ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠤᠯᠤᠰ ᠤᠨ ᠥᠮᠴᠢᠯᠡᠯᠲᠦ ᠲᠠᠷᠢᠶᠠᠯᠠᠩ | ᠮᠠᠯᠵᠢᠯ ᠤᠨ ᠲᠠᠯᠠᠪᠠᠶ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠵᠠᠰᠠᠭ ᠤᠨ | ᠣᠷᠳᠣᠨ ᠤ ᠡᠯ᠎ᠡ ᠵᠥᠪᠯᠡᠯ ᠠᠯᠪᠠᠨ ᠭᠡᠷ ᠲᠣᠪᠴᠢᠶ᠎ᠠ᠂ ᠬᠤᠷᠴᠢᠨ ᠲᠣᠭᠤᠷᠢᠭ ᠲᠤ ᠰᠠᠭᠤᠭ᠎ᠠ ᠳᠤᠮᠳᠠᠳᠤ ᠤᠯᠤᠰ ᠪᠠ | ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠡᠯ᠎ᠡ ᠨᠢᠭᠡᠴᠡ ᠳᠤ᠄ | ᠵᠠᠬ᠎ᠠ ᠳᠡᠯᠭᠡᠭᠦᠷ ᠤᠨ ᠡᠷᠬᠡ ᠲᠡᠭᠰᠢ ᠶᠢ ᠬᠠᠮᠠᠭᠠᠯᠠᠬᠤ ᠶᠢᠨ ᠲᠥᠯᠥᠭᠡ᠂ ︽ᠬᠤᠷᠴᠢᠨ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︿ᠬᠤᠷᠴᠢᠨ ᠲᠣᠭᠤᠷᠢᠭ ᠤᠨ ᠢᠨᠲ᠋ᠧᠷ | ᠰᠦᠯᠵᠢᠶ᠎ᠡ ᠪᠠᠷ ᠳᠤᠭᠤᠢ ᠲᠡᠷᠭᠡ ᠲᠦᠷᠢᠶᠡᠰᠦᠯᠡᠬᠦ ᠬᠥᠭᠵᠢᠯᠲᠡ ᠶᠢ ᠵᠢᠷᠤᠮᠵᠢᠭᠤᠯᠬᠤ ᠶᠢᠨ ᠬᠡᠷᠡᠭᠵᠢᠭᠦᠯᠬᠦ ᠰᠠᠨᠠᠯ﹀ ᠢ | ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠶᠢᠨ ᠲᠤᠬᠠᠢ ᠮᠡᠳᠡᠭᠳᠡᠯ︾ ( ᠲᠦᠩᠯᠢᠶᠣᠣ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠬᠠᠮᠲᠤᠷᠠᠭᠰᠠᠨ ᠬᠤᠷᠠᠯ ᠲᠠᠷᠬᠠᠭᠠᠭᠰᠠᠨ ﹇2022﹈ 4 ᠳ᠋ᠦᠭᠡᠷ ᠲᠣᠭᠠᠲᠤ ) ᠤᠨ | ᠱᠠᠭᠠᠷᠳᠠᠯᠭ᠎ᠠ ᠶᠢ ᠦᠨᠳᠦᠰᠦᠯᠡᠨ᠂ ᠲᠣᠭᠤᠷᠢᠭ ᠤᠨ ᠵᠠᠰᠠᠭ ᠤᠨ ᠣᠷᠳᠣᠨ ᠤ ᠰᠤᠳᠤᠯᠤᠯᠲᠠ ᠪᠠᠷ ᠳᠡᠮᠵᠢᠨ᠂ | ︽ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ︿ᠬᠤᠷᠴᠢᠨ ᠲᠣᠭᠤᠷᠢᠭ ᠤᠨ ᠢᠨᠲ᠋ᠧᠷ | ᠰᠦᠯᠵᠢᠶ᠎ᠡ ᠪᠠᠷ ᠳᠤᠭᠤᠢ ᠲᠡᠷᠭᠡ ᠲᠦᠷᠢᠶᠡᠰᠦᠯᠡᠬᠦ ᠬᠥᠭᠵᠢᠯᠲᠡ ᠶᠢ ᠵᠢᠷᠤᠮᠵᠢᠭᠤᠯᠬᠤ ᠶᠢᠨ ᠬᠡᠷᠡᠭᠵᠢᠭᠦᠯᠬᠦ ᠰᠠᠨᠠᠯ﹀ ᠢ | ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ( ᠲᠦᠩᠯᠢᠶᠣᠣ ᠶᠢᠨ ᠬᠤᠷᠴᠢᠨ ᠵᠠᠰᠠᠭ ᠲᠠᠷᠬᠠᠭᠠᠭᠰᠠᠨ ﹇2020﹈ | 199 ᠳ᠋ᠦᠭᠡᠷ ᠲᠣᠭᠠᠲᠤ ) ᠢ ᠬᠦᠴᠦᠨ ᠦᠭᠡᠢ ᠪᠣᠯᠭᠠᠨ᠎ᠠ᠃ ᠬᠠᠮᠢᠶ᠎ᠠ ᠪᠦᠬᠦᠢ ᠬᠡᠷᠡᠭᠵᠢᠭᠦᠯᠬᠦ ᠲᠥᠰᠥᠯ ᠢ | ᠲᠣᠭᠤᠷᠢᠭ ᠤᠨ ᠵᠠᠰᠠᠭ ᠤᠨ ᠣᠷᠳᠣᠨ ᠠᠴᠠ ᠵᠥᠪᠳᠡᠯᠴᠡᠭᠰᠡᠨ ᠤ ᠳᠠᠷᠠᠭ᠎ᠠ ᠨᠡᠶᠢᠲᠡᠯᠡᠨ ᠬᠡᠷᠡᠭᠵᠢᠭᠦᠯᠦᠨ᠎ᠡ᠃ | | | | ᠡᠭᠦᠨ ᠤ ᠲᠤᠯᠠ ᠮᠡᠳᠡᠭᠳᠡᠪᠡ | 2022 ᠣᠨ ᠤ 10 ᠳ᠋ᠤᠭᠠᠷ ᠰᠠᠷ᠎ᠠ ᠶᠢᠨ 28 ᠤ ᠡᠳᠦᠷ | |