ᠡᠳᠦᠭᠡ ︽ᠬᠤᠷᠴᠢᠨ ᠲᠣᠭᠤᠷᠢᠭ ᠤᠨ ᠬᠤᠤᠷ ᠥᠬᠡᠶ ᠪᠣᠯᠭᠠᠨ ᠰᠢᠢᠳᠪᠦᠷᠢᠯᠡᠬᠦ ᠬᠠᠮᠢᠶᠠᠷᠤᠯᠲᠠ ᠶᠢᠨ ᠠᠷᠭ᠎ᠠ︾ | ᠶᠢᠨ ᠬᠠᠮᠢᠶ᠎ᠠ ᠪᠥᠬᠦᠶ ᠪᠠᠶᠢᠳᠠᠯ ᠤᠨ ᠲᠤᠬᠠᠶ ᠳᠣᠤᠷᠠᠬᠢ ᠮᠡᠲᠦ ᠲᠠᠶᠢᠯᠤᠮᠵᠢ ᠬᠢᠶ᠎ᠠ᠄ | ᠨᠢᠭᠡ᠂ ᠵᠢᠯᠣᠭᠤᠳᠬᠤ ᠦᠵᠡᠯ ᠰᠠᠨᠠᠭ᠎ᠠ | ᠡᠪᠡᠳᠴᠢᠨ ᠢᠶᠠᠷ ᠥᠭᠦᠭᠰᠡᠨ ᠮᠠᠯ ᠵᠢᠭᠦᠷᠲᠡᠨ ᠢ ᠬᠤᠣᠷ ᠦᠭᠡᠶᠢᠵᠢᠬᠦᠯᠦᠨ ᠰᠢᠢᠳᠪᠦᠷᠢᠯᠡᠬᠦ ᠶᠢ | ᠵᠢᠷᠤᠮᠵᠢᠭᠤᠯᠬᠤ ᠶᠢᠨ ᠲᠥᠯᠥᠭᠡ᠂ ᠮᠠᠯ ᠵᠢᠭᠦᠷᠲᠡᠨ ᠤ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠪᠠ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠪᠠᠲᠤᠯᠠᠵᠤ᠂ ᠦᠨᠳᠦᠰᠦ ᠪᠠᠷᠢᠮᠲᠠ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ︾᠃ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠬᠢᠵᠢᠭ ᠢ ᠰᠡᠷᠭᠡᠶᠢᠯᠡᠬᠦ ᠳᠦᠷᠢᠮ︾ ︽ᠭᠠᠭ᠋ᠠᠶ ᠨᠢᠲᠤᠯᠬᠤ | ᠬᠠᠮᠢᠶᠠᠷᠤᠯᠲᠠ ᠶᠢᠨ ᠲᠦᠷᠢᠮ︾᠂ ︽ᠮᠠᠯ ᠵᠢᠭᠦᠷᠲᠡᠨ ᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠶᠢᠨ | ᠪᠣᠬᠢᠷᠲᠤᠯ ᠢ ᠰᠡᠷᠭᠡᠶᠢᠯᠡᠨ ᠵᠠᠰᠠᠬᠤ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ︽ᠡᠪᠡᠳᠴᠢᠨ ᠢᠶᠠᠷ | ᠥᠭᠦᠭᠰᠡᠨ ᠮᠠᠯ ᠵᠢᠭᠦᠷᠲᠡᠨ ᠢ ᠬᠤᠤᠷ ᠥᠬᠡᠶ ᠪᠣᠯᠭᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠬᠤ ᠲᠤᠬᠠᠶ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ︹ | 2014 ︺ 47 ᠳ᠋ᠤᠭᠠᠷ ᠲᠣᠭᠠᠲᠤ︶᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠡᠪᠡᠳᠴᠢᠨ ᠢᠶᠠᠷ ᠥᠭᠦᠭᠰᠡᠨ ᠮᠠᠯ ᠵᠢᠭᠦᠷᠲᠡᠨ ᠢ ᠬᠤᠤᠷ ᠥᠬᠡᠶ | ᠪᠣᠯᠭᠠᠨ ᠰᠢᠢᠳᠪᠦᠷᠢᠯᠡᠬᠦ ᠠᠵᠢᠯ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ | 2015 ︺ 54 ᠳ᠋ᠦᠭᠡᠷ ᠲᠣᠭᠠᠲᠤ︶ ᠤᠨ ᠬᠤᠯᠪᠣᠭᠳᠠᠯ ᠪᠥᠬᠦᠶ ᠱᠠᠭᠠᠷᠳᠠᠯᠭ᠎ᠠ᠂ ᠪᠥᠬᠦ ᠲᠤᠭᠤᠷᠢᠭ | ᠤᠨᠡᠪᠡᠳᠴᠢᠨ ᠢᠶᠠᠷ ᠥᠭᠦᠭᠰᠡᠨ ᠮᠠᠯ ᠵᠢᠭᠦᠷᠲᠡᠨ ᠢ ᠬᠤᠤᠷ ᠥᠬᠡᠶ ᠪᠣᠯᠭᠠᠨ ᠰᠢᠢᠳᠪᠦᠷᠢᠯᠡᠬᠦ ᠬᠢᠨᠠᠯᠲᠠ | ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠲᠣᠰ ᠠᠷᠭ᠎ᠠ ᠶᠢ ᠲᠣᠭᠲᠠᠭᠠᠪᠠ᠃ | ᠬᠤᠶᠠᠷ᠂ ᠨᠥᠬᠦᠪᠥᠷᠢ ᠥᠭᠬᠦ ᠱᠠᠭᠠᠷᠳᠠᠯᠭ᠎ᠠ | ︽ᠬᠡᠨ ᠰᠢᠢᠳᠪᠦᠷᠢᠯᠡᠪᠡᠯ ᠬᠡᠨ ᠳᠤ ᠨᠥᠬᠦᠪᠥᠷᠢ ᠥᠭᠬᠦ︾ ᠵᠠᠷᠴᠢᠮ ᠤᠨ ᠶᠣᠰᠣᠭᠠᠷ᠂ ᠡᠪᠡᠳᠴᠢᠨ ᠢᠶᠠᠷ | ᠥᠭᠦᠭᠰᠡᠨ ᠮᠠᠯ ᠵᠢᠭᠦᠷᠲᠡᠨ ᠢ ᠬᠤᠷᠢᠶᠠᠨ ᠴᠤᠭᠯᠠᠭᠤᠯᠬᠤ᠂ ᠰᠢᠯᠵᠢᠭᠦᠯᠦᠨ ᠵᠥᠭᠡᠭᠡᠪᠦᠷᠢᠯᠡᠬᠦ᠂ ᠬᠤᠤᠷ ᠥᠬᠡᠶ ᠪᠣᠯᠭᠠᠨ | ᠰᠢᠢᠳᠪᠦᠷᠢᠯᠡᠬᠦ ᠵᠡᠷᠭᠡ ᠵᠠᠩᠭᠢᠯᠠᠭ᠎ᠠ ᠶᠢᠨ ᠪᠣᠳᠠᠲᠠᠶ ᠬᠡᠷᠡᠭᠵᠢᠭᠦᠯᠦᠭᠰᠡᠳ ᠲᠤ ᠨᠥᠬᠦᠪᠥᠷᠢ ᠣᠯᠭᠤᠨ᠎ᠠ᠃ ︽ | ᠡᠪᠡᠳᠴᠢᠨ ᠢᠶᠠᠷ ᠥᠭᠦᠭᠰᠡᠨ ᠮᠠᠯ ᠵᠢᠭᠦᠷᠲᠡᠨ ᠢ ᠬᠤᠤᠷ ᠥᠬᠡᠶ ᠪᠣᠯᠭᠠᠨ ᠰᠢᠢᠳᠪᠦᠷᠢᠯᠡᠬᠦ ᠬᠢᠨᠠᠯᠲᠠ ᠬᠠᠮᠢᠶᠠᠷᠤᠯᠲᠠ ᠶᠢᠨ | ᠶᠡᠷᠦᠩᠬᠡᠶ ᠲᠠᠩᠰᠠ︾᠂ ︽ᠡᠪᠡᠳᠴᠢᠨ ᠢᠶᠠᠷ ᠥᠭᠦᠭᠰᠡᠨ ᠮᠠᠯ ᠵᠢᠭᠦᠷᠲᠡᠨ ᠢ ᠬᠤᠤᠷ ᠥᠬᠡᠶ ᠪᠣᠯᠭᠠᠨ ᠰᠢᠢᠳᠪᠦᠷᠢᠯᠡᠬᠦ | ᠲᠡᠮᠳᠡᠭᠯᠡᠯ ᠤᠨ ᠬᠦᠰᠦᠨᠦᠭᠲᠦ︾ ᠶᠢ ᠦᠨᠳᠦᠰᠦᠯᠡᠨ᠂ ︽ᠡᠪᠡᠳᠴᠢᠨ ᠢᠶᠠᠷ ᠥᠭᠦᠭᠰᠡᠨ ᠮᠠᠯ ᠵᠢᠭᠦᠷᠲᠡᠨ ᠢ ᠬᠤᠤᠷ | ᠥᠬᠡᠶ ᠪᠣᠯᠭᠠᠨ ᠰᠢᠢᠳᠪᠦᠷᠢᠯᠡᠬᠦ ᠨᠥᠬᠦᠪᠥᠷᠢ ᠶᠢᠨ ᠨᠠᠷᠢᠨ ᠬᠦᠰᠦᠨᠦᠭᠲᠦ︾ ᠶᠢ ᠲᠣᠭᠲᠠᠭᠠᠵᠤ᠂ ᠲᠠᠷᠢᠶᠠᠯᠠᠩ ᠮᠠᠯ ᠠᠵᠤ | ᠠᠬᠤᠶ ᠶᠢᠨ ᠲᠣᠪᠴᠢᠶ᠎ᠠ ᠪᠠᠷ ᠬᠢᠨᠠᠭᠤᠯᠤᠭᠠᠳ ᠲᠤᠭᠤᠷᠢᠭ ᠤᠨ ᠵᠠᠰᠠᠭ ᠤᠨ ᠣᠷᠳᠣᠨ ᠳᠤ ᠮᠡᠳᠡᠭᠦᠯᠦᠨ | ᠵᠥᠪᠰᠢᠶᠡᠷᠡᠭᠦᠯᠦᠭᠰᠡᠨ ᠤ ᠳᠠᠷᠠᠭ᠎ᠠ᠂ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠠᠴᠠ ᠤᠯᠤᠰ ᠤᠨ | ᠬᠥᠮᠥᠷᠭᠡ ᠠᠴᠠ ᠲᠥᠪᠯᠡᠷᠡᠭᠦᠯᠦᠨ ᠣᠯᠭᠤᠬᠤ ᠠᠷᠭ᠎ᠠ ᠮᠠᠶ᠋ᠢᠭ ᠢᠶᠠᠷ ᠳᠡᠮᠵᠢᠨ᠂ ᠡᠪᠡᠳᠴᠢᠨ ᠢᠶᠠᠷ ᠥᠭᠦᠭᠰᠡᠨ ᠮᠠᠯ | ᠵᠢᠭᠦᠷᠲᠡᠨ ᠢ ᠬᠤᠤᠷ ᠥᠬᠡᠶ ᠪᠣᠯᠭᠠᠨ ᠰᠢᠢᠳᠪᠦᠷᠢᠯᠡᠬᠦ ᠨᠥᠬᠦᠪᠥᠷᠢ ᠶᠢᠨ ᠪᠠᠯᠠ ᠮᠥᠩᠭᠦ ᠶᠢ ᠤᠯᠠᠷᠢᠯ ᠪᠦᠷᠢ ᠨᠢᠭᠡ | ᠤᠳᠠᠭ᠎ᠠ ᠰᠠᠯᠭᠠᠨ ᠥᠭᠭᠦᠨ᠎ᠡ᠃ | ᠭᠤᠷᠪᠠ᠂ ᠪᠤᠰᠤᠳ ᠱᠠᠭᠠᠷᠳᠠᠯᠭ᠎ᠠ | ᠲᠣᠰ ᠠᠷᠭ᠎ᠠ ᠳᠤ ᠬᠡᠯᠡᠵᠦ ᠪᠠᠶᠢᠭ᠎ᠠ ᠡᠪᠡᠳᠴᠢᠨ ᠢᠶᠠᠷ ᠥᠭᠦᠭᠰᠡᠨ ᠮᠠᠯ ᠵᠢᠭᠦᠷᠲᠡᠨ ᠢ ᠬᠤᠤᠷ ᠥᠬᠡᠶ ᠪᠣᠯᠭᠠᠨ | ᠰᠢᠢᠳᠪᠦᠷᠢᠯᠡᠬᠦ ᠭᠡᠳᠡᠭ ᠨᠢ ᠡᠪᠡᠳᠴᠢᠨ ᠢᠶᠠᠷ ᠥᠭᠦᠭᠰᠡᠨ ᠮᠠᠯ ᠵᠢᠭᠦᠷᠲᠡᠨ ᠢ ᠬᠤᠤᠷ ᠥᠬᠡᠶ ᠪᠣᠯᠭᠠᠨ ᠰᠢᠢᠳᠪᠦᠷᠢᠯᠡᠬᠦ | ᠦᠢᠯᠡᠳᠪᠦᠷᠢ ᠪᠠᠷ ᠳᠡᠮᠵᠢᠨ ᠡᠪᠡᠳᠴᠢᠨ ᠢᠶᠠᠷ ᠥᠭᠦᠭᠰᠡᠨ ᠵᠢᠴᠢ ᠡᠪᠡᠳᠴᠢᠨ ᠲᠠᠢ ᠠᠮᠢᠲᠠᠨ ᠪᠠ ᠬᠠᠮᠢᠶ᠎ᠠ ᠪᠥᠬᠦᠶ | ᠠᠮᠢᠲᠠᠨ ᠤ ᠠᠰᠢᠭ ᠰᠢᠮ᠎ᠡ ᠶᠢ ᠬᠢᠮᠢ ᠶᠢᠨ ᠠᠷᠭ᠎ᠠ ᠪᠠᠷ ᠰᠢᠢᠳᠪᠦᠷᠢᠯᠡᠵᠦ᠂ ᠲᠡᠭᠦᠨ ᠤ ᠠᠪᠴᠤ ᠶᠠᠪᠤᠭ᠎ᠠ ᠡᠪᠡᠳᠴᠢᠨ | ᠡᠭᠦᠰᠭᠡᠭᠴᠢ ᠶᠢ ᠤᠰᠠᠳᠬᠠᠵᠤ᠂ ᠬᠤᠤᠷ ᠬᠥᠨᠥᠭᠡᠯ ᠢ ᠠᠷᠢᠯᠭᠠᠬᠤ ᠶᠢᠨ ᠬᠠᠮᠲᠤ ᠡᠬᠢ ᠪᠠᠶᠠᠯᠢᠭᠵᠢᠭᠤᠯᠤᠨ ᠠᠰᠢᠭᠯᠠᠬᠤ᠂ | ᠠᠵᠤ ᠦᠶᠢᠯᠡᠰᠵᠢᠭᠦᠯᠦᠨ ᠬᠥᠭᠵᠢᠭᠦᠯᠬᠦ ᠶᠠᠪᠤᠴᠠ ᠶᠢ ᠬᠡᠷᠡᠭᠵᠢᠭᠦᠯᠵᠦ᠂ ᠡᠪᠡᠳᠴᠢᠨ ᠢᠶᠠᠷ ᠥᠭᠦᠭᠰᠡᠨ ᠮᠠᠯ | ᠵᠢᠭᠦᠷᠲᠡᠨ ᠢ ᠭᠦᠨ ᠪᠤᠯᠠᠬᠤ᠂ ᠬᠡᠭᠦᠷ ᠤᠨ ᠵᠣᠭᠤᠷᠢ ᠪᠠᠷ ᠰᠢᠢᠳᠪᠦᠷᠢᠯᠡᠬᠦ ᠶᠢ ᠴᠢᠩᠭ᠎ᠠ ᠴᠠᠭᠠᠵᠠᠯᠠᠬᠤ ᠶᠢ ᠵᠢᠭᠠᠵᠤ ᠪᠣᠶ | ᠃ ᠲᠣᠰ ᠠᠷᠭ᠎ᠠ ᠶᠢ 2021 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ ᠲᠤᠷᠰᠢᠨ ᠬᠡᠷᠡᠭᠵᠢᠭᠦᠯᠵᠦ᠂ | ᠬᠦᠴᠦᠨ ᠲᠠᠢ ᠬᠤᠭᠤᠴᠠᠭ᠎ᠠ ᠨᠢ 2021 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ᠂ ᠲᠤᠭᠤᠷᠢᠭ ᠤᠨ | ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠠᠴᠠ ᠲᠠᠶᠢᠯᠪᠤᠷᠢᠯᠠᠨ᠎ᠠ᠃ |