2020 ᠣᠨ ᠤ 12 ᠰᠠᠷ᠎ᠠ ᠶᠢᠨ 28 ᠤ ᠡᠳᠦᠷ ᠣᠷᠣᠨ ᠤ ᠵᠠᠰᠠᠭ ᠤᠨ ᠣᠷᠳᠣᠨ ᠤ ᠳᠣᠯᠣᠳᠤᠭᠠᠷ | ᠤᠳᠠᠭ᠎ᠠ ᠶᠢᠨ ᠪᠠᠶᠢᠩᠭᠤ ᠶᠢᠨ ᠬᠤᠷᠠᠯ ᠠᠴᠠ ︽ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ | ᠠᠵᠢᠯ ᠤᠨ ᠲᠦᠷᠢᠮ ︵2020 ᠣᠨ ᠤ ᠵᠠᠰᠠᠪᠤᠷᠢ ᠣᠷᠣᠭᠤᠯᠤᠭᠰᠠᠨ ᠬᠡᠪᠯᠡᠯ︶︾ ᠢ ᠬᠢᠨᠠᠨ ᠵᠥᠪᠯᠡᠵᠦ ᠪᠠᠲᠤᠯᠠᠪᠠ᠃ | ᠲᠣᠰ ᠤᠳᠠᠭ᠎ᠠ ᠶᠢᠨ ᠵᠠᠰᠠᠪᠤᠷᠢ ᠣᠷᠣᠭᠤᠯᠬᠤ ᠠᠵᠢᠯ ᠳᠤ᠂ ︽ᠲᠦᠩᠯᠢᠶᠣᠤ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠬᠡᠷᠡᠭ ᠵᠥᠪᠯᠡᠵᠦ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠦᠷᠢᠮ︾ ︵ᠲᠦᠩᠯᠢᠶᠤᠤ ᠬᠤᠷᠴᠢᠨ | ᠵᠠᠰᠠᠭ ᠲᠠᠷᠬᠠᠭᠠᠭᠰᠠᠨ ︹ 2020 ︺ 90 ᠳ᠋ᠦᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ 2018 ᠣᠨ ᠤ ᠬᠡᠪᠯᠡᠯ ᠤᠨ ︽ᠬᠤᠷᠴᠢᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠲᠦᠷᠢᠮ︾ ᠢ ᠳᠠᠬᠢᠨ ᠡᠮᠬᠢᠯᠡᠨ ᠳᠢᠭᠯᠡᠵᠦ᠂ ᠳᠠᠬᠢᠨ | ᠲᠣᠬᠢᠷᠠᠭᠤᠯᠤᠯᠲᠠ ᠬᠢᠵᠦ᠂ ᠳᠠᠬᠢᠨ ᠲᠡᠭᠦᠯᠳᠡᠷᠵᠢᠭᠦᠯᠪᠡ᠃ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠬᠤᠷᠴᠢᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠲᠦᠷᠢᠮ︾ ︵ᠳᠣᠷᠣᠭᠰᠢ ᠲᠦᠷᠢᠮ ᠭᠡᠵᠦ | ᠲᠣᠪᠴᠢᠯᠠᠨ᠎ᠠ︶ ᠨᠡᠶᠢᠲᠡ 12 ᠪᠦᠯᠦᠭ᠂ 73 ᠵᠦᠢᠯ ᠲᠠᠢ᠃ ᠪᠣᠳᠠᠲᠠᠶ ᠪᠠᠷ ᠬᠡᠯᠡᠪᠡᠯ ᠳᠣᠣᠷᠠᠬᠢ ᠮᠡᠲᠦ᠄ | ᠨᠢᠭᠡᠳᠦᠭᠡᠷ ᠪᠦᠯᠦᠭ ︽ᠶᠡᠷᠦᠩᠬᠡᠶ ᠳᠦᠷᠢᠮ︾ ᠤᠨ ᠬᠡᠰᠡᠭ᠂ ᠨᠡᠶᠢᠲᠡ 3 ᠵᠦᠢᠯ ᠪᠠᠶᠢᠵᠤ᠂ ︽ᠳᠦᠷᠢᠮ︾ ᠢ | ᠨᠡᠶᠢᠲᠡᠯᠡᠬᠦ ᠪᠢᠴᠢᠭ ᠮᠠᠲ᠋ᠧᠷᠢᠶᠠᠯ ᠤᠨ ᠦᠨᠳᠦᠰᠦ ᠪᠠᠷᠢᠮᠲᠠ ᠶᠢ ᠲᠣᠳᠣᠷᠬᠠᠶᠢᠯᠠᠨ ᠥᠭᠦᠯᠡᠵᠦ᠂ ᠵᠠᠰᠠᠭ ᠤᠨ ᠣᠷᠳᠣᠨ ᠤ | ᠠᠵᠢᠯ ᠤᠨ ᠵᠢᠯᠣᠭᠤᠳᠬᠤ ᠦᠵᠡᠯ ᠰᠠᠨᠠᠭ᠎ᠠ ᠪᠠ ᠪᠠᠷᠢᠮᠵᠢᠶ᠎ᠠ ᠶᠢ ᠲᠣᠳᠣᠷᠬᠠᠶ ᠲᠣᠭᠲᠠᠭᠠᠵᠠᠶ᠃ | ᠬᠤᠶᠠᠳᠤᠭᠠᠷ ᠪᠦᠯᠦᠭ ︽ᠪᠦᠷᠢᠯᠳᠦᠬᠦᠨ ᠬᠥᠮᠦᠰ ᠵᠢᠴᠢ ᠲᠤᠰᠢᠶᠠᠯ ᠬᠠᠷᠢᠭᠤᠴᠠᠯᠭ᠎ᠠ︾ ᠶᠢᠨ ᠬᠡᠰᠡᠭ ᠲᠤ᠂ | ᠨᠡᠶᠢᠳᠡ 5 ᠵᠦᠢᠯ ᠪᠠᠶᠢᠵᠤ᠂ ᠦᠵᠡᠯ ᠰᠠᠨᠠᠭ᠎ᠠ ᠪᠠᠨ ᠴᠢᠯᠥᠭᠡᠯᠡᠬᠦ᠂ ᠦᠨᠡᠨ ᠠᠴᠠ ᠵᠥᠪ ᠢ ᠡᠷᠢᠬᠦ᠂ ᠴᠠᠭ ᠦᠶ᠎ᠡ ᠲᠠᠢ | ᠵᠡᠷᠭᠡᠪᠡᠷ ᠤᠷᠤᠭᠰᠢᠯᠠᠬᠤ᠂ ᠵᠠᠮ ᠨᠡᠭᠡᠭᠡᠨ ᠰᠢᠨ᠎ᠡ ᠶᠢ ᠡᠭᠦᠳᠬᠦ᠂ ᠡᠭᠦᠷᠭᠡ ᠲᠤᠰᠢᠶᠠᠯ ᠳᠠᠭᠠᠨ ᠦᠨᠡᠨᠴᠢ ᠰᠢᠳᠤᠷᠭᠤ | ᠪᠠᠶᠢᠬᠤ᠂ ᠵᠠᠷᠯᠢᠭ ᠢ ᠲᠠᠭᠠᠬᠤ᠂ ᠶᠡᠭᠡ ᠲᠠᠯ᠎ᠠ ᠶᠢ ᠬᠠᠷᠠᠭᠠᠯᠵᠠᠬᠤ ᠶᠢ ᠪᠠᠷᠢᠮᠲᠠᠯᠠᠬᠤ ᠬᠡᠷᠡᠭᠲᠡᠶ ᠭᠡᠵᠦ ᠲᠣᠳᠣᠷᠬᠠᠶ | ᠳᠤᠷᠠᠳᠤᠨ ᠭᠠᠷᠭᠠᠵᠠᠶ᠃ ᠲᠣᠭᠤᠷᠢᠭ ᠤᠨ ᠳᠠᠷᠤᠭ᠎ᠠ᠂ ᠲᠣᠭᠤᠷᠢᠭ ᠤᠨ ᠳᠡᠳ᠋ ᠳᠠᠷᠤᠭ᠎ᠠ ᠵᠢᠴᠢ ᠡᠯ᠎ᠡ ᠰᠠᠯᠠᠭ᠎ᠠ | ᠮᠥᠴᠢᠷ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠪᠠ᠃ | ᠭᠤᠷᠪᠠᠳᠤᠭᠠᠷ ᠪᠦᠯᠦᠭ ︽ᠵᠠᠰᠠᠭ ᠤᠨ ᠣᠷᠳᠣᠨ ᠤ ᠡᠭᠦᠷᠭᠡ ᠴᠢᠳᠠᠪᠤᠷᠢ︾ ᠶᠢᠨ ᠬᠡᠰᠡᠭ ᠲᠤ᠂ ᠨᠡᠶᠢᠳᠡ 5 | ᠵᠦᠢᠯ ᠪᠠᠶᠢᠵᠤ᠂ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠤᠨ ᠠᠵᠤ ᠠᠬᠤᠶ ᠶᠢᠨ ᠲᠤᠬᠢᠷᠠᠭᠤᠯᠤᠯᠳᠠ᠂ | ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ᠂ ᠨᠡᠶᠢᠭᠡᠮ ᠤᠨ ᠬᠠᠮᠢᠶᠠᠷᠤᠯᠲᠠ ᠪᠠ ᠤᠯᠠᠨ ᠨᠡᠶᠢᠲᠡ ᠶᠢᠨ | ᠦᠢᠯᠡᠴᠢᠯᠡᠭᠡᠨ ᠤ ᠡᠭᠦᠷᠭᠡ ᠴᠢᠳᠠᠪᠤᠷᠢ ᠶᠢ ᠪᠦᠬᠦ ᠲᠠᠯ᠎ᠠ ᠪᠠᠷ ᠭᠦᠢᠴᠡᠳᠬᠡᠬᠦ ᠶᠢ ᠲᠣᠳᠣᠷᠬᠠᠶᠢᠯᠠᠪᠠ᠃ | ᠳᠥᠷᠪᠡᠳᠦᠭᠡᠷ ᠪᠦᠯᠦᠭ ︽ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ︾ ᠶᠢᠨ ᠬᠡᠰᠡᠭ᠂ ᠨᠡᠶᠢᠲᠡ 5 | ᠵᠤᠷᠪᠤᠰ ᠪᠠᠶᠢᠵᠤ᠂ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠤᠨ ᠬᠠᠤᠯᠢ ᠶᠣᠰᠣᠭᠠᠷ ᠰᠢᠢᠳᠪᠦᠷᠢᠲᠦ | ᠪᠣᠳᠣᠯᠭ᠎ᠠ ᠲᠣᠭᠲᠠᠭᠠᠬᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ | ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ᠂ ᠴᠢᠬᠤᠯᠠ ᠨᠡᠶᠢᠭᠡᠮ ᠤᠨ ᠬᠠᠮᠢᠶᠠᠷᠤᠯᠲᠠ ᠶᠢᠨ ᠬᠡᠷᠡᠭ ᠶᠠᠪᠤᠳᠠᠯ᠂ ᠵᠠᠰᠠᠭ ᠤᠨ ᠣᠷᠳᠣᠨ ᠤ ᠵᠢᠷᠤᠮᠵᠢᠯ ᠤᠨ | ᠴᠢᠨᠠᠷᠲᠠᠶ ᠪᠢᠴᠢᠭ ᠮᠠᠲ᠋ᠧᠷᠢᠶᠠᠯ᠂ ᠴᠢᠬᠤᠯᠠ ᠶᠡᠭᠡ ᠲᠥᠷᠥᠯ ᠵᠦᠢᠯ ᠵᠡᠷᠭᠡ ᠶᠢ ᠬᠡᠷᠡᠭᠵᠢᠭᠦᠯᠬᠦ ᠰᠢᠢᠳᠪᠦᠷᠢᠲᠦ | ᠪᠣᠳᠣᠯᠭ᠎ᠠ ᠶᠢᠨ ᠰᠠᠨᠠᠯ ᠢ ᠡᠷᠬᠡᠪᠰᠢ ᠵᠠᠰᠠᠭ ᠤᠨ ᠣᠷᠳᠣᠨ ᠤ ᠪᠥᠬᠦᠳᠡ ᠬᠤᠷᠠᠯ ᠪᠤᠶᠤ ᠵᠠᠰᠠᠭ ᠤᠨ ᠣᠷᠳᠣᠨ ᠤ | ᠪᠠᠶᠢᠩᠭᠤ ᠶᠢᠨ ᠬᠤᠷᠠᠯ ᠢᠶᠠᠷ ᠶᠠᠷᠢᠯᠴᠠᠨ ᠲᠣᠭᠲᠠᠭᠠᠵᠤ᠂ ᠴᠢᠬᠤᠯᠠ ᠲᠠᠢ ᠦᠶ᠎ᠡ ᠳᠤ ᠵᠠᠰᠠᠭ ᠤᠨ ᠣᠷᠳᠣᠨ ᠤ | ᠪᠠᠶᠢᠩᠭᠤ ᠶᠢᠨ ᠬᠤᠷᠠᠯ ᠢᠶᠠᠷ ᠶᠠᠷᠢᠯᠴᠠᠨ ᠪᠠᠲᠤᠯᠠᠭᠰᠠᠨ ᠤ ᠳᠠᠷᠠᠭ᠎ᠠ ᠲᠤᠭᠤᠷᠢᠭ ᠤᠨ ᠨᠠᠮ ᠤᠨ ᠬᠤᠷᠢᠶ᠎ᠠ ᠳᠤ | ᠮᠡᠳᠡᠭᠦᠯᠦᠨ ᠲᠣᠭᠲᠠᠭᠠᠯᠭᠠᠨ᠎ᠠ᠃ | ᠲᠠᠪᠤᠳᠤᠭᠠᠷ ᠪᠦᠯᠦᠭ ︽ᠬᠠᠤᠯᠢ ᠶᠣᠰᠣᠭᠠᠷ ᠵᠠᠰᠠᠭ ᠶᠠᠪᠤᠭᠤᠯᠬᠤ︾ ᠬᠡᠰᠡᠭ ᠲᠤ᠂ ᠨᠡᠶᠢᠳᠡ 4 ᠵᠦᠢᠯ ᠪᠠᠶᠢᠵᠤ᠂ | ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠤᠨ ᠬᠢᠨ ᠦᠨᠳᠦᠰᠦᠨ ᠬᠠᠤᠯᠢ ᠪᠠ ᠬᠠᠤᠯᠢ ᠴᠠᠭᠠᠵᠠ ᠶᠢᠨ | ᠡᠷᠬᠡ ᠰᠦᠷ ᠢ ᠡᠷᠡᠰ ᠬᠠᠮᠠᠭᠠᠯᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ ᠬᠡᠷᠡᠭᠲᠡᠶ ᠭᠡᠵᠦ | ᠴᠢᠬᠤᠯᠠᠴᠢᠯᠠᠪᠠ᠃ ᠵᠠᠰᠠᠭ ᠤᠨ ᠣᠷᠳᠣᠨ ᠳᠤ ᠳᠡᠪᠰᠢᠭᠦᠯᠦᠨ ᠶᠠᠷᠢᠯᠴᠠᠭᠤᠯᠬᠤ ᠪᠠ ᠲᠣᠭᠲᠠᠭᠠᠨ ᠨᠡᠶᠢᠲᠡᠯᠡᠬᠦ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠵᠢᠷᠤᠮᠵᠢᠯ ᠤᠨ | ᠴᠢᠨᠠᠷᠲᠠᠶ ᠪᠢᠴᠢᠭ ᠮᠠᠲ᠋ᠧᠷᠢᠶᠠᠯ ᠤᠨ ᠲᠣᠭᠲᠠᠭᠠᠯ ᠶᠣᠰᠣᠭᠠᠷ ᠲᠥᠯᠥᠪᠯᠡᠭᠡ ᠲᠤᠭᠤᠷᠪᠢᠨ ᠪᠢᠴᠢᠵᠦ᠂ ᠬᠠᠤᠯᠢ | ᠴᠠᠭᠠᠵᠠ ᠶᠢᠨ ᠲᠣᠪᠴᠢᠶ᠎ᠠ ᠠᠴᠠ ᠬᠠᠤᠯᠢ ᠶᠣᠰᠣᠨ ᠤ ᠴᠢᠨᠠᠷᠲᠠᠶ ᠬᠢᠨᠠᠨ ᠪᠠᠶᠢᠴᠠᠭᠠᠯᠲᠠ ᠬᠢᠭᠰᠡᠨ ᠤ ᠳᠠᠷᠠᠭ᠎ᠠ ᠵᠢᠷᠤᠮ | ᠶᠣᠰᠣᠭᠠᠷ ᠭᠦᠢᠴᠡᠳᠬᠡᠨ᠎ᠡ ᠭᠡᠵᠦ ᠲᠣᠳᠣᠷᠬᠠᠶᠢᠯᠠᠪᠠ᠃ | ᠵᠢᠷᠭᠤᠳᠤᠭᠠᠷ ᠪᠦᠯᠦᠭ ︽ᠵᠠᠰᠠᠭ ᠤᠨ ᠶᠠᠪᠤᠳᠠᠯ ᠢ ᠢᠯᠡ ᠪᠣᠯᠭᠠᠬᠤ︾ ᠬᠡᠰᠡᠭ ᠨᠢ ᠨᠡᠶᠢᠲᠡ 2 ᠵᠦᠢᠯ ᠪᠠᠶᠢᠵᠤ᠂ | ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠬᠡᠷᠡᠭᠵᠢᠭᠦᠯᠵᠦ | ᠂ ᠵᠠᠰᠠᠭ ᠵᠠᠬᠢᠷᠭᠠᠨ ᠤ ᠦᠢᠯᠨ ᠠᠵᠢᠯᠯᠠᠭ᠎ᠠ ᠶᠢ ᠵᠢᠷᠤᠮᠵᠢᠭᠤᠯᠤᠨ᠂ ᠦᠢᠯᠡᠴᠢᠯᠡᠭᠡ ᠶᠢ ᠵᠢᠷᠤᠮᠵᠢᠭᠤᠯᠬᠤ᠂ ᠠᠷᠢᠭᠤᠨ | ᠴᠢᠬᠡᠴᠢ ᠪᠠᠶᠢᠬᠤ᠂ ᠵᠠᠰᠠᠭ ᠢ ᠴᠢᠩᠭ᠎ᠠ ᠵᠠᠰᠠᠬᠤ ᠰᠢᠨ᠎ᠡ ᠰᠤᠷᠲᠠᠯ ᠢ ᠪᠣᠶ ᠪᠣᠯᠭᠠᠬᠤ ᠶᠢ ᠲᠣᠳᠣᠷᠬᠠᠶ ᠲᠣᠭᠲᠠᠭᠠᠪᠠ᠃ | ᠡᠯ᠎ᠡ ᠲᠦᠷᠦᠯ ᠤᠨ ᠬᠡᠷᠡᠭ ᠡᠷᠬᠢᠯᠡᠬᠦ ᠶᠢ ᠢᠯᠡ ᠪᠣᠯᠭᠠᠬᠤ ᠲᠦᠷᠢᠮ ᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ | ᠮᠡᠳᠡᠭᠡ ᠵᠠᠩᠭᠢ ᠨᠡᠶᠢᠲᠡᠯᠡᠬᠦ ᠲᠦᠷᠢᠮ ᠢ ᠪᠦᠷᠢᠨᠰᠢᠬᠦᠯᠵᠤ᠂ ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠬᠦ ᠦᠨᠳᠦᠰᠦᠯᠡᠯ | ᠂ ᠶᠠᠪᠤᠴᠠ᠂ ᠦᠷ᠎ᠡ ᠳ᠋ᠦᠩ ᠢ ᠢᠯᠡ ᠪᠣᠯᠭᠠᠬᠤ ᠶᠢ ᠲᠦᠯᠬᠢᠨ ᠠᠬᠢᠭᠤᠯᠬᠤ ᠬᠡᠷᠡᠭᠲᠡᠶ᠃ | ᠳᠣᠯᠣᠳᠤᠭᠠᠷ ᠪᠦᠯᠦᠭ ︽ᠬᠤᠷᠠᠯ ᠤᠨ ᠳᠦᠷᠢᠮ︾ ᠤᠨ ᠬᠡᠰᠡᠭ ᠲᠤ᠂ ᠨᠡᠶᠢᠳᠡ 20 ᠵᠦᠢᠯ ᠪᠠᠶᠢᠵᠤ᠂ | ᠵᠠᠰᠠᠭ ᠤᠨ ᠣᠷᠳᠣᠨ ᠤ ᠪᠦᠬᠦᠳᠡ ᠬᠤᠷᠠᠯ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ | ᠬᠤᠷᠠᠯ᠂ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ᠂ ᠲᠣᠭᠤᠷᠢᠭ ᠤᠨ ᠳᠠᠷᠤᠭ᠎ᠠ ᠶᠢᠨ ᠠᠯᠪᠠᠨ ᠠᠵᠢᠯ ᠤᠨ | ᠬᠤᠷᠠᠯ᠂ ᠵᠠᠰᠠᠭ ᠤᠨ ᠣᠷᠳᠣᠨ ᠤ ᠲᠤᠰᠬᠠᠢ ᠰᠡᠳᠦᠪᠲᠦ ᠬᠤᠷᠠᠯ ᠤᠨ ᠪᠦᠷᠢᠯᠳᠦᠯ ᠪᠠ ᠬᠡᠷᠡᠭ ᠵᠥᠪᠯᠡᠬᠦ ᠰᠢᠢᠳᠪᠦᠷᠢᠲᠦ | ᠪᠤᠳᠤᠯᠭ᠎ᠠ ᠲᠣᠭᠲᠠᠭᠠᠬᠤ ᠬᠡᠪᠴᠢᠶ᠎ᠡ ᠶᠢ ᠲᠣᠳᠣᠷᠬᠠᠢ ᠨᠠᠷᠢᠯᠢᠬᠵᠢᠭᠤᠯᠵᠠᠢ᠃ | ᠨᠠᠢᠮᠠᠳᠤᠭᠠᠷ ᠪᠦᠯᠦᠭ ︽ᠠᠯᠪᠠᠨ ᠪᠢᠴᠢᠭ ᠰᠢᠢᠳᠪᠦᠷᠢᠯᠡᠬᠦ ᠳᠦᠷᠢᠮ︾ ᠤᠨ ᠬᠡᠰᠡᠭ ᠲᠤ ᠨᠡᠶᠢᠲᠡ 8 ᠵᠦᠢᠯ | ᠪᠠᠶᠢᠵᠤ᠂ ᠠᠯᠪᠠᠨ ᠪᠢᠴᠢᠭ ᠵᠢᠴᠢ ᠭᠦᠢᠴᠡᠳᠬᠡᠬᠦ᠂ ᠬᠢᠨᠠᠨ ᠵᠥᠪᠰᠢᠶᠡᠷᠡᠬᠦ᠂ ᠭᠠᠷ ᠤᠨ ᠦᠰᠦᠭ ᠵᠢᠷᠤᠵᠤ ᠶᠠᠪᠤᠭᠤᠯᠬᠤ | ᠵᠡᠷᠭᠡ ᠠᠭᠤᠯᠭ᠎ᠠ ᠶᠢ ᠲᠣᠳᠣᠷᠬᠠᠶ ᠲᠣᠭᠲᠠᠭᠠᠵᠠᠶ᠃ | ᠶᠢᠰᠦᠳᠦᠭᠡᠷ ᠪᠦᠯᠦᠭ ︽ᠰᠢᠮᠳᠠᠭᠤᠯᠤᠨ ᠪᠠᠶᠢᠴᠠᠭᠠᠵᠤ ᠨᠠᠶᠢᠳᠠᠪᠤᠷᠢᠵᠢᠭᠤᠯᠬᠤ︾ ᠬᠡᠰᠡᠭ᠂ ᠨᠡᠶᠢᠲᠡ 3 ᠵᠦᠢᠯ | ᠪᠠᠶᠢᠵᠤ᠂ ᠰᠢᠮᠳᠠᠭᠤᠯᠤᠨ ᠪᠠᠶᠢᠴᠠᠭᠠᠬᠤ ᠠᠵᠢᠯ ᠤᠨ ᠭᠤᠤᠯᠳᠠᠯᠭ᠎ᠠ ᠶᠢ ᠲᠣᠳᠣᠷᠬᠠᠶᠢᠯᠠᠨ᠂ ᠪᠣᠳᠠᠲᠤ ᠦᠷ᠎ᠡ | ᠪᠦᠲᠦᠮᠵᠢ ᠶᠢ ᠴᠢᠬᠤᠯᠠᠴᠢᠯᠠᠵᠤ᠂ ᠬᠠᠷᠢᠭᠤᠴᠠᠯᠭ᠎ᠠ ᠶᠢᠨ ᠲᠦᠷᠢᠮ᠂ ᠬᠢᠨᠠᠨ ᠰᠢᠯᠭᠠᠬᠤ ᠲᠦᠷᠢᠮ ᠪᠠ ᠮᠡᠳᠡᠭᠡᠯᠡᠬᠦ | ᠲᠦᠷᠢᠮ ᠢ ᠬᠡᠷᠡᠭᠵᠢᠭᠦᠯᠪᠡ᠃ | ᠠᠷᠪᠠᠳᠤᠭᠠᠷ ᠪᠦᠯᠦᠭ ︽ᠵᠢᠭᠠᠪᠤᠷᠢ ᠠᠪᠬᠤ᠂ ᠬᠠᠷᠢᠭᠤ ᠮᠡᠳᠡᠭᠦᠯᠬᠦ ᠲᠦᠷᠢᠮ︾ ᠤᠨ ᠬᠡᠰᠡᠭ ᠲᠤ᠂ ᠨᠡᠶᠢᠳᠡ 2 | ᠵᠦᠢᠯ ᠲᠠᠢ᠂ ᠡᠭᠦᠨ ᠳᠤ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠤᠳ ᠱᠠᠳᠤ ᠱᠠᠳᠤ ᠪᠠᠷ | ᠵᠢᠭᠠᠪᠤᠷᠢ ᠠᠪᠬᠤ᠂ ᠠᠵᠢᠯ ᠢᠶᠠᠨ ᠬᠠᠷᠢᠭᠤ ᠮᠡᠳᠡᠭᠦᠯᠬᠦ ᠶᠢ ᠲᠣᠳᠣᠷᠬᠠᠶ ᠲᠣᠭᠲᠠᠭᠠᠵᠠᠶ᠃ | ᠠᠷᠪᠠᠨ ᠨᠢᠭᠡᠳᠦᠭᠡᠷ ᠪᠦᠯᠦᠭ ︽ᠰᠤᠷᠲᠠᠯ ᠰᠠᠬᠢᠯᠭ᠎ᠠ ᠪᠠᠲᠤ︾ ᠶᠢᠨ ᠬᠡᠰᠡᠭ ᠲᠤ᠂ ᠨᠡᠶᠢᠳᠡ 7 ᠵᠦᠢᠯ ᠲᠠᠢ᠂ | ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠤᠨ ᠬᠢᠨ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ | ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ | ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠰᠤᠷᠲᠠᠯ ᠢᠶᠠᠨ | ᠰᠠᠶᠢᠵᠢᠷᠠᠭᠤᠯᠬᠤ᠂ ᠤᠯᠠᠨ ᠲᠦᠮᠡᠨ ᠲᠠᠢ ᠨᠢᠭᠲᠠ ᠬᠠᠷᠢᠯᠴᠠᠬᠤ ᠵᠢᠴᠢ ᠠᠷᠢᠭᠤᠨ ᠴᠢᠬᠡᠴᠢ ᠪᠠᠷ ᠵᠠᠰᠠᠭ ᠪᠠᠷᠢᠬᠤ | ᠲᠤᠬᠠᠶ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠠ | ᠰᠤᠷᠲᠠᠯ ᠤᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠠᠷᠪᠠᠨ ᠬᠤᠶᠠᠳᠤᠭᠠᠷ ᠪᠦᠯᠦᠭ ︽ᠬᠢᠨᠠᠯᠲᠠ ᠲᠠᠯᠪᠢᠬᠤ ᠲᠦᠷᠢᠮ︾ ᠤᠨ ᠬᠡᠰᠡᠭ ᠲᠤ᠂ ᠨᠡᠶᠢᠳᠡ 6 ᠵᠦᠢᠯ ᠲᠠᠢ᠂ | ᠡᠭᠦᠨ ᠳᠤ ᠵᠠᠰᠠᠭ ᠤᠨ ᠣᠷᠳᠣᠨ ᠤ ᠠᠵᠢᠯ ᠨᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ | ᠪᠠᠶᠢᠩᠭᠤ ᠶᠢᠨ ᠬᠤᠷᠢᠶᠠᠨ ᠤ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ | ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠶ ᠭᠡᠳᠡᠭ ᠢ ᠲᠣᠳᠣᠷᠬᠠᠶᠢᠯᠠᠪᠠ᠃ ᠵᠠᠰᠠᠭ ᠤᠨ | ᠣᠷᠳᠣᠨ ᠤ ᠡᠯ᠎ᠡ ᠰᠠᠯᠠᠭ᠎ᠠ ᠮᠥᠴᠢᠷ ᠤᠳ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠶᠣᠰᠣᠭᠠᠷ | ᠠᠷᠠᠳ ᠤᠨ ᠰᠢᠭᠦᠬᠦ ᠬᠤᠷᠢᠶᠠᠨ ᠤ ᠬᠠᠤᠯᠢ ᠶᠣᠰᠣᠭᠠᠷ ᠶᠠᠪᠤᠭᠤᠯᠬᠤ ᠬᠢᠨᠠᠯᠲᠠ ᠶᠢ ᠬᠦᠯᠢᠶᠡᠵᠦ᠂ ᠬᠢᠨᠠᠨ ᠪᠠᠶᠢᠴᠠᠭᠠᠬᠤ᠂ | ᠬᠢᠨᠠᠨ ᠪᠤᠳᠤᠬᠤ ᠵᠡᠷᠭᠡ ᠰᠠᠯᠠᠭ᠎ᠠ ᠮᠥᠴᠢᠷ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠶ ᠭᠡᠵᠦ | ᠲᠣᠳᠣᠷᠬᠠᠶᠢᠯᠠᠪᠠ᠃ | ︽ᠳᠠᠭᠠᠯᠳᠤᠭᠤᠯᠤᠭᠰᠠᠨ ᠲᠦᠷᠢᠮ︾ ᠤᠨ ᠬᠡᠰᠡᠭ ᠲᠤ ᠨᠡᠶᠢᠲᠡ 3 ᠵᠦᠢᠯ ᠪᠠᠶᠢᠵᠤ᠂ ᠲᠦᠷᠢᠮ ᠢ ᠬᠡᠷᠡᠭᠵᠢᠭᠦᠯᠬᠦ | ᠶᠠᠪᠤᠴᠠ ᠳᠠᠬᠢ ᠠᠰᠠᠭᠤᠳᠠᠯ ᠢ ᠵᠠᠰᠠᠭ ᠤᠨ ᠣᠷᠳᠣᠨ ᠤ ᠠᠯᠪᠠᠨ ᠬᠡᠷ ᠠᠴᠠ ᠬᠠᠷᠢᠭᠤᠴᠠᠨ ᠲᠠᠶᠢᠯᠪᠤᠷᠢᠯᠠᠬᠤ ᠶᠢ | ᠲᠣᠳᠣᠷᠬᠠᠶᠢᠯᠠᠵᠤ᠂ ︽ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠲᠦᠷᠢᠮ︾ ︵ | ᠲᠦᠩᠯᠢᠶᠤᠤ ᠬᠤᠷᠴᠢᠨ ᠵᠠᠰᠠᠭ ᠲᠠᠷᠬᠠᠭᠠᠭᠰᠠᠨ ︹ 2018 ︺ 315 ᠳ᠋ᠤᠭᠠᠷ ᠲᠣᠭᠠᠲᠤ︶ ᠤᠨ ᠪᠢᠴᠢᠭ | ᠮᠠᠲ᠋ᠧᠷᠢᠶᠠᠯ ᠢ ᠬᠦᠴᠦᠨ ᠥᠬᠡᠶ ᠪᠣᠯᠭᠠᠨ᠎ᠠ᠃ | | | | | | |