︽ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠣᠭᠲᠠᠯᠴᠠᠭ᠎ᠠ ᠪᠠ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠭᠠᠬᠤ ᠲᠤᠬᠠᠶ ᠥᠪᠦᠷ ᠮᠣᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ  ᠤᠷᠳᠤᠨ ᠤ ᠠᠯᠪᠠᠨ ᠲᠢᠩᠬᠢᠮ ᠤᠨ ᠰᠠᠨᠠᠯ︾  ᠤᠨ ᠲᠤᠬᠠᠢ ᠲᠦᠷᠦ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/4/26
   ᠨᠢᠭᠡ᠂ ᠨᠡᠢᠲᠡᠯᠡᠭᠰᠡᠨ ᠠᠬᠤᠢ ᠪᠠᠶᠢᠳᠠᠯ    ︽ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢ ᠠᠬᠢᠭᠤᠯᠬᠤ ᠬᠠᠤᠯᠢ︾ ᠵᠢᠴᠢ ︽ᠡᠷᠡᠭᠦᠯ ᠡᠩᠬᠡ ᠳᠤᠮᠳᠠᠳᠤ ᠤᠯᠤᠰ ᠤᠨ ᠠᠵᠢᠯᠯᠠᠭ᠎ᠠ ︵2019-2030︶︾ ᠶᠢ ᠲᠤᠭᠤᠱᠢᠯᠠᠭᠤᠯᠤᠨ ᠨᠠᠶᠢᠳᠠᠪᠤᠷᠢᠵᠢᠭᠤᠯᠵᠤ᠂ ︽ᠡᠷᠡᠭᠦᠯ ᠡᠩᠬᠡ ᠥᠪᠥᠷ ᠮᠣᠩᠭᠤᠯ   ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠭᠦᠨᠵᠡᠭᠡᠶ  ᠬᠡᠷᠡᠭᠵᠢᠭᠦᠯᠬᠦ ᠶᠢ ᠠᠭᠢᠭᠤᠯᠤᠨ᠂  ᠡᠮᠡᠭᠲᠡᠶᠢᠴᠤᠳ ᠬᠡᠤᠬᠡᠳ ᠣᠯᠠᠨ ᠲᠠᠰ ᠳᠠᠪᠬᠤᠷᠭ᠎ᠠ᠂ ᠣᠯᠠᠨ ᠶᠠᠩᠵᠤ ᠶᠢᠨ ᠡᠷᠡᠭᠦᠯ ᠮᠡᠨᠳᠦ ᠶᠢᠨ  ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠵᠤ᠂ ᠪᠦᠬᠦ ᠤᠷᠤᠨ ᠤ ᠡᠮᠡᠭᠲᠡᠢᠴᠦᠳ ᠬᠡᠤᠬᠡᠳ ᠤᠨ ᠡᠷᠡᠭᠦᠯ  ᠴᠢᠬᠢᠷᠠᠭ ᠤᠨ ᠬᠢᠷᠢ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠬᠦ ᠶᠢᠨ ᠲᠤᠯᠠᠳᠠ᠂ ᠥᠪᠡᠷᠲᠡᠭᠡᠨ ᠵᠠᠰᠠᠬᠤ ᠤᠷᠤᠨ ᠤ  ᠠᠷᠠᠳ ᠤᠨ ᠵᠠᠰᠠᠭ ᠤᠨ ᠣᠷᠳᠤᠨ ︽ᠡᠬᠡ ᠨᠢᠯᠬᠠᠰ ᠤᠨ ᠡᠷᠡᠭᠦᠯ  ᠮᠡᠨᠳᠦ ᠶᠢᠨ ᠦᠢᠯᠡᠴᠢᠯᠡᠭᠡᠨ ᠤ ᠲᠣᠭᠲᠠᠯᠴᠠᠭ᠎ᠠ ᠪᠠ ᠦᠢᠯᠡᠴᠢᠯᠡᠭᠡᠨ ᠤ ᠴᠢᠳᠠᠪᠤᠷᠢ  ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠭᠠᠬᠤ ᠲᠤᠬᠠᠶ ᠥᠪᠥᠷ ᠮᠣᠩᠭᠤᠯ   ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠰᠠᠨᠠᠯ︾ ︵ᠳᠣᠷᠣᠭᠰᠢ ︽ᠰᠠᠨᠠᠯ︾ ᠭᠡᠵᠦ ᠲᠤᠪᠴᠢᠯᠠᠨ᠎ᠠ︶   ᠢ ᠲᠣᠭᠲᠠᠭᠠᠵᠤ ᠨᠡᠶᠢᠲᠡᠯᠡᠪᠡ᠃    ᠬᠤᠶᠠᠷ᠂ ︽ᠰᠠᠨᠠᠯ︾   ᠢ ᠲᠣᠭᠲᠠᠭᠠᠭᠰᠠᠨ ᠴᠢᠬᠤᠯᠠ ᠴᠢᠨᠠᠷ    ᠶᠡᠷᠦᠩᠬᠡᠶ ᠱᠦᠵᠢ ᠰᠢ ᠶᠢᠨ ᠫᠢᠩ ᠪᠥᠬᠦ ᠤᠯᠤᠰ ᠤᠨ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠶᠡᠭᠡ ᠬᠤᠷᠠᠯ ᠳᠡᠭᠡᠷ᠎ᠡ᠄ ︽ᠡᠬᠡ ᠨᠢᠯᠬᠠᠰ ᠤᠨ ᠡᠷᠡᠭᠦᠯ ᠮᠡᠨᠳᠦ ᠶᠢ  ᠪᠠᠲᠤᠯᠠᠵᠤ᠂  ᠦᠢᠯᠡᠴᠢᠯᠡᠭᠡᠨ ᠤ ᠡᠬᠢ ᠪᠠᠶᠠᠯᠢᠭ ᠢ ᠵᠦᠶ ᠵᠣᠬᠢᠰᠲᠠᠶ ᠲᠣᠬᠢᠷᠠᠭᠤᠯᠵᠤ᠂  ᠬᠦᠭᠵᠢᠯᠲᠡ ᠶᠢᠨ ᠭᠠᠵᠠᠷ᠂ ᠬᠡᠦᠬᠡᠳ ᠰᠠᠭᠠᠲᠠᠭᠤᠯᠬᠤ ᠵᠡᠷᠭᠡ ᠡᠷᠡᠭᠦᠯ ᠮᠡᠨᠳᠦ  ᠶᠢᠨ ᠦᠢᠯᠡᠴᠢᠯᠡᠭᠡᠨ ᠤ ᠬᠠᠩᠭᠠᠯᠭ᠎ᠠ ᠶᠢ ᠴᠢᠩᠭᠠᠳᠭᠠᠵᠤ᠂ ᠴᠢᠭᠢᠷᠠᠭ ᠳᠦᠷᠦᠵᠦ ᠲᠣᠷᠨᠢᠭᠤᠨ ᠦᠰᠭᠡᠬᠦ ᠶᠢ ᠰᠠᠨᠠᠭᠠᠴᠢᠯᠠᠵᠤ᠂ ᠵᠡᠷᠡᠮᠳᠡᠭ ᠲᠦᠷᠦᠭᠦ᠂ ᠰᠢᠮ᠎ᠡ ᠲᠡᠵᠢᠭᠡᠯ ᠤᠨ ᠴᠢᠨᠠᠷᠲᠠᠶ ᠡᠪᠡᠳᠴᠢᠨ ᠡᠮᠭᠡᠭ᠂ ᠬᠦᠨᠳᠦ ᠲᠦᠭᠰᠢᠭᠦᠷᠢᠲᠡᠢ ᠡᠪᠡᠳᠴᠢᠨ ᠵᠡᠷᠭᠡ ᠡᠮᠡᠭᠲᠡᠢᠴᠦᠳ ᠪᠠ ᠨᠢᠯᠬ᠎ᠠ ᠬᠡᠤᠭᠡᠳ ᠤᠨ ᠡᠷᠡᠭᠦᠯ ᠮᠡᠨᠳᠦ ᠶᠢ ᠰᠦᠷᠳᠡᠭᠦᠯᠵᠦ ᠪᠠᠶᠢᠭ᠎ᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠤᠪᠤᠶᠢᠮ᠎ᠠ ᠠᠰᠠᠭᠤᠳᠠᠯ ᠤᠳ ᠢ ᠰᠠᠢᠲᠤᠷ ᠰᠢᠢᠳᠪᠦᠷᠢᠯᠡᠵᠦ᠂ ᠬᠥᠳᠡᠭᠡ ᠲᠤᠰᠬᠤᠨ ᠤ ︿ᠬᠤᠶᠠᠷ ᠥᠮᠡᠨ﹀   ᠢ ᠰᠢᠭᠰᠢᠨ ᠪᠠᠶᠢᠴᠠᠭᠠᠬᠤ ᠶᠢ ᠰᠠᠶᠢᠲᠤᠷ ᠬᠡᠷᠡᠭᠵᠢᠭᠦᠯᠵᠦ᠂ ᠡᠬᠡ ᠨᠢᠯᠬᠠᠰ ᠤᠨ ᠡᠷᠡᠭᠦᠯ ᠮᠡᠨᠳᠦ ᠶᠢᠨ ᠪᠠᠲᠤᠯᠠᠭ᠎ᠠ ᠶᠢᠨ ᠲᠣᠤᠷ ᠢ ᠪᠠᠲᠤ ᠴᠣᠭᠴᠠᠯᠠᠬᠤ ᠬᠡᠷᠡᠭᠲᠡᠶ ᠭᠡᠵᠦ ᠴᠢᠬᠤᠯᠠᠴᠢᠯᠠᠵᠠᠢ᠃ ᠶᠡᠷᠦᠩᠬᠡᠶ ᠰᠠᠶᠢᠳ ᠯᠢ ᠺᠧ ᠴᠢᠶᠠᠩ ᠪᠥᠬᠦ ᠤᠯᠤᠰ ᠤᠨ ᠡᠮᠡᠭᠳᠡᠶᠢᠴᠦᠳ ᠬᠡᠤᠬᠡᠳ ᠤᠨ ᠠᠵᠢᠯ ᠤᠨ ᠬᠤᠷᠠᠯ ᠳᠡᠭᠡᠷ᠎ᠡ ᠂ ᠡᠮᠡᠭᠲᠡᠶᠢᠴᠤᠳ ᠬᠡᠤᠬᠡᠳ ᠤᠨ ᠬᠦᠭᠵᠢᠯᠲᠡ ᠶᠢᠨ ᠳᠤᠮᠳᠠ ᠤᠷᠤᠰᠢᠵᠤ ᠪᠠᠶᠢᠭ᠎ᠠ ᠲᠡᠩᠴᠡᠭᠦᠷᠢ ᠥᠬᠡᠶ ᠠᠰᠠᠭᠤᠳᠠᠯ ᠢ ᠨᠠᠩ ᠬᠦᠴᠦᠲᠡᠶ ᠠᠷᠭ᠎ᠠ ᠬᠡᠮᠵᠢᠶ᠎ᠡ ᠪᠠᠷ ᠰᠢᠢᠳᠪᠦᠷᠢᠯᠡᠬᠦ ᠶᠢ ᠠᠬᠢᠭᠤᠯᠵᠤ᠂ ᠡᠮᠡᠭᠲᠡᠶᠢᠴᠤᠳ ᠬᠡᠤᠬᠡᠳ ᠤᠨ ᠦᠢᠯᠡᠰ ᠪᠣᠯᠤᠨ ᠠᠵᠤ ᠠᠬᠤᠶ ᠨᠡᠶᠢᠭᠡᠮ ᠤᠨ ᠵᠣᠬᠢᠴᠠᠩᠭᠤᠶ ᠬᠦᠭᠵᠢᠯᠲᠡ ᠶᠢ ᠨᠠᠩ ᠥᠨᠳᠥᠷ ᠲᠦᠪᠰᠢᠨ ᠳᠤ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠭᠰᠠᠨ ᠪᠠᠶᠢᠨ᠎ᠠ᠃    2020  ᠤᠨ ᠤ  6 ᠳ᠋ᠤᠭᠠᠷ ᠰᠠᠷ᠎ᠠ ᠶᠢᠨ 1 ᠤ ᠡᠳᠦᠷ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮ ᠡᠮᠨᠡᠯᠭᠡ ᠡᠮᠴᠢᠯᠡᠭᠡ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢ ᠠᠬᠢᠭᠤᠯᠬᠤ ᠬᠠᠤᠯᠢ︾ ᠶᠢ ᠨᠡᠶᠢᠲᠡᠯᠡᠨ ᠬᠡᠷᠡᠭᠵᠢᠭᠦᠯᠵᠦ᠂ ︽ᠤᠯᠤᠰ ᠠᠴᠠ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠦᠢᠯᠡᠰ ᠢ ᠬᠥᠭᠵᠢᠭᠦᠯᠵᠦ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠤᠭᠳᠠᠯᠴᠠᠭ᠎ᠠ ᠶᠢ ᠪᠠᠳᠤᠯᠠᠨ᠎ᠠ︾ ᠭᠡᠵᠦ ᠲᠣᠳᠤᠷᠬᠠᠢ ᠲᠣᠭᠲᠠᠭᠠᠭᠰᠠᠨ ᠪᠠᠢᠨ᠎ᠠ᠃ ︽ᠡᠷᠡᠭᠦᠯ ᠡᠩᠬᠡ ᠳᠤᠮᠳᠠᠳᠤ ᠤᠯᠤᠰ ᠤᠨ 2030 ᠤᠨ ᠤ ᠲᠦᠯᠦᠪᠵᠢᠭᠦᠯᠭᠡ ᠶᠢᠨ ᠬᠥᠲᠥᠯᠪᠦᠷᠢ︾᠂ ︽ᠡᠷᠡᠭᠦᠯ ᠡᠩᠬᠡ ᠳᠤᠮᠳᠠᠳᠤ ᠤᠯᠤᠰ ᠤᠨ ᠠᠵᠢᠯᠯᠠᠭ᠎ᠠ ︵2019-2030︶︾ ᠪᠠ ︽︿ᠡᠷᠡᠭᠦᠯ ᠡᠩᠬᠡ ᠥᠪᠥᠷ ᠮᠣᠩᠭᠤᠯ 2030﹀   ᠶᠢᠨ ᠬᠡᠷᠡᠭᠵᠢᠭᠦᠯᠬᠦ ᠲᠥᠰᠦᠯ︾᠂ ︽ᠡᠷᠡᠭᠦᠯ ᠡᠩᠬᠡ ᠥᠪᠥᠷ ᠮᠣᠩᠭᠤᠯ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠨᠢ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠣᠭᠲᠠᠯᠴᠠᠭ᠎ᠠ ᠪᠠ ᠦᠢᠯᠡᠴᠢᠯᠡᠭᠡᠨ  ᠴᠢᠳᠠᠪᠤᠷᠢ ᠶᠢᠨ ᠪᠠᠶᠢᠭᠤᠯᠤᠯᠲᠠ ᠳᠤ ᠴᠥᠮ ᠰᠢᠨ᠎ᠡ ᠪᠠᠷ ᠪᠣᠳᠠᠲᠠᠶ ᠱᠠᠭᠠᠷᠳᠠᠯᠭ᠎ᠠ ᠳᠤᠷᠠᠳᠴᠠᠢ᠃      ᠭᠤᠷᠪᠠ᠂ ︽ᠰᠠᠨᠠᠯ︾   ᠤᠨ ᠭᠤᠤᠯ ᠠᠭᠤᠯᠭ᠎ᠠ    ︽ᠰᠠᠨᠠᠯ︾ ᠲᠤ 7 ᠬᠡᠰᠡᠭ ᠠᠭᠤᠯᠭ᠎ᠠ ᠪᠠᠭᠲᠠᠨ᠎ᠠ᠄  ᠨᠢᠭᠡ ᠳᠤ ᠶᠡᠷᠦᠩᠬᠡᠶ ᠱᠠᠭᠠᠷᠳᠠᠯᠭ᠎ᠠ᠃ ᠵᠢᠯᠣᠭᠤᠳᠭᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠠ  ᠬᠦᠭᠵᠢᠯᠲᠡ ᠶᠢᠨ ᠬᠠᠷᠠᠯᠲᠠ ᠶᠢ ᠲᠤᠳᠤᠷᠬᠠᠶᠢᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠤᠷᠤᠨ ᠤ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ ᠱᠠᠳᠤᠨ ᠳᠤ ᠴᠥᠮ ᠨᠢᠭᠡ ᠪᠠᠷᠢᠮᠵᠢᠶᠠᠵᠢᠭᠰᠠᠨ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢ ᠪᠠᠶᠢᠭᠤᠯᠬᠤ ᠪᠠᠷ  ᠴᠢᠷᠮᠠᠶᠢᠨ᠎ᠠ᠃ ᠬᠤᠶᠠᠷ  ᠲᠤ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠢᠭᠤᠯᠤᠯᠲᠠ᠂ ᠪᠠᠷᠢᠮᠵᠢᠶᠠᠵᠢᠭᠰᠠᠨ ᠪᠦᠲᠦᠭᠡᠨ ᠪᠠᠢᠭᠤᠯᠤᠯᠲᠠ᠂ ᠲᠤᠰᠬᠠᠢ ᠰᠠᠯᠠᠭᠠᠨ ᠤ ᠴᠢᠳᠠᠪᠤᠷᠢ ᠶᠢᠨ ᠪᠠᠶᠢᠭᠤᠯᠤᠯᠲᠠ ᠦᠢᠯᠡᠴᠢᠯᠡᠭᠡᠨ ᠤ ᠲᠣᠣᠷ ᠤᠨ ᠰᠠᠭᠤᠷᠢ  ᠶᠢᠨ ᠪᠦᠲᠦᠭᠡᠨ ᠪᠠᠶᠢᠭᠤᠯᠤᠯᠲᠠ ᠵᠡᠷᠭᠡ ᠳᠦᠷᠪᠡᠨ ᠲᠠᠯ᠎ᠠ ᠪᠠᠷ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠶᠢ ᠲᠤᠳᠤᠷᠬᠠᠶᠢᠯᠠᠪᠠ᠃ ᠭᠤᠷᠪᠠ ᠳᠤ ᠡᠬᠡ ᠨᠢᠯᠬᠠᠰ ᠤᠨ ᠡᠷᠡᠭᠦᠯ ᠮᠡᠨᠳᠦ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠶᠡᠬᠡᠪᠡᠷ ᠴᠢᠩᠭᠠᠳᠭᠠᠨ᠎ᠠ᠃  ᠴᠢᠳᠠᠪᠤᠷᠢᠲᠠᠨ ᠢ ᠬᠥᠮᠦᠵᠢᠭᠦᠯᠬᠦ᠂ ᠴᠢᠳᠠᠪᠤᠷᠢᠲᠠᠳ ᠤᠷᠢᠨ ᠵᠠᠯᠠᠬᠤ  ᠶᠢ ᠴᠢᠩᠭᠠᠳᠭᠠᠬᠤ᠂ ᠴᠠᠯᠢᠩ ᠬᠦᠯᠦᠰᠦ ᠶᠢᠨ ᠤᠷᠮᠠᠰᠢᠭᠤᠯᠤᠯ ᠢ ᠴᠢᠩᠭᠠᠳᠬᠠᠬᠤ ᠵᠡᠷᠭᠡ ᠲᠠᠯ᠎ᠠ ᠪᠠᠷ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠳᠤᠷᠠᠳᠪᠠ᠃ ᠳᠦᠷᠪᠡ ᠳᠤ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠦᠨ᠎ᠡ᠃ ᠭᠤᠣᠯᠳᠠᠭᠤ ᠬᠦᠨᠳᠦ ᠡᠪᠡᠳᠴᠢᠲᠡᠨ ᠢ ᠡᠮᠨᠡᠨ ᠠᠪᠤᠷᠠᠬᠤ᠂ ᠡᠬᠡ ᠨᠢᠯᠬᠠᠰ ᠤᠨ ᠡᠮᠴᠢᠯᠡᠭᠡᠨ ᠤ ᠦᠢᠯᠡᠴᠢᠯᠡᠭᠡ᠂ ᠡᠬᠡ ᠨᠢᠯᠬᠠᠰ ᠤᠨ ᠡᠷᠡᠭᠦᠯᠵᠢᠯ ᠤᠨ ᠦᠢᠯᠡᠴᠢᠯᠡᠭᠡ᠂ ᠡᠮᠡᠭᠲᠡᠶᠢᠴᠤᠳ ᠬᠡᠤᠬᠡᠳ ᠤᠨ ᠡᠪᠡᠳᠴᠢᠨ ᠡᠮᠭᠡᠭ ᠢ ᠰᠡᠷᠭᠡᠢᠯᠡᠨ ᠡᠵᠡᠮᠳᠡᠬᠦ᠂ ᠵᠡᠷᠡᠮᠳᠡᠭ ᠲᠦᠷᠦᠬᠦ ᠶᠢ ᠶᠡᠷᠦᠩᠬᠡᠢᠯᠡᠨ ᠰᠡᠷᠭᠡᠢᠯᠡᠨ ᠵᠠᠰᠠᠬᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠬᠡ ᠨᠢᠯᠬᠠᠰ ᠤᠨ ᠡᠷᠡᠭᠦᠯ  ᠮᠡᠨᠳᠦ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠤᠭᠤᠷᠢᠨ ᠳᠤ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠲᠠᠪᠤ ᠳᠤ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠦᠪᠰᠢᠨ ᠢ ᠴᠢᠩᠭᠠᠳᠬᠠᠨ᠎ᠠ᠃ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠵᠢᠷᠤᠮᠵᠢᠭᠰᠠᠨ ᠬᠠᠮᠢᠶᠠᠷᠤᠯᠲᠠ᠂ ᠡᠮᠴᠢᠯᠡᠭᠡᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ᠂ ᠡᠬᠡ ᠨᠢᠯᠬᠠᠰ ᠤᠨ ᠡᠷᠡᠭᠦᠯ ᠮᠡᠨᠳᠦ ᠶᠢᠨ ᠮᠡᠳᠡᠭᠡ ᠵᠠᠩᠬᠢᠴᠢᠯᠲᠠ ᠶᠢᠨ ᠪᠠᠢᠭᠤᠯᠤᠯᠲᠠ᠂ ᠴᠢᠨᠠᠷ ᠰᠠᠶᠢᠲᠠᠢ ᠦᠢᠯᠡᠴᠢᠯᠡᠭᠡᠨ ᠤ ᠡᠬᠢ ᠪᠠᠶᠠᠯᠢᠭ ᠢ ᠳᠣᠷᠣᠭᠰᠢ ᠪᠠᠭᠤᠯᠭᠠᠬᠤ ᠵᠡᠷᠭᠡ ᠲᠠᠯ᠎ᠠ ᠪᠠᠷ ᠲᠤᠳᠤᠷᠬᠠᠶᠢᠯᠠᠵᠤ ᠨᠠᠷᠢᠯᠢᠬᠵᠢᠭᠤᠯᠪᠠ᠃ ᠵᠢᠷᠭᠤᠭ᠎ᠠ ᠳᠤ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠬᠮᠢᠶᠠᠷᠤᠯᠲᠠ ᠶᠢᠨ ᠠᠵᠢᠯᠯᠠᠭᠠᠨ ᠤ ᠲᠤᠭᠳᠠᠴᠨ ᠶᠢᠨ ᠥᠭᠡᠷᠡᠴᠢᠯᠡᠯᠲᠡ ᠰᠢᠨᠡᠴᠢᠯᠡᠯᠲᠡ ᠶᠢ ᠢᠳᠡᠪᠬᠢᠲᠡᠶ ᠠᠬᠢᠭᠤᠯᠤᠨ᠎ᠠ᠃ ᠡᠮᠴᠢᠯᠡᠭᠡᠨ ᠤ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠭᠦᠨᠵᠡᠭᠡᠢᠷᠡᠭᠦᠯᠬᠦ ᠳᠤᠮᠳᠠ ᠪᠠᠢᠭᠤᠯᠤᠮᠵᠢ ᠲᠤᠭᠲᠠᠴᠨ ᠶᠢᠨ ᠰᠢᠨ᠎ᠡ ᠶᠢ ᠡᠭᠦᠳᠬᠦ ᠶᠢ ᠬᠡᠷᠬᠢᠨ ᠠᠬᠢᠭᠤᠯᠬᠤ ᠪᠠ ᠠᠵᠢᠯ  ᠤᠨ ᠤᠷᠮᠠᠰᠢᠭᠤᠯᠬᠤ ᠲᠤᠭᠲᠠᠴᠨ ᠶᠢ ᠪᠠᠶᠢᠭᠤᠯᠬᠤ ᠵᠡᠷᠭᠡ ᠠᠭᠤᠯᠭ᠎ᠠ ᠶᠢ ᠲᠤᠳᠤᠷᠬᠠᠶᠢᠯᠠᠪᠠ᠃ ᠳᠣᠯᠤᠭ᠎ᠠ ᠲᠤ᠂ ᠵᠣᠬᠢᠶᠠᠨ ᠪᠠᠶᠢᠭᠤᠯᠤᠯᠲᠠ ᠤᠳᠤᠷᠢᠳᠤᠯᠭ᠎ᠠ ᠪᠠᠨ ᠴᠢᠩᠭᠠᠳᠬᠠᠨ᠎ᠠ᠃ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠬᠢᠨᠠᠯᠲᠠ ᠲᠠᠯᠪᠢᠬᠤ ᠰᠢᠯᠭᠠᠨ ᠬᠢᠨᠠᠬᠤ ᠶᠢ ᠴᠢᠩᠭᠠᠳᠬᠠᠬᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠬᠤ ᠭᠤᠷᠪᠠᠨ ᠲᠠᠯ᠎ᠠ ᠪᠠᠷ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠭᠤᠤᠯ ᠡᠭᠦᠷᠭᠡ ᠬᠠᠷᠢᠭᠤᠴᠠᠯᠭ᠎ᠠ ᠪᠠ ᠡᠭᠦᠷᠭᠡ ᠶᠢ ᠤᠯᠠᠮ ᠨᠢᠭᠡ ᠠᠯᠬᠤᠮ ᠳᠤᠲᠤᠷᠬᠠᠶᠢᠯᠠᠪᠠ᠃    ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠰ ᠪᠣᠯ ᠠᠷᠠᠳ ᠤᠨ ᠠᠮᠢᠳᠤᠷᠠᠯ ᠤᠨ ᠴᠢᠬᠤᠯᠠ ᠶᠡᠭᠡ ᠦᠢᠯᠡᠰ ᠶᠤᠮ᠂ ᠡᠬᠡ ᠨᠢᠯᠬᠠᠰ ᠤᠨ ᠡᠷᠡᠭᠦᠯ ᠮᠡᠨᠳᠦ ᠨᠢ ᠪᠥᠬᠦ ᠤᠷᠤᠨ ᠤ ᠭᠤᠷᠪᠠᠨ ᠤ ᠬᠤᠶᠠᠷ ᠠᠴᠠ ᠳᠡᠭᠡᠭᠰᠢᠬᠢ ᠣᠯᠠᠨ ᠲᠦᠮᠡᠨ ᠲᠠᠢ ᠬᠤᠯᠪᠤᠭᠳᠠᠬᠤ ᠲᠤᠯᠠ  ᠵᠠᠰᠠᠭ ᠤᠨ ᠤᠷᠳᠤᠨ ᠤ ᠨᠢᠭᠡᠳᠦᠯᠲᠡᠶ ᠤᠳᠤᠷᠢᠳᠤᠯᠭ᠎ᠠ ᠳᠣᠤᠷ᠎ᠠ᠂ ᠨᠢᠭᠡᠳᠦᠯᠲᠡᠶ ᠲᠥᠯᠥᠪᠵᠢᠭᠦᠯᠦᠨ᠂ ᠠᠵᠢᠯ ᠬᠤᠪᠢᠶᠠᠷᠢᠯᠠᠨ ᠬᠠᠮᠵᠢᠯᠴᠠᠵᠤ᠂ ᠳᠡᠭᠡᠳᠦ ᠬᠡᠮᠵᠢᠶ᠎ᠡ ᠪᠠᠷ ᠠᠬᠢᠭᠤᠯᠬᠤ ᠴᠢᠬᠤᠯᠨᠲᠡᠢ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号