ᠬᠤᠷᠴᠢᠨ ᠲᠣᠭᠤᠷᠢᠭ ᠤᠨ 2022 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠢᠯᠡ ᠪᠠᠷ ᠰᠣᠷᠣᠭᠴᠢ ᠡᠯᠰᠡᠬᠦ ᠠᠵᠢᠯ ᠤᠨ ᠨᠥᠬᠦᠪᠦᠷᠢ ᠮᠡᠳᠡᠭᠳᠡᠯ
ᠨᠡᠶᠢᠲᠡᠯᠡᠭᠰᠡᠨ ᠴᠠᠭ᠄
2022/7/23
     ᠬᠤᠷᠴᠢᠨ ᠲᠣᠭᠤᠷᠢᠭ ᠤᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠬᠤᠶᠢᠲᠤ ᠰᠤᠷᠭᠠᠭᠤᠯᠢ ᠶᠢᠨ ᠲᠣᠭᠤᠷᠢᠭ ( ᠪᠠᠭ᠎ᠠ ᠰᠤᠷᠭᠠᠭᠤᠯᠢ ᠶᠢᠨ ᠬᠡᠯᠲᠡᠰ ) ᠪᠠ ᠲᠦᠩᠯᠢᠶᠣᠣ  ᠬᠤᠲᠠ  ᠶᠢᠨ ᠲᠠᠪᠤᠳᠤᠭᠠᠷ ᠳᠤᠮᠳᠠᠳᠤ ᠰᠤᠷᠭᠠᠭᠤᠯᠢ ( ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠡᠯᠲᠡᠰ )   ᠨᠢ ᠲᠣᠰ ᠲᠣᠰ ᠨᠢᠭᠡᠳᠦᠭᠡᠷ ᠵᠢᠯ ᠳᠤ ᠪᠠᠭ᠎ᠠ ᠰᠤᠷᠭᠠᠭᠤᠯᠢ ᠶᠢᠨ ᠬᠡᠯᠲᠡᠰ ᠪᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠡᠯᠲᠡᠰ ᠢ ᠪᠠᠶᠢᠭᠤᠯᠵᠤ᠂ ᠬᠢᠵᠢᠭ ᠤᠨ ᠨᠥᠯᠥᠭᠡ᠂ ᠰᠢᠨ᠎ᠡ ᠪᠠᠷ  ᠪᠠᠶᠢᠭᠤᠯᠤᠭᠰᠠᠨ ᠪᠠᠭ᠎ᠠ ᠰᠤᠷᠭᠠᠭᠤᠯᠢ ᠶᠢᠨ ᠬᠡᠯᠲᠡᠰ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠡᠯᠲᠡᠰ ᠢ ᠨᠡᠯᠢᠶᠡᠳ ᠣᠷᠣᠢ ᠲᠣᠭᠲᠠᠭᠠᠭᠰᠠᠨ ᠵᠡᠷᠭᠡ ᠬᠦᠴᠦᠨ ᠵᠦᠢᠯ ᠠᠴᠠ ᠪᠣᠯᠵᠤ᠂ ᠰᠤᠷᠭᠠᠭᠤᠯᠢ ᠶᠢᠨ ᠲᠣᠭᠤᠷᠢᠭ ᠢ ᠨᠡᠯᠢᠶᠡᠳ ᠣᠷᠣᠢ ᠵᠠᠭᠠᠭᠯᠠᠨ ᠲᠣᠭᠲᠠᠭᠠᠵᠤ᠂ ᠬᠡᠰᠡᠭ ᠭᠡᠷ ᠤᠨ ᠠᠬᠠᠮᠠᠳ ᠤᠤᠯ ᠤᠨ ᠰᠤᠷᠭᠠᠭᠤᠯᠢ ᠶᠢᠨ ᠲᠣᠭᠤᠷᠢᠭ ᠤᠨ ᠰᠤᠷᠭᠠᠭᠤᠯᠢ ᠳᠤ ᠣᠷᠣᠬᠤ ᠬᠦᠰᠡᠯ ᠱᠠᠭᠠᠷᠳᠠᠯᠭ᠎ᠠ ᠲᠠᠢ᠂ ᠰᠤᠷᠭᠠᠭᠤᠯᠢ ᠶᠢᠨ ᠲᠣᠭᠤᠷᠢᠭ ᠤᠨ ᠲᠣᠬᠢᠷᠠᠭᠤᠯᠤᠯᠲᠠ ᠬᠢᠭᠰᠡᠨ ᠰᠤᠷᠤᠭᠴᠢᠳ ᠢ ᠰᠤᠷᠭᠠᠭᠤᠯᠢ ᠶᠢᠨ ᠲᠣᠭᠤᠷᠢᠭ ᠤᠨ ᠬᠤᠪᠢᠷᠠᠯᠲᠠ ᠳᠤ ᠵᠣᠬᠢᠴᠠᠭᠤᠯᠬᠤ ᠶᠢᠨ ᠲᠥᠯᠥᠭᠡ᠂ 2022 ᠣᠨ ᠢ ᠰᠢᠯᠵᠢᠯᠲᠡ ᠶᠢᠨ ᠬᠤᠭᠤᠴᠠᠭ᠎ᠠ ᠪᠣᠯᠭᠠᠵᠤ ᠬᠤᠣᠰ ᠰᠤᠷᠭᠠᠭᠤᠯᠢ ᠶᠢᠨ ᠲᠣᠭᠤᠷᠢᠭ ᠤᠨ ᠳᠦᠷᠢᠮ ᠢ ᠬᠡᠷᠡᠭᠵᠢᠭᠦᠯᠬᠦ ᠪᠠᠷ ᠲᠣᠭᠲᠠᠵᠤ᠂ ᠬᠤᠣᠰ ᠰᠤᠷᠭᠠᠭᠤᠯᠢ ᠶᠢᠨ ᠲᠣᠭᠤᠷᠢᠭ ᠤᠨ ᠪᠣᠳᠠᠲᠠᠢ ᠰᠤᠷᠭᠠᠭᠤᠯᠢ ᠶᠢᠨ ᠲᠣᠭᠤᠷᠢᠭ ᠨᠢ ᠳᠣᠣᠷᠠᠬᠢ ᠮᠡᠲᠦ᠄      1. ᠪᠦᠯᠬᠦᠮᠳᠡᠯ ᠵᠡᠭᠡᠯᠢ ᠭᠤᠳᠤᠮᠵᠢ᠄ ᠰᠢᠶᠣᠣ ᠵᠢᠶᠧ ᠨᠡᠶᠢᠭᠡᠮ ᠲᠣᠭᠤᠷᠢᠭ᠂ ᠰᠢᠨ ᠰᠢᠩ ᠨᠡᠶᠢᠭᠡᠮ ᠲᠣᠭᠤᠷᠢᠭ᠂ ᠾᠦᠩ ᠱᠧᠩ ᠨᠡᠶᠢᠭᠡᠮ ᠲᠣᠭᠤᠷᠢᠭ ( ᠶᠦᠩ ᠠᠨ ᠵᠠᠮ ᠠᠴᠠ ᠪᠠᠷᠠᠭᠤᠨᠰᠢ )᠂ ᠪᠧᠢ ᠰᠢᠩ ᠨᠡᠶᠢᠭᠡᠮ ᠲᠣᠭᠤᠷᠢᠭ︔ ᠾᠦᠩ ᠰᠢᠩ ᠵᠡᠭᠡᠯᠢ ᠭᠤᠳᠤᠮᠵᠢ᠄ ᠼᠦᠢ ᠳ᠋ᠢ ᠳ᠋ᠦᠩ ᠵᠢᠶᠦ᠋ᠨ ᠨᠡᠶᠢᠭᠡᠮ ᠲᠣᠭᠤᠷᠢᠭ᠂ ᠳ᠋ᠠ ᠯᠢᠦ ᠲᠦᠨ ᠨᠡᠶᠢᠭᠡᠮ ᠲᠣᠭᠤᠷᠢᠭ᠂ ᠸᠠᠨ ᠬᠤᠸᠠ ᠹᠧᠩ ᠬᠤᠸᠠᠩ ᠴᠧᠩ ᠨᠡᠶᠢᠭᠡᠮ ᠲᠣᠭᠤᠷᠢᠭ᠂ ᠹᠦ᠋ ᠶᠤᠸᠠᠨ ᠵᠢᠶᠠ ᠶᠤᠸᠠᠨ ᠨᠡᠶᠢᠭᠡᠮ ᠲᠣᠭᠤᠷᠢᠭ᠂ ᠬᠤᠤ ᠸᠠᠩ ᠵᠢᠶᠣᠣ ᠨᠡᠶᠢᠭᠡᠮ ᠲᠣᠭᠤᠷᠢᠭ᠂ ᠴᠢᠶᠠᠨ ᠱᠤᠸᠠᠩ ᠵᠢᠩ ᠽᠢ ᠨᠡᠶᠢᠭᠡᠮ ᠲᠣᠭᠤᠷᠢᠭ ᠤᠨ ᠰᠤᠷᠤᠯᠴᠠᠬᠤ ᠨᠥᠬᠦᠴᠡᠯ ᠳᠤ ᠨᠡᠶᠢᠴᠡᠬᠦ ᠰᠤᠷᠬᠤ ᠨᠠᠰᠤᠨ ᠤ ᠬᠡᠦᠬᠡᠳ ᠱᠢ ᠵᠢᠶ᠋ᠧ ᠪᠠᠭ᠎ᠠ ᠰᠤᠷᠭᠠᠭᠤᠯᠢ ᠪᠤᠶᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠬᠤᠶᠢᠲᠤ ᠲᠣᠭᠤᠷᠢᠭ ( ᠪᠠᠭ᠎ᠠ ᠰᠤᠷᠭᠠᠭᠤᠯᠢ ᠶᠢᠨ ᠬᠡᠯᠲᠡᠰ ) ᠲᠤ ᠬᠦᠷᠴᠦ ᠰᠤᠷᠤᠯᠴᠠᠵᠤ ᠪᠣᠯᠣᠨ᠎ᠠ᠃      2. ᠶᠦᠩ ᠴᠢᠩ ᠵᠡᠭᠡᠯᠢ ᠭᠤᠳᠤᠮᠵᠢ᠄ ᠢᠦᠢ ᠼᠠᠢ ᠨᠡᠶᠢᠭᠡᠮ ᠲᠣᠭᠤᠷᠢᠭ ( ᠪᠢᠨ ᠾᠧ ᠶᠡᠭᠡ ᠵᠡᠭᠡᠯᠢ ᠠᠴᠠ ᠡᠮᠦᠨᠡᠰᠢ )᠂ ᠵᠥᠩ ᠰᠢᠨ ᠨᠡᠶᠢᠭᠡᠮ ᠲᠣᠭᠤᠷᠢᠭ ( ᠬᠤᠲᠠ ᠶᠢᠨ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠠᠴᠠ ᠡᠮᠦᠨᠡᠰᠢ )  ᠤᠨ ᠳᠣᠲᠣᠷᠠᠬᠢ ᠰᠤᠷᠤᠯᠴᠠᠬᠤ ᠨᠥᠬᠦᠴᠡᠯ ᠳᠤ ᠨᠡᠶᠢᠴᠡᠬᠦ ᠰᠤᠷᠬᠤ ᠨᠠᠰᠤᠨ ᠤ ᠪᠠᠭᠠᠴᠤᠳ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠬᠤᠶᠢᠲᠤ ᠰᠤᠷᠭᠠᠭᠤᠯᠢ ᠶᠢᠨ ᠲᠣᠭᠤᠷᠢᠭ ( ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠡᠯᠲᠡᠰ ) ᠪᠤᠶᠤ ᠲᠦᠩᠯᠢᠶᠣᠣ  ᠬᠤᠲᠠ ᠶᠢᠨ ᠲᠠᠪᠤᠳᠤᠭᠠᠷ ᠳᠤᠮᠳᠠᠳᠤ ᠰᠤᠷᠭᠠᠭᠤᠯᠢ ( ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠡᠯᠲᠡᠰ )  ᠳᠤ ᠰᠤᠷᠤᠯᠴᠠᠬᠤ ᠪᠠᠷ ᠣᠴᠢᠵᠤ ᠪᠣᠯᠣᠨ᠎ᠠ᠃      3. ᠪᠦᠯᠬᠦᠮᠳᠡᠯ ᠵᠡᠭᠡᠯᠢ ᠭᠤᠳᠤᠮᠵᠢ᠄ ᠪᠧᠢ ᠰᠢᠩ ᠨᠡᠶᠢᠭᠡᠮ ᠲᠣᠭᠤᠷᠢᠭ︔ ᠶᠦᠩ ᠴᠢᠩ ᠵᠡᠭᠡᠯᠢ ᠭᠤᠳᠤᠮᠵᠢ᠄  ᠪᠠ  ᠯᠢ  ᡁᠢ ᠴᠦᠨ ᠨᠡᠶᠢᠭᠡᠮ ᠲᠣᠭᠤᠷᠢᠭ ( ᠰᠢᠷᠠᠮᠥ᠋ᠷᠡᠨ ᠶᠡᠭᠡ ᠵᠡᠭᠡᠯᠢ ᠠᠴᠠ ᠬᠤᠶᠢᠰᠢ )︔ ᠬᠤᠩ ᠰᠢᠩ ᠵᠡᠭᠡᠯᠢ ᠭᠤᠳᠤᠮᠵᠢ︔ ᠬᠤᠤ ᠸᠠᠩ ᠵᠢᠶᠣᠣ ᠨᠡᠶᠢᠭᠡᠮ ᠲᠣᠭᠤᠷᠢᠭ᠂ ᠸᠠᠨ ᠬᠤᠸᠠ ᠹᠧᠩ ᠬᠤᠸᠠᠩ  ᠴᠧᠩ ᠨᠡᠶᠢᠭᠡᠮ ᠲᠣᠭᠤᠷᠢᠭ᠂ ᠳ᠋ᠠ ᠯᠢᠦ ᠲᠦᠨ ᠨᠡᠶᠢᠭᠡᠮ ᠲᠣᠭᠤᠷᠢᠭ᠂ ᠼᠦᠢ ᠳ᠋ᠢ ᠳ᠋ᠦᠩ ᠵᠢᠶᠦ᠋ᠨ ᠨᠡᠶᠢᠭᠡᠮ ᠲᠣᠭᠤᠷᠢᠭ᠂ ᠳ᠋ᠦᠩ ᠸᠠᠽᠢ ᠨᠡᠶᠢᠭᠡᠮ ᠲᠣᠭᠤᠷᠢᠭ ᠤᠨ ᠳᠣᠲᠣᠷᠠᠬᠢ ᠰᠤᠷᠤᠯᠴᠠᠬᠤ ᠨᠥᠬᠦᠴᠡᠯ ᠳᠤ ᠨᠡᠶᠢᠴᠡᠬᠦ ᠰᠤᠷᠬᠤ ᠨᠠᠰᠤᠨ ᠤ ᠪᠠᠭᠠᠴᠤᠳ ᠳᠣᠯᠣᠳᠤᠭᠠᠷ ᠳᠤᠮᠳᠠᠳᠤ ᠰᠤᠷᠭᠠᠭᠤᠯᠢ ᠪᠤᠶᠤ ᠲᠦᠩᠯᠢᠶᠣᠣ ᠬᠤᠲᠠ ᠶᠢᠨ ᠲᠠᠪᠤᠳᠤᠭᠠᠷ ᠳᠤᠮᠳᠠᠳᠤ ᠰᠤᠷᠭᠠᠭᠤᠯᠢ ( ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠡᠯᠲᠡᠰ ) ᠳᠤ ᠬᠦᠷᠴᠦ ᠰᠤᠷᠤᠯᠴᠠᠵᠤ ᠪᠣᠯᠣᠨ᠎ᠠ᠃      ᠬᠤᠣᠰ ᠰᠤᠷᠭᠠᠭᠤᠯᠢ ᠶᠢᠨ ᠲᠣᠭᠤᠷᠢᠭ ᠲᠤ ᠪᠠᠶᠢᠭ᠎ᠠ ᠰᠣᠷᠣᠭᠴᠢ ᠶᠢᠨ ᠭᠡᠷ ᠤᠨ ᠠᠬᠠᠮᠠᠳ ᠨᠢ ᠰᠠᠶᠢᠨ ᠳᠤᠷ᠎ᠠ ᠶᠢᠨ ᠵᠠᠷᠴᠢᠮ ᠶᠣᠰᠣᠭᠠᠷ᠂ ᠬᠤᠶᠠᠷ ᠰᠤᠷᠭᠠᠭᠤᠯᠢ ᠶᠢᠨ ᠬᠤᠭᠤᠷᠣᠨᠳᠤ ᠨᠢᠭᠡ ᠰᠤᠷᠭᠠᠭᠤᠯᠢ ᠲᠣᠭᠲᠠᠭᠠᠵᠤ᠂ ᠲᠦᠩᠯᠢᠶᠣᠣ ᠶᠢᠨ ᠰᠤᠷᠭᠠᠨ ᠬᠥᠮᠦᠵᠢᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠡᠭᠦᠯᠡᠨ ᠲᠠᠪᠴᠠᠩ ᠳᠤ ᠭᠠᠷᠴᠤ ᠨᠡᠷ᠎ᠡ ᠮᠡᠳᠡᠭᠦᠯᠵᠦ ᠰᠤᠷᠭᠠᠭᠤᠯᠢ ᠳᠤ ᠣᠷᠣᠭᠰᠠᠨ ᠤ ᠳᠠᠷᠠᠭ᠎ᠠ᠂ ᠬᠤᠶᠠᠷ ᠰᠤᠷᠭᠠᠭᠤᠯᠢ ᠶᠢᠨ ᠬᠤᠭᠤᠷᠣᠨᠳᠤ ᠳᠠᠬᠢᠨᠲᠠ ᠲᠣᠬᠢᠷᠠᠭᠤᠯᠤᠯᠲᠠ ᠬᠢᠵᠦ ᠪᠣᠯᠬᠤ ᠦᠭᠡᠢ᠃      ᠱᠢ ᠵᠢᠶᠧ ᠪᠠᠭ᠎ᠠ ᠰᠤᠷᠭᠠᠭᠤᠯᠢ᠂ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠬᠤᠶᠢᠲᠤ ᠰᠤᠷᠭᠠᠭᠤᠯᠢ ᠶᠢᠨ ᠲᠣᠭᠤᠷᠢᠭ ( ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠡᠯᠲᠡᠰ ) ᠪᠣᠯᠣᠨ ᠳᠣᠯᠣᠳᠤᠭᠠᠷ ᠳᠤᠮᠳᠠᠳᠤ ᠰᠤᠷᠭᠠᠭᠤᠯᠢ ᠶᠢᠨ ᠲᠣᠭᠤᠷᠢᠭ ᠲᠠᠬᠢ ᠪᠤᠰᠤᠳ ᠣᠷᠣᠨ ᠢ ᠬᠤᠪᠢᠷᠠᠭᠤᠯᠬᠤ ᠦᠭᠡᠢ᠂ ︽ᠬᠤᠷᠴᠢᠨ ᠲᠣᠭᠤᠷᠢᠭ ᠤᠨ 2022 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ ᠤᠨ ᠬᠡᠷᠡᠭᠵᠢᠭᠦᠯᠬᠦ ᠲᠥᠰᠥᠯ︾ ᠶᠣᠰᠣᠭᠠᠷ ᠬᠡᠷᠡᠭᠵᠢᠭᠦᠯᠦᠨ᠎ᠡ᠃

                                  ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ

                                          2022 ᠣᠨ ᠤ 7 ᠰᠠᠷ᠎ᠠ ᠶᠢᠨ 23  ᠤ ᠡᠳᠦᠷ

 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号