ᠨᠢᠭᠡ᠂ ᠪᠢᠴᠢᠭ ᠮᠠᠲ᠋ᠧᠷᠢᠶᠠᠯ ᠨᠡᠶᠢᠲᠡᠯᠡᠭᠰᠡᠨ ᠠᠬᠤᠢ ᠪᠠᠶᠢᠳᠠᠯ | ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠡᠯᠰᠡᠵᠦ ᠰᠤᠷᠭᠠᠭᠤᠯᠢ ᠳᠤ ᠣᠷᠣᠭᠤᠯᠬᠤ | ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠠᠤᠯᠢ︾ ᠵᠢᠴᠢ ᠥᠪᠡᠷᠲᠡᠭᠡᠨ | ᠵᠠᠰᠠᠬᠤ ᠣᠷᠣᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠲᠦᠩᠯᠢᠶᠣᠣ | ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠰᠤᠷᠭᠠᠭᠤᠯᠢ ᠶᠢᠨ ᠰᠣᠷᠣᠭᠴᠢ ᠡᠯᠰᠡᠵᠦ ᠰᠤᠷᠭᠠᠭᠤᠯᠢ ᠳᠤ ᠣᠷᠣᠭᠤᠯᠬᠤ ᠬᠠᠮᠢᠶᠠᠷᠤᠯᠲᠠ ᠶᠢᠨ ᠠᠵᠢᠯ ᠢ ᠴᠢᠩᠭ᠎ᠠ | ᠵᠢᠷᠤᠮᠵᠢᠭᠤᠯᠬᠤ ᠲᠤᠬᠠᠢ ᠮᠡᠳᠡᠭᠳᠡᠯ︾ ( ᠰᠤᠷᠭᠠᠨ ᠬᠥᠮᠦᠵᠢᠯ ᠤᠨ ᠲᠣᠪᠴᠢᠶᠠᠨ ᠤ ᠮᠡᠳᠡᠭᠳᠡᠯ ﹇2022﹈ 43 | ᠳ᠋ᠤᠭᠠᠷ ᠲᠣᠭᠠᠲᠤ ) ᠤᠨ ᠱᠠᠭᠠᠷᠳᠠᠯᠭ᠎ᠠ ᠶᠣᠰᠣᠭᠠᠷ᠂ ᠬᠤᠷᠴᠢᠨ ᠲᠣᠭᠤᠷᠢᠭ ᠤᠨ ᠪᠣᠳᠠᠲᠠᠢ ᠲᠠᠢ ᠤᠶᠠᠯᠳᠤᠭᠤᠯᠤᠨ᠂ | ︽ᠬᠤᠷᠴᠢᠨ ᠲᠣᠭᠤᠷᠢᠭ ᠤᠨ 2022 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ | ᠰᠤᠷᠭᠠᠭᠤᠯᠢ ᠶᠢᠨ ᠰᠣᠷᠣᠭᠴᠢ ᠡᠯᠰᠡᠵᠦ ᠰᠤᠷᠭᠠᠭᠤᠯᠢ ᠳᠤ ᠣᠷᠣᠭᠤᠯᠬᠤ ᠬᠡᠷᠡᠭᠵᠢᠭᠦᠯᠬᠦ ᠲᠥᠰᠥᠯ︾ ᠢ ᠲᠣᠭᠲᠠᠭᠠᠨ᠎ᠠ | ᠃ | ᠬᠤᠶᠠᠷ᠂ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠥᠬᠦ | ᠲᠠᠯ᠎ᠠ ᠪᠠᠷ ᠲᠤᠭᠤᠰᠢᠯᠠᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠴᠢᠨᠠᠭᠰᠢᠳᠠ | ᠭᠦᠨᠵᠡᠭᠡᠶᠢᠷᠡᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ | ᠬᠥᠭᠵᠢᠯᠲᠡ ᠶᠢ ᠠᠬᠢᠭᠤᠯᠤᠨ᠎ᠠ᠃ ᠰᠣᠷᠣᠭᠴᠢ ᠡᠯᠰᠡᠬᠦ ᠪᠠ ᠰᠤᠷᠭᠠᠭᠤᠯᠢ ᠳᠤ ᠣᠷᠣᠬᠤ ᠡᠮᠬᠢ ᠵᠢᠷᠤᠮ ᠢ ᠴᠢᠩᠭ᠎ᠠ | ᠵᠢᠷᠤᠮᠵᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠠᠤᠯᠢ ᠶᠣᠰᠣᠨ ᠤ ᠡᠷᠬᠡ ᠠᠰᠢᠭ ᠢ | ᠦᠨᠡᠨ ᠬᠦ ᠬᠠᠮᠠᠭᠠᠯᠠᠵᠤ᠂ ︽ᠢᠯᠡ ᠪᠠᠷ ᠰᠤᠷᠤᠭᠴᠢ ᠡᠯᠰᠡᠬᠦ︾ ᠦᠷ᠎ᠡ ᠪᠦᠲᠦᠭᠡᠯ ᠢ ᠪᠠᠬᠢᠵᠢᠭᠦᠯᠦᠨ᠂ ᠬᠡᠦᠬᠡᠳ | ᠨᠢᠭᠡᠪᠦᠷᠢ ᠳᠤ ᠲᠥᠪ ᠭᠤᠣᠯᠴᠢ ᠪᠥᠭᠡᠳ ᠴᠢᠨᠠᠷ ᠰᠠᠶᠢᠲᠠᠢ ᠰᠤᠷᠭᠠᠨ ᠬᠥᠮᠦᠵᠢᠯ ᠬᠦᠷᠲᠡᠭᠡᠬᠦ ᠪᠠᠷ ᠴᠢᠷᠮᠠᠶᠢᠨ᠎ᠠ᠃ | ᠭᠤᠷᠪᠠ᠂ ᠭᠤᠣᠯ ᠬᠠᠷᠠᠯᠲᠠ | ᠢᠯᠡ ᠪᠠᠷ ᠰᠤᠷᠤᠭᠴᠢ ᠡᠯᠰᠡᠬᠦ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠰᠢᠨᠵᠢᠯᠡᠬᠦ ᠤᠬᠠᠭᠠᠨᠴᠢ ᠵᠦᠢ | ᠵᠣᠬᠢᠰᠲᠠᠢ ᠰᠤᠷᠤᠭᠴᠢ ᠡᠯᠰᠡᠬᠦ ᠠᠩᠭᠢ ᠬᠤᠪᠢᠶᠠᠬᠤ ᠲᠣᠭᠲᠠᠴᠠ ᠶᠢ ᠴᠢᠷᠮᠠᠶᠢᠨ ᠪᠠᠶᠢᠭᠤᠯᠵᠤ᠂ ᠪᠠᠭᠰᠢ ᠶᠢᠨ ᠡᠬᠢ | ᠪᠠᠶᠠᠯᠢᠭ ᠢ ᠲᠡᠩᠴᠡᠭᠦᠷᠢᠲᠡᠢ ᠲᠣᠬᠢᠷᠠᠭᠤᠯᠤᠨ᠂ ᠰᠢᠨ᠎ᠡ ᠰᠤᠷᠤᠭᠴᠢ ᠶᠢᠨ ᠰᠤᠷᠭᠠᠭᠤᠯᠢ ᠳᠤ ᠣᠷᠣᠬᠤ ᠰᠤᠷᠭᠠᠭᠤᠯᠢ | ᠰᠣᠩᠭᠤᠬᠤ᠂ ᠠᠩᠭᠢ ᠰᠣᠩᠭᠤᠬᠤ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠵᠦ᠂ ᠭᠡᠷ ᠢᠶᠠᠨ ᠰᠠᠬᠢᠵᠤ | ᠬᠤᠴᠣᠷᠤᠭᠰᠠᠨ ᠬᠡᠦᠬᠡᠳ᠂ ᠬᠤᠲᠠ ᠳᠤ ᠣᠷᠣᠵᠤ ᠠᠵᠢᠯ ᠬᠢᠬᠦ ᠳᠤ ᠳᠠᠭᠠᠵᠤ ᠨᠡᠭᠦᠭᠰᠡᠨ ᠦᠷ᠎ᠡ ᠬᠡᠦᠬᠡᠳ᠂ ᠵᠡᠮᠳᠡᠭ | ᠬᠡᠦᠬᠡᠳ ᠪᠣᠯᠣᠨ ᠭᠡᠷ ᠪᠦᠯᠢ ᠶᠢᠨ ᠶᠠᠳᠠᠭᠤ ᠬᠦᠴᠢᠷᠳᠡᠯᠲᠡᠢ ᠬᠡᠦᠬᠡᠳ ᠪᠠᠭᠠᠴᠤᠳ ᠵᠡᠷᠭᠡ ᠣᠨᠴᠠᠭᠠᠶ ᠨᠡᠶᠢᠲᠡ | ᠴᠣᠭᠴᠠ ᠶᠢᠨ ᠡᠷᠬᠡ ᠲᠡᠭᠰᠢ ᠪᠠᠷ ᠠᠯᠪᠠᠨ ᠵᠢᠷᠤᠮ ᠤᠨ ᠰᠤᠷᠭᠠᠨ ᠬᠥᠮᠦᠵᠢᠯ ᠬᠦᠷᠲᠡᠬᠦ ᠡᠷᠬᠡ ᠶᠢ ᠪᠠᠲᠤᠯᠠᠵᠤ᠂ | ᠵᠢᠷᠤᠮᠵᠢᠯ ᠲᠠᠢ ᠡᠮᠬᠢ ᠵᠢᠷᠤᠮ ᠲᠠᠢ᠂ ᠡᠷᠬᠡ ᠲᠡᠭᠰᠢ ᠡᠶ᠎ᠡ ᠵᠣᠬᠢᠴᠠᠯ ᠲᠠᠢ᠂ ᠡᠷᠬᠡ ᠲᠡᠭᠰᠢ ᠲᠥᠪ ᠭᠤᠣᠯᠴᠢ ᠰᠤᠷᠭᠠᠨ | ᠬᠥᠮᠦᠵᠢᠯ ᠤᠨ ᠣᠷᠴᠢᠨ ᠲᠣᠭᠤᠷᠢᠨ ᠢ ᠡᠭᠦᠳᠦᠨ ᠪᠠᠶᠢᠭᠤᠯᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ | ᠬᠥᠮᠦᠵᠢᠯ ᠢ ᠡᠷᠬᠢᠯᠡᠨ᠎ᠡ᠃ | ᠳᠥᠷᠪᠡ᠂ ᠭᠤᠣᠯ ᠠᠷᠭ᠎ᠠ ᠬᠡᠮᠵᠢᠶ᠎ᠡ | ᠬᠤᠷᠴᠢᠨ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠳᠤᠮᠳᠠᠳᠤ ᠪᠠᠭ᠎ᠠ | ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ ᠳᠤ ︽ᠬᠡᠰᠡᠭ ᠬᠤᠪᠢᠶᠠᠨ ᠰᠣᠷᠣᠭᠴᠢ ᠡᠯᠰᠡᠬᠦ᠂ ᠰᠦᠯᠵᠢᠶᠡᠨ ᠳᠡᠭᠡᠷ᠎ᠡ | ᠨᠡᠷ᠎ᠡ ᠮᠡᠳᠡᠭᠦᠯᠬᠦ᠂ ᠲᠥᠷᠥᠯ ᠬᠤᠪᠢᠶᠠᠨ ᠰᠣᠷᠣᠭᠴᠢ ᠡᠯᠰᠡᠬᠦ᠂ ᠪᠥᠬᠦ ᠶᠠᠪᠤᠴᠠ ᠶᠢ ᠢᠯᠡ ᠪᠣᠯᠭᠠᠬᠤ︾ ᠢᠯᠡ ᠪᠠᠷ | ᠰᠣᠷᠣᠭᠴᠢ ᠡᠯᠰᠡᠬᠦ ᠠᠵᠢᠯ ᠤᠨ ᠠᠷᠭ᠎ᠠ ᠮᠠᠶ᠋ᠢᠭ ᠢ ᠬᠡᠷᠡᠭᠵᠢᠭᠦᠯᠦᠨ᠎ᠡ᠃ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ᠂ | ᠬᠤᠣᠰ ᠱᠤᠭᠤᠮ ᠢᠶᠠᠷ ᠬᠢᠨᠠᠨ ᠬᠠᠷᠭᠤᠭᠤᠯᠬᠤ ( ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ )᠂ ᠰᠠᠯᠭᠠᠨ | ᠲᠣᠬᠢᠷᠠᠭᠤᠯᠬᠤ᠂ ᠨᠣᠮᠧᠷ ᠰᠤᠭᠤᠯᠤᠨ ᠪᠠᠶᠢᠷᠢ ᠲᠣᠮᠢᠯᠠᠬᠤ ᠵᠡᠷᠭᠡ ᠲᠠᠰ ᠳᠠᠷᠠᠭᠠᠯᠠᠯ ᠢᠶᠠᠷ ᠳᠠᠮᠵᠢᠭᠤᠯᠤᠨ᠂ ︽ | ᠢᠯᠡ ᠪᠠᠷ ᠰᠣᠷᠣᠭᠴᠢ ᠡᠯᠰᠡᠬᠦ︾ ᠠᠵᠢᠯ ᠢ ᠲᠣᠭᠲᠠᠭᠤᠨ᠂ ᠯᠠᠪᠳᠠᠭᠤᠨ᠂ ᠡᠮᠬᠢ ᠵᠢᠷᠤᠮ ᠲᠠᠢ ᠥᠷᠨᠢᠭᠦᠯᠦᠨ᠎ᠡ᠃ | ( ᠨᠢᠭᠡ ) ᠬᠤᠲᠠ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠰᠤᠷᠤᠭᠴᠢ ᠡᠯᠰᠡᠬᠦ | ᠭᠤᠣᠯ ᠬᠤᠲᠠ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠨᠤᠭᠤᠳ ︽ᠬᠠᠷᠢᠴᠠᠩᠭᠤᠢ ᠪᠠᠷ ᠣᠶᠢᠷ᠎ᠠ ᠬᠠᠪᠢ | ᠳᠤᠨᠢ᠂ ᠰᠢᠯᠭᠠᠯᠲᠠ ᠬᠢᠬᠦ ᠦᠭᠡᠢ ᠪᠠᠷ ᠰᠤᠷᠭᠠᠭᠤᠯᠢ ᠳᠤ ᠣᠷᠣᠭᠤᠯᠬᠤ᠂ ᠬᠡᠰᠡᠭ ᠬᠤᠪᠢᠶᠠᠨ ᠰᠤᠷᠤᠭᠴᠢ ᠡᠯᠰᠡᠬᠦ︾ | ᠵᠠᠷᠴᠢᠮ ᠶᠣᠰᠣᠭᠠᠷ᠂ ᠰᠤᠷᠭᠠᠭᠤᠯᠢ ᠶᠢᠨ ᠲᠣᠭᠤᠷᠢᠭ ᠲᠤ ︽ᠭᠡᠷ ᠪᠠᠶᠢᠰᠢᠩ ᠪᠣᠯᠣᠨ ᠡᠷᠦᠬᠡ ᠠᠮᠠ ᠨᠢ ᠨᠢᠭᠡᠳᠦᠯᠲᠡᠢ︾ | ᠪᠠᠶᠢᠬᠤ ᠶᠢ ᠤᠷᠢᠳ ᠢᠶᠠᠷ ᠪᠣᠳᠣᠯᠬᠢᠯᠠᠵᠤ᠂ ᠭᠡᠷ ᠪᠠᠶᠢᠰᠢᠩ ᠪᠣᠯᠣᠨ ᠡᠷᠦᠬᠡ ᠠᠮᠠ ᠨᠢ ᠨᠢᠭᠡᠳᠦᠯ ᠦᠭᠡᠢ ᠪᠣᠯ᠂ | ᠥᠪᠡᠷ ᠤᠨ ᠣᠷᠣᠨ ᠰᠠᠭᠤᠴᠠ ᠪᠠᠷ ᠢᠶᠠᠨ ᠪᠠᠷᠢᠮᠵᠢᠶ᠎ᠠ ᠪᠣᠯᠭᠠᠨ ᠵᠣᠬᠢᠴᠠᠩᠭᠤᠢ ᠰᠤᠷᠭᠠᠭᠤᠯᠢ ᠳᠤ ᠣᠷᠣᠵᠤ᠂ ᠰᠤᠷᠬᠤ | ᠨᠠᠰᠤᠨ ᠤ ᠬᠡᠦᠬᠡᠳ᠂ ᠪᠠᠭᠠᠴᠤᠳ ᠵᠢᠴᠢ ᠲᠡᠭᠦᠨ ᠤ ᠡᠴᠢᠭᠡ ᠡᠬᠡ ( ᠬᠠᠤᠯᠢ ᠪᠠᠷ ᠲᠣᠭᠲᠠᠭᠠᠭᠰᠠᠨ ᠬᠢᠨᠠᠨ | ᠬᠠᠮᠠᠭᠠᠯᠠᠭᠴᠢ ) ᠶᠢᠨ ᠣᠷᠣᠰᠢᠨ ᠰᠠᠭᠤᠵᠤ ᠪᠠᠶᠢᠬᠤ ᠪᠠ ᠡᠷᠦᠬᠡ ᠠᠮᠠ ᠶᠢᠨ ᠳᠠᠩᠰᠠ ᠶᠢᠨ ᠪᠠᠶᠢᠳᠠᠯ ᠢ ᠨᠢ | ᠦᠨᠳᠦᠰᠦᠯᠡᠨ ᠰᠤᠷᠭᠠᠭᠤᠯᠢ ᠨᠢᠭᠡᠪᠦᠷᠢ ᠶᠢᠨ ᠰᠤᠷᠭᠠᠭᠤᠯᠢ ᠶᠢᠨ ᠲᠣᠭᠤᠷᠢᠭ ᠲᠠᠬᠢ ᠰᠤᠷᠤᠭᠴᠢ ᠶᠢᠨ ᠣᠷᠣᠨ | ᠪᠠᠶᠢᠷᠢ ᠶᠢ ᠲᠠᠪᠤᠨ ᠲᠥᠷᠥᠯ ᠬᠡᠯᠪᠡᠷᠢ ( A᠂ B᠂ C᠂ D᠂ E ) ᠪᠣᠯᠭᠠᠨ ᠬᠤᠪᠢᠶᠠᠵᠤ᠂ ᠳᠠᠷᠠᠭᠠᠯᠠᠯ ᠢᠶᠠᠷ | ᠡᠮᠦᠨ᠎ᠡ ᠠᠴᠠ ᠬᠤᠶᠢᠨ᠎ᠠ ᠬᠦᠷᠲᠡᠯ᠎ᠡ ᠳᠡᠰ ᠳᠠᠷᠠᠭᠠᠯᠠᠨ ᠡᠯᠰᠡᠨ᠎ᠡ᠃ ᠲᠥᠷᠥᠯ ᠬᠤᠪᠢᠶᠠᠨ ᠰᠣᠷᠣᠭᠴᠢ ᠡᠯᠰᠡᠬᠦ | ᠶᠠᠪᠤᠴᠠ ᠳᠤ᠂ ᠠᠯᠢ ᠨᠢᠭᠡ ᠪᠦᠯᠦᠭ ᠪᠤᠶᠤ ᠬᠡᠳᠦᠨ ᠪᠦᠯᠦᠭ ᠤᠳᠠᠭ᠎ᠠ ᠨᠡᠷ᠎ᠡ ᠮᠡᠳᠡᠭᠦᠯᠦᠭᠰᠡᠨ ᠰᠣᠷᠣᠭᠴᠢ ᠶᠢᠨ | ᠪᠦᠬᠦᠯᠢ ᠪᠦᠯᠦᠭ ᠨᠢ ᠰᠤᠷᠭᠠᠭᠤᠯᠢ ᠶᠢᠨ ᠰᠣᠷᠣᠭᠴᠢ ᠡᠯᠰᠡᠬᠦ ᠲᠥᠯᠥᠪᠯᠡᠭᠡ ᠠᠴᠠ ᠳᠠᠪᠠᠭᠰᠠᠨ ᠪᠠᠶᠢᠪᠠᠯ᠂ | ᠲᠣᠬᠢᠷᠠᠭᠤᠯᠤᠯᠲᠠ ᠬᠢᠬᠦ᠂ ᠨᠣᠮᠧᠷ ᠰᠤᠭᠤᠯᠬᠤ ᠠᠷᠭ᠎ᠠ ᠪᠠᠷ ᠰᠠᠯᠭᠠᠨ ᠲᠣᠬᠢᠷᠠᠭᠤᠯᠳᠠᠭ᠃ ᠲᠥᠯᠥᠪᠯᠡᠭᠡ ᠠᠴᠠ | ᠬᠡᠲᠦᠷᠡᠭᠰᠡᠨ ᠲᠣᠰ ᠪᠦᠯᠦᠭ ᠰᠤᠷᠤᠭᠴᠢᠳ ᠢ ᠪᠦᠬᠦᠯᠢ ᠴᠣᠭᠴᠠ ᠪᠠᠷ ᠨᠢ ᠪᠤᠰᠤᠳ ᠰᠤᠯᠠ ᠰᠤᠷᠤᠭᠴᠢ ᠶᠢᠨ ᠣᠷᠣᠨ | ᠪᠠᠶᠢᠷᠢ ᠲᠠᠢ ᠰᠤᠷᠭᠠᠭᠤᠯᠢ ᠳᠤ ᠲᠣᠬᠢᠷᠠᠭᠤᠯᠬᠤ ᠪᠤᠶᠤ ᠨᠣᠮᠧᠷ ᠰᠤᠭᠤᠯᠬᠤ ᠬᠡᠯᠪᠡᠷᠢ ᠪᠠᠷ ᠳᠠᠮᠵᠢᠭᠤᠯᠤᠨ ᠢᠯᠡᠭᠦᠴᠡ | ᠰᠤᠷᠤᠭᠴᠢ ᠶᠢᠨ ᠣᠷᠣᠨ ᠪᠠᠶᠢᠷᠢ ᠲᠠᠢ ᠰᠤᠷᠭᠠᠭᠤᠯᠢ ᠳᠤ ᠰᠠᠯᠭᠠᠨ ᠶᠠᠪᠤᠭᠤᠯᠤᠨ᠎ᠠ᠃ | ︵ᠬᠤᠶᠠᠷ︶ ᠲᠠᠷᠢᠶᠠᠯᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠰᠤᠷᠤᠭᠴᠢ ᠡᠯᠰᠡᠬᠦ | ᠲᠠᠷᠢᠶᠠᠯᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠡᠯᠰᠡᠵᠦ ᠰᠤᠷᠭᠠᠭᠤᠯᠢ ᠳᠤ ᠣᠷᠣᠬᠤ ᠳᠤ | ᠲᠤᠬᠠᠢ ᠶᠢᠨ ᠲᠠᠯᠠᠪᠤᠷ ᠲᠤ ᠨᠡᠷ᠎ᠡ ᠮᠡᠳᠡᠭᠦᠯᠬᠦ ᠪᠠ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠶᠢ ᠬᠠᠷᠢᠯᠴᠠᠨ | ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠵᠤ᠂ ᠲᠠᠷᠢᠶᠠᠯᠠᠬᠤ ᠣᠷᠣᠨ ᠤ ᠡᠷᠦᠬᠡ ᠠᠮᠠ ᠶᠢᠨ ᠬᠠᠷᠢᠶ᠎ᠠ ᠲᠠᠢ | ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠢ ᠬᠤᠪᠢᠶᠠᠷᠢᠯᠠᠨ ᠲᠣᠭᠲᠠᠭᠠᠭᠰᠠᠨ ᠰᠤᠷᠭᠠᠭᠤᠯᠢ ᠶᠢᠨ | ᠲᠣᠭᠤᠷᠢᠭ ᠤᠨ ᠶᠣᠰᠣᠭᠠᠷ᠂ ᠡᠴᠢᠭᠡ ᠡᠬᠡ ︵ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ︶ ᠨᠢ | ᠲᠣᠭᠲᠠᠭᠰᠠᠨ ᠴᠠᠭ ᠤᠨ ᠳᠣᠲᠣᠷ᠎ᠠ ᠵᠣᠬᠢᠬᠤ ᠳᠤᠮᠳᠠᠳᠤ ᠪᠠᠭ᠎ᠠ ᠰᠤᠷᠭᠠᠭᠤᠯᠢ ᠳᠤ ᠬᠦᠷᠴᠦ ᠨᠡᠷ᠎ᠡ ᠮᠡᠳᠡᠭᠦᠯᠬᠦ | ᠭᠠᠷᠳᠠᠮ ᠢ ᠭᠦᠢᠴᠡᠳᠬᠡᠨ᠎ᠡ᠃ | ( ᠭᠤᠷᠪᠠ ) ᠣᠨᠴᠠᠭᠠᠶ ᠬᠠᠮᠲᠤᠯᠢᠭ ᠢ ᠬᠠᠯᠠᠮᠵᠢᠯᠠᠨ ᠬᠠᠶᠢᠷᠠᠯᠠᠵᠤ᠂ ᠰᠤᠷᠤᠯᠭ᠎ᠠ ᠪᠠᠨ ᠳᠣᠷᠭᠤᠨ | ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠶᠢ ᠨᠠᠶᠢᠳᠠᠪᠤᠷᠢᠵᠢᠭᠤᠯᠤᠨ᠎ᠠ | ᠵᠡᠮᠳᠡᠭ ᠬᠡᠦᠬᠡᠳ ᠤᠨ ᠰᠤᠷᠭᠠᠭᠤᠯᠢ ᠳᠤ ᠣᠷᠣᠬᠤ ᠠᠵᠢᠯ ᠢ ᠴᠢᠬᠤᠯᠠᠴᠢᠯᠠᠵᠤ᠂ ᠠᠭᠤᠰᠤᠯᠴᠠᠭᠤᠯᠬᠤ ᠰᠤᠷᠭᠠᠨ | ᠬᠥᠮᠦᠵᠢᠯ ᠢ ᠶᠡᠬᠡᠪᠡᠷ ᠲᠦᠯᠬᠢᠨ ᠠᠬᠢᠭᠤᠯᠵᠤ᠂ ᠬᠥᠩᠭᠡᠨ ᠬᠡᠮᠵᠢᠶᠡᠨ ᠤ ᠵᠡᠮᠳᠡᠭ ᠬᠡᠦᠬᠡᠳ᠂ ᠪᠠᠭᠠᠴᠤᠳ ᠢ ᠡᠩ ᠤᠨ | ᠰᠤᠷᠭᠠᠭᠤᠯᠢ ᠳᠤ ᠣᠴᠢᠭᠤᠯᠤᠨ ᠠᠩᠭᠢ ᠳᠠᠭᠠᠭᠤᠯᠵᠤ ᠰᠤᠷᠤᠯᠴᠠᠬᠤ︔ ᠳᠤᠮᠳᠠ ᠬᠡᠮᠵᠢᠶᠡᠨ ᠤ ᠵᠡᠮᠳᠡᠭ ᠬᠡᠦᠬᠡᠳ᠂ | ᠪᠠᠭᠠᠴᠤᠳ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠳᠤ ᠬᠦᠷᠴᠦ ᠰᠤᠷᠤᠯᠴᠠᠬᠤ︔ ᠲᠤᠰᠬᠠᠢ ᠬᠥᠮᠥᠨ | ᠰᠤᠪᠢᠯᠠᠬᠤ ᠴᠢᠬᠤᠯᠠ ᠲᠠᠢ ᠪᠥᠭᠡᠳ ᠰᠤᠷᠭᠠᠭᠤᠯᠢ ᠳᠤ ᠣᠴᠢᠵᠤ ᠰᠤᠷᠤᠯᠴᠠᠬᠤ ᠳᠡᠶᠢᠯᠬᠦ ᠦᠭᠡᠢ ᠪᠣᠯ᠂ ᠰᠤᠷᠭᠠᠨ | ᠬᠥᠮᠦᠵᠢᠯ ᠢ ᠭᠡᠷ ᠲᠤᠨᠢ ᠬᠦᠷᠭᠡᠬᠦ ᠠᠷᠭ᠎ᠠ ᠮᠠᠶ᠋ᠢᠭ ᠢᠶᠠᠷ ᠠᠯᠪᠠᠨ ᠵᠢᠷᠤᠮ ᠤᠨ ᠰᠤᠷᠭᠠᠨ ᠬᠥᠮᠦᠵᠢᠯ ᠬᠦᠷᠲᠡᠬᠦ ᠶᠢ | ᠬᠠᠤᠯᠢ ᠶᠣᠰᠣᠭᠠᠷ ᠪᠠᠲᠤᠯᠠᠬᠤ ᠠᠷᠭ᠎ᠠ ᠶᠢ ᠬᠡᠷᠡᠭᠯᠡᠨ᠎ᠡ᠃ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠨ | ᠰᠤᠷᠤᠯᠭ᠎ᠠ ᠶᠢ ᠪᠠᠲᠤᠯᠠᠬᠤ ᠬᠠᠤᠯᠢ ᠪᠠᠷ ᠲᠣᠭᠲᠠᠭᠠᠭᠰᠠᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠤᠯᠪᠤᠭᠠᠯᠠᠨ | ᠡᠵᠡᠮᠳᠡᠵᠦ ᠬᠤᠯᠪᠤᠭᠠᠯᠠᠨ ᠪᠠᠲᠤᠯᠠᠬᠤ ᠲᠣᠭᠲᠠᠴᠠ ᠶᠢ ᠪᠦᠷᠢᠨᠰᠢᠭᠦᠯᠦᠨ᠂ ᠶᠠᠳᠠᠭᠤ ᠶᠢ ᠲᠡᠳᠬᠦᠨ ᠰᠤᠷᠤᠯᠭ᠎ᠠ ᠶᠢ | ᠲᠡᠳᠬᠦᠬᠦ ᠳᠦᠷᠢᠮ ᠢ ᠲᠡᠭᠦᠯᠳᠡᠷᠵᠢᠭᠦᠯᠵᠦ᠂ ᠬᠠᠤᠯᠢ ᠶᠣᠰᠣᠭᠠᠷ ᠰᠤᠷᠤᠯᠭ᠎ᠠ ᠪᠠᠨ ᠳᠣᠷᠭᠤᠨ ᠵᠣᠭᠰᠣᠬᠤ ᠶᠢ | ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠠᠵᠢᠯ ᠢ ᠨᠠᠷᠢᠯᠢᠭ ᠣᠨᠣᠴᠠᠲᠠᠢ ᠪᠠᠷ ᠰᠠᠶᠢᠲᠤᠷ ᠬᠢᠨ᠎ᠡ᠃ | ( ᠳᠥᠷᠪᠡ ) ᠬᠠᠷᠠᠭᠠᠯᠵᠠᠬᠤ ᠠᠰᠠᠷᠠᠬᠤ ᠡᠲᠡᠭᠡᠳ | ᠥᠪᠡᠷᠲᠡᠭᠡᠨ ᠵᠠᠰᠠᠬᠤ ᠣᠷᠣᠨ᠂ ᠲᠦᠩᠯᠢᠶᠣᠣ ᠬᠤᠲᠠ ᠶᠢᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ | ᠱᠠᠭᠠᠷᠳᠠᠯᠭ᠎ᠠ ᠶᠢ ᠦᠨᠳᠦᠰᠦᠯᠡᠨ᠂ ᠲᠦᠩᠯᠢᠶᠣᠣ ᠬᠤᠲᠠ ᠳᠤ ᠰᠠᠭᠤᠭ᠎ᠠ ᠵᠡᠪᠰᠡᠭᠲᠦ ᠴᠠᠭᠳᠠᠭ᠎ᠠ᠂ ᠴᠡᠷᠢᠭ ᠤᠨ | ᠬᠤᠪᠢᠶᠠᠷᠢ ᠲᠣᠭᠤᠷᠢᠭ᠂ ᠬᠤᠷᠴᠢᠨ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ | ᠪᠠᠶᠢᠯᠳᠤᠭᠴᠢᠳ ᠤᠨ ᠦᠷ᠎ᠡ ᠬᠡᠦᠬᠡᠳ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠵᠢᠯᠲᠠᠨ ᠤ | ᠦᠷ᠎ᠡ ᠬᠡᠦᠬᠡᠳ᠂ ᠦᠷᠡᠭᠳᠡᠭᠰᠡᠨ ᠪᠠᠭᠠᠲᠤᠷᠴᠤᠳ ᠤᠨ ᠦᠷ᠎ᠡ ᠬᠡᠦᠬᠡᠳ᠂ ᠣᠷᠣᠭᠤᠯᠤᠨ ᠠᠪᠴᠢᠷᠠᠭᠰᠠᠨ ᠳᠡᠭᠡᠳᠦ | ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠦᠷ᠎ᠡ ᠬᠡᠦᠬᠡᠳ ᠲᠤ ᠠᠰᠠᠷᠠᠨ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠵᠦ᠂ ᠳᠡᠭᠡᠷᠡᠬᠢ ᠬᠥᠮᠥᠰ ᠤᠨ ᠦᠷ᠎ᠡ ᠬᠡᠦᠬᠡᠳ ᠨᠢ ᠬᠠᠷᠢᠴᠠᠩᠭᠤᠢ ᠪᠠᠷ ᠣᠶᠢᠷ᠎ᠠ ᠬᠠᠪᠢ ᠳᠠᠭᠠᠨ᠂ | ᠰᠤᠷᠤᠯᠴᠠᠬᠤ ᠳᠤ ᠢᠯᠡᠭᠦᠦ ᠣᠷᠣ ᠲᠠᠢ᠂ ᠰᠤᠷᠤᠯᠴᠠᠬᠤ ᠳᠤ ᠲᠥᠬᠦᠮ ᠰᠤᠷᠭᠠᠭᠤᠯᠢ ᠶᠢ ᠰᠣᠩᠭᠤᠵᠤ ᠰᠤᠷᠭᠠᠭᠤᠯᠢ ᠳᠤ | ᠣᠷᠣᠵᠤ ᠪᠣᠯᠣᠨ᠎ᠠ᠃ | ( ᠲᠠᠪᠤ ) ᠲᠡᠩᠴᠡᠭᠦᠷᠢᠲᠡᠢ ᠠᠩᠭᠢ ᠬᠤᠪᠢᠶᠠᠬᠤ | ᠲᠡᠩᠴᠡᠭᠦᠷᠢᠲᠡᠢ ᠠᠩᠭᠢ ᠬᠤᠪᠢᠶᠠᠬᠤ ᠳᠤ ᠪᠠᠭᠰᠢ ᠶᠢᠨ ᠲᠣᠬᠢᠷᠠᠭᠤᠯᠤᠯᠲᠠ ᠶᠢ ᠲᠡᠩᠴᠡᠭᠦᠷᠢᠲᠡᠢ ᠪᠠᠶᠢᠯᠭᠠᠬᠤ᠂ ᠰᠢᠨ᠎ᠡ | ᠰᠣᠷᠣᠭᠴᠢ ᠶᠢ ᠲᠣᠬᠢᠶᠠᠯᠳᠤᠯ ᠢᠶᠠᠷ ᠳᠤᠭᠤᠶᠢᠯᠠᠩ ᠬᠤᠪᠢᠶᠠᠬᠤ᠂ ᠠᠩᠭᠢ ᠶᠢᠨ ᠡᠷᠬᠢᠯᠡᠭᠴᠢ ᠲᠤᠬᠠᠢ ᠶᠢᠨ ᠲᠠᠯᠠᠪᠤᠷ ᠲᠤ | ᠰᠢᠪᠠᠭ᠎ᠠ ᠰᠤᠭᠤᠯᠬᠤ ᠭᠤᠷᠪᠠᠨ ᠭᠤᠭᠴᠤᠭ᠎ᠠ ᠪᠠᠷ ᠳᠠᠮᠵᠢᠭᠤᠯᠤᠨ᠂ ᠡᠴᠦᠰ ᠲᠡᠭᠡᠨ ᠠᠩᠭᠢ ᠬᠤᠪᠢᠶᠠᠭᠰᠠᠨ ᠦᠷ᠎ᠡ | ᠳ᠋ᠦᠩ ᠢ ᠲᠣᠭᠲᠠᠭᠠᠨ᠎ᠠ᠃ | ᠪᠢᠴᠢᠭ ᠮᠠᠲ᠋ᠧᠷᠢᠶᠠᠯ᠄ ᠬᠤᠷᠴᠢᠨ ᠲᠣᠭᠤᠷᠢᠭ ᠤᠨ 2022 ᠣᠨ ᠤ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ ᠤᠨ ᠬᠡᠷᠡᠭᠵᠢᠭᠦᠯᠬᠦ ᠲᠥᠰᠥᠯ | |