︽ᠬᠤᠷᠴᠢᠨ ᠲᠣᠭᠤᠷᠢᠭ ᠤᠨ ᠬᠤᠤᠷ ᠥᠬᠡᠶ ᠪᠣᠯᠭᠠᠨ ᠰᠢᠢᠳᠪᠦᠷᠢᠯᠡᠬᠦ ᠬᠠᠮᠢᠶᠠᠷᠤᠯᠲᠠ ᠶᠢᠨ ᠠᠷᠭ᠎ᠠ︾ ᠶᠢᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/5/10
ᠡᠳᠦᠭᠡ ︽ᠬᠤᠷᠴᠢᠨ ᠲᠣᠭᠤᠷᠢᠭ ᠤᠨ ᠬᠤᠤᠷ ᠥᠬᠡᠶ ᠪᠣᠯᠭᠠᠨ ᠰᠢᠢᠳᠪᠦᠷᠢᠯᠡᠬᠦ ᠬᠠᠮᠢᠶᠠᠷᠤᠯᠲᠠ ᠶᠢᠨ ᠠᠷᠭ᠎ᠠ︾ ᠶᠢᠨ ᠬᠠᠮᠢᠶ᠎ᠠ ᠪᠥᠬᠦᠶ ᠪᠠᠶᠢᠳᠠᠯ ᠤᠨ ᠲᠤᠬᠠᠶ ᠳᠣᠤᠷᠠᠬᠢ ᠮᠡᠲᠦ ᠲᠠᠶᠢᠯᠤᠮᠵᠢ ᠬᠢᠶ᠎ᠠ᠄    ᠨᠢᠭᠡ᠂ ᠵᠢᠯᠣᠭᠤᠳᠬᠤ ᠦᠵᠡᠯ ᠰᠠᠨᠠᠭ᠎ᠠ    ᠡᠪᠡᠳᠴᠢᠨ ᠢᠶᠠᠷ ᠥᠭᠦᠭᠰᠡᠨ ᠮᠠᠯ ᠵᠢᠭᠦᠷᠲᠡᠨ ᠢ ᠬᠤᠣᠷ ᠦᠭᠡᠶᠢᠵᠢᠬᠦᠯᠦᠨ  ᠰᠢᠢᠳᠪᠦᠷᠢᠯᠡᠬᠦ ᠶᠢ ᠵᠢᠷᠤᠮᠵᠢᠭᠤᠯᠬᠤ ᠶᠢᠨ ᠲᠥᠯᠥᠭᠡ᠂ ᠮᠠᠯ ᠵᠢᠭᠦᠷᠲᠡᠨ ᠤ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠪᠠᠲᠤᠯᠠᠵᠤ᠂  ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ︾  ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠬᠢᠵᠢᠭ ᠢ ᠰᠡᠷᠭᠡᠶᠢᠯᠡᠬᠦ ᠳᠦᠷᠢᠮ︾ ︽ᠭᠠᠭ᠋ᠠᠶ ᠨᠢᠲᠤᠯᠬᠤ ᠬᠠᠮᠢᠶᠠᠷᠤᠯᠲᠠ ᠶᠢᠨ ᠲᠦᠷᠢᠮ︾᠂ ︽ᠮᠠᠯ ᠵᠢᠭᠦᠷᠲᠡᠨ ᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ︽ᠡᠪᠡᠳᠴᠢᠨ ᠢᠶᠠᠷ ᠥᠭᠦᠭᠰᠡᠨ ᠮᠠᠯ ᠵᠢᠭᠦᠷᠲᠡᠨ ᠢ ᠬᠤᠤᠷ ᠥᠬᠡᠶ ᠪᠣᠯᠭᠠᠨ  ᠰᠢᠢᠳᠪᠦᠷᠢᠯᠡᠬᠦ ᠲᠣᠭᠲᠠᠴᠠ ᠶᠢ ᠪᠠᠶᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ︹ 2014 ︺ 47 ᠳ᠋ᠤᠭᠠᠷ ᠲᠣᠭᠠᠲᠤ︶᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠡᠪᠡᠳᠴᠢᠨ ᠢᠶᠠᠷ ᠥᠭᠦᠭᠰᠡᠨ ᠮᠠᠯ ᠵᠢᠭᠦᠷᠲᠡᠨ ᠢ ᠬᠤᠤᠷ ᠥᠬᠡᠶ ᠪᠣᠯᠭᠠᠨ ᠰᠢᠢᠳᠪᠦᠷᠢᠯᠡᠬᠦ ᠠᠵᠢᠯ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2015 ︺ 54 ᠳ᠋ᠦᠭᠡᠷ ᠲᠣᠭᠠᠲᠤ︶ ᠤᠨ ᠬᠤᠯᠪᠣᠭᠳᠠᠯ ᠪᠥᠬᠦᠶ ᠱᠠᠭᠠᠷᠳᠠᠯᠭ᠎ᠠ   ᠪᠠᠷ ᠦᠨᠳᠦᠰᠦᠯᠡᠵᠦ᠂ ᠪᠥᠬᠦ  ᠲᠤᠭᠤᠷᠢᠭ ᠤᠨ ᠡᠪᠡᠳᠴᠢᠨ ᠢᠶᠠᠷ ᠥᠭᠦᠭᠰᠡᠨ ᠮᠠᠯ ᠵᠢᠭᠦᠷᠲᠡᠨ ᠢ ᠬᠤᠤᠷ ᠥᠬᠡᠶ ᠪᠣᠯᠭᠠᠨ  ᠰᠢᠢᠳᠪᠦᠷᠢᠯᠡᠬᠦ ᠬᠢᠨᠠᠯᠲᠠ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ  ᠴᠢᠩᠭᠠᠳᠬᠠᠬᠤ ᠶᠢᠨ ᠲᠦᠯᠦᠭᠡ ᠲᠣᠰ ᠠᠷᠭ᠎ᠠ ᠶᠢ ᠲᠣᠭᠲᠠᠭᠠᠪᠠ᠃    ᠬᠤᠶᠠᠷ᠂ ᠨᠥᠬᠦᠪᠥᠷᠢ ᠥᠭᠬᠦ ᠱᠠᠭᠠᠷᠳᠠᠯᠭ᠎ᠠ    ︽ᠬᠡᠨ  ᠰᠢᠢᠳᠪᠦᠷᠢᠯᠡᠪᠡᠯ ᠬᠡᠨ ᠳᠤ ᠨᠥᠬᠦᠪᠥᠷᠢ ᠥᠭᠬᠦ︾ ᠵᠠᠷᠴᠢᠮ ᠤᠨ ᠶᠣᠰᠣᠭᠠᠷ᠂ ᠡᠪᠡᠳᠴᠢᠨ ᠢᠶᠠᠷ ᠥᠭᠦᠭᠰᠡᠨ ᠮᠠᠯ ᠵᠢᠭᠦᠷᠲᠡᠨ ᠢ ᠬᠤᠷᠢᠶᠠᠨ ᠴᠤᠭᠯᠠᠭᠤᠯᠬᠤ᠂ ᠰᠢᠯᠵᠢᠭᠦᠯᠦᠨ ᠵᠥᠭᠡᠭᠡᠪᠦᠷᠢᠯᠡᠬᠦ᠂ ᠬᠤᠤᠷ ᠥᠬᠡᠶ ᠪᠣᠯᠭᠠᠨ ᠰᠢᠢᠳᠪᠦᠷᠢᠯᠡᠬᠦ ᠵᠡᠷᠭᠡ ᠵᠠᠩᠭᠢᠯᠠᠭ᠎ᠠ ᠶᠢᠨ ᠪᠣᠳᠠᠲᠠᠶ ᠬᠡᠷᠡᠭᠵᠢᠭᠦᠯᠦᠭᠰᠡᠳ ᠲᠤ ᠨᠥᠬᠦᠪᠥᠷᠢ ᠣᠯᠭᠤᠨ᠎ᠠ᠃ ︽ᠡᠪᠡᠳᠴᠢᠨ ᠢᠶᠠᠷ ᠥᠭᠦᠭᠰᠡᠨ ᠮᠠᠯ ᠵᠢᠭᠦᠷᠲᠡᠨ ᠢ ᠬᠤᠤᠷ ᠥᠬᠡᠶ ᠪᠣᠯᠭᠠᠨ  ᠰᠢᠢᠳᠪᠦᠷᠢᠯᠡᠬᠦ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠠᠩᠰᠠ︾᠂ ︽ᠡᠪᠡᠳᠴᠢᠨ ᠢᠶᠠᠷ ᠥᠭᠦᠭᠰᠡᠨ ᠮᠠᠯ ᠵᠢᠭᠦᠷᠲᠡᠨ ᠢ ᠬᠤᠤᠷ ᠥᠬᠡᠶ ᠪᠣᠯᠭᠠᠨ  ᠰᠢᠢᠳᠪᠦᠷᠢᠯᠡᠬᠦ ᠲᠡᠮᠳᠡᠭᠯᠡᠯ ᠤᠨ ᠬᠦᠰᠦᠨᠦᠭᠲᠦ︾ ᠶᠢ ᠦᠨᠳᠦᠰᠦᠯᠡᠨ᠂ ︽ᠡᠪᠡᠳᠴᠢᠨ ᠢᠶᠠᠷ ᠥᠭᠦᠭᠰᠡᠨ ᠮᠠᠯ ᠵᠢᠭᠦᠷᠲᠡᠨ ᠢ ᠬᠤᠤᠷ ᠥᠬᠡᠶ ᠪᠣᠯᠭᠠᠨ ᠰᠢᠢᠳᠪᠦᠷᠢᠯᠡᠬᠦ ᠨᠥᠬᠦᠪᠥᠷᠢ ᠶᠢᠨ ᠨᠠᠷᠢᠨ ᠬᠦᠰᠦᠨᠦᠭᠲᠦ︾ ᠶᠢ ᠲᠣᠭᠲᠠᠭᠠᠵᠤ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠪᠠᠷ ᠬᠢᠨᠠᠭᠤᠯᠤᠭᠠᠳ  ᠲᠤᠭᠤᠷᠢᠭ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂  ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠠᠴᠠ ᠤᠯᠤᠰ ᠤᠨ ᠬᠥᠮᠥᠷᠭᠡ ᠠᠴᠠ ᠲᠥᠪᠯᠡᠷᠡᠭᠦᠯᠦᠨ ᠣᠯᠭᠤᠬᠤ ᠠᠷᠭ᠎ᠠ ᠮᠠᠶ᠋ᠢᠭ ᠢᠶᠠᠷ ᠳᠡᠮᠵᠢᠨ᠂ ᠡᠪᠡᠳᠴᠢᠨ ᠢᠶᠠᠷ ᠥᠭᠦᠭᠰᠡᠨ ᠮᠠᠯ ᠵᠢᠭᠦᠷᠲᠡᠨ ᠢ ᠬᠤᠤᠷ ᠥᠬᠡᠶ ᠪᠣᠯᠭᠠᠨ  ᠰᠢᠢᠳᠪᠦᠷᠢᠯᠡᠬᠦ ᠨᠥᠬᠦᠪᠥᠷᠢ ᠶᠢᠨ ᠪᠠᠯᠠ ᠮᠥᠩᠭᠦ ᠶᠢ ᠤᠯᠠᠷᠢᠯ ᠪᠦᠷᠢ ᠨᠢᠭᠡ ᠤᠳᠠᠭ᠎ᠠ ᠰᠠᠯᠭᠠᠨ ᠥᠭᠭᠦᠨ᠎ᠡ᠃    ᠭᠤᠷᠪᠠ᠂ ᠪᠤᠰᠤᠳ ᠱᠠᠭᠠᠷᠳᠠᠯᠭ᠎ᠠ    ᠲᠣᠰ ᠠᠷᠭ᠎ᠠ ᠳᠤ ᠬᠡᠯᠡᠵᠦ ᠪᠠᠶᠢᠭ᠎ᠠ ᠡᠪᠡᠳᠴᠢᠨ ᠢᠶᠠᠷ ᠥᠭᠦᠭᠰᠡᠨ ᠮᠠᠯ ᠵᠢᠭᠦᠷᠲᠡᠨ ᠢ ᠬᠤᠤᠷ ᠥᠬᠡᠶ ᠪᠣᠯᠭᠠᠨ  ᠰᠢᠢᠳᠪᠦᠷᠢᠯᠡᠬᠦ ᠭᠡᠳᠡᠭ ᠨᠢ ᠡᠪᠡᠳᠴᠢᠨ ᠢᠶᠠᠷ ᠥᠭᠦᠭᠰᠡᠨ ᠮᠠᠯ ᠵᠢᠭᠦᠷᠲᠡᠨ ᠢ ᠬᠤᠤᠷ ᠥᠬᠡᠶ ᠪᠣᠯᠭᠠᠨ ᠰᠢᠢᠳᠪᠦᠷᠢᠯᠡᠬᠦ  ᠦᠢᠯᠡᠳᠪᠦᠷᠢ ᠪᠠᠷ ᠳᠡᠮᠵᠢᠨ ᠡᠪᠡᠳᠴᠢᠨ ᠢᠶᠠᠷ ᠥᠭᠦᠭᠰᠡᠨ ᠵᠢᠴᠢ ᠡᠪᠡᠳᠴᠢᠨ ᠲᠠᠢ ᠠᠮᠢᠲᠠᠨ ᠪᠠ ᠬᠠᠮᠢᠶ᠎ᠠ ᠪᠥᠬᠦᠶ ᠠᠮᠢᠲᠠᠨ ᠤ ᠠᠰᠢᠭ ᠰᠢᠮ᠎ᠡ ᠶᠢ ᠬᠢᠮᠢ ᠶᠢᠨ ᠠᠷᠭ᠎ᠠ ᠪᠠᠷ  ᠰᠢᠢᠳᠪᠦᠷᠢᠯᠡᠵᠦ᠂ ᠲᠡᠭᠦᠨ ᠤ ᠠᠪᠴᠤ ᠶᠠᠪᠤᠭ᠎ᠠ ᠡᠪᠡᠳᠴᠢᠨ ᠡᠭᠦᠰᠭᠡᠭᠴᠢ ᠶᠢ ᠤᠰᠠᠳᠬᠠᠵᠤ᠂ ᠬᠤᠤᠷ ᠬᠥᠨᠥᠭᠡᠯ ᠢ ᠠᠷᠢᠯᠭᠠᠬᠤ ᠶᠢᠨ ᠬᠠᠮᠲᠤ ᠡᠬᠢ ᠪᠠᠶᠠᠯᠢᠭᠵᠢᠭᠤᠯᠤᠨ ᠠᠰᠢᠭᠯᠠᠬᠤ᠂ ᠠᠵᠤ ᠦᠶᠢᠯᠡᠰᠵᠢᠭᠦᠯᠦᠨ ᠬᠥᠭᠵᠢᠭᠦᠯᠬᠦ ᠶᠠᠪᠤᠴᠠ ᠶᠢ ᠬᠡᠷᠡᠭᠵᠢᠭᠦᠯᠵᠦ᠂ ᠡᠪᠡᠳᠴᠢᠨ ᠢᠶᠠᠷ ᠥᠭᠦᠭᠰᠡᠨ ᠮᠠᠯ ᠵᠢᠭᠦᠷᠲᠡᠨ ᠢ ᠭᠦᠨ ᠪᠤᠯᠠᠬᠤ᠂ ᠬᠡᠭᠦᠷ ᠤᠨ ᠵᠣᠭᠤᠷᠢ ᠪᠠᠷ  ᠰᠢᠢᠳᠪᠦᠷᠢᠯᠡᠬᠦ ᠶᠢ ᠴᠢᠩᠭ᠎ᠠ ᠴᠠᠭᠠᠵᠠᠯᠠᠬᠤ ᠶᠢ ᠵᠢᠭᠠᠵᠤ ᠪᠣᠶ ᠃ ᠲᠣᠰ ᠠᠷᠭ᠎ᠠ ᠶᠢ 2021 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ ᠲᠤᠷᠰᠢᠨ ᠬᠡᠷᠡᠭᠵᠢᠭᠦᠯᠵᠦ᠂ ᠬᠦᠴᠦᠨ ᠲᠠᠢ ᠬᠤᠭᠤᠴᠠᠭ᠎ᠠ ᠨᠢ 2021 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ᠂  ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ    
 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号