ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ | ᠲᠠᠯᠠᠪᠠᠶ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠵᠠᠰᠠᠭ ᠤᠨ ᠣᠷᠳᠣᠨ ᠤ ᠡᠯ᠎ᠡ | ᠵᠥᠪᠯᠡᠯ ᠠᠯᠪᠠᠨ ᠭᠡᠷ ᠲᠣᠪᠴᠢᠶ᠎ᠠ᠂ ᠬᠤᠷᠴᠢᠨ ᠲᠣᠭᠤᠷᠢᠭ ᠲᠤ ᠰᠠᠭᠤᠭ᠎ᠠ ᠳᠤᠮᠳᠠᠳᠤ ᠤᠯᠤᠰ ᠪᠠ ᠥᠪᠡᠷᠲᠡᠭᠡᠨ | ᠵᠠᠰᠠᠬᠤ ᠣᠷᠣᠨ ᠤ ᠰᠢᠭᠤᠳ ᠬᠠᠷᠢᠶ᠎ᠠ ᠡᠯ᠎ᠡ ᠨᠢᠭᠡᠴᠢ ᠳᠤ᠄ | ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠵᠦ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠭᠤᠣᠯ ᠴᠣᠭᠴᠠ ᠶᠢᠨ ᠬᠢᠷᠢ ᠬᠡᠮ ᠤᠨ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠦᠨ | ᠲᠡᠭᠦᠯᠳᠡᠷᠵᠢᠭᠦᠯᠬᠦ ᠶᠢᠨ ᠲᠥᠯᠥᠭᠡ᠂ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠶᠢ | ᠢᠯᠭᠠᠷᠠᠭᠤᠯᠤᠨ ᠨᠤᠲᠠᠯᠠᠬᠤ ᠠᠵᠢᠯ ᠢ ᠥᠷᠨᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠠᠤᠯᠢ ᠴᠠᠭᠠᠵᠠ ᠶᠢᠨ ᠲᠢᠩᠬᠢᠮ ᠤᠨ ᠮᠡᠳᠡᠭᠳᠡᠯ︾ ︵ᠥᠪᠥᠷ ᠬᠠᠤᠯᠢ ᠮᠡᠳᠡᠭᠳᠡᠯ ﹇2019﹈ 55 ᠳ᠋ᠤᠭᠠᠷ | ᠲᠣᠭᠠᠲᠤ︶ ᠤᠨ ᠱᠠᠭᠠᠷᠳᠠᠯᠭ᠎ᠠ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠠᠵᠢᠯ ᠤᠨ | ᠪᠠᠶᠢᠷᠢᠯᠠᠭᠤᠯᠤᠯᠲᠠ ᠶᠢ ᠦᠨᠳᠦᠰᠦᠯᠡᠨ᠂ ᠬᠤᠷᠴᠢᠨ ᠲᠣᠭᠤᠷᠢᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ | ᠳᠠᠷᠠᠭᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠪᠠ ᠡᠭᠦᠷᠭᠡ ᠴᠢᠳᠠᠪᠤᠷᠢ ᠶᠢᠨ | ᠲᠣᠬᠢᠷᠠᠭᠤᠯᠤᠯᠲᠠ ᠶᠢᠨ ᠬᠤᠪᠢᠷᠠᠯᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠭᠤᠷᠢᠭ ᠤᠨ ᠬᠠᠤᠯᠢ | ᠴᠠᠭᠠᠵᠠ ᠶᠢᠨ ᠲᠣᠪᠴᠢᠶ᠎ᠠ ᠠᠴᠠ ᠲᠣᠭᠤᠷᠢᠭ ᠤᠨ ᠲᠠᠰ ᠤᠨ ᠡᠯ᠎ᠡ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠭᠤᠣᠯ ᠴᠣᠭᠴᠠ ᠶᠢᠨ ᠬᠢᠷᠢ ᠬᠡᠮ ᠢ ᠳᠠᠬᠢᠨ ᠢᠯᠭᠠᠷᠠᠭᠤᠯᠤᠨ ᠬᠢᠨᠠᠨ ᠬᠠᠷᠭᠤᠭᠤᠯᠬᠤ ᠪᠠ | ᠬᠠᠤᠯᠢ ᠶᠣᠰᠣᠭᠠᠷ ᠨᠤᠲᠠᠯᠠᠨ ᠲᠣᠭᠲᠠᠭᠠᠵᠤ᠂ ᠣᠲᠣ 38 ᠬᠠᠤᠯᠢ ᠪᠠᠷ ᠲᠣᠭᠲᠠᠭᠠᠭᠰᠠᠨ ᠵᠠᠰᠠᠭ ᠵᠠᠬᠢᠷᠭᠠᠨ ᠤ | ᠪᠠᠶᠢᠭᠤᠯᠤᠯᠭ᠎ᠠ᠂ 4 ᠬᠠᠤᠯᠢ ᠴᠠᠭᠠᠵᠠ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ᠂ | 23 ᠨᠠᠶᠢᠳᠠᠯᠭ᠎ᠠ ᠪᠠᠷ ᠬᠠᠤᠯᠢ ᠬᠡᠷᠡᠭᠵᠢᠭᠦᠯᠬᠦ ᠶᠢ ᠬᠠᠤᠯᠢ ᠶᠣᠰᠣᠭᠠᠷ ᠭᠥᠯᠢᠶᠡᠨ ᠠᠪᠤᠭᠰᠠᠨ ᠪᠠᠶᠢᠭᠤᠯᠤᠯᠭ᠎ᠠ᠂ ᠨᠡᠶᠢᠲᠡ | 65 ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠶᠢ ᠳᠣᠣᠷᠠᠬᠢ ᠮᠡᠲᠦ ᠨᠡᠶᠢᠲᠡᠯᠡᠪᠡ᠄ | ᠨᠢᠭᠡ᠂ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠣᠭᠲᠠᠭᠠᠯ ᠢ ᠦᠨᠳᠦᠰᠦᠯᠡᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠬᠡᠷᠡᠭᠵᠢᠭᠦᠯᠬᠦ ᠠᠯᠪᠠᠨ ᠪᠠᠶᠢᠭᠤᠯᠭ᠎ᠠ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ | ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠦᠩᠯᠢᠶᠣᠣ ᠬᠤᠲᠠ ᠶᠢᠨ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠷᠴᠢᠨ ᠤ ᠬᠤᠪᠢᠶᠠᠷᠢ ᠲᠣᠪᠴᠢᠶ᠎ᠠ᠂ ᠠᠷᠠᠳ ᠤᠨ ᠶᠠᠪᠤᠳᠠᠯ ᠤᠨ | ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ᠂ ᠵᠡᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠬᠠᠤᠯᠢ ᠴᠠᠭᠠᠵᠠ ᠶᠢᠨ | ᠲᠣᠪᠴᠢᠶ᠎ᠠ᠂ ᠬᠢᠨᠠᠨ ᠪᠣᠳᠣᠬᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ | ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠲᠦᠩᠯᠢᠶᠣᠣ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠤᠷᠴᠢᠨ ᠤ ᠬᠤᠪᠢᠶᠠᠷᠢ | ᠲᠣᠪᠴᠢᠶ᠎ᠠ᠂ ᠲᠦᠩᠯᠢᠶᠣᠣ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠤᠷᠴᠢᠨ ᠤ | ᠬᠤᠪᠢᠶᠠᠷᠢ ᠲᠣᠪᠴᠢᠶ᠎ᠠ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠮᠥᠩᠭᠦᠨ ᠭᠦᠢᠯᠭᠡᠭᠡᠨ ᠤ ᠠᠵᠢᠯ ᠤᠨ | ᠠᠯᠪᠠᠨ ᠭᠡᠷ᠂ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠨᠢᠭᠤᠴᠠ | ᠬᠠᠮᠠᠭᠠᠯᠠᠬᠤ ᠨᠢᠭᠤᠴᠠ ᠠᠵᠢᠯ ᠤᠨ ᠲᠣᠪᠴᠢᠶ᠎ᠠ᠂ ᠭᠠᠶᠢᠯᠢ ᠶᠢᠨ ᠲᠣᠪᠴᠢᠶ᠎ᠠ᠂ ᠡᠯ᠎ᠡ ᠰᠤᠮᠤ ᠪᠠᠯᠭᠠᠰᠤ ᠶᠢᠨ | ᠠᠷᠠᠳ ᠤᠨ ᠵᠠᠰᠠᠭ ᠤᠨ ᠣᠷᠳᠣᠨ᠂ ᠵᠢᠶᠠᠨ ᠭᠦᠸᠧ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠩ ᠰᠢᠩ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠃ | ᠬᠤᠶᠠᠷ᠂ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠡᠷᠬᠡ ᠣᠯᠭᠤᠯᠲᠠ ᠶᠢ | ᠦᠨᠳᠦᠰᠦᠯᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠬᠡᠷᠡᠭᠵᠢᠭᠦᠯᠬᠦ ᠵᠣᠬᠢᠶᠠᠨ ᠪᠠᠶᠢᠭᠤᠯᠤᠯᠲᠠ | ᠴᠠᠭ ᠠᠭᠤᠷ ᠤᠨ ᠲᠣᠪᠴᠢᠶ᠎ᠠ᠂ ᠨᠠᠪᠴᠢᠨ ᠲᠠᠮᠠᠬᠢ ᠲᠤᠰᠬᠠᠢ ᠬᠤᠳᠠᠯᠳᠤᠬᠤ ᠲᠣᠪᠴᠢᠶ᠎ᠠ᠂ ᠬᠤᠳᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠰᠦᠯᠵᠢᠶᠡᠨ ᠤ | ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠲᠥᠪ᠃ | ᠭᠤᠷᠪᠠ᠂ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠣᠭᠲᠠᠭᠠᠯ ᠢ | ᠦᠨᠳᠦᠰᠦᠯᠡᠨ ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠨᠠᠶᠢᠳᠠᠯᠭ᠎ᠠ ᠪᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠡᠷᠬᠡ ᠶᠢ ᠬᠡᠷᠡᠭᠵᠢᠭᠦᠯᠬᠦ ᠪᠠᠶᠢᠭᠤᠯᠤᠮᠵᠢ | ᠡᠯ᠎ᠡ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ | ᠵᠢᠶᠠᠨ ᠭᠦᠸᠧ ᠵᠡᠭᠡᠯᠢ ᠭᠤᠳᠤᠮᠵᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ | ᠬᠤᠩ ᠰᠢᠩ ᠵᠡᠭᠡᠯᠢ ᠭᠤᠳᠤᠮᠵᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ | ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠂ | ᠣᠶ ᠰᠢᠭᠤᠢ ᠪᠠ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ | ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ | ᠠᠩᠭᠢ᠂ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ | ᠠᠩᠭᠢ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠂ ᠤᠰᠤᠨ ᠤ ᠶᠠᠪᠤᠳᠠᠯ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠶᠡᠭᠡ ᠠᠩᠭᠢ᠂ ᠬᠢᠨᠠᠨ ᠪᠤᠳᠤᠬᠤ ᠲᠣᠪᠴᠢᠶ᠎ᠠ ᠶᠢᠨ ᠬᠢᠨᠠᠨ ᠪᠤᠳᠤᠬᠤ ᠮᠡᠷᠭᠡᠵᠢᠯ ᠤᠨ | ᠦᠢᠯᠡᠴᠢᠯᠡᠭᠡᠨ ᠤ ᠲᠥᠪ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ᠶᠢᠨ ᠶᠠᠰᠤ ᠴᠢᠨᠠᠷ ᠤᠨᠠᠮᠤᠷ ᠲᠦᠪᠰᠢᠨ ᠤ ᠲᠥᠪ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠭᠡᠷ ᠬᠥᠷᠥᠩᠭᠡ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠂ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠥᠪ ᠂ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠲᠥᠪ᠃ | ᠳᠡᠭᠡᠷ᠎ᠡ ᠳᠤᠷᠠᠳᠤᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠨᠢᠭᠡᠴᠢ ᠨᠦᠭᠦᠳ ᠬᠠᠤᠯᠢ ᠴᠠᠭᠠᠵᠠ᠂ | ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠴᠢᠩᠭ᠎ᠠ ᠵᠢᠷᠤᠮᠯᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠡᠷᠬᠡ ᠪᠠᠨ ᠬᠡᠷᠡᠭᠵᠢᠭᠦᠯᠬᠦ ᠬᠡᠷᠡᠭᠲᠡᠢ᠃ ᠬᠤᠶᠢᠰᠢᠳᠠ ᠪᠠᠶᠢᠭᠤᠯᠤᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠨᠢᠭᠡᠴᠢ ᠡᠷᠬᠡᠪᠰᠢ ᠬᠠᠤᠯᠢ ᠪᠠᠷ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠶᠢᠨ ᠬᠠᠮᠲᠤ ᠬᠠᠤᠯᠢ ᠬᠡᠷᠡᠭᠵᠢᠭᠦᠯᠬᠦ | ᠦᠨᠳᠦᠰᠦ ᠪᠠᠷᠢᠮᠲᠠ ᠪᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠳᠤ ᠴᠠᠭ ᠲᠤᠬᠠᠢ ᠲᠤᠨᠢ | ᠮᠡᠳᠡᠭᠦᠯᠦᠨ ᠳᠠᠩᠰᠠᠯᠠᠭᠤᠯᠵᠤ᠂ ᠬᠠᠤᠯᠢ ᠪᠠᠷ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠦᠭᠡᠢ ᠬᠠᠤᠯᠢ ᠠᠴᠠ | ᠵᠥᠷᠢᠴᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠢᠯᠡ ᠠᠵᠢᠯᠯᠠᠭ᠎ᠠ ᠶᠢ ᠬᠡᠷᠡᠭᠵᠢᠭᠦᠯᠦᠭᠰᠡᠨ ᠨᠢᠭᠡᠴᠢ ᠪᠤᠶᠤ | ᠵᠣᠬᠢᠶᠠᠨ ᠪᠠᠶᠢᠭᠤᠯᠤᠯᠲᠠ ᠶᠢᠨ ᠬᠠᠮᠢᠶ᠎ᠠ ᠪᠦᠬᠦᠢ ᠬᠠᠷᠢᠭᠤᠴᠠᠯᠭ᠎ᠠ ᠡᠭᠦᠷᠭᠡᠯᠡᠭᠴᠢ ᠶᠢᠨ ᠬᠠᠷᠢᠭᠤᠴᠠᠯᠭ᠎ᠠ ᠶᠢ ᠬᠠᠤᠯᠢ | ᠶᠣᠰᠣᠭᠠᠷ ᠴᠢᠩᠭ᠎ᠠ ᠨᠡᠬᠡᠮᠵᠢᠯᠡᠬᠦ ᠬᠡᠷᠡᠭᠲᠡᠢ᠃ | ᠲᠣᠰ ᠮᠡᠳᠡᠭᠳᠡᠯ ᠢ ᠪᠠᠭᠤᠯᠭᠠᠭᠰᠠᠨ ᠤ ᠳᠠᠷᠠᠭ᠎ᠠ᠂ ᠬᠤᠷᠴᠢᠨ ᠲᠣᠭᠤᠷᠢᠭ ᠤᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠪᠡᠶᠡᠴᠢ ᠴᠣᠭᠴᠠ ᠶᠢ ᠨᠡᠶᠢᠲᠡᠯᠡᠬᠦ ᠲᠤᠬᠠᠢ ᠥᠩᠭᠡᠷᠡᠭᠰᠡᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ | ᠪᠦᠬᠦᠨ ᠴᠥᠮ ᠬᠦᠴᠦᠨ ᠦᠭᠡᠢ ᠪᠣᠯᠣᠨ᠎ᠠ᠃ ᠲᠣᠰ ᠮᠡᠳᠡᠭᠳᠡᠯ ᠢ ᠲᠣᠭᠤᠷᠢᠭ ᠤᠨ ᠬᠠᠤᠯᠢ ᠴᠠᠭᠠᠵᠠ ᠶᠢᠨ | ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃ | | 2022 ᠣᠨ ᠤ 4 ᠳ᠋ᠦ᠋ᠭᠡᠷ ᠰᠠᠷ᠎ᠠ ᠶᠢᠨ 25 ᠤ ᠡᠳᠦᠷ |