᠢ ᠪᠠᠶᠢᠭᠤᠯᠤᠨ ᠠᠵᠢᠯᠯᠠᠭᠤᠯᠬᠤ ᠶᠢ ᠬᠦᠴᠦᠯᠡᠨ ᠠᠬᠢᠭᠤᠯᠵᠤ᠂ ᠥᠪᠥᠷ ᠮᠣᠩᠭᠤᠯ ᠤᠨ ᠵᠡᠭᠦᠨ | ᠬᠡᠰᠡᠭ ᠤᠨ ᠭᠠᠵᠠᠷ ᠣᠷᠣᠨ ᠤ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢ ᠲᠥᠪᠯᠡᠷᠡᠭᠦᠯᠦᠨ ᠬᠢᠨᠠᠨ | ᠡᠵᠡᠮᠳᠡᠬᠦ᠂ ᠲᠥᠪᠯᠡᠷᠡᠭᠦᠯᠦᠨ ᠠᠵᠢᠯᠯᠠᠭᠤᠯᠵᠤ ᠪᠠᠲᠤᠯᠠᠬᠤ ᠲᠠᠪᠴᠠᠩ ᠢ ᠪᠣᠶ ᠪᠣᠯᠭᠠᠨ᠎ᠠ᠃ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠤᠰᠤ ᠬᠠᠩᠭᠠᠬᠤ᠂ ᠢᠯᠴᠢ ᠬᠠᠩᠭᠠᠬᠤ᠂ ᠳᠤᠮᠳᠠᠬᠢ ᠤᠰᠤᠨ ᠤ ᠶᠡᠷᠦᠩᠬᠡᠶᠢᠯᠡᠭᠰᠡᠨ | ᠬᠤᠭᠤᠯᠠᠶ ᠶᠢᠨ ᠲᠣᠤᠷ᠂ ᠡᠩ ᠤᠨ ᠠᠵᠤ ᠦᠢᠯᠡᠳᠪᠦᠷᠢ ᠶᠢᠨ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠲᠠᠯᠠᠪᠠᠶ ᠵᠡᠷᠭᠡ | ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠬᠤᠲᠠ ᠶᠢᠨ ᠵᠡᠭᠦᠨ ᠬᠡᠰᠡᠭ ᠤᠨ | ᠬᠠᠭᠤᠴᠢᠨ ᠠᠵᠤ ᠦᠢᠯᠡᠳᠪᠦᠷᠢ ᠶᠢᠨ ᠲᠣᠭᠤᠷᠢᠭ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠲᠠᠢ | ᠤᠶᠠᠯᠳᠤᠭᠤᠯᠤᠨ᠂ ᠬᠤᠷᠴᠢᠨ ᠤ ᠪᠣᠬᠢᠷᠲᠤᠯ ᠥᠬᠡᠶ ᠢᠳᠡᠭᠡᠨ ᠤ ᠰᠢᠨ᠎ᠡ ᠶᠢ ᠡᠭᠦᠳᠬᠦ ᠠᠵᠤ ᠦᠢᠯᠡᠰ ᠤᠨ | ᠬᠦᠷᠢᠶᠡᠯᠡᠩ ᠢ ᠲᠥᠯᠥᠪᠵᠢᠭᠦᠯᠦᠨ ᠪᠥᠲᠥᠭᠡᠨ ᠪᠠᠶᠢᠭᠤᠯᠵᠤ᠂ ᠤᠯᠤᠰ ᠤᠨ ᠲᠠᠰ ᠤᠨ ᠰᠢᠨ᠎ᠡ ᠬᠠᠭᠤᠴᠢᠨ ᠬᠥᠳᠡᠯᠭᠡᠬᠦ | ᠡᠨᠧᠷᠭᠢ ᠶᠢᠨ ᠰᠣᠯᠢᠭᠳᠠᠯ ᠤᠨ ᠵᠢᠱᠢᠶ᠎ᠡ ᠦᠵᠡᠭᠦᠯᠬᠦ ᠣᠷᠣᠨ᠂ ᠪᠥᠬᠦ ᠤᠯᠤᠰ ᠤᠨ ᠪᠣᠬᠢᠷᠲᠤᠯ ᠥᠬᠡᠶ ᠢᠳᠡᠭᠡᠨ ᠤ | ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠤᠨ᠎ᠠ᠃ | ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠴᠢᠨᠠᠷᠵᠢᠭᠤᠨ ᠳᠡᠭᠡᠭᠰᠢᠯᠡᠬᠦ ᠶᠢ | ᠠᠬᠢᠭᠤᠯᠤᠨ᠎ᠠ᠃ ᠰᠢᠶᠠᠩ ᠶᠠᠩ ᠶᠠᠪᠠᠭᠠᠨ ᠵᠡᠭᠡᠯᠢ ᠶᠢ ᠥᠭᠡᠷᠡᠴᠢᠯᠡᠨ ᠳᠡᠭᠡᠭᠰᠢᠯᠡᠭᠦᠯᠬᠦ ᠶᠢ ᠲᠦᠷᠭᠡᠳᠬᠡᠨ ᠠᠬᠢᠭᠤᠯᠵᠤ᠂ | ᠲᠥᠪ ᠬᠤᠲᠠ ᠶᠢᠨ ᠲᠣᠭᠤᠷᠢᠭ ᠤᠨ ᠰᠡᠯᠡᠭᠦᠴᠡᠯ ᠵᠤᠭ᠎ᠠ ᠴᠡᠩᠭᠡᠯ ᠤᠨ ᠰᠢᠨ᠎ᠡ ᠭᠠᠵᠠᠷ ᠤᠨ ᠲᠡᠮᠳᠡᠭ ᠢ | ᠪᠤᠶᠢᠵᠢᠭᠤᠯᠤᠨ᠎ᠠ᠃ ᠲᠡᠮᠦᠷ ᠵᠠᠮ ᠠᠴᠠ ᠡᠮᠦᠨᠡᠰᠢᠬᠢ ᠳᠡᠭᠡᠳᠦ ᠬᠤᠷᠳᠤᠴᠠᠲᠤ ᠲᠡᠮᠦᠷ ᠵᠠᠮ ᠤᠨ ᠠᠵᠤ ᠠᠬᠤᠶ ᠶᠢᠨ | ᠲᠥᠪᠯᠡᠷᠡᠭᠰᠡᠨ ᠣᠷᠣᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠣᠲᠣ ᠦᠶ᠎ᠡ ᠶᠢᠨ ᠦᠢᠯᠡᠴᠢᠯᠡᠭᠡᠨ ᠤ | ᠦᠢᠯᠡᠰ ᠤᠨ ᠰᠢᠨ᠎ᠡ ᠣᠷᠣᠨ ᠵᠠᠶ ᠶᠢ ᠮᠠᠰᠢᠨ ᠲᠡᠷᠭᠡᠨ ᠤ ᠳᠡᠯᠭᠡᠨ ᠦᠵᠡᠭᠦᠯᠵᠦ ᠠᠷᠠᠯᠵᠢᠶᠠᠯᠠᠬᠤ᠂ ᠦᠨᠡᠯᠡᠨ ᠵᠢᠱᠢᠵᠦ | ᠬᠢᠨᠠᠨ ᠲᠣᠭᠲᠠᠭᠠᠬᠤ᠂ ᠮᠠᠰᠢᠨ ᠲᠡᠷᠭᠡᠨ ᠤ ᠬᠠᠮᠢᠶᠠᠷᠤᠯᠲᠠ ᠶᠢᠨ ᠦᠢᠯᠡᠴᠢᠯᠡᠭᠡ ᠶᠢ ᠨᠢᠭᠡ ᠴᠣᠠᠠᠴᠠᠵᠢᠭᠤᠯᠥᠠᠠᠰᠠᠨ ︽ | ᠨᠢᠭᠡ ᠥᠷᠲᠡᠭᠡᠨ ᠤ ᠮᠠᠶ᠋ᠢᠭ︾ ᠤᠨ ᠦᠢᠯᠡᠴᠢᠯᠡᠭᠡᠨ ᠤ ᠲᠠᠪᠴᠠᠩ ᠢ ᠭᠤᠤᠯᠳᠠᠯᠭ᠎ᠠ ᠲᠠᠢ ᠪᠠᠶᠢᠭᠤᠯᠵᠤ᠂ ᠭᠠᠷ | ᠳᠠᠮᠵᠢᠭᠰᠠᠨ ᠮᠠᠰᠢᠨ ᠲᠡᠷᠭᠡᠨ ᠤ ᠠᠷᠠᠯᠵᠢᠶ᠎ᠠ ᠶᠢ ᠪᠠᠩᠬᠢ ᠶᠢᠨ ᠵᠠᠬ᠎ᠠ ᠳᠡᠯᠭᠡᠭᠦᠷ ᠲᠤ ᠣᠷᠣᠭᠤᠯᠵᠤ᠂ ᠵᠢᠷᠤᠮᠵᠢᠭᠤᠯᠤᠨ | ᠬᠥᠭᠵᠢᠭᠦᠯᠬᠦ ᠶᠢ ᠠᠬᠢᠭᠤᠯᠤᠨ᠎ᠠ᠃ ︽ᠰᠢᠭᠤᠳ ᠨᠡᠪᠲᠡᠷᠡᠭᠦᠯᠬᠦ ᠠᠵᠤ ᠠᠬᠤᠶ︾ ᠶᠢ ᠲᠦᠷᠭᠡᠳᠬᠡᠨ ᠬᠥᠭᠵᠢᠭᠦᠯᠵᠦ᠂ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ ᠳᠤ ᠡᠯᠧᠺᠲᠷᠣᠨ ᠬᠤᠳᠠᠯᠳᠤᠭᠠᠨ ᠤ | ᠰᠢᠭᠤᠳ ᠨᠡᠪᠲᠡᠷᠡᠭᠦᠯᠬᠦ᠂ ᠰᠦᠯᠵᠢᠶᠡᠨ ᠴᠤᠤᠲᠠᠨ ᠨᠡᠪᠴᠢᠭᠦᠯᠬᠦ ᠰᠠᠭᠤᠷᠢᠨ ᠭᠠᠵᠠᠷ ᠢ ᠪᠠᠶᠢᠭᠤᠯᠵᠤ᠂ ᠶᠢᠩ ᠴᠧᠨ | ᠴᠤᠭᠯᠠᠭᠠᠨ ᠤ ᠣᠷᠳᠣᠨ ᠳᠤ ᠲᠦᠰᠢᠭᠯᠡᠨ ᠤᠮᠠᠷᠠᠲᠤ ᠶᠢᠨ ᠲᠣᠭᠠᠴᠢᠯᠠᠭᠰᠠᠨ ᠰᠣᠶᠣᠯ ᠤᠨ ᠠᠵᠤ ᠦᠢᠯᠡᠰ ᠤᠨ | ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ᠃ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭ᠎ᠠ ᠶᠢ ᠶᠡᠭᠡ ᠪᠠᠷ | ᠬᠥᠭᠵᠢᠭᠦᠯᠵᠦ᠂ ᠴᠡᠷᠢᠭ ᠤᠨ ᠠᠰᠢᠭ ᠬᠤᠨᠵᠢᠪᠣᠷᠢ ᠬᠤᠳᠠᠯᠳᠤᠨ ᠠᠪᠬᠤ ᠳᠤ ᠠᠮᠠᠷᠬᠠᠨ᠂ ᠠᠮᠧᠷᠢᠺᠠ ᠨᠣᠭᠤᠭ᠎ᠠ ᠶᠢᠨ | ᠰᠦᠯᠵᠢᠶ᠎ᠡ ᠵᠡᠷᠭᠡ ᠰᠦᠯᠵᠢᠶᠡᠨ ᠤ ᠲᠠᠪᠴᠠᠩ ᠢᠶᠠᠷ ᠳᠠᠮᠵᠢᠭᠤᠯᠤᠨ᠂ ᠲᠠᠷᠢᠶᠠᠯᠠᠩ ᠤᠨ ᠪᠦᠲᠦᠭᠡᠭᠳᠡᠬᠦᠨ ᠤ ᠰᠦᠯᠵᠢᠶᠡᠨ | ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠪᠣᠷᠣᠯᠠᠭᠤᠯᠭ᠎ᠠ ᠶᠢᠨ ᠰᠢᠰᠲ᠋ᠧᠮ ᠤᠨ ᠭᠦᠨᠵᠡᠭᠡᠶ ᠠᠭᠤᠰᠤᠯᠴᠠᠯ ᠢ | ᠪᠡᠶᠡᠯᠡᠭᠦᠯᠬᠦ ᠶᠢ ᠲᠦᠯᠬᠢᠨ ᠠᠬᠢᠭᠤᠯᠤᠨ᠎ᠠ᠃ ᠱᠧᠨ ᠲᠦᠩ ᠪᠠᠷᠠᠭᠠᠨ ᠤ ᠬᠦᠢᠯᠭᠡᠭᠡᠨ ᠤ ︽ᠱᠠᠩᠬᠠᠶ ᠳᠤ ᠨᠡᠪᠲᠡᠷᠡᠬᠦ | ᠡᠭᠦᠯᠡᠨ ᠬᠥᠮᠥᠷᠭᠡ︾ ᠶᠢᠨ ᠬᠠᠪᠤᠷ ᠤᠨ ᠤᠯᠠᠷᠢᠯ ᠤᠨ ᠪᠠᠷᠢᠯᠭ᠎ᠠ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠬᠦᠴᠦᠯᠡᠨ | ᠠᠬᠢᠭᠤᠯᠵᠤ᠂ ᠮᠣᠩᠭᠤᠯ ᠸᠠᠩ ᠡᠮ ᠡᠮᠨᠡᠯᠭᠡ ᠶᠢᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠬᠤᠶᠠᠳᠤᠭᠠᠷ | ᠬᠤᠭᠤᠴᠠᠭᠠᠨ ᠤ ᠳᠡᠭᠡᠷ᠎ᠡ ᠬᠠᠭᠠᠰ ᠵᠢᠯ ᠳᠤ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠵᠤ᠂ ᠣᠯᠠᠨ | ᠬᠡᠯᠪᠡᠷᠢ ᠶᠢᠨ ᠬᠤᠯᠪᠣᠭᠠᠯᠠᠨ ᠲᠡᠭᠡᠭᠡᠪᠦᠷᠢᠯᠡᠬᠦ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠲᠠᠯᠠᠪᠤᠷ ᠭᠠᠵᠠᠷ ᠤᠨ | ᠲᠥᠷᠥᠯ ᠵᠦᠢᠯ ᠢ ᠵᠢᠯ ᠤᠨ ᠳᠣᠲᠣᠷ᠎ᠠ ᠳᠠᠭᠤᠰᠬᠠᠬᠤ ᠶᠢ ᠬᠦᠴᠦᠯᠡᠨ ᠠᠬᠢᠭᠤᠯᠵᠤ᠂ ᠥᠪᠥᠷ ᠮᠣᠩᠭᠤᠯ ᠤᠨ ᠵᠡᠭᠦᠨ | ᠬᠡᠰᠡᠭ ᠤᠨ ᠨᠡᠭᠦᠷᠡᠰᠦᠨ ᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠤᠯᠤᠰ ᠤᠨ 100 ᠲᠦᠮᠡᠨ | ᠲᠣᠨ ᠤ ᠪᠠᠴᠢᠮ ᠪᠠᠶᠢᠳᠠᠯ ᠢ ᠠᠷᠭᠠᠴᠠᠬᠤ ᠨᠡᠭᠦᠷᠡᠰᠦ ᠨᠥᠭᠡᠴᠡᠯᠡᠬᠦ ᠮᠣᠩᠭᠤᠯ ᠸᠠᠩ ᠰᠣᠶᠣᠯ ᠤᠨ ᠵᠢᠭᠤᠯᠴᠢᠯᠠᠯ ᠤᠨ | ᠶᠡᠷᠦᠩᠬᠡᠶᠢᠯᠡᠭᠰᠡᠨ ᠴᠣᠭᠴᠠ᠂ ᠱᠢ ᠶᠤᠸᠠᠨ ᠤ ᠬᠠᠯᠠᠭᠤᠨ ᠷᠠᠰᠢᠶᠠᠨ ᠤ ᠤᠯᠤᠰ ᠤᠨ AAA ᠲᠠᠰ ᠤᠨ ᠦᠵᠡᠮᠵᠢ ᠶᠢᠨ | ᠣᠷᠣᠨ ᠢ ᠴᠢᠷᠮᠠᠶᠢᠨ ᠡᠭᠦᠳᠬᠦ ᠶᠢ ᠬᠦᠴᠦᠯᠡᠨ ᠠᠬᠢᠭᠤᠯᠵᠤ᠂ ᠰᠣᠶᠣᠯ ᠵᠢᠭᠤᠯᠴᠢᠯᠠᠯ᠂ ᠠᠵᠤ ᠦᠢᠯᠡᠳᠪᠦᠷᠢ᠂ | ᠡᠷᠡᠭᠦᠯᠵᠢᠯ ᠰᠤᠪᠢᠯᠠᠯᠲᠠ ᠵᠡᠷᠭᠡ ᠣᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠭᠦᠨᠵᠡᠭᠡᠶ ᠠᠭᠤᠰᠤᠯᠴᠠᠬᠤ ᠶᠢ | ᠠᠬᠢᠭᠤᠯᠤᠨ᠎ᠠ᠃ ᠯᠢᠶᠣᠤ ᠤᠯᠤᠰ ᠤᠨ ᠦᠶ᠎ᠡ ᠶᠢᠨ ︽ᠯᠦᠩ ᠬᠤᠸᠠ ᠵᠧᠤ︾ ᠶᠢᠨ ᠪᠠᠭᠤᠷᠢ ᠶᠢ ᠬᠠᠮᠠᠭᠠᠯᠠᠬᠤ ᠪᠠ | ᠨᠡᠭᠡᠭᠡᠨ ᠬᠥᠭᠵᠢᠭᠦᠯᠬᠦ ᠶᠢ ᠬᠦᠴᠦᠯᠡᠨ ᠠᠬᠢᠭᠤᠯᠵᠤ᠂ ᠮᠤᠷᠤᠶᠢᠨ ᠰᠦᠮ᠎ᠡ ᠶᠢᠨ ᠵᠢᠭᠤᠯᠴᠢᠯᠠᠯ ᠤᠨ ᠣᠷᠣᠨ ᠤ | ᠶᠡᠷᠦᠩᠬᠡᠶᠢᠯᠡᠭᠰᠡᠨ ᠭᠥᠯᠢᠶᠡᠨ ᠠᠪᠬᠤ ᠴᠢᠳᠠᠮᠵᠢ ᠶᠢ ᠲᠡᠭᠦᠯᠳᠡᠷᠵᠢᠭᠦᠯᠦᠨ᠂ ᠮᠤᠷᠤᠶᠢᠨ ᠰᠦᠮ᠎ᠡ ᠶᠢᠨ ᠰᠣᠶᠣᠯ | ᠵᠢᠭᠤᠯᠴᠢᠯᠠᠯ ᠤᠨ ᠨᠠᠷᠠᠲᠤ ᠪᠠᠯᠭᠠᠰᠤ ᠶᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃ | ︵ᠬᠤᠶᠠᠷ︶ ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ᠢ ᠲᠡᠷᠢᠭᠦᠨ ᠳᠤ ᠲᠠᠯᠪᠢᠬᠤ᠂ ᠪᠦᠬᠦ | ᠲᠠᠯ᠎ᠠ ᠪᠠᠷ ᠬᠥᠭᠵᠢᠭᠦᠯᠬᠦ ᠶᠢ ᠪᠠᠷᠢᠮᠲᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠤᠷᠢᠳᠠᠪᠠᠷ | ᠰᠢᠪᠲᠤᠯᠤᠯᠲᠠ ᠬᠢᠬᠦ ᠲᠠᠯ᠎ᠠ ᠪᠠᠷ ᠪᠦᠬᠦ ᠬᠦᠴᠦᠨ ᠢᠶᠠᠷ ᠢᠶᠠᠨ ᠪᠣᠭᠤᠮᠲᠠ ᠰᠢᠪᠲᠤᠯᠬᠤ ᠬᠡᠷᠡᠭᠲᠡᠢ᠃ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠪᠣᠯ ᠬᠥᠳᠡᠭᠡ ᠠᠵᠤ ᠠᠬᠤᠢ ᠬᠥᠳᠡᠭᠡ | ᠲᠣᠰᠬᠤᠨ ᠲᠠᠷᠢᠶᠠᠴᠢᠨ ᠤ ᠠᠵᠢᠯ ᠤᠨ ᠭᠤᠣᠯᠳᠠᠯᠭ᠎ᠠ ᠶᠢᠨ ᠲᠡᠦᠬᠡᠲᠦ ᠴᠢᠨᠠᠷᠲᠠᠢ ᠰᠢᠯᠵᠢᠯᠲᠡ ᠪᠣᠯᠤᠨ᠎ᠠ᠂ ᠡᠷᠬᠡᠪᠰᠢ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ | ᠥᠷᠭᠡᠳᠬᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠦᠷᠦ ᠶᠢᠨ ᠪᠤᠳᠤᠯᠭ᠎ᠠ ᠶᠢᠨ ᠰᠢᠰᠲᠧᠮ | ᠪᠣᠯᠤᠨ ᠠᠵᠢᠯ ᠤᠨ ᠲᠣᠭᠲᠠᠴᠠ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ | ᠵᠣᠯᠭᠠᠭᠤᠯᠵᠤ᠂ ᠲᠣᠭᠲᠠᠭᠤᠨ ᠢᠶᠠᠷ ᠰᠢᠯᠵᠢᠭᠦᠯᠬᠦ ᠶᠢ ᠰᠠᠶᠢᠲᠤᠷ ᠬᠢᠵᠦ᠂ ᠨᠡᠩ ᠶᠡᠭᠡ ᠡᠷᠡᠰ ᠵᠣᠷᠢᠭ᠂ ᠨᠡᠩ ᠪᠣᠳᠠᠲᠠᠢ | ᠠᠷᠭ᠎ᠠ ᠬᠡᠮᠵᠢᠶ᠎ᠡ ᠪᠠᠷ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠪᠦᠬᠦ | ᠬᠦᠴᠦᠨ ᠢᠶᠠᠷ ᠠᠬᠢᠭᠤᠯᠬᠤ ᠪᠤᠯᠤᠨ᠎ᠠ᠃ | ᠬᠥᠳᠡᠭᠡ ᠲᠣᠰᠬᠤᠨ ᠤ ᠠᠵᠤ ᠦᠢᠯᠡᠰ ᠤᠨ ᠰᠢᠨ᠎ᠡ ᠰᠢᠰᠲ᠋ᠧᠮ ᠢ ᠪᠠᠶᠢᠭᠤᠯᠤᠨ᠎ᠠ᠃ ᠲᠤᠬᠠᠶ ᠶᠢᠨ ᠭᠠᠵᠠᠷ | ᠣᠷᠣᠨ ᠤ ᠪᠠᠶᠢᠳᠠᠯ ᠳᠤᠨᠢ ᠳᠣᠭᠢᠷᠠᠭᠤᠯᠤᠨ ᠰᠢᠨ᠎ᠡ ᠰᠣᠷᠭᠤᠭ ᠢᠳᠡᠭᠡᠨ ᠤ ᠡᠷᠳᠡᠨᠢ ᠰᠢᠰᠢ᠂ ᠣᠶ ᠰᠢᠭᠤᠶ ᠡᠮ ᠤᠨ | ᠵᠦᠢᠯ ᠢ ᠠᠯᠠᠭᠯᠠᠨ ᠳᠠᠷᠢᠬᠤ ᠵᠡᠷᠭᠡ ᠤᠨᠴᠠᠯᠢᠭᠳᠤ ᠲᠠᠷᠢᠮᠠᠯ ᠢ ᠬᠥᠭᠵᠢᠭᠦᠯᠦᠨ ᠪᠤᠵᠠᠭᠠᠶᠢᠷᠠᠭᠤᠯᠵᠤ᠂ ᠠᠯᠠᠰᠢᠨ ᠦᠬᠡᠷ᠂ | ᠭᠠᠭ᠋ᠠᠶ ᠲᠡᠵᠢᠭᠡᠨ ᠦᠷᠡᠵᠢᠭᠦᠯᠬᠦ ᠠᠵᠤ ᠦᠢᠯᠡᠰ ᠢ ᠵᠣᠷᠢᠭᠵᠢᠭᠤᠯᠤᠨ ᠬᠥᠲᠥᠯᠦᠨ ᠵᠢᠯᠣᠭᠤᠳᠴᠤ ᠪᠠᠶᠢᠭᠠᠳ ᠨᠠᠷᠢᠯᠢᠭ | ᠭᠦᠨᠵᠡᠭᠡᠶ ᠡᠳ᠋ᠰᠢᠭᠦᠯᠬᠦ ᠴᠢᠭᠯᠡᠯ ᠳᠠᠰᠢ ᠲᠠᠰ ᠳᠡᠪᠰᠢᠭᠦᠯᠦᠨ ᠲᠠᠰ ᠳᠡᠪᠰᠢᠭᠦᠯᠦᠨ᠎ᠡ᠃ ᠹᠧᠩ ᠲᠢᠶᠠᠨ᠂ ᠢᠦᠶ ᠰᠢᠨ᠂ | ᠴᠢᠩ ᠾᠧ ᠵᠡᠷᠭᠡ ᠣᠶᠢᠷ᠎ᠠ ᠲᠡᠭᠦᠷᠭᠡ ᠶᠢᠨ ᠪᠠᠯᠭᠠᠰᠤ ᠶᠢᠨ ᠪᠡᠯᠡᠳᠭᠡᠮᠵᠢᠳᠤ ᠲᠠᠷᠢᠶᠠᠯᠠᠩ ᠤᠨ ᠵᠢᠵᠢᠭ ᠲᠣᠭᠤᠷᠢᠭ ᠤᠨ | ᠬᠡᠪᠴᠢᠶ᠎ᠡ ᠶᠢ ᠥᠷᠭᠡᠳᠬᠡᠵᠦ᠂ ᠣᠶᠤᠨᠴᠢᠯᠠᠭᠰᠠᠨ ︽ᠢᠳᠡᠰᠢᠨ ᠨᠣᠭᠤᠭ᠎ᠠ︾ ᠶᠢ ᠭᠤᠤᠯᠳᠠᠯᠭ᠎ᠠ ᠲᠠᠢ ᠪᠣᠶ ᠪᠣᠯᠭᠠᠵᠤ᠂ | ᠬᠤᠲᠠ ᠬᠥᠳᠡᠭᠡ ᠶᠢᠨ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠢ ᠵᠣᠯᠭᠠᠭᠤᠯᠬᠤ ᠶᠢ ᠪᠥᠬᠦ ᠲᠠᠯ᠎ᠠ ᠪᠠᠷ | ᠴᠢᠩᠭᠠᠳᠬᠠᠨ᠎ᠠ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠬᠥᠮᠥᠷᠭᠡᠯᠡᠨ ᠬᠠᠳᠠᠭᠠᠯᠠᠵᠤ ᠰᠢᠨ᠎ᠡ | ᠰᠣᠷᠭᠤᠭ ᠪᠠᠶᠢᠯᠭᠠᠬᠤ ᠬᠥᠯᠳᠡᠭᠡᠵᠦ ᠬᠡᠯᠬᠢᠶᠡᠵᠢᠭᠦᠯᠬᠦ ᠪᠡᠯᠡᠳᠬᠡᠮᠵᠢ ᠶᠢᠨ ᠲᠥᠷᠥᠯ ᠵᠦᠢᠯ ᠢ ᠡᠬᠢᠯᠡᠭᠦᠯᠦᠨ | ᠬᠡᠷᠡᠭᠵᠢᠭᠦᠯᠵᠦ᠂ ᠬᠥᠯᠳᠡᠭᠡᠵᠦ ᠰᠢᠨ᠎ᠡ ᠰᠣᠷᠭᠤᠭ ᠪᠠᠶᠢᠯᠭᠠᠬᠤ ᠬᠠᠳᠠᠭᠠᠯᠠᠵᠤ ᠲᠡᠭᠡᠭᠡᠪᠦᠷᠢᠯᠡᠬᠦ ᠴᠢᠳᠠᠪᠤᠷᠢ ᠶᠢ ᠪᠥᠬᠦ | ᠲᠠᠯ᠎ᠠ ᠪᠠᠷ ᠳᠡᠭᠡᠭᠰᠢᠯᠡᠭᠦᠯᠦᠨ᠂ ᠰᠢᠨ᠎ᠡ ᠰᠣᠷᠭᠤᠭ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠣᠷᠭᠢᠯ ᠦᠶ᠎ᠡ ᠶᠢ ᠵᠥᠷᠢᠭᠦᠯᠦᠨ ᠪᠣᠷᠣᠯᠠᠭᠤᠯᠬᠤ ᠦᠷ᠎ᠡ ᠠᠰᠢᠭ ᠢ ᠳᠡᠭᠡᠭᠰᠢᠯᠡᠭᠦᠯᠦᠨ᠎ᠡ᠃ ᠠᠵᠤ ᠦᠢᠯᠡᠰ ᠤᠨ | ᠪᠦᠲᠦᠴᠡ ᠶᠢᠨ ᠲᠣᠬᠢᠷᠠᠭᠤᠯᠤᠯᠲᠠ ᠶᠢᠨ ᠰᠣᠳᠣᠨ ᠵᠢᠱᠢᠶ᠎ᠡ ᠦᠵᠡᠭᠦᠯᠬᠦ ᠴᠢᠬ ᠤᠨ ᠪᠠᠭᠲᠠᠭᠠᠮᠵᠢ ᠶᠢ ᠥᠷᠭᠡᠳᠬᠡᠨ | ᠦᠷ᠎ᠡ ᠠᠰᠢᠭ ᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠵᠤ᠂ ᠳᠠᠯᠠᠩ ᠬᠤᠳᠠᠯᠳᠤᠭ᠎ᠠ ᠠᠷᠠᠯᠵᠢᠶ᠎ᠠ ᠶᠢᠨ ᠬᠦᠴᠦᠷᠬᠡᠭ | ᠪᠠᠯᠭᠠᠰᠤ᠂ ᠮᠣᠷᠢᠨ ᠰᠦᠮ᠎ᠡ ᠶᠢᠨ ᠰᠣᠶᠣᠯ ᠵᠢᠭᠤᠯᠴᠢᠯᠠᠯ ᠤᠨ ᠨᠠᠷᠠᠲᠤ ᠪᠠᠯᠭᠠᠰᠤ ᠵᠡᠷᠭᠡ ᠣᠨᠴᠠᠯᠢᠭᠲᠤ ᠰᠢᠶᠠᠩ | ᠪᠠᠯᠭᠠᠰᠤ ᠶᠢ ᠶᠡᠬᠡᠪᠡᠷ ᠬᠥᠭᠵᠢᠭᠦᠯᠦᠨ᠎ᠡ᠃ ᠬᠥᠳᠡᠭᠡ ᠲᠣᠰᠬᠤᠨ ᠤ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ | ᠣᠷᠣᠨ ᠰᠠᠭᠤᠴᠠ᠂ ᠢᠳᠡᠭᠡᠨ ᠤᠮᠳᠠᠭᠠᠨ ᠲᠡᠭᠦᠬᠦ᠂ ᠰᠣᠷᠣᠭᠴᠢ ᠶᠢᠨ ᠶᠡᠷᠦᠩᠬᠡᠶᠢᠯᠡᠭᠰᠡᠨ ᠨᠡᠶᠢᠭᠡᠮ ᠤᠨ ᠦᠢᠯᠡᠳᠦᠯᠭᠡ | ᠵᠡᠷᠭᠡ ᠣᠯᠠᠨ ᠡᠰᠢᠵᠢᠭᠰᠡᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠦᠴᠦᠯᠡᠨ ᠬᠥᠭᠵᠢᠭᠦᠯᠵᠦ᠂ ᠾᠧᠩ ᠳ᠋ᠡ ᠬᠥᠳᠡᠭᠡ | ᠲᠣᠰᠬᠤᠨ ᠤ ᠵᠢᠭᠤᠯᠴᠢᠯᠠᠯ ᠤᠨ ᠶᠡᠷᠦᠩᠬᠡᠶᠢᠯᠡᠭᠰᠡᠨ ᠴᠣᠭᠴᠠ᠂ ᠶᠢᠨ ᠾᠧ ᠸᠠᠨ᠂ ᠶᠦᠨ ᠯᠧᠦ ᠠᠭᠤᠯᠠᠨ ᠲᠣᠰᠬᠤᠨ | ᠵᠡᠷᠭᠡ ᠬᠥᠳᠡᠭᠡ ᠲᠣᠰᠬᠤᠨ ᠤ ᠵᠢᠭᠤᠯᠴᠢᠯᠠᠯ ᠤᠨ ︽ᠺᠠᠷᠲ ᠬᠡᠷᠡᠭᠯᠡᠬᠦ ᠭᠠᠵᠠᠷ︾ ᠢ ᠭᠤᠤᠯᠳᠠᠯᠭ᠎ᠠ ᠲᠠᠢ ᠪᠣᠶ ᠪᠣᠯᠭᠠᠵᠤ᠂ | ᠬᠥᠳᠡᠭᠡ ᠲᠣᠰᠬᠤᠨ ᠤ ᠵᠢᠭᠤᠯᠴᠢᠯᠠᠯ ᠤᠨ ᠠᠵᠤ ᠦᠢᠯᠡᠰ ᠤᠨ ᠶᠠᠰᠤ ᠴᠢᠨᠠᠷ ᠴᠢᠨᠠᠷᠵᠢᠭᠤᠨ ᠬᠥᠭᠵᠢᠬᠦ ᠶᠢ | ᠠᠬᠢᠭᠤᠯᠤᠨ᠎ᠠ᠃ | ᠠᠮᠢ ᠠᠬᠤᠶ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ ᠰᠢᠨ᠎ᠡ ᠭᠡᠷ ᠣᠷᠣᠨ ᠢ ᠪᠠᠶᠢᠭᠤᠯᠤᠨ᠎ᠠ᠃ ᠠᠶᠢᠯ | ᠲᠣᠰᠬᠤᠨ ᠤ ᠨᠣᠭᠤᠭᠠᠷᠠᠭᠤᠯᠤᠯᠲᠠ ᠪᠠ ᠬᠦᠷᠢᠶ᠎ᠡ ᠬᠠᠰᠢᠶ᠎ᠠ ᠶᠢᠨ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠶᠢ | ᠴᠢᠩᠭᠠᠳᠬᠠᠵᠤ᠂ 100 ᠠᠶᠢᠯ ᠲᠣᠰᠬᠤᠨ ᠤ ᠨᠣᠭᠤᠭᠠᠷᠠᠭᠤᠯᠤᠯᠲᠠ ᠶᠢ ᠨᠠᠷᠢᠯᠢᠭ ᠣᠨᠣᠴᠠᠲᠠᠶ ᠪᠠᠷ ᠬᠡᠷᠡᠭᠵᠢᠭᠦᠯᠵᠦ᠂ | ᠬᠤᠷᠴᠢᠨ ᠲᠣᠭᠤᠷᠢᠭ ᠤᠨ ᠤᠷᠭᠤᠮᠠᠯ ᠤᠨ ᠬᠦᠷᠢᠶᠡᠯᠡᠩ᠂ ᠡᠷᠲᠡᠨ ᠤ ᠬᠠᠶᠢᠯᠠᠰᠤ ᠶᠢᠨ ᠬᠦᠷᠢᠶᠡᠯᠡᠩ ᠢ ᠲᠦᠷᠭᠡᠳᠬᠡᠨ | ᠪᠠᠶᠢᠭᠤᠯᠵᠤ᠂ ᠣᠶ ᠰᠢᠭᠤᠶ ᠵᠢᠮᠢᠰ᠂ ᠣᠶ ᠰᠢᠭᠤᠶ ᠡᠮ᠂ ᠣᠶ ᠰᠢᠭᠤᠶ ᠶᠢᠨ ᠬᠦᠷᠢᠶᠡᠯᠡᠩ᠂ ᠣᠶ ᠰᠢᠭᠤᠶ ᠶᠢᠨ | ᠦᠵᠡᠮᠵᠢ ᠶᠢᠨ ᠬᠦᠷᠢᠶᠡᠯᠡᠩ ᠵᠡᠷᠭᠡ ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ ᠠᠬᠢᠭᠤᠯᠤᠨ᠎ᠠ᠃ ᠬᠥᠳᠡᠭᠡ | ᠲᠣᠰᠬᠤᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠬᠤ ᠬᠠᠮᠢᠶᠠᠷᠬᠤ ᠲᠡᠵᠢᠭᠡᠬᠦ ᠲᠡᠭᠡᠭᠡᠪᠦᠷᠢᠯᠡᠬᠦ ᠶᠢ ᠨᠢᠭᠡ | ᠴᠤᠭᠴᠠᠵᠢᠭᠤᠯᠤᠨ ᠬᠥᠭᠵᠢᠭᠦᠯᠬᠦ ᠶᠢ ᠯᠠᠪᠳᠠᠭᠤᠨ ᠪᠠᠲᠤᠲᠠᠶ ᠠᠬᠢᠭᠤᠯᠵᠤ᠂ ᠤᠯᠤᠰ ᠤᠨ ᠲᠠᠰ ᠤᠨ ︽ᠳᠥᠷᠪᠡᠨ | ᠰᠠᠶᠢᠨᠲᠠᠶ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠰᠢᠶᠠᠨ ᠢ ᠴᠢᠷᠮᠠᠶᠢᠨ ᠪᠠᠶᠢᠭᠤᠯᠤᠨ᠎ᠠ᠃ ︽ | ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠶᠢ ᠶᠡᠬᠡᠪᠡᠷ ᠬᠡᠷᠡᠭᠵᠢᠭᠦᠯᠵᠦ᠂ ᠦᠯᠡᠳᠡᠭᠰᠡᠨ 6 ᠲᠦᠮᠡᠨ ᠲᠡᠭᠰᠢ | ᠳᠥᠷᠪᠡᠯᠵᠢᠨ ᠮᠧᠲᠷ ᠤᠨ ᠥᠭᠡᠷᠡᠴᠢᠯᠡᠨ ᠵᠠᠰᠠᠬᠤ ᠢᠨᠵᠧᠨᠧᠷᠢᠩ ᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠪᠡ᠃ | ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ | ᠳᠡᠭᠡᠭᠰᠢᠯᠡᠭᠦᠯᠬᠦ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠭᠠᠴᠠᠭ᠎ᠠ ᠲᠣᠰᠬᠤᠨ ᠤ ᠬᠤᠭ ᠨᠣᠪᠰᠢ ᠶᠢ ᠲᠥᠷᠥᠯ | ᠬᠤᠪᠢᠶᠠᠨ ᠬᠤᠤᠷ ᠥᠬᠡᠶ ᠪᠣᠯᠭᠠᠨ ᠰᠢᠶ᠋ᠳᠪᠦᠷᠢᠯᠡᠬᠦ ᠴᠢᠳᠠᠪᠤᠷᠢ ᠶᠢ ᠲᠣᠭᠲᠠᠭᠤᠨ ᠢᠶᠠᠷ ᠳᠡᠭᠡᠭᠰᠢᠯᠡᠭᠦᠯᠦᠨ᠂ ︽ | ᠵᠣᠷᠯᠣᠩ ᠤᠨ ᠬᠤᠪᠢᠰᠬᠠᠯ︾ ᠤᠨ ᠦᠷ᠎ᠡ ᠪᠦᠲᠦᠭᠡᠯ ᠢ ᠣᠷᠳᠣ ᠬᠤᠭᠤᠴᠠᠭ᠎ᠠ ᠪᠠᠷ ᠪᠠᠬᠢᠵᠢᠭᠦᠯᠵᠦ᠂ ᠠᠮᠢ ᠠᠬᠤᠶ ᠶᠢᠨ | ᠣᠷᠣᠰᠢᠨ ᠰᠠᠭᠤᠬᠤ ᠳᠤ ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠬᠦ | ᠬᠦᠴᠦᠨ ᠢᠶᠠᠷ ᠢᠶᠠᠨ ᠪᠥᠲᠥᠭᠡᠨ ᠪᠠᠶᠢᠭᠤᠯᠤᠨ᠎ᠠ᠃ | ᠬᠥᠳᠡᠭᠡ ᠲᠣᠰᠬᠤᠨ ᠤ ᠰᠤᠷᠲᠠᠯ ᠪᠣᠯᠪᠠᠰᠤᠨ ᠤ ᠰᠢᠨ᠎ᠡ ᠬᠡᠪ ᠰᠤᠷᠲᠠᠯ ᠢ ᠬᠦᠳᠦᠯᠦᠨ ᠳᠠᠭᠠᠭᠤᠯᠤᠨ᠎ᠠ᠃ | ᠪᠣᠯᠪᠠᠰᠤᠨ ᠲᠣᠰᠬᠤᠨ ᠪᠠᠯᠭᠠᠰᠤ᠂ ᠣᠳᠣᠨ ᠲᠠᠰ ᠤᠨ ᠪᠣᠯᠪᠠᠰᠤᠨ ᠡᠷᠦᠬᠡ᠂ ᠪᠣᠯᠪᠠᠰᠤᠨ ᠬᠡᠷ ᠪᠦᠯᠢ ᠵᠡᠷᠭᠡ ᠣᠯᠠᠨ | ᠲᠦᠮᠡᠨᠴᠢ ᠴᠢᠨᠠᠷᠲᠠᠶ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ | ᠬᠥᠳᠡᠭᠡ ᠲᠣᠰᠬᠤᠨ ᠤ ᠨᠡᠶᠢᠭᠡᠮ ᠤᠨ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠡᠶ᠎ᠡ ᠵᠣᠬᠢᠴᠠᠯ ᠲᠠᠢ ᠡᠮᠬᠢ | ᠵᠢᠷᠤᠮ ᠲᠠᠢ ᠪᠠᠶᠢᠬᠤ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠶᠣᠰᠣ ᠮᠣᠷᠠᠯ ᠢᠶᠠᠷ | ᠵᠠᠰᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠲᠣᠰᠬᠤᠨ ᠤ ᠲᠦᠷᠢᠮ ᠠᠷᠠᠳ ᠤᠨ ᠭᠡᠷ᠎ᠡ ᠶᠢ ᠪᠦᠷᠢᠨᠰᠢᠬᠦᠯᠦᠨ | ᠲᠡᠭᠦᠯᠳᠡᠷᠵᠢᠭᠦᠯᠵᠦ᠂ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠵᠠᠩ ᠳᠠᠳᠬᠠᠯ ᠢ ᠨᠢ | ᠥᠭᠡᠷᠡᠴᠢᠯᠡᠭᠦᠯᠵᠦ᠂ ᠰᠢᠨ᠎ᠡ ᠬᠡᠪ ᠰᠤᠷᠲᠠᠯ ᠢ ᠪᠤᠢ ᠪᠣᠯᠭᠠᠨ᠎ᠠ᠃ ᠤᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡᠨ ᠤ ᠰᠢᠰᠲ᠋ᠧᠮ ᠢ ᠪᠠᠷᠢᠮᠵᠢᠶᠠᠵᠢᠭᠤᠯᠬᠤ᠂ ᠠᠳᠠᠯᠢ ᠲᠡᠭᠰᠢ ᠪᠣᠯᠭᠠᠬᠤ᠂ ᠵᠢᠷᠤᠮᠵᠢᠭᠤᠯᠬᠤ | ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠤᠨ ᠤᠯᠠᠨ | ᠶᠠᠩᠵᠤᠲᠤ ᠴᠢᠨᠠᠷ ᠤᠨ ᠬᠡᠷᠡᠭᠴᠡᠭᠡ ᠶᠢ ᠬᠠᠩᠭᠠᠨ᠎ᠠ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠶᠢ ᠪᠥᠬᠦ | ᠲᠠᠯ᠎ᠠ ᠪᠠᠷ ᠴᠢᠩᠭᠠᠳᠬᠠᠵᠤ᠂ ︽ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ︽ᠠᠯᠲᠠᠨ ᠨᠠᠮᠤᠷ ᠤᠨ | ᠲᠡᠭᠦᠬᠦ ᠪᠠᠶᠠᠷ︾ ᠵᠡᠷᠭᠡ ᠬᠥᠳᠡᠭᠡ ᠲᠣᠰᠬᠤᠨ ᠤ ᠣᠨᠴᠠᠯᠢᠭ ᠲᠠᠢ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ | ᠬᠥᠳᠡᠭᠡ ᠲᠣᠰᠬᠤᠨ ᠤ ᠲᠠᠷᠢᠶᠠᠴᠢᠳ ᠤᠨ ᠰᠢᠨ᠎ᠡ ᠳᠦᠷᠰᠦ ᠪᠠᠶᠢᠳᠠᠯ ᠢ ᠪᠥᠬᠦ ᠲᠠᠯ᠎ᠠ ᠪᠠᠷ ᠢᠯᠡᠷᠡᠭᠦᠯᠬᠦ ᠪᠤᠯᠤᠨ᠎ᠠ᠃ | ᠴᠢᠳᠠᠪᠤᠷᠢᠲᠠᠨ ᠢ ᠬᠥᠲᠥᠯᠥᠨ ᠬᠥᠮᠦᠵᠢᠭᠦᠯᠬᠦ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠰᠢᠨ᠎ᠡ | ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠨ ᠢ ᠬᠥᠮᠦᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠬᠥᠳᠡᠭᠡ | ᠲᠣᠰᠬᠤᠨ ᠤ ᠬᠡᠷᠡᠭᠯᠡᠭᠡᠨ ᠤ ᠴᠢᠳᠠᠪᠤᠷᠢᠲᠠᠨ ᠢ ᠬᠥᠮᠦᠵᠢᠭᠦᠯᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ | ᠨᠤᠲᠤᠭ ᠤᠨ ᠴᠢᠳᠠᠪᠤᠷᠢᠲᠠᠨ ᠤ ᠨᠡᠶᠢᠲᠡᠯᠢᠭ ᠵᠢᠱᠢᠶ᠎ᠡ ᠶᠢ ᠬᠥᠮᠦᠵᠢᠭᠦᠯᠬᠦ ᠲᠤᠷᠰᠢᠯᠲᠠ ᠶᠢᠨ ᠴᠡᠭ ᠢ ᠪᠠᠶᠢᠭᠤᠯᠵᠤ᠂ | 100 ᠨᠡᠷᠡᠰ ᠲᠠᠷᠢᠶᠠᠯᠠᠩ ᠤᠨ ᠮᠡᠷᠭᠡᠵᠢᠯ ᠤᠨ ᠭᠤᠣᠯᠯᠠᠭᠴᠢ ᠬᠦᠴᠦᠨ ᠢ ᠰᠣᠩᠭᠤᠨ ᠤᠷᠢᠵᠤ᠂ ᠰᠢᠨᠵᠢᠯᠡᠬᠦ ᠤᠬᠠᠭᠠᠨ | ᠮᠡᠷᠭᠡᠵᠢᠯ ᠤᠨ ᠨᠡᠶᠢᠲᠡᠯᠢᠭ ᠵᠢᠱᠢᠶ᠎ᠡ ᠦᠵᠡᠭᠦᠯᠬᠦ ᠡᠷᠦᠭᠡ ᠶᠢ 300 ᠳᠠᠭᠠᠭᠠᠴᠢᠯᠠᠨ ᠬᠤᠯᠪᠣᠵᠤ᠂ 3.3 ᠲᠦᠮᠡᠨ | ᠡᠷᠦᠭᠡ ᠶᠢᠨ ᠲᠠᠷᠢᠶᠠᠴᠢᠳ ᠢ ᠨᠥᠯᠥᠭᠡᠯᠡᠨ ᠲᠠᠶᠢᠴᠢᠯᠠᠪᠠ᠃ ᠶᠡᠭᠡ ᠳᠡᠭᠡᠳᠦ ᠰᠤᠷᠭᠠᠭᠤᠯᠢ ᠪᠠ ᠣᠷᠣᠨ ᠨᠤᠲᠤᠭ᠂ | ᠬᠦᠷᠢᠶᠡᠯᠡᠩ ᠪᠠ ᠣᠷᠣᠨ ᠨᠤᠲᠤᠭ ᠤᠨ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠷᠳᠡᠨᠢ | ᠰᠢᠰᠢ ᠶᠢᠨ ᠥᠨᠳᠥᠷ ᠤᠨᠠᠯᠲᠠ ᠶᠢ ᠡᠭᠦᠳᠦᠨ ᠪᠠᠶᠢᠭᠤᠯᠬᠤ᠂ ᠲᠠᠷᠢᠶᠠᠯᠠᠩ ᠤᠨ ᠮᠡᠳᠡᠭᠡ ᠵᠠᠩᠭᠢᠵᠢᠯᠲᠠ ᠶᠢᠨ | ᠲᠠᠪᠴᠠᠩ ᠤᠨ ᠪᠠᠶᠢᠭᠤᠯᠤᠯᠲᠠ᠂ ᠲᠠᠷᠢᠶᠠᠯᠠᠩ ᠤᠨ ᠮᠠᠰᠢᠨ ᠪᠠ ᠪᠣᠳᠠᠰᠯᠢᠭ ᠬᠤᠯᠪᠣᠭᠠᠲᠤ ᠰᠦᠯᠵᠢᠶ᠎ᠡ ᠵᠡᠷᠭᠡ ᠲᠥᠷᠥᠯ | ᠵᠦᠶ᠋ᠯ ᠤᠨ ᠰᠡᠳᠦᠪ ᠢ ᠢᠳᠡᠪᠬᠢᠲᠡᠶ ᠪᠠᠷ ᠳᠥᠯᠭᠢᠨ ᠠᠬᠢᠭᠤᠯᠵᠤ᠂ ᠤᠰᠤ ᠪᠣᠷᠳᠣᠭᠤᠷ ᠢ ᠨᠢᠭᠡ ᠴᠤᠭᠴᠠᠵᠢᠭᠤᠯᠬᠤ᠂ | ᠦᠷ᠎ᠡ ᠶᠢᠨ ᠮᠥᠬᠦᠯᠢᠭ ᠢ ᠮᠠᠰᠢᠨ ᠢᠶᠠᠷ ᠬᠤᠷᠢᠶᠠᠬᠤ ᠵᠡᠷᠭᠡ ᠲᠠᠷᠢᠮᠠᠯ ᠤᠨ ᠮᠡᠷᠭᠡᠵᠢᠯ ᠤᠨ ᠲᠠᠰ ᠳᠡᠪᠰᠢᠬᠦ ᠶᠢ | ᠲᠦᠷᠭᠡᠳᠬᠡᠵᠦ᠂ ᠲᠠᠷᠢᠶᠠᠯᠠᠩ ᠤᠨ ᠮᠡᠷᠭᠡᠵᠢᠯ ᠪᠠ ᠲᠠᠷᠢᠶᠠᠯᠠᠩ ᠤᠨ ᠮᠡᠷᠭᠡᠵᠢᠯ ᠤᠨ ᠬᠡᠷᠡᠭᠯᠡᠭᠡᠨ ᠤ ᠬᠢᠷᠢ ᠬᠡᠮᠵᠢᠶ᠎ᠡ ᠶᠢ | ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠲᠥᠷᠥ ᠶᠢᠨ ᠪᠣᠳᠣᠯᠭ᠎ᠠ᠂ ᠪᠠᠯᠠ ᠮᠥᠩᠭᠦ ᠶᠢᠨ ᠬᠡᠯᠪᠠᠶᠢᠯᠲᠡ ᠶᠢᠨ ᠡᠷᠴᠢᠮ ᠢ | ᠲᠠᠰᠤᠷᠠᠯᠲᠠ ᠥᠬᠡᠶ ᠴᠢᠩᠭᠠᠷᠠᠭᠤᠯᠵᠤ᠂ ᠳᠡᠭᠡᠳᠦ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠬᠥᠮᠦᠵᠢᠭᠦᠯᠬᠦ | ᠭᠤᠤᠯᠳᠠᠯᠭ᠎ᠠ ᠲᠠᠢ ᠢᠨᠵᠧᠨᠧᠷᠢᠩ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠯ᠎ᠡ ᠲᠥᠷᠥᠯ ᠤᠨ | ᠴᠢᠳᠠᠪᠤᠷᠢᠲᠠᠨ ᠤ ᠬᠥᠳᠡᠭᠡ ᠲᠣᠰᠬᠤᠨ ᠤ ᠬᠥᠭᠵᠢᠯᠲᠡ ᠳᠤ ᠣᠷᠣᠯᠴᠠᠬᠤ ᠶᠢ ᠵᠣᠷᠢᠭᠵᠢᠭᠤᠯᠤᠨ ᠬᠥᠲᠥᠯᠦᠨ | ᠵᠢᠯᠣᠭᠤᠳᠴᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠤ ᠰᠠᠭᠤᠷᠢ ᠶᠢ ᠪᠠᠳᠤᠳᠬᠠᠨ᠎ᠠ | ᠃ | ᠵᠣᠬᠢᠶᠠᠨ ᠪᠠᠶᠢᠭᠤᠯᠤᠯᠲᠠ ᠪᠠᠷ ᠬᠥᠲᠥᠯᠦᠨ ᠳᠠᠭᠠᠭᠤᠯᠬᠤ ᠰᠢᠨ᠎ᠡ ᠬᠡᠪ ᠳᠠᠭᠤᠷᠢᠶᠠᠯ ᠢ ᠴᠢᠷᠮᠠᠶᠢᠨ ᠡᠭᠦᠳᠬᠦ | ᠬᠡᠷᠡᠭᠲᠡᠶ᠃ ᠨᠠᠮ ᠤᠨ ᠪᠠᠶᠢᠭᠤᠯᠤᠯᠲᠠ ᠪᠠᠷ ᠠᠵᠤ ᠦᠢᠯᠡᠰ ᠤᠨ ᠬᠥᠭᠵᠢᠯᠲᠡ ᠶᠢ ᠬᠥᠲᠥᠯᠦᠨ ᠳᠠᠭᠠᠭᠤᠯᠬᠤ ᠶᠢ | ᠢᠳᠡᠪᠬᠢᠲᠡᠶ ᠠᠬᠢᠭᠤᠯᠵᠤ᠂ ᠭᠠᠴᠠᠭ᠎ᠠ ᠲᠣᠰᠬᠤᠨ ᠤ ᠨᠠᠮ ᠤᠨ ᠡᠭᠦᠷ ᠤᠨ 100 ᠰᠢᠯᠢᠳᠡᠭ ᠱᠦᠵᠢ ᠶᠢ | ᠬᠥᠮᠦᠵᠢᠭᠦᠯᠦᠨ᠂ ᠭᠠᠴᠠᠭ᠎ᠠ ᠲᠣᠰᠬᠤᠨ ᠤ ᠺᠠᠳ᠋ᠷᠴᠤᠳ ᠤᠨ ᠣᠯᠭᠤᠮᠵᠢ ᠶᠢ ᠭᠠᠴᠠᠭᠠᠨ ᠤ ᠬᠠᠮᠲᠤ ᠶᠢᠨ ᠠᠵᠤ | ᠠᠬᠤᠶ ᠶᠢᠨ ᠬᠥᠭᠵᠢᠯᠲᠡ ᠯᠦᠭᠡ ᠬᠤᠯᠪᠣᠭᠳᠠᠭᠤᠯᠵᠤ᠂ ᠬᠥᠳᠡᠭᠡ ᠲᠣᠰᠬᠤᠨ ᠤ ᠨᠠᠮ ᠤᠨ ᠭᠡᠰᠢᠭᠦᠨ ᠺᠠᠳ᠋ᠷᠴᠤᠳ ᠤᠨ | ᠠᠵᠢᠯ ᠬᠢᠵᠦ ᠠᠳᠠᠯ ᠦᠶ᠋ᠯᠡᠰ ᠴᠣᠭᠴᠠᠯᠠᠬᠤ᠂ ᠬᠥᠭᠵᠢᠯᠲᠡ ᠶᠢ ᠠᠬᠢᠭᠤᠯᠬᠤ ᠢᠳᠡᠪᠬᠢᠵᠢᠯ ᠪᠠ ᠰᠠᠨᠠᠭᠠᠴᠢᠯᠠᠭᠠᠲᠤ | ᠴᠢᠨᠠᠷ ᠢ ᠬᠥᠭᠵᠢᠭᠡᠨ᠎ᠡ᠃ ᠴᠢᠨᠡᠭᠡᠯᠢᠭᠵᠢᠯ ᠤᠨ ᠴᠢᠳᠠᠪᠤᠷᠢ ᠪᠠᠷ ᠴᠢᠩᠭ᠎ᠠ 1000 ᠨᠠᠮ ᠤᠨ ᠭᠡᠰᠢᠭᠦᠨ ᠢ ᠶᠡᠬᠡᠪᠡᠷ | ᠬᠥᠮᠦᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠᠬᠢ ᠨᠠᠮ ᠤᠨ ᠭᠡᠰᠢᠭᠦᠨ ᠤ | ᠲᠦᠷᠦᠭᠦᠯᠡᠨ ᠵᠢᠱᠢ᠊ ᠡᠶ᠎ᠡ ᠦᠵᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠲᠣᠰᠬᠤᠨ ᠤ ᠱᠠᠲᠤᠨ ᠤ | ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠳᠣᠲᠣᠭᠠᠳᠤ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠎ᠡ᠃ | ᠲᠣᠰᠬᠤᠨ ᠤ ᠬᠠᠮᠲᠤ ᠶᠢᠨ ᠲᠣᠰᠬᠤᠨ ᠠᠴᠠ ᠡᠷᠭᠢᠯᠡᠭᠰᠡᠨ ᠠᠵᠤ ᠠᠬᠤᠶᠢᠯᠠᠯ ᠢ ᠵᠣᠬᠢᠶᠠᠨ ᠪᠠᠶᠢᠭᠤᠯᠬᠤ ᠶᠢ | ᠵᠣᠷᠢᠭᠵᠢᠭᠤᠯᠤᠨ ᠳᠡᠮᠵᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠶ᠋ᠯᠡᠰ ᠤᠨ ᠬᠤᠪᠢ ᠣᠷᠣᠭᠤᠯᠤᠨ | ᠠᠰᠢᠭ ᠬᠤᠪᠢᠶᠠᠬᠤ᠂ ᠰᠢᠨ ᠬᠤᠤ ᠲᠠᠷᠢᠶᠠᠯᠠᠩ ᠮᠠᠯ ᠠᠵᠤ ᠠᠬᠤᠶ ᠶᠢ ᠨᠠᠶᠢᠳᠠᠨ ᠲᠡᠵᠢᠭᠡᠨ ᠦᠷᠡᠵᠢᠭᠦᠯᠬᠦ ᠵᠡᠷᠭᠡ | ᠬᠠᠮᠲᠤᠷᠠᠯᠴᠠᠭᠠᠨ ᠤ ᠵᠠᠭᠪᠤᠷ ᠢ ᠪᠠᠬᠢᠵᠢᠭᠦᠯᠦᠨ ᠴᠢᠩᠭᠠᠷᠠᠭᠤᠯᠵᠤ᠂ ᠭᠠᠴᠠᠭ᠎ᠠ ᠲᠣᠰᠬᠤᠨ ᠤ ᠬᠠᠮᠲᠤ ᠶᠢᠨ ᠠᠵᠤ | ᠠᠬᠤᠶ ᠶᠢᠨ ᠣᠯᠠᠨ ᠡᠰᠢᠵᠢᠭᠰᠡᠨ ᠬᠥᠭᠵᠢᠯᠲᠡ ᠶᠢ ᠪᠡᠶᠡᠯᠡᠭᠦᠯᠦᠨ᠎ᠡ᠃ | ︵ᠭᠤᠷᠪᠠ︶ ᠦᠷᠭᠦᠯᠵᠢᠯᠡᠨ ᠬᠦᠴᠦᠯᠡᠵᠦ᠂ ᠨᠠᠷᠢᠯᠢᠭ ᠣᠨᠣᠴᠠᠲᠠᠶ ᠪᠠᠷ ᠬᠦᠴᠦᠯᠡᠬᠦ ᠶᠢ ᠪᠠᠷᠢᠮᠲᠠᠯᠠᠨ᠂ | ᠣᠳᠣᠬᠢᠴᠢᠯᠠᠭᠰᠠᠨ ᠣᠷᠣᠨ ᠪᠦᠰᠡ ᠶᠢᠨ ᠴᠢᠨᠠᠷᠲᠠᠶ ᠲᠥᠪ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ | ᠪᠥᠬᠦ ᠬᠦᠴᠦᠨ ᠢᠶᠠᠷ ᠢᠶᠠᠨ ᠪᠡᠷᠬᠡ ᠰᠡᠳᠦᠪ ᠢ ᠰᠢᠢᠳᠪᠦᠷᠢᠯᠡᠨ᠎ᠡ᠃ ᠣᠳᠣᠬᠢᠴᠢᠯᠠᠭᠰᠠᠨ ᠣᠷᠣᠨ ᠪᠦᠰᠡ ᠶᠢᠨ ᠴᠢᠨᠠᠷᠲᠠᠶ | ᠲᠥᠪ ᠬᠤᠲᠠ ᠶᠢᠨ ᠭᠤᠤᠯ ᠲᠣᠭᠤᠷᠢᠭ ᠤᠨ ᠬᠥᠭᠵᠢᠯᠲᠡ ᠶᠢᠨ ᠵᠢᠷᠤᠭ ᠲᠥᠯᠥᠪᠯᠡᠭᠡ ᠶᠢᠨ ᠲᠣᠭᠤᠷᠢᠨ ᠳᠤ᠂ | ᠬᠤᠲᠠ ᠶᠢᠨ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ | ᠲᠣᠤᠷᠵᠢᠭᠤᠯᠤᠭᠰᠠᠨ ᠬᠤᠲᠠ ᠶᠢᠨ ᠬᠠᠮᠢᠶᠠᠷᠤᠯᠲᠠ ᠶᠢ ᠬᠦᠴᠦᠯᠡᠨ ᠠᠬᠢᠭᠤᠯᠵᠤ᠂ ᠣᠷᠴᠢᠨ ᠲᠣᠭᠤᠷᠢᠨ ᠤ ᠠᠷᠢᠭᠤᠨ | ᠴᠡᠪᠡᠷ᠂ ᠲᠤᠰᠬᠠᠶᠢᠵᠢᠭᠰᠠᠨ ᠠᠳᠠᠯ ᠠᠬᠤᠶ ᠶᠢ ᠨᠠᠷᠢᠯᠢᠬᠵᠢᠭᠤᠯᠤᠨ᠂ ᠳᠦᠷᠢ ᠲᠥᠷᠬᠦ ᠶᠢ ᠪᠣᠶ ᠪᠣᠯᠭᠠᠵᠤ᠂ ᠶᠠᠰᠤ | ᠴᠢᠨᠠᠷ ᠢ ᠳᠡᠭᠡᠭᠰᠢᠯᠡᠭᠦᠯᠦᠨ᠂ ᠬᠦᠴᠦᠨ ᠴᠢᠳᠠᠯ ᠢ ᠲᠥᠪᠯᠡᠷᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ | ᠬᠤᠳᠠ ᠶᠢᠨ ᠨᠡᠭᠡᠭᠡᠨ ᠬᠥᠭᠵᠢᠭᠦᠯᠦᠯᠲᠡ ᠶᠢ ᠴᠢᠨᠠᠷ ᠰᠠᠶᠢᠲᠠᠶ ᠠᠳᠬᠤᠨ᠎ᠠ᠃ ᠬᠤᠳᠠ ᠶᠢᠨ ᠵᠡᠭᠦᠨ ᠬᠡᠰᠡᠭ ᠤᠨ | ᠬᠠᠭᠤᠴᠢᠨ ᠠᠵᠤ ᠦᠢᠯᠡᠳᠪᠦᠷᠢ ᠶᠢᠨ ᠲᠣᠭᠤᠷᠢᠭ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢᠨ | ᠲᠣᠭᠤᠷᠢᠨ ᠳᠤ᠂ ᠰᠢᠨ᠎ᠡ ᠡᠷᠢᠨ ᠵᠠᠭᠤᠨ ᠤ ᠲᠤᠮᠤ ᠬᠥᠭᠦᠷᠭᠡ᠂ ᠬᠤᠳᠠ ᠶᠢᠨ ᠵᠡᠭᠦᠨ ᠬᠡᠰᠡᠭ ᠤᠨ ᠭᠠᠳᠠᠭᠠᠳᠤ | ᠭᠠᠷᠭᠠᠯᠲᠠ ᠵᠡᠷᠭᠡ ᠪᠣᠰᠤᠭ᠎ᠠ ᠴᠣᠭᠴᠠᠲᠤ ᠬᠠᠷᠢᠯᠴᠠᠨ ᠨᠡᠪᠲᠡᠷᠡᠯᠴᠡᠬᠦ ᠵᠠᠮ ᠬᠠᠷᠢᠯᠴᠠᠭᠠᠨ ᠤ ᠡᠬᠢ ᠪᠠᠶᠠᠯᠢᠭ ᠢ | ᠭᠦᠢᠴᠡᠳ ᠠᠰᠢᠭᠯᠠᠵᠤ᠂ ᠬᠤᠳᠠ ᠶᠢᠨ ᠵᠡᠭᠦᠨ ᠬᠡᠰᠡᠭ ᠤᠨ ᠬᠤᠳᠠᠯᠳᠤᠭ᠎ᠠ ᠣᠷᠣᠨ ᠰᠠᠭᠤᠴᠠ ᠲᠥᠪᠯᠡᠷᠡᠭᠰᠡᠨ ᠣᠷᠣᠨ | ᠪᠦᠰᠡ ᠶᠢ ᠨᠡᠭᠡᠭᠡᠨ ᠬᠥᠭᠵᠢᠭᠦᠯᠵᠦ ᠥᠭᠡᠷᠡᠴᠢᠯᠡᠨ ᠪᠠᠶᠢᠭᠤᠯᠬᠤ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ | ᠂ ᠴᠧᠩ ᠳ᠋ᠡ ᠯᠦᠩ ᠲᠢᠩ ᠤᠯᠠᠨ ᠤᠯᠤᠰ ᠤᠨ D ᠲᠣᠭᠤᠷᠢᠭ᠂ ᠲᠠᠪᠤᠨ ᠲᠢᠪ ᠤᠨ ᠤᠯᠠᠨ ᠤᠯᠤᠰ ᠤᠨ | ᠬᠤᠳᠠᠯᠳᠤᠭ᠎ᠠ ᠠᠷᠠᠯᠵᠢᠶᠠᠨ ᠤ ᠬᠤᠳᠠ ᠵᠡᠷᠭᠡ ᠭᠤᠣᠯᠳᠠᠯᠭ᠎ᠠ ᠲᠠᠢ ᠢᠨᠵᠧᠨᠧᠷᠢᠩ ᠢ ᠲᠦᠷᠭᠡᠪᠴᠢᠯᠡᠨ ᠠᠬᠢᠭᠤᠯᠤᠨ᠎ᠠ᠃ | ᠲᠡᠮᠤᠷ ᠵᠠᠮ ᠤᠨ ᠡᠮᠦᠨ᠎ᠡ ᠬᠡᠰᠡᠭ ᠤᠨ ᠣᠷᠣᠨ ᠪᠦᠰᠡ ᠶᠢ ᠨᠡᠭᠡᠭᠡᠨ ᠬᠥᠭᠵᠢᠭᠦᠯᠬᠦ ᠲᠥᠯᠥᠪᠵᠢᠭᠦᠯᠭᠡ ᠶᠢ ᠡᠬᠢᠯᠡᠭᠦᠯᠵᠦ᠂ | ᠲᠦᠬᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠨ ᠰᠠᠶᠢᠵᠢᠷᠠᠭᠤᠯᠬᠤ᠂ ᠸᠠᠨ ᠬᠤᠸᠠ ᠰᠢᠩ ᠹᠦ᠋ ᠯᠢ ᠵᠡᠷᠭᠡ | ᠭᠤᠣᠯ ᠴᠣᠭᠴᠠ ᠶᠢᠨ ᠵᠦᠢᠯᠡᠰ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠤᠢ ᠰᠢᠭᠤᠶ ᠶᠢᠨ ᠴᠡᠴᠡᠷᠯᠢᠭ ᠵᠡᠷᠭᠡ | ᠪᠣᠬᠢᠷᠲᠤᠯ ᠦᠭᠡᠢ ᠠᠮᠢ ᠠᠬᠤᠶ ᠶᠢᠨ ᠡᠬᠢ ᠪᠠᠶᠠᠯᠢᠭ᠂ ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ ᠤᠳᠤ | ᠦᠶ᠎ᠡ ᠶᠢᠨ ᠦᠢᠯᠡᠴᠢᠯᠡᠭᠡᠨ ᠤ ᠦᠢᠯᠡᠰ ᠤᠨ ᠡᠯᠧᠮᠧᠨ᠋ᠲ ᠢ ᠡᠮᠬᠢᠯᠡᠨ ᠨᠡᠶᠢᠯᠡᠭᠦᠯᠵᠦ᠂ ᠳᠡᠭᠡᠳᠦ ᠬᠤᠷᠳᠤᠴᠠᠲᠤ ᠲᠡᠮᠤᠷ | ᠵᠠᠮ ᠤᠨ ᠠᠵᠤ ᠠᠬᠤᠶ᠂ ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ᠂ ᠬᠤᠷᠠᠯ ᠦᠵᠡᠰᠬᠦᠯᠡᠩ ᠤᠨ ᠠᠵᠤ ᠠᠬᠤᠶ | ᠵᠡᠷᠭᠡ ᠰᠢᠨ᠎ᠡ ᠪᠠᠷ ᠬᠥᠭᠵᠢᠭᠰᠡᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠠᠭᠤᠰᠤᠯᠴᠠᠭᠤᠯᠤᠭᠰᠠᠨ ᠬᠤᠳᠠ ᠶᠢᠨ ᠠᠵᠤ | ᠠᠬᠤᠶ ᠶᠢᠨ ᠰᠢᠨ᠎ᠡ ᠬᠡᠰᠡᠭ ᠲᠣᠭᠤᠷᠢᠭ ᠢ ᠠᠯᠬᠤᠮ ᠠᠯᠬᠤᠮ ᠢᠶᠠᠷ ᠪᠠᠶᠢᠭᠤᠯᠤᠨ᠎ᠠ᠃ ᠤᠯᠤᠰ ᠪᠠᠶᠢᠭᠤᠯᠤᠭᠳᠠᠭᠰᠠᠨ | ᠵᠠᠯᠭᠠᠯᠳᠤᠭᠰᠠᠨ ᠣᠷᠣᠨ ᠤ ᠾᠧᠩ ᠳ᠋ᠡ ᠢᠦᠶ ᠵᠢᠩ ᠲᠢᠶᠠᠨ ᠰᠢᠶᠠ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠢ | ᠦᠷᠭᠦᠯᠵᠢᠯᠡᠨ ᠠᠬᠢᠭᠤᠯᠵᠤ᠂ ᠳᠡᠭᠡᠳᠦ ᠲᠠᠰ ᠤᠨ ᠣᠷᠣᠨ ᠰᠠᠭᠤᠴᠠ᠂ ᠬᠤᠳᠠᠯᠳᠤᠭᠠᠨ ᠤ ᠵᠤᠭ᠎ᠠ ᠴᠡᠩᠭᠡᠯ᠂ | ᠪᠡᠶ᠎ᠡ ᠶᠢᠨ ᠲᠠᠮᠢᠷ ᠤᠨ ᠬᠥᠳᠡᠯᠭᠡᠭᠡᠨ ᠰᠡᠯᠡᠭᠦᠴᠡᠯ ᠵᠡᠷᠭᠡ ᠣᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠢ | ᠠᠭᠤᠰᠤᠯᠴᠠᠭᠤᠯᠤᠭᠰᠠᠨ ᠤᠨᠴᠠᠯᠢᠭᠳᠤ ᠵᠢᠭᠤᠯᠴᠢᠯᠠᠯ ᠤᠨ ᠵᠢᠵᠢᠭ ᠪᠠᠯᠭᠠᠰᠤ ᠶᠢ ᠪᠠᠶᠢᠭᠤᠯᠤᠨ᠎ᠠ᠃ | ᠬᠤᠳᠠ ᠶᠢᠨ ᠪᠦᠳᠦᠭᠡᠨ ᠪᠠᠶᠢᠭᠤᠯᠤᠯᠲᠠ ᠶᠢ ᠴᠢᠨᠠᠷ ᠰᠠᠶᠢᠲᠠᠶ ᠰᠠᠶᠢᠲᠤᠷ ᠠᠳᠬᠤᠨ᠎ᠠ᠃ ᠬᠡᠷ ᠪᠠᠶᠢᠰᠢᠩ ᠭᠠᠵᠠᠷ | ᠰᠢᠷᠣᠶ ᠶᠢᠨ ᠬᠥᠷᠥᠩᠭᠡ ᠶᠢᠨ ᠬᠦᠷᠢᠶᠡᠨ ᠳᠠᠬᠢ ᠦᠯᠡᠳᠡᠭᠳᠡᠯ ᠵᠦᠢᠯᠡᠰ ᠢ ᠨᠢᠭᠲᠠ ᠠᠩᠬᠠᠷᠴᠤ᠂ ᠾᠦᠢ ᠲᠦᠩ | ᠣᠯᠠᠨ ᠤᠯᠤᠰ᠂ ᠺᠠᠩ ᠵᠢᠶᠠ ᠯᠢ ᠶᠤᠸᠠᠨ ᠵᠡᠷᠭᠡ ︽ᠭᠤᠷᠪᠠᠨ ᠪᠡᠷᠬᠡ︾ ᠠᠰᠠᠭᠤᠳᠠᠯ ᠢ ᠪᠦᠲᠦᠮᠵᠢᠲᠡᠶ | ᠰᠢᠢᠳᠪᠦᠷᠢᠯᠡᠬᠦ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠤᠨ᠎ᠠ᠃ ᠲᠡᠮᠦᠷ ᠵᠠᠮ ᠤᠨ ᠡᠮᠦᠨ᠎ᠡ ᠬᠡᠰᠡᠭ᠂ | ᠬᠤᠲᠠ ᠶᠢᠨ ᠵᠡᠭᠦᠨ ᠬᠡᠰᠡᠭ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ᠰᠠᠭᠤᠷᠢ ᠪᠡᠯᠡᠳᠬᠡᠮᠵᠢ ᠶᠢᠨ | ᠲᠥᠬᠦᠷᠵᠢᠭᠦᠯᠦᠯᠲᠡ ᠶᠢ ᠲᠦᠷᠭᠡᠳᠬᠡᠨ ᠲᠡᠭᠦᠯᠳᠡᠷᠵᠢᠭᠦᠯᠵᠦ᠂ ᠯᠢᠨ ᠢᠦᠶ ᠵᠢᠶᠠᠩᠨᠠᠨ ᠬᠡᠰᠡᠭ᠂ ᠸᠠᠨ ᠬᠤᠸᠠ ᠬᠡᠰᠡᠭ | ᠲᠣᠭᠤᠷᠢᠭ ᠤᠨ 5 ᠵᠤᠷᠪᠤᠰ ᠵᠠᠮ ᠬᠤᠭᠤᠯᠠᠶ ᠶᠢᠨ ᠲᠣᠤᠷ᠂ ᠲᠠᠪᠤᠨ ᠲᠢᠪ ᠤᠨ ᠣᠯᠠᠨ ᠤᠯᠤᠰ ᠤᠨ ᠬᠤᠳᠠᠯᠳᠤᠭ᠎ᠠ | ᠠᠷᠠᠯᠵᠢᠶ᠎ᠠ ᠶᠢᠨ ᠬᠤᠲᠠ ᠶᠢᠨ ᠬᠡᠰᠡᠭ ᠲᠣᠭᠤᠷᠢᠭ ᠤᠨ 3 ᠵᠤᠷᠪᠤᠰ ᠵᠠᠮ ᠬᠤᠭᠤᠯᠠᠶ ᠶᠢᠨ ᠲᠣᠤᠷ ᠤᠨ ᠪᠥᠲᠥᠭᠡᠨ | ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠳᠥᠭᠦᠮ ᠪᠦᠳᠦᠭᠦᠯᠢᠭ ᠣᠷᠣᠨ ᠰᠠᠭᠤᠴᠠ ᠶᠢᠨ ᠲᠣᠭᠤᠷᠢᠭ ᠢ | ᠥᠭᠡᠷᠡᠴᠢᠯᠡᠨ ᠪᠠᠶᠢᠭᠤᠯᠬᠤ 5 ᠲᠦᠮᠡᠨ ᠲᠡᠭᠰᠢ ᠳᠥᠷᠪᠡᠯᠵᠢᠨ ᠮᠧᠲᠷ ᠤᠨ ᠨᠣᠭᠤᠭᠠᠷᠠᠭᠤᠯᠵᠤ ᠬᠠᠲᠠᠭᠤᠷᠠᠭᠤᠯᠬᠤ᠂ 1. | 6 ᠲᠦᠮᠡᠨ ᠮᠧᠲᠷ ᠤᠨ ᠶᠡᠷᠦᠩᠬᠡᠶᠢᠯᠡᠭᠰᠡᠨ ᠵᠠᠮ ᠬᠤᠭᠤᠯᠠᠶ ᠶᠢᠨ ᠲᠣᠤᠷ ᠵᠡᠷᠭᠡ ᠰᠠᠭᠤᠷᠢ ᠪᠡᠯᠡᠳᠬᠡᠮᠵᠢ ᠶᠢᠨ ᠢᠵᠢ | ᠪᠦᠷᠢᠳᠦᠭᠦᠯᠬᠦ ᠢᠨᠵᠧᠨᠧᠷᠢᠩ ᠢ ᠭᠤᠤᠯᠳᠠᠯᠭ᠎ᠠ ᠲᠠᠢ ᠬᠡᠷᠡᠭᠵᠢᠭᠦᠯᠦᠨ᠎ᠡ᠃ 21 ᠰᠠᠭᠤᠷᠢ ᠲᠠᠩ ᠪᠡᠶᠡᠲᠦ ᠠᠰᠠᠷ ᠤᠨ | ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠪᠠ 115 ᠬᠠᠭᠤᠴᠢᠨ ᠵᠢᠵᠢᠭ | ᠲᠣᠭᠤᠷᠢᠭ ᠤᠨ ᠥᠭᠡᠷᠡᠴᠢᠯᠡᠯᠲᠡ ᠶᠢᠨ ᠢᠨᠵᠧᠨᠧᠷᠢᠩ ᠢ ᠯᠠᠪᠳᠠᠭᠤᠨ ᠪᠠᠲᠤᠲᠠᠶ ᠥᠷᠨᠢᠭᠦᠯᠵᠦ᠂ 145 ᠵᠡᠭᠡᠯᠢ | ᠭᠤᠳᠤᠮᠵᠢ ᠶᠢ ᠬᠠᠲᠠᠭᠤᠷᠠᠭᠤᠯᠤᠨ ᠭᠡᠷᠡᠯᠲᠦᠭᠦᠯᠬᠦ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ | ᠲᠥᠯᠥᠪᠯᠡᠨ ᠠᠬᠢᠭᠤᠯᠵᠤ᠂ 75 ᠨᠡᠶᠢᠲᠡ ᠶᠢᠨ ᠵᠣᠷᠯᠣᠩ ᠢ ᠰᠢᠨ᠎ᠡ ᠪᠠᠷ ᠪᠠᠶᠢᠭᠤᠯᠵᠤ ᠥᠭᠡᠷᠡᠴᠢᠯᠡᠨ ᠪᠠᠶᠢᠭᠤᠯᠵᠤ᠂ | ᠣᠯᠠᠨ ᠲᠦᠮᠡᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠲᠠᠰᠤᠷᠠᠯᠲᠠ ᠥᠬᠡᠶ ᠰᠠᠶᠢᠵᠢᠷᠠᠭᠤᠯᠤᠨ᠎ᠠ᠃ | ᠬᠤᠳᠠ ᠶᠢᠨ ᠬᠠᠮᠢᠶᠠᠷᠤᠯᠲᠠ ᠶᠢ ᠨᠠᠷᠢᠯᠢᠬᠵᠢᠭᠤᠯᠤᠨ ᠰᠠᠶᠢᠲᠤᠷ ᠠᠳᠬᠤᠨ᠎ᠠ᠃ ᠬᠤᠳᠠ ᠶᠢᠨ ᠬᠠᠮᠢᠶᠠᠷᠤᠯᠲᠠ ᠶᠢ | ᠨᠠᠷᠢᠯᠢᠬᠵᠢᠭᠤᠯᠬᠤ᠂ ᠵᠢᠷᠤᠮᠵᠢᠭᠤᠯᠬᠤ᠂ ᠤᠶᠤᠨᠵᠢᠭᠤᠯᠬᠤ ᠶᠢ ᠦᠷᠭᠦᠯᠵᠢᠯᠡᠨ ᠠᠬᠢᠭᠤᠯᠵᠤ᠂ ᠬᠤᠳᠠ ᠶᠢ ᠪᠠᠶᠢᠭᠤᠯᠬᠤ | ᠦᠷ᠎ᠡ ᠪᠦᠲᠦᠮᠵᠢ ᠶᠢ ᠪᠦᠬᠦ ᠲᠠᠯ᠎ᠠ ᠪᠠᠷ ᠪᠠᠬᠢᠵᠢᠭᠦᠯᠦᠨ ᠳᠡᠭᠡᠭᠰᠢᠯᠡᠭᠦᠯᠦᠨ᠎ᠡ᠃ ᠬᠤᠳᠠ ᠶᠢᠨ ᠠᠷᠠᠳ ᠤᠯᠠᠨ ᠤ | ᠠᠩᠬᠠᠷᠤᠯ ᠲᠠᠯᠪᠢᠵᠤ ᠪᠠᠶᠢᠭ᠎ᠠ ᠬᠠᠯᠠᠮᠰᠢᠯ ᠠᠰᠠᠭᠤᠳᠠᠯ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ | ᠳᠤᠷ᠎ᠠ ᠪᠠᠷ ᠢᠶᠠᠨ ᠪᠠᠷᠢᠯᠭ᠎ᠠ ᠪᠠᠷᠢᠬᠤ᠂ ᠵᠢᠵᠢᠭ ᠵᠠᠷ ᠮᠡᠳᠡᠭᠡ᠂ ᠨᠡᠭᠦᠳᠡᠯ ᠬᠤᠳᠠᠯᠳᠤᠭᠠᠴᠢᠨ ᠵᠡᠷᠭᠡ ᠲᠠᠬᠢᠨ ᠳᠠᠪᠲᠠᠨ | ᠭᠡᠮ ᠠᠷᠬᠠᠭ ᠢ ᠭᠦᠨᠵᠡᠭᠡᠢ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠲᠡᠷᠭᠡ ᠬᠥᠰᠬᠡ | ᠵᠣᠭᠰᠣᠭᠠᠬᠤ᠂ ᠪᠣᠯᠪᠠᠰᠤᠨ ᠢᠶᠠᠷ ᠨᠣᠬᠠᠶ ᠲᠡᠵᠢᠭᠡᠬᠦ ᠵᠡᠷᠭᠡ ᠡᠳᠦᠷ ᠲᠤᠲᠤᠮ ᠤᠨ ᠦᠢᠯᠨ ᠠᠵᠢᠯᠯᠠᠭ᠎ᠠ ᠶᠢᠨ | ᠵᠢᠷᠤᠮᠵᠢᠭᠰᠠᠨ ᠬᠠᠮᠢᠶᠠᠷᠤᠯᠲᠠ ᠶᠢ ᠬᠦᠴᠦᠯᠡᠨ ᠴᠢᠩᠭᠠᠳᠬᠠᠵᠤ᠂ ᠲᠣᠰᠣᠨ ᠣᠲᠤᠭ᠎ᠠ ᠱᠤᠤᠭᠢᠶᠠᠨ ᠤ ᠪᠣᠬᠢᠷᠲᠤᠯ᠂ | ᠬᠤᠲᠠ ᠶᠢᠨ ᠬᠤᠭ ᠨᠣᠪᠰᠢ ᠶᠢ ᠪᠥᠬᠦ ᠲᠠᠯ᠎ᠠ ᠪᠠᠷ ᠴᠡᠭᠴᠡᠯᠡᠨ ᠵᠠᠰᠠᠵᠤ᠂ ᠪᠠᠷᠢᠯᠭ᠎ᠠ ᠶᠢᠨ ᠭᠠᠵᠠᠷ ᠤᠨ ᠲᠣᠭᠤᠰᠣ | ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ︽ᠵᠢᠷᠭᠤᠭᠠᠨ 100%︾ ᠶᠢ ᠪᠠᠲᠤᠯᠠᠨ᠎ᠠ᠃ ᠬᠠᠮᠢᠶᠠᠷᠤᠯᠲᠠ ᠪᠠᠨ | ᠬᠠᠶᠠᠭᠰᠠᠨ ᠵᠢᠵᠢᠭ ᠲᠣᠭᠤᠷᠢᠭ ᠤᠨ ᠲᠤᠰᠬᠠᠶᠢᠵᠢᠭᠰᠠᠨ ᠠᠳᠠᠯ ᠠᠬᠤᠶ ᠶᠢᠨ ᠬᠠᠮᠢᠶᠠᠷᠤᠯᠲᠠ ᠶᠢᠨ ᠲᠤᠷᠰᠢᠯᠲᠠ ᠶᠢᠨ | ᠴᠢᠬ ᠤᠨ ᠠᠵᠢᠯ ᠢ ᠨᠢᠭᠡᠳᠦᠯᠲᠡᠶ ᠲᠥᠯᠥᠪᠯᠡᠨ ᠥᠷᠨᠢᠭᠦᠯᠵᠦ᠂ ᠬᠠᠮᠢᠶᠠᠷᠤᠯᠲᠠ ᠪᠠᠨ ᠬᠠᠶᠠᠭᠰᠠᠨ ᠵᠢᠵᠢᠭ | ᠲᠣᠭᠤᠷᠢᠭ ᠤᠨ ᠲᠤᠰᠬᠠᠶᠢᠵᠢᠭᠰᠠᠨ ᠠᠳᠠᠯ ᠠᠬᠤᠶ ᠶᠢᠨ ᠬᠠᠮᠤᠷᠬᠤ ᠬᠤᠲᠠ ᠶᠢᠨ ᠲᠣᠭᠤᠷᠢᠭ ᠤᠨ 6 ᠬᠤᠭ ᠨᠣᠪᠰᠢ | ᠳᠠᠮᠵᠢᠭᠤᠯᠤᠨ ᠲᠡᠭᠡᠭᠡᠪᠦᠷᠢᠯᠡᠬᠦ ᠥᠷᠲᠡᠭᠡ ᠶᠢ ᠰᠢᠨᠡᠳᠬᠡᠨ ᠥᠭᠡᠷᠡᠴᠢᠯᠡᠵᠦ᠂ 11 ᠬᠤᠭ ᠨᠣᠪᠰᠢ ᠳᠠᠮᠵᠢᠭᠤᠯᠬᠤ | ᠥᠷᠲᠡᠭᠡ ᠶᠢ ᠰᠢᠨ᠎ᠡ ᠪᠠᠷ ᠪᠠᠶᠢᠭᠤᠯᠵᠤ᠂ ᠬᠤᠭ ᠨᠣᠪᠰᠢ ᠶᠢ ᠲᠥᠷᠥᠯ ᠬᠤᠪᠢᠶᠠᠨ ᠬᠠᠶᠠᠬᠤ᠂ ᠴᠤᠭᠯᠠᠭᠤᠯᠬᠤ᠂ | ᠲᠡᠭᠡᠭᠡᠪᠦᠷᠢᠯᠡᠬᠦ᠂ ᠰᠢᠢᠳᠪᠦᠷᠢᠯᠡᠬᠦ ᠶᠢ ᠪᠠᠷᠢᠮᠲᠠᠯᠠᠨ᠂ ᠬᠤᠲᠠ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ | ᠶᠡᠷᠦᠩᠬᠡᠶᠢᠯᠡᠨ ᠵᠠᠰᠠᠬᠤ ᠶᠢ ᠦᠨᠡᠨᠬᠦ ᠴᠢᠩᠭᠠᠳᠬᠠᠵᠤ᠂ ᠪᠣᠯᠪᠠᠰᠤᠨ ᠪᠥᠭᠡᠳ ᠣᠷᠣᠰᠢᠨ ᠰᠠᠭᠤᠬᠤ ᠳᠤ ᠲᠣᠬᠢᠷᠠᠮᠵᠢᠲᠠᠶ | ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠢ ᠪᠣᠶ ᠪᠣᠯᠭᠠᠨ᠎ᠠ᠃ | ︵ᠳᠥᠷᠪᠡ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠨ᠂ ᠨᠡᠭᠡᠭᠡᠯᠲᠡ ᠶᠢ ᠥᠷᠭᠡᠳᠬᠡᠵᠦ᠂ | ᠬᠠᠮᠤᠭ ᠤᠨ ᠰᠢᠯᠢᠳᠡᠭ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠣᠶ ᠪᠣᠯᠭᠠᠬᠤ ᠲᠠᠯ᠎ᠠ ᠪᠠᠷ ᠪᠥᠬᠦ | ᠬᠦᠴᠦᠨ ᠢᠶᠠᠷ ᠢᠶᠠᠨ ᠪᠡᠷᠬᠡ ᠰᠡᠳᠦᠪ ᠢ ᠰᠢᠢᠳᠪᠦᠷᠢᠯᠡᠨ᠎ᠡ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ | ᠨᠡᠬᠡᠬᠡᠯᠳᠡ ᠶᠢ ᠥᠷᠭᠡᠳᠬᠡᠬᠦ ᠪᠣᠯ ᠮᠠᠨ ᠤ ᠣᠷᠣᠨ ᠤ ᠠᠷᠠᠳ ᠢ ᠪᠠᠶᠠᠵᠢᠭᠤᠯᠵᠤ ᠣᠷᠣᠨ ᠢᠶᠠᠨ ᠬᠦᠴᠦᠷᠬᠡᠭᠵᠢᠭᠦᠯᠬᠦ ᠶᠢ | ᠪᠡᠶᠡᠯᠡᠭᠦᠯᠬᠦ ᠳᠤ ᠵᠠᠪᠠᠯ ᠶᠠᠪᠤᠬᠤ ᠵᠠᠮ ᠪᠣᠯᠬᠤ ᠶᠢ ᠦᠢᠯᠡᠳᠦᠯᠭᠡ ᠭᠡᠷᠡᠴᠢᠯᠡᠵᠦ᠂ ᠡᠷᠬᠡᠪᠰᠢ ᠰᠢᠨ᠎ᠡ ᠶᠢ ᠡᠭᠦᠳᠬᠦ ᠪᠠᠷ | ᠬᠥᠳᠡᠯᠭᠡᠭᠦᠷ ᠪᠣᠯᠭᠠᠬᠤ ᠶᠢ ᠢᠮᠠᠭᠲᠠ ᠪᠠᠷᠢᠮᠲᠠᠯᠠᠵᠤ᠂ ᠬᠥᠭᠵᠢᠯᠲᠡ ᠶᠢᠨ ᠪᠣᠭᠤᠮᠢ ᠶᠢ ᠳᠠᠰᠤᠷᠠᠯᠳᠠ ᠦᠬᠡᠢ ᠡᠪᠳᠡᠵᠦ᠂ | ᠬᠥᠭᠵᠢᠯᠲᠡ ᠶᠢᠨ ᠬᠥᠳᠡᠯᠭᠡᠬᠦ ᠬᠦᠴᠦᠨ ᠢ ᠬᠥᠭᠵᠢᠭᠡᠵᠦ᠂ ᠬᠥᠭᠵᠢᠯᠲᠡ ᠶᠢᠨ ᠣᠷᠣᠨ ᠵᠠᠢ ᠶᠢ ᠥᠷᠭᠡᠳᠬᠡᠵᠦ᠂ | ᠥᠭᠡᠷᠡᠴᠢᠯᠡᠯᠲᠡ ᠨᠡᠬᠡᠬᠡᠯᠳᠡ ᠶᠢᠨ ᠬᠥᠳᠡᠯᠭᠡᠬᠦ ᠬᠦᠴᠦᠨ ᠢ ᠭᠦᠢᠴᠡᠳ ᠪᠠᠳᠠᠷᠠᠭᠤᠯᠬᠤ ᠬᠡᠷᠡᠭᠲᠡᠢ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠪᠦᠬᠦ ᠨᠢᠭᠡ ᠪᠦᠯᠦᠭ ᠭᠤᠣᠯᠳᠠᠯᠭ᠎ᠠ ᠲᠠᠢ | ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠢ ᠲᠥᠯᠥᠪᠯᠡᠨ ᠬᠡᠷᠡᠭᠵᠢᠭᠦᠯᠵᠦ᠂ ᠮᠸᠢ ᠬᠤᠸ᠋ᠨ ᠠᠮᠢᠳᠤ | ᠪᠣᠳᠠᠰ ᠤᠨ ᠥᠨᠳᠥᠷ ᠤᠨᠠᠯᠲᠠ ᠲᠠᠢ ᠴᠥᠮ᠎ᠡ ᠶᠢᠨ ᠰᠢᠷ᠎ᠠ ᠡᠳ᠋ ᠵᠡᠷᠭᠡ ᠲᠥᠷᠥᠯ ᠵᠦᠢᠯ ᠢ ᠥᠪᠡᠷᠲᠡᠭᠡᠨ ᠵᠠᠰᠠᠬᠤ | ᠣᠷᠣᠨ ᠤ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠲᠥᠯᠥᠪᠯᠡᠭᠡ ᠳᠤ ᠣᠷᠣᠭᠤᠯᠬᠤ ᠪᠠᠷ ᠴᠢᠷᠮᠠᠶᠢᠵᠤ᠂ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠶ ᠵᠦᠢᠯ ᠤᠨ ︽ | ᠴᠢᠨᠠᠷ ᠰᠠᠶᠢᠲᠠᠶ ᠮᠣᠩᠭᠤᠯ ᠡᠮ ᠤᠨ ᠮᠠᠲ᠋ᠧᠷᠢᠶᠠᠯ ᠬᠢᠲᠠᠳ ᠡᠮ ᠤᠨ ᠮᠠᠲ᠋ᠧᠷᠢᠶᠠᠯ ᠢ ᠬᠡᠪᠴᠢᠶᠡᠵᠢᠭᠦᠯᠦᠨ ᠳᠠᠷᠢᠬᠤ | ᠮᠡᠷᠭᠡᠵᠢᠯ ᠤᠨ ᠰᠢᠰᠲ᠋ᠧᠮᠵᠢ ᠶᠢ ᠰᠤᠳᠤᠯᠬᠤ ᠪᠠ ᠵᠢᠱᠢᠶ᠎ᠡ ᠦᠵᠡᠭᠦᠯᠬᠦ︾ ᠶᠢ ᠲᠦᠷᠭᠡᠳᠬᠡᠨ ᠠᠬᠢᠭᠤᠯᠵᠤ᠂ ᠳᠤ ᠷᠦᠢ | ᠡᠷᠳᠡᠨᠢ ᠰᠢᠰᠢ᠂ ᠬᠤᠩ ᠰᠢᠤᠸᠠᠨ ᠠᠮᠢᠳᠤ ᠪᠣᠳᠠᠰ ᠵᠡᠷᠭᠡ ᠠᠵᠤ ᠠᠬᠤᠶᠢᠯᠠᠯ ᠤᠨ ᠥᠪᠥᠷ ᠮᠣᠩᠭᠤᠯ ᠤᠨ | ᠦᠨᠳᠦᠰᠦᠲᠡᠨ ᠤ ᠶᠡᠭᠡ ᠰᠤᠷᠭᠠᠭᠤᠯᠢ ᠯᠤᠭ᠎ᠠ ᠬᠠᠮᠲᠤᠷᠠᠨ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ | ᠰᠢᠪᠲᠤᠯᠬᠤ ᠶᠢ ᠥᠷᠨᠢᠭᠦᠯᠬᠦ ᠶᠢ ᠠᠬᠢᠭᠤᠯᠤᠨ᠎ᠠ᠃ ᠬᠠᠶ ᠯᠢᠨ ᠠᠮᠢᠳᠤ ᠪᠣᠳᠠᠰ᠂ ᠸᠧᠶ ᠢᠦᠶ ᠠᠮᠢᠳᠤ ᠪᠣᠳᠠᠰ ᠵᠡᠷᠭᠡ | ᠠᠵᠤ ᠠᠬᠤᠶᠢᠯᠠᠯ ᠤᠨ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠡᠩᠨᠡᠭᠡᠨ ᠳᠤ | ᠣᠷᠣᠬᠤ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ | ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠲᠦᠷᠦᠭᠦᠯᠡᠨ ᠵᠣᠬᠢᠶᠠᠨ ᠪᠠᠶᠢᠭᠤᠯᠤᠨ᠎ᠠ᠃ ᠳᠤᠮᠳᠠᠳᠤ ᠤᠯᠤᠰ ᠤᠨ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠬᠠᠷᠪᠢᠨ ᠤ ᠠᠵᠤ ᠦᠢᠯᠡᠳᠪᠦᠷᠢ ᠶᠢᠨ ᠶᠡᠭᠡ ᠰᠤᠷᠭᠠᠭᠤᠯᠢ | ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠳᠡᠭᠡᠳᠦ ᠰᠤᠷᠭᠠᠭᠤᠯᠢ ᠯᠤᠭ᠎ᠠ ᠶᠢᠨ ᠭᠦᠨᠵᠡᠭᠡᠶ ᠬᠠᠮᠲᠤᠷᠠᠯᠴᠠᠭ᠎ᠠ ᠪᠠᠨ | ᠦᠷᠭᠦᠯᠵᠢᠯᠡᠨ ᠴᠢᠩᠭᠠᠳᠬᠠᠵᠤ᠂ ᠮᠸᠢ ᠬᠤᠸ᠋ᠨ ᠠᠮᠢᠳᠤ ᠪᠣᠳᠠᠰ ᠤᠨ ᠰᠢᠪᠲᠦᠷᠲᠦ ᠬᠦᠴᠢᠯ ᠤᠨ ᠢᠨᠵᠧᠨᠧᠷᠢᠩ ᠤᠨ | ᠰᠢᠰᠲ᠋ᠧᠮ ᠤᠨ ᠰᠤᠳᠤᠯᠭᠠᠨ ᠤ ᠲᠥᠪ ᠵᠡᠷᠭᠡ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ | ᠲᠠᠪᠴᠠᠩ ᠤᠨ ᠰᠢᠨ᠎ᠡ ᠶᠢ ᠡᠭᠦᠳᠬᠦ ᠴᠢᠳᠠᠮᠵᠢ ᠶᠢ ᠪᠤᠶᠢᠵᠢᠭᠤᠯᠤᠨ ᠳᠡᠭᠡᠭᠰᠢᠯᠡᠭᠦᠯᠦᠨ᠎ᠡ᠃ ︽ᠣᠯᠠᠨ ᠢᠶᠠᠷ ᠢᠶᠠᠨ | ᠰᠢᠨ᠎ᠡ ᠶᠢ ᠡᠭᠦᠳᠬᠦ ᠣᠷᠣᠨ ᠵᠠᠶ︾ ︽ᠤᠳᠤᠳ ᠤᠨ ᠰᠢᠨ᠎ᠡ ᠶᠢ ᠡᠭᠦᠳᠬᠦ ᠣᠷᠣᠨ ᠵᠠᠶ︾ ᠵᠡᠷᠭᠡ ᠰᠢᠨ᠎ᠡ ᠶᠢ | ᠡᠭᠦᠳᠦᠨ ᠠᠳᠠᠯ ᠦᠶ᠋ᠯᠡᠰ ᠴᠣᠭᠴᠠᠯᠠᠬᠤ ᠲᠠᠪᠴᠠᠩ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠥᠪᠡᠷᠲᠡᠭᠡᠨ ᠵᠠᠰᠠᠬᠤ ᠣᠷᠣᠨ ᠤ ᠲᠠᠰ ᠤᠨ ᠳᠡᠭᠡᠳᠦ ᠰᠢᠨ᠎ᠡ | ᠮᠡᠷᠭᠡᠵᠢᠯ ᠤᠨ ᠠᠵᠤ ᠦᠶ᠋ᠯᠡᠰ ᠤᠨ ᠬᠦᠷᠢᠶᠡᠯᠡᠩ ᠲᠣᠭᠤᠷᠢᠭ ᠢᠶᠠᠷ ᠮᠡᠳᠡᠭᠦᠯᠬᠦ ᠶᠢ ᠠᠬᠢᠭᠤᠯᠵᠤ᠂ ᠰᠢᠨ᠎ᠡ ᠶᠢ ᠡᠭᠦᠳᠬᠦ | ᠡᠬᠢ ᠪᠠᠶᠠᠯᠢᠭ ᠤᠨ ᠲᠥᠪᠯᠡᠷᠡᠭᠰᠡᠨ ᠡᠳᠦᠶ ᠲᠡᠳᠦᠶ ᠥᠨᠳᠦᠷᠯᠢᠭ ᠭᠠᠵᠠᠷ ᠢ ᠪᠦᠲᠦᠭᠡᠨ ᠪᠠᠶᠢᠭᠤᠯᠤᠨ᠎ᠠ᠃ | ᠥᠭᠡᠷᠡᠴᠢᠯᠡᠯᠲᠡ ᠨᠡᠭᠡᠭᠡᠯᠲᠡ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ᠃ ︽ᠲᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠡᠴᠦᠰ ᠲᠤᠨᠢ ᠲᠤᠯᠲᠠᠯ᠎ᠠ ᠠᠬᠢᠭᠤᠯᠵᠤ᠂ ᠭᠠᠶᠢᠯᠢ ᠶᠢ ᠬᠥᠩᠭᠡᠯᠡᠵᠦ | ᠰᠦᠢᠳᠬᠡᠯ ᠢ ᠪᠠᠭᠤᠷᠠᠭᠤᠯᠬᠤ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ︽ᠳᠣᠲᠣᠨᠣ︾᠂ ︽ᠴᠡᠪᠡᠷ︾ ᠰᠢᠨ᠎ᠡ | ᠬᠡᠯᠪᠡᠷᠢ ᠶᠢᠨ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠠᠷᠢᠴᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ᠎ᠠ᠃ | ᠮᠥᠩᠭᠦᠨ ᠭᠦᠢᠯᠭᠡᠭᠡᠨ ᠢᠶᠠᠷ ᠪᠣᠳᠠᠲᠤ ᠴᠣᠭᠴᠠ ᠶᠢᠨ ᠠᠵᠤ ᠠᠬᠤᠶ ᠶᠢ ᠪᠦᠲᠦᠮᠵᠢᠲᠡᠶ ᠪᠠᠷ ᠳᠡᠮᠵᠢᠬᠦ ᠪᠠᠶᠢᠭᠤᠯᠤᠯ | ᠲᠣᠭᠲᠠᠴᠠ ᠶᠢ ᠲᠡᠭᠦᠯᠳᠡᠷᠵᠢᠭᠦᠯᠵᠦ᠂ ᠮᠥᠩᠭᠦᠨ ᠭᠦᠢᠯᠭᠡᠭᠡᠨ ᠤ ᠲᠦᠭᠡᠮᠡᠯ ᠬᠠᠷᠠᠭᠠᠯᠵᠠᠯ ᠤᠨ ᠴᠢᠨᠠᠷ ᠢ | ᠴᠢᠩᠭᠠᠷᠠᠭᠤᠯᠤᠨ᠎ᠠ᠃ ᠰᠢᠨ᠎ᠡ ᠴᠠᠭ ᠦᠶ᠎ᠡ ᠶᠢᠨ ᠪᠠᠭᠰᠢ ᠶᠢᠨ ᠡᠩᠨᠡᠭᠡ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠵᠦ᠂ ᠰᠤᠷᠭᠠᠭᠤᠯᠢ ᠶᠢᠨ ᠵᠠᠬᠢᠷᠤᠯ ᠤᠨ ᠡᠩᠨᠡᠭᠡ ᠶᠢᠨ ᠱᠠᠲᠤᠯᠵᠢᠨ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠵᠤ᠂ ︽ᠲᠤᠭᠤᠷᠢᠭ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ ᠬᠠᠮᠢᠶᠠᠷᠤᠯᠲᠠ ᠶᠢᠨ | ᠪᠠᠶᠢᠭᠤᠯᠤᠮᠵᠢ ᠶᠢ ᠢᠳᠡᠪᠬᠢᠲᠡᠢ ᠰᠦᠪᠡᠭᠴᠢᠯᠡᠵᠦ᠂ ᠪᠠᠭᠰᠢ ᠶᠢᠨ ᠡᠩᠨᠡᠭᠡ ᠶᠢᠨ ᠠᠮᠢᠵᠢᠷᠠᠯ ᠤᠨ ᠬᠦᠴᠦᠨ ᠢ | ᠴᠢᠨᠠᠭᠰᠢᠲᠠ ᠬᠦᠭᠵᠢᠭᠡᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠪᠠᠶᠢᠭᠤᠯᠤᠯᠲᠠ ᠪᠠ | ᠬᠠᠮᠢᠶᠠᠷᠤᠯᠲᠠ ᠶᠢᠨ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠳᠡ ᠶᠢ ᠦᠷᠭᠦᠯᠵᠢᠯᠡᠨ ᠠᠬᠢᠭᠤᠯᠵᠤ᠂ ᠵᠡᠭᠦᠨ | ᠬᠤᠶᠢᠲᠤ ᠣᠷᠣᠨ ᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠬᠠᠮᠵᠢᠯᠴᠠᠨ ᠬᠥᠭᠵᠢᠬᠦ ᠳᠤ | ᠢᠳᠡᠪᠬᠢᠲᠡᠢ ᠠᠭᠤᠰᠤᠯᠴᠠᠵᠤ᠂ ᠰᠢᠪᠲᠦᠷᠲᠦ ᠬᠦᠴᠢᠯ᠂ ᠠᠯᠠᠭ ᠮᠠᠭᠠᠵᠢ ᠶᠢᠨ ᠳᠤᠰᠤᠨ ᠤ ᠰᠢᠷᠢᠰ ᠦᠢᠯᠡᠳᠭᠦᠨ ᠢ | ᠦᠷᠭᠡᠳᠭᠡᠵᠦ᠂ ᠨᠡᠩ ᠤᠯᠠᠨ ᠴᠢᠨᠠᠷ ᠰᠠᠶᠢᠲᠠᠶ ᠦᠢᠯᠡᠳᠬᠦᠨ ᠢ ᠭᠠᠳᠠᠭᠠᠳᠤ ᠳᠤ ᠭᠠᠷᠭᠠᠬᠤ ᠶᠢ ᠲᠦᠯᠬᠢᠨ | ᠠᠬᠢᠭᠤᠯᠤᠨ᠎ᠠ᠃ ︽ᠲᠠᠪᠤᠨ ᠶᠡᠭᠡ ᠠᠵᠤ ᠦᠢᠯᠡᠰ ᠤᠨ ᠪᠦᠯᠦᠭᠯᠡᠯ︾ ᠤᠨ ᠲᠣᠭᠤᠷᠢᠨ ᠳᠤ᠂ ᠬᠤᠷᠴᠢᠨ ᠤ | ᠪᠣᠬᠢᠷᠲᠤᠯ ᠥᠬᠡᠶ ᠢᠳᠡᠭᠡᠨ ᠤ ᠰᠢᠨ᠎ᠡ ᠶᠢ ᠡᠭᠦᠳᠬᠦ ᠠᠵᠤ ᠦᠢᠯᠡᠰ ᠤᠨ ᠬᠦᠷᠢᠶᠡᠯᠡᠩ ᠤᠨ ᠲᠥᠯᠥᠪᠵᠢᠭᠦᠯᠭᠡ | ᠪᠥᠲᠥᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠳᠠᠯᠳᠤᠭᠠᠴᠢᠳ ᠤᠨ ᠡᠪᠯᠡᠯ ᠤᠨ ᠠᠵᠢᠯ | ᠲᠥᠷᠥᠯ ᠤᠨ ᠨᠡᠶᠢᠭᠡᠮᠯᠢᠭ ᠤᠨ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ | ᠲᠠᠪᠴᠠᠩ ᠢᠶᠠᠷ ᠬᠤᠳᠠᠯᠳᠤᠭᠠᠴᠢᠨ ᠤᠷᠢᠬᠤ ᠶᠢ ᠶᠡᠬᠡᠪᠡᠷ ᠳᠥᠯᠭᠢᠨ ᠠᠬᠢᠭᠤᠯᠵᠤ᠂ ᠪᠥᠬᠦ ᠬᠦᠴᠦᠨ ᠢᠶᠠᠷ ᠢᠶᠠᠨ | ᠲᠥᠷᠥᠯ ᠵᠦᠢᠯ ᠢ ᠡᠷᠢᠵᠦ᠂ ᠠᠵᠤ ᠦᠢᠯᠡᠰ ᠢ ᠲᠡᠭᠦᠯᠳᠡᠷᠵᠢᠭᠦᠯᠦᠨ᠂ ᠬᠡᠯᠬᠢᠶ᠎ᠡ ᠶᠢ ᠪᠦᠷᠢᠨᠰᠢᠬᠦᠯᠵᠦ᠂ ᠪᠥᠬᠦ ᠵᠢᠯ ᠳᠤ | ᠳ᠋ᠦᠩᠰᠢᠭᠤᠷ ᠲᠥᠭᠦᠷᠢᠭ ᠢ ᠳᠠᠪᠠᠭᠰᠠᠨ ᠲᠥᠷᠥᠯ ᠵᠦᠢᠯ ᠢ 15 ᠠᠴᠠ ᠳᠡᠭᠡᠭᠰᠢ ᠣᠷᠣᠭᠤᠯᠤᠨ ᠠᠪᠴᠢᠷᠠᠵᠤ᠂ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠪᠣᠳᠠᠲᠠᠶᠢᠵᠢᠭᠤᠯᠤᠭᠰᠠᠨ ᠪᠠᠯᠠ ᠮᠥᠩᠭᠦ ᠶᠢ 25 ᠳ᠋ᠦᠩᠰᠢᠭᠤᠷ | ᠲᠥᠭᠦᠷᠢᠭ ᠠᠴᠠ ᠳᠡᠭᠡᠭᠰᠢ ᠣᠷᠣᠭᠤᠯᠬᠤ ᠪᠠᠷ ᠴᠢᠷᠮᠠᠶᠢᠨ᠎ᠠ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠥᠬᠦ ᠲᠠᠯ᠎ᠠ ᠪᠠᠷ ᠰᠢᠯᠢᠳᠡᠭᠵᠢᠭᠦᠯᠦᠨ᠎ᠡ᠃ ᠤᠯᠤᠰ | ᠲᠦᠷᠦ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠡᠵᠡᠩᠨᠡᠯᠲᠡ ᠶᠢᠨ | ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠰᠬᠠᠢ ᠲᠦᠷᠦᠯ ᠤᠨ ᠲᠣᠭᠤᠷᠢᠨ ᠪᠠᠶᠢᠴᠠᠭᠠᠯᠲᠠ ᠶᠢᠨ ᠴᠡᠭᠴᠡᠯᠡᠨ | ᠰᠠᠶᠢᠵᠢᠷᠠᠭᠤᠯᠬᠤ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠦᠨ᠎ᠡ᠃ ︽ᠬᠠᠮᠤᠭ ᠠᠷᠪᠢᠨ ᠳᠠᠭᠠᠨ ᠨᠢᠭᠡ ᠯᠡ ᠤᠳᠠᠭ᠎ᠠ | ᠭᠦᠶᠦᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠢᠨᠠᠨ ᠵᠥᠪᠰᠢᠶᠡᠷᠡᠬᠦ ᠵᠦᠢᠯᠡᠰ ᠤᠨ ᠠᠮᠠᠯᠠᠯᠲᠠ ᠶᠢᠨ | ᠳᠤᠮᠳᠠᠴᠢ ᠴᠠᠭ ᠤᠨ ᠬᠢᠵᠠᠭᠠᠷ ᠢ ᠬᠠᠤᠯᠢ ᠪᠠᠷ ᠲᠣᠭᠲᠠᠭᠠᠭᠰᠠᠨ ᠴᠠᠭ ᠤᠨ ᠬᠢᠵᠠᠭᠠᠷ ᠠᠴᠠ ᠳᠠᠬᠢᠨ 20% ᠪᠠᠷ | ᠪᠣᠭᠤᠨᠢᠰᠬᠠᠬᠤ ᠶᠢ ᠪᠡᠶᠡᠯᠡᠭᠦᠯᠬᠦ ᠪᠠᠷ ᠴᠢᠷᠮᠠᠶᠢᠨ᠎ᠠ᠃ ︽ᠢᠨᠲ᠋ᠤᠷ ᠰᠦᠯᠵᠢᠶ᠎ᠡ + ᠵᠠᠰᠠᠭ ᠤᠨ ᠶᠠᠪᠤᠳᠠᠯ ᠤᠨ | ᠦᠢᠯᠡᠴᠢᠯᠡᠭᠡ︾ ᠶᠢᠨ ᠬᠡᠷᠡᠭᠯᠡᠯᠲᠡ ᠶᠢ ᠲᠦᠭᠡᠮᠡᠯᠵᠢᠭᠦᠯᠬᠦ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ ᠠᠯᠠᠭᠠᠨ | ᠳᠡᠭᠡᠷ᠎ᠡ ᠪᠠᠨ ᠭᠦᠢᠴᠡᠳᠭᠡᠵᠦ ᠪᠣᠯᠬᠤ᠂ ᠰᠦᠯᠵᠢᠶᠡᠨ ᠳᠡᠭᠡᠷ᠎ᠡ ᠭᠦᠢᠴᠡᠳᠭᠡᠵᠦ ᠪᠣᠯᠬᠤ᠂ ᠨᠢᠭᠡ ᠰᠦᠯᠵᠢᠶ᠎ᠡ ᠪᠠᠷ | ᠪᠦᠬᠦᠨ ᠢ ᠭᠦᠢᠴᠡᠳᠭᠡᠬᠦ ᠶᠢ ᠪᠡᠶᠡᠯᠡᠭᠦᠯᠦᠨ᠎ᠡ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠢᠴᠢ ᠣᠯᠠᠨ | ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠭᠦᠢᠴᠡᠳᠭᠡᠬᠦ ᠶᠢ ᠦᠨᠳᠦᠰᠦᠨ ᠱᠠᠲᠤ ᠳᠠᠰᠢ ᠤᠷᠲᠤᠳᠬᠠᠬᠤ ᠶᠢ | ᠳᠥᠯᠭᠢᠨ ᠠᠬᠢᠭᠤᠯᠵᠤ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠳᠤ ︽ᠪᠠᠭ᠎ᠠ ᠶᠠᠪᠤᠳᠠᠯ ᠢ | ᠭᠠᠴᠠᠭ᠎ᠠ ᠠᠴᠠ ᠭᠠᠷᠭᠠᠬᠤ ᠥᠬᠡᠶ᠂ ᠶᠡᠭᠡ ᠶᠠᠪᠤᠳᠠᠯ ᠢ ᠪᠠᠯᠭᠠᠰᠤ ᠠᠴᠠ ᠭᠠᠷᠭᠠᠬᠤ ᠥᠬᠡᠶ︾ ᠠᠵᠤ ᠠᠬᠤᠶᠢᠯᠠᠯ ᠤᠨ | ᠨᠡᠭᠡᠭᠡᠨ ᠡᠷᠬᠢᠯᠡᠬᠦ᠂ ᠪᠠᠷᠢᠯᠭ᠎ᠠ ᠪᠠᠷᠢᠬᠤ ᠶᠢ ᠵᠥᠪᠰᠢᠶᠡᠷᠡᠬᠦ᠂ ᠦᠯᠦ ᠬᠥᠳᠡᠯᠬᠦ ᠬᠦᠷᠦᠩᠭᠡ ᠶᠢ ᠳᠠᠩᠰᠠᠯᠠᠬᠤ ᠵᠡᠷᠭᠡ | ᠬᠦᠷᠢᠶᠡᠨ ᠳᠠᠬᠢ ᠲᠦᠭᠵᠢᠷᠡᠯ ᠤᠨ ᠴᠡᠭ᠂ ᠬᠦᠴᠢᠷᠳᠡᠯ ᠤᠨ ᠴᠡᠭ᠂ ᠡᠪᠡᠷᠰᠢᠶᠡᠯ ᠤᠨ ᠴᠡᠭ ᠤᠨ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ᠲᠥᠪᠯᠡᠷᠡᠭᠦᠯᠦᠨ ᠪᠣᠭᠤᠮᠲᠠ ᠰᠢᠪᠲᠤᠯᠵᠤ᠂ ᠤᠨᠢᠨ ᠳᠡᠭᠡᠷ᠎ᠡ ᠨᠢ ᠬᠦᠴᠦᠯᠡᠵᠦ᠂ | ᠨᠢᠭᠡᠳ ᠨᠢᠭᠡ ᠪᠠᠷ ᠡᠪᠳᠡᠵᠦ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠡᠵᠡᠩᠨᠡᠯᠲᠡ ᠶᠢᠨ | ᠣᠷᠴᠢᠨ ᠲᠣᠭᠤᠷᠢᠨ ᠢ ᠬᠦᠴᠦᠯᠡᠨ ᠪᠤᠢ ᠪᠣᠯᠭᠠᠨ᠎ᠠ᠃ ᠣᠷᠣᠨ ᠪᠦᠰᠡ ᠶᠢᠨ ᠦᠨᠡᠯᠡᠨ ᠵᠢᠱᠢᠯᠲᠡ᠂ ᠳᠤᠲᠠᠭᠤ ᠶᠢ | ᠬᠦᠯᠢᠶᠡᠨ ᠠᠪᠴᠤ ᠰᠢᠢᠳᠪᠦᠷᠢᠯᠡᠬᠦ᠂ ᠲᠠᠪᠤᠨ ᠱᠠᠲᠤᠨ ᠤ ᠣᠷᠣᠯᠠᠨ ᠭᠦᠢᠴᠡᠳᠬᠡᠬᠦ ᠵᠡᠷᠭᠡ ᠰᠢᠨ᠎ᠡ ᠶᠢ ᠡᠭᠦᠳᠬᠦ | ᠲᠣᠭᠲᠠᠴᠠ ᠶᠢ ᠰᠦᠪᠡᠭᠴᠢᠯᠡᠨ ᠬᠡᠷᠡᠭᠵᠢᠭᠦᠯᠵᠦ᠂ ᠲᠤᠰ ᠭᠠᠵᠠᠷ ᠣᠷᠣᠨ ᠤ ᠪᠠᠨ ᠠᠵᠤ ᠠᠬᠤᠶᠢᠯᠠᠯ ᠢ ᠳᠡᠮᠵᠢᠵᠦ᠂ | ᠭᠠᠳᠠᠨ᠎ᠠ ᠠᠴᠠ ᠢᠷᠡᠭᠰᠡᠨ ᠠᠵᠤ ᠠᠬᠤᠶᠢᠯᠠᠯ ᠳᠤ ᠦᠢᠯᠡᠴᠢᠯᠡᠵᠦ᠂ ︽ᠬᠤᠯᠨ ᠤᠢᠢᠷ᠎ᠠ ᠦᠭᠡᠢ ᠪᠠᠶᠠᠰᠤᠨ ᠢᠷᠡᠬᠦ︾ | ᠬᠥᠭᠵᠢᠯᠲᠡ ᠶᠢᠨ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠵᠤ᠂ ᠠᠵᠤ ᠠᠬᠤᠶᠢᠯᠠᠯ ᠢ ᠳᠠᠳᠠᠨ ᠠᠪᠴᠢᠷᠠᠵᠤ | ᠳᠡᠶᠢᠯᠬᠦ᠂ ᠦᠯᠡᠳᠡᠭᠡᠵᠦ ᠳᠡᠶᠢᠯᠬᠦ᠂ ᠰᠠᠶᠢᠲᠤᠷ ᠬᠥᠭᠵᠢᠭᠦᠯᠬᠦ ᠪᠤᠯᠤᠨ᠎ᠠ᠃ | ︵ᠲᠠᠪᠤ︶ ᠣᠷᠣᠭᠤᠯᠤᠯᠲᠠ ᠪᠠᠨ ᠨᠡᠮᠡᠭᠳᠡᠭᠦᠯᠬᠦ᠂ ᠳᠤᠲᠠᠭᠤᠳᠠᠯ ᠢᠶᠠᠨ ᠨᠥᠬᠦᠪᠥᠷᠢᠯᠡᠬᠦ ᠶᠢ ᠪᠠᠷᠢᠮᠲᠠᠯᠠᠵᠤ᠂ | ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠲᠠᠯ᠎ᠠ ᠪᠠᠷ ᠪᠦᠬᠦ ᠬᠦᠴᠦᠨ ᠢᠶᠠᠷ ᠢᠶᠠᠨ ᠪᠡᠷᠬᠡ ᠰᠡᠳᠦᠪ ᠢ | ᠰᠢᠢᠳᠪᠦᠷᠢᠯᠡᠨ᠎ᠡ᠃ ᠠᠷᠠᠳ ᠤᠨ ᠠᠮᠢᠳᠤᠷᠠᠯ ᠤᠨ ᠦᠢᠯᠡᠰ ᠤᠨ ᠬᠥᠭᠵᠢᠯᠲᠡ ᠬᠡᠵᠢᠶᠡᠳᠡ ᠵᠤᠬᠰᠤᠰᠢ ᠦᠭᠡᠢ ᠪᠠᠶᠢᠳᠠᠭ | ᠂ ᠡᠷᠬᠡᠪᠰᠢ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠵᠤᠬᠰᠤᠰᠢ ᠦᠭᠡᠢ ᠪᠠᠶᠢᠯᠭᠠᠬᠤ ᠶᠢ ᠪᠦᠬᠦ | ᠬᠦᠴᠦᠨ ᠢᠶᠠᠷ ᠢᠶᠠᠨ ᠪᠠᠲᠤᠯᠠᠵᠤ᠂ ᠤᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠵᠤᠬᠰᠤᠰᠢ ᠦᠭᠡᠢ | ᠳᠡᠭᠡᠭᠰᠢᠯᠡᠭᠦᠯᠵᠦ᠂ ᠳᠤᠲᠠᠭᠤᠳᠠᠯ ᠢ ᠨᠥᠬᠦᠪᠥᠷᠢᠯᠡᠬᠦ᠂ ᠬᠦᠴᠦᠷᠬᠡᠭ ᠪᠠᠭᠤᠷᠠᠢ ᠶᠢ ᠲᠦᠷᠭᠡᠨ ᠨᠥᠬᠦᠪᠥᠷᠢᠯᠡᠵᠦ᠂ | ᠬᠥᠭᠵᠢᠯᠲᠡ ᠶᠢᠨ ᠦᠷ᠎ᠡ ᠪᠦᠲᠦᠭᠡᠯ ᠢ ᠤᠯᠠᠨ ᠲᠦᠮᠡᠨ ᠳᠤ ᠨᠡᠩ ᠢᠯᠡᠭᠦᠦ ᠨᠡᠩ ᠭᠤᠣᠯᠴᠢ ᠪᠠᠷ ᠡᠳ᠋ᠯᠡᠭᠦᠯᠬᠦ ᠬᠡᠷᠡᠭᠲᠡᠢ | ᠪᠤᠯᠭᠠᠨ᠎ᠠ᠃ | ᠠᠮᠢ ᠠᠬᠤᠶ ᠶᠢᠨ ᠰᠢᠰᠲ᠋ᠧᠮ ᠤᠨ ᠬᠠᠮᠠᠭᠠᠯᠠᠯᠲᠠ ᠶᠢ ᠪᠦᠬᠦ ᠲᠠᠯ᠎ᠠ ᠪᠠᠷ ᠰᠠᠶᠢᠨ ᠰᠠᠶᠢᠬᠠᠨ ᠠᠮᠢ ᠠᠬᠤᠢ ᠶᠢᠨ | ᠣᠷᠴᠢᠨ ᠲᠣᠭᠤᠷᠢᠨ ᠢ ᠰᠠᠬᠢᠨ ᠬᠠᠮᠠᠭᠠᠯᠠᠬᠤ ᠶᠢ ᠢᠮᠠᠭᠲᠠ ᠬᠠᠮᠤᠭ ᠤᠨ ᠲᠦᠭᠡᠮᠡᠯ ᠠᠰᠢᠭ ᠬᠦᠷᠲᠡᠭᠡᠬᠦ ᠠᠷᠠᠳ ᠤᠨ | ᠠᠮᠢᠳᠤᠷᠠᠯ ᠤᠨ ᠦᠢᠯᠡᠰ ᠪᠣᠯᠭᠠᠨ ᠠᠳᠬᠤᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠣᠷᠴᠢᠨ | ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ | ᠪᠦᠬᠦ ᠲᠠᠯ᠎ᠠ ᠪᠠᠷ ᠪᠠᠬᠢᠵᠢᠭᠦᠯᠦᠨ ᠥᠷᠭᠡᠳᠬᠡᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ᠃ ᠲᠥᠪ ᠬᠤᠳᠠ ᠶᠢᠨ ᠲᠣᠭᠤᠷᠢᠭ ᠤᠨ ᠠᠭᠠᠷ ᠤᠨ ᠪᠣᠬᠢᠷᠲᠤᠯ ᠢ | ᠴᠡᠭᠴᠡᠯᠡᠨ ᠵᠠᠰᠠᠬᠤ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠭᠤᠣᠯ ᠬᠤᠳᠠ ᠶᠢᠨ ᠲᠣᠭᠤᠷᠢᠭ ᠤᠨ | ᠰᠢᠳᠠᠭᠠᠬᠤ ᠶᠢ ᠴᠠᠭᠠᠵᠠᠯᠠᠬᠤ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠪᠦᠲᠦᠮᠵᠢᠲᠡᠢ ᠠᠬᠢᠭᠤᠯᠵᠤ᠂ ᠠᠵᠤ | ᠦᠢᠯᠡᠳᠪᠦᠷᠢ ᠶᠢᠨ ᠬᠠᠶᠠᠭᠳᠠᠮᠠᠯ ᠬᠡᠢ᠂ ᠪᠠᠷᠢᠯᠭ᠎ᠠ ᠶᠢᠨ ᠠᠵᠢᠯ ᠤᠨ ᠲᠣᠭᠤᠰᠣ ᠳᠡᠭᠳᠡᠬᠦ᠂ ᠵᠠᠳᠠᠭᠠᠢ ᠰᠢᠲᠠᠭᠠᠬᠤ ᠵᠡᠷᠭᠡ | ᠠᠭᠠᠷ ᠮᠠᠨᠳᠠᠯ ᠤᠨ ᠪᠣᠬᠢᠷᠲᠤᠯ ᠤᠨ ᠠᠰᠠᠭᠤᠳᠠᠯ ᠢ ᠬᠠᠮᠲᠤᠷᠠᠨ ᠰᠡᠷᠭᠡᠶᠢᠯᠡᠨ ᠴᠢᠩᠭ᠎ᠠ ᠵᠠᠰᠠᠵᠤ᠂ ᠰᠠᠶᠢᠨ ᠰᠠᠶᠢᠬᠠᠨ | ᠠᠭᠠᠷ ᠤᠨ ᠶᠠᠰᠤ ᠴᠢᠨᠠᠷ ᠢ ᠦᠷᠭᠦᠯᠵᠢᠯᠡᠨ ᠪᠠᠲᠤᠯᠠᠨ᠎ᠠ᠃ ᠤᠰᠤᠨ ᠤ ᠡᠬᠢ ᠪᠠᠶᠠᠯᠢᠭ ᠤᠨ ᠬᠤᠷᠣᠭᠳᠠᠯ ᠤᠨ ᠶᠡᠷᠦᠩᠬᠡᠶ | ᠬᠡᠮᠵᠢᠶ᠎ᠡ ᠪᠠ ᠡᠷᠴᠢᠮ ᠤᠨ ᠬᠤᠣᠰ ᠡᠵᠡᠮᠳᠡᠯ ᠢ ᠴᠢᠩᠭᠠᠷᠠᠭᠤᠯᠵᠤ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ | ᠲᠠᠲᠠᠭᠰᠠᠨ ᠣᠷᠣᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠴᠢᠩᠭᠠᠳᠬᠠᠨ᠎ᠠ᠃ ᠭᠤᠣᠯ ᠮᠥᠷᠡᠨ ᠤ ᠳᠠᠷᠤᠭ᠎ᠠ ᠶᠢᠨ | ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ︽ᠳᠦᠷᠪᠡᠨ ᠰᠠᠮᠠᠭᠤᠷᠠᠯ ᠢ | ᠠᠷᠢᠯᠭᠠᠬᠤ︾ ᠲᠤᠰᠬᠠᠶ ᠠᠵᠢᠯᠯᠠᠭ᠎ᠠ ᠶᠢ ᠶᠡᠭᠡ ᠪᠠᠷ ᠥᠷᠨᠢᠭᠦᠯᠵᠦ᠂ ᠤᠰᠤᠨ ᠤ ᠠᠮᠢ ᠠᠬᠤᠶ ᠶᠢᠨ ᠣᠷᠴᠢᠨ | ᠨᠥᠬᠦᠴᠡᠯ ᠢ ᠲᠠᠰᠤᠷᠠᠯᠲᠠ ᠦᠭᠡᠢ ᠰᠠᠶᠢᠵᠢᠷᠠᠭᠤᠯᠤᠨ᠎ᠠ᠃ ᠣᠶ ᠰᠢᠭᠤᠶ ᠶᠢᠨ ᠳᠠᠷᠤᠭ᠎ᠠ ᠶᠢᠨ ᠲᠦᠷᠢᠮ ᠢ ᠪᠥᠬᠦ | ᠲᠠᠯ᠎ᠠ ᠪᠠᠷ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠣᠶᠢᠲᠤ ᠭᠠᠵᠠᠷ ᠢ ᠡᠪᠳᠡᠭᠰᠡᠨ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠨ ᠠᠵᠢᠯᠯᠠᠭ᠎ᠠ ᠶᠢ ᠲᠤᠰᠬᠠᠶᠢᠯᠠᠨ ᠴᠡᠭᠴᠡᠯᠡᠨ ᠵᠠᠰᠠᠬᠤ ᠶᠢ ᠡᠬᠢᠯᠡᠭᠦᠯᠦᠨ ᠬᠡᠷᠡᠭᠵᠢᠭᠦᠯᠵᠦ᠂ ᠨᠤᠲᠤᠭ | ᠪᠡᠯᠴᠢᠭᠡᠷ ᠤᠨ ᠣᠶᠢᠲᠤ ᠭᠠᠵᠠᠷ ᠢ ᠡᠪᠳᠡᠭᠰᠡᠨ ᠦᠢᠯᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ ᠴᠣᠬᠢᠯᠲᠠ | ᠥᠭᠬᠦ ᠡᠷᠴᠢᠮ ᠢᠶᠠᠨ ᠴᠢᠩᠭᠠᠷᠠᠭᠤᠯᠤᠨ᠎ᠠ᠃ ᠬᠥᠳᠡᠭᠡ ᠲᠣᠰᠬᠤᠨ ᠤ ᠤᠯᠠᠨ ᠡᠬᠢᠳᠤ ᠪᠣᠬᠢᠷᠲᠤᠯ ᠢ ᠵᠠᠰᠠᠬᠤ ᠠᠵᠢᠯ ᠢ | ᠦᠨᠡᠨ ᠬᠦ ᠴᠢᠩᠭᠠᠳᠬᠠᠵᠤ᠂ ᠲᠠᠷᠢᠶᠠᠨ ᠡᠮ᠂ ᠬᠢᠮᠢ ᠶᠢᠨ ᠪᠤᠷᠳᠤᠭᠤᠷ᠂ ᠲᠠᠷᠢᠶᠠᠯᠠᠩ ᠳᠤ ᠬᠡᠷᠡᠭᠯᠡᠬᠦ ᠨᠢᠮᠭᠡᠨ | ᠪᠦᠷᠬᠦᠭᠦᠯ ᠤᠨ ᠬᠡᠷᠡᠭᠯᠡᠯᠲᠡ ᠶᠢ ᠵᠢᠯᠣᠭᠤᠳᠬᠤ ᠪᠠ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠶᠢ ᠴᠢᠩᠭᠠᠳᠬᠠᠵᠤ᠂ ᠡᠰᠢ | ᠰᠦᠷᠡᠯ ᠢ ᠶᠡᠷᠦᠩᠬᠡᠶᠢᠯᠡᠨ ᠠᠰᠢᠭᠯᠠᠬᠤ ᠶᠢ ᠦᠷᠭᠦᠯᠵᠢᠯᠡᠨ ᠲᠦᠯᠬᠢᠨ ᠠᠬᠢᠭᠤᠯᠵᠤ᠂ ᠬᠥᠷᠥᠰᠥ ᠰᠢᠷᠣᠶ ᠶᠢᠨ ᠣᠷᠴᠢᠨ | ᠠᠬᠤᠶ ᠶᠢᠨ ᠶᠠᠰᠤ ᠴᠢᠨᠠᠷ ᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ | ᠨᠡᠶᠢᠭᠡᠮ ᠤᠨ ᠠᠵᠢᠯ ᠦᠢᠯᠡᠰ ᠤᠨ ᠬᠥᠭᠵᠢᠯᠲᠡ ᠶᠢ ᠪᠦᠬᠦ ᠬᠦᠴᠦᠨ ᠢᠶᠠᠷ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ | ᠦᠷᠳᠡᠭ ᠤᠨ ᠦᠵᠡᠯᠲᠡ ᠶᠢ ᠢᠳᠡᠪᠬᠢᠲᠡᠢ ᠪᠤᠶᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠵᠤ᠂ ︽ᠭᠤᠷᠪᠠᠨ ᠰᠠᠯᠵᠤ ᠴᠢᠳᠠᠬᠤ ᠦᠭᠡᠢ︾ ︽ᠲᠠᠪᠤᠨ ᠮᠡᠳᠡᠷᠡᠮᠵᠢ︾ ᠶᠢᠨ | ᠦᠵᠡᠯ ᠰᠠᠨᠠᠭ᠎ᠠ ᠶᠢ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠡᠳᠬᠢᠯ ᠳᠤ ᠬᠠᠳᠠᠩᠰᠢᠭᠤᠯᠵᠤ᠂ ᠡᠷᠬᠡ ᠲᠡᠭᠰᠢ | ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠩᠭᠤᠢ ᠨᠡᠶᠢᠭᠡᠮ ᠵᠢᠷᠤᠮ ᠤᠨ ᠦᠨᠳᠦᠰᠦᠲᠡᠨ ᠤ | ᠬᠠᠷᠢᠴᠠᠭ᠎ᠠ ᠶᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ᠃ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢᠨ | ᠲᠣᠭᠤᠷᠢᠨ ᠳᠤ᠂ ᠨᠠᠮ ᠢ ᠮᠠᠭᠲᠠᠨ ᠳᠠᠭᠤᠯᠠᠭᠰᠠᠨ᠂ ᠡᠭᠡ ᠣᠷᠣᠨ ᠢ ᠮᠠᠭᠲᠠᠨ ᠳᠠᠭᠤᠯᠠᠭᠰᠠᠨ᠂ ᠠᠷᠠᠳ ᠲᠦᠮᠡᠨ ᠢ | ᠮᠠᠭᠲᠠᠨ ᠳᠠᠭᠤᠯᠠᠭᠰᠠᠨ ᠨᠢᠭᠡ ᠪᠦᠯᠦᠭ ᠠᠩᠬᠠᠨ ᠤ ᠡᠭᠦᠳᠦᠯᠲᠡ ᠶᠢᠨ ᠰᠢᠯᠢᠳᠡᠭ ᠪᠦᠲᠦᠭᠡᠯ ᠢ ᠵᠣᠬᠢᠶᠠᠨ ᠭᠠᠷᠭᠠᠵᠤ᠂ | ᠦᠪᠡᠳᠡᠭᠰᠢ ᠶᠡᠭᠡ ᠪᠥᠭᠡᠳ ᠬᠠᠯᠠᠭᠤᠨ ᠲᠠᠢ᠂ ᠪᠣᠳᠠᠲᠠᠶ ᠶᠢ ᠡᠷᠬᠢᠮᠯᠡᠨ ᠠᠷᠪᠢᠴᠢ ᠭᠠᠮᠲᠠᠶ ᠪᠡᠯᠭᠡᠯᠡᠬᠦ | ᠠᠵᠢᠯᠯᠠᠭ᠎ᠠ ᠨᠤᠭᠤᠳ ᠢ ᠥᠷᠨᠢᠭᠦᠯᠪᠡ᠃ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ᠂ ᠰᠤᠳᠤᠯᠬᠤ᠂ | ᠠᠰᠢᠭᠯᠠᠬᠤ ᠠᠵᠢᠯ ᠢ ᠴᠢᠩᠭᠠᠳᠬᠠᠵᠤ᠂ ᠴᠢᠬᠤᠯᠠ ᠰᠣᠶᠣᠯ ᠤᠨ ᠪᠠ ᠪᠣᠳᠠᠰ ᠤᠨ ᠪᠤᠰᠤ ᠰᠣᠶᠣᠯ ᠤᠨ ᠥᠪ ᠤᠨ | ᠰᠢᠰᠲ᠋ᠧᠮᠲᠦ ᠴᠢᠨᠠᠷᠲᠠᠶ ᠬᠠᠮᠠᠭᠠᠯᠠᠯᠲᠠ ᠶᠢ ᠴᠢᠩᠭᠠᠳᠬᠠᠨ᠎ᠠ᠃ ᠨᠠᠮ ᠤᠨ ᠲᠡᠤᠬᠡ ᠶᠢᠨ ᠣᠷᠳᠣᠨ᠂ ᠨᠣᠮ ᠤᠨ ᠰᠠᠩ᠂ | ᠰᠣᠶᠣᠯ ᠤᠨ ᠡᠭᠦᠳᠦᠯᠲᠡ ᠶᠢᠨ ᠠᠵᠤ ᠦᠢᠯᠡᠰ ᠤᠨ ᠨᠡᠪᠴᠢᠭᠦᠯᠬᠦ ᠰᠠᠭᠤᠷᠢᠨ ᠭᠠᠵᠠᠷ ᠵᠡᠷᠭᠡ ᠴᠢᠳᠠᠮᠵᠢ ᠶᠢ ᠨᠢᠭᠡ | ᠴᠣᠠᠠᠴᠠᠵᠢᠭᠤᠯᠥᠠᠠᠰᠠᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠲᠥᠯᠥᠪᠵᠢᠭᠦᠯᠦᠨ ᠪᠥᠲᠥᠭᠡᠨ | ᠪᠠᠶᠢᠭᠤᠯᠬᠤ ᠶᠢ ᠡᠬᠢᠯᠡᠭᠦᠯᠵᠦ᠂ ᠬᠤᠷᠴᠢᠨ ᠲᠣᠮᠣ ᠵᠦᠴᠦᠭᠡ ᠶᠢᠨ ᠬᠦᠷᠢᠶᠡᠯᠡᠩ ᠤᠨ ᠭᠠᠳᠠᠭᠠᠳᠤ ᠳᠤ | ᠬᠤᠳᠠᠯᠳᠤᠭᠠᠴᠢᠨ ᠤᠷᠢᠬᠤ ᠠᠵᠢᠯ ᠢ ᠣᠯᠠᠨ ᠠᠷᠭ᠎ᠠ ᠵᠠᠮ ᠢᠶᠠᠷ ᠥᠷᠨᠢᠭᠦᠯᠵᠦ᠂ ᠰᠣᠶᠣᠯ ᠤᠨ ᠦᠢᠯᠡᠰ ᠬᠢᠭᠡᠳ | ᠰᠣᠶᠣᠯ ᠤᠨ ᠠᠵᠤ ᠦᠢᠯᠡᠰ ᠤᠨ ᠴᠡᠴᠡᠭᠯᠡᠨ ᠬᠥᠭᠵᠢᠬᠦ ᠶᠢ ᠠᠬᠢᠭᠤᠯᠤᠨ᠎ᠠ᠃ ᠲᠡᠮᠦᠷ ᠵᠠᠮ ᠤᠨ ᠬᠤᠶᠠᠳᠤᠭᠠᠷ ᠪᠠᠭ᠎ᠠ | ᠰᠤᠷᠭᠠᠭᠤᠯᠢ᠂ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ᠂ ᠵᠢᠷᠭᠤᠳᠤᠭᠠᠷ | ᠳᠤᠮᠳᠠᠳᠤ ᠰᠤᠷᠭᠠᠭᠤᠯᠢ ᠶᠢ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠵᠤ᠂ ᠰᠤᠷᠭᠠᠭᠤᠯᠢ ᠶᠢᠨ | ᠬᠦᠷᠢᠶᠡᠨ ᠤ ᠭᠠᠯ ᠤᠨᠲᠠᠷᠠᠭᠠᠬᠤ ᠥᠭᠡᠷᠡᠴᠢᠯᠡᠯᠲᠡ᠂ ᠤᠬᠢᠶᠠᠯᠭ᠎ᠠ ᠶᠢᠨ ᠬᠡᠷ ᠪᠡᠶ᠎ᠡ ᠶᠢᠨ ᠲᠠᠮᠢᠷ ᠤᠨ ᠲᠠᠯᠠᠪᠠᠶ ᠵᠡᠷᠭᠡ | ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠳᠥᠷᠪᠡᠳᠦᠭᠡᠷ᠂ | ᠲᠠᠪᠤᠳᠤᠭᠠᠷ ᠬᠡᠤᠬᠡᠳ ᠤᠨ ᠴᠡᠴᠡᠷᠯᠢᠭ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠣᠶᠤᠨ ᠤ ᠬᠥᠮᠦᠵᠢᠯ ᠢ | ᠪᠥᠬᠦ ᠲᠠᠯ᠎ᠠ ᠪᠠᠷ ᠴᠢᠩᠭᠠᠳᠬᠠᠨ᠂ ᠰᠤᠷᠭᠠᠭᠤᠯᠢ ᠡᠷᠭᠢᠯᠡᠬᠦ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠦᠨ᠎ᠡ᠃ | ᠢᠯᠡ ᠪᠠᠷ ᠰᠤᠷᠤᠭᠴᠢ ᠡᠯᠰᠡᠬᠦ ᠢᠵᠢ ᠪᠦᠷᠢᠳᠦᠭᠦᠯᠬᠦ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠠᠩᠬ᠎ᠠ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠬᠡᠷᠡᠭᠵᠢᠭᠦᠯᠦᠨ᠎ᠡ᠃ | ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠨᠢᠭᠡᠳᠦᠯᠲᠡᠶ ᠲᠥᠯᠥᠪᠯᠡᠨ | ᠰᠠᠶᠢᠲᠤᠷ ᠬᠢᠵᠦ᠂ ᠲᠠᠪᠤᠨ ᠬᠥᠮᠦᠵᠢᠯ ᠢ ᠠᠭᠤᠰᠤᠯᠴᠠᠭᠤᠯᠤᠭᠰᠠᠨ ᠪᠥᠬᠦ ᠲᠠᠯ᠎ᠠ ᠪᠠᠷ ᠬᠥᠮᠦᠵᠢᠭᠦᠯᠬᠦ ᠰᠢᠰᠲ᠋ᠧᠮᠵᠢ ᠶᠢ | ᠲᠦᠷᠭᠡᠳᠬᠡᠨ ᠪᠠᠶᠢᠭᠤᠯᠵᠤ᠂ ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ | ᠪᠡᠶ᠎ᠡ ᠶᠢᠨ ᠲᠠᠮᠢᠷ ᠤᠨ ᠦᠢᠯᠡᠰ ᠢ ᠶᠡᠬᠡᠪᠡᠷ ᠬᠥᠭᠵᠢᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠤᠨ | ᠠᠰᠢᠭᠯᠠᠯᠲᠠ ᠳᠤ ᠣᠷᠣᠬᠤ ᠶᠢ ᠦᠨᠡᠨᠬᠦ ᠪᠠᠲᠤᠯᠠᠵᠤ᠂ ᠠᠩᠬᠠᠳᠤᠭᠠᠷ ᠬᠤᠭᠤᠴᠠᠭᠠᠨ ᠤ ︽ᠯᠢᠶᠣᠤ ᠾᠧ ᠬᠤᠨᠳᠠᠭᠠᠲᠤ | ︾ ᠪᠡᠶ᠎ᠡ ᠶᠢᠨ ᠲᠠᠮᠢᠷ ᠤᠨ ᠶᠡᠭᠡ ᠬᠤᠷᠠᠯ ᠢ ᠡᠷᠭᠢᠯᠡᠨ᠎ᠡ᠃ ᠬᠢᠲᠠᠳ ᠡᠮᠨᠡᠯᠭᠡ ᠶᠢᠨ ᠬᠤᠷᠢᠶᠠᠨ ᠤ ᠡᠪᠡᠳᠴᠢᠲᠡᠨ ᠤ | ᠦᠷᠦᠭᠡ ᠶᠢᠨ ᠶᠡᠷᠦᠩᠬᠡᠶᠢᠯᠡᠭᠰᠡᠨ ᠠᠰᠠᠷ ᠵᠡᠷᠭᠡ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠵᠦᠢᠯᠡᠰ ᠢ | ᠠᠰᠢᠭᠯᠠᠯᠲᠠ ᠳᠤ ᠣᠷᠣᠭᠤᠯᠬᠤ ᠶᠢ ᠦᠨᠡᠨ ᠬᠦ ᠪᠠᠲᠤᠯᠠᠵᠤ᠂ ᠡᠪᠡᠳᠴᠢᠨ ᠡᠮᠭᠡᠭ ᠢ ᠬᠢᠵᠠᠭᠠᠷᠯᠠᠬᠤ᠂ ᠬᠢᠨᠠᠯᠲᠠ | ᠲᠠᠯᠪᠢᠬᠤ ᠵᠡᠷᠭᠡ ᠰᠠᠭᠤᠷᠢ ᠲᠥᠬᠦᠭᠡᠷᠦᠮᠵᠢ ᠶᠢᠨ ᠨᠥᠬᠦᠴᠡᠯ ᠢ ᠬᠦᠴᠦᠯᠡᠨ ᠰᠠᠶᠢᠵᠢᠷᠠᠭᠤᠯᠤᠨ᠎ᠠ᠃ ᠬᠢᠵᠢᠭ ᠤᠨ | ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠩᠭᠤ ᠶᠢᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ | ᠭᠤᠣᠯᠳᠠᠯᠭ᠎ᠠ ᠲᠠᠢ ᠲᠠᠯᠠᠪᠤᠷ ᠭᠠᠵᠠᠷ᠂ ᠭᠤᠣᠯᠳᠠᠯᠭ᠎ᠠ ᠲᠠᠢ ᠨᠢᠭᠡᠴᠢ᠂ ᠭᠤᠣᠯᠳᠠᠯᠭ᠎ᠠ ᠲᠠᠢ ᠬᠥᠮᠦᠰ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠢ ᠴᠢᠩᠭᠠᠳᠬᠠᠵᠤ᠂ ᠪᠦᠬᠦ ᠨᠡᠶᠢᠭᠡᠮ ᠤᠨ ᠬᠢᠵᠢᠭ ᠢ ᠰᠡᠷᠭᠡᠶᠢᠯᠡᠬᠦ ᠤᠬᠠᠮᠰᠠᠷ | ᠪᠠ ᠬᠢᠵᠢᠭ ᠢ ᠰᠡᠷᠭᠡᠶᠢᠯᠡᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠦᠨ᠎ᠡ᠃ | ᠠᠷᠠᠳ ᠤᠨ ᠠᠮᠢᠳᠤᠷᠠᠯ ᠢ ᠪᠠᠲᠤᠯᠠᠬᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ ᠠᠳᠠᠯ | ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ | ᠲᠠᠰ ᠤᠨ ᠠᠳᠠᠯ ᠦᠢᠯᠡᠰ ᠴᠣᠭᠴᠠᠯᠠᠬᠤ ᠶᠢᠨ ᠨᠡᠪᠴᠢᠭᠦᠯᠬᠦ ᠰᠠᠭᠤᠷᠢᠨ ᠭᠠᠵᠠᠷ ᠪᠠ ᠬᠤᠲᠠ ᠶᠢᠨ ᠲᠠᠰ ᠤᠨ ᠵᠢᠱᠢᠶ᠎ᠡ | ᠦᠵᠡᠭᠦᠯᠬᠦ ᠴᠢᠨᠠᠷᠲᠠᠶ ᠬᠦᠷᠢᠶᠡᠯᠡᠩ ᠲᠣᠭᠤᠷᠢᠭ ᠢ ᠢᠳᠡᠪᠬᠢᠲᠡᠶ ᠪᠠᠷ ᠪᠣᠶ ᠪᠣᠯᠭᠠᠵᠤ᠂ ᠳᠡᠭᠡᠳᠦ ᠰᠤᠷᠭᠠᠭᠤᠯᠢ | ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ ᠵᠡᠷᠭᠡ ᠭᠤᠤᠯᠳᠠᠯᠭ᠎ᠠ ᠲᠠᠢ ᠬᠠᠮᠲᠤᠯᠢᠭ ᠤᠨ ᠠᠵᠢᠯ ᠣᠯᠵᠤ ᠠᠳᠠᠯ | ᠦᠢᠯᠡᠰ ᠴᠣᠭᠴᠠᠯᠠᠬᠤ ᠶᠢ ᠳᠥᠯᠭᠢᠨ ᠠᠬᠢᠭᠤᠯᠵᠤ᠂ ᠪᠥᠬᠦ ᠵᠢᠯ ᠳᠤ ᠬᠤᠲᠠ ᠪᠠᠯᠭᠠᠰᠤ ᠶᠢᠨ 5000 ᠬᠥᠮᠦᠨ ᠳᠤ | ᠰᠢᠨ᠎ᠡ ᠪᠠᠷ ᠠᠵᠢᠯ ᠣᠯᠭᠤᠪᠠ᠃ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ | ᠬᠤᠶᠢᠭ ᠵᠡᠷᠭᠡ ᠭᠠᠵᠠᠷ ᠣᠷᠣᠨ ᠯᠤᠭ᠎ᠠ ᠶᠢᠨ ᠬᠥᠳᠡᠯᠮᠦᠷᠢ ᠬᠦᠴᠦᠨ ᠤ ᠭᠠᠷᠭᠠᠯᠭ᠎ᠠ ᠶᠢᠨ ᠬᠠᠮᠲᠤᠷᠠᠯᠴᠠᠭ᠎ᠠ ᠶᠢ ᠪᠥᠬᠦ | ᠲᠠᠯ᠎ᠠ ᠪᠠᠷ ᠴᠢᠩᠭᠠᠳᠬᠠᠵᠤ᠂ ᠵᠣᠬᠢᠶᠠᠨ ᠪᠠᠶᠢᠭᠤᠯᠤᠯᠴᠠᠭᠰᠠᠨ᠂ ᠬᠡᠪᠴᠢᠶᠡᠵᠢᠭᠦᠯᠦᠭᠰᠡᠨ ᠭᠠᠷᠭᠠᠯᠭ᠎ᠠ ᠶᠢ ᠠᠬᠢᠭᠤᠯᠤᠨ᠂ | ᠥᠪᠡᠷᠮᠢᠴᠡ ᠣᠨᠴᠠᠯᠢᠭ ᠲᠠᠢ ᠬᠥᠳᠡᠯᠮᠦᠷᠢ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠨᠠᠷᠢᠨ ᠨᠢᠮᠪᠠᠶ ᠪᠣᠶ | ᠪᠣᠯᠭᠠᠵᠤ᠂ ᠮᠠᠯᠴᠢᠨ ᠲᠠᠷᠢᠶᠠᠴᠢᠨ ᠤ 8.5 ᠲᠦᠮᠡᠨ ᠬᠥᠮᠦᠨ ᠢ ᠰᠢᠯᠵᠢᠭᠦᠯᠦᠨ ᠠᠵᠢᠯ ᠣᠯᠭᠤᠬᠤ ᠶᠢ ᠳᠥᠯᠭᠢᠨ | ᠠᠬᠢᠭᠤᠯᠵᠤ᠂ 20 ᠳ᠋ᠦᠩᠰᠢᠭᠤᠷ ᠲᠥᠭᠦᠷᠢᠭ ᠤᠨ ᠣᠷᠣᠯᠭ᠎ᠠ ᠨᠡᠮᠡᠭᠳᠡᠪᠡ᠃ ︽ᠢᠨᠲ᠋ᠤᠷ ᠰᠦᠯᠵᠢᠶ᠎ᠡ + ᠡᠮᠴᠢᠯᠡᠭᠡ︾ | ︽ᠢᠨᠲ᠋ᠤᠷ ᠰᠦᠯᠵᠢᠶ᠎ᠡ + ᠭᠠᠷᠲᠠᠨ ᠭᠦᠢᠴᠡᠳᠭᠡᠬᠦ︾ ᠵᠡᠷᠭᠡ ᠣᠶᠤᠨᠴᠢᠯᠠᠭᠰᠠᠨ ᠵᠠᠭᠪᠤᠷ ᠢ ᠰᠦᠪᠡᠭᠴᠢᠯᠡᠨ | ᠬᠡᠷᠡᠭᠵᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠳᠥᠭᠦᠮᠴᠢᠯᠡᠯᠲᠡ ᠶᠢᠨ ᠬᠡᠮᠵᠢᠶ᠎ᠡ ᠶᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠎ᠡ᠃ ᠨᠡᠶᠢᠭᠡᠮ ᠲᠣᠭᠤᠷᠢᠭ ᠤᠨ ᠬᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ | ᠦᠢᠯᠡᠴᠢᠯᠡᠭᠡᠨ ᠤ ᠲᠤᠷᠰᠢᠯᠲᠠ ᠶᠢ ᠯᠠᠪᠳᠠᠭᠤᠨ ᠢᠶᠠᠷ ᠬᠡᠷᠡᠭᠵᠢᠭᠦᠯᠵᠦ᠂ ᠬᠡᠷ ᠪᠦᠯᠢ ᠶᠢᠨ ᠡᠪᠡᠳᠴᠢᠲᠡᠨ ᠤ ᠣᠷᠣ ᠶᠢ | ᠶᠡᠬᠡᠪᠡᠷ ᠬᠥᠭᠵᠢᠭᠦᠯᠦᠨ᠂ ᠨᠠᠰᠤᠵᠢᠯ ᠤᠨ ᠦᠢᠯᠡᠴᠢᠯᠡᠭᠡᠨ ᠤ ᠲᠤᠰᠬᠠᠶᠢᠵᠢᠭᠰᠠᠨ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠵᠤ᠂ ᠡᠮᠨᠡᠬᠦ ᠠᠰᠠᠷᠠᠬᠤ ᠶᠢ ᠤᠶᠠᠯᠳᠤᠭᠤᠯᠤᠭᠰᠠᠨ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢ | ᠪᠦᠷᠢᠨᠰᠢᠬᠦᠯᠵᠦ᠂ ᠨᠠᠰᠤᠲᠠᠶᠢᠴᠤᠳ ᠢ ︽ᠥᠲᠡᠯᠪᠡᠯ ᠭᠥᠷᠳᠡᠬᠦ ᠠᠰᠠᠷᠠᠮᠵᠢ ᠲᠠᠢ︾ ᠪᠠᠶᠢᠭᠰᠠᠨ ᠠᠴᠠ ︽ᠥᠲᠡᠯᠪᠡᠯ | ᠭᠥᠷᠳᠡᠬᠦ ᠠᠰᠠᠷᠠᠮᠵᠢ ᠲᠠᠢ︾ ᠪᠤᠯᠭᠠᠨ᠎ᠠ᠃ | ︵ᠵᠢᠷᠭᠤᠭ᠎ᠠ︶ ᠲᠦᠭᠰᠢᠭᠦᠷᠢ ᠶᠢᠨ ᠤᠬᠠᠮᠰᠠᠷ᠂ ᠬᠤᠷᠢᠭ᠎ᠠ ᠱᠤᠭᠤᠮ ᠤᠨ ᠰᠡᠳᠬᠢᠬᠦᠶ ᠶᠢ ᠪᠠᠷᠢᠮᠲᠠᠯᠠᠵᠤ᠂ | ᠲᠦᠭᠰᠢᠭᠦᠷᠢ ᠶᠢᠨ ᠬᠡᠮ ᠰᠣᠭᠤᠭ ᠢ ᠰᠡᠷᠭᠡᠶᠢᠯᠡᠨ ᠠᠷᠢᠯᠭᠠᠬᠤ ᠲᠠᠯ᠎ᠠ ᠪᠠᠷ ᠪᠥᠬᠦ ᠬᠦᠴᠦᠨ ᠢᠶᠠᠷ ᠢᠶᠠᠨ ᠪᠣᠭᠤᠮᠲᠠ | ᠰᠢᠪᠲᠤᠯᠪᠠ᠃ ᠬᠤᠶᠢᠰᠢᠳᠠ ᠶᠢᠨ ᠨᠢᠭᠡ ᠬᠤᠭᠤᠴᠠᠭᠠᠨ ᠳᠤ᠂ ᠬᠥᠭᠵᠢᠯᠲᠡ ᠶᠢ ᠲᠦᠯᠬᠢᠨ ᠠᠬᠢᠭᠤᠯᠬᠤ ᠳᠤ | ᠲᠤᠯᠭᠠᠷᠠᠬᠤ ᠳᠣᠲᠣᠭᠠᠳᠤ ᠭᠠᠳᠠᠭᠠᠳᠤ ᠣᠷᠴᠢᠨ ᠨᠥᠬᠦᠴᠡᠯ ᠨᠡᠩ ᠨᠠᠷᠢᠨ ᠪᠤᠳᠤᠯᠢᠶᠠᠨᠲᠠᠶ ᠪᠥᠭᠡᠳ ᠬᠦᠨᠳᠦ ᠬᠡᠴᠡᠭᠦᠦ | ᠪᠤᠯᠵᠤ᠂ ᠠᠵᠤ ᠠᠬᠤᠶ ᠨᠡᠶᠢᠭᠡᠮ ᠤᠨ ᠡᠯ᠎ᠡ ᠲᠦᠷᠦᠯ ᠤᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠡᠭᠦᠷᠭᠡ | ᠴᠦ ᠨᠡᠩ ᠨᠦᠰᠡᠷ ᠬᠦᠨᠳᠦ ᠪᠡᠷᠬᠡ ᠬᠠᠲᠠᠭᠤᠵᠢᠯᠲᠠᠶ ᠪᠣᠯᠬᠤ ᠤᠴᠢᠷ ᠠᠴᠠ ᠡᠷᠬᠡᠪᠰᠢ ᠮᠠᠰᠢ ᠴᠢᠩᠭ᠎ᠠ ᠰᠠᠨᠠᠭᠠᠰᠢᠷᠠᠨ | ᠵᠣᠪᠠᠨᠢᠬᠤ ᠤᠬᠠᠮᠰᠠᠷ ᠲᠠᠢ ᠪᠠᠶᠢᠵᠤ᠂ ᠡᠯ᠎ᠡ ᠵᠦᠢᠯ ᠤᠨ ᠠᠶᠤᠯ ᠲᠦᠭᠰᠢᠭᠦᠷᠢ ᠶᠢᠨ ᠲᠠᠯᠳᠠ ᠭᠡᠮ ᠢ ᠣᠨᠣᠪᠴᠢᠲᠠᠶ | ᠡᠵᠡᠮᠳᠡᠵᠦ᠂ ᠪᠦᠲᠦᠮᠵᠢᠲᠡᠶ ᠪᠠᠷ ᠠᠷᠭᠠᠴᠠᠵᠤ᠂ ᠬᠦᠴᠦᠯᠡᠨ ᠰᠡᠷᠭᠡᠶᠢᠯᠡᠨ ᠠᠷᠢᠯᠭᠠᠬᠤ ᠬᠡᠷᠡᠭᠲᠡᠶ᠃ | ᠥᠷᠢ ᠥᠭᠴᠡᠭᠡ ᠶᠢᠨ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠨ ᠠᠷᠢᠯᠭᠠᠨ᠎ᠠ᠃ | ᠠᠳᠠᠯᠢ ᠪᠤᠰᠤ ᠥᠷᠢ ᠥᠭᠴᠡᠭᠡ ᠶᠢᠨ ᠲᠥᠷᠥᠯ ᠬᠡᠯᠪᠡᠷᠢ ᠳᠤ ᠴᠢᠭᠯᠡᠭᠦᠯᠦᠨ᠂ ᠲᠥᠰᠦᠪ ᠢ ᠳᠣᠭᠢᠷᠠᠭᠤᠯᠬᠤ᠂ ᠭᠠᠵᠠᠷ | ᠰᠢᠷᠣᠶ ᠶᠢ ᠰᠢᠯᠵᠢᠭᠦᠯᠦᠨ ᠬᠤᠳᠠᠯᠳᠤᠬᠤ᠂ ᠡᠳ᠋ ᠬᠥᠷᠥᠩᠭᠡ ᠶᠢ ᠰᠢᠢᠳᠪᠦᠷᠢᠯᠡᠬᠦ ᠵᠡᠷᠭᠡ ᠣᠯᠠᠨ ᠵᠦᠢᠯ ᠤᠨ ᠠᠷᠭ᠎ᠠ | ᠮᠠᠶ᠋ᠢᠭ ᠢ ᠠᠪᠴᠤ᠂ ᠦᠨ᠎ᠡ ᠪᠠᠭᠤᠷᠠᠭᠤᠯᠤᠨ ᠬᠤᠳᠠᠯᠳᠤᠨ ᠠᠪᠴᠤ ᠥᠷᠢ ᠥᠭᠴᠡᠭᠡ ᠶᠢ ᠬᠤᠪᠢᠷᠠᠭᠤᠯᠬᠤ᠂ | ᠬᠤᠷᠢᠶᠠᠪᠠᠰᠤ ᠵᠣᠬᠢᠬᠤ ᠲᠠᠩᠰᠠᠨ ᠵᠣᠭᠤᠰ ᠠᠪᠴᠠᠭᠠᠨ ᠤ ᠭᠡᠷᠡᠴᠢ ᠪᠠᠷᠢᠮᠲᠠ ᠶᠢ ᠡᠷᠭᠢᠯᠳᠦᠭᠦᠯᠬᠦ ᠵᠡᠷᠭᠡ ᠵᠠᠭᠪᠤᠷ ᠢ | ᠭᠦᠢᠴᠡᠳ ᠬᠡᠷᠡᠭᠯᠡᠨ᠂ ᠵᠠᠰᠠᠭ ᠤᠨ ᠣᠷᠳᠣᠨ ᠤ ᠥᠷᠢ ᠥᠭᠴᠡᠭᠡ ᠶᠢ ᠡᠮᠬᠢ ᠵᠢᠷᠤᠮ ᠲᠠᠢ ᠠᠷᠢᠯᠭᠠᠨ᠎ᠠ᠃ | ᠬᠥᠭᠵᠢᠯᠲᠡ ᠶᠢᠨ ᠳᠠᠯᠳᠠ ᠬᠦᠴᠦᠨ᠂ ᠡᠳ᠋ ᠤᠨ ᠬᠦᠴᠦᠨ ᠤ ᠪᠠᠶᠢᠳᠠᠯ᠂ ᠥᠷᠢ ᠥᠭᠴᠡᠭᠡ ᠶᠢᠨ ᠪᠣᠶ ᠪᠣᠯᠤᠭᠰᠠᠨ | ᠰᠢᠯᠲᠠᠭᠠᠨ ᠵᠡᠷᠭᠡ ᠶᠡᠷᠦᠩᠬᠡᠶᠢᠯᠡᠭᠰᠡᠨ ᠬᠦᠴᠦᠨ ᠵᠦᠢᠯ ᠢ ᠵᠠᠳᠠᠯᠤᠨ ᠰᠤᠳᠤᠯᠤᠨ ᠮᠠᠭᠠᠳᠯᠠᠵᠤ᠂ ᠲᠤᠬᠠᠶ ᠶᠢᠨ ᠭᠠᠵᠠᠷ | ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠥᠷᠢ ᠥᠭᠴᠡᠭᠡ ᠶᠢᠨ ᠪᠠᠶᠢᠳᠠᠯ ᠳᠤᠨᠢ ᠲᠣᠬᠢᠷᠠᠭᠤᠯᠤᠨ ᠠᠷᠭ᠎ᠠ | ᠪᠣᠳᠣᠯᠭ᠎ᠠ ᠬᠡᠷᠡᠭᠵᠢᠭᠦᠯᠵᠦ᠂ ᠥᠷᠢ ᠥᠭᠴᠡᠭᠡ ᠶᠢᠨ ᠪᠦᠲᠦᠴᠡ ᠶᠢ ᠦᠨᠡᠨᠬᠦ ᠰᠢᠯᠢᠳᠡᠭᠵᠢᠭᠦᠯᠦᠨ᠎ᠡ᠃ | ᠬᠠᠷᠢᠭᠤᠴᠠᠯᠭ᠎ᠠ ᠶᠢ ᠢᠯᠭᠠᠨ ᠲᠣᠳᠣᠷᠬᠠᠶᠢᠯᠠᠵᠤ᠂ ᠬᠠᠷᠠᠯᠲᠠ ᠪᠠᠨ ᠨᠠᠷᠢᠯᠢᠬᠵᠢᠭᠤᠯᠤᠨ᠂ ᠵᠠᠰᠠᠭ ᠤᠨ ᠣᠷᠳᠣᠨ ᠤ | ᠥᠷᠢ ᠥᠭᠴᠡᠭᠡ ᠶᠢᠨ ᠬᠠᠷᠢᠭᠤᠴᠠᠯᠭ᠎ᠠ ᠶᠢᠨ ᠭᠤᠤᠯ ᠴᠣᠭᠴᠠ ᠶᠢᠨ ᠬᠠᠷᠢᠴᠠᠭ᠎ᠠ ᠶᠢ ᠲᠣᠳᠣᠷᠬᠠᠶᠢᠯᠠᠵᠤ᠂ ᠥᠷᠢ | ᠥᠭᠴᠡᠭᠡ ᠶᠢ ᠣᠷᠣᠭᠤᠯᠬᠤ ᠶᠢ ᠴᠢᠩᠭ᠎ᠠ ᠡᠵᠡᠮᠳᠡᠨ᠎ᠡ᠃ ᠲᠦᠷᠦᠯ ᠵᠦᠢᠯ ᠪᠠᠶᠢᠭᠤᠯᠬᠤ ᠶᠢ ᠬᠢᠨᠠᠨ ᠵᠥᠪᠰᠢᠶᠡᠷᠡᠬᠦ | ᠬᠠᠮᠢᠶᠠᠷᠤᠯᠲᠠ ᠶᠢ ᠴᠢᠩᠭᠠᠳᠬᠠᠵᠤ᠂ ᠬᠡᠳᠦ ᠤᠷᠢᠳᠴᠢᠯᠠᠭᠰᠠᠨ᠂ ᠰᠣᠬᠤᠷ ᠪᠠᠯᠠᠶ ᠪᠠᠷ ᠥᠷᠢ ᠲᠠᠯᠪᠢᠭᠰᠠᠨ ᠲᠦᠷᠦᠯ | ᠵᠦᠢᠯ ᠢ ᠡᠷᠡᠰ ᠢᠶᠠᠷ ᠵᠣᠭᠰᠣᠭᠠᠨ᠎ᠠ᠃ ᠵᠠᠰᠠᠭ ᠤᠨ ᠣᠷᠳᠣᠨ ᠲᠦᠷᠦᠭᠦᠯᠡᠨ ︽ᠠᠷᠪᠢᠯᠠᠨ ᠭᠠᠮᠨᠠᠬᠤ︾ ᠦᠵᠡᠯ | ᠰᠠᠨᠠᠭ᠎ᠠ ᠶᠢ ᠪᠤᠢ ᠪᠣᠯᠭᠠᠬᠤ ᠶᠢ ᠪᠠᠷᠢᠮᠲᠠᠯᠠᠵᠤ᠂ ᠡᠩ ᠤᠨ ᠴᠢᠨᠠᠷᠲᠠᠶ ᠵᠠᠷᠤᠯᠭ᠎ᠠ ᠪᠠ ᠭᠤᠷᠪᠠᠨ ᠵᠦᠢᠯ ᠤᠨ ᠠᠯᠪᠠᠨ ᠤ | ᠵᠠᠷᠤᠳᠠᠯ ᠢ ᠴᠢᠩᠭ᠎ᠠ ᠬᠢᠵᠠᠭᠠᠷᠯᠠᠵᠤ᠂ ᠪᠠᠭᠠᠰᠬᠠᠬᠤ ᠠᠴᠠ ᠪᠢᠰᠢ ᠨᠡᠮᠡᠭᠳᠡᠭᠦᠯᠬᠦ ᠦᠭᠡᠢ ᠪᠠᠶᠢᠬᠤ ᠶᠢ ᠦᠨᠡᠨ ᠬᠦ | ᠪᠠᠲᠤᠯᠠᠨ᠎ᠠ᠃ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ᠂ ᠤᠷᠢᠳᠴᠢᠯᠠᠨ | ᠰᠡᠷᠡᠮᠵᠢᠯᠡᠭᠦᠯᠬᠦ᠂ ᠰᠢᠢᠳᠪᠦᠷᠢᠯᠡᠬᠦ᠂ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠤᠨ ᠰᠢᠰᠲ᠋ᠧᠮ ᠢ ᠪᠦᠷᠢᠨᠰᠢᠬᠦᠯᠵᠤ᠂ | ᠮᠥᠩᠭᠦᠨ ᠭᠦᠢᠯᠭᠡᠭᠡᠨ ᠤ ᠠᠮᠢ ᠠᠬᠤᠶ ᠶᠢᠨ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ | ᠰᠢᠰᠲ᠋ᠧᠮ ᠤᠨ ᠴᠢᠨᠠᠷᠲᠠᠶ᠂ ᠣᠷᠣᠨ ᠪᠦᠰᠡ ᠶᠢᠨ ᠴᠢᠨᠠᠷᠲᠠᠶ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢᠨ | ᠬᠢᠵᠠᠭᠠᠷ ᠱᠤᠭᠤᠮ ᠢ ᠪᠠᠲᠤ ᠰᠠᠬᠢᠨ᠎ᠠ᠃ | ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠦᠨ᠎ᠡ᠃ ᠢᠯᠡ ᠲᠣᠳᠣ ᠴᠠᠭ ᠦᠶ᠎ᠡ ᠶᠢᠨ | ᠣᠨᠴᠠᠯᠢᠭ ᠲᠠᠢ᠂ ᠬᠤᠲᠠ ᠶᠢᠨ ᠬᠡᠪᠴᠢᠶᠡᠨ ᠤ ᠥᠪᠡᠷᠮᠢᠴᠡ ᠴᠢᠨᠠᠷ ᠢ ᠢᠯᠡᠷᠡᠭᠦᠯᠦᠭᠰᠡᠨ ᠨᠡᠶᠢᠭᠡᠮ ᠤᠨ ᠵᠠᠰᠠᠯᠲᠠ ᠶᠢᠨ | ᠰᠢᠨ᠎ᠡ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ︽ᠴᠢᠬᠡᠴᠢ ᠰᠤᠷᠲᠠᠯ ᠢᠶᠠᠷ ᠬᠥᠲᠥᠯᠦᠨ ᠳᠠᠭᠠᠭᠤᠯᠬᠤ︾ | ᠪᠠᠷ ᠨᠡᠶᠢᠭᠡᠮ ᠤᠨ ᠵᠠᠰᠠᠯᠲᠠ ᠶᠢᠨ ᠲᠡᠷᠢᠭᠦᠨ ᠤ ᠬᠢ ᠶᠢ ᠲᠡᠮᠡᠴᠡᠨ ᠰᠢᠯᠢᠳᠡᠭ ᠪᠣᠯᠬᠤ ᠪᠠᠷ ᠴᠢᠷᠮᠠᠶᠢᠬᠤ ᠶᠢ | ᠠᠬᠢᠭᠤᠯᠤᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠤᠷᠳᠤ ᠬᠤᠭᠤᠴᠠᠭᠠᠨ ᠤ ᠪᠦᠲᠦᠮᠵᠢᠲᠡᠢ | ᠲᠣᠭᠲᠠᠴᠠ ᠶᠢᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠲᠤᠰᠬᠠᠢ ᠲᠡᠮᠡᠴᠡᠯ ᠤᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠨ᠎ᠡ᠃ ᠪᠣᠰᠤᠭ᠎ᠠ ᠴᠣᠭᠴᠠᠲᠤ ᠤᠶᠤᠨᠴᠢᠯᠠᠭᠰᠠᠨ ᠨᠡᠶᠢᠭᠡᠮ ᠤᠨ ᠠᠮᠤᠷ ᠲᠦᠪᠰᠢᠨ ᠤ | ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ᠬᠥᠳᠡᠯᠦᠩᠭᠦᠶ ᠣᠷᠴᠢᠨ | ᠨᠥᠬᠦᠴᠡᠯ ᠳᠣᠣᠷᠠᠬᠢ ᠨᠡᠶᠢᠭᠡᠮ ᠤᠨ ᠠᠮᠤᠷ ᠲᠦᠪᠰᠢᠨ ᠢ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠨ ᠡᠵᠡᠮᠳᠡᠬᠦ | ᠬᠦᠴᠦᠨ ᠢ ᠳᠡᠭᠡᠭᠰᠢᠯᠡᠭᠦᠯᠦᠨ᠎ᠡ᠃ ᠭᠠᠵᠠᠷ ᠰᠢᠷᠣᠶ ᠶᠢ ᠲᠠᠲᠠᠪᠤᠷᠢᠯᠠᠨ ᠬᠡᠷᠡᠭᠯᠡᠬᠦ᠂ ᠭᠡᠷ ᠪᠠᠶᠢᠰᠢᠩ ᠢ ᠲᠠᠲᠠᠪᠤᠷᠢᠯᠠᠨ | ᠨᠤᠷᠠᠭᠠᠬᠤ᠂ ᠬᠠᠤᠯᠢ ᠴᠠᠭᠠᠵᠠ ᠳᠤ ᠬᠤᠯᠪᠣᠭᠳᠠᠬᠤ ᠪᠠ ᠵᠠᠷᠭᠤ ᠳᠤ ᠬᠤᠯᠪᠣᠭᠳᠠᠬᠤ ᠵᠡᠷᠭᠡ ᠭᠤᠣᠯᠳᠠᠯᠭ᠎ᠠ ᠲᠠᠢ | ᠬᠦᠷᠢᠶᠡᠨ ᠳᠠᠬᠢ ᠵᠥᠷᠢᠴᠡᠯ ᠤᠨ ᠲᠠᠯᠳᠠ ᠭᠡᠮ ᠢ ᠭᠦᠨᠵᠡᠭᠡᠶ ᠳᠠᠷᠠᠭᠠᠯᠠᠨ ᠪᠠᠶᠢᠴᠠᠭᠠᠨ ᠠᠷᠢᠯᠭᠠᠵᠤ᠂ ᠳᠠᠪᠲᠠᠨ | ᠰᠤᠷᠪᠤᠯᠵᠢᠯᠠᠬᠤ ᠶᠢ ᠵᠠᠰᠠᠬᠤ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠠᠷᠢᠯᠭᠠᠬᠤ ᠲᠤᠰᠬᠠᠶ | ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ᠂ | ᠡᠯ᠎ᠡ ᠱᠠᠲᠤᠨ ᠤ ︽ᠬᠤᠶᠠᠷ ᠬᠤᠷᠠᠯ︾ ᠵᠡᠷᠭᠡ ᠴᠢᠬᠤᠯᠠ ᠵᠠᠩᠭᠢᠯᠠᠭ᠎ᠠ ᠶᠢᠨ ᠴᠡᠭ ᠲᠤ ᠰᠤᠷᠪᠤᠯᠵᠢᠯᠠᠬᠤ ᠦᠭᠡᠢ | ᠪᠠᠶᠢᠬᠤ ᠶᠢ ᠡᠷᠡᠰ ᠪᠠᠳᠤᠯᠠᠨ᠎ᠠ᠃ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠪᠣᠯᠤᠨ ᠪᠠᠴᠢᠮ ᠪᠠᠶᠢᠳᠠᠯ ᠢ | ᠠᠷᠭᠠᠴᠠᠬᠤ ᠴᠢᠳᠠᠪᠤᠷᠢ ᠶᠢᠨ ᠪᠠᠶᠢᠭᠤᠯᠤᠯᠲᠠ ᠶᠢ ᠬᠦᠴᠦᠯᠡᠨ ᠴᠢᠩᠭᠠᠷᠠᠭᠤᠯᠵᠤ᠂ ᠬᠤᠷᠴᠢᠨ ᠤ ᠪᠠᠴᠢᠮ ᠪᠠᠶᠢᠳᠠᠯ ᠢ | ᠠᠷᠭᠠᠴᠠᠵᠤ ᠠᠪᠤᠷᠠᠨ ᠲᠤᠰᠠᠯᠠᠬᠤ ︽4321︾ ᠰᠢᠰᠲ᠋ᠧᠮ ᠢ ᠰᠦᠪᠡᠭᠴᠢᠯᠡᠨ ᠪᠠᠶᠢᠭᠤᠯᠵᠤ᠂ ᠠᠶᠤᠯ ᠥᠭᠡᠢ | ᠦᠢᠯᠡᠳᠪᠦᠷᠢᠯᠡᠯ ᠤᠨ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ | ᠪᠠᠲᠤᠲᠠᠶ ᠲᠥᠯᠬᠢᠨ ᠠᠬᠢᠭᠤᠯᠵᠤ᠂ ᠢᠳᠡᠭᠡᠨ ᠪᠠ ᠡᠮ ᠤᠨ ᠵᠦᠢᠯ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ᠂ | ᠵᠠᠮ ᠬᠠᠷᠢᠯᠴᠠᠭ᠎ᠠ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠤ ᠲᠤᠰᠬᠠᠶ ᠵᠦᠢᠯ ᠢᠶᠠᠷ ᠴᠡᠭᠴᠡᠯᠡᠨ | ᠵᠠᠰᠠᠬᠤ ᠶᠢ ᠦᠷᠭᠦᠯᠵᠢᠯᠡᠨ ᠴᠢᠩᠭᠠᠳᠬᠠᠵᠤ᠂ ᠬᠦᠨᠳᠦ ᠣᠨᠴᠠ ᠶᠡᠭᠡ ᠡ᠊ᠨᠳᠡᠯ ᠭᠠᠷᠬᠤ ᠶᠢ ᠰᠡᠷᠡᠮᠵᠢᠯᠡᠨ᠎ᠡ᠃ | ᠳᠥᠷᠪᠡ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠎ᠠ | ᠰᠢᠨ᠎ᠡ ᠲᠠᠪᠤᠨ ᠵᠢᠯ ᠳᠤ᠂ ᠪᠢᠳᠡ ᠠᠵᠢᠯ ᠤᠨ ᠰᠤᠷᠲᠠᠯ ᠢᠶᠠᠨ ᠬᠤᠪᠢᠷᠠᠭᠤᠯᠬᠤ ᠶᠢ ᠤᠷᠳᠤ ᠬᠤᠭᠤᠴᠠᠭ᠎ᠠ ᠪᠠᠷ | ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ᠠᠵᠢᠯ ᠶᠠᠪᠤᠳᠠᠯ ᠬᠢᠵᠦ ᠬᠥᠭᠵᠢᠯᠲᠡ ᠶᠢ ᠡᠷᠢᠯᠬᠢᠯᠡᠵᠦ᠂ | ᠨᠠᠶᠢᠳᠠᠪᠤᠷᠢᠵᠢᠭᠤᠯᠤᠯᠲᠠ ᠶᠢ ᠴᠥᠬᠦᠷᠡᠰᠢ ᠦᠭᠡᠢ ᠠᠳᠬᠤᠵᠤ᠂ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮ | ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠦᠷᠭᠡᠪᠴᠢᠯᠡᠨ ᠠᠬᠢᠭᠤᠯᠵᠤ᠂ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠨ ᠠᠷᠠᠳ ᠲᠦᠮᠡᠨ ᠤ ᠰᠡᠳᠬᠢᠯ ᠬᠠᠨᠤᠮᠵᠢᠲᠠᠢ ᠵᠠᠰᠠᠭ ᠤᠨ ᠣᠷᠳᠣᠨ ᠢ | ᠪᠠᠶᠢᠭᠤᠯᠤᠨ᠎ᠠ᠃ | ︵ᠨᠢᠭᠡ︶ ᠰᠡᠳᠬᠢᠯ ᠰᠢᠭᠤᠳᠤᠨ ᠰᠦᠭ ᠰᠦᠨᠡᠰᠦ ᠶᠢ ᠱᠤᠭᠤᠵᠤ᠂ ᠰᠢᠮᠳᠠᠨ ᠰᠤᠷᠤᠯᠴᠠᠵᠤ ᠴᠢᠳᠠᠮᠠᠭᠠᠶ | ᠰᠡᠳᠬᠢᠬᠦ ᠰᠤᠷᠲᠠᠯ ᠢ ᠪᠠᠳᠠᠷᠠᠭᠤᠯᠤᠨ᠎ᠠ᠃ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ | ᠲᠠᠯᠪᠢᠬᠤ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠲᠦᠷᠪᠡᠨ ᠤᠬᠠᠮᠰᠠᠷ︾ ᠢ | ᠪᠠᠲᠤ ᠪᠤᠢ ᠪᠣᠯᠭᠠᠵᠤ᠂ ︽ᠲᠦᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ | ᠬᠡᠷᠡᠭᠲᠡᠢ᠃ ᠢᠮᠠᠭᠲᠠ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠳᠡᠭᠡᠷ᠎ᠡ ᠪᠠᠨ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠵᠤ᠂ | ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠶᠢ ᠤᠬᠠᠮᠰᠠᠷ ᠠᠴᠠ ᠪᠠᠨ ᠵᠠᠰᠠᠭ ᠤᠨ | ᠣᠷᠳᠣᠨ ᠤ ᠠᠵᠢᠯ ᠤᠨ ᠪᠥᠬᠦ ᠶᠠᠪᠤᠴᠠ᠂ ᠡᠯ᠎ᠡ ᠲᠠᠯ᠎ᠠ ᠳᠤ ᠲᠤᠤᠱᠯᠠᠭᠤᠯᠵᠤ᠂ ᠨᠠᠮ ᠤᠨ ᠲᠡᠤᠬᠡ ᠶᠢ ᠰᠤᠷᠤᠯᠴᠠᠵᠤ᠂ | ᠦᠵᠡᠯ ᠰᠠᠨᠠᠭ᠎ᠠ ᠶᠢ ᠣᠶᠢᠯᠠᠭᠠᠵᠤ᠂ ᠪᠣᠳᠠᠲᠤ ᠶᠠᠪᠤᠳᠠᠯ ᠬᠢᠵᠦ᠂ ᠰᠢᠨ᠎ᠡ ᠪᠠᠶᠢᠳᠠᠯ ᠢ ᠨᠡᠭᠡᠭᠡᠵᠦ᠂ ᠳᠡᠭᠡᠳᠦ ᠱᠠᠲᠤ ᠪᠠ | ᠲᠤᠭᠤᠷᠢᠭ ᠤᠨ ᠨᠠᠮ ᠤᠨ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠲᠡᠷᠡ ᠬᠡᠪ ᠢᠶᠠᠷ ᠨᠢ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠵᠤ᠂ ᠵᠠᠰᠠᠭ ᠤᠨ ᠣᠷᠳᠣᠨ ᠤ ︽ | ᠰᠤᠷᠤᠯᠴᠠᠯᠭ᠎ᠠ ᠶᠢᠨ ᠵᠢᠭᠠᠯᠲᠠ ᠲᠤᠭ᠎ᠠ︾ ᠪᠠᠷ ᠺᠠᠳ᠋ᠷ ᠤᠨ ︽ᠨᠠᠮᠴᠢ ᠴᠢᠨᠠᠷ ᠤᠨ ᠵᠢᠭᠠᠯᠲᠠ ᠲᠤᠭ᠎ᠠ︾ ᠶᠢ | ᠳᠡᠭᠡᠭᠰᠢᠯᠡᠭᠦᠯᠦᠨ᠎ᠡ᠃ | ︵ᠬᠤᠶᠠᠷ︶ ᠬᠠᠤᠯᠢ ᠶᠢ ᠡᠷᠬᠢᠮᠯᠡᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠤᠯᠢ ᠶᠣᠰᠣᠭᠠᠷ | ᠵᠠᠰᠠᠭ ᠶᠠᠪᠤᠭᠤᠯᠬᠤ ᠶᠢᠨ ᠴᠢᠬᠤᠯᠠ ᠵᠦᠢᠯ ᠢ ᠴᠢᠩᠭ᠎ᠠ ᠠᠳᠬᠤᠨ᠎ᠠ᠃ ᠵᠠᠰᠠᠭ ᠤᠨ ᠣᠷᠳᠣᠨ ᠤ ᠬᠠᠤᠯᠢ ᠶᠣᠰᠣᠭᠠᠷ | ᠰᠢᠨᠵᠢᠯᠡᠬᠦ ᠤᠬᠠᠭᠠᠨᠴᠢ ᠪᠠᠷ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠶᠢ | ᠦᠷᠭᠦᠯᠵᠢᠯᠡᠨ ᠪᠦᠷᠢᠨᠰᠢᠬᠦᠯᠵᠦ᠂ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠦᠢᠯᠡᠳᠦᠯ ᠢ | ᠴᠢᠩᠭᠠᠳᠬᠠᠨ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠪᠠ ᠳᠡᠩᠰᠡᠯᠡᠵᠦ ᠬᠢᠨᠠᠨ ᠪᠠᠶᠢᠴᠠᠭᠠᠬᠤ | ᠲᠦᠷᠢᠮ ᠤᠨ ᠪᠠᠶᠢᠭᠤᠯᠤᠯᠲᠠ ᠶᠢ ᠵᠠᠰᠠᠭ ᠤᠨ ᠣᠷᠳᠣᠨ ᠤ ᠠᠵᠢᠯ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠵᠠᠰᠠᠭ ᠤᠨ ᠣᠷᠳᠣᠨ ᠤ ᠠᠵᠢᠯ ᠶᠠᠪᠤᠳᠠᠯ ᠡᠷᠭᠢᠯᠡᠬᠦ᠂ ᠬᠤᠷᠠᠯ ᠡᠷᠭᠢᠯᠡᠬᠦ᠂ ᠪᠢᠴᠢᠭ ᠮᠠᠲ᠋ᠧᠷᠢᠶᠠᠯ ᠭᠦᠢᠴᠡᠳᠭᠡᠬᠦ ᠲᠠᠰ | ᠳᠠᠷᠠᠭᠠᠯᠠᠯ ᠢ ᠤᠯᠠᠮ ᠨᠢᠭᠡ ᠠᠯᠬᠤᠮ ᠵᠢᠷᠤᠮᠵᠢᠭᠤᠯᠤᠨ᠎ᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠦᠬᠦ | ᠲᠠᠯ᠎ᠠ ᠪᠠᠷ ᠭᠦᠨᠵᠡᠭᠡᠶᠢᠷᠡᠭᠦᠯᠵᠦ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ | ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ᠂ ᠠᠷᠠᠳ ᠲᠦᠮᠡᠨ ᠤ ᠬᠦᠰᠡᠯ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠬᠠᠤᠯᠢ ᠶᠣᠰᠣᠨ ᠤ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ | ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠰᠣᠨᠢᠨ ᠮᠡᠳᠡᠭᠡ ᠶᠠᠷᠢᠶ᠎ᠠ ᠬᠡᠯᠡᠯᠴᠡᠭᠡᠨ ᠤ ᠬᠢᠨᠠᠯᠲᠠ ᠪᠠ ᠨᠡᠶᠢᠭᠡᠮ | ᠨᠡᠶᠢᠲᠡ ᠶᠢᠨ ᠬᠢᠨᠠᠯᠲᠠ ᠶᠢ ᠬᠠᠤᠯᠢ ᠶᠢ ᠬᠦᠨᠳᠦᠳᠬᠡᠬᠦ ᠬᠠᠤᠯᠢ ᠶᠢ ᠰᠤᠷᠤᠯᠴᠠᠬᠤ ᠬᠠᠤᠯᠢ ᠶᠢ ᠰᠠᠬᠢᠬᠤ ᠬᠠᠤᠯᠢ ᠶᠢ | ᠬᠡᠷᠡᠭᠯᠡᠬᠦ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠢ ᠬᠠᠤᠯᠢ ᠪᠠᠷ ᠵᠠᠰᠠᠬᠤ ᠵᠠᠮ ᠳᠤ | ᠦᠨᠡᠨ ᠬᠦ ᠣᠷᠣᠭᠤᠯᠵᠤ᠂ ᠵᠠᠰᠠᠭ ᠤᠨ ᠣᠷᠳᠣᠨ ᠤ ︽ᠬᠠᠤᠯᠢ ᠪᠠᠷ ᠵᠠᠰᠠᠬᠤ ᠢᠯᠡᠳᠬᠡᠭᠴᠢ ᠲᠤᠭ᠎ᠠ︾ ᠪᠠᠷ | ᠨᠡᠶᠢᠭᠡᠮ ᠤᠨ ︽ᠭᠤᠣᠯᠴᠢ ᠢᠯᠡᠳᠬᠡᠭᠴᠢ ᠲᠤᠭ᠎ᠠ︾ ᠶᠢ ᠳᠡᠭᠡᠭᠰᠢᠯᠡᠭᠦᠯᠦᠨ᠎ᠡ᠃ | ︵ᠭᠤᠷᠪᠠ︶ ᠠᠷᠠᠳ ᠤᠨ ᠲᠥᠯᠥᠭᠡ ᠠᠵᠢᠯᠴᠢ ᠬᠢᠴᠢᠶᠡᠩᠭᠦᠶ ᠪᠠᠷ ᠵᠠᠰᠠᠭ ᠪᠠᠷᠢᠵᠤ᠂ ᠦᠨᠡᠨ ᠪᠣᠳᠠᠲᠠᠶ | ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠴᠤᠭ ᠰᠦᠯᠳᠡ ᠶᠢ ᠪᠠᠳᠠᠷᠠᠭᠤᠯᠤᠨ᠎ᠠ᠃ ᠢᠮᠠᠭᠲᠠ ᠬᠡᠷᠡᠭᠵᠢᠭᠦᠯᠬᠦ ᠬᠦᠴᠦᠨ | ᠪᠠ ᠨᠠᠶᠢᠳᠠᠪᠤᠷᠢᠵᠢᠭᠤᠯᠬᠤ ᠬᠦᠴᠦᠨ ᠢ ᠵᠠᠰᠠᠭ ᠤᠨ ᠣᠷᠳᠣᠨ ᠤ ᠠᠵᠢᠯ ᠤᠨ ᠠᠮᠢᠨ ᠰᠤᠳᠠᠰᠤ ᠪᠣᠯᠭᠠᠵᠤ᠂ ᠦᠨᠡᠨ ᠢ | ᠪᠠᠷᠢᠮᠲᠠᠯᠠᠨ ᠪᠣᠳᠠᠲᠠᠶ ᠶᠢ ᠡᠷᠬᠢᠮᠯᠡᠬᠦ ᠶᠢ ᠪᠠᠷᠢᠮᠲᠠᠯᠠᠨ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠵᠣᠷᠢᠭᠲᠠᠶ ᠪᠠᠷ | ᠬᠠᠷᠢᠭᠤᠴᠠᠵᠤ᠂ ᠠᠷᠠᠳ ᠲᠤ ᠠᠰᠢᠭ ᠣᠯᠭᠤᠵᠤ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠭ᠎ᠠ ᠪᠤᠳᠤᠯᠭ᠎ᠠ ᠶᠢ | ᠢᠯᠡᠭᠦᠬᠡᠨ ᠰᠦᠪᠡᠭᠴᠢᠯᠡᠵᠦ᠂ ᠳᠠᠭᠠᠷᠠᠭᠰᠠᠨ ᠬᠥᠮᠦᠨ ᠳᠤ ᠳᠠᠬᠤ ᠬᠦᠷᠭᠡᠬᠦ ᠶᠠᠪᠤᠳᠠᠯ ᠢ ᠢᠯᠡᠭᠦᠬᠡᠨ ᠬᠢᠵᠦ᠂ | ᠠᠶᠤᠯ ᠠᠴᠠ ᠠᠪᠤᠷᠠᠵᠤ ᠬᠦᠴᠢᠷᠳᠡᠯᠲᠡᠶ ᠶᠢ ᠲᠡᠳᠬᠦᠬᠦ ᠬᠠᠷᠢᠭᠤᠴᠠᠯᠭ᠎ᠠ ᠪᠠᠨ ᠢᠯᠡᠭᠦᠬᠡᠨ ᠭᠦᠢᠴᠡᠳᠬᠡᠵᠦ᠂ | ᠲᠦᠷᠦ ᠶᠢᠨ ᠪᠤᠳᠤᠯᠭ᠎ᠠ ᠶᠢ ᠠᠷᠠᠳ ᠤᠨ ᠠᠮᠢᠳᠤᠷᠠᠯ ᠲᠡᠶᠢᠰᠢ ᠲᠥᠪᠯᠡᠷᠡᠭᠦᠯᠬᠦ᠂ ᠡᠳ᠋ ᠤᠨ ᠬᠦᠴᠦᠨ ᠢ ᠠᠷᠠᠳ ᠤᠨ | ᠠᠮᠢᠳᠤᠷᠠᠯ ᠲᠡᠶᠢᠰᠢ ᠬᠡᠯᠪᠠᠶᠢᠯᠭᠡᠬᠦ᠂ ᠦᠢᠯᠡᠴᠢᠯᠡᠭᠡ ᠶᠢ ᠠᠷᠠᠳ ᠤᠨ ᠠᠮᠢᠳᠤᠷᠠᠯ ᠲᠡᠶᠢᠰᠢ ᠬᠠᠮᠤᠷᠬᠤ ᠶᠢ ᠲᠦᠯᠬᠢᠨ | ᠠᠬᠢᠭᠤᠯᠵᠤ᠂ ᠦᠨᠡᠨ ᠪᠣᠳᠠᠲᠠᠶ ᠦᠷ᠎ᠡ ᠪᠦᠲᠦᠮᠵᠢ ᠪᠠᠷ ᠢᠶᠠᠨ ᠠᠷᠠᠳ ᠤᠨ ᠢᠲᠡᠭᠡᠯ ᠢ ᠤᠯᠬᠤ ᠬᠡᠷᠡᠭᠲᠡᠶ᠃ ᠺᠠᠳ᠋ᠷ ᠤᠨ | ᠦᠵᠡᠯ ᠰᠠᠨᠠᠭᠠᠨ ᠤ ᠳᠠᠪᠲᠠᠯᠲᠠ᠂ ᠤᠯᠤᠰ ᠲᠥᠷᠥ ᠶᠢᠨ ᠳᠠᠪᠲᠠᠯᠲᠠ᠂ ᠦᠶ᠋ᠯᠡᠳᠦᠯᠭᠡ ᠶᠢᠨ ᠳᠠᠪᠲᠠᠯᠲᠠ᠂ ᠲᠤᠰᠬᠠᠶ | ᠮᠡᠷᠭᠡᠵᠢᠯ ᠤᠨ ᠪᠣᠯᠪᠠᠰᠤᠷᠠᠯ ᠢ ᠴᠢᠩᠭᠠᠳᠬᠠᠵᠤ᠂ ᠢᠨᠧᠷᠼᠢ ᠶᠢᠨ ᠰᠡᠳᠬᠢᠬᠦᠶ ᠪᠠ ᠠᠷᠭ᠎ᠠ ᠵᠠᠮ ᠤᠨ ᠲᠦᠰᠢᠭᠯᠡᠯ ᠢ | ᠰᠢᠪᠲᠤᠯᠵᠤ᠂ ︽ᠴᠢᠳᠠᠪᠤᠷᠢ ᠶᠢᠨ ᠭᠡᠯᠮᠡᠭᠳᠡᠯ︾ ᠪᠠ ᠴᠢᠳᠠᠪᠤᠷᠢ ᠬᠦᠷᠦᠯᠴᠡᠬᠦ ᠥᠬᠡᠶ ᠪᠠᠶᠢᠳᠠᠯ ᠢ ᠢᠯᠠᠨ ᠳᠠᠪᠠᠵᠤ᠂ | ᠵᠠᠰᠠᠭ ᠤᠨ ᠣᠷᠳᠣᠨ ᠤ ︽ᠦᠷ᠎ᠡ ᠪᠦᠲᠦᠮᠵᠢ ᠶᠢᠨ ᠵᠢᠭᠠᠯᠲᠠ ᠲᠤᠭ᠎ᠠ︾ ᠪᠠᠷ ᠣᠯᠠᠨ ᠲᠦᠮᠡᠨ ᠤ ︽ᠵᠣᠯ ᠵᠢᠷᠭᠠᠯ ᠤᠨ | ᠵᠢᠭᠠᠯᠲᠠ ᠲᠤᠭ᠎ᠠ︾ ᠶᠢ ᠳᠡᠭᠡᠭᠰᠢᠯᠡᠭᠦᠯᠦᠨ᠎ᠡ᠃ | ︵ᠲᠦᠷᠪᠡ︶ ᠠᠷᠢᠭᠤᠨ ᠴᠢᠬᠡᠴᠢ ᠶᠢ ᠡᠷᠬᠢᠮᠯᠡᠨ ᠢᠯᠵᠠᠷᠠᠯ ᠢ ᠡᠰᠡᠷᠭᠦᠴᠡᠵᠦ᠂ ᠠᠷᠢᠭᠤᠨ ᠴᠢᠬᠡᠴᠢ ᠪᠠᠷ | ᠨᠡᠶᠢᠲᠡ ᠶᠢᠨ ᠲᠥᠯᠥᠭᠡ ᠵᠢᠳᠬᠦᠬᠦ ᠬᠠᠷᠢᠭᠤᠴᠠᠯᠭ᠎ᠠ ᠶᠢ ᠪᠠᠲᠤ ᠰᠠᠬᠢᠨ᠎ᠠ᠃ ᠰᠠᠬᠢᠯᠭ᠎ᠠ ᠪᠠᠲᠤ ᠪᠠ ᠶᠣᠰᠣ ᠲᠦᠷᠢᠮ ᠢ | ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠ ︽ᠨᠢᠭᠡ ᠠᠵᠢᠯ ᠤᠨ ᠪᠠᠶᠢᠷᠢ ᠳᠤ ᠬᠤᠶᠠᠷ | ᠬᠠᠷᠢᠭᠤᠴᠠᠯᠭ᠎ᠠ ᠲᠠᠢ ᠪᠠᠶᠢᠬᠤ︾ ᠶᠢ ᠨᠠᠶᠢᠳᠠᠪᠤᠷᠢᠵᠢᠭᠤᠯᠵᠤ᠂ ᠢᠯᠵᠠᠷᠠᠮᠠᠯ ᠦᠵᠡᠭᠳᠡᠯ ᠤᠨ ᠣᠷᠣᠰᠢᠨ ᠲᠣᠭᠲᠠᠨᠢᠬᠤ | ᠣᠷᠣᠨ ᠵᠠᠶ ᠪᠠ ᠡᠭᠦᠰᠦᠨ ᠳᠡᠯᠭᠡᠷᠡᠬᠦ ᠬᠥᠷᠥᠰᠥ ᠰᠢᠷᠣᠶ ᠶᠢ ᠡᠷᠡᠰ ᠢᠶᠠᠷ ᠠᠷᠢᠯᠭᠠᠨ᠎ᠠ᠃ ︽ᠲᠦᠷᠪᠡᠨ ᠰᠤᠷᠲᠠᠯ︾ ᠢ | ᠲᠥᠪ ᠴᠢᠩᠭ᠎ᠠ ᠪᠠᠷ ᠵᠠᠯᠠᠷᠠᠭᠤᠯᠵᠤ᠂ ᠲᠥᠪ ᠬᠤᠷᠢᠶᠠᠨ ᠤ ︽ᠨᠠᠢᠮᠠᠨ ᠵᠦᠢᠯ ᠤᠨ ᠲᠣᠭᠲᠠᠭᠠᠯ︾ ᠤᠨ ᠵᠣᠷᠢᠭ | ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠲᠦᠷᠢᠮ ᠢᠶᠠᠷ ᠬᠥᠮᠦᠨ ᠢ ᠬᠠᠮᠢᠶᠠᠷᠬᠤ᠂ ᠡᠷᠬᠡ ᠶᠢ ᠬᠠᠮᠢᠶᠠᠷᠬᠤ᠂ | ᠬᠡᠷᠡᠭ ᠶᠠᠪᠤᠳᠠᠯ ᠢ ᠬᠠᠮᠢᠶᠠᠷᠬᠤ ᠶᠢ ᠪᠠᠷᠢᠮᠲᠠᠯᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠡᠯ᠎ᠡ ᠵᠦᠢᠯ ᠤᠨ | ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠭᠤᠣᠯᠳᠠᠯᠭ᠎ᠠ ᠲᠠᠢ ᠬᠦᠷᠢᠶᠡᠨ ᠳᠠᠬᠢ ᠠᠷᠢᠭᠤᠨ ᠴᠢᠬᠡᠴᠢ ᠪᠠᠷ ᠵᠠᠰᠠᠭ | ᠪᠠᠷᠢᠬᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠰᠠᠶᠢᠲᠤᠷ ᠠᠳᠬᠤᠨ᠎ᠠ᠃ ᠡᠯ᠎ᠡ | ᠲᠦᠷᠦᠯ ᠤᠨ ᠬᠠᠤᠯᠢ ᠶᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ ᠬᠡᠷᠡᠭ ᠢ ᠴᠢᠩᠭ᠎ᠠ ᠪᠠᠶᠢᠴᠠᠭᠠᠨ | ᠰᠢᠢᠳᠪᠦᠷᠢᠯᠡᠵᠦ᠂ ᠢᠯᠵᠠᠷᠠᠬᠤ ᠵᠣᠷᠢᠭ ᠦᠭᠡᠢ᠂ ᠢᠯᠵᠠᠷᠠᠵᠤ ᠳᠡᠶᠢᠯᠬᠦ ᠦᠭᠡᠢ᠂ ᠢᠯᠵᠠᠷᠠᠬᠤ ᠶᠢ ᠪᠤᠳᠤᠬᠤ ᠦᠭᠡᠢ | ᠪᠠᠶᠢᠬᠤ ᠶᠢ ᠨᠢᠭᠡ ᠴᠤᠭᠴᠠᠵᠢᠭᠤᠯᠤᠨ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ | ᠲᠦᠷᠦ ᠶᠢᠨ ᠠᠮᠢ ᠠᠬᠤᠢ ᠶᠢ ᠬᠦᠴᠦᠯᠡᠨ ᠪᠠᠶᠢᠭᠤᠯᠵᠤ᠂ ᠵᠠᠰᠠᠭ ᠤᠨ ᠣᠷᠳᠣᠨ ᠤ ︽ᠠᠷᠢᠭᠤᠨ ᠴᠢᠬᠡᠴᠢ ᠶᠢᠨ | ᠵᠢᠭᠠᠯᠲᠠ ᠲᠤᠭ᠎ᠠ︾ ᠪᠠᠷ ᠤᠯᠠᠨ ᠲᠦᠮᠡᠨ ᠤ ︽ᠬᠠᠨᠤᠮᠵᠢ ᠶᠢᠨ ᠵᠢᠭᠠᠯᠲᠠ ᠲᠤᠭ᠎ᠠ︾ ᠶᠢ ᠳᠡᠭᠡᠭᠰᠢᠯᠡᠭᠦᠯᠦᠨ᠎ᠡ᠃ | ᠲᠥᠯᠥᠭᠡᠯᠡᠭᠴᠢᠳ ᠡ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠵᠢᠷᠤᠭ ᠲᠥᠰᠦᠪ ᠢ | ᠨᠢᠭᠡᠨᠲᠡ ᠵᠢᠷᠤᠭᠯᠠᠵᠠᠶ᠃ ᠴᠠᠭ ᠦᠶ᠎ᠡ ᠠᠴᠠ ᠡᠭᠦᠷᠭᠡ ᠳᠠᠭᠠᠭᠠᠯᠭᠠᠵᠤ᠂ ᠲᠡᠮᠡᠴᠡᠯ ᠢᠶᠠᠷ ᠢᠷᠡᠭᠡᠳᠦᠢ ᠶᠢ ᠴᠣᠭᠴᠠᠯᠠᠨ᠎ᠠ᠃ | ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ | ᠨᠢᠭᠲᠠᠷᠠᠨ ᠪᠦᠯᠬᠦᠮᠳᠡᠵᠦ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠣᠷᠣᠨ ᠤ | ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠣᠷᠣᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ᠂ ᠣᠷᠣᠨ ᠤ ᠤᠯᠤᠰ ᠲᠦᠷᠦ ᠶᠢᠨ ᠵᠥᠪᠯᠡᠯᠭᠡᠨ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠤ | ᠬᠢᠨᠠᠯᠲᠠ ᠳᠡᠮᠵᠢᠯᠭᠡ ᠶᠢᠨ ᠳᠣᠣᠷ᠎ᠠ᠂ ᠪᠦᠬᠦ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ | ᠴᠢᠩᠭ᠎ᠠ ᠲᠦᠰᠢᠭᠯᠡᠵᠦ᠂ ᠬᠠᠷ᠎ᠠ ᠲᠡᠷᠢᠭᠦᠲᠡᠨ᠂ ᠠᠳᠠᠷ ᠬᠠᠭᠠᠯᠪᠤᠷᠢᠯᠠᠭᠰᠠᠨ ᠦᠬᠡᠷ᠂ ᠠᠷᠠᠯ ᠤᠨ ᠱᠠᠷ ᠤᠨ ᠵᠣᠷᠢᠭ | ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠵᠦ᠂ ᠦᠨᠡᠨᠬᠦ ᠠᠳᠬᠤᠨ | ᠪᠣᠳᠠᠲᠠᠢ ᠠᠵᠢᠯᠯᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ | ᠤᠭᠲᠤᠵᠤ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ | ᠵᠠᠮ ᠳᠤ ᠰᠢᠨ᠎ᠡ ᠬᠠᠭᠤᠳᠠᠰᠤ ᠶᠢ ᠪᠢᠴᠢᠭᠯᠡᠶ᠎ᠡ︕ |