︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠤᠷᠤᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠤᠭᠲᠠᠭᠠᠬᠤ ᠵᠢᠷᠤᠮᠵᠢᠯᠠᠯ ᠤᠨ ᠲᠤᠭᠲᠠᠭᠠᠯ︾ ᠤᠨ ᠲᠦᠷᠦ ᠶᠢᠨ ᠪᠤᠳᠤᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/4/26
   ᠨᠢᠭᠡ᠂  ᠶᠠᠭᠤᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠤᠷᠤᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠢᠷᠤᠮᠵᠢᠯᠠᠯ   ᠤᠨ ᠲᠤᠭᠲᠠᠭᠠᠯ︾  ᠳᠤ ᠵᠠᠰᠠᠪᠤᠷᠢ ᠣᠷᠣᠭᠤᠯᠬᠤ ᠪᠣᠶ︖    ᠬᠠᠷᠢᠭᠤᠯᠲᠠ᠄ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠢᠷᠤᠮᠵᠢᠯᠠᠯ ᠢ ᠳᠦᠷᠢᠮᠵᠢᠭᠦᠯᠬᠦ ᠪᠣᠯ ᠬᠠᠤᠯᠢ ᠪᠠᠷ ᠵᠠᠰᠠᠬᠤ ᠵᠠᠰᠠᠭ ᠤᠨ ᠤᠷᠳᠤᠨ ᠤ ᠪᠠᠶᠢᠭᠠᠭᠤᠯᠭ᠎ᠠ ᠶᠢᠨ ᠵᠠᠶᠢᠯᠠᠰᠢ ᠦᠭᠡᠶ ᠱᠠᠭᠠᠷᠳᠠᠯᠭ᠎ᠠ ᠮᠥᠨ᠂ ᠨᠡᠶᠢᠭᠡᠮ ᠤᠨ ᠵᠠᠰᠠᠯᠲᠠ   ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠤᠳᠤᠬᠢᠴᠢᠯᠠᠯᠲᠠ ᠶᠢ ᠳᠥᠯᠭᠢᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠦᠬᠦᠳᠠ ᠬᠤᠷᠠᠯ ᠠᠴᠠ ᠬᠠᠤᠯᠢ ᠶᠣᠰᠣᠭᠠᠷ  ᠰᠢᠢᠳᠪᠦᠷᠢᠲᠦ ᠪᠤᠳᠤᠯᠭ᠎ᠠ ᠲᠣᠭᠲᠠᠭᠠᠬᠤ ᠲᠤᠭᠲᠠᠴᠠ ᠶᠢ ᠪᠦᠷᠢᠨᠰᠢᠭᠦᠯᠵᠦ᠂ ᠤᠯᠠᠨ ᠨᠡᠶᠢᠲᠡ ᠶᠢ ᠣᠷᠣᠯᠴᠠᠭᠤᠯᠬᠤ᠂ ᠲᠤᠰᠭᠠᠢ  ᠮᠡᠷᠭᠡᠵᠢᠯᠲᠡᠨ ᠢᠶᠠᠷ ᠨᠤᠲᠠᠯᠠᠭᠤᠯᠬᠤ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢᠶᠠᠷ ᠬᠢᠨᠠᠨ ᠪᠠᠶᠢᠴᠠᠭᠠᠬᠤ᠂ ᠬᠠᠮᠲᠤᠪᠡᠷ  ᠶᠠᠷᠢᠯᠴᠠᠨ ᠲᠤᠭᠲᠠᠭᠠᠬᠤ ᠶᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠤᠭᠲᠠᠭᠠᠬᠤ ᠶᠢ ᠬᠠᠤᠯᠢ ᠪᠠᠷ ᠲᠣᠭᠲᠠᠭᠠᠭᠰᠠᠨ ᠵᠢᠷᠤᠮᠵᠢᠯᠠᠯ ᠪᠤᠯᠭᠠᠨ᠎ᠠ ᠭᠡᠵᠦ ᠳᠤᠷᠠᠳᠴᠠᠢ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠤᠷᠤᠨ ᠤ ᠴᠢᠬᠤᠯᠠ ᠶᠡᠭᠡ ᠵᠠᠰᠠᠭ  ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠢᠷᠤᠮᠵᠢᠯᠠᠯ ᠤᠨ ᠲᠤᠭᠲᠠᠭᠠᠯ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ  ᠤᠷᠤᠨ ᠤ ᠠᠷᠠᠳ  ᠤᠨ ᠵᠠᠰᠠᠭ ᠤᠨ ᠤᠷᠳᠤᠨ ᠤ ᠵᠠᠷᠯᠢᠭ 209 ᠳ᠋ᠤᠭᠡᠷ ᠲᠣᠭᠠᠲᠤ᠂ ᠳᠣᠷᠣᠭᠰᠢ ︽ᠵᠢᠷᠤᠮᠵᠢᠯᠠᠯ ᠤᠨ ᠲᠣᠭᠲᠠᠭᠠᠯ︾ ᠭᠡᠵᠦ ᠲᠣᠪᠴᠢᠯᠠᠨ᠎ᠠ︶   ᠢ 2015 ᠤᠨ ᠳᠤ ᠨᠡᠶᠢᠲᠡᠯᠡᠵᠦ ᠬᠡᠷᠡᠭᠵᠢᠭᠦᠯᠦᠭᠰᠡᠨ ᠠᠴᠠ ᠨᠠᠰᠢ᠂ ᠥᠪᠡᠷᠲᠡᠭᠡᠨ ᠵᠠᠰᠠᠬᠤ ᠤᠷᠤᠨ ᠤ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠠᠪᠤᠴᠠ ᠶᠢ ᠳᠦᠷᠢᠮᠵᠢᠭᠦᠯᠵᠦ᠂ ᠰᠢᠨᠵᠢᠯᠡᠬᠦ ᠤᠬᠠᠭᠠᠨᠴᠢ ᠪᠠᠷ ᠠᠷᠠᠳᠴᠢᠯᠠᠯ  ᠢᠶᠠᠷ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠤᠭᠲᠠᠭᠠᠬᠤ ᠶᠢ ᠪᠠᠲᠤᠯᠠᠬᠤ ᠲᠠᠯ᠎ᠠ ᠪᠠᠷ ᠴᠢᠬᠤᠯᠠ ᠦᠢᠯᠡᠳᠦᠯ ᠪᠠᠳᠠᠷᠠᠭᠤᠯᠪᠠ᠃ ᠦᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠢᠷᠡᠭᠦᠯᠬᠦ ᠪᠠ ᠬᠠᠤᠯᠢ ᠪᠠᠷ ᠤᠯᠤᠰ ᠢᠶᠠᠨ ᠵᠠᠰᠠᠬᠤ ᠪᠥᠬᠦ ᠲᠠᠯ᠎ᠠ ᠪᠠᠷ ᠠᠬᠢᠴᠠ ᠶᠢ ᠲᠠᠰᠤᠷᠠᠯᠲᠠ ᠥᠬᠡᠶ ᠠᠬᠢᠬᠤ ᠶᠢ ᠳᠠᠭᠠᠯᠳᠤᠨ᠂ ᠢᠯᠠᠩᠭᠤᠶ᠎ᠠ 2019  ᠤᠨ ᠳᠤ ᠲᠦᠷᠦ ᠶᠢᠨ ᠶᠠᠪᠤᠳᠠᠯ ᠤᠨ ᠬᠤᠷᠢᠶ᠎ᠠ ᠠᠴᠠ ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠢᠷᠤᠮᠵᠢᠯᠠᠯ ᠤᠨ ᠲᠦᠷ ᠬᠡᠷᠡᠭᠵᠢᠭᠦᠯᠬᠦ ᠲᠦᠷᠢᠮ︾   ᠢ ᠨᠡᠶᠢᠲᠡᠯᠡᠵᠦ᠂ ᠴᠢᠬᠤᠯᠠ ᠶᠡᠭᠡ ᠵᠠᠰᠠᠭ  ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠥᠬᠦ ᠶᠠᠪᠤᠴᠠ ᠳᠤ ᠪᠣᠳᠠᠲᠠᠶ ᠲᠣᠭᠲᠠᠭᠠᠯ ᠭᠠᠷᠭᠠᠵᠤ᠂ ᠵᠢᠷᠤᠮᠵᠢᠯᠠᠯ᠂ ᠪᠠᠷᠢᠮᠵᠢᠶ᠎ᠠ ᠵᠡᠷᠭᠡ ᠲᠠᠯ᠎ᠠ ᠪᠠᠷ ᠴᠥᠮ ᠨᠠᠩ ᠥᠨᠳᠥᠷ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ︽ᠵᠢᠷᠤᠮᠵᠢᠯᠠᠯ ᠤᠨ ᠲᠣᠭᠲᠠᠭᠠᠯ︾ ᠲᠤ ᠵᠠᠰᠠᠪᠤᠷᠢ ᠤᠷᠤᠭᠤᠯᠬᠤ ᠨᠢ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ  ᠶᠢᠨ ᠰᠢᠨᠵᠢᠯᠡᠬᠦ ᠤᠬᠠᠭᠠᠨᠴᠢᠯᠠᠯᠲᠠ᠂ ᠠᠷᠠᠳᠴᠢᠯᠠᠯᠲᠠ᠂  ᠬᠠᠤᠯᠢᠵᠢᠭᠤᠯᠤᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ  ᠡᠷᠬᠡ ᠶᠢᠨ ᠬᠢᠵᠠᠭᠠᠷᠯᠠᠯ ᠪᠠ ᠬᠢᠨᠠᠯᠲᠠ ᠶᠢ ᠴᠢᠩᠭᠠᠳᠭᠠᠨ᠂ ᠵᠠᠰᠠᠭ ᠤᠨ ᠤᠷᠳᠤᠨ ᠤ ᠤᠯᠠᠨ ᠨᠡᠶᠢᠲᠡ ᠶᠢ ᠢᠲᠡᠭᠡᠭᠦᠯᠬᠦ ᠬᠦᠴᠦᠨ ᠪᠠ ᠭᠦᠢᠴᠡᠳᠭᠡᠬᠦ ᠬᠦᠴᠦᠨ ᠢ ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠤᠷᠳᠤᠨ ᠤ ᠪᠠᠶᠢᠭᠤᠯᠤᠯᠲᠠ ᠶᠢᠨ ᠠᠬᠢᠴᠠ ᠶᠢ ᠲᠦᠷᠭᠡᠪᠴᠢᠯᠡᠨ ᠠᠬᠢᠭᠤᠯᠬᠤ ᠳᠤ ᠲᠦᠢᠯ ᠤᠨ ᠴᠢᠬᠤᠯᠠ ᠪᠣᠳᠠᠲᠤ ᠠᠴᠢ ᠬᠤᠯᠪᠣᠭᠳᠠᠯ ᠲᠠᠢ ᠶᠤᠮ᠃    ᠬᠤᠶᠠᠷ᠂ ᠶᠠᠮᠠᠷ ᠶᠠᠮᠠᠷ ᠨᠢᠭᠡᠴᠡ ᠨᠢ ︽ᠵᠢᠷᠤᠮᠵᠢᠯᠠᠯ ᠤᠨ ᠲᠣᠭᠲᠠᠭᠠᠯ︾ ᠢ ᠬᠡᠷᠡᠭᠯᠡᠬᠦ ᠪᠤᠢ︖    ᠬᠠᠷᠢᠭᠤᠯᠲᠠ᠄ ᠥᠪᠡᠷᠲᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠤᠷᠤᠨ ᠤ ᠳᠣᠲᠣᠷᠠᠬᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠲᠣᠭᠲᠠᠭᠠᠬᠤ ᠪᠠ ᠳᠣᠭᠢᠷᠠᠭᠤᠯᠬᠤ ᠶᠠᠪᠤᠴᠠ ᠳᠤ ᠲᠣᠰ ᠲᠣᠭᠲᠠᠭᠠᠯ ᠢ ᠬᠡᠷᠡᠭᠯᠡᠨ᠎ᠡ᠃ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠰᠠᠯᠠᠭ᠎ᠠ ᠮᠥᠴᠢᠷ ᠪᠣᠯᠤᠨ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠤ ᠴᠢᠬᠤᠯᠠ ᠶᠡᠭᠡ ᠵᠠᠰᠠᠭ  ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠲᠣᠬᠢᠷᠠᠭᠤᠯᠤᠯᠲᠠ ᠬᠢᠬᠦ ᠶᠠᠪᠤᠴᠠ ᠶᠢ ᠲᠣᠰ ᠲᠣᠭᠲᠠᠭᠠᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃    ᠭᠤᠷᠪᠠ᠂ ᠶᠠᠮᠠᠷ ᠶᠠᠮᠠᠷ ᠤᠴᠢᠷ ᠶᠠᠪᠤᠳᠠᠯ ᠳᠤ ︽ᠵᠢᠷᠤᠮᠵᠢᠯᠠᠯ ᠤᠨ ᠲᠣᠭᠲᠠᠭᠠᠯ︾ ᠶᠣᠰᠣᠭᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠴᠢᠬᠤᠯᠠᠲᠠᠶ ᠪᠤᠢ︖    ᠬᠠᠷᠢᠭᠤᠯᠲᠠ᠄ ︽ᠵᠢᠷᠤᠮᠵᠢᠯᠠᠯ ᠤᠨ ᠲᠣᠭᠲᠠᠭᠠᠯ︾ ᠳᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠬᠦᠷᠢᠶ᠎ᠡ ᠬᠡᠪᠴᠢᠶ᠎ᠡ ᠶᠢ ︽ᠵᠢᠭᠰᠠᠭᠠᠨ ᠲᠣᠭᠠᠴᠢᠬᠤ + ᠦᠭᠡᠶᠢᠰᠭᠡᠬᠦ︾ ᠪᠠᠷ ᠳᠠᠮᠵᠢᠭᠤᠯᠤᠨ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠢᠭᠤᠯᠭ᠎ᠠ ᠶᠢᠨ ᠲᠤᠰᠢᠶᠠᠯ ᠬᠠᠷᠢᠭᠤᠴᠠᠯᠭ᠎ᠠ ᠶᠢᠨ ᠡᠷᠬᠡ ᠶᠢᠨ ᠬᠢᠵᠠᠭᠠᠷ ᠪᠠ ᠲᠣᠰ ᠭᠠᠵᠠᠷ ᠤᠨ ᠪᠣᠳᠠᠲᠤ ᠪᠠᠶᠢᠳᠠᠯ  ᠲᠠᠢ ᠪᠠᠨ ᠤᠶᠠᠯᠳᠤᠭᠤᠯᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠭᠠᠷᠴᠠᠭ᠂ ᠪᠠᠷᠢᠮᠵᠢᠶ᠎ᠠ ᠶᠢ ᠲᠣᠭᠲᠠᠭᠠᠵᠤ᠂ ᠠᠳᠠᠯᠢ ᠱᠠᠳᠤᠨ ᠤ ᠨᠠᠮ ᠤᠨ ᠬᠤᠷᠢᠶ᠎ᠠ ᠪᠠᠷ ᠵᠦᠪᠰᠢᠶᠡᠷᠡᠭᠦᠯᠦᠭᠰᠡᠨ ᠤ ᠳᠠᠷᠠᠭ᠎ᠠ ᠨᠡᠶᠢᠭᠡᠮ ᠳᠤ ᠨᠡᠶᠢᠲᠡᠯᠡᠬᠦ ᠶᠢᠨ ᠬᠠᠮᠲᠤ ᠪᠣᠳᠠᠲᠠᠶ ᠬᠤᠪᠢᠷᠠᠯᠲᠠ ᠶᠢ ᠦᠨᠳᠦᠰᠦᠯᠡᠨ ᠲᠣᠬᠢᠷᠠᠭᠤᠯᠤᠯᠲᠠ ᠬᠢᠬᠦ ᠶᠢ ᠵᠦᠪᠰᠢᠶᠡᠷᠡᠨ᠎ᠡ᠃ ᠵᠢᠭᠰᠠᠭᠠᠭᠰᠠᠨ ᠵᠦᠢᠯ ᠤᠳ ᠲᠤ᠄  ᠨᠢᠭᠡ ᠳᠤ ᠤᠯᠠᠨ ᠨᠡᠶᠢᠲᠡ ᠶᠢᠨ ᠦᠢᠯᠡᠴᠢᠯᠡᠭᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠨᠡᠶᠢᠭᠡᠮ ᠤᠨ ᠬᠠᠮᠢᠶᠠᠷᠤᠯᠲᠠ᠂ ᠣᠷᠴᠢᠨ ᠠᠬᠤᠶ ᠶᠢᠨ ᠬᠠᠮᠠᠭᠠᠯᠠᠯᠲᠠ ᠵᠡᠷᠭᠡ ᠲᠠᠯ᠎ᠠ ᠲᠤ ᠬᠤᠯᠪᠣᠭᠳᠠᠬᠤ ᠴᠢᠬᠤᠯᠠ ᠶᠡᠭᠡ ᠤᠯᠠᠨ ᠨᠡᠶᠢᠲᠡ ᠶᠢᠨ ᠲᠦᠷᠦ ᠶᠢᠨ ᠪᠤᠳᠤᠯᠭ᠎ᠠ ᠪᠠ ᠠᠷᠭ᠎ᠠ ᠬᠡᠮᠵᠢᠶ᠎ᠡ ᠶᠢ ᠲᠣᠭᠲᠠᠭᠠᠨ᠎ᠠ᠃ ᠬᠤᠶᠠᠷ ᠲᠤ ᠠᠵᠤ ᠠᠬᠤᠶ ᠪᠠ ᠨᠡᠶᠢᠭᠡᠮ ᠤᠨ ᠬᠥᠭᠵᠢᠯᠲᠡ ᠵᠡᠷᠭᠡ ᠲᠠᠯ᠎ᠠ ᠶᠢᠨ ᠴᠢᠬᠤᠯᠠ ᠲᠦᠯᠦᠪᠯᠡᠭᠡ ᠶᠢ ᠲᠣᠭᠲᠠᠭᠠᠨ᠎ᠠ᠃  ᠭᠤᠷᠪᠠ ᠳᠤ ᠴᠢᠬᠤᠯᠠ  ᠪᠠᠶᠢᠭᠠᠯᠢ ᠶᠢᠨ ᠡᠬᠢ ᠪᠠᠶᠠᠯᠢᠭ ᠪᠠ ᠰᠣᠶᠣᠯ ᠤᠨ ᠡᠬᠢ ᠪᠠᠶᠠᠯᠢᠭ ᠢ ᠨᠡᠭᠡᠭᠡᠨ ᠠᠰᠢᠭᠯᠠᠵᠤ ᠬᠠᠮᠠᠭᠠᠯᠠᠬᠤ ᠴᠢᠬᠤᠯᠠ ᠶᠡᠭᠡ ᠤᠯᠠᠨ ᠨᠡᠶᠢᠲᠡ ᠶᠢᠨ ᠲᠦᠷᠦ ᠶᠢᠨ ᠪᠤᠳᠤᠯᠭ᠎ᠠ ᠪᠠ ᠠᠷᠭ᠎ᠠ ᠬᠡᠮᠵᠢᠶ᠎ᠡ ᠶᠢ ᠲᠣᠭᠲᠠᠭᠠᠨ᠎ᠠ᠃ ᠳᠦᠷᠪᠡ ᠳᠤ ᠲᠤᠰ ᠵᠠᠰᠠᠭ ᠵᠠᠬᠢᠷᠭᠠᠨ ᠤ ᠤᠷᠤᠨ ᠤ ᠬᠡᠷᠡᠭᠵᠢᠭᠦᠯᠬᠦ ᠴᠢᠬᠤᠯᠠ ᠶᠡᠭᠡ ᠤᠯᠠᠨ ᠨᠡᠶᠢᠲᠡ ᠶᠢᠨ ᠪᠦᠳᠦᠭᠡᠨ ᠪᠠᠶᠢᠭᠤᠯᠤᠯᠲᠠ ᠶᠢᠨ ᠵᠦᠢᠯᠡᠰ ᠢ ᠲᠣᠭᠲᠠᠭᠠᠨ᠎ᠠ᠃  ᠲᠠᠪᠤ ᠳᠤ ᠠᠵᠤ ᠠᠬᠤᠶ ᠨᠡᠶᠢᠭᠡᠮ ᠤᠨ ᠬᠦᠭᠵᠢᠯᠲᠡ ᠳᠤ ᠴᠢᠬᠤᠯᠠ ᠶᠡᠭᠡ ᠨᠥᠯᠥᠭᠡ ᠦᠵᠡᠭᠦᠯᠬᠦ᠂ ᠴᠢᠬᠤᠯᠠ ᠶᠡᠭᠡ ᠤᠯᠠᠨ ᠨᠡᠶᠢᠲᠡ ᠶᠢᠨ ᠠᠰᠢᠭ ᠲᠤᠰᠠ ᠪᠤᠶᠤ ᠨᠡᠶᠢᠭᠡᠮ ᠨᠡᠶᠢᠲᠡ ᠶᠢᠨ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠪᠤᠰᠤᠳ ᠴᠢᠬᠤᠯᠠ ᠶᠡᠭᠡ ᠵᠦᠢᠯᠡᠰ ᠢ ᠲᠣᠭᠲᠠᠭᠠᠨ᠎ᠠ᠃ ᠡᠭᠦᠨ ᠤ ᠵᠡᠷᠭᠡ ᠳᠤ᠂ 2 ᠲᠦᠷᠦᠯ ᠤᠨ ᠤᠴᠢᠷ ᠶᠠᠪᠤᠳᠠᠯ ᠢ ᠲᠤᠳᠤᠷᠬᠠᠢ ᠦᠭᠡᠶᠢᠰᠭᠡᠵᠦ᠂  ᠵᠠᠰᠠᠭ ᠤᠨ ᠤᠷᠳᠤᠨ ᠤ ᠬᠠᠤᠯᠢ ᠲᠣᠭᠲᠠᠭᠠᠬᠤ ᠰᠢᠢᠳᠪᠦᠷᠢᠲᠦ ᠪᠣᠳᠣᠯᠭ᠎ᠠ ᠵᠢᠴᠢ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ  ᠰᠢᠢᠳᠪᠦᠷᠢᠲᠦ ᠪᠣᠳᠣᠯᠭ᠎ᠠ   ᠳᠤ ᠲᠣᠰ ᠲᠣᠭᠲᠠᠭᠠᠯ ᠢ ᠬᠡᠷᠡᠭᠯᠡᠬᠦ ᠦᠭᠡᠢ ᠭᠡᠵᠦ ᠲᠤᠲᠠᠭᠠᠵᠠᠢ᠃    ᠲᠦᠷᠪᠡ᠂ ᠪᠤᠢ ᠪᠦᠬᠦᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠨᠢ ᠴᠥᠮ ᠡᠷᠬᠡᠪᠰᠢ ᠤᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂  ᠬᠠᠮᠳᠤ ᠪᠠᠷ ᠶᠠᠷᠢᠯᠴᠠᠨ ᠲᠣᠭᠲᠠᠭᠠᠬᠤ ᠵᠡᠷᠭᠡ ᠵᠢᠷᠤᠮᠵᠢᠯᠠᠯ ᠢ ᠪᠦᠷᠢᠮᠦᠰᠦᠨ ᠭᠦᠢᠴᠡᠳᠭᠡᠬᠦ ᠬᠡᠷᠡᠭᠲᠡᠶ ᠤᠤ ᠦᠭᠡᠢ ᠤᠤ︖    ᠬᠠᠷᠢᠭᠤᠯᠲᠠ᠄ ᠣᠯᠠᠨ ᠨᠡᠶᠢᠲᠡ ᠪᠠᠷ   ᠢᠶᠠᠨ ᠣᠷᠣᠯᠴᠠᠬᠤ᠂  ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠢᠴᠠᠭᠠᠬᠤ᠂ ᠬᠠᠮᠳᠤ ᠪᠠᠷ ᠶᠠᠷᠢᠯᠴᠠᠨ ᠲᠣᠭᠲᠠᠭᠠᠬᠤ ᠪᠣᠯ ︽ᠵᠢᠷᠤᠮᠵᠢᠯᠠᠯ ᠤᠨ ᠲᠣᠭᠲᠠᠭᠠᠯ︾   ᠤᠨ ᠨᠢᠭᠡᠨ ᠭᠤᠤᠯ ᠠᠭᠤᠯᠭ᠎ᠠ ᠪᠣᠯᠤᠨ᠎ᠠ᠃  ᠡᠭᠦᠨ ᠳᠤ ᠣᠯᠠᠨ ᠨᠡᠶᠢᠲᠡ ᠪᠠᠷ   ᠢᠶᠠᠨ ᠣᠷᠣᠯᠴᠠᠬᠤ᠂ ᠬᠠᠤᠯᠢ ᠶᠣᠰᠣᠴᠢ ᠴᠢᠨᠠᠷ   ᠢ ᠬᠢᠨᠠᠨ ᠪᠠᠶᠢᠴᠠᠭᠠᠬᠤ᠂ ᠬᠠᠮᠳᠤ  ᠪᠠᠷ ᠶᠠᠷᠢᠯᠴᠠᠨ ᠲᠣᠭᠲᠠᠭᠠᠬᠤ ᠪᠣᠯ ᠵᠠᠪᠠᠯ ᠥᠩᠭᠡᠷᠡᠭᠡᠬᠦ ᠶᠠᠪᠤᠴᠠ ᠮᠥᠨ᠂ ᠪᠣᠶ ᠪᠥᠬᠦᠶ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠤᠭᠲᠠᠭᠠᠬᠤ ᠳᠤ ᠴᠥᠮ ᠡᠷᠬᠡᠪᠰᠢ ᠭᠦᠢᠴᠡᠳᠭᠡᠬᠦ ᠬᠡᠷᠡᠭᠲᠡᠶ᠃ ᠲᠤᠰᠬᠠᠢ ᠮᠡᠷᠭᠡᠵᠢᠯᠲᠡᠨ ᠤ ᠨᠤᠲᠠᠯᠠᠯᠲᠠ ᠬᠢᠬᠦ ᠪᠠ ᠠᠶᠤᠯ ᠲᠦᠭᠰᠢᠭᠦᠷᠢ ᠶᠢ ᠦᠨᠡᠯᠡᠨ ᠵᠢᠱᠢᠬᠦ ᠨᠢ ᠵᠠᠪᠠᠯ ᠥᠩᠭᠡᠷᠡᠭᠡᠬᠦ ᠶᠠᠪᠤᠴᠠ ᠪᠢᠰᠢ᠂ ᠲᠦᠷᠢᠮ ᠳᠤ᠄  ᠲᠤᠰᠬᠠᠢ ᠮᠡᠷᠭᠡᠵᠢᠯ ᠤᠨ ᠴᠢᠨᠠᠷ᠂ ᠮᠡᠷᠭᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ ᠰᠢᠢᠳᠪᠦᠷᠢᠲᠦ ᠪᠤᠳᠤᠯᠭ᠎ᠠ ᠲᠣᠭᠲᠠᠭᠠᠬᠤ ᠵᠦᠢᠯᠡᠰ ᠲᠤ ᠲᠤᠰᠬᠠᠢ ᠮᠡᠷᠭᠡᠵᠢᠯᠲᠡᠨ ᠤ ᠨᠤᠲᠠᠯᠠᠯᠲᠠ ᠬᠢᠬᠦ ᠶᠠᠪᠤᠴᠠ ᠶᠢ ᠭᠦᠢᠴᠡᠳᠭᠡᠬᠦ ᠬᠡᠷᠡᠭᠲᠡᠶ᠃ ᠴᠢᠬᠤᠯᠠ ᠶᠡᠭᠡ ᠵᠠᠰᠠᠭ ᠵᠠᠬᠢᠷᠭᠠᠨ ᠤ  ᠰᠢᠢᠳᠪᠦᠷᠢᠲᠦ ᠪᠣᠳᠣᠯᠭ᠎ᠠ ᠶᠢᠨ ᠬᠡᠷᠡᠭᠵᠢᠭᠦᠯᠦᠯᠲᠡ  ᠨᠢ ᠨᠡᠶᠢᠭᠡᠮ ᠤᠨ ᠲᠣᠭᠲᠠᠭᠤᠨ ᠪᠠᠶᠢᠳᠠᠯ᠂ ᠠᠮᠢ ᠠᠬᠤᠶ ᠣᠷᠴᠢᠨ ᠲᠣᠭᠤᠷᠢᠨ᠂ ᠣᠯᠠᠨ ᠨᠡᠶᠢᠲᠡ ᠶᠢᠨ ᠠᠮᠤᠷ ᠲᠦᠪᠰᠢᠨ ᠵᠡᠷᠭᠡ ᠲᠠᠯ᠎ᠠ ᠳᠤ ᠠᠰᠢᠭ ᠥᠬᠡᠶ ᠨᠥᠯᠥᠭᠡ ᠤᠴᠠᠷᠠᠭᠤᠯᠵᠤ ᠮᠡᠳᠡᠬᠦ ᠳᠤ ᠭᠦᠷᠪᠡᠯ᠂ ᠲᠦᠭᠰᠢᠭᠦᠷᠢ ᠶᠢ  ᠦᠨᠡᠯᠡᠨ ᠵᠢᠱᠢᠬᠦ  ᠶᠠᠪᠤᠴᠠ ᠶᠢ ᠭᠦᠢᠴᠡᠳᠭᠡᠬᠦ ᠬᠡᠷᠡᠭᠲᠡᠶ ᠭᠡᠵᠠᠢ᠃    ᠲᠠᠪᠤ᠂ ᠬᠤᠯᠪᠣᠭᠳᠠᠯ ᠪᠦᠬᠦᠢ ᠵᠢᠷᠤᠮᠵᠢᠯᠠᠯ ᠢ ᠭᠦᠢᠴᠡᠳᠭᠡᠬᠦ ᠳᠤ ᠲᠣᠭᠲᠠᠮᠠᠯ ᠳᠡᠰ ᠳᠠᠷᠠᠭᠠᠯᠠᠯ ᠲᠠᠢ ᠤᠤ ᠦᠭᠡᠢ ᠤᠤ︖    ᠬᠠᠷᠢᠭᠤᠯᠲᠠ᠄ ᠣᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠳᠤ ᠪᠠᠷ  ᠶᠠᠷᠢᠯᠴᠠᠨ ᠲᠣᠭᠲᠠᠭᠠᠬᠤ ᠡᠨᠡ ᠲᠠᠪᠤᠨ ᠶᠡᠭᠡ ᠵᠢᠷᠤᠮᠵᠢᠯᠠᠯ ᠪᠣᠯ ᠪᠦᠷᠢᠮᠦᠰᠦᠨ ᠬᠦᠰᠢᠭᠦᠷᠦᠭᠰᠡᠨ ᠶᠠᠪᠤᠴᠠ ᠪᠢᠰᠢ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠡᠬᠢᠯᠡᠭᠦᠯᠦᠭᠰᠡᠨ ᠠᠴᠠ ᠠᠪᠤᠭᠠᠳ ᠲᠣᠭᠲᠠᠭᠠᠬᠤ ᠬᠦᠷᠲᠡᠯ᠎ᠡ᠂ ᠶᠡᠭᠡ ᠲᠥᠯᠥᠪ  ᠰᠢᠢᠳᠪᠦᠷᠢᠲᠦ ᠪᠣᠳᠣᠯᠭ᠎ᠠ ᠶᠢᠨ ᠲᠥᠰᠦᠯ ᠤᠨ ᠪᠦᠷᠢᠯᠳᠦᠬᠦ ᠱᠠᠲᠤ᠂ ᠲᠥᠰᠦᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠬᠠᠮᠳᠤ ᠪᠠᠷ ᠶᠠᠷᠢᠯᠴᠠᠬᠤ ᠱᠠᠲᠤ ᠭᠡᠵᠦ ᠬᠤᠪᠢᠶᠠᠵᠤ ᠪᠣᠯᠤᠨ᠎ᠠ᠃ ᠣᠯᠠᠨ ᠨᠡᠶᠢᠲᠡ ᠪᠠᠷ ᠢᠶᠠᠨ ᠣᠷᠣᠯᠴᠠᠬᠤ᠂  ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ ᠪᠣᠯ ᠰᠢᠢᠳᠪᠦᠷᠢᠲᠦ ᠪᠣᠳᠣᠯᠭ᠎ᠠ ᠶᠢᠨ ᠲᠥᠰᠦᠯ ᠤᠨ ᠪᠦᠷᠢᠯᠳᠦᠬᠦ ᠱᠠᠳᠤᠨ ᠤ ᠵᠢᠷᠤᠮᠵᠢᠯᠠᠯ ᠮᠥᠨ᠂ ᠡᠨᠡ ᠭᠤᠷᠪᠠ ᠶᠢᠨ ᠬᠤᠭᠤᠷᠣᠨᠳᠣ ᠲᠣᠭᠲᠠᠭᠰᠠᠨ ᠡᠮᠦᠨ᠎ᠡ ᠬᠤᠶᠢᠨᠠᠬᠢ ᠳᠡᠰ ᠳᠠᠷᠠᠭᠠᠯᠠᠯ ᠭᠡᠵᠦ ᠪᠠᠢᠳᠠᠭ ᠥᠬᠡᠶ᠂ ᠰᠢᠢᠳᠪᠦᠷᠢᠲᠦ ᠪᠣᠳᠣᠯᠭ᠎ᠠ ᠶᠢ ᠳᠠᠭᠠᠭᠠᠨ ᠭᠦᠢᠴᠡᠳᠭᠡᠬᠦ  ᠨᠢᠭᠡᠴᠡ ᠨᠢ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠣᠨᠴᠠᠯᠢᠭ ᠪᠠ ᠪᠣᠳᠠᠲᠠᠶ ᠬᠡᠷᠡᠭᠴᠡᠭᠡ ᠶᠢ ᠦᠨᠳᠦᠰᠦᠯᠡᠨ ᠡᠵᠡᠮᠰᠢᠵᠦ᠂ ᠵᠠᠷᠢᠮ ᠵᠢᠷᠤᠮᠵᠢᠯᠠᠯ ᠢ ᠳᠠᠬᠢᠨ ᠳᠠᠪᠲᠠᠨ ᠣᠯᠠᠨ ᠤᠳᠠᠭ᠎ᠠ ᠭᠦᠢᠴᠡᠳᠭᠡᠵᠦ᠂ ᠵᠢᠱᠢᠶᠡᠯᠡᠪᠡᠯ ᠣᠯᠠᠨ ᠤᠳᠠᠭ᠎ᠠ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ ᠪᠣᠯᠤᠯᠴᠠᠭ᠎ᠠ  ᠲᠠᠢ᠃ ᠡᠭᠦᠨ ᠠᠴᠠ ᠭᠠᠳᠠᠨ᠎ᠠ᠂ ᠲᠦᠭᠰᠢᠭᠦᠷᠢ ᠶᠢ ᠦᠨᠡᠯᠡᠨ ᠵᠢᠱᠢᠬᠦ ᠳᠤ ᠣᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ ᠵᠡᠷᠭᠡ ᠠᠵᠢᠯ ᠲᠠᠢ ᠤᠶᠠᠯᠳᠤᠭᠤᠯᠤᠨ ᠵᠡᠷᠭᠡ ᠪᠠᠷ ᠵᠤᠬᠢᠶᠠᠨ ᠪᠠᠶᠢᠭᠤᠯᠵᠤ ᠪᠣᠯᠤᠨ᠎ᠠ᠃ ᠰᠢᠢᠳᠪᠦᠷᠢᠲᠦ ᠪᠤᠳᠤᠯᠭ᠎ᠠ ᠶᠢᠨ ᠲᠥᠰᠦᠯ ᠪᠤᠢ ᠪᠤᠯᠤᠭᠰᠠᠨ ᠤ ᠲᠠᠷᠠᠭ᠎ᠠ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠬᠠᠮᠳᠤ ᠪᠠᠷ ᠶᠠᠷᠢᠯᠴᠠᠨ ᠲᠣᠭᠲᠠᠭᠠᠬᠤ ᠶᠠᠪᠤᠳᠠᠯ ᠢ ᠲᠡᠰ ᠳᠠᠷᠠᠭᠠᠯᠠᠨ ᠭᠦᠢᠴᠡᠳᠭᠡᠬᠦ ᠴᠢᠬᠤᠯᠠᠲᠠᠶ᠂ ᠡᠨᠡ ᠬᠤᠶᠠᠷ ᠵᠢᠷᠤᠮᠵᠢᠯᠠᠯ ᠪᠣᠯ ᠵᠠᠪᠠᠯ ᠥᠩᠭᠡᠷᠡᠭᠡᠬᠦ ᠵᠢᠷᠤᠮ ᠪᠤᠯᠤᠨ᠎ᠠ᠃ ᠠᠩᠬᠠᠷᠤᠭᠤᠰᠢᠲᠠᠢ ᠨᠢ᠂ ᠬᠡᠷᠪᠡ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢᠨ ᠳᠤᠮᠳᠠ ᠣᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ ᠪᠠ ᠲᠦᠭᠰᠢᠭᠦᠷᠢ ᠶᠢ ᠦᠨᠡᠯᠡᠨ ᠵᠢᠱᠢᠬᠦ ᠵᠢᠷᠤᠮᠵᠢᠯᠡᠯ ᠢ ᠭᠦᠢᠴᠡᠳᠭᠡᠬᠦ ᠶᠣᠰᠣᠲᠠᠶ ᠪᠠᠢᠲᠠᠯ᠎ᠠ ᠭᠦᠢᠴᠡᠳᠭᠡᠭᠰᠡᠨ ᠥᠬᠡᠶ ᠪᠠᠶᠢᠬᠤ ᠶᠢ ᠣᠯᠵᠤ ᠮᠡᠳᠡᠪᠡᠯ᠂ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠬᠠᠷᠢᠭᠤᠴᠠᠬᠤ ᠰᠠᠯᠠᠭ᠎ᠠ ᠮᠥᠴᠢᠷ ᠠᠴᠠ ᠰᠢᠢᠳᠪᠦᠷᠢᠲᠦ ᠪᠣᠳᠣᠯᠭ᠎ᠠ ᠶᠢ ᠳᠠᠭᠠᠭᠠᠨ ᠭᠦᠢᠴᠡᠳᠭᠡᠬᠦ ᠨᠢᠭᠡᠴᠡ ᠪᠠᠷ ᠬᠤᠯᠪᠣᠭᠳᠠᠯ ᠪᠥᠬᠦᠶ ᠵᠢᠷᠤᠮᠵᠢᠯᠠᠯ ᠢ ᠨᠥᠬᠦᠪᠥᠷᠢᠯᠡᠨ ᠭᠦᠢᠴᠡᠳᠭᠡᠭᠦᠯᠬᠦ ᠪᠠᠷ ᠱᠠᠭᠠᠷᠳᠠᠵᠤ ᠪᠣᠯᠤᠨ᠎ᠠ᠃ ᠬᠠᠮᠳᠤ ᠪᠠᠷ ᠶᠠᠷᠢᠯᠴᠠᠨ ᠲᠣᠭᠲᠠᠭᠠᠬᠤ ᠪᠣᠯ ᠲᠠᠪᠤᠨ ᠶᠡᠭᠡ ᠵᠢᠷᠤᠮᠵᠢᠯᠠᠯ ᠤᠨ ᠳᠣᠲᠣᠷᠠᠬᠢ ᠬᠠᠮᠤᠭ ᠰᠡᠭᠦᠯᠴᠢ ᠶᠢᠨ ᠨᠢᠭᠡ ᠵᠢᠷᠤᠮᠵᠢᠯᠠᠯ ᠪᠣᠯᠤᠨ᠎ᠠ᠂ ᠬᠡᠯᠡᠯᠭᠡᠨ ᠦᠭᠡᠢ ᠬᠠᠮᠳᠤ ᠪᠠᠷ ᠶᠠᠷᠢᠯᠴᠠᠬᠤ ᠦᠶ᠎ᠡ ᠲᠤ ᠬᠤᠯᠪᠣᠭᠳᠠᠯ ᠪᠦᠬᠦᠢ ᠵᠢᠷᠤᠮᠵᠢᠯᠠᠯ ᠢ ᠳᠠᠬᠢᠵᠤ ᠭᠦᠢᠴᠡᠳᠭᠡᠬᠦ ᠪᠤᠶᠤ ᠨᠥᠬᠦᠪᠥᠷᠢᠯᠡᠨ ᠭᠦᠢᠴᠡᠳᠭᠡᠭᠦᠯᠬᠦ ᠪᠠᠷ ᠱᠠᠭᠠᠷᠳᠠᠵᠦ ᠪᠤᠯᠤᠨ᠎ᠠ᠃    ᠵᠢᠷᠭᠤᠭ᠎ᠠ᠂ ︽ᠵᠢᠷᠤᠮᠵᠢᠯᠠᠯ ᠤᠨ ᠲᠣᠭᠲᠠᠭᠠᠯ︾  ᠳᠤ ᠤᠯᠠᠨ ᠨᠡᠶᠢᠲᠡ ᠶᠢᠨ ᠣᠷᠣᠯᠴᠠᠯᠭ᠎ᠠ ᠶᠢᠨ ᠪᠤᠳᠠᠲᠠᠢ ᠦᠷ᠎ᠡ ᠪᠦᠲᠦᠮᠵᠢᠲᠦ ᠴᠢᠨᠠᠷ ᠢ ᠪᠠᠲᠤᠯᠠᠬᠤ ᠲᠤᠬᠠᠶ ᠶᠠᠮᠠᠷ ᠶᠠᠮᠠᠷ ᠲᠣᠭᠲᠠᠭᠠᠯ ᠭᠠᠷᠭᠠᠭᠰᠠᠨ ᠪᠤᠢ︖   ᠬᠠᠷᠢᠭᠤᠯᠲᠠ᠄ ᠡᠩ ᠲᠡᠷᠢᠭᠦᠨ ᠳᠤ᠂ ᠣᠯᠠᠨ ᠨᠡᠶᠢᠲᠡ ᠶᠢᠨ ᠰᠠᠨᠠᠯ ᠢ ᠰᠤᠨᠤᠰᠬᠤ ᠠᠷᠭ᠎ᠠ ᠬᠡᠯᠪᠡᠷᠢ ᠪᠠ ᠠᠷᠭ᠎ᠠ  ᠶᠢᠨ ᠲᠠᠯ᠎ᠠ ᠪᠠᠷ᠂ ᠶᠠᠷᠢᠯᠴᠠᠬᠤ ᠬᠤᠷᠠᠯ᠂ ᠭᠡᠷᠡᠴᠢᠯᠡᠯᠲᠡ ᠰᠤᠨᠤᠰᠬᠤ ᠬᠤᠷᠠᠯ᠂ ᠲᠤᠬᠠᠶ ᠶᠢᠨ ᠭᠠᠵᠠᠷ ᠲᠤᠨᠢ ᠰᠤᠷᠪᠤᠯᠵᠢᠯᠠᠬᠤ᠂  ᠪᠢᠴᠢᠭ ᠢᠶᠠᠷ ᠰᠠᠨᠠᠯ ᠬᠤᠷᠢᠶᠠᠬᠤ᠂ ᠨᠡᠶᠢᠭᠡᠮ ᠨᠡᠶᠢᠲᠡ ᠠᠴᠠ ᠢᠯᠨ ᠪᠠᠷ ᠰᠠᠨᠠᠯ ᠬᠤᠷᠢᠶᠠᠬᠤ᠂ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ᠂ ᠠᠷᠠᠳ ᠤᠨ ᠰᠠᠨᠠᠭ᠎ᠠ ᠶᠢ ᠪᠠᠶᠢᠴᠠᠭᠠᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢ ᠪᠠᠭᠲᠠᠭᠠᠵᠤ᠂ ᠣᠯᠠᠨ ᠨᠡᠶᠢᠲᠡ ᠶᠢᠨ ᠤᠷᠤᠯᠴᠠᠬᠤ ᠳᠤ ᠲᠥᠬᠦᠮ ᠦᠵᠡᠭᠦᠯᠬᠦ ᠠᠷᠭ᠎ᠠ ᠮᠠᠶ᠋ᠢᠭ ᠠᠪᠬᠤ ᠬᠡᠷᠡᠭᠲᠡᠶ ᠭᠡᠵᠦ ᠱᠠᠭᠠᠷᠳᠠᠵᠠᠶ᠃ ᠰᠢᠢᠳᠪᠦᠷᠢᠲᠦ ᠪᠤᠳᠤᠯᠭ᠎ᠠ ᠶᠢᠨ ᠠᠭᠤᠯᠭ᠎ᠠ ᠪᠠ ᠬᠡᠷᠡᠭᠴᠡᠭᠡ ᠶᠢ ᠦᠨᠳᠦᠰᠦᠯᠡᠨ᠂ ᠪᠠᠰᠠ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ᠂ ᠤᠯᠤᠰ ᠲᠦᠷᠦ  ᠶᠢᠨ ᠵᠦᠪᠯᠡᠯᠭᠡᠨ ᠤ ᠭᠡᠰᠢᠭᠦᠨ ᠵᠢᠴᠢ ᠬᠤᠯᠪᠣᠭᠳᠠᠯ ᠪᠦᠬᠦᠢ ᠦᠨᠳᠦᠰᠦᠨ ᠱᠠᠳᠤᠨ ᠤ ᠵᠣᠬᠢᠶᠠᠨ ᠪᠠᠶᠢᠭᠤᠯᠤᠯᠲᠠ ᠶᠢᠨ ᠰᠠᠨᠠᠯ ᠢ ᠰᠤᠨᠤᠰᠬᠤ ᠬᠡᠷᠡᠭᠲᠡᠶ᠃ ᠢᠯᠠᠩᠭᠤᠶ᠎ᠠ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠨᠢ ᠬᠡᠷᠪᠡ ᠣᠨᠴᠠ ᠲᠣᠭᠲᠠᠭᠰᠠᠨ ᠤᠯᠠᠨ ᠨᠡᠶᠢᠲᠡ ᠶᠢᠨ ᠠᠰᠢᠭ ᠲᠤᠰᠠ ᠳᠤ ᠬᠤᠯᠪᠣᠭᠳᠠᠪᠠᠯ᠂  ᠠᠷᠠᠳ ᠤᠨ ᠪᠦᠯᠬᠦᠮ᠂ ᠨᠡᠶᠢᠭᠡᠮ ᠤᠨ ᠵᠣᠬᠢᠶᠠᠨ ᠪᠠᠢᠭᠤᠯᠤᠯᠲᠠ᠂ ᠤᠯᠠᠨ ᠲᠦᠮᠡᠨ ᠤ ᠲᠦᠯᠦᠭᠡᠯᠡᠭᠴᠢ ᠶᠢ ᠪᠠᠭᠲᠠᠭᠠᠭᠰᠠᠨ ᠬᠤᠯᠪᠣᠭᠳᠠᠯ ᠪᠦᠬᠦᠢ ᠣᠨᠴᠠ ᠲᠣᠭᠲᠠᠭᠰᠠᠨ ᠤᠯᠠᠨ ᠨᠡᠶᠢᠲᠡ ᠶᠢᠨ ᠰᠠᠨᠠᠯ ᠢ ᠰᠤᠨᠤᠰᠬᠤ ᠶᠢ ᠱᠠᠭᠠᠷᠳᠠᠳᠠᠭ᠃ ᠲᠠᠷᠠᠭ᠎ᠠ ᠳᠤᠨᠢ᠂ ᠪᠣᠳᠠᠲᠠᠶ ᠵᠢᠷᠤᠮᠵᠢᠯᠠᠯ ᠤᠨ ᠱᠠᠭᠠᠷᠳᠠᠯᠭ᠎ᠠ ᠶᠢᠨ ᠲᠠᠯ᠎ᠠ ᠪᠠᠷ᠂ ᠵᠢᠱᠢᠶᠡᠯᠡᠪᠡᠯ ᠢᠯᠨ ᠪᠠᠷ ᠰᠠᠨᠠᠯ ᠬᠤᠷᠢᠶᠠᠬᠤ ᠱᠠᠭᠠᠷᠳᠠᠯᠭ᠎ᠠ ᠨᠢ ᠲᠥᠰᠦᠯ ᠤᠨ ᠲᠤᠬᠠᠶ ᠲᠣᠪᠬᠢᠮᠠᠯ ᠢᠶᠠᠷ ᠪᠠᠷᠠᠬᠤ ᠦᠭᠡᠢ᠂ ᠪᠠᠰᠠ ᠲᠤᠳᠤᠷᠬᠠᠶᠢᠯᠠᠯᠲᠠ ᠶᠢᠨ ᠲᠠᠯ᠎ᠠ ᠪᠠᠷ ᠴᠥᠮ ᠰᠠᠨᠠᠯ ᠬᠤᠷᠢᠶᠠᠬᠤ ᠬᠡᠷᠡᠭᠲᠡᠶ᠃ ᠰᠠᠨᠠᠯ ᠬᠤᠷᠢᠶᠠᠬᠤ ᠳᠤ ᠵᠠᠷᠴᠢᠮ ᠳᠡᠭᠡᠷ᠎ᠡ ᠪᠠᠨ 30 ᠡᠳᠦᠷ ᠠᠴᠠ ᠳᠤᠲᠠᠭᠤ ᠪᠠᠶᠢᠵᠤ ᠪᠣᠯᠬᠤ ᠥᠬᠡᠶ᠂ ᠣᠯᠠᠨ ᠨᠡᠶᠢᠲᠡ ᠳᠤ ᠮᠡᠳᠡᠭᠳᠡᠬᠦ ᠳᠤ ᠲᠥᠬᠦᠮ ᠵᠠᠭᠤᠴᠢᠯᠠᠭᠤᠷ ᠪᠠ ᠠᠷᠭ᠎ᠠ ᠵᠠᠮ ᠢᠶᠠᠷ ᠳᠠᠮᠵᠢᠭᠤᠯᠤᠨ᠂ ᠤᠯᠠᠨ ᠳᠤ ᠤᠶᠢᠯᠠᠭᠠᠭᠤᠯᠤᠨ ᠡᠵᠡᠮᠰᠢᠭᠦᠯᠬᠦ ᠬᠡᠷᠡᠭᠲᠡᠶ᠃  ᠨᠡᠶᠢᠭᠡᠮ ᠨᠡᠶᠢᠲᠡ ᠶᠢᠨ ᠨᠡᠶᠢᠳᠡᠮ ᠠᠩᠬᠠᠷᠴᠤ ᠪᠠᠶᠢᠭ᠎ᠠ ᠪᠤᠶᠤ ᠲᠤᠰᠬᠠᠢ ᠮᠡᠷᠭᠡᠵᠢᠯ ᠤᠨ ᠴᠢᠨᠠᠷ᠂ ᠮᠡᠷᠭᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠵᠦᠢᠯᠡᠰ ᠢ ᠪᠠᠰᠠ ᠰᠣᠨᠢᠨ ᠮᠡᠳᠡᠭᠡ ᠨᠡᠶᠢᠲᠡᠯᠡᠬᠦ ᠬᠤᠷᠠᠯ᠂ ᠲᠤᠰᠬᠠᠢ ᠮᠡᠷᠭᠡᠵᠢᠯᠲᠡᠨ ᠤ ᠰᠤᠷᠪᠤᠯᠵᠢᠯᠠᠭ᠎ᠠ ᠵᠡᠷᠭᠡ ᠠᠷᠭ᠎ᠠ ᠮᠠᠶ᠋ᠢᠭ ᠢᠶᠠᠷ ᠲᠠᠶᠢᠯᠠᠪᠤᠷᠢᠯᠠᠨ ᠲᠣᠳᠣᠷᠬᠠᠢᠯᠠᠬᠤ ᠬᠡᠷᠡᠭᠲᠡᠶ᠃ ᠭᠡᠷᠡᠴᠢᠯᠡᠯᠲᠡ ᠰᠤᠨᠤᠰᠬᠤ ᠬᠤᠷᠠᠯ ᠳᠤ ᠴᠢᠭᠯᠡᠭᠦᠯᠦᠨ᠂ ︽ᠵᠢᠷᠤᠮᠵᠢᠯᠠᠯ ᠤᠨ ᠲᠣᠭᠲᠠᠭᠠᠯ︾ ᠳᠤ ᠭᠡᠷᠡᠴᠢᠯᠡᠯᠲᠡ ᠰᠤᠨᠤᠰᠬᠤ ᠬᠤᠷᠠᠯ ᠤᠨ ᠲᠦᠯᠦᠭᠡᠯᠡᠭᠴᠢᠳ ᠢ ᠥᠷᠭᠡᠨ ᠳᠡᠯᠭᠡᠷᠡᠩᠭᠦᠶ ᠴᠢᠨᠠᠷ ᠲᠠᠢ ᠪᠠᠶᠢᠬᠤ ᠶᠢ ᠱᠠᠭᠠᠷᠳᠠᠭᠰᠠᠨ ᠪᠥᠭᠡᠳ ᠭᠡᠷᠡᠴᠢᠯᠡᠯᠲᠡ ᠰᠤᠨᠤᠰᠬᠤ ᠠᠯᠪᠠᠨ ᠵᠠᠷ ᠤᠨ ᠠᠭᠤᠯᠭ᠎ᠠ ᠪᠠ ᠰᠠᠨᠠᠯ  ᠰᠤᠨᠤᠰᠬᠤ ᠬᠤᠷᠠᠯ ᠤᠨ ᠵᠢᠷᠤᠮ ᠢ ᠲᠣᠭᠲᠠᠭᠠᠵᠠᠶ᠃    ᠲᠤᠯᠤᠭ᠎ᠠ᠂ ᠰᠢᠢᠳᠪᠦᠷᠢᠲᠦ ᠪᠤᠳᠤᠯᠭ᠎ᠠ ᠲᠣᠭᠲᠠᠭᠠᠬᠤ ᠪᠠᠢᠭᠤᠯᠭ᠎ᠠ ᠨᠢ ᠲᠤᠰᠬᠠᠢ ᠮᠡᠷᠭᠡᠵᠢᠯᠲᠡᠨ ᠤ ᠬᠥᠮᠥᠷᠭᠡ ᠪᠠᠶᠢᠭᠤᠯᠵᠤ᠂  ᠲᠡᠭᠦᠨ ᠤ ᠳᠣᠲᠣᠷ᠎ᠠ ᠠᠴᠠ ᠲᠤᠰᠬᠠᠢ ᠮᠡᠷᠭᠡᠵᠢᠯᠲᠡᠨ ᠢ ᠰᠣᠩᠭᠤᠨ ᠲᠤᠰᠭᠠᠶ  ᠮᠡᠷᠭᠡᠵᠢᠯᠲᠡᠨ ᠢᠶᠠᠷ ᠨᠤᠲᠠᠯᠠᠭᠤᠯᠵᠤ ᠪᠣᠯᠤᠨ᠎ᠠ ᠤᠤ ᠦᠭᠡᠢ ᠤᠤ︖   ᠬᠠᠷᠢᠭᠤᠯᠲᠠ᠄ ︽ᠵᠢᠷᠤᠮᠵᠢᠯᠠᠯ ᠤᠨ ᠲᠣᠭᠲᠠᠭᠠᠯ︾ ᠤᠨ ᠬᠤᠷᠢᠨ ᠨᠠᠢᠮᠠᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠪᠡᠯ᠂ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠨᠢ ᠰᠢᠢᠳᠪᠦᠷᠢᠲᠦ ᠪᠣᠳᠣᠯᠭ᠎ᠠ ᠶᠢᠨ ᠵᠦᠪᠯᠡᠯᠭᠡ ᠥᠭᠴᠦ ᠨᠤᠲᠠᠯᠠᠯᠲᠠ ᠬᠢᠬᠦ ᠲᠤᠰᠬᠠᠢ ᠮᠡᠷᠭᠡᠵᠢᠯᠲᠡᠨ ᠤ ᠬᠥᠮᠥᠷᠭᠡ ᠪᠠᠢᠭᠤᠯᠬᠤ ᠬᠡᠷᠡᠭᠲᠡᠶ᠃ ᠲᠤᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠵᠠᠬᠢᠷᠭ᠎ᠠ ᠪᠠ ᠬᠤᠱᠢᠭᠤ ᠰᠢᠶᠠᠨ  ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠬᠡᠷᠡᠭᠴᠡᠭᠡ ᠪᠠᠨ‌ᠦᠨᠳᠦᠰᠦᠯᠡᠨ  ᠰᠢᠢᠳᠪᠦᠷᠢᠲᠦ ᠪᠣᠳᠣᠯᠭ᠎ᠠ ᠶᠢᠨ ᠵᠦᠪᠯᠡᠯᠭᠡ ᠥᠭᠴᠦ ᠨᠤᠲᠠᠯᠠᠯᠲᠠ ᠬᠢᠬᠦ ᠲᠤᠰᠬᠠᠢ ᠮᠡᠷᠭᠡᠵᠢᠯᠲᠡᠨ ᠤ ᠬᠥᠮᠥᠷᠭᠡ ᠪᠠᠢᠭᠤᠯᠵᠤ ᠪᠣᠯᠤᠨ᠎ᠠ  ᠃ ᠰᠢᠢᠳᠪᠦᠷᠢᠲᠦ ᠪᠤᠳᠤᠯᠭ᠎ᠠ ᠲᠣᠭᠲᠠᠭᠠᠬᠤ ᠪᠠᠶᠢᠭᠤᠯᠭ᠎ᠠ ᠨᠢ ᠰᠢᠢᠳᠪᠦᠷᠢᠲᠦ ᠪᠤᠳᠤᠯᠭ᠎ᠠ ᠶᠢᠨ ᠵᠥᠪᠯᠡᠯᠭᠡ ᠥᠭᠴᠦ ᠨᠤᠲᠠᠯᠠᠯᠲᠠ ᠬᠢᠬᠦ ᠲᠤᠰᠬᠠᠢ ᠮᠡᠷᠭᠡᠵᠢᠯᠲᠡᠨ ᠤ ᠬᠥᠮᠥᠷᠭᠡ ᠪᠠᠶᠢᠭᠤᠯᠤᠭᠰᠠᠨ ᠦᠭᠡᠢ ᠪᠠᠶᠢᠪᠠᠯ᠂ ᠳᠡᠭᠡᠳᠦ ᠱᠠᠳᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠤᠰᠬᠠᠢ ᠮᠡᠷᠭᠡᠵᠢᠯᠲᠡᠨ ᠤ ᠬᠦᠮᠦᠷᠭᠡ ᠶᠢ ᠬᠡᠷᠡᠭᠯᠡᠵᠦ ᠪᠣᠯᠤᠨ᠎ᠠ᠃    ᠨᠠᠢᠮᠠ᠂ ᠰᠢᠢᠳᠪᠦᠷᠢᠲᠦ ᠪᠤᠳᠤᠯᠭ᠎ᠠ ᠲᠣᠭᠲᠠᠭᠠᠬᠤ ᠪᠠᠢᠭᠤᠯᠭ᠎ᠠ ᠠᠴᠠ ᠰᠢᠢᠳᠪᠦᠷᠢᠲᠦ ᠪᠤᠳᠤᠯᠭ᠎ᠠ ᠲᠤᠭᠲᠠᠭᠠᠭᠰᠠᠨ  ᠤ ᠲᠠᠷᠠᠭ᠎ᠠ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠵᠤ ᠪᠤᠯᠬᠤ ᠪᠠᠶᠢᠳᠠᠯ ᠶᠠᠮᠠᠷ ᠶᠠᠮᠠᠷ ᠪᠠᠶᠢᠳᠠᠯ ᠪᠠᠶᠢᠬᠤ ᠪᠤᠢ︖    ᠬᠠᠷᠢᠭᠤᠯᠲᠠ᠄  ᠨᠢᠭᠡ ᠳᠤ ᠰᠢᠢᠳᠪᠦᠷᠢᠲᠦ ᠪᠣᠳᠣᠯᠭ᠎ᠠ ᠲᠤᠭᠲᠠᠭᠠᠬᠤ ᠳᠤ ᠦᠨᠳᠦᠰᠦ ᠪᠠᠷᠢᠮᠲᠠ ᠪᠣᠯᠭᠠᠭᠰᠠᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ᠂ ᠲᠦᠷᠦ ᠶᠢᠨ ᠪᠣᠳᠣᠯᠭ᠎ᠠ ᠵᠢᠴᠢ ᠪᠤᠰᠤᠳᠴᠢ ᠪᠠᠶᠢᠳᠠᠯ ᠳᠤ ᠴᠢᠬᠤᠯᠠ ᠶᠡᠭᠡ ᠬᠤᠪᠢᠷᠠᠯᠲᠠ ᠭᠠᠷᠤᠭᠰᠠᠨ᠂ ᠬᠤᠶᠠᠷ ᠲᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ ᠵᠢᠱᠢᠭᠰᠡᠨ ᠦᠷ᠎ᠡ ᠪᠦᠲᠦᠮᠵᠢ ᠳᠤ ᠢᠯᠡᠳᠲᠡ ᠬᠦᠷᠴᠦ ᠴᠢᠳᠠᠭᠰᠠᠨ ᠥᠬᠡᠶ᠂  ᠭᠤᠷᠪᠠ ᠳᠤ ᠠᠷᠠᠳ ᠢᠷᠭᠡᠨ᠂  ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠢᠭᠤᠯᠤᠯᠲᠠ ᠨᠡᠯᠢᠶᠡᠳ ᠤᠯᠠᠨ ᠰᠠᠨᠠᠯ ᠳᠤᠷᠠᠳᠤᠭᠰᠠᠨ᠂ ᠳᠦᠷᠪᠡ ᠳᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠪᠠᠢᠭᠤᠯᠭ᠎ᠠ ᠠᠴᠠ ᠴᠢᠬᠤᠯᠠᠲᠠᠶ ᠭᠡᠵᠦ ᠦᠵᠡᠭᠰᠡᠨ ᠪᠤᠰᠤᠳ ᠪᠠᠶᠢᠳᠠᠯ ᠤᠳ ᠪᠤᠯᠤᠨ᠎ᠠ᠃                                             ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ ᠣᠷᠴᠢᠭᠤᠯᠪᠠ
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号