︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠤᠷᠤᠨ ᠤ ᠲᠣᠰ ᠱᠠᠳᠤᠨ ᠤ ᠤᠯᠤᠰ ᠤᠨ ᠥᠮᠴᠢᠯᠡᠯ  ᠤᠨ ᠮᠥᠩᠭᠦᠨ ᠭᠦᠢᠯᠭᠡᠭᠡᠨ ᠤ ᠬᠦᠷᠦᠩᠭᠡ ᠶᠢᠨ ᠪᠠᠯᠠ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢᠨ ᠬᠡᠷᠡᠭᠵᠢᠭᠦᠯᠬᠦ ᠲᠣᠭᠲᠠᠭᠠᠯ ︵ᠲᠦᠷ ᠬᠡᠷᠡᠭᠵᠢᠭᠦᠯᠬᠦ︶︾ ᠤᠨ ᠲᠤᠬᠠᠢ ᠲᠦᠷᠦ ᠶᠢᠨ ᠪᠤᠳᠤᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/4/26
   ᠨᠢᠭᠡ᠂ ᠨᠡᠶᠢᠲᠡᠯᠡᠭᠰᠡᠨ ᠠᠬᠤᠶ ᠪᠠᠶᠢᠳᠠᠯ    ︽ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠬᠦᠷᠦᠩᠭᠡ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ  ᠤᠨ ᠬᠤᠷᠢᠶᠠᠨ ᠤ ᠵᠢᠯᠤᠭᠤᠳᠬᠤ ᠰᠠᠨᠠᠯ︾  ᠳᠤ ᠤᠯᠤᠰ   ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠬᠦᠷᠦᠩᠭᠡ  ᠶᠢᠨ ᠬᠠᠮᠢᠶᠠᠷᠤᠯᠲᠠ ᠶᠢ ᠪᠦᠷᠢᠨᠰᠢᠭᠦᠯᠬᠦ ᠶᠡᠷᠦᠩᠬᠡᠶ ᠱᠠᠭᠠᠷᠳᠠᠯᠭ᠎ᠠ᠂ ᠦᠨᠳᠦᠰᠦᠨ ᠵᠠᠷᠴᠢᠮ ᠪᠠ ᠭᠤᠤᠯ ᠡᠭᠦᠷᠭᠡ ᠪᠣᠯ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠬᠦᠷᠦᠩᠭᠡ ᠶᠢᠨ ᠬᠠᠮᠢᠶᠠᠷᠤᠯᠲᠠ ᠶᠢ ᠴᠢᠩᠭᠠᠳᠭᠠᠬᠤ ᠬᠦᠲᠦᠯᠪᠦᠷᠢ ᠶᠢᠨ ᠴᠢᠨᠠᠷᠲᠠᠶ ᠪᠢᠴᠢᠭ ᠮᠠᠲ᠋ᠧᠷᠢᠶᠠᠯ ᠮᠥᠨ ᠭᠡᠵᠦ ᠲᠣᠳᠣᠷᠬᠠᠶ ᠲᠣᠭᠲᠠᠭᠠᠵᠠᠶ᠃    ︽ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠬᠦᠷᠦᠩᠭᠡ ᠶᠢᠨ ᠪᠠᠯᠠ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢᠨ ᠲᠤᠬᠠᠢ ᠲᠦᠷ ᠬᠡᠷᠡᠭᠵᠢᠭᠦᠯᠬᠦ ᠲᠣᠭᠲᠠᠭᠠᠯ ᠢ ᠳᠠᠷᠤᠮᠠᠯᠯᠠᠨ ᠲᠠᠷᠬᠠᠭᠠᠬᠤ ᠲᠤᠬᠠᠶ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ᠳᠤ ᠳᠤᠷᠠᠳᠤᠭᠰᠠᠨ᠋ ᠨᠢ᠂ ᠡᠷᠬᠡ ᠬᠠᠷᠢᠭᠤᠴᠠᠯᠭ᠎ᠠ ᠶᠢ ᠵᠣᠬᠢᠴᠠᠭᠤᠯᠬᠤ᠂ ᠡᠷᠬᠡ ᠬᠠᠷᠢᠭᠤᠴᠠᠯᠭ᠎ᠠ ᠶᠢ ᠠᠳᠠᠯᠢ ᠲᠡᠭᠰᠢ ᠪᠠᠶᠢᠯᠭᠠᠬᠤ᠂ ᠡᠷᠬᠡ ᠬᠠᠷᠢᠭᠤᠴᠠᠯᠭ᠎ᠠ ᠶᠢ ᠨᠢᠭᠡᠳᠦᠯᠲᠡᠶ ᠪᠠᠶᠢᠯᠭᠠᠬᠤ ᠵᠠᠷᠴᠢᠮ ᠶᠣᠰᠣᠭᠠᠷ᠂ ᠡᠯ᠎ᠡ ᠱᠠᠳᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠲᠣᠰ ᠱᠠᠳᠤᠨ ᠤ ᠵᠠᠰᠠᠭ ᠤᠨ ᠤᠷᠳᠤᠨ ᠤ ᠣᠯᠭᠤᠭᠰᠠᠨ ᠡᠷᠬᠡ ᠶᠢ ᠦᠨᠳᠦᠰᠦᠯᠡᠨ᠂ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠬᠦᠷᠦᠩᠭᠡ ᠶᠢᠨ ᠪᠠᠯᠠ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠲᠥᠪᠯᠡᠷᠡᠭᠦᠯᠦᠨ ᠨᠢᠭᠡᠳᠦᠯᠲᠡᠶ ᠭᠦᠢᠴᠡᠳᠭᠡᠬᠦ ᠬᠡᠷᠡᠭᠲᠡᠢ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠬᠦᠷᠦᠩᠭᠡ ᠶᠢ ᠬᠠᠮᠢᠶᠠᠷᠬᠤ ᠪᠠᠷ ᠭᠤᠣᠯ ᠪᠣᠯᠭᠠᠨ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠭᠠᠵᠤ᠂ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠬᠦᠷᠦᠩᠭᠡ ᠶᠢ ᠪᠠᠶᠢᠷᠢᠰᠢᠭᠤᠯᠬᠤ᠂  ᠬᠦᠷᠦᠩᠭᠡ ᠶᠢᠨ ᠠᠵᠢᠯᠯᠠᠭᠠᠨ ᠢ ᠵᠢᠷᠤᠮᠵᠢᠭᠤᠯᠬᠤ᠂  ᠬᠦᠷᠦᠩᠭᠡ ᠶᠢᠨ ᠠᠰᠢᠭ ᠤᠯᠵᠠᠪᠤᠷᠢ ᠶᠢ ᠨᠡᠮᠡᠭᠳᠡᠭᠦᠯᠬᠦ᠂ ᠬᠦᠷᠦᠩᠭᠡ ᠶᠢᠨ ᠠᠮᠤᠷ ᠲᠦᠪᠰᠢᠨ ᠢ ᠬᠠᠮᠠᠭᠠᠯᠠᠬᠤ ᠶᠢ ᠭᠤᠣᠯᠳᠠᠯᠭ᠎ᠠ ᠲᠠᠢ ᠰᠠᠢᠲᠤᠷ ᠬᠠᠮᠢᠶᠠᠷᠴᠤ᠂ ᠤᠯᠤᠰ ᠠᠴᠠ ᠪᠡᠯᠡ ᠭᠠᠷᠭᠠᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠬᠦᠷᠦᠩᠭᠡ ᠶᠢᠨ ᠠᠰᠢᠭ ᠣᠯᠵᠠᠪᠤᠷᠢ ᠤᠯᠬᠤ᠂ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠲᠤᠭᠲᠠᠭᠠᠬᠤ ᠳᠤ ᠣᠷᠣᠯᠴᠠᠬᠤ ᠪᠠ ᠬᠠᠮᠢᠶᠠᠷᠤᠭᠴᠢ ᠶᠢ ᠰᠣᠩᠭᠤᠬᠤ ᠵᠡᠷᠭᠡ ᠪᠡᠯᠡ ᠭᠠᠷᠭᠠᠭᠴᠢ ᠶᠢᠨ ᠡᠷᠬᠡ ᠠᠰᠢᠭ ᠢ ᠬᠠᠤᠯᠢ ᠶᠣᠰᠣᠭᠠᠷ ᠡᠳ᠋ᠯᠡᠭᠦᠯᠬᠦ ᠬᠡᠷᠡᠭᠲᠡᠢ᠃ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠤᠲᠠ ᠵᠢᠴᠢ ᠲᠦᠯᠦᠪᠯᠡᠭᠡ ᠳᠤ ᠠᠰᠲᠠᠭᠠᠨ ᠵᠢᠭᠰᠠᠭᠠᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠣᠰ ᠲᠣᠭᠲᠠᠭᠠᠯ ᠢ ᠦᠨᠳᠦᠰᠦᠯᠡᠨ᠂ ᠲᠣᠰ ᠭᠠᠵᠠᠷ ᠤᠷᠤᠨ ᠤ  ᠪᠠᠨ ᠪᠣᠳᠠᠲᠤ ᠪᠠᠶᠢᠳᠠᠯ ᠪᠠ ᠬᠠᠮᠢᠶᠠᠷᠤᠯᠲᠠ ᠶᠢᠨ ᠣᠳᠣᠬᠢ ᠪᠠᠶᠢᠳᠠᠯ ᠲᠠᠢ ᠪᠠᠨ ᠤᠶᠠᠯᠳᠤᠭᠤᠯᠵᠤ᠂ ᠪᠣᠳᠠᠲᠠᠶ ᠬᠡᠷᠡᠭᠵᠢᠭᠦᠯᠬᠦ ᠲᠣᠭᠲᠠᠭᠠᠯ ᠲᠣᠭᠲᠠᠭᠠᠬᠤ ᠬᠡᠷᠡᠭᠲᠡᠶ ᠭᠡᠵᠦ ᠲᠣᠳᠣᠷᠬᠠᠶ ᠱᠠᠭᠠᠷᠳᠠᠪᠠ᠃    ᠬᠤᠶᠠᠷ᠂ ᠨᠡᠶᠢᠲᠡᠯᠡᠭᠰᠡᠨ ᠵᠣᠷᠢᠯᠭ᠎ᠠ    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠤᠷᠤᠨ ᠤ ᠲᠣᠰ ᠱᠠᠳᠤᠨ ᠤ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠬᠦᠷᠦᠩᠭᠡ ᠶᠢᠨ ᠪᠠᠯᠠ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢᠨ ᠲᠤᠬᠠᠢ ᠬᠡᠷᠡᠭᠵᠢᠭᠦᠯᠬᠦ ᠲᠣᠭᠲᠠᠭᠠᠯ ︵ᠲᠦᠷ ᠬᠡᠷᠡᠭᠵᠢᠭᠦᠯᠬᠦ︶︾ ᠶᠢ ᠨᠡᠶᠢᠲᠡᠯᠡᠭᠰᠡᠨ ᠨᠢ᠂ ᠪᠠᠯᠠ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠳᠤᠲᠤᠷᠬᠠᠶᠢᠯᠠᠵᠤ᠂ ᠪᠠᠯᠠ ᠭᠠᠷᠭᠠᠭᠴᠢ ᠶᠢᠨ ᠬᠠᠮᠢᠶᠠᠷᠤᠯᠲᠠ ᠶᠢᠨ ᠠᠭᠤᠯᠭ᠎ᠠ ᠶᠢ ᠲᠣᠭᠲᠠᠭᠠᠨ᠂ ᠪᠠᠯᠠ ᠭᠠᠷᠭᠠᠭᠴᠢ ᠶᠢᠨ ᠬᠠᠮᠢᠶᠠᠷᠤᠯᠲᠠ ᠶᠢᠨ ᠲᠦᠷᠢᠮ ᠢ ᠵᠢᠷᠤᠮᠵᠢᠭᠤᠯᠵᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠬᠦᠷᠦᠩᠭᠡ ᠶᠢᠨ ᠪᠠᠯᠠ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠳᠦᠷᠢᠮᠵᠢᠭᠦᠯᠬᠦ᠂ ᠵᠢᠷᠤᠮᠵᠢᠭᠤᠯᠬᠤ᠂ ᠲᠠᠰ ᠳᠠᠷᠠᠭᠠᠵᠢᠭᠤᠯᠬᠤ ᠪᠠ ᠪᠤᠲᠠᠲᠠᠶᠢᠵᠢᠭᠤᠯᠬᠤ ᠶᠢ  ᠲᠦᠪᠯᠡᠷᠡᠭᠦᠯᠦᠨ ᠨᠢᠭᠡᠳᠦᠯᠲᠡᠶ ᠭᠦᠢᠴᠡᠳᠭᠡᠬᠦ ᠪᠣᠯ ᠮᠠᠨ ᠤ ᠤᠷᠤᠨ ᠤ ᠲᠦᠪ ᠤᠨ ᠬᠤᠯᠪᠣᠭᠳᠠᠯ ᠪᠥᠬᠦᠶ ᠦᠭᠡᠷᠡᠴᠢᠯᠡᠯᠲᠡ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠤᠯᠤᠰ ᠤᠨ ᠥᠮᠴᠢᠯᠡᠯ  ᠤᠨ ᠮᠥᠩᠭᠦᠨ ᠭᠦᠢᠯᠭᠡᠭᠡᠨ ᠤ ᠬᠦᠷᠦᠩᠭᠡ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠪᠦᠷᠢᠨᠰᠢᠭᠦᠯᠬᠦ ᠪᠣᠷᠣ ᠲᠦᠯᠦᠪ ᠤᠨ ᠴᠢᠨᠠᠷᠲᠠᠶ ᠲᠦᠷᠢᠮ ᠪᠣᠯᠵᠠᠢ᠃    ᠭᠤᠷᠪᠠ᠂ ᠭᠤᠣᠯ ᠠᠭᠤᠯᠭ᠎ᠠ    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠤᠷᠤᠨ ᠤ ᠲᠣᠰ ᠱᠠᠳᠤᠨ ᠤ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠬᠦᠷᠦᠩᠭᠡ ᠶᠢᠨ ᠪᠠᠯᠠ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢᠨ ᠲᠤᠬᠠᠢ ᠬᠡᠷᠡᠭᠵᠢᠭᠦᠯᠬᠦ ᠲᠣᠭᠲᠠᠭᠠᠯ ︵ᠲᠦᠷ ᠬᠡᠷᠡᠭᠵᠢᠭᠦᠯᠬᠦ︶︾ ᠨᠢ ᠲᠣᠰ ᠱᠠᠳᠤᠨ ᠤ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠬᠦᠷᠦᠩᠭᠡ ᠶᠢᠨ ᠰᠠᠭᠤᠷᠢ ᠬᠠᠮᠢᠶᠠᠷᠤᠯᠲᠠ᠂ ᠴᠢᠬᠤᠯᠠ ᠶᠡᠭᠡ ᠵᠦᠢᠯᠡᠰ ᠤᠨ ᠬᠠᠮᠢᠶᠠᠷᠤᠯᠲᠠ᠂ ᠬᠠᠮᠢᠶᠠᠷᠤᠭᠴᠢ ᠶᠢ ᠰᠣᠩᠭᠤᠬᠤ ᠪᠠ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ᠂ ᠴᠠᠯᠢᠩ ᠬᠦᠯᠦᠰᠦ  ᠶᠢᠨ ᠬᠠᠮᠢᠶᠠᠷᠤᠯᠲᠠ ᠵᠡᠷᠭᠡ ᠠᠭᠤᠯᠭ᠎ᠠ ᠶᠢᠨ ᠲᠤᠭᠤᠷᠢᠨ ᠳᠤ᠂  ᠨᠡᠶᠢᠲᠡ ᠨᠠᠢᠮᠠᠨ ᠪᠦᠯᠦᠭ ᠬᠡᠰᠡᠭ᠂ ᠭᠤᠴᠢ ᠶᠢᠰᠦᠨ ᠵᠦᠢᠯ ᠵᠤᠷᠪᠤᠰ ᠲᠠᠢ᠃    ᠨᠢᠭᠡᠳᠦᠭᠡᠷ ᠪᠦᠯᠦᠭ  ᠶᠡᠷᠦᠩᠬᠡᠶ ᠲᠦᠷᠢᠮ ᠪᠣᠯᠣᠨ᠎ᠠ᠂ ᠪᠢᠴᠢᠭ ᠮᠠᠲ᠋ᠧᠷᠢᠶᠠᠯ ᠢᠶᠠᠷ ᠲᠣᠭᠲᠠᠭᠠᠭᠰᠠᠨ ᠲᠦᠷᠦ ᠶᠢᠨ ᠪᠤᠳᠤᠯᠭ᠎ᠠ ᠶᠢᠨ ᠦᠨᠳᠦᠰᠦᠯᠡᠯ᠂ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠬᠦᠷᠦᠩᠭᠡ ᠶᠢᠨ ᠤᠬᠠᠭᠳᠠᠬᠤᠨ᠂ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠬᠦᠷᠦᠩᠭᠡ ᠶᠢᠨ ᠪᠡᠯᠡ ᠭᠠᠷᠭᠠᠭᠴᠢ ᠪᠠ ᠨᠠᠶᠢᠳᠠᠯᠭ᠎ᠠ  ᠬᠦᠯᠢᠶᠡᠭᠴᠢ ᠶᠢᠨ ᠤᠬᠠᠭᠳᠠᠬᠤᠨ᠂ ᠪᠦᠬᠦ  ᠰᠢᠰᠲ᠋ᠧᠮ ᠤᠨ ᠮᠡᠳᠡᠭᠦᠯᠦᠯᠲᠡ᠂ ᠨᠠᠮ ᠤᠨ ᠪᠠᠶᠢᠭᠤᠯᠤᠯᠲᠠ  ᠶᠢ ᠴᠢᠩᠭᠠᠳᠭᠠᠬᠤ ᠵᠡᠷᠭᠡ ᠠᠭᠤᠯᠭ᠎ᠠ ᠶᠢ ᠲᠣᠳᠣᠷᠬᠠᠢᠯᠠᠪᠠ᠃    ᠬᠤᠶᠠᠳᠤᠭᠠᠷ ᠪᠦᠯᠦᠭ  ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠪᠣᠯᠣᠨ᠎ᠠ᠂ ᠪᠡᠯᠡ ᠭᠠᠷᠭᠠᠭᠴᠢ ᠶᠢᠨ ᠡᠷᠬᠡ ᠮᠡᠳᠡᠯ ᠤᠨ ᠨᠠᠷᠢᠨ ᠬᠠᠭᠤᠳᠠᠰᠤ᠂ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠪᠠ ᠨᠠᠵᠠᠭᠠᠶ ᠲᠠᠯ᠎ᠠ ᠶᠢᠨ ᠨᠠᠷᠢᠨ ᠬᠠᠭᠤᠳᠠᠰᠤ ᠶᠢ ᠲᠣᠳᠣᠷᠬᠠᠢᠯᠠᠪᠠ᠃    ᠭᠤᠷᠪᠠᠳᠤᠭᠠᠷ ᠪᠦᠯᠦᠭ  ᠨᠠᠶᠢᠳᠠᠯᠭ᠎ᠠ ᠬᠦᠯᠢᠶᠡᠭᠴᠢ ᠶᠢᠨ ᠡᠭᠦᠷᠭᠡ ᠬᠠᠷᠢᠭᠤᠴᠠᠯᠭ᠎ᠠ ᠪᠣᠯᠣᠨ᠎ᠠ᠂  ᠨᠠᠶᠢᠳᠠᠯᠭ᠎ᠠ ᠬᠦᠯᠢᠶᠡᠭᠴᠢ ᠶᠢᠨ ᠡᠷᠬᠡ ᠪᠠ ᠡᠭᠦᠷᠭᠡ ᠶᠢ ᠲᠣᠳᠣᠷᠬᠠᠢᠯᠠᠪᠠ᠃    ᠳᠥᠷᠪᠡᠳᠦᠭᠡᠷ ᠪᠦᠯᠦᠭ  ᠰᠠᠭᠤᠷᠢ ᠬᠠᠮᠢᠶᠠᠷᠤᠯᠲᠠ ᠪᠣᠯᠣᠨ᠎ᠠ᠂ ᠥᠪᠡᠷᠲᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠲᠢᠩᠬᠢᠮ ᠨᠢ ᠪᠠᠯᠠ ᠭᠠᠷᠭᠠᠭᠴᠢ ᠪᠤᠯᠤᠭᠰᠠᠨ ᠤ ᠬᠤᠪᠢ ᠳᠤ᠂ ᠡᠳ᠋ ᠬᠦᠷᠦᠩᠭᠡ ᠶᠢ ᠪᠦᠷᠢᠳᠭᠡᠨ ᠪᠠᠯᠠ ᠮᠦᠩᠬᠦ ᠶᠢ ᠬᠠᠷᠭᠤᠭᠤᠯᠬᠤ᠂ ᠡᠳ᠋ ᠤᠨ ᠶᠠᠪᠤᠳᠠᠯ ᠤᠨ ᠤᠯᠠᠷᠢᠯ ᠤᠨ ᠮᠡᠳᠡᠭᠦᠯᠦᠯᠲᠡ ᠶᠢᠨ ᠲᠦᠰᠦᠪ ᠤᠨ ᠭᠦᠢᠴᠡᠳᠭᠡᠯ ᠂ ᠥᠮᠴᠢᠯᠡᠬᠦ ᠡᠷᠬᠡ ᠶᠢ ᠳᠠᠩᠰᠠᠯᠠᠬᠤ᠂ ᠥᠮᠴᠢᠯᠡᠬᠦ ᠡᠷᠬᠡ ᠶᠢ ᠰᠢᠯᠵᠢᠭᠦᠯᠬᠦ᠂ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠬᠦᠷᠦᠩᠭᠡ ᠶᠢᠨ ᠠᠰᠢᠭ ᠣᠯᠵᠠᠪᠤᠷᠢ ᠪᠠ ᠡᠵᠡᠩᠨᠡᠯᠲᠡ ᠶᠢᠨ ᠲᠦᠰᠦᠪ ᠪᠠ ᠲᠦᠰᠦᠪ ᠤᠨ ᠭᠦᠢᠴᠡᠳᠭᠡᠯ᠂  ᠰᠡᠳᠦᠪ ᠤᠨ ᠡᠷᠬᠡ ᠶᠢᠨ ᠬᠡᠷᠡᠭ ᠮᠡᠳᠡᠭᠴᠢ ᠲᠣᠮᠢᠯᠠᠬᠤ᠂ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠬᠦᠷᠦᠩᠭᠡ ᠶᠢ ᠲᠣᠬᠢᠷᠠᠭᠤᠯᠬᠤ ᠵᠡᠷᠭᠡ ᠰᠠᠭᠤᠷᠢ ᠬᠠᠮᠢᠶᠠᠷᠤᠯᠲᠠ ᠶᠢᠨ ᠠᠭᠤᠯᠭ᠎ᠠ ᠶᠢ ᠲᠤᠳᠤᠷᠬᠠᠶᠢᠯᠠᠪᠠ᠃    ᠲᠠᠪᠤᠳᠤᠭᠠᠷ ᠪᠦᠯᠦᠭ  ᠴᠢᠬᠤᠯᠠ ᠶᠡᠭᠡ ᠵᠦᠢᠯᠡᠰ ᠤᠨ ᠬᠠᠮᠢᠶᠠᠷᠤᠯᠲᠠ ᠪᠣᠯᠣᠨ᠎ᠠ᠂ ᠥᠪᠡᠷᠲᠡᠭᠡᠨ ᠵᠠᠰᠠᠬᠤ ᠤᠷᠤᠨ  ᠤ ᠡᠳ᠋ ᠤᠨ ᠵᠠᠰᠠᠭ ᠤᠨ ᠲᠢᠩᠬᠢᠮ ᠵᠢᠴᠢ ᠨᠠᠶᠢᠳᠠᠯᠭ᠎ᠠ ᠬᠦᠯᠢᠶᠡᠭᠴᠢ ᠶᠢ ᠴᠢᠬᠤᠯᠠ ᠶᠡᠭᠡ ᠵᠦᠢᠯᠡᠰ ᠤᠨ ᠬᠠᠮᠢᠶᠠᠷᠤᠯᠲᠠ  ᠳᠤ ᠬᠠᠤᠯᠢ ᠲᠣᠭᠲᠠᠭᠠᠯ ᠶᠣᠰᠣᠭᠠᠷ  ᠤᠷᠤᠯᠴᠠᠬᠤ ᠶᠢ ᠱᠠᠭᠠᠷᠳᠠᠵᠤ᠂ ᠴᠢᠬᠤᠯᠠ ᠶᠡᠭᠡ ᠵᠦᠢᠯᠡᠰ ᠤᠨ ᠠᠭᠤᠯᠭ᠎ᠠ ᠪᠠ ᠬᠠᠮᠢᠶᠠᠷᠤᠯᠲᠠ ᠶᠢᠨ ᠲᠦᠷᠢᠮ ᠢ ᠲᠤᠳᠤᠷᠬᠠᠶᠢᠯᠠᠪᠠ᠃    ᠵᠢᠷᠭᠤᠳᠤᠭᠠᠷ ᠪᠦᠯᠦᠭ  ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠢ ᠰᠣᠩᠭᠤᠬᠤ ᠪᠠ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠪᠣᠯᠣᠨ᠎ᠠ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠢ ᠰᠣᠩᠭᠤᠬᠤ ᠠᠷᠭ᠎ᠠ  ᠮᠠᠶ᠋ᠢᠭ ᠪᠠ ᠳᠡᠰ ᠳᠠᠷᠠᠭᠠᠯᠠᠯ ᠢ ᠲᠤᠳᠤᠷᠬᠠᠶᠢᠯᠠᠬᠤ ᠶᠢᠨ ᠬᠠᠮᠲᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠳᠠᠨ ᠢ ᠬᠢᠨᠠᠨ ᠰᠢᠯᠭᠠᠵᠤ ᠦᠨᠡᠯᠡᠬᠦ ᠳᠤ ᠲᠦᠷᠢᠮ ᠤᠨ ᠲᠤᠬᠢᠷᠠᠭᠤᠯᠤᠯᠲᠠ ᠬᠢᠪᠡ᠃    ᠳᠣᠯᠣᠳᠤᠭᠠᠷ ᠪᠦᠯᠦᠭ  ᠴᠠᠯᠢᠩ ᠬᠦᠯᠦᠰᠦ ᠶᠢᠨ ᠬᠠᠮᠢᠶᠠᠷᠤᠯᠲᠠ ᠪᠣᠯᠣᠨ᠎ᠠ᠂ ᠴᠠᠯᠢᠩ ᠬᠦᠯᠦᠰᠦ ᠶᠢᠨ ᠬᠠᠮᠢᠶᠠᠷᠤᠯᠲᠠ ᠶᠢᠨ ᠵᠠᠷᠴᠢᠮ᠂ ᠴᠠᠯᠢᠩ ᠤᠨ ᠶᠡᠷᠦᠩᠬᠡᠶ ᠲᠤᠭ᠎ᠠ᠂ ᠴᠠᠯᠢᠩ ᠬᠦᠯᠦᠰᠦ ᠶᠢᠨ ᠪᠦᠷᠢᠯᠳᠦᠯ᠂ ᠵᠢᠯ ᠤᠨ ᠦᠨᠳᠦᠰᠦᠨ ᠴᠠᠯᠢᠩ᠂ ᠠᠵᠢᠯ ᠤᠨ ᠠᠮᠵᠢᠯᠲᠠ  ᠪᠦᠲᠦᠮᠵᠢ ᠶᠢᠨ ᠵᠢᠯ ᠤᠨ ᠴᠠᠯᠢᠩ᠂ ᠲᠤᠰᠢᠶᠠᠯ ᠤᠨ ᠬᠤᠭᠤᠴᠠᠭᠠᠨ  ᠤ  ᠤᠷᠮᠠᠰᠢᠭᠤᠯᠤᠯ ᠤᠨ ᠣᠷᠣᠯᠭ᠎ᠠ᠂ ᠴᠠᠯᠢᠩ ᠬᠦᠯᠦᠰᠦ ᠶᠢ ᠪᠣᠳᠠᠲᠠᠢᠵᠢᠭᠤᠯᠬᠤ ᠵᠡᠷᠭᠡ ᠠᠭᠤᠯᠭ᠎ᠠ ᠶᠢ ᠲᠤᠳᠤᠷᠬᠠᠶᠢᠯᠠᠪᠠ᠃    ᠨᠠᠢᠮᠠᠳᠤᠭᠠᠷ ᠪᠦᠯᠦᠭ  ᠳᠠᠭᠠᠯᠳᠤᠭᠤᠯᠤᠯ ᠲᠦᠷᠢᠮ ᠪᠣᠯᠣᠨ᠎ᠠ᠂ ᠤᠯᠤᠰ ᠤᠨ ᠥᠮᠴᠢᠯᠡᠯ ᠤᠨ ᠠᠵᠤ ᠠᠬᠤᠢᠯᠠᠯ  ᠤᠨ ᠮᠥᠩᠭᠦᠨ ᠭᠦᠢᠯᠭᠡᠭᠡᠨ ᠤ ᠠᠵᠤ ᠠᠬᠤᠢᠯᠠᠯ ᠳᠤ ᠪᠡᠯᠡ ᠣᠷᠤᠭᠤᠯᠤᠨ ᠬᠤᠪᠢ ᠣᠷᠣᠭᠤᠯᠬᠤ᠂ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠠᠭᠤᠯᠭ᠎ᠠ ᠶᠢᠨ ᠲᠤᠬᠠᠶ ᠱᠠᠭᠠᠷᠳᠠᠯᠭ᠎ᠠ ᠳᠤᠷᠠᠳᠪᠠ᠃    
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号