ᠬᠤᠷᠴᠢᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠢᠮᠢ ᠶᠢᠨ ᠠᠵᠤ ᠦᠢᠯᠡᠳᠪᠦᠷᠢ ᠶᠢᠨ | ᠲᠥᠪᠯᠡᠷᠡᠭᠰᠡᠨ ᠬᠦᠷᠢᠶᠡᠯᠡᠩ ᠲᠣᠭᠤᠷᠢᠭ ᠤᠨ ᠭᠤᠶᠤᠴᠢᠯᠠᠨ ᠮᠡᠳᠡᠭᠦᠯᠬᠦ ᠠᠵᠢᠯ ᠢ ᠲᠦᠷᠭᠡᠳᠬᠡᠨ ᠠᠬᠢᠭᠤᠯᠵᠤ᠂ | ᠭᠤᠶᠤᠴᠢᠯᠠᠨ ᠮᠡᠳᠡᠭᠦᠯᠬᠦ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠢ ᠳᠤᠨᠢ | ᠵᠣᠬᠢᠴᠠᠭᠤᠯᠤᠨ ᠰᠢᠢᠳᠪᠦᠷᠢᠯᠡᠵᠦ᠂ ᠭᠤᠶᠤᠴᠢᠯᠠᠨ ᠮᠡᠳᠡᠭᠦᠯᠬᠦ ᠠᠵᠢᠯ ᠢ ᠡᠷᠲᠡᠬᠡᠨ ᠪᠡᠶᠡᠯᠡᠭᠦᠯᠬᠦ ᠶᠢ ᠠᠬᠢᠭᠤᠯᠬᠤ ᠶᠢᠨ | ᠲᠥᠯᠥᠭᠡ᠂ ᠰᠤᠳᠤᠯᠬᠤ ᠪᠠᠷ ᠳᠡᠮᠵᠢᠨ᠂ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠭᠤᠶᠤᠴᠢᠯᠠᠨ ᠮᠡᠳᠡᠭᠦᠯᠬᠦ ᠠᠵᠢᠯ ᠢ ᠠᠬᠢᠭᠤᠯᠬᠤ ᠲᠤᠰᠬᠠᠢ ᠠᠩᠭᠢ ᠶᠢ ᠲᠣᠭᠲᠠᠭᠠᠵᠤ᠂ ᠪᠣᠳᠠᠲᠠᠢ ᠪᠦᠷᠢᠯᠳᠦᠭᠦᠨ ᠨᠢ | ᠳᠣᠣᠷᠠᠬᠢ ᠮᠡᠲᠦ᠃ | ᠳᠤᠭᠤᠶᠢᠯᠠᠩ ᠤᠨ ᠳᠠᠷᠤᠭ᠎ᠠ᠄ ᠺᠠᠩ ᠰᠢᠶᠣᠣ ᠳ᠋ᠦᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠵᠠᠰᠠᠭ ᠤᠨ ᠣᠷᠳᠣᠨ ᠤ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠶᠦᠨ ᠽᠧ ᠷᠧᠨ ᠲᠣᠭᠤᠷᠢᠭ ᠤᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ | ᠪᠦᠷᠢᠯᠳᠦᠭᠦᠨ᠄ ᠸᠠᠩ ᠰᠢᠨ ᠮᠢᠩ ᠬᠤᠷᠴᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ | ᠱᠤᠤ ᠬᠠᠢ ᠴᠢᠩ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ᠤᠨ ᠡᠷᠬᠢᠯᠡᠭᠴᠢ | ᠪᠦ᠋ ᠳ᠋ᠡ ᠸᠧᠢ ᠲᠣᠭᠤᠷᠢᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ ᠶᠢᠨ ᠳᠠᠷᠤᠭ᠎ᠠ | ᠱᠢ ᠵᠢᠶᠠ ᠭᠧᠩ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ | ᠲᠣᠪᠴᠢᠶ᠎ᠠ ᠶᠢᠨ ᠳᠠᠷᠤᠭ᠎ᠠ | ᠳ᠋ᠦ᠋ ᠯᠢ ᠰᠢᠤᠸᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ | ᠸᠠᠩ ᠵᠢᠢ ᠵᠧᠩ ᠲᠣᠭᠤᠷᠢᠭ ᠤᠨ ᠵᠠᠮ ᠬᠠᠷᠢᠯᠴᠠᠭᠠᠨ ᠤ ᠲᠣᠪᠴᠢᠶ᠎ᠠ ᠶᠢᠨ ᠳᠠᠷᠤᠭ᠎ᠠ | ᠸᠠᠩ ᠯᠢ ᠮᠢᠩ ᠲᠣᠭᠤᠷᠢᠭ ᠤᠨ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ | ᠲᠣᠪᠴᠢᠶ᠎ᠠ ᠶᠢᠨ ᠳᠠᠷᠤᠭ᠎ᠠ | ᠸᠠᠩ ᠳ᠋ᠠ ᠵᠢᠶᠦ᠋ᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ | ᠲᠣᠪᠴᠢᠶ᠎ᠠ ᠶᠢᠨ ᠳᠡᠳ᠋ ᠳᠠᠷᠤᠭ᠎ᠠ | ᠯᠢᠦ ᠵᠢᠶᠠᠨ ᠰᠢᠨ ᠲᠣᠭᠤᠷᠢᠭ ᠤᠨ ᠭᠠᠯ ᠤᠨᠲᠠᠷᠠᠭᠠᠬᠤ ᠶᠡᠭᠡ ᠠᠩᠭᠢ ᠶᠢᠨ ᠳᠠᠷᠤᠭ᠎ᠠ | ᠲᠤᠰᠬᠠᠢ ᠠᠩᠭᠢ ᠶᠢᠨ ᠠᠯᠪᠠᠨ ᠭᠡᠷ ᠢ ᠬᠤᠷᠴᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ | ᠲᠣᠬᠢᠷᠠᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠸᠠᠩ ᠰᠢᠨ ᠮᠢᠩ ᠨᠥᠬᠦᠷ ᠡᠭᠦᠷᠭᠡᠯᠡᠵᠦ᠂ ᠠᠯᠪᠠᠨ | ᠭᠡᠷ ᠤᠨ ᠳᠡᠳ᠋ ᠡᠷᠬᠢᠯᠡᠭᠴᠢ ᠶᠢᠨ ᠲᠤᠰᠢᠶᠠᠯ ᠢ ᠪᠦ᠋ ᠳ᠋ᠠ ᠸᠧᠢ ᠨᠥᠬᠦᠷ ᠡᠭᠦᠷᠭᠡᠯᠡᠵᠦ᠂ ᠺᠠᠩ ᠢᠦᠢ ᠵᠢᠩ ᠨᠥᠬᠦᠷ | ᠬᠤᠯᠪᠣᠭᠠᠴᠢᠨ ᠤ ᠲᠤᠰᠢᠶᠠᠯ ᠢ ᠡᠭᠦᠷᠭᠡᠯᠡᠨ᠎ᠡ ᠃ | ᠲᠤᠰᠬᠠᠢ ᠠᠩᠭᠢ ᠳᠤ ᠭᠠᠷᠠᠭ ᠪᠦᠷᠢ ᠶᠢᠨ ᠬᠤᠷᠠᠯ ᠤᠨ ᠲᠣᠬᠢᠷᠠᠭᠤᠯᠤᠯᠲᠠ ᠪᠠ ᠰᠠᠷ᠎ᠠ ᠪᠦᠷᠢ ᠶᠢᠨ ᠲᠤᠬᠠᠢ ᠶᠢᠨ | ᠲᠠᠯᠠᠪᠤᠷ ᠤᠨ ᠠᠵᠢᠯ ᠤᠨ ᠲᠣᠬᠢᠷᠠᠭᠤᠯᠤᠯᠲᠠ ᠶᠢᠨ ᠠᠬᠢᠭᠤᠯᠬᠤ ᠲᠣᠭᠲᠠᠴᠠ ᠶᠢ ᠬᠡᠷᠡᠭᠵᠢᠭᠦᠯᠬᠦ ᠶᠢ ᠠᠬᠢᠭᠤᠯᠵᠤ᠂ | ᠵᠠᠩᠭᠢᠯᠠᠭ᠎ᠠ ᠶᠢᠨ ᠬᠤᠭᠤᠴᠠᠭᠠᠨ ᠳᠤ ᠬᠤᠶᠠᠷ ᠡᠳᠦᠷ ᠲᠤ ᠨᠢᠭᠡ ᠤᠳᠠᠭ᠎ᠠ ᠲᠣᠬᠢᠷᠠᠭᠤᠯᠤᠯᠲᠠ ᠬᠢᠨ᠎ᠡ ᠃ | 1. ᠲᠣᠭᠲᠠᠮᠠᠯ ᠬᠤᠭᠤᠴᠠᠭ᠎ᠠ ᠲᠠᠢ ᠪᠠᠷ ᠬᠤᠷᠠᠯ ᠬᠤᠷᠠᠯᠳᠤᠭᠤᠯᠵᠤ ᠲᠣᠬᠢᠷᠠᠭᠤᠯᠬᠤ ᠲᠣᠭᠲᠠᠴᠠ ᠶᠢ | ᠬᠡᠷᠡᠭᠵᠢᠭᠦᠯᠦᠨ᠎ᠡ᠃ ᠤᠳᠤᠷᠢᠳᠬᠤ ᠳᠤᠭᠤᠶᠢᠯᠠᠩ ᠨᠢ ᠵᠠᠷᠴᠢᠮ ᠳᠡᠭᠡᠷ᠎ᠡ ᠪᠠᠨ ᠭᠠᠷᠠᠭ ᠪᠦᠷᠢ ᠬᠤᠷᠠᠯ ᠬᠤᠷᠠᠯᠳᠤᠭᠤᠯᠵᠤ | ᠂ ᠭᠤᠶᠤᠴᠢᠯᠠᠨ ᠮᠡᠳᠡᠭᠦᠯᠬᠦ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠢᠮᠢ ᠶᠢᠨ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠭᠤᠶᠤᠴᠢᠯᠠᠨ ᠮᠡᠳᠡᠭᠦᠯᠬᠦ ᠶᠢ ᠠᠬᠢᠭᠤᠯᠤᠨ ᠨᠠᠶᠢᠳᠠᠪᠤᠷᠢᠵᠢᠭᠤᠯᠬᠤ | ᠶᠠᠪᠤᠴᠠ ᠳᠤ ᠲᠤᠯᠭᠠᠷᠠᠭᠰᠠᠨ ᠴᠢᠬᠤᠯᠠ ᠶᠡᠭᠡ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠲᠠᠷᠠᠭᠠᠴᠢ ᠶᠢᠨ | ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠤᠨ᠎ᠠ᠃ | 2. ᠲᠤᠬᠠᠢ ᠶᠢᠨ ᠲᠠᠯᠠᠪᠤᠷ ᠤᠨ ᠠᠯᠪᠠᠯᠠᠬᠤ ᠲᠣᠬᠢᠷᠠᠭᠤᠯᠤᠯᠲᠠ ᠶᠢᠨ ᠠᠬᠢᠭᠤᠯᠬᠤ ᠲᠣᠭᠲᠠᠴᠠ ᠶᠢ | ᠬᠡᠷᠡᠭᠵᠢᠭᠦᠯᠦᠨ᠎ᠡ᠃ ᠤᠳᠤᠷᠢᠳᠬᠤ ᠳᠤᠭᠤᠶᠢᠯᠠᠩ ᠤᠨ ᠳᠠᠷᠤᠭ᠎ᠠ᠂ ᠳᠤᠭᠤᠶᠢᠯᠠᠩ ᠤᠨ ᠳᠡᠳ᠋ ᠳᠠᠷᠤᠭ᠎ᠠ᠂ ᠲᠥᠷᠥᠯ | ᠵᠦᠢᠯ ᠤᠨ ᠬᠠᠮᠢᠶᠠᠷᠤᠭᠴᠢ᠂ ᠪᠦᠷᠢᠯᠳᠦᠭᠦᠨ ᠨᠢᠭᠡᠴᠡ ᠶᠢᠨ ᠬᠠᠷᠢᠭᠤᠴᠠᠯᠭᠠᠲᠠᠨ ᠨᠥᠬᠦᠳ ᠬᠠᠭᠠᠰ ᠰᠠᠷ᠎ᠠ ᠳᠤ ᠨᠢᠭᠡ | ᠤᠳᠠᠭ᠎ᠠ ᠲᠤᠬᠠᠢ ᠶᠢᠨ ᠲᠠᠯᠠᠪᠠᠶ ᠳᠤ ᠬᠦᠷᠴᠦ ᠪᠠᠶᠢᠴᠠᠭᠠᠨ ᠰᠤᠳᠤᠯᠵᠤ᠂ ᠭᠤᠶᠤᠴᠢᠯᠠᠨ ᠮᠡᠳᠡᠭᠦᠯᠬᠦ ᠠᠵᠢᠯ ᠢ | ᠲᠤᠬᠠᠢ ᠶᠢᠨ ᠭᠠᠵᠠᠷ ᠲᠤᠨᠢ ᠣᠶᠢᠯᠠᠭᠠᠬᠤ ᠪᠠ ᠲᠦᠯᠬᠢᠨ ᠠᠬᠢᠭᠤᠯᠤᠨ᠎ᠠ᠃ | 3. ᠲᠤᠰᠬᠠᠢ ᠠᠩᠭᠢ ᠶᠢᠨ ᠪᠦᠷᠢᠯᠳᠦᠭᠦᠨ ᠨᠢᠭᠡᠴᠡ ᠬᠠᠷᠢᠭᠤᠴᠠᠬᠤ ᠳᠦᠷᠢᠮ ᠢ ᠬᠡᠷᠡᠭᠵᠢᠭᠦᠯᠦᠨ᠎ᠡ᠃ | ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠭᠦᠨ ᠨᠢᠭᠡᠴᠡ ᠨᠦᠭᠦᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠣᠰᠣᠭᠠᠷ᠂ ᠲᠤᠰᠬᠠᠢ ᠬᠥᠮᠥᠨ ᠵᠢᠭᠠᠨ ᠲᠣᠭᠲᠠᠭᠠᠵᠤ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠯᠤᠭ᠎ᠠ ᠬᠠᠮᠲᠤᠷᠠᠨ ᠭᠤᠶᠤᠴᠢᠯᠠᠨ ᠮᠡᠳᠡᠭᠦᠯᠬᠦ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ | ᠠᠬᠢᠭᠤᠯᠵᠤ᠂ ᠭᠤᠶᠤᠴᠢᠯᠠᠨ ᠮᠡᠳᠡᠭᠦᠯᠬᠦ ᠶᠠᠪᠤᠴᠠ ᠳᠤ ᠢᠯᠡᠷᠡᠭᠰᠡᠨ ᠡᠯ᠎ᠡ ᠲᠥᠷᠥᠯ ᠤᠨ ᠠᠰᠠᠭᠤᠳᠠᠯ ᠢ ᠢᠳᠡᠪᠬᠢᠲᠡᠢ | ᠪᠥᠭᠡᠳ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠨ᠂ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠭᠤᠶᠤᠴᠢᠯᠠᠨ ᠮᠡᠳᠡᠭᠦᠯᠬᠦ ᠠᠵᠢᠯ ᠢ ᠲᠦᠷᠭᠡᠳᠬᠡᠨ ᠠᠬᠢᠭᠤᠯᠤᠨ᠎ᠠ᠃ | | 2022 ᠣᠨ ᠤ 5 ᠰᠠᠷ᠎ᠠ ᠶᠢᠨ 29 ᠤ ᠡᠳᠦᠷ | | |