ᠨᠢᠭᠡ᠂ ᠲᠤᠭᠤᠷᠪᠢᠭᠰᠠᠨ ᠠᠬᠤᠢ ᠪᠠᠶᠢᠳᠠᠯ ᠵᠢᠴᠢ ᠶᠠᠪᠤᠴᠠ | ᠲᠥᠪ᠂ ᠥᠪᠡᠷᠲᠡᠭᠡᠨ ᠵᠠᠰᠠᠬᠤ ᠣᠷᠣᠨ ᠪᠣᠯᠣᠨ ᠲᠦᠩᠯᠢᠶᠣᠣ ᠬᠤᠲᠠ ᠶᠢᠨ ᠬᠤᠯᠪᠣᠭᠳᠠᠯ ᠪᠦᠬᠦᠢ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠲᠣᠭᠤᠷᠢᠭ ᠤᠨ | ᠦᠢᠯᠡᠴᠢᠯᠡᠭᠡᠨ ᠤ ᠦᠢᠯᠡᠰ ᠤᠨ ᠲᠠᠰ ᠳᠡᠪᠰᠢᠬᠦ ᠶᠢ ᠠᠬᠢᠭᠤᠯᠤᠨ᠂ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠢ | ᠬᠥᠭᠵᠢᠭᠡᠨ᠂ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠢ ᠬᠠᠪᠰᠤᠷᠤᠨ ᠪᠤᠵᠠᠭᠠᠶᠢᠷᠠᠭᠤᠯᠤᠨ | ᠬᠦᠴᠦᠷᠬᠡᠭᠵᠢᠭᠦᠯᠵᠦ᠂ ᠮᠠᠨ ᠤ ᠲᠣᠭᠤᠷᠢᠭ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠬᠢᠷᠢ ᠬᠡᠮᠵᠢᠶ᠎ᠡ ᠶᠢ | ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ | ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠱᠠᠭᠠᠷᠳᠠᠯᠭ᠎ᠠ ᠶᠣᠰᠣᠭᠠᠷ᠂ ᠮᠠᠨ ᠤ ᠲᠣᠪᠴᠢᠶ᠎ᠠ ᠬᠠᠮᠢᠶ᠎ᠠ ᠪᠦᠬᠦᠢ | ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ᠂ ᠣᠳᠣᠬᠠᠨ ᠤ ᠦᠢᠯᠡᠴᠢᠯᠡᠭᠡᠨ ᠤ ᠦᠢᠯᠡᠰ ᠤᠨ | ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ︽ᠬᠤᠷᠴᠢᠨ ᠲᠣᠭᠤᠷᠢᠭ ᠤᠨ ᠦᠢᠯᠡᠴᠢᠯᠡᠭᠡᠨ ᠤ | ᠦᠢᠯᠡᠰ ᠢ ᠲᠡᠳᠬᠦᠨ ᠳᠡᠮᠵᠢᠵᠦ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢ ᠲᠦᠷᠭᠡᠳᠬᠡᠬᠦ | ᠠᠵᠢᠯᠯᠠᠭ᠎ᠠ ᠶᠢᠨ ᠲᠥᠰᠥᠯ ( 2022 ᠣᠨ ᠤ ᠬᠡᠪᠯᠡᠯ )︾ ᠢ ᠲᠤᠭᠤᠷᠪᠢᠪᠠ᠃ ( ᠳᠣᠷᠣᠭᠰᠢ᠄ ᠠᠵᠢᠯᠯᠠᠭ᠎ᠠ ᠶᠢᠨ | ᠲᠥᠰᠥᠯ ( 2022 ᠣᠨ ᠤ ᠬᠡᠪᠯᠡᠯ ) ᠭᠡᠵᠦ ᠲᠣᠪᠴᠢᠯᠠᠨ᠎ᠠ)᠃ | ᠲᠤᠭᠤᠷᠪᠢᠨ ᠪᠢᠴᠢᠬᠦ ᠶᠢᠨ ᠴᠢᠬᠤᠯᠠ ᠴᠢᠨᠠᠷ ᠪᠠ ᠰᠢᠢᠳᠪᠦᠷᠢᠯᠡᠬᠦ ᠪᠠᠷ ᠪᠠᠶᠢᠭ᠎ᠠ ᠭᠤᠣᠯ ᠠᠰᠠᠭᠤᠳᠠᠯ ᠢ ᠰᠤᠳᠤᠯᠤᠨ | ᠨᠤᠲᠠᠯᠠᠭᠰᠠᠨ ᠤ ᠲᠠᠷᠠᠭ᠎ᠠ᠂ ᠭᠤᠣᠯ ᠠᠭᠤᠯᠭ᠎ᠠ ᠶᠢ ᠲᠣᠳᠣᠷᠬᠠᠶᠢᠯᠠᠪᠠ᠃ ᠡᠭᠦᠨ ᠤ ᠰᠠᠭᠤᠷᠢᠨ ᠳᠡᠭᠡᠷ᠎ᠡ᠂ ᠥᠷᠭᠡᠨ ᠢᠶᠠᠷ | ᠶᠠᠷᠢᠯᠴᠠᠭᠰᠠᠨ ᠤ ᠳᠠᠷᠠᠭ᠎ᠠ᠂ 2022 ᠣᠨ ᠤ 3 ᠰᠠᠷ᠎ᠠ ᠶᠢᠨ 30 ᠤ ᠡᠳᠦᠷ ︽ᠠᠵᠢᠯᠯᠠᠭ᠎ᠠ ᠶᠢᠨ ᠲᠥᠰᠥᠯ ( | 2022 ᠣᠨ ᠤ ᠬᠡᠪᠯᠡᠯ )︾ ᠤᠨ ᠡᠬᠡ ᠨᠣᠣᠷᠠᠭ ᠢ ᠲᠤᠭᠤᠷᠪᠢᠨ ᠪᠢᠴᠢᠪᠡ ᠃ 2022 ᠣᠨ ᠤ 4 ᠰᠠᠷ᠎ᠠ ᠠᠴᠠ | ᠨᠠᠭᠠᠰᠢ᠂ ᠤᠷᠢᠳ ᠬᠤᠵᠢᠳ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠰᠤᠮᠤ᠂ ᠪᠠᠯᠭᠠᠰᠤ᠂ ᠲᠠᠯᠠᠪᠠᠶ᠂ ᠵᠡᠭᠡᠯᠢ | ᠭᠤᠳᠤᠮᠵᠢ ᠵᠡᠷᠭᠡ ᠨᠢᠭᠡᠴᠢ ᠶᠢᠨ ᠰᠠᠨᠠᠯ ᠢ ᠬᠤᠷᠢᠶᠠᠵᠤ᠂ ᠡᠯ᠎ᠡ ᠲᠠᠯ᠎ᠠ ᠶᠢᠨ ᠬᠢᠨ ᠤ ᠬᠠᠷᠢᠭᠤ ᠲᠤᠰᠬᠠᠭᠰᠠᠨ ᠰᠠᠨᠠᠯ ᠢ | ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠭᠦᠨᠵᠡᠭᠡᠢ ᠰᠤᠳᠤᠯᠵᠤ᠂ ᠵᠦᠢ ᠵᠣᠬᠢᠰᠲᠠᠢ ᠰᠠᠨᠠᠯ | ᠰᠠᠨᠠᠭᠤᠯᠭ᠎ᠠ ᠶᠢ ᠭᠦᠢᠴᠡᠳ ᠰᠢᠩᠭᠡᠬᠡᠨ ᠭᠥᠯᠢᠶᠡᠨ ᠠᠪᠴᠤ᠂ ︽ᠠᠵᠢᠯᠯᠠᠭᠠᠨ ᠤ ᠲᠥᠰᠥᠯ ( 2022 ᠣᠨ ᠤ | ᠬᠡᠪᠯᠡᠯ )︾ ᠳᠤ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃2022 ᠣᠨ ᠤ 6 | ᠰᠠᠷ᠎ᠠ ᠶᠢᠨ 10 ᠤ ᠡᠳᠦᠷ᠂ ᠮᠠᠨ ᠤ ᠲᠣᠪᠴᠢᠶ᠎ᠠ ᠠᠴᠠ ᠲᠣᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ | ᠬᠤᠷᠠᠯ ᠳᠤ ᠳᠡᠪᠰᠢᠭᠦᠯᠵᠦ ᠰᠤᠳᠤᠯᠤᠨ ᠬᠢᠨᠠᠨ ᠵᠥᠪᠯᠡᠭᠦᠯᠪᠡ ᠃ 2022 ᠣᠨ ᠤ 6 ᠰᠠᠷ᠎ᠠ ᠶᠢᠨ 10 ᠤ ᠡᠳᠦᠷ᠂ | ᠬᠤᠷᠴᠢᠨ ᠲᠣᠭᠤᠷᠢᠭ ᠤᠨ ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ ᠢᠯᠡ ᠪᠠᠷ ᠣᠯᠠᠨ ᠨᠡᠶᠢᠲᠡ ᠶᠢᠨ ᠰᠠᠨᠠᠯ ᠢ | ᠬᠤᠷᠢᠶᠠᠵᠤ᠂ 2022 ᠣᠨ ᠤ 7 ᠰᠠᠷ᠎ᠠ ᠶᠢᠨ 10 ᠤ ᠡᠳᠦᠷ ᠳᠠᠭᠤᠰᠤᠨ᠎ᠠ᠃ ᠡᠯ᠎ᠡ ᠨᠢᠭᠡᠴᠢ᠂ ᠡᠯ᠎ᠡ ᠰᠠᠯᠠᠭ᠎ᠠ | ᠮᠥᠴᠢᠷ ᠪᠣᠯᠣᠨ ᠨᠡᠶᠢᠭᠡᠮ ᠨᠡᠶᠢᠲᠡ ᠶᠢᠨ ᠰᠠᠨᠠᠯ ᠢ ᠬᠤᠷᠢᠶᠠᠩᠭᠤᠶᠢᠯᠠᠭᠰᠠᠨ ᠤ ᠳᠠᠷᠠᠭ᠎ᠠ᠂ ᠮᠠᠨ ᠤ ᠲᠣᠪᠴᠢᠶ᠎ᠠ | ᠡᠴᠦᠰ ᠲᠡᠭᠡᠨ ︽ᠠᠵᠢᠯᠯᠠᠭ᠎ᠠ ᠶᠢᠨ ᠲᠥᠰᠥᠯ ( 2022 ᠣᠨ ᠤ ᠬᠡᠪᠯᠡᠯ )︾ ᠢ ᠵᠠᠰᠠᠵᠤ ᠪᠦᠷᠢᠯᠳᠦᠭᠦᠯᠪᠡ᠃ | | ᠬᠤᠶᠠᠷ᠂ ᠲᠣᠭᠲᠠᠭᠠᠭᠰᠠᠨ ᠦᠨᠳᠦᠰᠦᠯᠡᠯ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠶᠢᠨ ᠬᠡᠷᠡᠭᠵᠢᠭᠦᠯᠬᠦ ᠲᠥᠰᠥᠯ ( 2022 ᠣᠨ ᠤ ᠬᠡᠪᠯᠡᠯ )︾ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠡ ᠶᠢ ᠠᠬᠢᠭᠤᠯᠬᠤ 2022 ᠣᠨ ᠤ ᠠᠵᠢᠯᠯᠠᠭ᠎ᠠ ᠶᠢᠨ | ᠲᠥᠰᠥᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠴᠢᠯᠡᠭᠡᠨ ᠤ ᠦᠢᠯᠡᠰ ᠤᠨ | ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ︾ ᠵᠡᠷᠭᠡ ᠪᠢᠴᠢᠭ ᠮᠠᠲ᠋ᠧᠷᠢᠶᠠᠯ᠃ | | ᠭᠤᠷᠪᠠ᠂ ᠦᠨᠳᠦᠰᠦᠨ ᠪᠣᠷᠣ ᠲᠥᠯᠥᠪ ᠪᠠ ᠭᠤᠣᠯ ᠠᠭᠤᠯᠭ᠎ᠠ | ︽ᠠᠵᠢᠯᠯᠠᠭ᠎ᠠ ᠶᠢᠨ ᠲᠥᠰᠥᠯ ( 2022 ᠣᠨ ᠤ ᠬᠡᠪᠯᠡᠯ )︾ ᠳᠤ᠄ ᠲᠡᠳᠬᠦᠬᠦ ᠬᠦᠷᠢᠶ᠎ᠡ ᠬᠡᠪᠴᠢᠶ᠎ᠡ᠂ | ᠬᠠᠷᠠᠯᠲᠠᠲᠤ ᠡᠭᠦᠷᠭᠡ᠂ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠪᠡᠯᠡ ᠮᠥᠩᠭᠦ ᠶᠢᠨ ᠳᠡᠮᠵᠢᠯᠭᠡ᠂ | ᠳᠠᠭᠠᠯᠳᠤᠭᠤᠯᠤᠭᠰᠠᠨ ᠳᠦᠷᠢᠮ ᠵᠡᠷᠭᠡ 5 ᠬᠡᠰᠡᠭ ᠪᠠᠭᠲᠠᠨ᠎ᠠ ᠃ | ( ᠨᠢᠭᠡ ) ᠲᠡᠳᠬᠦᠬᠦ ᠬᠦᠷᠢᠶ᠎ᠡ ᠬᠡᠪᠴᠢᠶ᠎ᠡ᠃ ᠡᠭᠦᠨ ᠳᠤ ᠬᠤᠷᠴᠢᠨ ᠲᠣᠭᠤᠷᠢᠭ ᠤᠨ ᠬᠢᠯᠢ ᠳᠣᠲᠣᠷ᠎ᠠ | ᠳᠠᠩᠰᠠᠯᠠᠭᠤᠯᠤᠭᠰᠠᠨ᠂ ᠪᠥᠬᠦ ᠲᠣᠭᠤᠷᠢᠭ ᠤᠨ ︽ᠳᠥᠷᠪᠡᠨ ᠬᠡᠪᠴᠢᠶᠡᠵᠢᠯ ᠠᠴᠠ ᠳᠡᠭᠡᠭᠰᠢᠬᠢ︾ ᠳᠤ | ᠣᠷᠣᠭᠤᠯᠤᠭᠰᠠᠨ᠂ ᠬᠠᠤᠯᠢ ᠶᠣᠰᠣᠭᠠᠷ ᠡᠵᠡᠩᠨᠡᠭᠰᠡᠨ ᠪᠥᠭᠡᠳ ᠠᠶᠤᠯᠭᠦᠢ ᠦᠢᠯᠡᠳᠪᠦᠷᠢᠯᠡᠯ ᠤᠨ ᠨᠥᠬᠦᠴᠡᠯ ᠳᠤ | ᠨᠡᠶᠢᠴᠡᠬᠦ ᠬᠢᠵᠠᠭᠠᠷ ᠲᠤᠭ᠎ᠠ ᠠᠴᠠ ᠳᠡᠭᠡᠭᠰᠢᠬᠢ ᠠᠷᠠᠳ ᠠᠴᠠ ᠡᠵᠡᠩᠨᠡᠭᠰᠡᠨ ᠪᠥᠭᠡᠮ ᠢᠶᠠᠷ ᠬᠤᠳᠠᠯᠳᠤᠬᠤ᠂ ᠵᠢᠵᠢᠭᠯᠡᠨ | ᠬᠤᠳᠠᠯᠳᠤᠬᠤ᠂ ᠬᠤᠨᠤᠭ ᠪᠠᠭᠤᠳᠠᠯ᠂ ᠢᠳᠡᠭᠡᠨ ᠤᠮᠳᠠᠭᠠᠨ ᠤ ᠦᠢᠯᠡᠰ ᠤᠨ ᠠᠵᠤ ᠠᠬᠤᠶᠢᠯᠠᠯ ᠵᠢᠴᠢ | ᠬᠡᠪᠴᠢᠶᠡᠵᠢᠯ ᠠᠴᠠ ᠳᠡᠭᠡᠭᠰᠢᠬᠢ ᠠᠷᠠᠳ ᠠᠴᠠ ᠡᠵᠡᠩᠨᠡᠭᠰᠡᠨ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ | ᠪᠠᠭᠲᠠᠭᠠᠨ᠎ᠠ᠃ | ( ᠬᠤᠶᠠᠷ ) ᠬᠠᠷᠠᠯᠲᠠᠲᠤ ᠡᠭᠦᠷᠭᠡ ᠃ 2022 ᠣᠨ ᠳᠤ ︽ᠳᠥᠷᠪᠡᠨ ᠬᠡᠪᠴᠢᠶᠡᠵᠢᠯ ᠠᠴᠠ ᠳᠡᠭᠡᠭᠰᠢᠬᠢ︾ | ᠠᠷᠠᠳ ᠤᠨ ᠡᠵᠡᠩᠨᠡᠭᠰᠡᠨ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠢ 10 | ᠠᠴᠠ ᠳᠡᠭᠡᠭᠰᠢ ᠴᠡᠪᠡᠷ ᠨᠡᠮᠡᠭᠳᠡᠭᠦᠯᠬᠦ ᠪᠠᠷ ᠴᠢᠷᠮᠠᠶᠢᠨ᠎ᠠ ᠃ ᠡᠭᠦᠨ ᠳᠤ ᠭᠤᠣᠯᠳᠠᠭᠤ ᠨᠡᠮᠡᠭᠳᠡᠯ ᠠᠵᠤ ᠠᠬᠤᠶᠢᠯᠠᠯ ᠢ | ᠪᠣᠶᠢᠵᠢᠭᠤᠯᠬᠤ᠂ ᠦᠯᠡᠳᠡᠭᠡᠯ ᠠᠵᠤ ᠠᠬᠤᠶᠢᠯᠠᠯ ᠢ ᠨᠡᠪᠴᠢᠭᠦᠯᠬᠦ᠂ ᠬᠤᠪᠢ ᠶᠢᠨ ᠠᠵᠤ ᠦᠢᠯᠡᠳᠪᠦᠷᠢ | ᠬᠤᠳᠠᠯᠳᠤᠭ᠎ᠠ ᠶᠢᠨ ᠡᠷᠦᠬᠡ ᠶᠢ ᠬᠠᠤᠯᠢ ᠶᠢᠨ ᠡᠷᠬᠡᠲᠡᠨ ᠤ ᠠᠵᠤ ᠠᠬᠤᠶᠢᠯᠠᠯ ᠪᠣᠯᠭᠠᠨ ᠬᠤᠪᠢᠷᠠᠭᠤᠯᠬᠤ ᠶᠢ ᠲᠦᠯᠬᠢᠨ | ᠠᠬᠢᠭᠤᠯᠬᠤ ᠭᠤᠷᠪᠠᠨ ᠲᠠᠯ᠎ᠠ ᠪᠠᠭᠲᠠᠭᠠᠨ᠎ᠠ ᠃ | ( ᠭᠤᠷᠪᠠ ) ᠲᠥᠷᠥ ᠶᠢᠨ ᠪᠣᠳᠣᠯᠭ᠎ᠠ ᠶᠢᠨ ᠳᠡᠮᠵᠢᠯᠭᠡ ᠃ ᠡᠭᠦᠨ ᠳᠤ ᠭᠤᠣᠯᠳᠠᠭᠤ ᠭᠠᠵᠠᠷ ᠤᠨ ᠲᠠᠰ ᠤᠨ | ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ᠂ ᠭᠠᠵᠠᠷ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ᠂ ᠣᠷᠴᠢᠨ | ᠠᠬᠤᠢ ᠶᠢᠨ ᠬᠠᠮᠠᠭᠠᠯᠠᠯᠲᠠ ᠶᠢᠨ ᠬᠢᠨᠠᠨ ᠵᠥᠪᠰᠢᠶᠡᠷᠡᠯ᠂ ᠴᠠᠬᠢᠯᠭᠠᠨ ᠬᠦᠴᠦᠨ ᠤ ᠪᠠᠲᠤᠯᠠᠭ᠎ᠠ᠂ ᠰᠦᠢᠳᠬᠡᠯ | ᠬᠤᠷᠢᠶᠠᠬᠤ ᠦᠭᠡᠢ ᠪᠠᠷ ᠤᠬᠠᠭᠤᠯᠬᠤ ᠵᠡᠷᠭᠡ ᠲᠠᠯ᠎ᠠ ᠪᠠᠷ ᠬᠢ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠᠭᠲᠠᠭᠠᠨ᠎ᠠ ᠃ | ( ᠳᠥᠷᠪᠡ ) ᠪᠡᠯᠡ ᠮᠥᠩᠭᠦ ᠶᠢᠨ ᠳᠡᠮᠵᠢᠯᠭᠡ ᠃ ᠡᠭᠦᠨ ᠳᠤ ᠭᠤᠣᠯᠳᠠᠭᠤ ᠠᠩᠬ᠎ᠠ ᠤᠳᠠᠭ᠎ᠠ ᠬᠢᠵᠠᠭᠠᠷᠯᠠᠯ ᠳᠤ | ᠬᠦᠷᠭᠡᠬᠦ᠂ ᠬᠤᠪᠢ ᠬᠥᠮᠥᠨ ᠢ ᠠᠵᠤ ᠠᠬᠤᠶᠢᠯᠠᠯ ᠪᠣᠯᠭᠠᠬᠤ᠂ ᠲᠥᠰᠥᠪ ᠤᠨ ᠭᠦᠢᠴᠡᠳᠬᠡᠯ ᠢ ᠨᠢᠭᠡᠳᠬᠡᠬᠦ᠂ | ᠡᠵᠡᠩᠨᠡᠯᠲᠡ ᠶᠢᠨ ᠲᠤᠭ᠎ᠠ ᠶᠢ ᠨᠡᠮᠡᠭᠳᠡᠭᠦᠯᠬᠦ ᠵᠡᠷᠭᠡ ᠲᠠᠯ᠎ᠠ ᠪᠠᠷ ᠬᠢ ᠪᠡᠯᠡ ᠮᠥᠩᠭᠦᠨ ᠤ ᠳᠡᠮᠵᠢᠯᠭᠡ ᠪᠠᠭᠲᠠᠭᠠᠨ᠎ᠠ ᠃ | ( ᠲᠠᠪᠤ ) ᠳᠠᠭᠠᠯᠳᠤᠭᠤᠯᠤᠭᠰᠠᠨ ᠳᠦᠷᠢᠮ ᠃ ᠡᠭᠦᠨ ᠳᠤ ᠪᠢᠴᠢᠭ ᠮᠠᠲ᠋ᠧᠷᠢᠶᠠᠯ ᠢ ᠲᠠᠶᠢᠯᠪᠤᠷᠢᠯᠠᠬᠤ ᠡᠷᠬᠡ᠂ | ᠲᠡᠳᠬᠦᠨ ᠳᠡᠮᠵᠢᠬᠦ ᠵᠠᠷᠴᠢᠮ᠂ ᠬᠡᠷᠡᠭᠵᠢᠭᠦᠯᠬᠦ ᠬᠤᠭᠤᠴᠠᠭ᠎ᠠ᠂ ᠬᠦᠴᠦᠨ ᠲᠠᠢ ᠬᠤᠭᠤᠴᠠᠭ᠎ᠠ ᠵᠡᠷᠭᠡ ᠠᠭᠤᠯᠭ᠎ᠠ | ᠪᠠᠭᠲᠠᠭᠠᠨ᠎ᠠ ᠃ | ᠪᠢᠴᠢᠭ ᠮᠠᠲ᠋ᠧᠷᠢᠶᠠᠯ᠄ ︽ᠬᠤᠷᠴᠢᠨ ᠲᠣᠭᠤᠷᠢᠭ ᠤᠨ ᠦᠢᠯᠡᠴᠢᠯᠡᠭᠡᠨ ᠤ ᠦᠢᠯᠡᠰ ᠢ ᠲᠡᠳᠬᠦᠨ ᠳᠡᠮᠵᠢᠵᠦ ᠠᠷᠠᠳ | ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢ ᠲᠦᠷᠭᠡᠳᠬᠡᠬᠦ ᠠᠵᠢᠯᠯᠠᠭ᠎ᠠ ᠶᠢᠨ ᠲᠥᠰᠥᠯ ( 2022 | ᠣᠨ ᠤ ᠬᠡᠪᠯᠡᠯ )︾ |