——2023 ᠣᠨ ᠤ 1 ᠰᠠᠷ᠎ᠠ ᠶᠢᠨ 6 ᠤ ᠡᠳᠦᠷ ᠬᠤᠷᠴᠢᠨ ᠲᠣᠭᠤᠷᠢᠭ ᠤᠨ ᠠᠷᠪᠠᠨ | ᠳᠣᠯᠣᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯᠳᠤᠭᠠᠨ | ᠳᠡᠭᠡᠷ᠎ᠡ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠺᠠᠩ ᠰᠢᠶᠣᠣ ᠳ᠋ᠦᠩ | ᠲᠥᠯᠥᠭᠡᠯᠡᠭᠴᠢᠳ ᠠ᠋ ᠄ | ᠤᠳᠤ ᠪᠢ ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ | ᠠᠵᠢᠯ ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠂ ᠲᠡᠷᠡᠴᠢᠯᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ | ᠪᠣᠯᠣᠨ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2022 ᠣᠨ ᠤ ᠠᠵᠢᠯ ᠤᠨ ᠡᠷᠭᠢᠴᠡᠭᠦᠯᠦᠯ | 2022 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠤᠭᠰᠠᠨ ᠵᠢᠯ ᠮᠥᠨ᠂ ᠠᠷᠪᠠᠨ | ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢ ᠬᠡᠷᠡᠭᠵᠢᠭᠦᠯᠬᠦ᠂ ᠣᠳᠣᠬᠢᠴᠢᠯᠠᠯᠲᠠ ᠶᠢᠨ ᠰᠢᠨ᠎ᠡ ᠠᠶᠠᠯᠠᠯ ᠢ | ᠡᠬᠢᠯᠡᠭᠦᠯᠬᠦ ᠲᠤᠶᠢᠯ ᠤᠨ ᠴᠢᠬᠤᠯᠠ ᠨᠢᠭᠡ ᠵᠢᠯ ᠮᠥᠨ᠃ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ | ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠤᠨ | ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ | ᠣᠷᠣᠨ᠂ ᠲᠦᠩᠯᠢᠶᠣᠣ ᠬᠤᠲᠠ ᠪᠣᠯᠣᠨ ᠲᠣᠭᠤᠷᠢᠭ ᠤᠨ ᠨᠠᠮ ᠤᠨ ᠬᠤᠷᠢᠶ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢ | ᠪᠦᠬᠦ ᠲᠠᠯ᠎ᠠ ᠪᠠᠷ ᠲᠤᠤᠱᠯᠠᠭᠤᠯᠵᠤ᠂ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠢ ᠶᠢ ᠲᠣᠭᠲᠠᠭᠤᠨ | ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠴᠢᠬᠤᠯᠠ ᠱᠠᠭᠠᠷᠳᠠᠯᠭ᠎ᠠ ᠶᠢ ᠡᠷᠡᠰ | ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ | ᠬᠥᠭᠵᠢᠯᠲᠡ ᠶᠢ ᠥᠨᠳᠥᠷ ᠪᠦᠲᠦᠮᠵᠢᠲᠡᠶ ᠨᠢᠭᠡᠳᠦᠯᠲᠡᠢ ᠲᠥᠯᠥᠪᠯᠡᠵᠦ᠂ ᠵᠢᠱᠢᠯᠲᠡ ᠪᠠᠷ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠥᠷᠲᠡᠭ ᠢ 336 ᠳ᠋ᠦᠩᠰᠢᠭᠤᠷ ᠲᠥᠭᠦᠷᠢᠭ ᠪᠡᠶᠡᠯᠡᠭᠦᠯᠵᠦ᠂ 4.5% ᠪᠠᠷ | ᠨᠡᠮᠡᠭᠳᠡᠭᠦᠯᠦᠨ᠎ᠡ᠂ ᠭᠤᠷᠪᠠᠨ ᠠᠵᠤ ᠦᠢᠯᠡᠰ ᠤᠨ ᠬᠠᠷᠢᠴᠠᠯ ᠢ 14.2:25.3:60.5 ᠪᠣᠯᠭᠠᠨ ᠰᠢᠯᠢᠳᠡᠭᠵᠢᠭᠦᠯᠵᠦ᠂ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ 119 ᠳ᠋ᠦᠩᠰᠢᠭᠤᠷ | ᠲᠥᠭᠦᠷᠢᠭ ᠲᠤ ᠬᠦᠷᠴᠦ᠂ 3.7% ᠪᠠᠷ ᠨᠡᠮᠡᠭᠳᠡᠨ᠂ ᠬᠤᠲᠠ ᠪᠠᠯᠭᠠᠰᠤ ᠶᠢᠨ ᠪᠠᠶᠢᠩᠭᠤ ᠰᠠᠭᠤᠭ᠎ᠠ ᠰᠠᠭᠤᠭᠠᠯᠢ | ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 42115 ᠲᠥᠭᠦᠷᠢᠭ ᠲᠤ ᠬᠦᠷᠴᠦ᠂ | 6% ᠪᠠᠷ ᠨᠡᠮᠡᠭᠳᠡᠨ᠂ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 25403 ᠲᠥᠭᠦᠷᠢᠭ ᠲᠤ ᠬᠦᠷᠴᠦ᠂ 8% ᠪᠠᠷ ᠨᠡᠮᠡᠭᠳᠡᠨ᠂ | ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 9.9 ᠳ᠋ᠦᠩᠰᠢᠭᠤᠷ ᠲᠥᠭᠦᠷᠢᠭ ᠲᠤ ᠬᠦᠷᠴᠦ᠂ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ 80 ᠳ᠋ᠦᠩᠰᠢᠭᠤᠷ ᠲᠥᠭᠦᠷᠢᠭ ᠲᠤ ᠬᠦᠷᠴᠦ᠂ 75% ᠪᠠᠷ ᠨᠡᠮᠡᠭᠳᠡᠨ᠂ | ᠠᠵᠤ ᠠᠬᠤᠢ ᠶᠢᠨ ᠬᠥᠭᠵᠢᠯᠲᠡ ᠲᠣᠭᠲᠠᠭᠤᠨ ᠤ ᠳᠤᠮᠳᠠ ᠰᠠᠶᠢᠵᠢᠷᠠᠵᠤ᠂ ᠨᠡᠶᠢᠭᠡᠮ ᠤᠨ ᠶᠡᠭᠡ ᠲᠠᠯ᠎ᠠ ᠡᠶ᠎ᠡ | ᠵᠣᠬᠢᠴᠠᠯ ᠲᠠᠢ ᠲᠣᠭᠲᠠᠭᠤᠨ ᠪᠣᠯᠪᠠ᠃ | ᠨᠢᠭᠡ ᠵᠢᠯ ᠤᠨ ᠲᠤᠷᠰᠢ᠂ ᠪᠢᠳᠡ ᠠᠮᠤ ᠪᠤᠳᠠᠭᠠᠨ ᠤ ᠠᠮᠤᠷ ᠲᠦᠪᠰᠢᠨ᠂ ᠤᠨᠠᠯᠲᠠ ᠶᠢ ᠲᠣᠭᠲᠠᠪᠤᠷᠢᠵᠢᠭᠤᠯᠤᠨ | ᠬᠠᠩᠭᠠᠯᠭ᠎ᠠ ᠶᠢ ᠪᠠᠲᠤᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ | ᠪᠦᠲᠦᠴᠡ ᠳᠤ ᠲᠣᠬᠢᠷᠠᠭᠤᠯᠤᠯᠲᠠ ᠬᠢᠬᠦ ᠠᠯᠬᠤᠴᠠ ᠶᠢ ᠲᠦᠷᠭᠡᠳᠬᠡᠪᠡ᠃ ᠤᠯᠤᠰ ᠤᠨ ᠠᠮᠤ ᠪᠤᠳᠠᠭᠠᠨ ᠤ ᠠᠮᠤᠷ | ᠲᠦᠪᠰᠢᠨ ᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠤᠰᠤ ᠪᠣᠷᠳᠣᠭᠤᠷ ᠢ ᠨᠢᠭᠡ | ᠴᠣᠭᠴᠠᠵᠢᠭᠤᠯᠤᠭᠰᠠᠨ ᠲᠠᠷᠢᠶᠠᠯᠠᠩ ᠤᠨ ᠮᠡᠷᠭᠡᠵᠢᠯ ᠢ 130 ᠲᠦᠮᠡᠨ ᠮᠦ ᠳᠡᠯᠭᠡᠷᠡᠭᠦᠯᠦᠨ ᠬᠡᠷᠡᠭᠯᠡᠵᠦ᠂ ᠲᠠᠷᠢᠶᠠᠨ | ᠭᠠᠵᠠᠷ ᠢ 38 ᠲᠦᠮᠡᠨ ᠮᠦ ᠡᠷᠭᠢᠯᠲᠡ ᠳᠤ ᠣᠷᠣᠭᠤᠯᠬᠤ ᠶᠢ ᠪᠡᠶᠡᠯᠡᠭᠦᠯᠵᠦ᠂ ᠡᠷᠳᠡᠨᠢ ᠰᠢᠰᠢ ᠶᠢᠨ ᠠᠮᠤ ᠪᠤᠳᠠᠭ᠎ᠠ ᠶᠢ | ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠢ ᠨᠡᠮᠡᠭᠳᠡᠭᠦᠯᠬᠦ ᠵᠢᠱᠢᠶ᠎ᠡ ᠦᠵᠡᠭᠦᠯᠬᠦ ᠣᠷᠣᠨ ᠤ ᠮᠦ ᠪᠦᠷᠢ ᠶᠢᠨ | ᠤᠨᠠᠯᠲᠠ ᠶᠢ 1088 ᠺᠢᠯᠣᠭ᠍ᠷᠠᠮ ᠳᠤ ᠬᠦᠷᠭᠡᠵᠦ᠂ ᠵᠡᠭᠦᠨ ᠬᠤᠶᠢᠲᠤ ᠣᠷᠣᠨ ᠤ ᠲᠠᠯᠠᠪᠠᠢ ᠨᠢᠭᠡᠴᠢ ᠶᠢᠨ | ᠤᠨᠠᠯᠲᠠ ᠶᠢᠨ ᠲᠡᠮᠳᠡᠭᠯᠡᠯ ᠢ ᠡᠭᠦᠳᠴᠦ᠂ ᠠᠮᠤ ᠪᠤᠳᠠᠭᠠᠨ ᠤ ᠦᠢᠯᠡᠳᠪᠦᠷᠢᠯᠡᠯ ᠢ ︽ᠠᠷᠪᠠ ᠶᠢᠰᠦᠨ ᠵᠢᠯ ᠳᠠᠷᠠᠭᠠᠯᠠᠨ | ᠡᠯᠪᠡᠭᠵᠢᠭᠦᠯᠬᠦ︾ ᠶᠢ ᠪᠡᠶᠡᠯᠡᠭᠦᠯᠪᠡ᠃ ᠵᠠᠳᠠᠭᠠᠢ ᠭᠠᠵᠠᠷ ᠤᠨ ᠢᠳᠡᠰᠢᠨ ᠨᠣᠭᠤᠭ᠎ᠠ ᠳᠠᠷᠢᠬᠤ ᠲᠠᠯᠠᠪᠠᠶ ᠶᠢ 8.9 ᠲᠦᠮᠡᠨ | ᠮᠦ ᠳᠤ ᠪᠡᠶᠡᠯᠡᠭᠦᠯᠵᠦ᠂ ᠪᠡᠯᠡᠳᠭᠡᠮᠵᠢᠳᠤ ᠲᠠᠷᠢᠶᠠᠯᠠᠩ ᠤᠨ ᠴᠡᠪᠡᠷ ᠲᠠᠯᠠᠪᠠᠶ ᠶᠢ ᠲᠦᠮᠡᠨ ᠮᠦ ᠠᠴᠠ ᠳᠠᠪᠠᠭᠤᠯᠤᠨ᠂ | ᠭᠤᠣᠯ ᠬᠤᠲᠠ ᠲᠣᠭᠤᠷᠢᠭ ᠤᠨ ︽ᠢᠳᠡᠰᠢᠨ ᠨᠣᠭᠤᠭ᠎ᠠ︾ ᠶᠢᠨ ᠬᠠᠩᠭᠠᠯᠭ᠎ᠠ ᠶᠢᠨ ᠴᠢᠳᠠᠪᠤᠷᠢ ᠶᠢ ᠢᠯᠡᠳᠲᠡ | ᠳᠡᠭᠡᠭᠰᠢᠯᠡᠭᠦᠯᠪᠡ᠃ ᠠᠵᠤ ᠠᠬᠤᠢ ᠶᠢᠨ ᠣᠶ ᠶᠢᠨ ᠲᠠᠯᠠᠪᠠᠶ ᠶᠢ 22 ᠲᠦᠮᠡᠨ ᠮᠦ ᠪᠣᠯᠭᠠᠨ ᠨᠡᠮᠡᠭᠳᠡᠭᠦᠯᠵᠦ᠂ ᠣᠶ | ᠰᠢᠭᠤᠢ ᠡᠮ ᠤᠨ ᠵᠦᠢᠯ ᠢ ᠠᠯᠠᠭᠯᠠᠨ ᠳᠠᠷᠢᠬᠤ ᠵᠠᠭᠪᠤᠷ ᠢ 5 ᠲᠦᠮᠡᠨ ᠮᠦ ᠪᠣᠯᠭᠠᠨ ᠳᠡᠯᠭᠡᠷᠡᠭᠦᠯᠵᠦ᠂ ᠠᠮᠢ | ᠠᠬᠤᠢ ᠶᠢᠨ ᠳᠠᠪᠠᠭᠤᠯᠢᠭ ᠢ ᠠᠵᠤ ᠠᠬᠤᠢ ᠶᠢᠨ ᠳᠠᠪᠠᠭᠤᠯᠢᠭ ᠳᠠᠰᠢ ᠲᠦᠷᠭᠡᠳᠬᠡᠨ ᠬᠤᠪᠢᠷᠠᠭᠤᠯᠤᠨ᠎ᠠ᠃ ᠭᠤᠣᠯ | ᠪᠣᠯᠬᠤ ᠲᠠᠷᠢᠮᠠᠯ ᠤᠨ ᠵᠦᠢᠯ ᠢ ᠬᠠᠳᠤᠵᠤ ᠬᠤᠷᠢᠶᠠᠬᠤ ᠳᠤ ᠪᠦᠬᠦ ᠶᠠᠪᠤᠴᠠ ᠶᠢ ᠮᠧᠬᠠᠨᠢᠭᠵᠢᠭᠤᠯᠬᠤ᠂ ᠪᠧᠢ ᠳ᠋ᠧᠦ | ᠵᠠᠮᠴᠢᠯᠠᠭᠤᠷ᠂ ᠬᠠᠭᠠᠯᠪᠤᠷᠢᠯᠠᠬᠤ ᠦᠭᠡᠢ ᠪᠠᠷ ᠲᠠᠷᠢᠬᠤ ᠵᠡᠷᠭᠡ ᠲᠡᠷᠢᠭᠦᠨ ᠤ ᠮᠡᠷᠭᠡᠵᠢᠯ ᠢ ᠪᠣᠯᠪᠠᠰᠤᠷᠠᠩᠭᠤᠢ ᠬᠡᠷᠡᠭᠯᠡᠬᠦ ᠶᠢ | ᠪᠡᠶᠡᠯᠡᠭᠦᠯᠵᠦ᠂ ᠲᠠᠷᠢᠶᠠᠯᠠᠩ ᠤᠨ ᠮᠠᠰᠢᠨ ᠤ ᠬᠥᠭᠵᠢᠯᠲᠡ ᠶᠢ ᠤᠳᠤ ᠦᠶ᠎ᠡ ᠶᠢᠨ ᠣᠶᠤᠨᠴᠢᠯᠠᠬᠤ ᠴᠢᠭᠯᠡᠯ ᠲᠡᠶᠢᠰᠢ | ᠤᠷᠤᠭᠰᠢᠯᠠᠭᠤᠯᠤᠨ᠎ᠠ᠃ ᠤᠯᠤᠰ ᠤᠨ ᠠᠯᠠᠰᠢᠨ ᠦᠬᠡᠷ ᠤᠨ ᠠᠵᠤ ᠦᠢᠯᠡᠰ ᠤᠨ ᠰᠦᠷᠦᠭᠵᠢᠯ ᠤᠨ ᠲᠥᠷᠥᠯ ᠵᠦᠢᠯ ᠢ | ᠪᠥᠬᠦ ᠲᠠᠯ᠎ᠠ ᠪᠠᠷ ᠪᠠᠶᠢᠭᠤᠯᠤᠨ ᠳᠠᠭᠤᠰᠬᠠᠵᠤ᠂ ᠲᠢᠶᠠᠨ ᠯᠢ ᠶᠢᠨ ︽ᠳᠠᠷᠢᠵᠤ ᠲᠡᠵᠢᠭᠡᠬᠦ +︾ ᠪᠡᠯᠡᠳᠭᠡᠮᠵᠢᠳᠤ | ᠲᠠᠷᠢᠶᠠᠯᠠᠩ ᠤᠨ ᠬᠦᠷᠢᠶᠡᠯᠡᠩ ᠲᠣᠭᠤᠷᠢᠭ ᠢ ᠠᠰᠢᠭᠯᠠᠯᠲᠠ ᠳᠤ ᠣᠷᠣᠭᠤᠯᠤᠨ᠂ ᠵᠧᠨ ᠬᠤᠸᠠ ᠡᠭᠦᠯᠳᠡᠷ ᠤᠨ ᠠᠯᠠᠰᠢᠨ | ᠬᠤᠨᠢᠨ ᠤ ᠬᠤᠷᠰᠢᠶ᠎ᠠ ᠥᠪᠡᠷᠲᠡᠭᠡᠨ ᠵᠠᠰᠠᠬᠤ ᠣᠷᠣᠨ ᠤ ᠲᠠᠰ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ | ᠦᠶᠢᠯᠡᠰᠵᠢᠯᠲᠡ ᠶᠢᠨ ᠵᠢᠱᠢᠶ᠎ᠡ ᠦᠵᠡᠭᠦᠯᠬᠦ ᠬᠤᠯᠪᠣᠭᠠᠲᠤ ᠴᠣᠭᠴᠠ ᠪᠠᠷ ᠦᠨᠡᠯᠡᠭᠳᠡᠵᠦ᠂ ᠠᠯᠠᠰᠢᠨ ᠦᠬᠡᠷ ᠤᠨ ᠲᠤᠭ᠎ᠠ | 32 ᠲᠦᠮᠡ ᠳᠤ ᠬᠦᠷᠴᠦ᠂ ᠭᠠᠭ᠋ᠠᠢ 42 ᠲᠦᠮᠡ᠂ ᠠᠯᠠᠰᠢᠨ ᠬᠤᠨᠢᠨ ᠤ ᠲᠤᠭ᠎ᠠ 35 ᠲᠦᠮᠡ ᠳᠤ ᠬᠥᠷᠪᠡ᠃ | ᠳᠤᠮᠳᠠᠳᠤ ᠤᠯᠤᠰ ᠤᠨ ᠤᠮᠠᠷᠠᠲᠤ ᠶᠢᠨ ᠬᠤᠷᠴᠢᠨ ᠤ ᠤᠷᠭᠤᠮᠠᠯ ᠤᠨ ᠦᠷ᠎ᠡ ᠪᠠ ᠵᠤᠯᠵᠠᠭ᠎ᠠ ᠮᠣᠳᠣ ᠶᠢ ᠰᠤᠳᠤᠯᠤᠨ | ᠨᠡᠭᠡᠭᠡᠵᠦ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠤᠨ ᠭᠤᠣᠯ ᠴᠣᠭᠴᠠ ᠶᠢᠨ ᠢᠨᠵᠧᠨᠧᠷᠢᠩ ᠢ | ᠦᠨᠳᠦᠰᠦᠨ ᠳᠡᠭᠡᠨ ᠳᠠᠭᠤᠰᠬᠠᠵᠤ᠂ ᠤᠯᠤᠰ ᠤᠨ ᠡᠮ ᠤᠨ ᠡᠷᠡᠭᠦᠯ ᠮᠡᠨᠳᠦ ᠶᠢᠨ ᠮᠣᠩᠭᠤᠯ ᠡᠮ ᠤᠨ ᠠᠵᠤ | ᠦᠢᠯᠡᠰ ᠤᠨ ᠬᠦᠷᠢᠶᠡᠯᠡᠩ ᠤᠨ ᠴᠢᠬᠢ ᠪᠣᠶᠢᠵᠢᠭᠤᠯᠬᠤ ᠲᠥᠪ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ | ᠣᠷᠣᠭᠤᠯᠵᠤ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠣᠶᠤᠨᠵᠢᠭᠤᠯᠤᠨ ᠲᠠᠰ ᠳᠡᠪᠰᠢᠭᠦᠯᠬᠦ | ᠲᠠᠯ᠎ᠠ ᠪᠠᠷ ᠯᠠᠪᠳᠠᠭᠤᠨ ᠪᠠᠲᠤᠲᠠᠢ ᠠᠯᠬᠤᠮ ᠢ ᠠᠯᠬᠤᠪᠠ᠃ | ᠨᠢᠭᠡ ᠵᠢᠯ ᠤᠨ ᠲᠤᠷᠰᠢ᠂ ᠪᠢᠳᠡ ᠡᠷᠴᠢᠮᠵᠢᠭᠦᠯᠦᠨ ᠴᠤᠭᠯᠠᠷᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ | ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠬᠦ ᠳᠤ ᠬᠠᠨᠳᠤᠭᠤᠯᠵᠤ᠂ ᠠᠵᠤ ᠦᠢᠯᠡᠳᠪᠦᠷᠢ ᠶᠢᠨ ᠠᠵᠤ | ᠠᠬᠤᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠪᠡ᠃ ᠲᠢᠶᠠᠨ ᠱᠦᠨ ᠰᠠᠯᠬᠢᠨ ᠤ ᠡᠨᠧᠷᠭᠢ᠂ ᠯᠦᠩ ᠮᠠ ᠲᠣᠨᠤᠭ | ᠲᠥᠬᠦᠭᠡᠷᠦᠮᠵᠢ᠂ ᠯᠦᠩ ᠴᠧᠩ ᠰᠠᠯᠬᠢᠨ ᠬᠦᠴᠦᠨ ᠵᠡᠷᠭᠡ ᠠᠵᠤ ᠠᠬᠤᠶᠢᠯᠠᠯ ᠢ ᠠᠮᠵᠢᠯᠲᠠ ᠲᠠᠢ ᠪᠠᠷ ᠪᠣᠶᠢᠵᠢᠭᠤᠯᠤᠨ᠂ | 11 ᠵᠣᠭᠰᠤᠩᠭᠤᠶᠢᠷᠠᠭᠰᠠᠨ ᠡᠷᠦᠬᠡ᠂ ᠦᠷ᠎ᠡ ᠠᠰᠢᠭ ᠢᠶᠠᠷ ᠳᠣᠣᠷ᠎ᠠ ᠠᠵᠤ ᠠᠬᠤᠶᠢᠯᠠᠯ ᠢ ᠡᠮᠬᠢ ᠵᠢᠷᠤᠮ ᠲᠠᠢ ᠪᠠᠷ | ᠢᠯᠭᠠᠷᠠᠭᠤᠯᠤᠨ ᠭᠠᠷᠭᠠᠵᠤ᠂ ᠵᠢᠱᠢᠯᠲᠡ ᠪᠠᠷ ᠲᠣᠭᠲᠠᠭᠠᠯ ᠳᠡᠭᠡᠷᠡᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ | ᠠᠳᠠᠯᠢ ᠬᠤᠭᠤᠴᠠᠭᠠᠨ ᠤ ᠬᠢ ᠠᠴᠠ 12% ᠨᠡᠮᠡᠭᠳᠡᠵᠦ᠂ ᠠᠵᠤ ᠦᠢᠯᠡᠳᠪᠦᠷᠢ ᠶᠢᠨ ᠬᠥᠭᠵᠢᠯᠲᠡ ᠶᠢᠨ ᠰᠡᠯᠭᠦᠬᠦ | ᠬᠦᠴᠦᠨ ᠢᠯᠡᠳᠲᠡ ᠴᠢᠩᠭᠠᠷᠠᠪᠠ᠃ ᠮᠧᠢ ᠬᠤᠸᠠ ᠠᠮᠢᠳᠤ ᠪᠣᠳᠠᠰ ᠤᠨ ᠲᠦᠭᠦᠬᠡᠢ ᠮᠠᠲ᠋ᠧᠷᠢᠶᠠᠯ ᠤᠨ ᠰᠢᠪᠲᠦᠷ ᠤᠨ | ᠮᠡᠷᠭᠡᠵᠢᠯ ᠤᠨ ᠥᠭᠡᠷᠡᠴᠢᠯᠡᠯᠲᠡ᠂ ᠰᠦᠯᠦ ᠰᠢᠪᠲᠦᠷᠲᠦ ᠬᠦᠴᠢᠯ ᠤᠨ ᠲᠥᠷᠥᠯ ᠵᠦᠢᠯ ᠤᠨ ᠠᠬᠢᠴᠠ ᠤᠷᠤᠭᠰᠢᠲᠠᠢ | ᠪᠠᠶᠢᠵᠤ᠂ ᠳ᠋ᠧ ᠱᠧᠩ ᠠᠮᠢᠳᠤ ᠪᠣᠳᠠᠰ ᠤᠨ D-ᠪᠥᠭᠡᠮ ᠰᠢᠬᠢᠷ ᠤᠨ ᠲᠥᠷᠥᠯ ᠵᠦᠢᠯ ᠤᠨ ᠳᠤᠮᠳᠠᠬᠢ ᠲᠤᠷᠰᠢᠯᠲᠠ ᠶᠢ | ᠪᠡᠶᠡᠯᠡᠭᠦᠯᠵᠦ᠂ ᠱᠧᠩ ᠰᠢᠶᠠᠩ ᠠᠮᠢᠳᠤ ᠪᠣᠳᠠᠰ ᠤᠨ ᠡᠷᠳᠡᠨᠢ ᠰᠢᠰᠢ ᠶᠢᠨ ᠤᠭᠤᠷᠠᠭᠲᠤ ᠪᠣᠷᠳᠤᠭ᠎ᠠ ᠡᠳ᠋ᠰᠢᠭᠦᠯᠬᠦ | ᠲᠥᠷᠥᠯ ᠵᠦᠢᠯ ᠤᠨ ᠡᠴᠦᠰ ᠤᠨ ᠡᠬᠢ ᠪᠠᠶᠠᠯᠢᠭ ᠤᠨ ᠶᠡᠷᠦᠩᠬᠡᠶᠢᠯᠡᠭᠰᠡᠨᠠᠰᠢᠭᠯᠠᠯᠲᠠ ᠶᠢᠨ ᠨᠣᠷᠮ᠎ᠠ ᠶᠢ ᠪᠦᠲᠦᠮᠵᠢᠲᠡᠶ | ᠳᠡᠭᠡᠭᠰᠢᠯᠡᠭᠦᠯᠵᠦ᠂ ᠡᠷᠳᠡᠨᠢ ᠰᠢᠰᠢ ᠶᠢᠨ ᠠᠮᠢᠳᠤ ᠪᠣᠳᠠᠰ ᠤᠨ ᠠᠵᠤ ᠦᠢᠯᠡᠰ ᠤᠨ ᠪᠣᠬᠢᠷᠲᠤᠯ ᠦᠭᠡᠢ ᠳᠡᠭᠡᠳᠦ ᠲᠠᠰ | ᠳᠠᠰᠢ ᠤᠷᠤᠭᠰᠢᠯᠠᠪᠠ᠃ ᠯᠦᠩ ᠮᠠ ᠪᠦᠯᠦᠭᠯᠡᠯ ᠤᠨ ᠲᠣᠨᠤᠭ ᠲᠥᠬᠦᠭᠡᠷᠦᠮᠵᠢ ᠦᠢᠯᠡᠳᠬᠦ ᠰᠠᠭᠤᠷᠢᠨ ᠭᠠᠵᠠᠷ ᠤᠨ | ᠵᠢᠷᠭᠤᠭᠠᠨ ᠲᠣᠮᠣ ᠬᠠᠪᠲᠠᠭᠠᠢ ᠬᠡᠰᠡᠭ ᠤᠨ 20 ᠬᠤᠯᠪᠣᠭᠳᠠᠬᠤ ᠲᠥᠷᠥᠯ ᠵᠦᠢᠯ ᠢ ᠪᠥᠬᠦ ᠲᠠᠯ᠎ᠠ ᠪᠠᠷ ᠡᠬᠢᠯᠡᠨ | ᠪᠠᠶᠢᠭᠤᠯᠵᠤ᠂ ᠲᠢᠶᠠᠨ ᠱᠦᠨ ᠰᠠᠯᠬᠢᠨ ᠤ ᠡᠨᠧᠷᠭᠢ ᠶᠢᠨ ᠰᠠᠯᠬᠢᠨ ᠬᠦᠴᠦᠨ ᠤ ᠴᠠᠬᠢᠯᠭᠠᠨ ᠤ ᠰᠤᠪᠤᠷᠭ᠎ᠠ ᠶᠢᠨ | ᠵᠢᠶᠠᠰᠠ ᠶᠢᠨ ᠲᠥᠷᠥᠯ ᠵᠦᠢᠯ ᠢ ᠳᠦᠭᠦᠷᠡᠩ ᠳᠠᠭᠠᠭᠠᠴᠠ ᠲᠠᠢ ᠦᠢᠯᠡᠳᠪᠦᠷᠢᠯᠡᠬᠦ ᠶᠢ ᠪᠡᠶᠡᠯᠡᠭᠦᠯᠵᠦ᠂ ᠹᠠᠩ ᠵᠧᠦ ᠶᠢᠨ | ᠰᠢᠨ᠎ᠡ ᠮᠠᠲ᠋ᠧᠷᠢᠶᠠᠯ ᠤᠨ ᠴᠠᠭᠠᠷᠢᠭ ᠬᠦᠴᠢᠯᠲᠥ᠋ᠷᠥᠭᠴᠢᠲᠦ ᠳᠠᠪᠠᠷᠬᠠᠢ ᠶᠢᠨ ᠲᠥᠷᠥᠯ ᠵᠦᠢᠯ ᠤᠨ ᠭᠤᠣᠯ ᠴᠣᠭᠴᠠ ᠶᠢᠨ | ᠠᠵᠢᠯ ᠳᠠᠭᠤᠰᠴᠤ᠂ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ | ᠰᠦᠷᠦᠭᠵᠢᠯ ᠢ ᠠᠩᠬ᠎ᠠ ᠠᠯᠬᠤᠮ ᠪᠦᠷᠢᠯᠳᠦᠭᠦᠯᠪᠡ᠃ ᠣᠳᠣᠬᠠᠨ ᠳᠤ ᠢᠳᠡᠭᠡᠨ ᠤ ᠵᠦᠢᠯ ᠢ ᠥᠪᠡᠷᠲᠡᠭᠡᠨ ᠵᠠᠰᠠᠬᠤ | ᠣᠷᠣᠨ ᠤ ᠭᠠᠳᠠᠨᠠᠬᠢ ᠦᠢᠯᠡᠳᠪᠦᠷᠢ ᠳᠤ ᠠᠮᠵᠢᠯᠲᠠ ᠲᠠᠢ ᠪᠠᠶᠢᠷᠢᠰᠢᠭᠤᠯᠵᠤ᠂ ᠶᠢᠨ ᠯᠥᠸᠧ ᠸᠧᠨ ᠷᠦᠢ | ᠦᠢᠯᠡᠳᠪᠦᠷᠢᠯᠡᠬᠦ ᠴᠢᠳᠠᠪᠤᠷᠢ ᠲᠣᠭᠲᠠᠭᠤᠨ ᠢᠶᠠᠷ ᠳᠡᠭᠡᠭᠰᠢᠯᠡᠵᠦ᠂ ᠪᠣᠬᠢᠷᠲᠤᠯ ᠦᠭᠡᠢ ᠢᠳᠡᠭᠡᠨ ᠪᠣᠯᠪᠠᠰᠤᠷᠠᠭᠤᠯᠬᠤ | ᠠᠵᠤ ᠦᠢᠯᠡᠰ ᠦᠨᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠦᠷᠭᠦᠯᠵᠢᠯᠡᠨ ᠴᠢᠩᠭᠠᠷᠠᠪᠠ᠃ ᠬᠠᠢ | ᠲᠢᠶᠠᠨ ᠡᠮ ᠦᠢᠯᠡᠳᠬᠦ ᠰᠢᠨ᠎ᠡ ᠦᠢᠯᠡᠳᠪᠦᠷᠢ ᠶᠢᠨ ᠲᠣᠭᠤᠷᠢᠭ ᠨᠢ ᠬᠤᠲᠠ ᠶᠢᠨ ᠵᠡᠭᠦᠨ ᠬᠡᠰᠡᠭ ᠤᠨ ᠬᠠᠭᠤᠴᠢᠨ | ᠠᠵᠤ ᠦᠢᠯᠡᠳᠪᠦᠷᠢ ᠶᠢᠨ ᠰᠠᠭᠤᠷᠢᠨ ᠭᠠᠵᠠᠷ ᠤᠨ ᠰᠤᠯᠠ ᠪᠠᠶᠢᠬᠤ ᠡᠬᠢ ᠪᠠᠶᠠᠯᠢᠭ ᠢ ᠪᠦᠲᠦᠮᠵᠢᠲᠡᠶ ᠠᠮᠢᠯᠠᠭᠤᠯᠵᠤ᠂ | ᠮᠠᠯᠴᠢᠨ ᠤ ᠠᠮᠢᠳᠤ ᠪᠣᠳᠠᠰ ᠤᠨ ︽ᠬᠢᠲᠠᠳ ᠮᠣᠩᠭᠤᠯ ᠡᠮ ᠤᠨ ᠬᠤᠲᠠ︾ ᠶᠢᠨ ᠡᠷᠡᠭᠦᠯ ᠮᠡᠨᠳᠦ ᠶᠢᠨ ᠠᠵᠤ | ᠦᠢᠯᠡᠰ ᠤᠨ ᠬᠦᠷᠢᠶᠡᠯᠡᠩ ᠤᠨ ᠠᠵᠤ ᠦᠢᠯᠡᠰ ᠤᠨ ᠲᠥᠪᠯᠡᠷᠡᠯ ᠢ ᠠᠬᠢᠭᠤᠯᠵᠤ᠂ ᠦᠨᠳᠦᠰᠦᠲᠡᠨ ᠤ ᠶᠡᠭᠡ | ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠪᠴᠢᠭᠦᠯᠬᠦ | ᠰᠠᠭᠤᠷᠢᠨ ᠭᠠᠵᠠᠷ ᠤᠨ ᠠᠩᠬᠠᠨ ᠤ ᠪᠦᠯᠦᠭ ᠰᠤᠳᠤᠯᠤᠨ ᠨᠡᠭᠡᠭᠡᠭᠰᠡᠨ ᠦᠢᠯᠡᠳᠬᠦᠨ ᠢ ᠠᠮᠵᠢᠯᠲᠠ ᠲᠠᠢ ᠪᠠᠷ | ᠰᠦᠯᠵᠢᠶᠡᠨ ᠠᠴᠠ ᠪᠠᠭᠤᠯᠭᠠᠵᠤ᠂ ᠬᠢᠲᠠᠳ ᠮᠣᠩᠭᠤᠯ ᠡᠮ ᠡᠮᠨᠡᠯᠭᠡ ᠶᠢᠨ ᠠᠵᠤ ᠦᠢᠯᠡᠰ ᠤᠨ ᠳᠠᠷᠢᠵᠤ ᠰᠤᠳᠤᠯᠬᠤ | ᠦᠢᠯᠡᠳᠪᠦᠷᠢᠯᠡᠬᠦ ᠪᠣᠷᠣᠯᠠᠭᠤᠯᠬᠤ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠪᠡᠶᠡᠯᠡᠭᠦᠯᠪᠡ᠃ ᠤᠯᠤᠰ ᠤᠨ | ᠡᠨᠧᠷᠭᠢ ᠶᠢᠨ ᠠᠮᠢᠳᠤ ᠪᠣᠳᠠᠰ ᠪᠠᠶᠢᠭᠠᠯᠢ ᠶᠢᠨ ᠰᠢᠲᠠᠮᠠᠬᠠᠢ ᠬᠡᠢ ᠶᠢᠨ ᠵᠦᠢᠯᠡᠰ ᠢ ᠠᠰᠢᠭᠯᠠᠯᠲᠠ ᠳᠤ ᠣᠷᠣᠭᠤᠯᠤᠨ | ᠦᠷ᠎ᠡ ᠪᠦᠲᠦᠮᠵᠢ ᠳᠤ ᠬᠦᠷᠭᠡᠵᠦ᠂ ᠠᠮᠢᠳᠤ ᠪᠣᠳᠠᠰ ᠢᠶᠠᠷ ᠴᠠᠬᠢᠯᠭᠠᠨ ᠭᠠᠷᠭᠠᠬᠤ ᠵᠦᠢᠯᠡᠰ ᠢ ᠲᠣᠣᠷ ᠲᠤ ᠨᠡᠶᠢᠯᠡᠭᠦᠯᠦᠨ | ᠴᠠᠬᠢᠯᠭᠠᠨ ᠭᠠᠷᠭᠠᠵᠤ᠂ ᠶᠢᠨ ᠴᠢ ᠯᠢᠨ ᠰᠢᠨ᠎ᠡ ᠡᠨᠧᠷᠭᠢ ᠶᠢᠨ ᠰᠤᠷᠪᠤᠯᠵᠢ ᠶᠢ ᠰᠤᠳᠤᠯᠤᠨ ᠨᠡᠭᠡᠭᠡᠵᠦ ᠠᠵᠢᠯᠯᠠᠭᠤᠯᠵᠤ | ᠪᠠᠲᠤᠯᠠᠬᠤ ᠲᠥᠪ ᠢ ᠥᠨᠳᠥᠷ ᠪᠦᠲᠦᠮᠵᠢᠲᠡᠶ ᠪᠥᠭᠡᠳ ᠲᠣᠭᠲᠠᠭᠤᠨ ᠢᠶᠠᠷ ᠠᠵᠢᠯᠯᠠᠭᠤᠯᠵᠤ᠂ ᠪᠦᠬᠦ ᠲᠣᠭᠤᠷᠢᠭ ᠤᠨ | ᠳᠡᠭᠡᠪᠦᠷ ᠤᠨ ᠲᠠᠷᠬᠠᠯᠲᠠ ᠶᠢᠨ ᠮᠠᠶ᠋ᠢᠭ ᠤᠨ ᠭᠡᠷᠡᠯ ᠴᠡᠨᠡᠭ ᠢ ᠨᠡᠭᠡᠭᠡᠨ ᠬᠥᠭᠵᠢᠭᠦᠯᠬᠦ ᠲᠤᠷᠰᠢᠯᠲᠠ ᠶᠢᠨ ᠵᠦᠢᠯᠡᠰ ᠢ | ᠪᠣᠳᠠᠲᠠᠢ ᠪᠠᠷ ᠨᠠᠶᠢᠳᠠᠪᠤᠷᠢᠵᠢᠭᠤᠯᠤᠨ ᠬᠡᠷᠡᠭᠵᠢᠭᠦᠯᠵᠦ᠂ 138 ᠲᠦᠮᠡᠨ ᠺᠢᠯᠣᠸᠠᠲ ᠤᠨ ᠰᠠᠯᠬᠢᠨ ᠬᠦᠴᠦᠨ ᠤ | ᠴᠠᠬᠢᠯᠭᠠᠨ ᠤ ᠰᠠᠭᠤᠷᠢᠨ ᠭᠠᠵᠠᠷ ᠢ ᠡᠬᠢᠯᠡᠨ ᠪᠦᠲᠦᠭᠡᠨ ᠪᠠᠶᠢᠭᠤᠯᠵᠤ᠂ ᠵᠡᠷᠭᠡ ᠪᠠᠷ ᠤᠷᠤᠭᠰᠢᠯᠠᠭᠰᠠᠨ᠂ ᠤᠯᠠᠨ | ᠬᠡᠮᠵᠢᠶ᠎ᠡ ᠪᠠᠷ ᠥᠷᠭᠡᠳᠬᠡᠭᠰᠡᠨ ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ ᠪᠠᠶᠢᠷᠢᠰᠢᠯ ᠢ | ᠦᠨᠳᠦᠰᠦᠨ ᠳᠡᠭᠡᠨ ᠪᠦᠷᠢᠯᠳᠦᠭᠦᠯᠪᠡ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠪᠥᠬᠦ ᠬᠤᠲᠠ ᠳᠤ | ᠡᠩ ᠲᠡᠷᠢᠭᠦᠨ ᠳᠤ ᠣᠷᠣᠨ ᠪᠦᠰᠡ ᠶᠢᠨ ᠪᠦᠬᠦᠯᠢ ᠴᠣᠭᠴᠠ ᠶᠢᠨ ᠦᠨᠡᠯᠡᠨ ᠵᠢᠱᠢᠯᠲᠡ ᠶᠢ ᠪᠡᠶᠡᠯᠡᠭᠦᠯᠵᠦ᠂ ᠤᠰᠤ | ᠬᠠᠩᠭᠠᠬᠤ᠂ ᠢᠯᠴᠢ ᠬᠠᠩᠭᠠᠬᠤ᠂ ᠳᠤᠮᠳᠠᠬᠢ ᠤᠰᠤᠨ ᠤ ᠶᠡᠷᠦᠩᠬᠡᠶᠢᠯᠡᠭᠰᠡᠨ ᠬᠤᠭᠤᠯᠠᠢ ᠶᠢᠨ ᠲᠣᠣᠷ ᠤᠨ ᠨᠢᠭᠡᠳᠦᠭᠡᠷ | ᠬᠤᠭᠤᠴᠠᠭᠠᠨ ᠤ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠨ᠂ 11.6 ᠲᠦᠮᠡᠨ ᠲᠡᠭᠰᠢ ᠳᠥᠷᠪᠡᠯᠵᠢᠨ | ᠮᠧᠲᠷ ᠤᠨ ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠶᠢᠰᠢᠩ ᠢ ᠰᠢᠨ᠎ᠡ ᠪᠠᠷ ᠪᠠᠶᠢᠭᠤᠯᠵᠤ᠂ ᠣᠶᠤᠨᠲᠤ | ᠬᠦᠷᠢᠶᠡᠯᠡᠩ ᠲᠣᠭᠤᠷᠢᠭ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠵᠤ᠂ ᠲᠠᠪᠴᠠᠩ ᠤᠨ ᠠᠴᠢᠶᠠᠯᠠᠪᠤᠷᠢ ᠶᠢᠨ | ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠪᠡ᠃ | ᠨᠢᠭᠡ ᠵᠢᠯ ᠤᠨ ᠲᠤᠷᠰᠢ᠂ ᠪᠢᠳᠡ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠰᠢᠰᠲ᠋ᠧᠮ ᠢᠶᠠᠨ ᠪᠠᠲᠤᠳᠬᠠᠨ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ | ᠪᠠ ᠦᠷ᠎ᠡ ᠠᠰᠢᠭ ᠤᠨ ᠬᠤᠣᠰ ᠳᠡᠭᠡᠭᠰᠢᠯᠡᠯᠲᠡ ᠶᠢ ᠪᠡᠶᠡᠯᠡᠭᠦᠯᠪᠡ᠃ ᠬᠦᠴᠦᠨ ᠢᠶᠠᠨ ᠲᠥᠪᠯᠡᠷᠡᠭᠦᠯᠦᠨ 15 | ᠮᠢᠨᠦ᠋ᠲ ᠤᠨ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠬᠦᠷᠢᠶ᠎ᠡ ᠶᠢ ᠪᠠᠶᠢᠭᠤᠯᠵᠤ᠂ ᠠᠷᠠᠳ ᠲᠤ ᠲᠥᠬᠦᠮ | ᠦᠵᠡᠭᠦᠯᠬᠦ ᠦᠢᠯᠡᠴᠢᠯᠡᠭᠡᠨ ᠤ ᠲᠣᠣᠷ ᠰᠦᠯᠵᠢᠶ᠎ᠡ ᠶᠢᠨ ᠰᠢᠰᠲ᠋ᠧᠮ ᠸᠠᠨ ᠳ᠋ᠠ᠂ ᠸᠢᠺᠲ᠋ᠣᠷᠢ᠂ ᠡᠸᠦ᠋ᠷᠦᠫᠡ ᠠᠽᠢᠶ᠎ᠠ | ᠵᠡᠷᠭᠡ ᠠᠷᠠᠯᠵᠢᠶ᠎ᠠ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠤᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠤᠨ | ᠠᠭᠤᠰᠤᠯᠴᠠᠯ ᠢ ᠪᠡᠶᠡᠯᠡᠭᠦᠯᠵᠦ᠂ ᠬᠤᠳᠠ ᠶᠢᠨ ᠬᠡᠷᠡᠭᠯᠡᠭᠡᠨ ᠤ ᠪᠠᠶᠢᠷᠢᠰᠢᠯ ᠢ ᠪᠦᠬᠦ ᠲᠠᠯ᠎ᠠ ᠪᠠᠷ ᠰᠢᠯᠢᠳᠡᠭᠵᠢᠭᠦᠯᠪᠡ᠃ | ᠬᠤᠩ ᠮᠧᠩ ᠮᠠᠰᠢᠨ ᠲᠡᠷᠭᠡᠨ ᠤ ᠠᠵᠤ ᠦᠢᠯᠡᠰ ᠤᠨ ᠬᠦᠷᠢᠶᠡᠯᠡᠩ ᠨᠢ ᠥᠪᠡᠷᠲᠡᠭᠡᠨ ᠵᠠᠰᠠᠬᠤ ᠣᠷᠣᠨ ᠤ ᠬᠠᠮᠤᠭ ᠤᠨ | ᠲᠣᠮᠣ ᠭᠠᠷ ᠳᠠᠮᠵᠢᠭᠰᠠᠨ ᠮᠠᠰᠢᠨ ᠲᠡᠷᠭᠡᠨ ᠤ ᠠᠷᠠᠯᠵᠢᠶᠠᠨ ᠤ ᠵᠠᠬ᠎ᠠ ᠳᠡᠯᠭᠡᠭᠦᠷ ᠢ ᠪᠠᠶᠢᠭᠤᠯᠵᠤ᠂ ᠡᠵᠡᠩᠨᠡᠯᠲᠡ ᠶᠢᠨ | ᠬᠡᠯᠪᠡᠷᠢ ᠪᠠᠶᠢᠳᠠᠯ ᠲᠥᠪᠯᠡᠷᠡᠭᠰᠡᠨ᠂ ᠬᠦᠴᠦᠨ ᠵᠦᠢᠯ ᠪᠦᠷᠢᠨ᠂ ᠦᠢᠯᠡᠴᠢᠯᠡᠭᠡ ᠪᠦᠷᠢᠨ ᠲᠡᠭᠦᠯᠳᠡᠷ ᠵᠠᠬ᠎ᠠ | ᠳᠡᠯᠭᠡᠭᠦᠷ ᠤᠨ ᠣᠷᠴᠢᠨ ᠲᠣᠭᠤᠷᠢᠨ ᠨᠢ ᠬᠤᠲᠠ ᠶᠢᠨ ᠵᠡᠭᠦᠨ ᠲᠠᠯ᠎ᠠ ᠳᠤ ᠰᠢᠨ᠎ᠡ ᠬᠥᠭᠵᠢᠯᠲᠡ ᠶᠢᠨ ᠠᠮᠢᠵᠢᠷᠠᠯ ᠤᠨ | ᠬᠦᠴᠦᠨ ᠢ ᠨᠡᠮᠡᠷᠢᠯᠡᠪᠡ᠃ ᠭᠤᠸᠠᠩᠵᠧᠦ ᠶᠢᠨ ᠳ᠋ᠡ ᠽᠧ ᠪᠦᠯᠦᠭᠯᠡᠯ ᠢ ᠠᠮᠵᠢᠯᠲᠠ ᠲᠠᠢ ᠪᠠᠷ ᠣᠷᠣᠭᠤᠯᠤᠨ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠰᠢᠭᠤᠳ ᠨᠡᠪᠲᠡᠷᠡᠭᠦᠯᠭᠡ ᠶᠢᠨ ᠰᠠᠭᠤᠷᠢᠨ ᠭᠠᠵᠠᠷ ᠪᠣᠯᠭᠠᠨ ᠪᠠᠶᠢᠭᠤᠯᠵᠤ᠂ ᠲᠤᠰ | ᠭᠠᠵᠠᠷ ᠤᠨ ᠦᠢᠯᠡᠳᠬᠦᠨ ᠢ ᠰᠦᠯᠵᠢᠶᠡᠨ ᠳᠤ ᠣᠷᠣᠭᠤᠯᠬᠤ ᠠᠷᠭ᠎ᠠ ᠵᠠᠮ ᠢ ᠦᠷᠭᠦᠯᠵᠢᠯᠡᠨ ᠥᠷᠭᠡᠳᠬᠡᠪᠡ᠃ ︽ | ᠬᠤᠷᠴᠢᠨ · ᠬᠡᠷᠡᠭᠯᠡᠭᠡ ᠶᠢ ᠠᠬᠢᠭᠤᠯᠬᠤ ᠤᠯᠠᠷᠢᠯ︾ ᠢ ᠰᠢᠭᠤᠳ ᠨᠡᠪᠲᠡᠷᠡᠭᠦᠯᠬᠦ ᠰᠢᠷᠢᠰ ᠠᠵᠢᠯᠯᠠᠭ᠎ᠠ ᠶᠢᠨ ᠨᠢᠭᠡ | ᠡᠳᠦᠷ ᠤᠨ ᠬᠠᠮᠤᠭ ᠤᠨ ᠥᠨᠳᠥᠷ ᠠᠷᠠᠯᠵᠢᠶᠠᠨ ᠤ ᠲᠤᠭ᠎ᠠ 300 ᠲᠦᠮᠡᠨ ᠲᠥᠭᠦᠷᠢᠭ ᠢ ᠳᠠᠪᠠᠵᠤ᠂ ︽ᠢᠨᠲ᠋ᠧᠷ | ᠰᠦᠯᠵᠢᠶ᠎ᠡ +︾ ᠬᠡᠷᠡᠭᠯᠡᠭᠡᠨ ᠤ ᠠᠮᠢ ᠠᠬᠤᠢ ᠶᠢ ᠲᠦᠷᠭᠡᠳᠬᠡᠨ ᠪᠠᠶᠢᠭᠤᠯᠪᠠ᠃ ᠣᠯᠠᠨ ᠬᠡᠯᠪᠡᠷᠢ ᠶᠢᠨ ᠬᠠᠮᠲᠤᠷᠠᠭᠰᠠᠨ | ᠲᠡᠭᠡᠭᠡᠪᠦᠷᠢ ᠶᠢᠨ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠲᠥᠪ ᠢ ᠪᠦᠬᠦᠯᠢ ᠴᠣᠭᠴᠠ ᠪᠠᠷ ᠨᠢ ᠪᠠᠷᠢᠯᠭ᠎ᠠ | ᠳᠠᠭᠤᠰᠬᠠᠵᠤ᠂ ᠥᠪᠥᠷ ᠮᠣᠩᠭᠤᠯ ᠤᠨ ᠵᠡᠭᠦᠨ ᠬᠡᠰᠡᠭ ᠤᠨ ᠨᠡᠭᠦᠷᠡᠰᠦᠨ ᠤ ᠪᠠᠷᠠᠭᠠᠨ ᠤ ᠭᠦᠢᠯᠭᠡᠭᠡᠨ ᠤ ᠬᠦᠷᠢᠶᠡᠯᠡᠩ | ᠲᠣᠭᠤᠷᠢᠭ ᠤᠨ ᠤᠯᠤᠰ ᠤᠨ ᠨᠡᠭᠦᠷᠡᠰᠦ ᠨᠥᠭᠡᠴᠡᠯᠡᠬᠦ ᠰᠠᠭᠤᠷᠢᠨ ᠭᠠᠵᠠᠷ ᠢ ᠬᠤᠭᠤᠴᠠᠭ᠎ᠠ ᠶᠣᠰᠣᠭᠠᠷ ᠠᠵᠢᠯᠯᠠᠭᠤᠯᠵᠤ᠂ | ᠥᠪᠥᠷ ᠮᠣᠩᠭᠤᠯ ᠸᠠᠩ ᠤᠨ ᠡᠮ ᠡᠮᠨᠡᠯᠭᠡ ᠶᠢᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ | ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠨᠥᠭᠡᠴᠡᠯᠡᠬᠦ ᠰᠠᠭᠤᠷᠢᠨ ᠭᠠᠵᠠᠷ ᠢ ᠥᠨᠳᠥᠷ ᠦᠷ᠎ᠡ | ᠪᠦᠲᠦᠮᠵᠢᠲᠡᠶ ᠪᠠᠷ ᠠᠵᠢᠯᠯᠠᠭᠤᠯᠵᠤ᠂ ᠵᠡᠭᠦᠨ ᠬᠤᠶᠢᠲᠤ ᠣᠷᠣᠨ ᠤ ᠣᠷᠣᠨ ᠪᠦᠰᠡ ᠶᠢᠨ ᠴᠢᠨᠠᠷᠲᠠᠢ ᠪᠠᠷᠠᠭᠠᠨ ᠤ | ᠭᠦᠢᠯᠭᠡᠭᠡᠨ ᠤ ᠵᠠᠩᠭᠢᠯᠠᠭ᠎ᠠ ᠶᠢᠨ ᠪᠠᠶᠢᠷᠢ ᠰᠠᠭᠤᠷᠢ ᠤᠯᠠᠮ ᠨᠢᠭᠡ ᠠᠯᠬᠤᠮ ᠪᠠᠬᠢᠵᠢᠪᠡ᠃ ᠬᠠᠢ ᠪᠦᠧ ᠯᠢ ᠠᠩ | ᠵᠣᠴᠢᠳ ᠤᠨ ᠪᠠᠭᠤᠳᠠᠯ ᠤᠭᠲᠤᠯᠭ᠎ᠠ ᠶᠢᠨ ᠤᠯᠠᠷᠢᠯ ᠳᠤ ᠵᠣᠴᠢᠨ ᠳᠠᠶᠢᠯᠠᠵᠤ᠂ ᠰᠢᠷᠲᠤᠨ ᠤ ᠬᠤᠸᠠᠨ ᠫᠣᠩ | ᠵᠣᠴᠢᠳ ᠤᠨ ᠪᠠᠭᠤᠳᠠᠯ ᠤᠨ ᠭᠤᠣᠯ ᠴᠣᠭᠴᠠ ᠶᠢᠨ ᠠᠵᠢᠯ ᠳᠠᠭᠤᠰᠴᠤ᠂ ᠮᠣᠩᠭᠤᠯ ᠸᠠᠩ ᠤᠯᠤᠰ ᠤᠨ AAA | ᠳᠡᠰ ᠤᠨ ᠠᠵᠤ ᠦᠢᠯᠡᠳᠪᠦᠷᠢ ᠶᠢᠨ ᠵᠤᠭᠠᠴᠠᠯ ᠤᠨ ᠦᠵᠡᠮᠵᠢ ᠶᠢᠨ ᠣᠷᠣᠨ ᠢᠶᠠᠷ ᠦᠨᠡᠯᠡᠭᠳᠡᠵᠦ᠂ ᠶᠢᠨ ᠾᠧ ᠸᠠᠨ ᠤ | ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ ᠶᠢᠨ ᠣᠶᠢᠷ᠎ᠠ ᠵᠠᠮ ᠤᠨ ᠲᠦᠷᠦᠯ ᠰᠠᠳᠤᠨ ᠤ ᠵᠤᠭᠠᠴᠠᠯ ᠤᠨ | ᠵᠠᠭᠪᠤᠷ ᠢ ᠠᠮᠵᠢᠯᠲᠠ ᠲᠠᠢ ᠡᠭᠦᠳᠴᠦ᠂ ᠮᠣᠷᠢᠨ ᠰᠦᠮ᠎ᠡ ᠶᠢᠨ ᠤᠰᠤᠨ ᠤ ᠠᠮᠢ ᠠᠬᠤᠢ ᠶᠢᠨ ᠰᠡᠷᠭᠦᠯᠲᠡ ᠳᠤ | ᠥᠪᠡᠷ ᠢᠶᠠᠨ ᠲᠡᠷᠭᠡ ᠵᠢᠯᠤᠭᠤᠳᠬᠤ ᠬᠠᠯᠠᠭᠤᠨ ᠥᠷᠨᠢᠯᠲᠡ ᠭᠠᠷᠴᠤ᠂ ᠭᠤᠣᠯ ᠬᠤᠲᠠ ᠶᠢᠨ ᠲᠣᠭᠤᠷᠢᠭ ᠤᠨ | ᠵᠤᠭᠠᠴᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠪᠠᠲᠤᠯᠠᠪᠤᠷᠢ ᠶᠢᠨ ᠴᠢᠳᠠᠪᠤᠷᠢ ᠦᠷᠭᠦᠯᠵᠢᠯᠡᠨ ᠴᠢᠩᠭᠠᠷᠠᠪᠠ᠃ | ᠨᠢᠭᠡ ᠵᠢᠯ ᠤᠨ ᠲᠤᠷᠰᠢ᠂ ᠪᠢᠳᠡ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠤᠯᠠᠨ ᠲᠠᠯ᠎ᠠ ᠪᠠᠷ ᠰᠢᠪᠲᠤᠯᠤᠯᠲᠠ ᠭᠠᠷᠭᠠᠵᠤ᠂ ᠬᠤᠳᠠ ᠬᠥᠳᠡᠭᠡ ᠶᠢᠨ ᠳᠦᠷᠰᠦ ᠪᠠᠶᠢᠳᠠᠯ ᠴᠤᠤ | ᠰᠢᠨ᠎ᠡ ᠠᠮᠢᠵᠢᠷᠠᠯ ᠤᠨ ᠬᠦᠴᠦᠨ ᠲᠠᠢ ᠪᠣᠯᠪᠠ᠃ 65 ᠬᠠᠭᠤᠴᠢᠨ ᠵᠢᠵᠢᠭ ᠲᠣᠭᠤᠷᠢᠭ ᠤᠨ ᠰᠠᠭᠤᠷᠢ | ᠲᠥᠬᠦᠭᠡᠷᠦᠮᠵᠢ ᠶᠢᠨ ᠥᠭᠡᠷᠡᠴᠢᠯᠡᠯᠲᠡ᠂ 74 ᠵᠢᠵᠢᠭ ᠲᠣᠭᠤᠷᠢᠭ ᠤᠨ ᠢᠯᠴᠢ ᠬᠠᠩᠭᠠᠬᠤ ᠬᠤᠭᠤᠯᠠᠢ ᠶᠢᠨ | ᠲᠣᠣᠷ ᠤᠨ ᠥᠭᠡᠷᠡᠴᠢᠯᠡᠯᠲᠡ ᠶᠢᠨ ᠢᠨᠵᠧᠨᠧᠷᠢᠩ ᠢ ᠥᠨᠳᠥᠷ ᠪᠠᠷᠢᠮᠵᠢᠶ᠎ᠠ ᠪᠠᠷ ᠬᠡᠷᠡᠭᠵᠢᠭᠦᠯᠵᠦ᠂ ᠤᠯᠠᠨ ᠲᠦᠮᠡᠨ ᠤ | ᠣᠷᠣᠨ ᠰᠠᠭᠤᠴᠠ ᠶᠢᠨ ᠨᠥᠬᠦᠴᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠯᠢᠨ ᠢᠦᠢ ᠵᠢᠶᠠᠩᠨᠠᠨ ᠵᠡᠭᠡᠯᠢ ᠶᠢᠨ | ᠥᠨᠴᠥᠭ ᠤᠨ ᠴᠡᠴᠡᠷᠯᠢᠭ᠂ ᠠᠷᠢᠭᠤᠨ ᠴᠢᠬᠡᠴᠢ ᠰᠣᠶᠣᠯ ᠤᠨ ᠴᠡᠴᠡᠷᠯᠢᠭ ᠵᠡᠷᠭᠡ ᠤᠭᠤᠲᠠ ᠴᠡᠴᠡᠷᠯᠢᠭ ᠠᠴᠠ | ᠬᠤᠳᠠ ᠶᠢᠨ ᠪᠢᠴᠢᠯ ᠰᠢᠨᠡᠴᠢᠯᠡᠯᠲᠡ ᠶᠢ ᠡᠬᠢᠯᠡᠭᠦᠯᠵᠦ᠂ ᠬᠤᠷᠴᠢᠨ ᠶᠡᠭᠡ ᠵᠡᠭᠡᠯᠢ᠂ ᠬᠤᠣᠯᠢᠨ ᠭᠤᠣᠯ ᠶᠡᠭᠡ ᠵᠡᠭᠡᠯᠢ | ᠵᠡᠷᠭᠡ ᠭᠤᠣᠯ ᠪᠣᠯᠬᠤ ᠵᠡᠭᠡᠯᠢ ᠭᠤᠳᠤᠮᠵᠢ ᠶᠢᠨ ᠨᠣᠭᠤᠭᠠᠷᠠᠭᠤᠯᠤᠯᠲᠠ ᠶᠢ ᠨᠥᠬᠦᠪᠦᠷᠢᠯᠡᠨ ᠳᠠᠷᠢᠭᠰᠠᠨ ᠨᠢ | ᠬᠤᠳᠠ ᠶᠢᠨ︽ᠥᠩᠭᠡ ᠵᠢᠰᠦ︾ ᠶᠢ ᠪᠦᠬᠦ ᠲᠠᠯ᠎ᠠ ᠪᠠᠷ ᠳᠡᠭᠡᠭᠰᠢᠯᠡᠭᠦᠯᠵᠡᠢ᠃ ᠰᠠᠭᠤᠭᠠᠯᠢ ᠠᠷᠠᠳ ᠤᠨ ᠲᠣᠭᠤᠷᠢᠭ ᠤᠨ | ᠲᠤᠰᠬᠠᠶᠢᠵᠢᠭᠰᠠᠨ ᠠᠳᠠᠯ ᠠᠬᠤᠢ ᠶᠢᠨ ᠬᠠᠮᠢᠶᠠᠷᠤᠯᠲᠠ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ | ᠨᠡᠶᠢᠳᠡᠮ ᠪᠦᠷᠬᠦᠭᠦᠯᠬᠦ ᠶᠢ ᠪᠡᠶᠡᠯᠡᠭᠦᠯᠵᠦ᠂ ᠬᠠᠮᠲᠤ ᠪᠠᠷ ᠡᠳ᠋ᠯᠡᠬᠦ ᠳᠤᠭᠤᠢ ᠲᠡᠷᠭᠡ᠂ ᠵᠡᠭᠡᠯᠢ ᠳᠠᠭᠠᠭᠰᠠᠨ | ᠬᠤᠳᠠᠯᠳᠤᠭᠠᠨ ᠤ ᠳᠡᠯᠭᠡᠭᠦᠷ᠂ ᠲᠡᠷᠭᠡ ᠵᠣᠭᠰᠣᠬᠤ ᠡᠮᠬᠢ ᠵᠢᠷᠤᠮ ᠡᠳᠦᠷ ᠢᠷᠡᠬᠦᠶ᠎ᠡ ᠵᠢᠷᠤᠮᠵᠢᠵᠤ᠂ ︽ᠬᠤᠲᠠ | ᠪᠠᠶᠢᠭᠤᠯᠤᠭᠰᠠᠨ︾ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠬᠤᠲᠠ ᠶᠢᠨ ᠪᠦᠲᠦᠭᠡᠨ | ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ 11 ᠵᠢᠱᠢᠶ᠎ᠡ ᠦᠵᠡᠭᠦᠯᠬᠦ ᠲᠣᠰᠬᠤᠨ ᠤ ᠲᠥᠯᠦᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠶᠢ ᠴᠢᠨᠠᠷ ᠰᠠᠶᠢᠲᠠᠢ ᠪᠡᠶᠡᠯᠡᠭᠦᠯᠵᠦ᠂ ᠣᠷᠣᠨ ᠪᠦᠰᠡ ᠶᠢ ᠨᠢᠭᠡ ᠴᠣᠭᠴᠠᠵᠢᠭᠤᠯᠤᠭᠰᠠᠨ᠂ | ᠬᠤᠳᠠ ᠬᠥᠳᠡᠭᠡ ᠶᠢ ᠠᠭᠤᠰᠤᠯᠴᠠᠭᠤᠯᠤᠭᠰᠠᠨ᠂ ᠤᠯᠠᠨ ᠲᠥᠯᠦᠪᠵᠢᠭᠦᠯᠭᠡ ᠶᠢ ᠨᠢᠭᠡᠳᠬᠡᠭᠰᠡᠨ ᠲᠣᠰᠬᠤᠨ ᠤ | ᠲᠥᠯᠦᠪᠵᠢᠭᠦᠯᠭᠡ ᠵᠢᠨᠰᠢᠰᠲ᠋ᠧᠮ ᠢ ᠠᠩᠬ᠎ᠠ ᠠᠯᠬᠤᠮ ᠪᠦᠷᠢᠯᠳᠦᠭᠦᠯᠪᠡ᠃ ᠠᠵᠤ ᠦᠢᠯᠡᠰ᠂ ᠡᠮ ᠡᠮᠨᠡᠯᠭᠡ᠂ ᠰᠤᠷᠭᠠᠨ | ᠬᠥᠮᠦᠵᠢᠯ ᠵᠡᠷᠭᠡ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠷᠢᠯᠢᠭ ᠣᠨᠣᠴᠠᠲᠠᠢ ᠪᠠᠷ ᠬᠡᠷᠡᠭᠵᠢᠭᠦᠯᠵᠦ᠂ | ᠭᠤᠣᠯᠳᠠᠯᠭ᠎ᠠ ᠲᠠᠢ ᠬᠥᠮᠥᠰ ᠤᠨ ᠲᠠᠬᠢᠨ ᠶᠠᠳᠠᠭᠤᠷᠠᠬᠤ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠵᠦ᠂ | ᠬᠥᠳᠡᠯᠦᠩᠭᠦᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠡᠳᠦᠷ ᠢᠷᠡᠬᠦᠶ᠎ᠡ ᠲᠡᠭᠦᠯᠳᠡᠷᠵᠢᠪᠡ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠡᠯᠡ ᠮᠥᠩᠭᠦ ᠶᠢ ᠨᠡᠶᠢᠳᠡ 6047 ᠲᠦᠮᠡᠨ | ᠲᠥᠭᠦᠷᠢᠭ ᠣᠷᠣᠭᠤᠯᠵᠤ᠂ ᠲᠥᠬᠦᠭᠡᠷᠦᠮᠵᠢᠲᠦ ᠲᠠᠷᠢᠶᠠᠯᠠᠩ᠂ ᠣᠨᠴᠠᠯᠢᠭᠲᠤ ᠲᠡᠵᠢᠭᠡᠨ ᠦᠷᠡᠵᠢᠭᠦᠯᠬᠦ᠂ ᠬᠦᠢᠲᠡᠨ ᠢᠶᠠᠷ | ᠬᠠᠳᠠᠭᠠᠯᠠᠬᠤ ᠵᠡᠷᠭᠡ ᠬᠦᠷᠢᠶᠡᠨ ᠤ 18 ᠲᠦᠷᠦᠯ ᠵᠦᠢᠯ ᠢ ᠤᠷᠢᠳ ᠬᠤᠵᠢᠳ ᠪᠠᠶᠢᠭᠤᠯᠵᠤ᠂ ᠠᠵᠤ ᠦᠢᠯᠡᠰ ᠤᠨ | ᠰᠠᠭᠤᠷᠢ ᠶᠢ ᠨᠡᠩ ᠪᠠᠲᠤᠳᠬᠠᠪᠠ᠃ ᠬᠥᠳᠡᠭᠡ ᠲᠣᠰᠬᠤᠨ ᠤ ᠵᠠᠰᠠᠮᠠᠯ ᠵᠠᠮ ᠢ 310 ᠺᠢᠯᠣᠮᠧᠲᠷ ᠪᠦᠲᠦᠭᠡᠨ | ᠪᠠᠶᠢᠭᠤᠯᠵᠤ ᠠᠷᠠᠴᠢᠯᠠᠨ ᠬᠠᠮᠠᠭᠠᠯᠠᠵᠤ᠂ 10 ᠰᠠᠭᠤᠷᠢ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠢ | ᠬᠡᠷᠡᠭᠵᠢᠭᠦᠯᠦᠨ᠂ ᠠᠶᠢᠯ ᠲᠣᠰᠬᠤᠨ ᠤ ᠨᠣᠭᠤᠭᠠᠷᠠᠭᠤᠯᠤᠯᠲᠠ ᠭᠤᠶᠣᠵᠢᠭᠤᠯᠤᠯᠲᠠ ᠶᠢ ᠪᠥᠬᠦ ᠵᠢᠯ ᠤᠨ ᠬᠠᠷᠠᠯᠲᠠ ᠶᠢᠨ | 200% ᠶᠢ ᠪᠡᠶᠡᠯᠡᠭᠦᠯᠵᠦ᠂ ᠬᠥᠳᠡᠭᠡ ᠲᠣᠰᠬᠤᠨ ᠤ ᠵᠣᠷᠯᠣᠩ ᠢ ᠥᠭᠡᠷᠡᠴᠢᠯᠡᠬᠦ ᠣᠨ ᠤ ᠡᠭᠦᠷᠭᠡ ᠶᠢ ᠪᠦᠬᠦᠨ ᠢ | ᠪᠡᠶᠡᠯᠡᠭᠦᠯᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ | ᠬᠡᠷᠡᠭᠵᠢᠭᠦᠯᠪᠡ᠃ | ᠨᠢᠭᠡ ᠵᠢᠯ ᠤᠨ ᠲᠤᠷᠰᠢ᠂ ᠪᠢᠳᠡ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ | ᠬᠥᠭᠵᠢᠭᠦᠯᠬᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠬᠤ ᠳᠤ | ᠠᠩᠬᠠᠷᠤᠯ ᠢᠶᠠᠨ ᠲᠥᠪᠯᠡᠷᠡᠭᠦᠯᠪᠡ᠃ ︽ᠭᠤᠷᠪᠠᠨ ᠣᠷᠣᠨ ᠭᠤᠷᠪᠠᠨ ᠱᠤᠭᠤᠮ︾ ᠢ ᠵᠠᠭᠠᠭᠯᠠᠨ ᠲᠣᠭᠲᠠᠭᠠᠬᠤ ᠶᠢ | ᠥᠨᠳᠥᠷ ᠪᠠᠷᠢᠮᠵᠢᠶ᠎ᠠ ᠪᠠᠷ ᠪᠡᠶᠡᠯᠡᠭᠦᠯᠵᠦ᠂ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠬᠤ ᠣᠯᠠᠨ ᠲᠦᠮᠡᠨ ᠤ ᠣᠷᠴᠢᠨ ᠲᠣᠭᠤᠷᠢᠨ ᠤ ᠵᠠᠬᠢᠳᠠᠯ | ᠰᠣᠷᠪᠤᠯᠵᠢᠯᠠᠭ᠎ᠠ ᠶᠢᠨ ᠬᠡᠷᠡᠭ ᠢ 37 ᠬᠤᠪᠢ ᠴᠢᠨᠠᠷ ᠰᠠᠶᠢᠲᠠᠢ ᠰᠢᠢᠳᠪᠦᠷᠢᠯᠡᠵᠦ᠂ ᠣᠶ ᠰᠢᠭᠤᠢ ᠨᠤᠲᠤᠭ | ᠪᠡᠯᠴᠢᠭᠡᠷ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ ᠱᠠᠲᠤ ᠦᠶᠡᠴᠢ ᠴᠢᠨᠠᠷᠲᠠᠢ ᠪᠠᠷ ᠳ᠋ᠤᠭᠠᠷ ᠬᠠᠰᠤᠭᠰᠠᠨ | ᠨᠣᠷᠮ᠎ᠠ ᠶᠢ 100% ᠳᠤ ᠬᠦᠷᠭᠡᠪᠡ᠃ ᠭᠤᠣᠯ ᠬᠤᠳᠠ ᠶᠢᠨ ᠲᠣᠭᠤᠷᠢᠭ ᠤᠨ ᠠᠭᠠᠷ ᠤᠨ ᠶᠠᠰᠤ ᠴᠢᠨᠠᠷ ᠰᠢᠯᠢᠳᠡᠭ | ᠰᠠᠶᠢᠨ ᠡᠳᠦᠷ ᠤᠨ ᠲᠤᠭ᠎ᠠ ᠶᠢᠨ ᠬᠠᠷᠢᠴᠠᠯ ᠢ 90.4% ᠠᠴᠠ ᠳᠡᠭᠡᠭᠰᠢ ᠬᠡᠮᠵᠢᠶᠡᠨ ᠳᠤ ᠲᠣᠭᠲᠠᠪᠤᠷᠢᠵᠢᠭᠤᠯᠵᠤ᠂ | ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠵᠢᠷᠤᠮᠵᠢᠭᠤᠯᠬᠤ ᠪᠦᠲᠦᠭᠡᠨ ᠪᠠᠶᠢᠭᠤᠯᠤᠯᠲᠠ ᠶᠢ | ᠤᠷᠤᠭᠰᠢᠲᠠᠢ ᠳᠠᠭᠤᠰᠬᠠᠵᠤ᠂ ᠪᠠᠯᠭᠠᠰᠤ ᠲᠣᠰᠬᠤᠨ ᠤ ᠲᠡᠰ ᠤᠨ ᠲᠥᠪᠯᠡᠷᠡᠩᠭᠦᠢ ᠤᠤᠭᠤᠬᠤ ᠤᠰᠤᠨ ᠤ ᠡᠬᠢ | ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ ᠵᠠᠭᠠᠭᠯᠠᠨ | ᠲᠣᠭᠲᠠᠭᠠᠬᠤ ᠶᠢ ᠪᠡᠶᠡᠯᠡᠭᠦᠯᠵᠦ᠂ ᠲᠠᠷᠢᠶᠠᠯᠠᠩ ᠳᠤ ᠬᠡᠷᠡᠭᠯᠡᠬᠦ ᠭᠠᠵᠠᠷ ᠤᠨ ᠪᠣᠷᠳᠣᠭᠤᠷ ᠢ ᠬᠢᠵᠠᠭᠠᠷᠯᠠᠨ ᠡᠮ ᠢ | ᠪᠠᠭᠠᠰᠬᠠᠭᠰᠠᠨ ᠶᠡᠷᠦᠩᠬᠡᠢ ᠬᠡᠮᠵᠢᠶ᠎ᠡ ᠶᠢ ᠠᠳᠠᠯᠢ ᠬᠤᠭᠤᠴᠠᠭᠠᠨ ᠤ ᠬᠢ ᠠᠴᠠ 16.3% ᠪᠠ 3.3% ᠪᠠᠷ | ᠪᠠᠭᠠᠰᠬᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠢ ᠭᠦᠨᠵᠡᠭᠡᠢ ᠲᠦᠯᠬᠢᠨ | ᠠᠬᠢᠭᠤᠯᠪᠠ᠃ ᠪᠠᠯᠭᠠᠰᠤ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠳᠣᠣᠷ᠎ᠠ ᠳᠤᠯᠠᠭᠠᠨ ᠳᠤ ᠬᠦᠳᠡᠷᠵᠢᠭᠦᠯᠦᠨ | ᠰᠢᠢᠳᠪᠦᠷᠢᠯᠡᠬᠦ 9 ᠦᠷᠳᠡᠭᠡ ᠶᠢ ᠪᠠᠶᠢᠭᠤᠯᠵᠤ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠰᠢᠢᠳᠪᠦᠷᠢᠯᠡᠬᠦ | ᠲᠥᠬᠦᠭᠡᠷᠦᠮᠵᠢ ᠶᠢᠨ ᠢᠵᠢ ᠪᠦᠷᠢᠳᠦᠭᠦᠯᠬᠦ ᠨᠤᠷᠮ᠎ᠠ ᠶᠢ 90% ᠠᠴᠠ ᠳᠡᠭᠡᠭᠰᠢ ᠳᠤ ᠬᠦᠷᠭᠡᠵᠦ᠂ ᠬᠥᠳᠡᠭᠡ | ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠪᠠ᠃ 31 | ᠭᠤᠣᠯ ᠮᠥᠷᠡᠨ ᠨᠠᠭᠤᠷ ᠴᠥᠭᠦᠷᠥᠮ ᠢ ᠴᠡᠪᠡᠷᠯᠡᠵᠦ᠂ ᠳᠥᠷᠪᠡ ᠶᠢ ᠰᠠᠮᠠᠭᠤᠷᠠᠭᠤᠯᠬᠤ ᠶᠢ ᠥᠨᠳᠥᠷ ᠪᠦᠲᠦᠮᠵᠢᠲᠡᠶ ᠪᠠᠷ | ᠪᠡᠶᠡᠯᠡᠭᠦᠯᠵᠦ᠂ ᠦᠶᠡᠷ ᠤᠨ ᠭᠤᠣᠯ ᠤᠨ ᠭᠤᠣᠯ ᠮᠥᠷᠡᠨ ᠤ ᠴᠢᠳᠠᠮᠵᠢ ᠶᠢ ᠰᠡᠷᠭᠦᠭᠡᠵᠦ᠂ ᠮᠣᠷᠢᠨ ᠰᠦᠮ᠎ᠡ ᠶᠢᠨ | ᠤᠰᠤᠨ ᠴᠥᠭᠦᠷᠥᠮ ᠳᠤ ᠬᠥᠬᠡᠮᠳᠦᠭ ᠤᠰᠤ ᠲᠠᠬᠢᠨ ᠢᠯᠡᠷᠡᠵᠦ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ | ᠲᠠᠲᠠᠭᠰᠠᠨ ᠣᠷᠣᠨ ᠤ ᠵᠠᠰᠠᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠪᠠ᠃ ᠠᠭᠤᠯᠠ ᠤᠰᠤ ᠣᠶ ᠰᠢᠭᠤᠢ | ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠡᠯᠡᠰᠦ ᠬᠢᠭᠡᠳ ᠡᠸᠦ᠋ᠷᠦᠫᠡ ᠶᠢᠨ ᠪᠡᠯᠡ ᠣᠷᠣᠭᠤᠯᠤᠯᠲᠠ ᠶᠢᠨ | ᠪᠠᠩᠬᠢ ᠶᠢᠨ ᠵᠢᠭᠡᠯᠡᠯᠭᠡ ᠪᠠᠷ ᠣᠶᠢᠵᠢᠭᠤᠯᠬᠤ ᠲᠥᠷᠥᠯ ᠵᠦᠢᠯ ᠢ ᠨᠢᠭᠡᠳᠦᠯᠲᠡᠢ ᠲᠥᠯᠥᠪᠯᠡᠨ ᠬᠡᠷᠡᠭᠵᠢᠭᠦᠯᠵᠦ᠂ 2 | ᠲᠦᠮᠡᠨ ᠮᠦ ᠨᠣᠭᠤᠭᠠᠷᠠᠭᠤᠯᠵᠤ ᠣᠶᠢᠵᠢᠭᠤᠯᠬᠤ ᠲᠥᠷᠥᠯ ᠵᠦᠢᠯ ᠢ ᠰᠢᠨ᠎ᠡ ᠪᠠᠷ ᠨᠡᠮᠡᠭᠳᠡᠭᠦᠯᠦᠨ᠂ ᠠᠮᠢ ᠠᠬᠤᠢ ᠶᠢᠨ | ᠰᠢᠰᠲ᠋ᠧᠮ ᠤᠨ ᠬᠠᠮᠠᠭᠠᠯᠠᠯᠲᠠ ᠲᠣᠭᠲᠠᠭᠤᠨ ᠢᠶᠠᠷ ᠰᠠᠶᠢᠵᠢᠷᠠᠪᠠ᠃ ᠬᠤᠸᠠ ᠲᠦᠩ ᠤᠨ ᠠᠮᠢᠳᠤᠷᠠᠯ ᠤᠨ ᠬᠤᠭ | ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ ᠲᠦᠷᠦᠯ ᠵᠦᠢᠯ ᠢ ᠪᠠᠶᠢᠭᠤᠯᠤᠨ ᠲᠤᠷᠰᠢᠨ ᠬᠡᠷᠡᠭᠵᠢᠭᠦᠯᠵᠦ᠂ ᠨᠠᠷᠢᠯᠢᠭ | ᠬᠢᠮᠢ ᠶᠢᠨ ᠬᠥᠬᠡ ᠡᠷᠳᠡᠨᠢ ᠶᠢᠨ ᠴᠢᠯᠠᠭᠤ ᠶᠢᠨ ᠤᠷᠳᠤ ᠲᠠᠯᠠᠰᠲᠤ ᠵᠤᠤᠬ᠎ᠠ ᠶᠢᠨ ᠮᠡᠷᠭᠡᠵᠢᠯ ᠤᠨ ᠥᠭᠡᠷᠡᠴᠢᠯᠡᠯᠲᠡ ᠪᠠᠷ | ᠲᠠᠩ ᠪᠡᠶ᠎ᠡ ᠶᠢᠨ ᠡᠨᠧᠷᠭᠢ ᠶᠢᠨ ᠬᠤᠷᠣᠭᠳᠠᠯ ᠢ 58% ᠠᠴᠠ ᠳᠡᠭᠡᠭᠰᠢ ᠪᠠᠭᠠᠰᠬᠠᠬᠤ ᠶᠢ ᠠᠬᠢᠭᠤᠯᠵᠤ᠂ ᠪᠣᠬᠢᠷᠲᠤᠯ ᠢ | ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠳᠤ ᠬᠠᠮᠵᠢᠯᠴᠠᠨ ᠦᠷ᠎ᠡ ᠠᠰᠢᠭ ᠢ ᠨᠡᠮᠡᠭᠳᠡᠭᠦᠯᠬᠦ ᠶᠢ | ᠪᠡᠶᠡᠯᠡᠭᠦᠯᠪᠡ᠃ | ᠨᠢᠭᠡ ᠵᠢᠯ ᠤᠨ ᠲᠤᠷᠰᠢ᠂ ᠪᠢᠳᠡ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠨᠡᠭᠡᠭᠡᠯᠲᠡ ᠶᠢ ᠥᠷᠭᠡᠳᠬᠡᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠶᠢᠨ ᠬᠥᠳᠡᠯᠭᠡᠭᠴᠢ ᠡᠨᠧᠷᠭᠢ ᠶᠢ ᠭᠦᠢᠴᠡᠳ ᠪᠠᠳᠠᠷᠠᠭᠤᠯᠪᠠ᠃ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠪᠦᠬᠦ | ᠲᠠᠯ᠎ᠠ ᠪᠠᠷ ᠳᠠᠭᠤᠰᠴᠤ᠂ ᠡᠵᠡᠩᠨᠡᠯᠲᠡ ᠶᠢᠨ ᠴᠢᠨᠠᠷᠲᠠᠢ 14 ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠴᠥᠮ | ᠨᠢᠭᠡᠳᠦᠯᠲᠡᠢ ᠬᠢᠨᠠᠨ ᠬᠠᠮᠢᠶᠠᠷᠪᠠ᠃ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠥᠭᠡᠷᠡᠴᠢᠯᠡᠯᠲᠡ ᠶᠢ | ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ︽ᠨᠢᠭᠤᠷ ᠵᠣᠯᠭᠠᠬᠤ ᠦᠭᠡᠢ ᠪᠠᠷ ᠳᠠᠭᠠᠭᠠᠴᠢᠯᠠᠯᠲᠠ ᠨᠡᠶᠢᠲᠡᠯᠡᠬᠦ︾ | ᠵᠠᠭᠪᠤᠷ ᠢ ᠪᠦᠬᠦ ᠲᠠᠯ᠎ᠠ ᠪᠠᠷ ᠳᠡᠯᠭᠡᠷᠡᠭᠦᠯᠪᠡ᠃ ᠰᠢᠭᠤᠳ ᠬᠠᠷᠢᠶ᠎ᠠ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠶᠢᠨ ᠣᠷᠣᠨ ᠲᠤᠭ᠎ᠠ ᠶᠢ ᠳᠠᠩᠰᠠᠯᠠᠬᠤ ᠳᠦᠷᠢᠮ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ | ᠠᠵᠢᠯᠲᠠᠨ ᠤ ᠬᠠᠮᠢᠶᠠᠷᠤᠯᠲᠠ᠂ ᠠᠵᠢᠯ ᠤᠨ ᠪᠠᠶᠢᠷᠢ ᠶᠢᠨ ᠲᠣᠬᠢᠷᠠᠭᠤᠯᠤᠯᠲᠠ᠂ ᠴᠠᠯᠢᠩ ᠬᠥᠯᠥᠰᠦ ᠣᠯᠭᠤᠮᠵᠢ ᠶᠢ ᠨᠠᠩ | ᠲᠡᠩᠴᠡᠭᠦᠷᠢᠲᠡᠢ ᠪᠣᠯᠭᠠᠪᠠ᠃ ᠲᠣᠭᠤᠷᠢᠭ ᠤᠨ ᠲᠠᠰ ᠤᠨ 5 ᠡᠮᠨᠡᠯᠭᠡ ᠶᠢᠨ ᠬᠤᠷᠢᠶ᠎ᠠ ᠡᠮ ᠡᠮᠨᠡᠯᠭᠡ ᠶᠢᠨ | ᠳᠠᠭᠠᠳᠬᠠᠯ ᠤᠨ DIP ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠤᠷᠤᠭᠰᠢᠲᠠᠢ ᠪᠡᠶᠡᠯᠡᠭᠦᠯᠵᠦ᠂ | ᠱᠠᠲᠤ ᠬᠤᠪᠢᠶᠠᠨ ᠣᠨᠣᠰᠢᠯᠠᠨ ᠡᠮᠨᠡᠵᠦ᠂ ᠡᠪᠡᠳᠴᠢᠨ ᠤ ᠪᠠᠶᠢᠳᠠᠯ ᠳᠤᠨᠢ ᠲᠣᠬᠢᠷᠠᠭᠤᠯᠤᠨ ᠵᠠᠰᠠᠵᠤ᠂ ᠰᠠᠭᠤᠷᠢ | ᠮᠥᠩᠭᠦᠨ ᠤ ᠠᠮᠤᠷ ᠲᠦᠪᠰᠢᠨ ᠢ ᠪᠥᠬᠦ ᠲᠠᠯ᠎ᠠ ᠪᠠᠷ ᠪᠠᠲᠤᠯᠠᠪᠠ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠪᠡᠷᠬᠡ ᠰᠡᠳᠦᠪ ᠢ ᠰᠢᠢᠳᠪᠦᠷᠢᠯᠡᠬᠦ ᠣᠨ ᠤ ᠲᠤᠰᠬᠠᠢ ᠠᠵᠢᠯᠯᠠᠭ᠎ᠠ ᠶᠢ ᠡᠷᠡᠰ ᠨᠠᠶᠢᠳᠠᠪᠤᠷᠢᠵᠢᠭᠤᠯᠵᠤ᠂ | ᠭᠤᠷᠪᠠᠳᠠᠭᠢ ᠡᠲᠡᠭᠡᠳ ᠤᠨ ᠠᠵᠤ ᠠᠬᠤᠶᠢᠯᠠᠯ ᠢ ᠤᠷᠢᠳ ᠢᠶᠠᠷ ᠣᠷᠣᠭᠤᠯᠤᠨ ᠠᠪᠴᠢᠷᠠᠵᠤ ︽ᠶᠡᠷᠦᠩᠬᠡᠶᠢᠯᠡᠭᠰᠡᠨ ᠨᠢᠭᠡ | ᠴᠣᠩᠬᠤ︾ ᠶᠢᠨ ᠦᠢᠯᠡᠴᠢᠯᠡᠭᠡ ᠶᠢ ᠬᠡᠷᠡᠭᠵᠢᠭᠦᠯᠦᠨ᠂ 1289 ᠬᠡᠷᠡᠭ ᠶᠠᠪᠤᠳᠠᠯ ᠢ ᠢᠯᠭᠠᠭ᠎ᠠ ᠦᠭᠡᠢ | ᠰᠢᠢᠳᠪᠦᠷᠢᠯᠡᠬᠦ ᠶᠢ ᠪᠡᠶᠡᠯᠡᠭᠦᠯᠪᠡ᠃ ︽ᠳᠥᠷᠪᠡ ᠶᠢ ᠭᠦᠢᠴᠡᠳᠬᠡᠬᠦ︾ ᠥᠭᠡᠷᠡᠴᠢᠯᠡᠯᠲᠡ ᠦᠷᠭᠦᠯᠵᠢᠯᠡᠨ | ᠭᠦᠨᠵᠡᠭᠡᠶᠢᠷᠡᠵᠦ᠂ 1494 ᠬᠢᠨᠠᠨ ᠵᠥᠪᠰᠢᠶᠡᠷᠡᠬᠦ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠤ ᠣᠷᠣᠭᠤᠯᠤᠨ ︽ | ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾᠂ ︽ᠠᠯᠠᠭᠠᠨ ᠳᠡᠭᠡᠷ᠎ᠡ ᠪᠠᠨ ᠭᠦᠢᠴᠡᠳᠬᠡᠬᠦ︾᠂ ︽ᠣᠶᠢᠷ᠎ᠠ | ᠬᠠᠪᠢ ᠳᠠᠭᠠᠨ ᠭᠦᠢᠴᠡᠳᠬᠡᠬᠦ︾᠂ ︽ᠨᠢᠭᠡ ᠯᠡ ᠤᠳᠠᠭ᠎ᠠ ᠳᠤ ᠭᠦᠢᠴᠡᠳᠬᠡᠬᠦ︾ ᠵᠦᠢᠯᠡᠰ ᠢ ᠪᠦᠬᠦᠯᠢ ᠴᠣᠭᠴᠠ ᠪᠠᠷ | ᠨᠢ ᠳᠡᠭᠡᠭᠰᠢᠯᠡᠭᠦᠯᠵᠦ᠂ ᠬᠠᠪᠰᠤᠷᠤᠨ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠰᠠᠯᠠᠭ᠎ᠠ ᠮᠥᠴᠢᠷ᠂ ᠪᠠᠯᠭᠠᠰᠤ | ᠵᠡᠭᠡᠯᠢ᠂ ᠬᠦᠷᠢᠶᠡᠯᠡᠩ ᠲᠣᠭᠤᠷᠢᠭ ᠲᠤ ᠪᠦᠬᠦᠨ ᠢ ᠬᠠᠮᠤᠷᠬᠤ ᠶᠢ ᠪᠡᠶᠡᠯᠡᠭᠦᠯᠪᠡ᠃ ᠨᠡᠶᠢᠭᠡᠮ ᠤᠨ ᠪᠡᠯᠡ | ᠣᠷᠣᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ 35 ᠠᠵᠢᠯᠯᠠᠬᠤ ᠡᠳᠦᠷ | ᠪᠣᠯᠭᠠᠨ ᠪᠠᠭᠠᠰᠬᠠᠵᠤ᠂ ᠪᠥᠬᠦ ᠶᠠᠪᠤᠴᠠ ᠶᠢ ᠰᠦᠯᠵᠢᠶ᠎ᠡ ᠪᠠᠷ ᠡᠷᠭᠢᠯᠡᠵᠦ᠂ ᠬᠠᠮᠲᠤᠷᠠᠨ ᠬᠢᠨᠠᠨ ᠵᠥᠪᠰᠢᠶᠡᠷᠡᠬᠦ ᠵᠠᠭᠪᠤᠷ ᠢ | ᠨᠡᠶᠢᠯᠡᠭᠦᠯᠦᠨ ᠰᠠᠯᠠᠭᠠᠨ ᠤ ᠲᠣᠭᠤᠷᠢᠭ ᠤᠨ ᠬᠤᠷᠳᠤᠴᠠ ᠶᠢ ᠰᠢᠨᠡᠳᠬᠡᠪᠡ᠃ ᠮᠣᠩᠭᠤᠯ ᠡᠮ ᠡᠮᠨᠡᠯᠭᠡ ᠶᠢᠨ | ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠪᠥᠬᠦ ᠬᠤᠲᠠ ᠶᠢᠨ ᠠᠩᠬᠠᠳᠠᠭᠴᠢ ᠭᠠᠳᠠᠭᠠᠳᠤ ᠶᠢᠨ | ᠬᠠᠷᠢᠶᠠᠲᠤ ᠠᠺᠠᠳᠧᠮᠢᠴᠢ ᠲᠤᠰᠬᠠᠢ ᠮᠡᠷᠭᠡᠵᠢᠯᠲᠡᠨ ᠤ ᠠᠵᠢᠯ ᠤᠨ ᠥᠷᠲᠡᠭᠡ ᠪᠠᠷ ᠦᠨᠡᠯᠡᠭᠳᠡᠵᠦ᠂ ᠳ᠋ᠠ ᠯᠢᠨ ᠮᠠᠶ᠋ᠢᠭ ᠤᠨ | ᠡᠯᠡᠰᠦ᠂ ᠨᠠᠷᠢᠯᠢᠭ ᠠᠵᠤ ᠦᠢᠯᠡᠳᠪᠦᠷᠢ ᠶᠢᠨ ᠪᠢᠳᠦᠷᠶ᠎ᠡ ᠥᠪᠡᠷᠲᠡᠭᠡᠨ ᠵᠠᠰᠠᠬᠤ ᠣᠷᠣᠨ ᠤ ᠲᠤᠰᠬᠠᠢ ᠨᠠᠷᠢᠯᠢᠭ ᠣᠨᠴᠠ | ᠰᠢᠨ᠎ᠡ ᠠᠵᠤ ᠠᠬᠤᠶᠢᠯᠠᠯ ᠤᠨ ᠬᠥᠮᠥᠷᠭᠡ ᠳᠤ ᠣᠷᠣᠭᠰᠠᠨ᠂ ᠸᠧᠢ ᠢᠦᠢ ᠠᠮᠢᠳᠤ ᠪᠣᠳᠠᠰ ᠥᠪᠡᠷᠲᠡᠭᠡᠨ ᠵᠠᠰᠠᠬᠤ | ᠣᠷᠣᠨ ᠤ ᠰᠢᠨ᠎ᠡ ᠶᠢ ᠡᠭᠦᠳᠬᠦ ᠮᠠᠶ᠋ᠢᠭ ᠤᠨ ᠳᠤᠮᠳᠠ ᠵᠢᠵᠢᠭ ᠠᠵᠤ ᠠᠬᠤᠶᠢᠯᠠᠯ ᠳᠤ ᠣᠷᠣᠭᠰᠠᠨ᠂ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠢᠶᠠᠷ ᠦᠨᠡᠯᠡᠭᠳᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠳᠤᠮᠳᠠ ᠵᠢᠵᠢᠭ ᠠᠵᠤ | ᠠᠬᠤᠶᠢᠯᠠᠯ 22 ᠪᠣᠯᠵᠤ ᠨᠡᠮᠡᠭᠳᠡᠪᠡ᠃ ᠪᠥᠬᠦ ᠠᠵᠢᠯᠲᠠᠨ ᠪᠥᠬᠦ ᠤᠯᠠᠷᠢᠯ ᠳᠤ ᠬᠤᠳᠠᠯᠳᠤᠭᠠᠴᠢᠨ ᠤᠷᠢᠬᠤ᠂ | ᠰᠦᠯᠵᠢᠶ᠎ᠡ ᠪᠠᠷ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠳ ᠤᠨ ᠡᠪᠯᠡᠯ ᠤᠨ ᠨᠡᠶᠢᠭᠡᠮᠯᠢᠭ ᠤᠨ ᠬᠤᠳᠠᠯᠳᠤᠭᠠᠴᠢᠨ | ᠤᠷᠢᠬᠤ ᠲᠥᠷᠥᠯ ᠵᠦᠢᠯ ᠤᠨ ᠲᠠᠲᠠᠬᠤ ᠠᠷᠭ᠎ᠠ ᠵᠠᠮ ᠢ ᠪᠥᠬᠦ ᠲᠠᠯ᠎ᠠ ᠪᠠᠷ ᠥᠷᠭᠡᠳᠬᠡᠵᠦ᠂ ᠬᠤᠩ ᠮᠧᠩ ᠤᠨ ᠮᠠᠰᠢᠨ | ᠲᠡᠷᠭᠡᠨ ᠤ ᠠᠷᠠᠯᠵᠢᠶ᠎ᠠ᠂ ᠬᠠᠢ ᠯᠢᠨ ᠠᠮᠢᠳᠤ ᠪᠣᠳᠠᠰ᠂ ᠵᠢᠢ ᠰᠢᠩ ᠢᠦᠢ ᠺᠠᠷᠲ᠋ᠣᠨ ᠵᠢᠷᠤᠭ ᠵᠡᠷᠭᠡ 12 ᠲᠥᠷᠥᠯ | ᠵᠦᠢᠯ ᠳᠤ ᠲᠤᠬᠠᠢ ᠶᠢᠨ ᠵᠢᠯ ᠳᠤ ᠭᠡᠷ᠎ᠡ ᠲᠣᠭᠲᠠᠬᠤ᠂ ᠲᠤᠬᠠᠢ ᠶᠢᠨ ᠵᠢᠯ ᠳᠤ ᠠᠰᠢᠭᠯᠠᠯᠲᠠ ᠳᠤ ᠣᠷᠣᠭᠤᠯᠬᠤ ᠶᠢ | ᠪᠡᠶᠡᠯᠡᠭᠦᠯᠵᠦ᠂ ᠪᠥᠬᠦ ᠵᠢᠯ ᠳᠤ ᠰᠢᠨ᠎ᠡ ᠪᠠᠷ ᠭᠡᠷ᠎ᠡ ᠲᠣᠭᠲᠠᠭᠰᠠᠨ ᠮᠢᠩᠭᠠᠨ ᠲᠦᠮᠡᠨ ᠲᠥᠭᠦᠷᠢᠭ ᠠᠴᠠ ᠳᠡᠭᠡᠭᠰᠢᠬᠢ | ᠲᠥᠷᠥᠯ ᠵᠦᠢᠯ 71 ᠪᠠᠶᠢᠵᠤ᠂ ᠵᠢᠱᠢᠯᠲᠡ ᠪᠠᠷ ᠪᠣᠳᠠᠲᠠᠶᠢᠵᠢᠭᠤᠯᠤᠭᠰᠠᠨ ᠪᠡᠯᠡ ᠮᠥᠩᠭᠦ 60.8 ᠳ᠋ᠦᠩᠰᠢᠭᠤᠷ | ᠲᠥᠭᠦᠷᠢᠭ ᠢ ᠳᠠᠪᠠᠪᠠ᠃ | ᠨᠢᠭᠡ ᠵᠢᠯ ᠤᠨ ᠲᠤᠷᠰᠢ᠂ ᠪᠢᠳᠡ ᠣᠯᠠᠨ ᠲᠦᠮᠡᠨ ᠤ ᠠᠩᠬᠠᠷᠤᠯ᠂ ᠠᠷᠠᠳ ᠤᠨ ᠠᠮᠢᠳᠤᠷᠠᠯ ᠤᠨ | ᠬᠠᠨᠳᠤᠰᠢ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠢᠷᠭᠡᠳ ᠤᠨ ᠪᠤᠶᠠᠨ ᠬᠡᠰᠢᠭ ᠦᠷᠭᠦᠯᠵᠢᠯᠡᠨ ᠨᠡᠮᠡᠭᠳᠡᠪᠡ᠃ | ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠶᠢ ᠳᠡᠮᠵᠢᠬᠦ ᠵᠡᠷᠭᠡ ᠡᠯ᠎ᠡ ᠲᠥᠷᠥᠯ ᠤᠨ | ᠨᠥᠬᠦᠪᠦᠷᠢ ᠪᠡᠯᠡ ᠮᠥᠩᠭᠦ ᠶᠢ ᠨᠡᠶᠢᠲᠡ 6200 ᠲᠦᠮᠡᠨ ᠲᠥᠭᠦᠷᠢᠭ ᠲᠠᠷᠬᠠᠭᠠᠵᠤ᠂ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠠᠳᠠᠯ ᠦᠢᠯᠡᠰ ᠴᠣᠭᠴᠠᠯᠠᠬᠤ ᠪᠠᠲᠤᠯᠠᠭᠠᠲᠤ ᠵᠢᠭᠡᠯᠡᠯᠭᠡ ᠲᠠᠯᠪᠢᠬᠤ ᠶᠢ ᠲᠦᠯᠬᠢᠨ ᠠᠬᠢᠭᠤᠯᠵᠤ᠂ | 3000 ᠭᠠᠷᠤᠢ ᠬᠥᠮᠥᠨ ᠢ ᠳᠠᠶᠢᠴᠢᠯᠠᠨ ᠠᠮᠵᠢᠯᠲᠠ ᠲᠠᠢ ᠪᠠᠷ ᠠᠳᠠᠯ ᠦᠢᠯᠡᠰ ᠴᠣᠭᠴᠠᠯᠠᠭᠤᠯᠵᠤ᠂ ᠵᠧᠵᠢᠶᠠᠩ ᠤᠨ | ᠵᠢᠶᠠᠰᠢᠩ᠂ ᠭᠤᠸᠠᠩᠳᠦ᠋ᠩ ᠤᠨ ᠾᠦᠢᠵᠸᠤ ᠵᠡᠷᠭᠡ ᠭᠠᠵᠠᠷ ᠣᠷᠣᠨ ᠯᠤᠭ᠎ᠠ ᠬᠥᠳᠡᠯᠮᠦᠷᠢ ᠬᠦᠴᠦᠨ ᠤ ᠭᠠᠷᠭᠠᠯᠲᠠ ᠶᠢ | ᠴᠢᠩᠭᠠᠷᠠᠭᠤᠯᠤᠨ᠂ 8.15 ᠲᠦᠮᠡᠨ ᠬᠥᠮᠥᠨ ᠳᠤ ᠬᠥᠳᠡᠯᠮᠦᠷᠢ ᠬᠦᠴᠦᠨ ᠤ ᠭᠠᠷᠭᠠᠯᠲᠠ ᠶᠢ ᠪᠡᠶᠡᠯᠡᠭᠦᠯᠵᠦ᠂ ᠬᠤᠲᠠ | ᠪᠠᠯᠭᠠᠰᠤᠨ ᠳᠤ 4760 ᠬᠥᠮᠥᠨ ᠳᠤ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ | ᠠᠯᠳᠠᠯᠲᠠ ᠶᠢᠨ ᠨᠣᠷᠮ᠎ᠠ ᠶᠢ 3.98% ᠶᠢᠨ ᠳᠣᠲᠣᠷ᠎ᠠ ᠬᠢᠵᠠᠭᠠᠷᠯᠠᠪᠠ᠃ ᠠᠮᠢᠳᠤᠷᠠᠯ ᠤᠨ ᠨᠠᠭᠠᠲᠤ ᠵᠠᠬ᠎ᠠ ᠶᠢᠨ | ᠪᠠᠲᠤᠯᠠᠭ᠎ᠠ ᠶᠢᠨ ᠮᠥᠩᠭᠦ᠂ ᠣᠨᠴᠠ ᠬᠦᠴᠢᠷᠳᠡᠯ ᠤᠨ ᠨᠥᠬᠦᠪᠦᠷᠢ᠂ ᠵᠡᠮᠳᠡᠭᠴᠦᠳ ᠤᠨ ᠨᠥᠬᠦᠪᠦᠷᠢ ᠵᠡᠷᠭᠡ ᠡᠯ᠎ᠡ | ᠲᠥᠷᠥᠯ ᠤᠨ ᠪᠡᠯᠡ ᠮᠥᠩᠭᠦ ᠶᠢ 1.96 ᠳ᠋ᠦᠩᠰᠢᠭᠤᠷ ᠲᠥᠭᠦᠷᠢᠭ ᠲᠠᠷᠬᠠᠭᠠᠵᠤ᠂ ᠬᠤᠲᠠ ᠬᠥᠳᠡᠭᠡ ᠶᠢᠨ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠪᠡ᠃ ᠨᠣᠮ ᠤᠨ | ᠰᠠᠩ ᠤᠨ ᠰᠢᠨ᠎ᠡ ᠣᠷᠳᠣᠨ ᠢ ᠡᠬᠢᠯᠡᠨ ᠪᠠᠶᠢᠭᠤᠯᠵᠤ᠂ ᠤᠯᠠᠭᠠᠨᠮᠥ᠋ᠴᠢᠷ ᠤᠨ ᠤᠤᠭᠠᠯ ᠪᠥᠵᠢᠭ ︽ᠰᠢᠷᠭᠠᠭᠤ | ᠬᠠᠲᠠᠭᠤᠵᠢᠯᠲᠠᠢ ᠠᠵᠢᠯᠯᠠᠵᠤ ᠲᠠᠯ᠎ᠠ ᠨᠤᠲᠤᠭ ᠢ ᠬᠥᠬᠡᠷᠡᠨ ᠨᠤᠭᠤᠭᠠᠷᠠᠭᠤᠯᠤᠭᠰᠠᠨ︾ ᠰᠢᠷᠢᠰ ᠪᠦᠲᠦᠭᠡᠯ ᠨᠢ | ᠤᠯᠤᠰ ᠤᠨ ᠲᠠᠰ ᠤᠨ ᠱᠠᠩᠨᠠᠯ ᠢ ᠢᠷᠠᠭᠤ ᠠᠯᠳᠠᠷᠲᠠᠢ ᠪᠠᠷ ᠭᠥᠷᠳᠡᠪᠡ᠃ ᠪᠦᠯᠦᠭᠴᠢᠯᠡᠭᠰᠡᠨ ᠰᠤᠷᠭᠠᠭᠤᠯᠢ ᠡᠷᠭᠢᠯᠡᠬᠦ | ᠳᠠᠪᠠᠭᠤᠯᠢᠭ ᠢ ᠠᠰᠢᠭᠯᠠᠨ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠡᠮᠦᠨ᠎ᠡ ᠲᠣᠭᠤᠷᠢᠭ᠂ ᠬᠤᠶᠠᠳᠤᠭᠠᠷ | ᠳᠤᠮᠳᠠᠳᠤ ᠰᠤᠷᠭᠠᠭᠤᠯᠢ ᠶᠢᠨ ᠪᠠᠭ᠎ᠠ ᠰᠤᠷᠭᠠᠭᠤᠯᠢ ᠶᠢᠨ ᠬᠡᠯᠲᠡᠰ ᠢ ᠪᠠᠶᠢᠭᠤᠯᠵᠤ᠂ ᠰᠤᠷᠭᠠᠭᠤᠯᠢ ᠶᠢᠨ | ᠶᠡᠷᠦᠩᠬᠡᠶᠢᠯᠡᠭᠰᠡᠨ ᠠᠰᠠᠷ ᠢ ᠰᠢᠨ᠎ᠡ ᠪᠠᠷ ᠪᠠᠶᠢᠭᠤᠯᠬᠤ᠂ ᠳᠤᠮᠳᠠᠳᠤ ᠪᠠᠭ᠎ᠠ ᠰᠤᠷᠭᠠᠭᠤᠯᠢ ᠶᠢᠨ ᠤᠬᠢᠶᠠᠯᠭ᠎ᠠ ᠶᠢᠨ ᠭᠡᠷ ᠢ | ᠰᠡᠯᠪᠢᠨ ᠵᠠᠰᠠᠬᠤ ᠵᠢᠴᠢ ᠭᠠᠯ ᠤᠨᠲᠠᠷᠠᠭᠠᠬᠤ ᠥᠭᠡᠷᠡᠴᠢᠯᠡᠯᠲᠡ ᠵᠡᠷᠭᠡ ᠵᠦᠢᠯᠡᠰ ᠢ ᠲᠤᠰᠢᠶᠠᠨ ᠬᠡᠷᠡᠭᠯᠡᠭᠦᠯᠵᠦ᠂ ᠪᠦᠥᠸ᠋ | ᠴᠧᠩ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢ ᠪᠠᠶᠢᠭᠤᠯᠤᠨ ᠳᠠᠭᠤᠰᠬᠠᠵᠤ ᠬᠢᠴᠢᠶᠡᠯ | ᠡᠬᠢᠯᠡᠭᠦᠯᠦᠨ᠂ ᠥᠨᠳᠥᠷ ᠰᠤᠷᠤᠯᠭ᠎ᠠ ᠶᠢᠨ ᠨᠠᠮᠲᠠᠷ ᠲᠠᠢ ᠥᠨᠳᠥᠷ ᠬᠡᠪ ᠴᠢᠨᠠᠷ ᠪᠦᠬᠦᠢ 258 ᠴᠢᠳᠠᠪᠤᠷᠢᠲᠠᠨ ᠳᠤ | ᠪᠠᠭᠰᠢ ᠶᠢᠨ ᠡᠩᠨᠡᠭᠡ ᠶᠢ ᠱᠠᠲᠤᠯᠠᠨ ᠨᠥᠬᠦᠪᠦᠷᠢᠯᠡᠵᠦ᠂ ᠮᠡᠷᠭᠡᠵᠢᠯ ᠤᠨ ᠴᠣᠯᠠ ᠶᠢ ᠲᠡᠰ ᠬᠤᠪᠢᠶᠠᠨ ᠤᠷᠢᠨ ᠲᠣᠮᠢᠯᠠᠬᠤ | ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠨ ᠬᠡᠷᠡᠭᠵᠢᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ | ᠨᠥᠬᠦᠴᠡᠯ ᠢ ᠲᠣᠭᠲᠠᠭᠤᠨ ᠢᠶᠠᠷ ᠳᠡᠭᠡᠭᠰᠢᠯᠡᠭᠦᠯᠪᠡ᠃ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠨᠢᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠥᠬᠦ ᠰᠤᠷᠤᠯᠭ᠎ᠠ ᠶᠢᠨ ᠬᠤᠭᠤᠴᠠᠭ᠎ᠠ ᠶᠢ | ᠬᠠᠮᠤᠷᠬᠤ ᠶᠢ ᠪᠡᠶᠡᠯᠡᠭᠦᠯᠵᠦ᠂ 87 ᠰᠢᠨᠵᠢᠯᠡᠭᠡᠨ ᠤ ᠰᠠᠯᠠᠭ᠎ᠠ ᠶᠢᠨ ᠲᠥᠷᠥᠯ ᠤᠨ ᠪᠣᠯᠪᠠᠰᠤᠷᠠᠭᠤᠯᠤᠯ ᠤᠨ | ᠪᠠᠶᠢᠭᠤᠯᠤᠮᠵᠢ ᠶᠢ ᠪᠥᠬᠦ ᠲᠠᠯ᠎ᠠ ᠪᠠᠷ ᠬᠠᠰᠤᠵᠤ᠂ ︽ᠬᠤᠶᠠᠷ ᠢ ᠪᠠᠭᠠᠰᠬᠠᠬᠤ︾ ᠠᠵᠢᠯ ᠢᠯᠡᠳᠲᠡ ᠦᠷ᠎ᠡ ᠪᠦᠲᠦᠮᠵᠢ | ᠣᠯᠪᠠ᠃ ᠠᠮᠵᠢᠯᠲᠠ ᠲᠠᠢ ᠪᠠᠷ ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ | ᠬᠥᠯ ᠪᠥᠮᠪᠦᠭᠡ ᠶᠢᠨ ᠲᠤᠷᠰᠢᠯᠲᠠ ᠶᠢᠨ ᠲᠣᠭᠤᠷᠢᠭ ᠢᠶᠠᠷ ᠦᠨᠡᠯᠡᠭᠳᠡᠵᠦ᠂ ᠰᠤᠷᠭᠠᠭᠤᠯᠢ ᠶᠢᠨ ᠬᠦᠷᠢᠶᠡᠨ ᠤ ᠵᠠᠭᠤ | ᠭᠠᠷᠤᠢ ᠤᠷᠤᠯᠳᠤᠭᠠᠨ᠂ ᠠᠵᠢᠯᠲᠠᠨ ᠠᠵᠢᠯᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ᠂ ᠤᠯᠠᠨ ᠲᠦᠮᠡᠨ ᠤ ᠪᠦᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠳᠤ ᠣᠷᠤᠯᠴᠠᠬᠤ ᠬᠠᠯᠠᠭᠤᠨ ᠥᠷᠨᠢᠯᠲᠡ ᠶᠢ ᠳᠡᠯᠭᠡᠷᠡᠭᠦᠯᠪᠡ᠃ | ᠳᠥᠷᠪᠡᠳᠦᠭᠡᠷ ᠡᠮᠨᠡᠯᠭᠡ ᠶᠢᠨ ᠬᠤᠷᠢᠶᠠᠨ ᠤ ᠰᠢᠨ᠎ᠡ ᠡᠮᠨᠡᠯᠭᠡ ᠶᠢᠨ ᠬᠤᠷᠢᠶᠠᠨ ᠤ ᠲᠣᠭᠤᠷᠢᠭ ᠪᠦᠬᠦ ᠲᠠᠯ᠎ᠠ ᠪᠠᠷ ᠡᠬᠢᠯᠡᠨ | ᠣᠨᠣᠰᠢᠯᠠᠵᠤ᠂ ᠬᠢᠲᠠᠳ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠠᠰᠠᠷ ᠢ ᠪᠠᠶᠢᠭᠤᠯᠤᠨ ᠠᠰᠢᠭᠯᠠᠯᠲᠠ ᠳᠤ | ᠣᠷᠣᠭᠤᠯᠵᠤ᠂ ᠨᠢᠭᠡᠳᠦᠭᠡᠷ ᠡᠮᠨᠡᠯᠭᠡ ᠶᠢᠨ ᠬᠤᠷᠢᠶ᠎ᠠ ᠪᠦᠬᠦ ᠬᠤᠳᠠ ᠳᠤ ᠰᠠᠴᠤᠷᠠᠭ ᠢᠳᠡᠪᠬᠢ ᠴᠢᠨᠠᠷᠲᠠᠢ ᠮᠥᠬᠦᠯᠢᠭ ᠢ | ᠲᠠᠷᠢᠵᠦ ᠣᠷᠣᠭᠤᠯᠬᠤ ᠮᠡᠰᠡ ᠵᠠᠰᠠᠯ ᠢ ᠠᠩᠬ᠎ᠠ ᠡᠭᠦᠳᠴᠦ᠂ 118 ᠲᠦᠮᠡᠨ ᠡᠮ ᠤᠨ ᠤᠳᠠᠭ᠎ᠠ ᠪᠦᠷᠢ ᠶᠢᠨ ᠰᠢᠨ᠎ᠡ | ᠲᠢᠲᠢᠮ ᠲᠠᠢ ᠸᠠᠺᠼᠢᠨ ᠤ ᠲᠠᠷᠢᠯᠭ᠎ᠠ ᠶᠢ ᠪᠦᠬᠦ ᠠᠷᠠᠳ ᠤᠨ ᠦᠯᠦ ᠬᠠᠯᠳᠠᠭᠠᠬᠤ ᠬᠠᠯᠬᠠᠪᠴᠢ ᠶᠢ ᠦᠷᠭᠦᠯᠵᠢᠯᠡᠨ | ᠪᠠᠬᠢᠵᠢᠭᠦᠯᠪᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ︽ᠠᠷᠪᠠᠨ ᠨᠢᠭᠡᠨ ᠤ ᠳᠠᠪᠰᠢᠯᠲᠠ︾ ᠶᠢᠨ | ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠣᠷᠣᠨ ᠤ ᠭᠠᠯ ᠤᠨᠲᠠᠷᠠᠭᠠᠯᠲᠠ ᠶᠢᠨ ᠠᠪᠤᠷᠠᠨ ᠲᠤᠰᠠᠯᠠᠬᠤ ᠶᠡᠭᠡ ᠠᠩᠭᠢ | ᠨᠠᠢᠮᠠᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ | ᠦᠵᠡᠭᠦᠯᠬᠦ ᠨᠢᠭᠡᠴᠡ ᠪᠠᠷ ᠦᠨᠡᠯᠡᠭᠳᠡᠪᠡ᠃ | ᠨᠢᠭᠡ ᠵᠢᠯ ᠤᠨ ᠲᠤᠷᠰᠢ᠂ ᠪᠢᠳᠡ ᠵᠠᠰᠠᠯᠲᠠ ᠡᠮᠬᠢ ᠳᠢᠭᠯᠢᠮ ᠲᠠᠢ᠂ ᠠᠮᠤᠷ ᠲᠦᠪᠰᠢᠨ ᠲᠣᠭᠲᠠᠭᠤᠨ | ᠪᠠᠶᠢᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠪᠣᠯᠣᠨ ᠠᠮᠤᠷ ᠲᠦᠪᠰᠢᠨ ᠤ ᠲᠠᠯ᠎ᠠ ᠪᠠᠷ ᠰᠠᠶᠢᠨ | ᠨᠥᠬᠦᠴᠡᠯᠳᠦᠯ ᠢ ᠪᠡᠶᠡᠯᠡᠭᠦᠯᠵᠡᠢ᠃ ᠠᠮᠤᠷ ᠠᠮᠤᠭᠤᠯᠠᠩ ᠬᠤᠷᠴᠢᠨ ᠤ ᠪᠠᠶᠢᠭᠤᠯᠤᠯᠲᠠ ᠶᠢ ᠯᠠᠪᠳᠠᠭᠤᠨ ᠢᠶᠠᠷ | ᠠᠬᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠦᠷ᠎ᠡ ᠪᠦᠲᠦᠭᠡᠯ ᠢ | ᠪᠠᠬᠢᠵᠢᠭᠦᠯᠦᠨ ᠭᠦᠨᠵᠡᠭᠡᠶᠢᠷᠡᠭᠦᠯᠵᠦ᠂ ︽ᠭᠡᠭᠡᠨ ᠰᠠᠷᠠᠭᠤᠯ ᠢᠨᠵᠧᠨᠧᠷᠢᠩ︾ ᠢ ᠪᠥᠬᠦ ᠲᠠᠯ᠎ᠠ ᠪᠠᠷ ᠰᠠᠬᠢᠨ ᠬᠠᠮᠠᠭᠠᠯᠠᠵᠤ᠂ | 22 ᠣᠶᠤᠨᠲᠤ ᠴᠠᠭᠳᠠᠭᠠᠨ ᠤ ᠶᠠᠪᠤᠳᠠᠯ ᠤᠨ ᠠᠵᠢᠯ ᠤᠨ ᠥᠷᠲᠡᠭᠡ ᠶᠢ ᠵᠢᠩᠬᠢᠨᠢ ᠪᠠᠷ ᠠᠵᠢᠯᠯᠠᠭᠤᠯᠵᠤ᠂ ᠬᠤᠲᠠ ᠶᠢᠨ | ᠬᠡᠪᠴᠢᠶᠡᠨ ᠤ ᠶᠡᠷᠦᠩᠬᠡᠶᠢᠯᠡᠨ ᠵᠠᠰᠠᠬᠤ ᠴᠢᠳᠠᠪᠤᠷᠢ ᠶᠢ ᠦᠷᠭᠦᠯᠵᠢᠯᠡᠨ ᠴᠢᠩᠭᠠᠳᠬᠠᠪᠠ᠃ ᠡᠷᠡᠭᠦᠦ ᠶᠢᠨ ᠬᠡᠷᠡᠭ ᠤᠨ | ᠬᠡᠷᠡᠭ ᠭᠠᠷᠤᠭᠰᠠᠨ ᠨᠤᠷᠮ᠎ᠠ ᠠᠳᠠᠯᠢ ᠬᠤᠭᠤᠴᠠᠭᠠᠨ ᠤ ᠬᠢ ᠠᠴᠠ 33.3% ᠪᠠᠷ ᠳᠣᠷᠣᠭᠰᠢᠯᠠᠵᠤ᠂ ᠬᠡᠷᠡᠭ | ᠢᠯᠡᠷᠡᠭᠦᠯᠦᠭᠰᠡᠨ ᠨᠤᠷᠮ᠎ᠠ 30.3% ᠪᠠᠷ ᠳᠡᠭᠡᠭᠰᠢᠯᠡᠵᠦ᠂ 20 ᠵᠢᠯ ᠠᠴᠠ ᠳᠡᠭᠡᠭᠰᠢ ᠳᠠᠷᠤᠭᠳᠠᠵᠤ ᠪᠠᠶᠢᠭ᠎ᠠ ᠬᠡᠷᠡᠭ ᠢ | ᠵᠠᠯᠭᠠᠯᠳᠤᠭᠠᠪᠠᠷ 5 ᠤᠳᠠᠭ᠎ᠠ ᠰᠢᠢᠳᠪᠦᠷᠢᠯᠡᠵᠦ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠳᠤ ᠴᠣᠬᠢᠯᠲᠠ | ᠥᠭᠴᠦ ᠵᠠᠰᠠᠬᠤ ᠳᠤ ︽ᠬᠤᠶᠠᠷ ᠢ ᠳᠡᠭᠡᠭᠰᠢᠯᠡᠭᠦᠯᠵᠦ ᠬᠤᠶᠠᠷ ᠢ ᠪᠠᠭᠤᠷᠠᠭᠤᠯᠬᠤ︾ ᠶᠢ ᠪᠡᠶᠡᠯᠡᠭᠦᠯᠪᠡ᠃ ᠬᠠᠤᠯᠢ | ᠴᠠᠭᠠᠵᠠ ᠶᠢᠨ ᠵᠥᠪᠯᠡᠭᠴᠢ ᠶᠢᠨ ᠵᠠᠬᠢᠳᠠᠯ ᠰᠣᠷᠪᠤᠯᠵᠢᠯᠠᠭ᠎ᠠ ᠶᠢ ᠭᠥᠯᠢᠶᠡᠨ ᠠᠪᠬᠤ ᠠᠵᠢᠯ ᠳᠤ ᠣᠷᠣᠯᠴᠠᠬᠤ | ᠲᠣᠭᠲᠠᠴᠠ ᠶᠢ ᠰᠢᠨ᠎ᠡ ᠪᠠᠷ ᠡᠭᠦᠳᠦᠨ ᠬᠡᠷᠡᠭᠵᠢᠭᠦᠯᠵᠦ᠂ ᠳᠡᠭᠡᠳᠦ ᠱᠠᠲᠤᠨ ᠤ ᠭᠤᠣᠯᠳᠠᠯᠭ᠎ᠠ ᠲᠠᠢ ᠳᠠᠭᠠᠭᠠᠴᠢᠯᠠᠭᠰᠠᠨ | ᠬᠡᠷᠡᠭ ᠢ ᠰᠢᠢᠳᠪᠦᠷᠢᠯᠡᠭᠰᠡᠨ ᠨᠣᠷᠮ᠎ᠠ ᠶᠢ 100% ᠳᠤ ᠬᠦᠷᠦᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠵᠡᠷᠭᠡ | ᠴᠢᠬᠤᠯᠠ ᠶᠡᠭᠡ ᠵᠠᠩᠭᠢᠯᠠᠭ᠎ᠠ ᠶᠢᠨ ᠬᠤᠭᠤᠴᠠᠭᠠᠨ ᠳᠤ ᠪᠡᠭᠡᠵᠢᠩ᠂ ᠬᠥᠬᠡᠬᠤᠲᠠ ᠳᠤ ᠬᠦᠷᠴᠦ ︽ᠨᠢᠭᠡ ᠴᠦ | ᠰᠣᠷᠪᠤᠯᠵᠢᠯᠠᠭ᠎ᠠ ᠥᠯᠡᠡᠳᠡᠭᠡᠬᠦ ᠦᠭᠡᠢ︾ ᠶᠢ ᠪᠡᠶᠡᠯᠡᠭᠦᠯᠦᠨ᠎ᠡ᠃ ᠦᠢᠯᠡᠳᠪᠦᠷᠢ ᠠᠭᠤᠷᠬᠠᠢ ᠠᠷᠠᠯᠵᠢᠶ᠎ᠠ ᠬᠤᠳᠠᠯᠳᠤᠭ᠎ᠠ᠂ | ᠠᠶᠤᠯᠲᠠᠢ ᠬᠢᠮᠢ ᠶᠢᠨ ᠪᠣᠳᠠᠰ᠂ ᠬᠤᠲᠠ ᠪᠠᠯᠭᠠᠰᠤᠨ ᠤ ᠰᠢᠲᠠᠮᠠᠬᠠᠢ ᠬᠡᠢ᠂ ᠥᠪᠡᠰᠦᠪᠡᠨ ᠪᠠᠷᠢᠭᠰᠠᠨ ᠭᠡᠷ ᠪᠠᠶᠢᠰᠢᠩ | ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠠᠮᠤᠷ ᠲᠦᠪᠰᠢᠨ ᠤ ᠳᠠᠯᠳᠠ ᠭᠡᠮ ᠢ ᠰᠢᠰᠲ᠋ᠧᠮ ᠲᠠᠢ ᠪᠠᠷ ᠵᠠᠰᠠᠵᠤ᠂ | ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ᠂ ᠵᠠᠮ ᠬᠠᠷᠢᠯᠴᠠᠭᠠᠨ ᠤ ᠠᠮᠤᠷ ᠲᠦᠪᠰᠢᠨ᠂ ᠪᠠᠷᠢᠯᠭ᠎ᠠ ᠶᠢᠨ | ᠠᠵᠢᠯ ᠤᠨ ᠠᠮᠤᠷ ᠲᠦᠪᠰᠢᠨ ᠢ ᠪᠠᠶᠢᠩᠭᠤᠵᠢᠭᠤᠯᠤᠨ ᠬᠠᠮᠢᠶᠠᠷᠤᠨ ᠡᠵᠡᠮᠳᠡᠬᠦ ᠶᠢ ᠪᠡᠶᠡᠯᠡᠭᠦᠯᠵᠦ᠂ ᠠᠶᠤᠯᠭᠦᠢ | ᠦᠢᠯᠡᠳᠪᠦᠷᠢᠯᠡᠯ ᠢ ᠲᠤᠰᠬᠠᠶᠢᠯᠠᠨ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠲᠡᠭᠦᠰ ᠠᠮᠵᠢᠯᠲᠠ ᠲᠠᠢ | ᠲᠡᠭᠦᠰᠪᠡ᠃ | ᠲᠥᠯᠥᠭᠡᠯᠡᠭᠴᠢᠳ ᠠ᠋᠂ ᠦᠵᠡᠬᠦ ᠳᠤ ᠡᠩ ᠤᠨ ᠰᠢᠭ ᠪᠣᠯᠪᠠᠴᠤ ᠬᠠᠮᠤᠭ ᠤᠨ ᠬᠠᠴᠢᠨ ᠭᠠᠶᠢᠬᠠᠮᠰᠢᠭᠲᠠᠢ᠂ | ᠠᠮᠵᠢᠯᠲᠠ ᠪᠦᠲᠦᠮᠵᠢ ᠨᠢ ᠬᠢᠯᠪᠡᠷ ᠪᠣᠯᠪᠠᠴᠤ ᠬᠦᠴᠢᠷ ᠪᠡᠷᠬᠡᠰᠢᠶᠡᠯ ᠲᠠᠢ ᠪᠠᠶᠢᠳᠠᠭ᠃ ᠡᠨᠡ ᠨᠢᠭᠡ ᠵᠢᠯ ᠳᠤ ᠪᠢᠳᠡ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠳᠤᠮᠳᠠ ᠠᠴᠠ ᠬᠦᠴᠦᠨ ᠴᠢᠳᠠᠯ ᠣᠯᠣᠭᠰᠠᠨ ᠶᠤᠮ᠃ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ ᠤᠬᠠᠭᠤᠯᠤᠨ ᠲᠤᠤᠱᠯᠠᠭᠤᠯᠬᠤ ᠶᠢ | ᠵᠠᠰᠠᠭ ᠤᠨ ᠣᠷᠳᠣᠨ ᠤ ᠰᠢᠰᠲ᠋ᠧᠮ ᠤᠨ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠬᠤ ᠶᠢ | ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠠᠭᠤᠤ ᠶᠡᠭᠡ ᠠᠮᠵᠢᠯᠲᠠ ᠶᠢ ᠣᠶᠢᠯᠠᠭᠠᠵᠤ᠂ ᠰᠢᠨ᠎ᠡ ᠠᠶᠠᠨ ᠤ ᠡᠷᠡᠯᠬᠡᠭᠯᠡᠨ | ᠤᠷᠤᠭᠰᠢᠯᠠᠬᠤ ᠬᠦᠴᠦᠨ ᠢ ᠨᠢᠭᠲᠠᠷᠠᠭᠤᠯᠵᠤ᠂ ᠡᠷᠡᠰ ᠭᠤᠶᠢᠪᠢᠰᠢ ᠦᠭᠡᠢ ᠪᠠᠷ ︽ᠬᠤᠶᠠᠷ ᠢ ᠲᠣᠭᠲᠠᠭᠠᠬᠤ︾ | ᠦᠨᠡᠨᠴᠢ ᠰᠢᠳᠤᠷᠭᠤ ᠬᠦᠷᠢᠶᠡᠯᠡᠭᠴᠢ᠂ ︽ᠬᠤᠶᠠᠷ ᠢ ᠬᠠᠮᠠᠭᠠᠯᠠᠬᠤ︾ ᠵᠢᠱᠢᠶ᠎ᠡ ᠥᠵᠡᠭᠦᠯᠬᠦ ᠬᠥᠲᠥᠯᠥᠨ | ᠳᠠᠭᠠᠭᠤᠯᠤᠭᠴᠢ ᠪᠣᠯᠵᠤ᠂ ᠶᠠᠮᠠᠷᠪᠠ ᠠᠶᠤᠯ ᠲᠦᠭᠰᠢᠭᠦᠷᠢ ᠠᠴᠠ ᠠᠶᠤᠬᠤ ᠦᠭᠡᠢ᠂ ᠶᠠᠮᠠᠷᠪᠠ ᠬᠠᠷᠰᠢ ᠰᠠᠭᠠᠳ ᠲᠤ | ᠲᠥᠭᠡᠷᠢᠭᠳᠡᠬᠦ ᠦᠭᠡᠢ ᠪᠠᠶᠢᠵᠤ᠂ ᠡᠷᠡᠰ ᠪᠠᠲᠤ ᠲᠡᠦᠬᠡ ᠶᠢᠨ ᠢᠲᠡᠭᠡᠯ ᠢᠶᠠᠷ ᠰᠢᠯᠭᠠᠯᠲᠠ ᠶᠢᠨ ᠵᠠᠮ ᠢᠶᠠᠷ ᠤᠷᠤᠭᠰᠢᠯᠠᠨ | ᠲᠠᠪᠰᠢᠬᠤ ᠬᠡᠷᠡᠭᠲᠡᠢ᠃ ᠡᠨᠡ ᠨᠢᠭᠡ ᠵᠢᠯ ᠳᠤ᠂ ᠪᠢᠳᠡ ᠠᠶᠤᠯ ᠲᠦᠭᠰᠢᠭᠦᠷᠢ ᠶᠢ ᠠᠷᠢᠯᠭᠠᠬᠤ ᠳᠤᠮᠳᠠ ᠲᠡᠮᠡᠴᠡᠯ ᠤᠨ | ᠵᠣᠷᠢᠭ ᠢᠶᠠᠨ ᠬᠥᠪᠴᠢᠯᠡᠪᠡ᠃ ᠵᠢᠯ ᠤᠨ ᠡᠴᠦᠰ ᠪᠣᠯᠬᠤ ᠳᠤ᠂ ᠪᠢᠳᠡ ᠰᠢᠨ᠎ᠡ ᠲᠢᠲᠢᠮᠯᠢᠭ ᠠᠭᠤᠰᠬᠢᠨ ᠦᠷᠪᠢᠰᠦᠯ | ᠡᠭᠦᠰᠦᠭᠰᠡᠨ ᠠᠴᠠ ᠨᠠᠭᠠᠰᠢᠬᠢ ᠬᠦᠨᠳᠦ ᠬᠡᠴᠡᠭᠦᠦ ᠰᠢᠯᠭᠠᠯᠲᠠ ᠳᠤ ᠤᠴᠠᠷᠠᠵᠤ᠂ ᠪᠦᠬᠦ ᠲᠣᠭᠤᠷᠢᠭ ᠤᠨ ᠠᠷᠠᠳ | ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠭᠦᠢᠯᠭᠡᠭᠡᠨ ᠤ ᠪᠠᠶᠢᠴᠠᠭᠠᠨ ᠬᠡᠮᠵᠢᠯᠲᠡ ᠶᠢ | ᠦᠷᠭᠦᠯᠵᠢᠯᠡᠨ ᠲᠦᠷᠭᠡᠳᠬᠡᠵᠦ᠂ ᠳᠥᠷᠪᠡᠯᠵᠢᠨ ᠦᠷᠦᠭᠡ ᠶᠢᠨ ᠡᠮᠨᠡᠯᠭᠡ ᠶᠢᠨ ᠬᠤᠷᠢᠶ᠎ᠠ ᠶᠢ ᠦᠳᠲᠡᠷ ᠲᠦᠷᠭᠡᠨ | ᠡᠬᠢᠯᠡᠭᠦᠯᠵᠦ᠂ ᠲᠤᠰᠠᠭᠠᠷᠯᠠᠨ ᠲᠥᠪᠬᠢᠨᠡᠭᠦᠯᠬᠦ ᠠᠵᠢᠯ ᠢ ᠯᠠᠪᠳᠠᠭᠤᠨ ᠪᠥᠭᠡᠳ ᠡᠮᠬᠢ ᠳᠢᠭᠯᠢᠮ ᠲᠠᠢ ᠬᠢᠵᠦ᠂ ᠡᠳ᠋ | ᠪᠣᠳᠠᠰ ᠤᠨ ᠪᠠᠲᠤᠯᠠᠭ᠎ᠠ ᠶᠢ ᠭᠦᠢᠴᠡᠳ ᠪᠥᠭᠡᠳ ᠡᠷᠴᠢᠮᠲᠡᠢ ᠬᠢᠵᠦ᠂ ᠬᠢᠵᠢᠭ ᠰᠡᠷᠭᠡᠶᠢᠯᠡᠬᠦ 1.8 ᠲᠦᠮᠡᠨ ᠠᠵᠢᠯᠲᠠᠨ | ᠵᠢᠯᠣᠭᠤᠳᠤᠯᠭ᠎ᠠ ᠶᠢ ᠳᠠᠭᠠᠵᠤ᠂ ᠥᠴᠥᠬᠡᠨ ᠴᠦ ᠠᠶᠤᠵᠤ ᠰᠦᠷᠳᠡᠯ ᠦᠭᠡᠢ ᠪᠠᠷ ᠬᠠᠮᠲᠤᠪᠠᠷ ᠪᠣᠭᠤᠮᠲᠠ ᠰᠢᠪᠲᠤᠯᠵᠤ᠂ | ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠣᠬᠤᠷᠬᠠᠨ ᠬᠤᠭᠤᠴᠠᠭᠠᠨ ᠳᠤ ᠪᠦᠬᠦ ᠲᠠᠯ᠎ᠠ ᠪᠠᠷ ᠡᠮᠬᠢ | ᠳᠢᠭᠯᠢᠮ ᠲᠠᠢ ᠰᠡᠷᠭᠦᠭᠡᠵᠦ᠂ ᠠᠷᠠᠳ ᠤᠯᠠᠨ ᠤ ᠠᠮᠤᠷ ᠠᠮᠤᠭᠤᠯᠠᠩ ᠪᠠ ᠠᠵᠤ ᠠᠬᠤᠢ ᠨᠡᠶᠢᠭᠡᠮ ᠤᠨ ᠲᠣᠭᠲᠠᠭᠤᠨ ᠢ | ᠬᠦᠴᠦᠲᠡᠢ ᠬᠠᠮᠠᠭᠠᠯᠠᠪᠠ᠃ ᠡᠨᠡ ᠨᠢᠭᠡ ᠵᠢᠯ ᠳᠤ᠂ ᠪᠢᠳᠡ ᠥᠷᠢᠰᠦᠯᠳᠦᠭᠡᠨ ᠢ ᠠᠷᠭᠠᠴᠠᠬᠤ ᠳᠤᠮᠳᠠ ᠢᠲᠡᠭᠡᠯ | ᠵᠣᠷᠢᠭ ᠢᠶᠠᠨ ᠨᠢᠭᠲᠠᠷᠠᠭᠤᠯᠪᠠ᠃ ᠣᠷᠣᠯᠭ᠎ᠠ ᠵᠠᠷᠤᠯᠭ᠎ᠠ ᠪᠠᠭᠠᠰᠤᠭᠰᠠᠨ ᠡᠳ᠋ ᠤᠨ ᠵᠠᠰᠠᠭ ᠤᠨ ᠬᠦᠴᠢᠷᠳᠡᠯᠲᠦ | ᠪᠠᠶᠢᠳᠠᠯ ᠤᠨ ᠡᠮᠦᠨ᠎ᠡ᠂ ᠠᠵᠤ ᠠᠬᠤᠶᠢᠯᠠᠯ ᠳᠤ ᠬᠤᠯᠪᠣᠭᠳᠠᠬᠤ ᠠᠮᠠᠯᠠᠯᠲᠠ ᠪᠠᠨ ᠪᠦᠬᠦ ᠬᠦᠴᠦᠨ ᠢᠶᠠᠷ ᠢᠶᠠᠨ | ᠪᠡᠶᠡᠯᠡᠭᠦᠯᠵᠦ᠂ ᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠪᠡᠨᠤᠷᠤᠭᠰᠢᠲᠠᠢ ᠪᠠᠷ ᠪᠡᠶᠡᠯᠡᠭᠦᠯᠪᠡ᠃ᠬᠠᠤᠯᠢ ᠶᠢ | ᠵᠥᠷᠢᠴᠡᠨ ᠭᠠᠵᠠᠷ ᠬᠡᠷᠡᠭᠯᠡᠬᠦ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠢᠶᠠᠷ ᠲᠦᠯᠬᠢᠨ | ᠠᠬᠢᠭᠤᠯᠵᠤ᠂ 53 ᠵᠦᠢᠯ ᠤᠨ ᠴᠡᠭᠴᠡᠯᠡᠨ ᠵᠠᠰᠠᠬᠤ ᠡᠭᠦᠷᠭᠡ ᠶᠢ ᠪᠦᠬᠦᠨ ᠢ ᠨᠠᠶᠢᠳᠠᠪᠤᠷᠢᠵᠢᠭᠤᠯᠤᠨ | ᠪᠣᠳᠠᠲᠠᠶᠢᠵᠢᠭᠤᠯᠪᠠ᠃ ᠡᠭᠡᠭᠦᠯᠦᠨ ᠨᠡᠭᠦᠯᠭᠡᠵᠦ ᠲᠥᠪᠬᠢᠨᠡᠭᠦᠯᠬᠦ ᠤᠯᠠᠨ ᠲᠦᠮᠡᠨ ᠤ ᠬᠦᠰᠡᠯ ᠡᠷᠡᠮᠡᠯᠵᠡᠯ ᠳᠤ | ᠠᠩᠬᠠᠷᠤᠯ ᠢᠶᠠᠨ ᠲᠥᠪᠯᠡᠷᠡᠭᠦᠯᠦᠨ᠂ ︽ᠭᠤᠷᠪᠠᠨ ᠬᠦᠴᠢᠷᠳᠡᠯ ᠲᠠᠢ︾ ᠵᠦᠢᠯᠡᠰ ᠢ ᠴᠡᠪᠡᠷᠯᠡᠨ ᠦᠷ᠎ᠡ ᠪᠦᠲᠦᠮᠵᠢ | ᠣᠯᠬᠤ ᠶᠢ ᠲᠦᠷᠭᠡᠪᠴᠢᠯᠡᠨ ᠠᠬᠢᠭᠤᠯᠵᠤ᠂ 500 ᠢᠵᠢ ᠴᠢᠨᠠᠷ ᠰᠠᠶᠢᠲᠠᠢ ᠣᠷᠣᠨ ᠰᠠᠭᠤᠴᠠ ᠶᠢ ᠣᠨᠳᠣᠣ | ᠭᠠᠵᠠᠷ ᠲᠤ ᠲᠥᠪᠬᠢᠨᠡᠭᠦᠯᠬᠦ ᠪᠠᠷ ᠴᠢᠷᠮᠠᠶᠢᠵᠤ᠂ 10 ᠵᠢᠯ ᠰᠢᠬᠠᠮ ᠵᠣᠭᠰᠣᠩᠭᠢᠷᠠᠭᠰᠠᠨ ᠾᠦᠢ ᠲᠦᠩ ᠤᠯᠠᠨ ᠤᠯᠤᠰ | ᠪᠠ ᠦ᠋ ᠵᠧᠦ ᠶᠢᠨ ᠤᠯᠠᠨ ᠤᠯᠤᠰ ᠤᠨ ᠬᠤᠳᠠᠯᠳᠤᠭ᠎ᠠ ᠠᠷᠠᠯᠵᠢᠶᠠᠨ ᠤ ᠬᠤᠳᠠ ᠶᠢᠨ ᠵᠦᠢᠯᠡᠰ ᠢ ᠠᠮᠵᠢᠯᠲᠠ ᠲᠠᠢ ᠪᠠᠷ | ᠲᠤᠰᠢᠶᠠᠨ ᠥᠭᠴᠦ ᠬᠡᠷᠡᠭᠯᠡᠭᠦᠯᠪᠡ᠃ ᠡᠨᠡ ᠨᠢᠭᠡ ᠵᠢᠯ ᠳᠤ᠂ ᠪᠢᠳᠡ ᠠᠵᠤ ᠠᠬᠤᠶᠢᠯᠠᠯ ᠳᠤ ᠠᠰᠢᠭ ᠬᠦᠷᠲᠡᠭᠡᠬᠦ | ᠳᠤᠮᠳᠠ ᠰᠤᠷᠲᠠᠯ ᠢᠶᠠᠨ ᠳᠠᠪᠲᠠᠨ ᠪᠣᠯᠪᠠᠰᠤᠷᠠᠭᠤᠯᠪᠠ᠃ᠠᠵᠤ ᠠᠬᠤᠢ ᠶᠢᠨ ᠬᠥᠭᠵᠢᠯᠲᠡ ᠶᠢᠨ ᠤᠷᠤᠭᠤᠳᠠᠯ ᠤᠨ ᠰᠢᠨ᠎ᠡ | ᠳᠠᠷᠤᠯᠲᠠ ᠶᠢᠨ ᠡᠮᠦᠨ᠎ᠡ᠂ ᠠᠵᠤ ᠠᠬᠤᠢ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠬᠤ ᠤᠯᠤᠰ ᠲᠦᠷᠦ ᠶᠢᠨ | ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠪᠡᠷᠬᠡ ᠰᠡᠳᠦᠪ ᠢ | ᠪᠠᠶᠢᠩᠭᠤᠵᠢᠭᠤᠯᠤᠨ ᠨᠠᠷᠢᠯᠢᠭ ᠣᠨᠣᠴᠠᠲᠠᠢ ᠪᠠᠷ ᠰᠢᠢᠳᠪᠦᠷᠢᠯᠡᠵᠦ᠂ ᠪᠦᠬᠦ ᠵᠢᠯ ᠳᠤ 6.2 ᠳ᠋ᠦᠩᠰᠢᠭᠤᠷ ᠲᠥᠭᠦᠷᠢᠭ ᠤᠨ | ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠶᠢ ᠰᠢᠨ᠎ᠡ ᠪᠠᠷ ᠨᠡᠮᠡᠭᠳᠡᠭᠦᠯᠵᠦ᠂ ︽ᠲᠠᠪᠤᠨ ᠶᠡᠭᠡ ᠡᠬᠢᠯᠡᠯᠲᠡ︾ | ᠶᠢᠨ ᠠᠵᠢᠯᠯᠠᠭ᠎ᠠ ᠶᠢᠨ ᠣᠨ ᠤ ᠡᠭᠦᠷᠭᠡ ᠶᠢ ᠪᠦᠬᠦᠨ ᠢ ᠪᠡᠶᠡᠯᠡᠭᠦᠯᠪᠡ᠃ᠣᠯᠠᠨ ᠲᠦᠮᠡᠨ ᠤ ᠠᠩᠬᠠᠷᠤᠯ ᠳᠤ ᠴᠠᠭ | ᠲᠤᠬᠠᠢ ᠳᠤᠨᠢ ᠬᠠᠷᠢᠭᠤᠯᠲᠠ ᠥᠭᠴᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠭᠤᠯᠭ᠎ᠠ ᠪᠠ | ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠪᠦᠬᠦᠨ ᠢ ᠰᠢᠢᠳᠪᠦᠷᠢᠯᠡᠵᠦ ᠬᠠᠷᠢᠭᠤᠯᠲᠠ ᠥᠭᠴᠦ᠂ | ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠬᠤᠲᠠ ᠶᠢᠨ ᠠᠷᠠᠳ ᠤᠨ | ᠦᠢᠯᠡᠴᠢᠯᠡᠭᠡᠨ ᠤ ᠬᠠᠯᠠᠭᠤᠨ ᠤᠲᠠᠰᠤᠨ ᠤ ︽ᠭᠤᠷᠪᠠᠨ ᠨᠣᠷᠮ᠎ᠠ︾ ᠶᠢ ᠪᠦᠬᠦᠯᠢ ᠴᠣᠭᠴᠠ ᠪᠠᠷ ᠳᠡᠭᠡᠭᠰᠢᠯᠡᠭᠦᠯᠦᠨ᠂ | ᠨᠡᠶᠢᠲᠡ 6.7 ᠲᠦᠮᠡᠨ ᠲᠣᠨ ︽ᠰᠡᠳᠬᠢᠯ ᠳᠤᠯᠠᠭᠠᠴᠠᠭᠤᠯᠬᠤ ᠨᠡᠭᠦᠷᠡᠰᠦ︾ ᠲᠠᠷᠬᠠᠭᠠᠵᠤ ᠮᠠᠯᠴᠢᠨ ᠲᠠᠷᠢᠶᠠᠴᠢᠨ ᠤ | ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠵᠤ᠂ ᠴᠡᠷᠢᠭ ᠠᠴᠠ ᠬᠠᠯᠠᠭᠳᠠᠭᠰᠠᠳ᠂ ᠡᠮᠴᠢ ᠰᠤᠪᠢᠯᠠᠭᠴᠢᠳ ᠤᠨ | ᠬᠠᠷᠠᠭᠠᠯᠵᠠᠯ ᠤᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ᠡᠨᠡ ᠨᠢᠭᠡ ᠵᠢᠯ ᠳᠤ ᠪᠢᠳᠡ ᠰᠤᠷᠲᠠᠯ ᠢ | ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠳᠤᠮᠳᠠ ᠬᠠᠤᠯᠢ ᠶᠣᠰᠣᠭᠠᠷ ᠵᠠᠰᠠᠭ ᠶᠠᠪᠤᠭᠤᠯᠪᠠ᠃ᠬᠠᠤᠯᠢ ᠪᠠᠷ | ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠵᠤ᠂ ᠴᠢᠬᠤᠯᠠ ᠶᠡᠭᠡ ᠵᠠᠰᠠᠭ | ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠢᠷᠤᠮ ᠢ ᠵᠢᠷᠤᠮᠵᠢᠭᠤᠯᠤᠨ ᠨᠠᠶᠢᠳᠠᠪᠤᠷᠢᠵᠢᠭᠤᠯᠵᠤ᠂ ᠨᠠᠢᠮᠠᠳᠤᠭᠠᠷ | ᠲᠠᠪᠤᠨ ᠵᠢᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠯᠠᠪᠳᠠᠭᠤᠨ ᠢᠶᠠᠷ | ᠲᠦᠯᠬᠢᠨ ᠠᠬᠢᠭᠤᠯᠵᠤ᠂ ᠵᠠᠰᠠᠭ ᠤᠨ ᠣᠷᠳᠣᠨ ᠤ ᠤᠯᠠᠨ ᠨᠡᠶᠢᠲᠡ ᠶᠢ ᠢᠲᠡᠭᠡᠭᠦᠯᠬᠦ ᠬᠦᠴᠦᠨ᠂ ᠨᠢᠭᠲᠠᠷᠠᠭᠤᠯᠬᠤ | ᠬᠦᠴᠦᠨ ᠪᠠ ᠬᠡᠷᠡᠭᠵᠢᠭᠦᠯᠬᠦ ᠬᠦᠴᠦᠨ ᠢ ᠤᠯᠠᠮ ᠨᠢᠭᠡ ᠠᠯᠬᠤᠮ ᠴᠢᠩᠭᠠᠷᠠᠭᠤᠯᠪᠠ᠃ ᠨᠠᠮ ᠢ ᠪᠦᠬᠦ ᠲᠠᠯ᠎ᠠ ᠪᠠᠷ | ᠴᠢᠩᠭ᠎ᠠ ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠥᠪ ᠬᠤᠷᠢᠶᠠᠨ ᠤ ᠨᠠᠢᠮᠠᠨ | ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠰᠤᠷᠲᠠᠯ ᠢ ᠬᠤᠪᠢᠷᠠᠭᠤᠯᠵᠤ᠂ | ᠵᠠᠰᠠᠭ ᠤᠨ ᠰᠠᠬᠢᠯᠭ᠎ᠠ ᠶᠢ ᠴᠢᠩᠳᠠᠯᠠᠵᠤ᠂ ᠢᠯᠵᠠᠷᠠᠯ ᠢ ᠵᠠᠯᠬᠠᠭᠠᠨ ᠰᠢᠳᠭᠡᠵᠦ᠂ ᠲᠣᠭᠲᠠᠴᠠ ᠶᠢ ᠪᠠᠶᠢᠭᠤᠯᠵᠤ᠂ ᠵᠠᠰᠠᠭ ᠤᠨ | ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ | ᠪᠦᠬᠦ ᠲᠠᠯ᠎ᠠ ᠪᠠᠷ ᠴᠢᠩᠭᠠᠳᠬᠠᠪᠠ᠃ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ | ᠨᠠᠮ ᠪᠦᠯᠦᠭ ᠤᠨ ᠪᠤᠰᠤ ᠬᠥᠮᠥᠰ ᠪᠠ ᠠᠷᠠᠳ ᠤᠨ ᠪᠦᠯᠬᠦᠮ ᠤᠨ ᠰᠠᠨᠠᠯ ᠢ ᠨᠠᠷᠢᠨ ᠬᠢᠨᠠᠮᠠᠭᠠᠢ ᠰᠣᠨᠣᠰᠴᠤ᠂ ᠡᠯ᠎ᠡ | ᠵᠦᠢᠯ ᠤᠨ ᠠᠷᠭ᠎ᠠ ᠬᠡᠮᠵᠢᠶ᠎ᠡ ᠨᠢ ᠤᠯᠠᠨ ᠲᠦᠮᠡᠨ ᠲᠠᠢ ᠨᠡᠩ ᠣᠶᠢᠷᠠᠲᠤᠵᠤ᠂ ᠠᠷᠠᠳ ᠤᠨ ᠰᠠᠨᠠᠭᠠᠨ ᠳᠤ ᠨᠡᠩ | ᠨᠡᠶᠢᠴᠡᠨ᠎ᠡ᠃ ᠠᠷᠠᠳ ᠤᠨ ᠵᠡᠪᠰᠡᠭᠲᠦ ᠬᠦᠴᠦᠨ᠂ ᠴᠡᠷᠢᠭ ᠠᠴᠠ ᠬᠠᠯᠠᠭᠳᠠᠭᠰᠠᠳ᠂ ᠦᠨᠳᠦᠰᠦᠲᠡᠨ ᠱᠠᠰᠢᠨ | ᠰᠤᠷᠲᠠᠬᠤᠨ᠂ ᠭᠠᠳᠠᠭᠠᠳᠤ ᠶᠠᠪᠤᠳᠠᠯ ᠬᠠᠷᠢᠶᠠᠲᠤ ᠨᠠᠷ ᠤᠨ ᠶᠠᠪᠤᠳᠠᠯ᠂ ᠰᠣᠶᠣᠯ ᠲᠡᠦᠬᠡ ᠶᠢᠨ ᠳᠠᠩᠰᠠ ᠡᠪᠬᠡᠮᠡᠯ᠂ | ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠬᠡᠦᠬᠡᠳ᠂ ᠤᠳᠬ᠎ᠠ ᠤᠷᠠᠯᠢᠭ ᠤᠨ | ᠬᠢᠨ ᠤ ᠬᠤᠯᠪᠣᠭ᠎ᠠ᠂ ᠤᠯᠠᠭᠠᠨ ᠵᠠᠭᠠᠯᠮᠠᠶᠢᠳᠠᠨ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ᠂ ᠰᠢᠨᠵᠢᠯᠡᠬᠦ ᠤᠬᠠᠭᠠᠨ | ᠮᠡᠷᠭᠡᠵᠢᠯ ᠤᠨ ᠨᠡᠶᠢᠭᠡᠮᠯᠢᠭ᠂ ᠨᠠᠰᠤᠲᠠᠶᠢᠴᠤᠳ᠂ ᠵᠡᠮᠳᠡᠭᠴᠦᠳ᠂ ᠴᠠᠭ ᠠᠭᠤᠷ᠂ ᠬᠠᠩᠭᠠᠨ ᠪᠣᠷᠣᠯᠠᠭᠤᠯᠬᠤ ᠬᠤᠷᠰᠢᠶ᠎ᠠ | ᠵᠡᠷᠭᠡ ᠠᠵᠢᠯ ᠴᠥᠮ ᠪᠠᠶᠠᠷᠯᠠᠭᠤᠰᠢᠲᠠᠢ ᠠᠮᠵᠢᠯᠲᠠ ᠣᠯᠪᠠ᠃ᠪᠢᠳᠡ ᠬᠥᠭᠵᠢᠭᠦᠯᠦᠯᠲᠡ ᠪᠣᠯ ᠲᠡᠷᠢᠭᠦᠨ ᠴᠢᠬᠤᠯᠠ | ᠡᠭᠦᠷᠭᠡ ᠪᠣᠯᠬᠤ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠪᠠᠷᠢᠮᠲᠠᠯᠠᠵᠤ᠂ ᠢᠮᠠᠭᠲᠠ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠭᠡᠬᠦ ᠡᠨᠡᠬᠦ ᠭᠤᠣᠯᠳᠠᠯᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠢᠮᠠᠭᠲᠠ ᠨᠢᠭᠡ ᠰᠡᠳᠬᠢᠯ ᠢᠶᠠᠷ ᠠᠷᠠᠳ ᠲᠦᠮᠡᠨ ᠳᠤ ᠠᠰᠢᠭ ᠬᠦᠷᠲᠡᠭᠡᠳᠡᠭ ᠯᠡ | ᠶᠤᠮ ᠪᠣᠯ ᠬᠤᠷᠴᠢᠨ ᠲᠣᠭᠤᠷᠢᠭ ᠤᠨ ᠤᠴᠢᠷ ᠶᠠᠪᠤᠳᠠᠯ ᠢ ᠯᠠᠪᠲᠠᠢ ᠰᠠᠶᠢᠲᠤᠷ ᠬᠢᠵᠦ ᠴᠢᠳᠠᠨ᠎ᠠ ᠭᠡᠳᠡᠭ ᠢ | ᠦᠢᠯᠡᠳᠦᠯᠭᠡ ᠭᠡᠷᠡᠴᠢᠯᠡᠵᠡᠢ᠃ | ᠲᠥᠯᠥᠭᠡᠯᠡᠭᠴᠢᠳ ᠠ᠋᠂ ᠬᠥᠭᠵᠢᠯᠲᠡ ᠶᠢᠨ ᠠᠮᠵᠢᠯᠲᠠ ᠶᠢ ᠬᠢᠯᠪᠠᠷᠬᠠᠨ ᠢᠶᠠᠷ ᠣᠯᠣᠭᠰᠠᠨ ᠪᠢᠰᠢ᠂ | ᠠᠮᠵᠢᠯᠲᠠ ᠶᠢ ᠣᠯᠬᠤ ᠳᠤ ᠪᠡᠷᠬᠡ ᠶᠤᠮ᠂ ᠡᠨᠡ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ | ᠲᠥᠪ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ᠂ ᠳᠣᠲᠣᠨᠣ ᠬᠠᠯᠠᠮᠵᠢᠯᠠᠯ ᠤᠨ ᠦᠷ᠎ᠡ ᠳ᠋ᠦᠩ ᠮᠥᠨ᠂ ᠪᠢᠳᠡᠨ ᠤ | ᠥᠪᠡᠷᠲᠡᠭᠡᠨ ᠵᠠᠰᠠᠬᠤ ᠣᠷᠣᠨ᠂ ᠲᠦᠩᠯᠢᠶᠣᠣ ᠬᠤᠳᠠ ᠪᠣᠯᠣᠨ ᠲᠣᠭᠤᠷᠢᠭ ᠤᠨ ᠨᠠᠮ ᠤᠨ ᠬᠤᠷᠢᠶ᠎ᠠ ᠶᠢᠨ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠤ | ᠦᠷ᠎ᠡ ᠳ᠋ᠦᠩ ᠮᠥᠨ᠂ ᠪᠦᠬᠦ ᠲᠣᠭᠤᠷᠢᠭ ᠤᠨ ᠥᠷᠭᠡᠨ ᠤᠯᠠᠨ ᠺᠠᠳ᠋ᠷ ᠤᠯᠠᠨ ᠲᠦᠮᠡᠨ ᠤ ᠬᠦᠴᠢᠷ ᠢ ᠲᠤᠭᠤᠯᠤᠨ | ᠪᠡᠷᠬᠡ ᠶᠢ ᠳᠠᠪᠠᠵᠤ᠂ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠠᠳᠡ ᠪᠢ ᠨᠤᠲᠤᠭ ᠤᠨ ᠠᠷᠠᠳ ᠤᠨ | ᠵᠠᠰᠠᠭ ᠤᠨ ᠣᠷᠳᠣᠨ ᠢ ᠲᠥᠯᠥᠭᠡᠯᠡᠵᠦ᠂ ᠡᠯ᠎ᠡ ᠠᠵᠢᠯ ᠤᠨ ᠪᠠᠶᠢᠷᠢᠨ ᠳᠤ ᠰᠢᠷᠭᠠᠭᠤ ᠠᠵᠢᠯᠯᠠᠵᠤ ᠪᠠᠶᠢᠭ᠎ᠠ | ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠳᠤ᠂ ᠵᠠᠰᠠᠭ ᠤᠨ ᠣᠷᠳᠣᠨ ᠤ ᠠᠵᠢᠯ ᠳᠤ ᠬᠦᠴᠦᠲᠡᠢ ᠳᠡᠮᠵᠢᠯᠭᠡ | ᠦᠵᠡᠭᠦᠯᠦᠭᠰᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠪᠣᠯᠣᠨ ᠠᠵᠢᠯ ᠠᠴᠠ ᠪᠠᠨ ᠰᠠᠯᠵᠤ ᠠᠮᠠᠷᠠᠭᠰᠠᠨ ᠠᠵᠢᠯ ᠠᠴᠠ ᠪᠠᠨ ᠪᠠᠭᠤᠵᠤ ᠠᠮᠠᠷᠠᠭᠰᠠᠨ | ᠠᠬᠠᠮᠠᠳ ᠨᠥᠬᠦᠳ ᠲᠤ᠂ ᠮᠠᠨ ᠤ ᠲᠣᠭᠤᠷᠢᠭ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠠ ᠣᠷᠣᠯᠴᠠᠭᠰᠠᠨ | ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠷᠠᠳ ᠤᠨ ᠪᠦᠯᠬᠦᠮ ᠪᠣᠯᠣᠨ | ᠨᠡᠶᠢᠭᠡᠮ ᠤᠨ ᠡᠯ᠎ᠡ ᠡᠲᠡᠭᠡᠳ ᠤᠨ ᠬᠥᠮᠥᠰ ᠲᠤ ᠡᠷᠬᠢᠮ ᠳᠡᠭᠡᠳᠦ ᠬᠦᠨᠳᠦᠳᠬᠡᠯ ᠪᠣᠯᠣᠨ ᠴᠢᠩ ᠰᠡᠳᠬᠢᠯ ᠤᠨ | ᠲᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠣᠯᠵᠤ ᠬᠠᠷᠠᠬᠤ ᠶᠢᠨ ᠵᠡᠷᠭᠡ ᠳᠤ᠂ ᠪᠢᠳᠡ ᠪᠠᠰᠠ ᠤᠷᠤᠭᠰᠢᠯᠠᠯᠲᠠ ᠶᠢᠨ ᠵᠠᠮ ᠳᠡᠭᠡᠷ᠎ᠡ ᠪᠠᠰᠠ | ᠴᠥᠭᠡᠨ ᠪᠤᠰᠤ ᠬᠦᠴᠢᠷᠳᠡᠯ ᠪᠠ ᠠᠰᠠᠭᠤᠳᠠᠯ ᠲᠤᠯᠭᠠᠷᠠᠵᠤ ᠪᠠᠶᠢᠬᠤ ᠶᠢ ᠰᠡᠷᠭᠡᠭ ᠢᠶᠠᠷ ᠲᠠᠨᠢᠵᠤ ᠣᠯᠣᠭᠰᠠᠨ ᠪᠠᠶᠢᠨ᠎ᠠ᠂ | ᠡᠭᠦᠨ ᠳᠤ᠄ ᠠᠵᠤ ᠦᠢᠯᠡᠰ ᠤᠨ ᠪᠦᠲᠦᠴᠡ ᠬᠠᠷᠠᠬᠠᠨ ᠰᠢᠯᠢᠳᠡᠭᠵᠢᠵᠦ ᠳᠡᠶᠢᠯᠦᠭᠡᠳᠦᠢ᠂ ᠠᠵᠤ ᠦᠢᠯᠡᠳᠪᠦᠷᠢ ᠶᠢᠨ | ᠲᠥᠷᠥᠯ ᠵᠦᠢᠯ ᠤᠨ ᠲᠤᠯᠭᠠᠭᠤᠷᠢᠯᠠᠯ ᠬᠠᠷᠠᠬᠠᠨ ᠭᠦᠢᠴᠡᠳ ᠦᠭᠡᠢ᠂ ᠲᠠᠷᠢᠶᠠᠯᠠᠩ ᠮᠠᠯ ᠠᠵᠤ ᠠᠬᠤᠢ ᠶᠢᠨ ᠠᠵᠤ | ᠦᠢᠯᠡᠰ ᠤᠨ ᠨᠡᠶᠢᠯᠡᠯ ᠬᠠᠷᠠᠬᠠᠨ ᠨᠢᠭᠲᠠ ᠪᠢᠰᠢ᠂ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠵᠠᠭᠪᠤᠷ ᠲᠠᠩ | ᠴᠤᠯᠭᠤᠢ ᠪᠠᠶᠢᠬᠤ︔ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠲᠠᠪᠴᠠᠩ ᠪᠠ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠬᠠᠷᠢᠴᠠᠩᠭᠤᠢ ᠪᠠᠷ ᠨᠡᠯᠢᠶᠡᠳ ᠴᠥᠭᠡᠨ ᠪᠠᠶᠢᠵᠤ᠂ | ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠡᠭᠦᠷᠭᠡ ᠮᠥᠨ ᠯᠡ ᠪᠡᠷᠬᠡ ᠬᠠᠲᠠᠭᠤᠵᠢᠯᠲᠠᠢ ᠪᠠᠶᠢᠨ᠎ᠠ; | ᠥᠭᠡᠷᠡᠴᠢᠯᠡᠯᠲᠡ ᠨᠡᠭᠡᠭᠡᠯᠲᠡ ᠳᠤ ᠮᠥᠨ ᠬᠦ ᠬᠦᠴᠦ ᠨᠡᠮᠡᠬᠦ ᠴᠢᠬᠤᠯᠠᠲᠠᠢ ᠪᠠᠶᠢᠵᠤ᠂ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠰᠢᠯᠢᠳᠡᠭᠵᠢᠭᠦᠯᠬᠦ ᠣᠷᠣᠨ ᠵᠠᠢ ᠲᠠᠢ ᠪᠠᠶᠢᠨ᠎ᠠ;ᠠᠵᠤ ᠦᠢᠯᠡᠰ ᠪᠠ ᠬᠤᠳᠠ ᠶᠢ ᠠᠭᠤᠰᠤᠯᠴᠠᠭᠤᠯᠤᠨ | ᠬᠥᠭᠵᠢᠭᠦᠯᠬᠦ ᠲᠠᠯ᠎ᠠ ᠪᠠᠷ ᠲᠡᠶᠢᠮᠦ ᠭᠦᠨᠵᠡᠭᠡᠢ ᠪᠢᠰᠢ᠂ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠪᠠᠰᠠ | ᠳᠤᠲᠠᠭᠤᠳᠠᠯ ᠣᠷᠣᠰᠢᠵᠤ᠂ ᠠᠷᠠᠳ ᠤᠨ ᠠᠮᠢᠳᠤᠷᠠᠯ ᠤᠨ ᠬᠦᠷᠢᠶᠡᠨ ᠳᠤ ᠮᠥᠨ ᠳᠤᠲᠠᠭᠤᠳᠠᠯ ᠣᠷᠣᠰᠢᠵᠤ ᠪᠠᠶᠢᠨ᠎ᠠ; | ᠰᠤᠷᠲᠠᠯ ᠤᠨ ᠪᠠᠶᠢᠭᠤᠯᠤᠯᠲᠠ ᠶᠢᠨ ᠡᠭᠦᠷᠭᠡ ᠬᠦᠨᠳᠦ ᠵᠠᠮ ᠬᠤᠯᠠ᠂ ᠣᠨᠴᠠ ᠵᠠᠷᠢᠮ ᠺᠠᠳ᠋ᠷ ᠤᠨ ᠦᠵᠡᠯ ᠰᠠᠨᠠᠭ᠎ᠠ ᠪᠠᠨ | ᠴᠢᠯᠦᠭᠡᠯᠡᠭᠰᠡᠨ ᠢᠶᠠᠷ ᠬᠦᠷᠦᠯᠴᠡᠬᠦ ᠦᠭᠡᠢ᠂ ᠲᠡᠮᠡᠴᠡᠯ ᠤᠨ ᠵᠣᠷᠢᠭ ᠰᠠᠨᠠᠭ᠎ᠠ ᠪᠠᠷ ᠴᠢᠩᠭ᠎ᠠ ᠪᠢᠰᠢ᠂ ᠠᠵᠢᠯ ᠶᠠᠪᠤᠳᠠᠯ ᠬᠢᠬᠦ | ᠪᠠᠶᠢᠳᠠᠯ ᠢᠶᠠᠷ ᠠᠨᠠᠢ᠂ ᠰᠡᠳᠦᠪ ᠡᠪᠳᠡᠬᠦ ᠴᠢᠳᠠᠪᠤᠷᠢ ᠪᠠᠷ ᠬᠦᠷᠦᠯᠴᠡᠬᠦ ᠦᠭᠡᠢ ᠪᠠᠶᠢᠨ᠎ᠠ᠃ᠡᠳᠡᠭᠡᠷ ᠠᠰᠠᠭᠤᠳᠠᠯ ᠳᠤ | ᠴᠢᠭᠯᠡᠭᠦᠯᠦᠨ᠂ ᠪᠢᠳᠡ ᠵᠠᠪᠠᠯ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠡᠩ ᠶᠡᠭᠡ ᠡᠷᠴᠢᠮ ᠢᠶᠠᠷ | ᠦᠨᠡᠨ ᠬᠦ ᠰᠢᠢᠳᠪᠦᠷᠢᠯᠡᠨ᠎ᠡ᠃ | ᠬᠤᠶᠠᠷ᠂ 2023 ᠣᠨ ᠤ ᠭᠤᠣᠯ ᠬᠠᠷᠠᠯᠲᠠ ᠪᠠ ᠭᠤᠣᠯᠳᠠᠯᠭ᠎ᠠ ᠲᠠᠢ ᠡᠭᠦᠷᠭᠡ | ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠦᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ | ᠵᠢᠯ ᠮᠥᠨ᠂ ᠡᠨᠡ ᠵᠢᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ | ᠪᠥᠭᠡᠳ ᠠᠯᠤᠰ ᠬᠡᠳᠦ ᠶᠢᠨ ᠨᠥᠯᠥᠭᠡ ᠲᠠᠢ ᠶᠤᠮ᠃ | 2023 ᠣᠨ ᠤ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ | ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ᠂ ᠲᠦᠩᠯᠢᠶᠣᠣ ᠬᠤᠲᠠ ᠶᠢᠨ ᠠᠵᠤ | ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠣᠨᠣᠪᠴᠢᠲᠠᠶ ᠡᠵᠡᠮᠰᠢᠵᠦ᠂ ᠭᠦᠨᠵᠡᠭᠡᠢ | ᠨᠠᠶᠢᠳᠠᠪᠤᠷᠢᠵᠢᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠬᠥᠭ | ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ | ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠪᠠᠷ ᠦᠢᠯᠡᠴᠢᠯᠡᠬᠦ ᠪᠠ | ᠠᠭᠤᠰᠤᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ | ᠨᠡᠩ ᠰᠠᠶᠢᠲᠤᠷ ᠨᠢᠭᠡᠳᠦᠯᠲᠡᠢ ᠲᠥᠯᠥᠪᠯᠡᠵᠦ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ | ᠲᠥᠯᠥᠪᠯᠡᠵᠦ᠂ ᠪᠦᠬᠦ ᠲᠣᠭᠤᠷᠢᠭ ᠤᠨ ᠬᠦᠴᠦᠨ ᠢ ᠲᠥᠪᠯᠡᠷᠡᠭᠦᠯᠦᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ | ᠬᠦᠴᠦᠷᠬᠡᠭᠵᠢᠭᠦᠯᠵᠦ᠂ ᠠᠵᠤ ᠦᠢᠯᠡᠳᠪᠦᠷᠢ ᠶᠢᠨ ᠨᠢᠷᠤᠭᠤ ᠲᠤᠯᠭᠠᠭᠤᠷᠢ ᠶᠢ ᠭᠤᠶᠢᠪᠢᠰᠢ ᠦᠭᠡᠢ ᠲᠤᠯᠭᠠᠭᠤᠷᠢᠯᠠᠵᠤ᠂ | ᠦᠢᠯᠡᠴᠢᠯᠡᠭᠡᠨ ᠤ ᠦᠢᠯᠡᠰ ᠢ ᠭᠦᠢᠴᠡᠳ ᠬᠥᠭᠵᠢᠭᠦᠯᠬᠦ ᠪᠠ ᠲᠠᠷᠢᠶᠠᠯᠠᠩ ᠮᠠᠯ ᠠᠵᠤ ᠠᠬᠤᠢ ᠶᠢᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠷᠭᠡᠳᠬᠡᠨ ᠠᠬᠢᠭᠤᠯᠵᠤ᠂ ᠳᠣᠲᠣᠭᠠᠳᠤ ᠬᠡᠷᠡᠭᠴᠡᠭᠡ ᠪᠠᠨ | ᠥᠷᠭᠡᠳᠬᠡᠬᠦ᠂ ᠲᠥᠷᠥᠯ ᠵᠦᠢᠯ ᠢ ᠬᠥᠭᠵᠢᠭᠦᠯᠬᠦ᠂ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠪᠠᠲᠤᠯᠠᠭ᠎ᠠ ᠶᠢ | ᠴᠢᠩᠭᠠᠳᠬᠠᠬᠤ᠂ ᠰᠢᠨ᠎ᠡ ᠶᠢ ᠡᠭᠦᠳᠬᠦ ᠶᠢ ᠠᠬᠢᠭᠤᠯᠬᠤ ᠶᠢ ᠤᠷᠲᠤ ᠬᠤᠭᠤᠴᠠᠭ᠎ᠠ ᠪᠠᠷ ᠪᠠᠷᠢᠮᠲᠠᠯᠠᠵᠤ᠂ ᠠᠵᠤ ᠦᠢᠯᠡᠰ | ᠪᠠ ᠬᠤᠲᠠ ᠶᠢᠨ ᠠᠭᠤᠰᠤᠯᠴᠠᠯ ᠢ ᠰᠠᠶᠢᠲᠤᠷ ᠠᠳᠬᠤᠵᠤ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ | ᠠᠵᠤ ᠦᠢᠯᠡᠰ ᠤᠨ ᠬᠥᠭᠵᠢᠯᠲᠡ ᠶᠢᠨ ᠥᠷᠢᠰᠦᠯᠳᠦᠬᠦ ᠬᠦᠴᠦᠨ᠂ ᠣᠯᠠᠨ ᠨᠡᠶᠢᠲᠡ ᠶᠢᠨ ᠦᠢᠯᠡᠴᠢᠯᠡᠭᠡᠨ ᠤ | ᠬᠠᠩᠭᠠᠯᠭ᠎ᠠ ᠶᠢᠨ ᠬᠦᠴᠦᠨ᠂ ᠰᠠᠭᠤᠷᠢ ᠲᠥᠬᠦᠭᠡᠷᠦᠮᠵᠢ ᠶᠢᠨ ᠲᠤᠯᠭᠠᠭᠤᠷᠢᠯᠠᠬᠤ ᠬᠦᠴᠦᠨ ᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠠᠵᠤ ᠠᠬᠤᠢ ᠶᠢᠨ ᠠᠵᠢᠯᠯᠠᠭᠠᠨ ᠢ ᠵᠦᠢ ᠵᠣᠬᠢᠰᠲᠠᠢ ᠣᠷᠣᠨ ᠪᠠᠶᠢᠷᠢ ᠳᠤ ᠪᠥᠬᠦ ᠲᠠᠯ᠎ᠠ ᠪᠠᠷ | ᠪᠤᠴᠠᠭᠠᠨ ᠠᠪᠴᠢᠷᠠᠬᠤ ᠶᠢ ᠠᠬᠢᠭᠤᠯᠵᠤ᠂ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ | ᠵᠦᠢ ᠵᠣᠬᠢᠰᠲᠠᠢ ᠨᠡᠮᠡᠭᠳᠡᠭᠦᠯᠬᠦ ᠶᠢ ᠪᠡᠶᠡᠯᠡᠭᠦᠯᠦᠨ᠂ ᠬᠠᠷᠢᠭᠤᠴᠠᠯᠭ᠎ᠠ ᠡᠭᠦᠷᠭᠡᠯᠡᠬᠦ᠂ ᠦᠨᠡᠨᠴᠢ ᠢᠲᠡᠭᠡᠮᠵᠢᠲᠡᠢ᠂ | ᠨᠡᠭᠡᠭᠡᠯᠲᠡᠲᠡᠢ ᠪᠠᠶᠢᠬᠤ ᠣᠪᠣᠷ ᠢᠶᠠᠷ ᠣᠷᠣᠨ ᠪᠦᠰᠡ ᠶᠢᠨ ᠲᠥᠪ ᠬᠤᠲᠠ ᠶᠢᠨ ᠭᠤᠣᠯᠯᠠᠭᠴᠢ ᠲᠣᠭᠤᠷᠢᠭ ᠢ ᠪᠦᠲᠦᠭᠡᠨ | ᠪᠠᠶᠢᠭᠤᠯᠬᠤ ᠴᠢᠬᠤᠯᠠ ᠶᠡᠭᠡ ᠬᠠᠷᠢᠭᠤᠴᠠᠯᠭ᠎ᠠ ᠶᠢ ᠦᠨᠡᠨᠬᠦ ᠪᠠᠲᠤ ᠡᠭᠦᠷᠭᠡᠯᠡᠵᠦ᠂ ᠣᠳᠣᠬᠢᠴᠢᠯᠠᠭᠰᠠᠨ ᠬᠤᠷᠴᠢᠨ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠳᠤ ᠰᠠᠶᠢᠨ ᠡᠬᠢᠯᠡᠯᠲᠡ ᠲᠠᠢ | ᠪᠣᠯᠭᠠᠬᠤ ᠪᠠᠷ ᠴᠢᠷᠮᠠᠶᠢᠬᠤ ᠬᠡᠷᠡᠭᠲᠡᠢ᠃ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠶᠡᠷᠦᠩᠬᠡᠶᠢᠯᠡᠨ ᠪᠣᠳᠣᠯᠬᠢᠯᠠᠵᠤ᠂ 2023 ᠣᠨ ᠳᠤ | ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠤᠨ ᠨᠡᠮᠡᠭᠳᠡᠯ ᠤᠨ ᠬᠤᠷᠳᠤᠴᠠ ᠶᠢ 8% ᠣᠷᠴᠢᠮ | ᠪᠠᠶᠢᠯᠭᠠᠵᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ | ᠨᠡᠮᠡᠭᠳᠡᠯ ᠤᠨ ᠬᠤᠷᠳᠤᠴᠠ ᠶᠢ 100% ᠳᠤ ᠬᠦᠷᠦᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠶᠡᠷᠦᠩᠬᠡᠢ ᠲᠤᠭ᠎ᠠ ᠶᠢᠨ ᠨᠡᠮᠡᠭᠳᠡᠯ ᠤᠨ ᠬᠤᠷᠳᠤᠴᠠ ᠶᠢ 8% ᠣᠷᠴᠢᠮ ᠪᠠᠶᠢᠯᠭᠠᠵᠤ᠂ ᠡᠩ ᠤᠨ | ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢ 8% ᠣᠷᠴᠢᠮ ᠪᠠᠶᠢᠯᠭᠠᠵᠤ᠂ | ᠬᠤᠲᠠ ᠪᠠᠯᠭᠠᠰᠤᠨ ᠤ ᠰᠠᠭᠤᠭᠠᠯᠢ ᠠᠷᠠᠳ ᠪᠠ ᠮᠠᠯᠴᠢᠨ ᠲᠠᠷᠢᠶᠠᠴᠢᠨ ᠤ ᠬᠥᠮᠥᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢ ᠲᠣᠰ ᠲᠣᠰ 6.5% ᠪᠠ 8.5% ᠣᠷᠴᠢᠮ ᠪᠠᠶᠢᠯᠭᠠᠵᠤ᠂ | ᠲᠦᠩᠯᠢᠶᠣᠣ ᠬᠤᠲᠠ ᠶᠢᠨ ᠪᠠᠭᠤᠯᠭᠠᠭᠰᠠᠨ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ ᠪᠠᠭᠤᠷᠠᠭᠤᠯᠬᠤ | ᠬᠠᠷᠠᠯᠲᠠ ᠶᠢᠨ ᠡᠭᠦᠷᠭᠡ ᠶᠢ ᠪᠡᠶᠡᠯᠡᠭᠦᠯᠬᠦ ᠶᠢ ᠰᠠᠨᠠᠭᠤᠯᠵᠤ ᠪᠠᠶᠢᠨ᠎ᠠ᠃ | ᠵᠢᠱᠢᠭᠰᠡᠨ ᠬᠠᠷᠠᠯᠲᠠ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠪᠢᠳᠡ ᠳᠣᠣᠷᠠᠬᠢ | ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠬᠢᠨ᠎ᠡ᠄ | ︵ᠨᠢᠭᠡ︶ᠬᠥᠳᠡᠭᠡ ᠠᠵᠤ ᠠᠬᠤᠢ ᠬᠥᠳᠡᠭᠡ ᠲᠣᠰᠬᠤᠨ ᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠵᠤ᠂ ᠬᠥᠳᠡᠭᠡ | ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠲᠠᠯ᠎ᠠ ᠪᠠᠷ ᠡᠷᠡᠯᠬᠡᠭᠯᠡᠨ ᠤᠷᠤᠭᠰᠢᠯᠠᠵᠤ ᠰᠢᠪᠲᠤᠯᠤᠯᠲᠠ | ᠭᠠᠷᠭᠠᠨ᠎ᠠ᠃ ᠰᠢᠨ᠎ᠡ ᠬᠥᠭᠵᠢᠯᠲᠡ ᠶᠢᠨ ᠱᠠᠲᠤᠨ ᠳᠠᠬᠢ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ | ᠤ ᠠᠵᠢᠯ ᠢ ᠰᠠᠶᠢᠲᠤᠷ ᠬᠢᠬᠦ ᠨᠢ ᠣᠨᠴᠠᠭᠠᠢ ᠴᠢᠬᠤᠯᠠ ᠴᠢᠨᠠᠷ ᠪᠠ ᠪᠣᠳᠠᠲᠠᠢ ᠲᠤᠯᠭᠠᠮ᠎ᠠ ᠴᠢᠨᠠᠷ ᠲᠠᠢ ᠶᠤᠮ᠂ ᠡᠷᠬᠡᠪᠰᠢ | ᠪᠦᠬᠦ ᠲᠣᠭᠤᠷᠢᠭ ᠤᠨ ᠬᠦᠴᠦᠨ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ | ᠠᠬᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠦᠬᠦ ᠲᠠᠯ᠎ᠠ ᠪᠠᠷ ᠪᠠᠬᠢᠵᠢᠭᠦᠯᠵᠦ᠂︽ᠲᠠᠪᠤᠨ ᠶᠡᠭᠡ | ᠠᠵᠤ ᠦᠢᠯᠡᠰ︾ ᠤᠨ ᠰᠠᠭᠤᠷᠢᠨ ᠢ ᠬᠦᠴᠦᠯᠡᠨ ᠪᠠᠶᠢᠭᠤᠯᠵᠤ᠂ ᠬᠥᠳᠡᠭᠡ ᠠᠵᠤ ᠠᠬᠤᠢ ᠶᠢᠨ ᠴᠢᠨᠠᠷ ᠰᠠᠶᠢᠲᠠᠢ | ᠥᠨᠳᠥᠷ ᠦᠷ᠎ᠡ ᠠᠰᠢᠭ ᠲᠠᠢ᠂ ᠬᠥᠳᠡᠭᠡ ᠲᠣᠰᠬᠤᠨ ᠤ ᠣᠷᠣᠰᠢᠨ ᠰᠠᠭᠤᠬᠤ ᠳᠤ ᠲᠣᠬᠢᠷᠠᠮᠵᠢᠲᠠᠢ᠂ ᠲᠠᠷᠢᠶᠠᠴᠢᠳ ᠤᠨ | ᠪᠠᠶᠠᠨ ᠴᠢᠨᠡᠭᠡᠯᠢᠭ ᠪᠠᠶᠠᠨ ᠴᠢᠨᠡᠭᠡᠯᠢᠭ ᠪᠠᠶᠢᠬᠤ ᠶᠢ ᠠᠬᠢᠭᠤᠯᠬᠤ ᠬᠡᠷᠡᠭᠲᠡᠢ᠃ | ᠶᠡᠷᠦᠩᠬᠡᠶᠢᠯᠡᠭᠰᠡᠨ ᠦᠢᠯᠡᠳᠪᠦᠷᠢᠯᠡᠬᠦ ᠴᠢᠳᠠᠪᠤᠷᠢ ᠶᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃︽ᠣᠶᠤᠨᠲᠤ ᠲᠣᠮᠣ | ᠲᠠᠷᠢᠶᠠᠯᠠᠩ︾ ᠤᠨ ᠬᠥᠭᠵᠢᠯᠲᠡ ᠶᠢᠨ ᠪᠠᠶᠢᠷᠢᠰᠢᠯ ᠢ ᠦᠷᠭᠦᠯᠵᠢᠯᠡᠨ ᠰᠢᠯᠢᠳᠡᠭᠵᠢᠭᠦᠯᠵᠦ᠂ ᠤᠰᠤ ᠪᠣᠷᠳᠣᠭᠤᠷ ᠢ ᠨᠢᠭᠡ | ᠴᠣᠭᠴᠠᠵᠢᠭᠤᠯᠬᠤ᠂ ᠨᠢᠭᠲᠠ ᠳᠠᠷᠢᠵᠤ ᠥᠨᠳᠥᠷ ᠤᠨᠠᠯᠲᠠ ᠶᠢ ᠲᠣᠬᠢᠷᠠᠭᠤᠯᠤᠨ ᠡᠵᠡᠮᠳᠡᠬᠦ᠂ ᠨᠡᠶᠢᠯᠡᠮᠡᠯ ᠮᠠᠶ᠋ᠢᠭ ᠤᠨ | ᠮᠠᠰᠢᠨ ᠮᠧᠬᠠᠨᠢᠭ ᠵᠡᠷᠭᠡ ᠲᠠᠷᠢᠶᠠᠯᠠᠩ ᠤᠨ ᠮᠠᠰᠢᠨ ᠲᠠᠷᠢᠶᠠᠯᠠᠩ ᠤᠨ ᠮᠡᠷᠭᠡᠵᠢᠯ ᠢ ᠪᠥᠬᠦ ᠲᠠᠯ᠎ᠠ ᠪᠠᠷ ᠳᠡᠯᠭᠡᠷᠡᠭᠦᠯᠦᠨ᠂ | ᠡᠷᠳᠡᠨᠢ ᠰᠢᠰᠢ ᠶᠢᠨ ᠪᠠᠷᠢᠮᠵᠢᠶᠠᠵᠢᠭᠰᠠᠨ ᠥᠨᠳᠥᠷ ᠤᠨᠠᠯᠲᠠ ᠶᠢ ᠡᠭᠦᠳᠦᠨ ᠪᠠᠶᠢᠭᠤᠯᠬᠤ ᠣᠷᠣᠨ ᠢ 50 ᠲᠦᠮᠡᠨ ᠮᠦ | ᠪᠣᠯᠲᠠᠯ᠎ᠠ ᠨᠡᠮᠡᠭᠳᠡᠭᠦᠯᠬᠦ ᠶᠢ ᠲᠦᠯᠬᠢᠨ ᠠᠬᠢᠭᠤᠯᠵᠤ᠂ ᠲᠠᠷᠢᠮᠠᠯ ᠤᠨ ᠶᠡᠷᠦᠩᠬᠡᠢ ᠳᠠᠷᠢᠬᠤ ᠲᠠᠯᠠᠪᠠᠶ᠂ ᠠᠮᠤ ᠪᠤᠳᠠᠭᠠᠨ ᠤ | ᠤᠨᠠᠯᠲᠠ ᠶᠢ ᠨᠡᠮᠡᠭᠳᠡᠭᠦᠯᠬᠦ ᠠᠴᠠ ᠪᠢᠰᠢ ᠬᠠᠰᠤᠭᠳᠠᠭᠤᠯᠬᠤ ᠦᠭᠡᠢ ᠪᠠᠶᠢᠬᠤ ᠶᠢ ᠦᠨᠡᠨᠬᠦ ᠪᠠᠲᠤᠯᠠᠨ᠎ᠠ᠃ᠪᠡᠯᠡᠳᠭᠡᠮᠵᠢᠳᠤ | ᠲᠠᠷᠢᠶᠠᠯᠠᠩ ᠤᠨ ᠴᠡᠪᠡᠷ ᠲᠠᠯᠠᠪᠠᠶ ᠶᠢ 1.5 ᠲᠦᠮᠡᠨ ᠮᠦ ᠳᠤ ᠥᠷᠭᠡᠳᠬᠡᠨ ᠨᠡᠮᠡᠭᠳᠡᠭᠦᠯᠵᠦ᠂ ᠵᠠᠳᠠᠭᠠᠢ ᠭᠠᠵᠠᠷ ᠤᠨ | ᠢᠳᠡᠰᠢᠨ ᠨᠣᠭᠤᠭ᠎ᠠ ᠶᠢ 10 ᠲᠦᠮᠡᠨ ᠮᠦ ᠳᠤ ᠬᠦᠷᠲᠡᠯ᠎ᠡ ᠨᠡᠮᠡᠭᠳᠡᠭᠦᠯᠦᠨ᠂ ᠭᠤᠣᠯ ᠬᠤᠲᠠ ᠶᠢᠨ ᠲᠣᠭᠤᠷᠢᠭ ᠤᠨ ︽ | ᠢᠳᠡᠰᠢᠨ ᠨᠣᠭᠤᠭ᠎ᠠ︾ ᠶᠢ ᠦᠷᠭᠦᠯᠵᠢᠯᠡᠨ ᠪᠠᠶᠠᠯᠢᠭᠵᠢᠭᠤᠯᠤᠨ᠎ᠠ᠃ ᠲᠠᠯᠠᠩ᠂ ᠮᠤᠷᠤᠢ ᠶᠢᠨ ᠰᠦᠮ᠎ᠡ᠂ ᠴᠢᠩ ᠾᠧ | ᠵᠡᠷᠭᠡ ᠤᠢ ᠵᠢᠮᠢᠰ ᠤᠨ ᠭᠤᠣᠯ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠬᠢᠭᠤᠯᠵᠤ᠂ | ᠬᠡᠮᠡᠷᠯᠢᠭ ᠬᠠᠶᠢᠲᠠᠩ᠂ ᠬᠡᠭᠡᠷ᠎ᠡ ᠶᠢᠨ ᠲᠢᠲᠢᠮ ᠵᠢᠮᠢᠰ᠂ ᠡᠯᠡᠰᠦᠷᠬᠡᠭ ᠭᠠᠵᠠᠷ ᠤᠨ ᠦᠵᠦᠮ ᠵᠡᠷᠭᠡ ᠠᠵᠤ ᠠᠬᠤᠢ ᠶᠢᠨ | ᠤᠢ ᠶᠢᠨ ᠲᠠᠯᠠᠪᠠᠢ ᠶᠢ ᠴᠢᠨᠠᠭᠰᠢᠳᠠ ᠥᠷᠭᠡᠳᠬᠡᠵᠦ᠂ ᠤᠢ ᠰᠢᠭᠤᠢ ᠶᠢ ᠥᠷᠭᠡᠳᠬᠡᠨ ᠨᠣᠭᠤᠭᠠᠷᠠᠭᠤᠯᠵᠤ | ᠴᠢᠨᠡᠭᠡᠯᠢᠭᠵᠢᠭᠦᠯᠬᠦ ᠶᠢ ᠪᠡᠶᠡᠯᠡᠭᠦᠯᠦᠨ᠎ᠡ᠃ᠤᠯᠤᠰ ᠤᠨ ᠡᠮ ᠤᠨ ᠡᠷᠡᠭᠦᠯ ᠮᠡᠨᠳᠦ᠂ ᠬᠠᠢ ᠲᠢᠶᠠᠨ ᠡᠮ ᠦᠢᠯᠡᠳᠬᠦ ᠵᠡᠷᠭᠡ | ᠬᠥᠲᠥᠴᠢ ᠠᠵᠤ ᠠᠬᠤᠶᠢᠯᠠᠯ ᠳᠤ ᠲᠦᠰᠢᠭᠯᠡᠨ᠂ ᠣᠶ ᠶᠢᠨ ᠬᠤᠭᠤᠷᠣᠨᠳᠤ ᠰᠢᠯᠢᠳᠡᠭ ᠬᠢᠲᠠᠳ ᠮᠣᠩᠭᠤᠯ ᠡᠮ ᠤᠨ | ᠮᠠᠲ᠋ᠧᠷᠢᠶᠠᠯ ᠳᠠᠷᠢᠬᠤ ᠲᠠᠯᠠᠪᠠᠶ ᠶᠢ 10 ᠲᠦᠮᠡᠨ ᠮᠦ ᠪᠣᠯᠭᠠᠨ ᠨᠡᠮᠡᠭᠳᠡᠭᠦᠯᠬᠦ ᠶᠢ ᠳᠠᠶᠢᠴᠢᠯᠠᠵᠤ᠂ ᠣᠶ ᠶᠢᠨ | ᠬᠤᠷᠮᠣᠢ ᠶᠢᠨ ︽ᠬᠤᠭᠤᠰᠤᠨ ᠲᠠᠷᠢᠮᠠᠯ ᠦᠭᠡᠢ ᠣᠷᠣᠨ︾ ᠢ ᠠᠵᠤ ᠠᠬᠤᠢ ᠶᠢᠨ ︽ᠥᠷᠲᠡᠭ ᠨᠡᠮᠡᠭᠳᠡᠯ ᠤᠨ ᠣᠷᠣᠨ︾ | ᠪᠣᠯᠭᠠᠨ ᠬᠤᠪᠢᠷᠠᠭᠤᠯᠤᠨ᠎ᠠ᠃ ᠪᠧᠢ ᠨᠢᠦ ᠲᠠᠷᠢᠶᠠᠯᠠᠩ ᠮᠠᠯ ᠠᠵᠤ ᠠᠬᠤᠢ᠂ ᠹᠦ᠋ ᠴᠧᠩ ᠪᠦᠯᠦᠭᠯᠡᠯ ᠵᠡᠷᠭᠡ ᠠᠯᠠᠰᠢᠨ | ᠦᠬᠡᠷ ᠲᠡᠵᠢᠭᠡᠨ ᠦᠷᠡᠵᠢᠭᠦᠯᠵᠦ ᠨᠢᠲᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠥᠬᠦ | ᠬᠦᠴᠦᠨ ᠢᠶᠠᠷ ᠢᠶᠠᠨ ᠠᠬᠢᠭᠤᠯᠵᠤ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠶᠢ ᠲᠡᠳᠬᠦᠬᠦ ᠲᠥᠷᠥ ᠶᠢᠨ | ᠪᠣᠳᠣᠯᠭ᠎ᠠ ᠶᠢ ᠰᠠᠶᠢᠲᠤᠷ ᠬᠡᠷᠡᠭᠯᠡᠨ᠂ ᠲᠥᠪᠯᠡᠷᠡᠭᠦᠯᠵᠦ ᠲᠠᠷᠬᠠᠭᠠᠬᠤ ᠶᠢ ᠵᠡᠷᠭᠡᠪᠡᠷ ᠴᠢᠬᠤᠯᠠᠴᠢᠯᠠᠵᠤ ᠠᠯᠠᠰᠢᠨ | ᠦᠬᠡᠷ ᠤᠨ ᠲᠤᠭ᠎ᠠ ᠲᠣᠯᠣᠭᠠᠢ ᠶᠢ 33 ᠲᠦᠮᠡ ᠠᠴᠠ ᠳᠡᠭᠡᠭᠰᠢ ᠲᠣᠭᠲᠠᠪᠤᠷᠢᠵᠢᠭᠤᠯᠬᠤ ᠶᠢ ᠲᠦᠯᠬᠢᠨ ᠠᠬᠢᠭᠤᠯᠵᠤ᠂ | ᠪᠦᠯᠦᠭᠯᠡᠨ ᠲᠡᠵᠢᠭᠡᠨ ᠦᠷᠡᠵᠢᠭᠦᠯᠬᠦ᠂ ᠨᠠᠷᠢᠯᠢᠭ ᠭᠦᠨᠵᠡᠭᠡᠢ ᠡᠳ᠋ᠰᠢᠭᠦᠯᠬᠦ᠂ ᠮᠥᠩᠭᠦᠨ ᠭᠦᠢᠯᠭᠡᠭᠡᠨ ᠢᠶᠠᠷ ᠡᠨᠧᠷᠭᠢ | ᠣᠯᠭᠤᠬᠤ ᠵᠡᠷᠭᠡ ᠪᠥᠬᠦ ᠬᠦᠴᠦᠨ ᠵᠦᠢᠯ ᠤᠨ ᠪᠢᠲᠡᠭᠦᠦ ᠴᠠᠭᠠᠷᠢᠭ ᠤᠨ ᠬᠥᠭᠵᠢᠯᠲᠡ ᠶᠢᠨ ᠪᠠᠶᠢᠷᠢᠰᠢᠯ ᠢ | ᠬᠦᠴᠦᠨ ᠢᠶᠠᠨ ᠲᠥᠪᠯᠡᠷᠡᠭᠦᠯᠦᠨ ᠪᠣᠶ ᠪᠣᠯᠭᠠᠨ᠎ᠠ᠃ | ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠲᠦᠷᠭᠡᠳᠬᠡᠨ ᠠᠬᠢᠭᠤᠯᠤᠨ᠎ᠠ᠃ ᠡᠰᠢ ᠰᠦᠷᠡᠯ ᠢ ᠪᠥᠬᠦ | ᠴᠠᠷᠠᠭᠠᠨ ᠳᠤ ᠪᠥᠬᠦ ᠬᠡᠮᠵᠢᠶ᠎ᠡ ᠪᠠᠷ ᠠᠰᠢᠭᠯᠠᠬᠤ ᠶᠢ ᠭᠦᠨᠵᠡᠭᠡᠶᠢᠷᠡᠭᠦᠯᠵᠦ᠂ ︽ᠠᠮᠤ ᠪᠤᠳᠠᠭ᠎ᠠ ᠶᠢ ᠲᠡᠵᠢᠭᠡᠯ ᠪᠣᠷᠳᠤᠭ᠎ᠠ | ᠪᠣᠯᠭᠠᠨ ᠥᠭᠡᠷᠡᠴᠢᠯᠡᠬᠦ︾ ᠬᠡᠪᠴᠢᠶ᠎ᠡ ᠶᠢ ᠥᠷᠭᠡᠳᠬᠡᠨ ᠳᠠᠷᠢᠵᠤ ᠲᠡᠵᠢᠭᠡᠬᠦ ᠶᠢ ᠨᠢᠭᠡ ᠴᠣᠭᠴᠠᠵᠢᠭᠤᠯᠤᠨ᠂ | ᠤᠯᠤᠰ ᠤᠨ ᠡᠨᠧᠷᠭᠢ ᠶᠢᠨ ᠠᠮᠢᠳᠤ ᠪᠣᠳᠠᠰ ᠤᠨ ᠲᠥᠷᠥᠯ ᠵᠦᠢᠯ ᠢ ᠪᠠᠶᠠᠯᠢᠭᠵᠢᠭᠤᠯᠤᠨ ᠡᠬᠢ ᠪᠠᠶᠠᠯᠢᠭᠵᠢᠭᠤᠯᠤᠨ | ᠠᠰᠢᠭᠯᠠᠬᠤ ᠠᠷᠭ᠎ᠠ ᠵᠠᠮ ᠳᠤ ᠲᠦᠰᠢᠭᠯᠡᠨ᠂ ᠲᠦᠭᠦᠬᠡᠢ ᠮᠠᠲ᠋ᠧᠷᠢᠶᠠᠯ ᠢᠶᠠᠷ ᠭᠤᠣᠯ ᠪᠣᠯᠭᠠᠭᠰᠠᠨ᠂ ᠲᠡᠵᠢᠭᠡᠯ ᠪᠣᠷᠳᠤᠭ᠎ᠠ | ᠪᠣᠯᠭᠠᠬᠤ᠂ ᠪᠣᠷᠳᠣᠭᠤᠷ ᠪᠣᠯᠭᠠᠬᠤ ᠪᠠᠷ ᠬᠠᠪᠰᠤᠷᠤᠮᠵᠢ ᠪᠣᠯᠭᠠᠭᠰᠠᠨ ︽ᠨᠢᠭᠡ ᠪᠠᠷ ᠭᠤᠣᠯ ᠪᠣᠯᠭᠠᠵᠤ ᠬᠤᠶᠠᠷ ᠢᠶᠠᠷ | ᠬᠠᠪᠰᠤᠷᠤᠮᠵᠢ ᠪᠣᠯᠭᠠᠬᠤ︾ ᠪᠠᠶᠢᠷᠢᠰᠢᠯ ᠢ ᠪᠠᠶᠢᠭᠤᠯᠤᠨ᠎ᠠ᠃ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ | ᠠᠬᠤᠢ ᠶᠢᠨ ᠲᠤᠰᠬᠠᠢ ᠬᠤᠷᠰᠢᠶ᠎ᠠ ᠶᠢ ᠪᠥᠬᠦ ᠲᠠᠯ᠎ᠠ ᠪᠠᠷ ᠪᠣᠶᠢᠵᠢᠭᠤᠯᠵᠤ᠂ ᠡᠭᠦᠯᠳᠡᠷ ᠤᠨ ᠬᠤᠨᠢ᠂ ᠰᠣᠩᠭᠢᠨ᠎ᠠ ᠵᠡᠷᠭᠡ | ᠠᠵᠤ ᠦᠢᠯᠡᠰ ᠤᠨ ᠳᠠᠪᠠᠭᠤᠯᠢᠭ ᠲᠤ ᠲᠦᠰᠢᠭᠯᠡᠨ᠂ ᠠᠵᠤ ᠦᠶᠢᠯᠡᠰᠵᠢᠭᠰᠡᠨ ᠬᠤᠯᠪᠣᠭᠠᠲᠤ ᠴᠣᠭᠴᠠ ᠶᠢᠨ 10 | ᠡᠷᠦᠬᠡ ᠶᠢ ᠰᠢᠪᠲᠤᠯᠬᠤ ᠶᠢ ᠠᠬᠢᠭᠤᠯᠵᠤ᠂ ︽ᠪᠣᠰᠤᠭ᠎ᠠ ᠴᠣᠭᠴᠠᠲᠤ ᠳᠠᠷᠢᠵᠤ ᠲᠡᠵᠢᠭᠡᠬᠦ︾ ᠪᠠᠷ ᠦᠢᠯᠡᠳᠪᠦᠷᠢᠯᠡᠯ | ᠪᠣᠷᠤᠯᠠᠭᠤᠯᠭ᠎ᠠ ᠶᠢ ᠵᠡᠷᠭᠡᠪᠡᠷ ᠬᠥᠭᠵᠢᠭᠦᠯᠬᠦ ᠶᠢ ᠳᠠᠶᠢᠴᠢᠯᠠᠬᠤ ᠶᠢ ᠪᠡᠶᠡᠯᠡᠭᠦᠯᠦᠨ᠎ᠡ᠃ᠬᠤᠷᠴᠢᠨ ᠦᠵᠦᠮ᠂ ᠬᠤᠨᠴᠢᠷ᠂ | ᠪᠣᠭᠤᠮᠲᠠ ᠶᠢᠨ ᠭᠠᠳᠠᠨᠠᠬᠢ ᠤᠯᠠᠭᠠᠨ ᠠᠯᠮᠤᠷᠠᠳ ᠢ ᠭᠠᠵᠠᠷ ᠵᠦᠢ ᠶᠢᠨ ᠲᠡᠮᠳᠡᠭᠲᠦ ᠲᠠᠷᠢᠶᠠᠯᠠᠩ ᠤᠨ ᠪᠦᠲᠦᠭᠡᠭᠳᠡᠬᠦᠨ ᠤ | ᠭᠡᠷᠡᠴᠢᠯᠡᠭᠡ ᠪᠠᠷ ᠳᠠᠮᠵᠢᠭᠤᠯᠤᠨ᠂ ᠬᠤᠷᠴᠢᠨ ᠦᠬᠡᠷ᠂ ᠬᠠᠢ ᠲᠢᠶᠠᠨ ᠴᠢᠴᠠᠷᠭᠠᠨ᠎ᠠ᠂ ᠴᠢᠩ ᠾᠧ ᠲᠥᠪᠡᠳ ᠬᠠᠰᠢ | ᠵᠡᠷᠭᠡ ᠣᠨᠴᠠᠯᠢᠭᠲᠤ ᠪᠦᠲᠦᠭᠡᠭᠳᠡᠬᠦᠨ ᠤ ᠦᠨ᠎ᠡ ᠥᠰᠬᠦ ᠴᠢᠳᠠᠪᠤᠷᠢ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ︽ | ᠭᠤᠷᠪᠠᠨ ᠵᠦᠢᠯ ᠤᠨ ᠪᠦᠲᠦᠭᠡᠭᠳᠡᠬᠦᠨ ᠨᠢᠭᠡ ᠲᠡᠮᠳᠡᠭ︾ ᠤᠨ ᠨᠠᠷᠠᠲᠤ ᠲᠥᠷᠥᠯ ᠲᠡᠮᠳᠡᠭᠲᠦ ᠶᠢᠨ ᠪᠦᠲᠦᠭᠡᠨ | ᠪᠠᠶᠢᠭᠤᠯᠤᠯᠲᠠ ᠶᠢ ᠣᠯᠠᠨ ᠲᠠᠯ᠎ᠠ ᠪᠠᠷ ᠠᠬᠢᠭᠤᠯᠤᠨ᠎ᠠ᠃︽ᠵᠡᠭᠡᠯᠢ ᠭᠤᠳᠤᠮᠵᠢ + ᠰᠤᠮᠤ ᠪᠠᠯᠭᠠᠰᠤ︾ ᠶᠢ | ᠵᠣᠯᠭᠠᠭᠤᠯᠤᠨ ᠬᠠᠮᠲᠤᠷᠠᠯᠴᠠᠬᠤ ᠵᠠᠭᠪᠤᠷ ᠢ ᠰᠢᠨ᠎ᠡ ᠪᠠᠷ ᠡᠭᠦᠳᠦᠨ ᠬᠥᠭᠵᠢᠭᠦᠯᠵᠦ᠂ ᠳᠤᠮᠳᠠ ᠲᠠᠷᠢᠶᠠᠴᠢᠨ ᠤ | ᠪᠥᠭᠡᠮ ᠢᠶᠠᠷ ᠪᠣᠷᠣᠯᠠᠭᠤᠯᠬᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ᠂ ᠲᠡᠷᠢᠭᠦᠨ ᠤ ᠲᠠᠷᠢᠶᠠᠯᠠᠩ ᠤᠨ | ᠪᠦᠲᠦᠭᠡᠭᠳᠡᠬᠦᠨ ᠢ ᠪᠥᠭᠡᠮ ᠢᠶᠠᠷ ᠬᠤᠳᠠᠯᠳᠤᠬᠤ ᠲᠥᠷᠥᠯ ᠵᠦᠢᠯ ᠤᠨ ᠭᠡᠷ᠎ᠡ ᠲᠣᠭᠲᠠᠨ ᠨᠠᠶᠢᠳᠠᠪᠤᠷᠢᠵᠢᠭᠤᠯᠬᠤ ᠶᠢ | ᠲᠦᠷᠭᠡᠳᠬᠡᠨ᠂ ︽ᠲᠣᠰᠬᠤᠨ ᠠᠴᠠ ᠭᠠᠷᠴᠤ ᠬᠤᠲᠠ ᠳᠤ ᠣᠷᠣᠬᠤ᠂ ᠮᠣᠩᠭᠤᠯ ᠠᠴᠠ ᠭᠠᠷᠴᠤ ᠪᠡᠭᠡᠵᠢᠩ ᠳᠤ | ᠣᠷᠣᠬᠤ︾ ᠶᠢ ᠪᠡᠶᠡᠯᠡᠭᠦᠯᠦᠨ᠎ᠡ᠃ᠳᠤᠮᠳᠠᠳᠤ ᠤᠯᠤᠰ ᠤᠨ ᠤᠮᠠᠷᠠᠲᠤ ᠶᠢᠨ ᠬᠤᠷᠴᠢᠨ ᠤ ᠤᠷᠭᠤᠮᠠᠯ ᠤᠨ ᠦᠷ᠎ᠡ ᠪᠠ | ᠵᠤᠯᠵᠠᠭ᠎ᠠ ᠮᠣᠳᠣ ᠶᠢ ᠰᠤᠳᠤᠯᠤᠨ ᠬᠥᠭᠵᠢᠭᠦᠯᠵᠦ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ᠂ ᠤᠯᠤᠰ ᠤᠨ | ᠡᠮ ᠤᠨ ᠡᠷᠡᠭᠦᠯ ᠮᠡᠨᠳᠦ ᠶᠢᠨ ᠠᠵᠤ ᠦᠢᠯᠡᠰ ᠤᠨ ᠬᠦᠷᠢᠶᠡᠯᠡᠩ ᠤᠨ ᠥᠨᠳᠥᠷ ᠪᠦᠲᠦᠮᠵᠢᠲᠡᠶ ᠠᠵᠢᠯᠯᠠᠭᠠᠨ ᠢ ᠦᠨᠡᠨᠬᠦ | ᠪᠠᠲᠤᠯᠠᠵᠤ᠂ ︽ᠵᠠᠯᠭᠠᠭ᠎ᠠ ᠪᠠᠷ︾ ᠣᠲᠣ ᠦᠶ᠎ᠡ ᠶᠢᠨ ᠲᠠᠷᠢᠶᠠᠯᠠᠩ ᠤᠨ ᠠᠮᠢ ᠠᠬᠤᠢ ᠶᠢᠨ ᠠᠵᠤ ᠦᠢᠯᠡᠰ ᠤᠨ | ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃ | ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠦᠷᠭᠦᠯᠵᠢᠯᠡᠨ ᠪᠠᠲᠤᠳᠬᠠᠵᠤ᠂ ᠲᠠᠬᠢᠨ | ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠶᠢ ᠪᠠᠶᠢᠩᠭᠤᠵᠢᠭᠤᠯᠤᠨ | ᠥᠷᠨᠢᠭᠦᠯᠵᠦ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠪᠠᠶᠢᠳᠠᠯ ᠡᠭᠦᠰᠬᠦ ᠦᠭᠡᠢ ᠪᠠᠶᠢᠬᠤ ᠶᠢ ᠪᠠᠲᠤᠯᠠᠨ᠎ᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠡᠯᠡ ᠮᠥᠩᠭᠦ ᠶᠢ ᠥᠨᠳᠥᠷ ᠪᠦᠲᠦᠮᠵᠢᠲᠡᠢ | ᠬᠡᠷᠡᠭᠯᠡᠵᠦ᠂ ᠲᠥᠬᠦᠭᠡᠷᠦᠮᠵᠢᠲᠦ ᠲᠠᠷᠢᠶᠠᠯᠠᠩ᠂ ᠠᠯᠠᠰᠢᠨ ᠦᠬᠡᠷ ᠲᠡᠵᠢᠭᠡᠨ ᠦᠷᠡᠵᠢᠭᠦᠯᠬᠦ᠂ ᠣᠨᠴᠠᠯᠢᠭᠲᠤ ᠲᠠᠷᠢᠮᠠᠯ ᠵᠡᠷᠭᠡ | ᠰᠠᠭᠤᠷᠢ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠥᠷᠭᠡᠳᠬᠡᠵᠦ᠂ ︽ᠵᠢᠵᠢᠭ ᠠᠵᠤ ᠦᠢᠯᠡᠰ︾ ᠢᠶᠠᠷ ︽ᠶᠡᠭᠡ | ᠬᠥᠭᠵᠢᠯᠲᠡ︾ ᠶᠢ ᠳᠠᠶᠢᠴᠢᠯᠠᠬᠤ ᠬᠡᠷᠡᠭᠲᠡᠢ᠃ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠶᠢ | ᠴᠢᠨᠠᠷ ᠰᠠᠶᠢᠲᠠᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ | ᠠᠷᠠᠴᠢᠯᠠᠨ ᠬᠠᠮᠠᠭᠠᠯᠠᠯᠲᠠ ᠶᠢ 195 ᠺᠢᠯᠣᠮᠧᠲᠷ ᠴᠢᠷᠮᠠᠶᠢᠨ ᠪᠡᠶᠡᠯᠡᠭᠦᠯᠵᠦ᠂ ᠬᠥᠳᠡᠭᠡ ᠲᠣᠰᠬᠤᠨ ᠤ ᠤᠤᠭᠤᠬᠤ | ᠤᠰᠤᠨ ᠤ ᠠᠮᠤᠷ ᠲᠦᠪᠰᠢᠨ ᠢ ᠳᠡᠭᠡᠭᠰᠢᠯᠡᠭᠦᠯᠦᠨ ᠥᠭᠡᠷᠡᠴᠢᠯᠡᠬᠦ 48 ᠢᠨᠵᠧᠨᠧᠷᠢᠩ ᠢ ᠨᠢᠭᠡᠳᠦᠯᠲᠡᠢ ᠲᠥᠯᠥᠪᠯᠡᠨ | ᠬᠡᠷᠡᠭᠵᠢᠭᠦᠯᠵᠦ᠂ ᠨᠡᠶᠢᠭᠡᠮ ᠵᠢᠷᠤᠮ ᠤᠨ ᠰᠢᠨ᠎ᠡ ᠬᠥᠳᠡᠭᠡ ᠲᠣᠰᠬᠤᠨ ᠤ 10 ᠵᠢᠱᠢᠶ᠎ᠡ ᠦᠵᠡᠭᠦᠯᠬᠦ ᠲᠣᠰᠬᠤᠨ ᠢ | ᠬᠦᠴᠦᠨ ᠢᠶᠠᠨ ᠲᠥᠪᠯᠡᠷᠡᠭᠦᠯᠦᠨ ᠪᠦᠲᠦᠭᠡᠨ ᠪᠠᠶᠢᠭᠤᠯᠵᠤ᠂ ᠬᠥᠳᠡᠭᠡ ᠲᠣᠰᠬᠤᠨ ᠤ ᠦᠢᠯᠡᠳᠪᠦᠷᠢᠯᠡᠯ ᠠᠮᠢᠳᠤᠷᠠᠯ ᠤᠨ | ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠤᠨ᠎ᠠ᠃︽ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ︽ | ᠠᠯᠲᠠᠨ ᠨᠠᠮᠤᠷ ᠤᠨ ᠲᠡᠭᠦᠬᠦ ᠪᠠᠶᠠᠷ︾ ᠵᠡᠷᠭᠡ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ | ᠬᠦᠴᠦᠯᠡᠨ ᠰᠠᠶᠢᠲᠤᠷ ᠡᠷᠭᠢᠯᠡᠵᠦ᠂ ᠲᠣᠰᠬᠤᠨ ᠤ ᠳᠦᠷᠢᠮ ᠠᠷᠠᠳ ᠤᠨ ᠭᠡᠷ᠎ᠡ ᠶᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠣᠯᠠᠨ ᠲᠦᠮᠡᠨ ᠤ ᠵᠠᠩ ᠳᠠᠳᠬᠠᠯ ᠢ ᠥᠭᠡᠷᠡᠴᠢᠯᠡᠬᠦ ᠶᠢ ᠬᠥᠲᠥᠯᠥᠨ ᠵᠢᠯᠤᠭᠤᠳᠴᠤ᠂ ᠬᠥᠳᠡᠭᠡ | ᠲᠣᠰᠬᠤᠨ ᠢ ᠨᠠᠩ ᠦᠵᠡᠰᠬᠦᠯᠡᠩᠲᠦ ᠰᠠᠶᠢᠬᠠᠨ᠂ ᠲᠠᠷᠢᠶᠠᠴᠢᠳ ᠢ ᠨᠠᠩ ᠪᠠᠶᠠᠨ ᠴᠢᠨᠡᠭᠡᠯᠢᠭ᠂ ᠠᠷᠠᠳ ᠤᠨ ᠰᠤᠷᠲᠠᠯ ᠢ | ᠨᠠᠩ ᠴᠢᠬᠡᠴᠢ ᠪᠣᠯᠭᠠᠨ᠎ᠠ᠃ | ︵ᠬᠤᠶᠠᠷ︶ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠪᠠᠷᠢᠮᠲᠠᠯᠠᠵᠤ᠂ | ᠠᠵᠤ ᠦᠢᠯᠡᠰ ᠤᠨ ᠬᠡᠯᠬᠢᠶ᠎ᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠲᠠᠯ᠎ᠠ ᠪᠠᠷ ᠡᠷᠡᠯᠬᠡᠭᠯᠡᠨ ᠤᠷᠤᠭᠰᠢᠯᠠᠵᠤ | ᠰᠢᠪᠲᠤᠯᠤᠯᠲᠠ ᠭᠠᠷᠭᠠᠨ᠎ᠠ᠃ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ ᠪᠣᠯ ᠣᠳᠣᠬᠢᠴᠢᠯᠠᠭᠰᠠᠨ ᠠᠵᠤ | ᠦᠢᠯᠡᠰ ᠤᠨ ᠰᠢᠰᠲ᠋ᠧᠮ ᠢ ᠪᠠᠶᠢᠭᠤᠯᠬᠤ ᠶᠢᠨ ᠵᠠᠶᠢᠯᠠᠰᠢ ᠦᠭᠡᠢ ᠶᠠᠪᠤᠬᠤ ᠵᠠᠮ ᠮᠥᠨ᠂ ᠡᠷᠬᠡᠪᠰᠢ ᠠᠵᠤ ᠦᠢᠯᠡᠰ ᠢ | ᠬᠦᠴᠦᠯᠡᠨ ᠳᠠᠭᠠᠷᠢᠬᠤ᠂ ᠠᠵᠤ ᠦᠢᠯᠡᠳᠪᠦᠷᠢ ᠶᠢᠨ ᠰᠢᠢᠳᠪᠦᠷᠢᠲᠦ ᠳᠠᠶᠢᠯᠠᠯᠳᠤᠭᠠᠨ ᠬᠢᠬᠦ ᠣᠶᠢᠯᠠᠭᠠᠭᠳᠠᠬᠤᠨ ᠢ | ᠪᠠᠷᠢᠮᠲᠠᠯᠠᠵᠤ᠂ ᠬᠡᠯᠬᠢᠶᠡᠵᠢᠭᠰᠡᠨ ᠰᠡᠳᠬᠢᠬᠦᠢ ᠪᠠᠷ ᠭᠤᠣᠯᠯᠠᠬᠤ ᠠᠵᠤ ᠦᠢᠯᠡᠰ ᠤᠨ ᠪᠦᠯᠦᠭᠵᠢᠯ ᠤᠨ ᠬᠥᠭᠵᠢᠯᠲᠡ ᠶᠢ | ᠠᠬᠢᠭᠤᠯᠵᠤ᠂ ᠨᠡᠩ ᠶᠡᠭᠡ ᠡᠷᠴᠢᠮ ᠢᠶᠠᠷ ᠳᠤᠮᠳᠠ ᠪᠠᠭ᠎ᠠ ᠪᠢᠴᠢᠯ ᠠᠵᠤ ᠠᠬᠤᠶᠢᠯᠠᠯ ᠤᠨ ᠬᠦᠴᠢᠷᠳᠡᠯ ᠢ ᠨᠠᠮᠳᠠᠭᠤᠯᠤᠨ | ᠬᠥᠭᠵᠢᠭᠦᠯᠬᠦ ᠶᠢ ᠳᠡᠮᠵᠢᠵᠦ᠂ ᠰᠢᠯᠢᠳᠡᠭ ᠦᠢᠯᠡᠴᠢᠯᠡᠭᠡ ᠪᠠᠷ ᠦᠢᠯᠡᠳᠬᠦ ᠦᠢᠯᠡᠰ ᠤᠨ ᠪᠣᠬᠢᠷᠲᠤᠯ ᠦᠭᠡᠢ᠂ | ᠣᠶᠤᠨᠴᠢᠯᠠᠭᠰᠠᠨ᠂ ᠳᠡᠭᠡᠳᠦ ᠲᠡᠰ ᠤᠨ ᠬᠥᠭᠵᠢᠯᠲᠡ ᠶᠢ ᠠᠬᠢᠭᠤᠯᠵᠤ᠂ ᠠᠵᠤ ᠦᠢᠯᠡᠳᠪᠦᠷᠢ ᠶᠢᠨ ᠴᠢᠨᠠᠷ ᠰᠠᠶᠢᠲᠠᠢ | ᠬᠥᠭᠵᠢᠯᠲᠡ ᠶᠢᠨ︽ᠬᠠᠲᠠᠭᠤ ᠲᠤᠯᠭᠠᠭᠤᠷᠢ︾ ᠶᠢ ᠦᠨᠡᠨᠬᠦ ᠪᠣᠰᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠠᠵᠤ ᠠᠬᠤᠶᠢᠯᠠᠯ ᠢ ᠲᠤᠰᠠᠯᠠᠬᠤ ᠪᠣᠳᠠᠲᠤ ᠦᠷ᠎ᠡ ᠪᠦᠲᠦᠮᠵᠢ ᠶᠢ ᠤᠯᠠᠨ ᠲᠠᠯ᠎ᠠ ᠠᠴᠠ ᠳᠡᠭᠡᠭᠰᠢᠯᠡᠭᠦᠯᠦᠨ᠎ᠡ᠃ | ᠯᠦᠩ ᠮᠠ ᠰᠠᠯᠬᠢᠨ ᠤ ᠡᠨᠧᠷᠭᠢ᠂ ᠲᠢᠶᠠᠨ ᠱᠦᠨ ᠰᠠᠯᠬᠢᠨ ᠤ ᠡᠨᠧᠷᠭᠢ ᠵᠡᠷᠭᠡ ᠰᠢᠨ᠎ᠡ ᠪᠠᠷ ᠲᠣᠭᠲᠠᠭᠠᠯ ᠳᠤ | ᠣᠷᠣᠭᠰᠠᠨ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠥᠷᠭᠡᠳᠬᠡᠨ ᠨᠡᠮᠡᠭᠳᠡᠭᠦᠯᠬᠦ ᠬᠡᠮᠵᠢᠶ᠎ᠡ ᠶᠢ ᠶᠡᠬᠡᠪᠡᠷ ᠳᠡᠮᠵᠢᠵᠦ | ᠂ ᠠᠯᠲᠠᠨ ᠬᠠᠷᠠᠩᠭ᠎ᠠ ᠶᠢᠨ ᠢᠳᠡᠭᠡᠨ᠂ ᠮᠢᠩ ᠴᠢᠩ ᠮᠢᠬᠠᠨ ᠤ ᠦᠢᠯᠡᠰ ᠂ ᠰᠢᠶᠠᠨ ᠴᠦᠨ ᠢᠳᠡᠭᠡᠨ ᠤ ᠵᠦᠢᠯᠡᠰ ᠢ | ᠬᠦᠴᠦᠯᠡᠨ ᠪᠠᠲᠤᠯᠠᠵᠤ᠂ ᠦᠢᠯᠡᠳᠪᠦᠷᠢᠯᠡᠬᠦ ᠴᠢᠳᠠᠪᠤᠷᠢ ᠶᠢ ᠭᠦᠢᠴᠡᠳ ᠪᠠᠳᠠᠷᠠᠭᠤᠯᠤᠨ᠂ ᠲᠣᠭᠲᠠᠭᠠᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 12% ᠠᠴᠠ ᠳᠡᠭᠡᠭᠰᠢ ᠨᠡᠮᠡᠭᠳᠡᠭᠦᠯᠬᠦ ᠶᠢ ᠪᠡᠶᠡᠯᠡᠭᠦᠯᠦᠨ᠎ᠡ᠃ | ᠮᠥᠩᠬᠡ ᠶᠢᠨ ᠡᠮ ᠦᠢᠯᠡᠳᠬᠦ᠂ ᠷᠦᠢ ᠱᠧᠩ ᠰᠢᠨᠵᠢᠯᠡᠬᠦ ᠤᠬᠠᠭᠠᠨ ᠮᠡᠷᠭᠡᠵᠢᠯ᠂ ᠯᠦᠩ ᠮᠠ ᠴᠢᠳᠬᠤᠯᠲᠠ᠂ | ᠱᠤᠸᠠᠩ ᠷᠦᠢ ᠶᠧ ᠫᠢᠶᠠᠨ ᠵᠡᠷᠭᠡ ᠠᠵᠤ ᠠᠬᠤᠶᠢᠯᠠᠯ ᠢ ᠭᠤᠣᠯᠳᠠᠯᠭ᠎ᠠ ᠲᠠᠢ ᠲᠡᠳᠬᠦᠵᠦ᠂ ᠠᠵᠤ ᠦᠢᠯᠡᠳᠪᠦᠷᠢ ᠶᠢᠨ | ᠠᠵᠤ ᠠᠬᠤᠶᠢᠯᠠᠯ ᠢ 45 ᠡᠷᠦᠬᠡ ᠳᠤ ᠬᠦᠷᠦᠭᠦᠯᠬᠦ ᠪᠠᠷ ᠴᠢᠷᠮᠠᠶᠢᠨ᠎ᠠ᠃ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠬᠢᠵᠦ ᠲᠠᠰ ᠳᠡᠪᠰᠢᠭᠦᠯᠬᠦ ᠭᠤᠷᠪᠠᠨ ᠵᠢᠯ ᠤᠨ ᠠᠵᠢᠯᠯᠠᠭᠠᠨ ᠤ | ᠲᠥᠯᠥᠪᠯᠡᠭᠡ ᠶᠢ ᠲᠣᠭᠲᠠᠭᠤᠨ ᠢᠶᠠᠷ ᠬᠡᠷᠡᠭᠵᠢᠭᠦᠯᠵᠦ᠂ ᠮᠧᠢ ᠬᠤᠸᠠ ᠠᠮᠢᠳᠤ ᠪᠣᠳᠠᠰ ᠤᠨ ᠰᠦᠯᠹᠣᠨ ᠰᠢᠪᠲᠦᠷᠲᠦ | ᠬᠦᠴᠢᠯ ᠢ ᠬᠤᠪᠢᠷᠠᠭᠤᠯᠤᠨ ᠸᠠᠯᠢᠨ ᠰᠢᠪᠲᠦᠷᠲᠦ ᠬᠦᠴᠢᠯ ᠦᠢᠯᠡᠳᠪᠦᠷᠢᠯᠡᠬᠦ ᠶᠢ ᠶᠡᠬᠡᠪᠡᠷ ᠠᠬᠢᠭᠤᠯᠵᠤ᠂ ᠡᠨᠧᠷᠭᠢ | ᠠᠷᠪᠢᠯᠠᠨ ᠤᠨᠠᠯᠲᠠ ᠶᠢ ᠨᠡᠮᠡᠭᠳᠡᠭᠦᠯᠦᠨ ᠶᠠᠰᠤ ᠴᠢᠨᠠᠷ ᠢ ᠳᠡᠭᠡᠭᠰᠢᠯᠡᠭᠦᠯᠬᠦ ᠶᠢ ᠪᠡᠶᠡᠯᠡᠭᠦᠯᠵᠦ᠂ ᠬᠦᠴᠦᠨ ᠢᠶᠠᠨ | ᠲᠥᠪᠯᠡᠷᠡᠭᠦᠯᠦᠨ ᠠᠮᠢᠳᠤ ᠪᠣᠳᠠᠰ ᠢ ᠡᠭᠡᠭᠦᠯᠦᠨ ᠬᠤᠷᠢᠶᠠᠵᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠠᠰᠢᠭᠯᠠᠨ | ︽ᠠᠵᠤ ᠦᠢᠯᠡᠳᠪᠦᠷᠢ ᠶᠢᠨ ᠣᠶ ᠰᠢᠭᠤᠢ︾ ᠶᠢ ᠪᠣᠶ ᠪᠣᠯᠭᠠᠬᠤ ᠶᠢ ᠠᠬᠢᠭᠤᠯᠤᠨ᠎ᠠ᠃ᠡᠷᠳᠡᠨᠢ ᠰᠢᠰᠢ ᠶᠢᠨ ᠠᠮᠢᠳᠤ | ᠪᠣᠳᠠᠰ᠂ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠵᠡᠷᠭᠡ | ᠬᠥᠲᠥᠴᠢ ᠠᠵᠤ ᠠᠬᠤᠶᠢᠯᠠᠯ ᠤᠨ ᠳᠡᠭᠡᠳᠦ ᠨᠡᠮᠡᠯᠲᠡ ᠥᠷᠲᠡᠭᠲᠦ ᠪᠦᠲᠦᠭᠡᠭᠳᠡᠬᠦᠨ ᠢ ᠰᠦᠯᠵᠢᠶᠡᠨ ᠳᠤ | ᠣᠷᠣᠭᠤᠯᠬᠤ ᠶᠢ ᠢᠳᠡᠪᠬᠢᠲᠡᠢ ᠪᠠᠷ ᠠᠬᠢᠭᠤᠯᠵᠤ᠂ ᠮᠣᠩᠭᠤᠯ ᠸᠠᠩ᠂ ᠲᠡᠯᠡᠶ ᠶᠢᠨ ᠬᠥᠷᠰᠢ ᠵᠡᠷᠭᠡᠯᠡᠳᠡᠭᠡ ᠶᠢᠨ ᠠᠮᠢᠳᠤ | ᠪᠣᠳᠠᠰ ᠢ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ | ᠠᠬᠤᠶᠢᠯᠠᠯ ᠢᠶᠠᠷ ᠭᠤᠶᠤᠴᠢᠯᠠᠨ ᠮᠡᠳᠡᠭᠦᠯᠬᠦ ᠶᠢ ᠠᠬᠢᠭᠤᠯᠵᠤ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢᠶᠠᠷ | ᠬᠥᠭᠵᠢᠯᠲᠡ ᠳᠤ ᠬᠥᠳᠡᠯᠭᠡᠭᠴᠢ ᠬᠦᠴᠦᠨ ᠨᠡᠮᠡᠷᠢᠯᠡᠨ᠎ᠡ᠃ | ᠪᠦᠬᠦ ᠬᠡᠯᠬᠢᠶ᠎ᠡ ᠪᠠᠷ ᠢᠶᠠᠨ ᠳᠠᠪᠠᠭᠤᠯᠢᠭ ᠠᠵᠤ ᠦᠢᠯᠡᠰ ᠢ ᠪᠤᠵᠠᠭᠠᠶᠢᠷᠠᠭᠤᠯᠤᠨ᠎ᠠ᠃ ᠡᠷᠬᠡᠪᠰᠢ ᠮᠧᠢ ᠬᠤᠸᠠ | ᠠᠮᠢᠳᠤ ᠪᠣᠳᠠᠰ ᠤᠨ ᠲᠦᠭᠦᠬᠡᠢ ᠮᠠᠲ᠋ᠧᠷᠢᠶᠠᠯ ᠤᠨ ᠰᠢᠪᠲᠦᠷ᠂ ᠰᠦ᠋ ᠰᠢᠪᠲᠦᠷᠲᠦ ᠬᠦᠴᠢᠯ᠂ ᠴᠠᠷᠳᠠᠭᠤᠯ ᠤᠨ | ᠰᠢᠬᠢᠷ ᠤᠨ ᠲᠥᠷᠥᠯ ᠵᠦᠢᠯ ᠢ ᠪᠠᠷᠢᠯᠭ᠎ᠠ ᠳᠠᠭᠤᠰᠬᠠᠨ ᠠᠰᠢᠭᠯᠠᠯᠲᠠ ᠳᠤ ᠣᠷᠣᠭᠤᠯᠵᠤ᠂ ᠵᠢᠯ ᠳᠤ 30 ᠲᠦᠮᠡᠨ | ᠲᠣᠨ ᠠᠮᠲᠠ ᠶᠢᠨ ᠣᠬᠢ᠂ 1 ᠲᠦᠮᠡᠨ ᠲᠣᠨ ᠪᠥᠭᠡᠮ ᠰᠢᠬᠢᠷ ᠤᠨ ᠬᠦᠴᠢᠯ ᠵᠡᠷᠭᠡ ᠲᠥᠷᠥᠯ ᠵᠦᠢᠯ ᠢ | ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠱᠧᠩ ᠰᠢᠶᠠᠩ ᠠᠮᠢᠳᠤ ᠪᠣᠳᠠᠰ ᠤᠨ ᠡᠷᠳᠡᠨᠢ | ᠰᠢᠰᠢ ᠶᠢᠨ ᠤᠭᠤᠷᠠᠭ᠂ ᠬᠠᠢ ᠯᠢᠨ ᠠᠮᠢᠳᠤ ᠪᠣᠳᠠᠰ ᠤᠨ ᠬᠥᠷᠥᠩᠭᠡ ᠶᠢᠨ ᠮᠥᠭᠦ ᠶᠢᠨ ᠤᠭᠤᠷᠠᠭ ᠵᠡᠷᠭᠡ ᠳᠣᠣᠷᠠᠳᠤ | ᠤᠷᠤᠰᠬᠠᠯ ᠤᠨ ᠲᠥᠷᠥᠯ ᠵᠦᠢᠯ ᠤᠨ ᠨᠢᠭᠲᠠ ᠬᠤᠯᠪᠣᠭ᠎ᠠ ᠶᠢ ᠲᠦᠷᠭᠡᠳᠬᠡᠨ ᠠᠬᠢᠭᠤᠯᠵᠤ᠂ ᠡᠷᠳᠡᠨᠢ ᠰᠢᠰᠢ ᠶᠢᠨ | ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠪᠣᠬᠢᠷᠲᠤᠯ ᠦᠭᠡᠢ᠂ ᠨᠠᠷᠢᠯᠢᠭ ᠭᠦᠨ᠂ | ᠳᠡᠭᠡᠳᠦ ᠲᠠᠰ ᠳᠠᠰᠢ ᠤᠷᠲᠤᠳᠬᠠᠬᠤ ᠶᠢ ᠪᠡᠶᠡᠯᠡᠭᠦᠯᠦᠨ᠎ᠡ᠃ᠯᠦᠩ ᠮᠠ ᠪᠦᠯᠦᠭᠯᠡᠯ ᠤᠨ ᠴᠢᠳᠬᠤᠨ ᠦᠢᠯᠡᠳᠬᠦ | ᠦᠢᠯᠡᠳᠪᠦᠷᠢ ᠶᠢᠨ ᠲᠠᠰᠤᠭ ᠢ ᠪᠦᠬᠦ ᠲᠠᠯ᠎ᠠ ᠪᠠᠷ ᠠᠰᠢᠭᠯᠠᠯᠲᠠ ᠳᠤ ᠣᠷᠣᠭᠤᠯᠬᠤ᠂ ᠳᠠᠪᠲᠠᠨ ᠦᠢᠯᠡᠳᠬᠦ ᠬᠡᠰᠡᠭ ᠢ | ᠦᠨᠳᠦᠰᠦᠨ ᠳᠡᠭᠡᠨ ᠪᠠᠶᠢᠭᠤᠯᠤᠨ ᠪᠦᠲᠦᠭᠡᠬᠦ᠂ ᠶᠡᠷᠦᠩᠬᠡᠢ ᠤᠭᠰᠠᠷᠠᠯᠲᠠ ᠶᠢᠨ ᠦᠢᠯᠡᠳᠬᠦᠨ ᠢ ᠪᠦᠬᠦᠨ ᠢ | ᠰᠦᠯᠵᠢᠶᠡᠨ ᠠᠴᠠ ᠭᠠᠷᠭᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠤᠰᠤᠨ ᠠᠰᠢᠭᠯᠠᠯᠲᠠ ᠶᠢᠨ ᠡᠯᠪᠡᠭ | ᠪᠠᠶᠠᠯᠢᠭ᠂ ᠠᠯᠤᠰ ᠬᠡᠳᠤ ᠶᠢᠨ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠠᠵᠤ ᠠᠬᠤᠶᠢᠯᠠᠯ ᠤᠨ ᠪᠠᠶᠢᠷᠢᠰᠢᠭᠤᠯᠤᠯᠲᠠ ᠶᠢᠨ | ᠬᠥᠭᠵᠢᠯᠲᠡ ᠶᠢ ᠵᠡᠷᠭᠡ ᠪᠠᠷ ᠲᠦᠷᠭᠡᠳᠬᠡᠵᠦ᠂ ᠹᠠᠩ ᠵᠧᠦ ᠶᠢᠨ ᠰᠢᠨ᠎ᠡ ᠮᠠᠲ᠋ᠧᠷᠢᠶᠠᠯ ᠤᠨ ᠴᠠᠭᠠᠷᠢᠭ | ᠬᠦᠴᠢᠯᠲᠥ᠋ᠷᠥᠭᠴᠢᠲᠦ ᠳᠠᠪᠠᠷᠬᠠᠢ ᠶᠢ ᠨᠠᠷᠢᠯᠢᠭ ᠡᠳ᠋ᠰᠢᠭᠦᠯᠬᠦ ᠵᠡᠷᠭᠡ ᠢᠵᠢ ᠪᠦᠷᠢᠳᠦᠭᠦᠯᠬᠦ ᠵᠦᠢᠯᠡᠰ ᠤᠨ | ᠦᠢᠯᠡᠳᠪᠦᠷᠢᠯᠡᠯ ᠦᠷ᠎ᠡ ᠠᠰᠢᠭ ᠲᠤ ᠬᠦᠷᠬᠦ ᠶᠢ ᠦᠨᠡᠨ ᠬᠦ ᠪᠠᠲᠤᠯᠠᠵᠤ᠂ ᠰᠠᠯᠬᠢᠨ ᠬᠦᠴᠦᠨ ᠤ ᠴᠠᠬᠢᠯᠭᠠᠨ ᠤ | ᠲᠣᠨᠣᠭᠯᠠᠯ ᠦᠢᠯᠡᠳᠬᠦ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠪᠠᠶᠢᠷᠢᠰᠢᠯ ᠢ ᠲᠦᠷᠭᠡᠪᠴᠢᠯᠡᠨ | ᠪᠠᠶᠢᠭᠤᠯᠤᠨ᠎ᠠ᠃138 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠭᠠᠵᠠᠷ ᠢ ᠴᠢᠷᠮᠠᠶᠢᠨ | ᠪᠠᠶᠢᠭᠤᠯᠵᠤ᠂ ᠪᠥᠬᠦ ᠲᠣᠭᠤᠷᠢᠭ ᠤᠨ ᠭᠡᠷ ᠤᠨ ᠣᠷᠣᠢ ᠶᠢᠨ ᠬᠡᠷᠡᠯ ᠴᠡᠨᠡᠭ ᠢ ᠵᠢᠯ ᠤᠨ ᠳᠣᠲᠣᠷ᠎ᠠ ᠪᠡᠶᠡᠯᠡᠭᠦᠯᠬᠦ ᠶᠢᠨ | ᠬᠠᠮᠲᠤ ᠲᠣᠣᠷ ᠢᠶᠠᠷ ᠴᠠᠬᠢᠯᠭᠠᠨ ᠭᠠᠷᠭᠠᠵᠤ᠂ ᠳᠤᠮᠳᠠᠳᠤ ᠤᠯᠤᠰ ᠤᠨ ᠣᠩᠭᠤᠴᠠᠨ ᠤ ᠰᠠᠯᠬᠢᠨ ᠬᠦᠴᠦᠨ ᠤ ᠴᠠᠬᠢᠯᠭᠠᠨ᠂ | ᠲᠢᠶᠠᠨ ᠾᠧ ᠭᠤᠸᠠᠩ ᠡᠨᠧᠷᠭᠢ ᠶᠢᠨ ᠤᠰᠤᠲᠥ᠋ᠷᠥᠭᠴᠢ ᠶᠢ ᠦᠢᠯᠡᠳᠴᠦ ᠡᠨᠧᠷᠭᠢ ᠬᠠᠳᠠᠭᠠᠯᠠᠬᠤ ᠬᠤᠭᠤᠰᠤᠨ ᠢ | ᠨᠥᠬᠦᠪᠦᠷᠢᠯᠡᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠦᠴᠦ ᠪᠠᠨ ᠬᠠᠮᠲᠤᠳᠬᠠᠨ ᠰᠠᠯᠬᠢ ᠭᠡᠷᠡᠯ ᠤᠨ | ᠢᠯᠴᠢ ᠪᠠᠷ ᠤᠰᠤᠲᠥ᠋ᠷᠥᠭᠴᠢ ᠶᠢ ᠬᠠᠳᠠᠭᠠᠯᠠᠬᠤ ᠤᠯᠠᠨ ᠡᠨᠧᠷᠭᠢ ᠶᠢ ᠠᠭᠤᠰᠤᠯᠴᠠᠭᠤᠯᠬᠤ ᠵᠢᠱᠢᠶ᠎ᠡ ᠦᠵᠡᠭᠦᠯᠬᠦ | ᠣᠷᠣᠨ ᠢ ᠪᠠᠶᠢᠭᠤᠯᠤᠨ᠎ᠠ᠃ᠬᠠᠢ ᠲᠢᠶᠠᠨ ᠡᠮ ᠦᠢᠯᠡᠳᠬᠦ ᠰᠢᠨ᠎ᠡ ᠦᠢᠯᠡᠳᠪᠦᠷᠢ ᠶᠢᠨ ᠲᠣᠭᠤᠷᠢᠭ᠂ ᠮᠠᠯᠴᠢᠨ ᠤ ︽ | ᠬᠢᠲᠠᠳ ᠮᠣᠩᠭᠤᠯ ᠡᠮ ᠤᠨ ᠬᠤᠲᠠ︾ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ | ᠬᠦᠴᠦᠨ ᠢᠶᠠᠷ ᠢᠶᠠᠨ ᠪᠠᠲᠤᠯᠠᠵᠤ᠂ ᠲᠦᠭᠦᠬᠡᠢ ᠮᠠᠲ᠋ᠧᠷᠢᠶᠠᠯ ᠤᠨ ᠡᠮ ᠢ ᠥᠨᠳᠥᠷ ᠨᠡᠮᠡᠯᠲᠡ ᠥᠷᠲᠡᠭ ᠪᠦᠬᠦᠢ | ᠨᠠᠶᠢᠷᠠᠯᠲᠠ ᠶᠢᠨ ᠦᠢᠯᠡᠳᠬᠦᠨ ᠳᠠᠰᠢ ᠥᠷᠭᠡᠳᠬᠡᠬᠦ ᠶᠢ ᠵᠣᠷᠢᠭᠵᠢᠭᠤᠯᠤᠨ᠂ ᠬᠢᠲᠠᠳ ᠮᠣᠩᠭᠤᠯ ᠡᠮ ᠡᠮᠨᠡᠯᠭᠡ ᠶᠢᠨ | ᠠᠵᠤ ᠦᠢᠯᠡᠰ ᠤᠨ ᠦᠷᠭᠦᠯᠵᠢᠯᠡᠨ ᠥᠷᠭᠡᠳᠬᠦ ᠶᠢ ᠠᠬᠢᠭᠤᠯᠤᠨ᠎ᠠ᠃ ᠴᠢᠶᠠᠨ ᠰᠢ ᠾᠧ ᠶᠢᠨ ᠲᠥᠪ ᠲᠣᠭᠤᠭᠠᠨ | ᠭᠡᠷ ᠤᠨ ᠲᠥᠷᠥᠯ ᠵᠦᠢᠯ ᠤᠨ ᠪᠣᠬᠢᠷᠲᠤᠯ ᠦᠭᠡᠢ ᠢᠳᠡᠭᠡᠨ ᠡᠳ᠋ᠰᠢᠭᠦᠯᠬᠦ ᠬᠦᠷᠢᠶᠡᠯᠡᠩ ᠲᠣᠭᠤᠷᠢᠭ ᠲᠤ ᠣᠷᠣᠬᠤ ᠶᠢ | ᠢᠳᠡᠪᠬᠢᠲᠡᠢ ᠪᠠᠷ ᠠᠬᠢᠭᠤᠯᠵᠤ᠂ ᠮᠢᠩ ᠴᠢᠩ ᠮᠢᠬᠠᠨ ᠤ ᠦᠢᠯᠡᠰ ᠤᠨ ᠪᠡᠯᠡ ᠲᠣᠬᠢᠷᠠᠭᠤᠯᠤᠨ ᠦᠢᠯᠡᠳᠪᠦᠷᠢᠯᠡᠬᠦ | ᠴᠢᠳᠠᠪᠤᠷᠢ ᠪᠠᠨ ᠥᠷᠭᠡᠳᠬᠡᠬᠦ ᠶᠢ ᠳᠡᠮᠵᠢᠵᠦ᠂ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ ᠬᠥᠭᠵᠢᠯᠲᠡ ᠶᠢᠨ ᠣᠷᠣᠨ ᠵᠠᠢ ᠶᠢ ᠪᠥᠬᠦ ᠲᠠᠯ᠎ᠠ ᠪᠠᠷ | ᠥᠷᠭᠡᠳᠬᠡᠨ᠎ᠡ᠃ | ᠳᠡᠭᠡᠳᠦ ᠪᠠᠷᠢᠮᠵᠢᠶ᠎ᠠ ᠪᠠᠷ ᠬᠦᠷᠢᠶᠡᠯᠡᠩ ᠲᠣᠭᠤᠷᠢᠭ ᠤᠨ ᠠᠴᠢᠶᠠᠯᠠᠪᠤᠷᠢ ᠵᠢᠮᠢᠩᠭᠠᠨ ᠳᠦᠢᠩᠰᠢᠭᠤᠷ ᠣᠨ ᠲᠡᠰ | ᠣᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠴᠣᠭᠴᠠᠯᠠᠨ ᠪᠠᠶᠢᠭᠤᠯᠬᠤ ᠪᠠᠷ ᠬᠠᠷᠠᠯᠲᠠ ᠪᠣᠯᠭᠠᠨ᠂ ᠰᠤᠯᠠ | ᠪᠠᠶᠢᠬᠤ ᠡᠬᠢ ᠪᠠᠶᠠᠯᠢᠭ ᠤᠨ ᠬᠦᠴᠦᠨ ᠵᠦᠢᠯ ᠢ ᠪᠦᠬᠦ ᠲᠠᠯ᠎ᠠ ᠪᠠᠷ ᠠᠮᠢᠳᠤᠯᠢᠭ ᠪᠣᠯᠭᠠᠵᠤ᠂ ᠰᠢᠨ᠎ᠡ ᠪᠠᠷ ᠣᠷᠣᠭᠤᠯᠵᠤ | ᠢᠷᠡᠭᠰᠡᠨ ᠠᠵᠤ ᠠᠬᠤᠶᠢᠯᠠᠯ ᠤᠨ ᠬᠥᠭᠵᠢᠯᠲᠡ ᠳᠤ ᠣᠷᠣᠨ ᠵᠠᠢ ᠰᠤᠯᠠᠯᠠᠨ ᠥᠭᠴᠦ᠂ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠡᠬᠢ ᠪᠠᠶᠠᠯᠢᠭ ᠢ ᠠᠷᠪᠢᠲᠠᠢ ᠡᠷᠴᠢᠮᠯᠢᠭ ᠥᠨᠳᠥᠷ ᠦᠷ᠎ᠡ ᠪᠦᠲᠦᠮᠵᠢᠲᠡᠶ ᠠᠰᠢᠭᠯᠠᠬᠤ ᠶᠢ | ᠪᠡᠶᠡᠯᠡᠭᠦᠯᠦᠨ᠎ᠡ᠃ᠬᠡᠮᠵᠢᠶ᠎ᠡ ᠶᠢ ᠨᠡᠮᠡᠭᠳᠡᠭᠦᠯᠦᠨ ᠴᠠᠬᠢᠯᠭᠠᠨ ᠲᠦᠭᠡᠭᠡᠬᠦ ᠥᠭᠡᠷᠡᠴᠢᠯᠡᠯᠲᠡ ᠶᠢ ᠭᠦᠨᠵᠡᠭᠡᠢ ᠬᠡᠷᠡᠭᠵᠢᠭᠦᠯᠵᠦ᠂ | ᠡᠬᠢ ᠲᠣᠣᠷ ᠤᠨ ᠴᠡᠨᠡᠭᠯᠡᠵᠦ ᠬᠠᠳᠠᠭᠠᠯᠠᠬᠤ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠲᠦᠷᠭᠡᠳᠬᠡᠨ | ᠪᠠᠶᠢᠷᠢᠯᠠᠭᠤᠯᠵᠤ᠂ ᠣᠷᠣᠨ ᠪᠦᠰᠡ ᠶᠢᠨ ᠴᠠᠬᠢᠯᠭᠠᠨ ᠤ ᠦᠨ᠎ᠡ ᠶᠢᠨ ᠬᠤᠲᠣᠭᠤᠷ ᠭᠠᠵᠠᠷ ᠢ ᠪᠥᠬᠦ ᠬᠦᠴᠦᠨ ᠢᠶᠠᠷ ᠢᠶᠠᠨ | ᠪᠠᠶᠢᠭᠤᠯᠤᠨ᠎ᠠ᠃ᠪᠣᠬᠢᠷᠲᠤᠯ ᠦᠭᠡᠢ ᠢᠳᠡᠭᠡᠨ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠴᠡᠴᠡᠷᠯᠢᠭ ᠲᠤ ᠣᠷᠣᠬᠤ ᠪᠠᠷᠢᠮᠵᠢᠶ᠎ᠠ ᠶᠢ ᠵᠦᠢ | ᠵᠣᠬᠢᠰᠲᠠᠢ ᠰᠢᠯᠢᠳᠡᠭᠵᠢᠭᠦᠯᠦᠨ᠂ ᠴᠡᠴᠡᠷᠯᠢᠭ ᠠᠴᠠ ᠭᠠᠷᠬᠤ ᠲᠣᠭᠲᠠᠴᠠ ᠶᠢ ᠰᠢᠨᠵᠢᠯᠡᠬᠦ ᠤᠬᠠᠭᠠᠨᠴᠢ ᠪᠠᠷ | ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠣᠷᠣᠵᠤ ᠭᠠᠷᠬᠤ ᠪᠠ ᠤᠬᠤᠷᠢᠵᠤ ᠭᠠᠷᠬᠤ ᠡᠮᠬᠢ ᠵᠢᠷᠤᠮ ᠲᠠᠢ᠂ | ᠬᠦᠷᠢᠶᠡᠯᠡᠩ ᠲᠣᠭᠤᠷᠢᠭ ᠤᠨ ᠰᠠᠶᠢᠨ ᠠᠵᠢᠯᠯᠠᠭᠠᠨ ᠢ ᠪᠡᠶᠡᠯᠡᠭᠦᠯᠦᠨ᠎ᠡ᠃ᠣᠶᠤᠨᠲᠤ ᠬᠦᠷᠢᠶᠡᠯᠡᠩ ᠲᠣᠭᠤᠷᠢᠭ ᠤᠨ | ᠲᠠᠪᠴᠠᠩ ᠤᠨ ᠬᠡᠷᠡᠭᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ 10 ᠵᠦᠢᠯ ᠤᠨ ᠣᠷᠣᠨ | ᠪᠦᠰᠡ ᠶᠢᠨ ᠦᠨᠡᠯᠡᠨ ᠵᠢᠱᠢᠭᠰᠡᠨ ᠦᠷ᠎ᠡ ᠪᠦᠲᠦᠭᠡᠯ ᠢ ᠭᠦᠨᠵᠡᠭᠡᠶᠢᠷᠡᠭᠦᠯᠦᠨ ᠪᠠᠬᠢᠵᠢᠭᠦᠯᠵᠦ᠂ 5 ᠲᠦᠮᠡᠨ ᠲᠡᠭᠰᠢ | ᠳᠥᠷᠪᠡᠯᠵᠢᠨ ᠮᠧᠲᠷ ᠠᠴᠠ ᠳᠡᠭᠡᠭᠰᠢ ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠶᠢᠰᠢᠩ ᠢ ᠰᠢᠨ᠎ᠡ ᠪᠠᠷ | ᠪᠠᠶᠢᠭᠤᠯᠵᠤ᠂ ᠬᠦᠷᠢᠶᠡᠯᠡᠩ ᠲᠣᠭᠤᠷᠢᠭ ᠤᠨ ᠬᠦᠴᠦᠨ ᠵᠦᠢᠯ ᠤᠨ ᠪᠠᠲᠤᠯᠠᠭ᠎ᠠ ᠪᠠ ᠲᠥᠷᠥᠯ ᠵᠦᠢᠯ ᠤᠨ ᠳᠠᠭᠠᠭᠠᠬᠤ | ᠴᠢᠳᠠᠪᠤᠷᠢ ᠶᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ᠢᠯᠴᠢ ᠬᠠᠩᠭᠠᠬᠤ᠂ ᠤᠰᠤ ᠬᠠᠩᠭᠠᠬᠤ᠂ ᠳᠤᠮᠳᠠᠬᠢ | ᠤᠰᠤ ᠶᠢ ᠡᠭᠡᠭᠦᠯᠦᠨ ᠬᠡᠷᠡᠭᠯᠡᠬᠦ ᠬᠤᠭᠤᠯᠠᠢ ᠶᠢᠨ ᠲᠣᠣᠷ ᠢ ᠪᠠᠶᠢᠭᠤᠯᠤᠨ ᠪᠠᠶᠢᠭᠤᠯᠵᠤ ᠠᠰᠢᠭᠯᠠᠯᠲᠠ ᠳᠤ | ᠣᠷᠣᠭᠤᠯᠬᠤ ᠶᠢ ᠦᠨᠡᠨᠬᠦ ᠪᠠᠲᠤᠯᠠᠵᠤ᠂ ᠠᠭᠠᠷ ᠮᠠᠨᠳᠠᠯ ᠢ ᠬᠢᠨᠠᠨ ᠬᠡᠮᠵᠢᠬᠦ᠂ ᠠᠶᠤᠯ ᠲᠠᠢ ᠬᠢᠮᠢ ᠶᠢᠨ ᠪᠣᠳᠠᠰ ᠢ | ᠲᠡᠭᠡᠭᠡᠪᠦᠷᠢᠯᠡᠬᠦ ᠲᠡᠷᠭᠡᠨ ᠵᠣᠭᠰᠣᠭᠠᠯ᠂ ᠡᠯᠧᠺᠲᠷᠣᠨ ᠬᠦᠷᠢᠶ᠎ᠡ ᠬᠠᠰᠢᠶ᠎ᠠ᠂ ᠭᠠᠯ ᠤᠨᠲᠠᠷᠠᠭᠠᠬᠤ ᠪᠡᠯᠡᠳᠬᠡᠮᠵᠢ ᠵᠡᠷᠭᠡ | ᠶᠡᠷᠦᠩᠬᠡᠶᠢᠯᠡᠭᠰᠡᠨ ᠪᠠᠲᠤᠯᠠᠭ᠎ᠠ ᠶᠢᠨ ᠴᠢᠳᠠᠮᠵᠢ ᠶᠢ ᠢᠵᠢ ᠪᠦᠷᠢᠳᠦᠭᠦᠯᠦᠨ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ | ᠣᠷᠣᠨ ᠤ ᠲᠠᠰ ᠤᠨ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠪᠥᠬᠦ ᠬᠦᠴᠦᠨ ᠢᠶᠠᠷ ᠢᠶᠠᠨ | ᠴᠢᠷᠮᠠᠶᠢᠨ ᠪᠠᠶᠢᠭᠤᠯᠤᠨ᠎ᠠ᠃ | ︵ᠭᠤᠷᠪᠠ︶ ᠣᠯᠠᠨ ᠲᠠᠯ᠎ᠠ ᠪᠠᠷ ᠬᠦᠴᠦᠯᠡᠵᠦ ᠪᠠᠶᠢᠭᠠᠳ ᠬᠡᠷᠡᠭᠯᠡᠭᠡ ᠶᠢ ᠥᠷᠭᠡᠳᠬᠡᠬᠦ ᠶᠢ ᠪᠠᠷᠢᠮᠲᠠᠯᠠᠵᠤ᠂ | ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠠᠰ ᠳᠠᠪᠰᠢᠵᠤ ᠬᠥᠭᠵᠢᠬᠦ ᠲᠠᠯ᠎ᠠ ᠪᠠᠷ ᠡᠷᠡᠯᠬᠡᠭᠯᠡᠨ | ᠤᠷᠤᠭᠰᠢᠯᠠᠵᠤ ᠰᠢᠪᠲᠤᠯᠤᠯᠲᠠ ᠭᠠᠷᠭᠠᠨ᠎ᠠ᠃ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠣᠯ ᠠᠵᠤ ᠠᠬᠤᠢ ᠶᠢᠨ | ᠠᠵᠢᠯᠯᠠᠭᠠᠨ ᠢ ᠪᠦᠬᠦᠯᠢ ᠴᠣᠭᠴᠠ ᠪᠠᠷ ᠨᠢ ᠪᠦᠬᠦ ᠲᠠᠯ᠎ᠠ ᠪᠠᠷ ᠰᠠᠶᠢᠵᠢᠷᠠᠭᠤᠯᠬᠤ ᠶᠢ ᠲᠦᠯᠬᠢᠨ ᠠᠬᠢᠭᠤᠯᠬᠤ ᠶᠢᠨ ᠪᠠᠷᠢᠨ | ᠭᠦᠢᠴᠡᠳᠬᠡᠬᠦ ᠪᠠᠴᠢᠮ ᠡᠭᠦᠷᠭᠡ ᠮᠥᠨ᠂ ᠡᠷᠬᠡᠪᠰᠢ ᠬᠡᠷᠡᠭᠯᠡᠭᠡ ᠶᠢ ᠰᠡᠷᠭᠦᠭᠡᠬᠦ ᠪᠠ ᠥᠷᠭᠡᠳᠬᠡᠬᠦ ᠶᠢ ᠲᠡᠷᠢᠭᠦᠨ | ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠬᠡᠷᠡᠭᠯᠡᠭᠡᠨ ᠤ ᠶᠡᠷᠦᠩᠬᠡᠢ ᠬᠡᠮᠵᠢᠶ᠎ᠡ ᠶᠢ ᠥᠷᠭᠡᠳᠬᠡᠬᠦ᠂ ᠬᠠᠩᠭᠠᠯᠭ᠎ᠠ ᠶᠢᠨ | ᠶᠠᠰᠤ ᠴᠢᠨᠠᠷ ᠢ ᠳᠡᠭᠡᠭᠰᠢᠯᠡᠭᠦᠯᠬᠦ ᠶᠢ ᠨᠢᠭᠡ ᠴᠣᠭᠴᠠᠵᠢᠭᠤᠯᠤᠨ ᠲᠦᠯᠬᠢᠨ ᠠᠬᠢᠭᠤᠯᠵᠤ᠂ ᠭᠦᠢᠯᠭᠡᠭᠡᠨ ᠤ ᠰᠢᠰᠲ᠋ᠧᠮ ᠢ | ᠲᠡᠭᠦᠯᠳᠡᠷᠵᠢᠭᠦᠯᠵᠦ᠂ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠠᠵᠤ ᠠᠬᠤᠢ ᠶᠢᠨ ᠨᠡᠮᠡᠭᠳᠡᠯ ᠤᠨ ᠰᠢᠨ᠎ᠡ | ᠬᠥᠳᠡᠯᠭᠡᠭᠦᠷ᠂ ᠰᠢᠨ᠎ᠡ ᠬᠥᠳᠡᠯᠭᠡᠭᠴᠢ ᠬᠦᠴᠦᠨ ᠪᠣᠯᠭᠠᠬᠤ ᠶᠢ ᠲᠦᠯᠬᠢᠨ ᠠᠬᠢᠭᠤᠯᠬᠤ ᠬᠡᠷᠡᠭᠲᠡᠢ᠃ ᠬᠡᠷᠡᠭᠯᠡᠭᠡ ᠶᠢᠨ | ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠲᠦᠯᠬᠢᠨ ᠠᠬᠢᠭᠤᠯᠤᠨ᠎ᠠ᠃︽ᠢᠷᠠᠯᠵᠢ︾ ᠶᠢᠨ | ᠦᠢᠯᠡᠳᠦᠯ ᠢ ᠪᠠᠳᠠᠷᠠᠭᠤᠯᠤᠨ ︽ᠠᠷᠪᠠᠨ ᠲᠠᠪᠤᠨ ᠮᠢᠨᠦ᠋ᠲ︾ ᠤᠨ ᠬᠡᠷᠡᠭᠯᠡᠭᠡᠨ ᠤ ᠲᠣᠣᠷ ᠰᠦᠯᠵᠢᠶ᠎ᠡ ᠶᠢ | ᠪᠠᠶᠠᠯᠢᠭᠵᠢᠭᠤᠯᠵᠤ᠂ ︽ᠠᠩᠬᠠᠨ ᠤ ᠳᠡᠯᠭᠡᠭᠦᠷ ᠤᠨ ᠠᠵᠤ ᠠᠬᠤᠢ︾ ᠶᠢᠨ ᠪᠠᠶᠢᠷᠢᠰᠢᠭᠤᠯᠤᠯᠲᠠ ᠶᠢ ᠲᠦᠷᠭᠡᠳᠬᠡᠨ | ᠲᠡᠮᠦᠷ ᠵᠠᠮ ᠤᠨ ᠡᠮᠦᠨᠡᠲᠦ ᠬᠡᠰᠡᠭ ᠤᠨ ᠳᠡᠭᠡᠳᠦ ᠬᠤᠷᠳᠤᠴᠠᠲᠤ ᠲᠡᠮᠦᠷ ᠵᠠᠮ ᠤᠨ ᠠᠵᠤ ᠠᠬᠤᠢ ᠶᠢᠨ | ᠬᠤᠳᠠᠯᠳᠤᠭᠠᠨ ᠤ ᠲᠣᠭᠤᠷᠢᠭ ᠢ ᠲᠦᠷᠭᠡᠳᠬᠡᠨ᠂ ᠰᠢᠶᠠᠩ ᠶᠠᠩ ᠶᠠᠪᠠᠭᠠᠨ ᠵᠡᠭᠡᠯᠢ ᠵᠡᠷᠭᠡ ᠬᠠᠭᠤᠴᠢᠨ ᠵᠡᠭᠡᠯᠢ | ᠲᠣᠭᠤᠷᠢᠭ ᠤᠨ ᠬᠡᠷᠡᠭᠯᠡᠭᠡᠨ ᠤ ᠣᠷᠴᠢᠨ ᠲᠣᠭᠤᠷᠢᠨ ᠢ ᠰᠢᠰᠲ᠋ᠧᠮ ᠲᠠᠢ ᠳᠡᠭᠡᠭᠰᠢᠯᠡᠭᠦᠯᠵᠦ᠂ ᠬᠠᠩᠭᠠᠯᠭ᠎ᠠ ᠶᠢᠨ ᠣᠷᠴᠢᠨ | ᠲᠣᠭᠤᠷᠢᠨ ᠢ ᠰᠠᠶᠢᠵᠢᠷᠠᠭᠤᠯᠬᠤ ᠪᠠᠷ ᠬᠡᠷᠡᠭᠯᠡᠭᠡᠨ ᠤ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠨ᠎ᠡ᠃ᠬᠡᠷᠡᠭᠯᠡᠭᠡᠨ ᠤ | ᠲᠠᠯᠠᠪᠤᠷ ᠢ ᠪᠠᠶᠠᠯᠢᠭᠵᠢᠭᠤᠯᠬᠤ ᠶᠢ ᠲᠦᠷᠭᠡᠳᠬᠡᠵᠦ᠂ ᠤᠰᠤᠨ ᠳᠤ ᠵᠢᠪᠬᠦ ᠮᠠᠶ᠋ᠢᠭ ᠤᠨ ᠣᠶᠢᠯᠠᠭᠠᠯᠲᠠ᠂ ᠰᠥᠨᠢ ᠶᠢᠨ | ᠠᠵᠤ ᠠᠬᠤᠢ᠂ ᠥᠪᠡᠷᠮᠢᠴᠡᠵᠢᠭᠦᠯᠦᠨ ᠲᠣᠭᠲᠠᠭᠠᠬᠤ ᠵᠡᠷᠭᠡ ᠰᠢᠨ᠎ᠡ ᠵᠠᠭᠪᠤᠷ ᠤᠨ ᠲᠦᠷᠭᠡᠨ ᠬᠥᠭᠵᠢᠯᠲᠡ ᠶᠢ | ᠠᠬᠢᠭᠤᠯᠵᠤ᠂ ᠸᠠᠨ ᠳ᠋ᠠ᠂ ᠸᠢᠺᠲ᠋ᠣᠷᠢ᠂ ᠧᠦ ᠶᠠ ᠵᠡᠷᠭᠡ ᠠᠷᠠᠯᠵᠢᠶ᠎ᠠ ᠬᠤᠳᠠᠯᠳᠤᠭᠠᠨ ᠤ ᠶᠡᠷᠦᠩᠬᠡᠶᠢᠯᠡᠭᠰᠡᠨ | ᠴᠣᠭᠴᠠ ᠶᠢᠨ ︽ᠪᠠᠭ᠋ᠠᠷᠬᠠᠭᠴᠢ ᠶᠢᠨ ᠲᠣᠭᠤᠷᠢᠭ︾ ᠢ ᠥᠷᠭᠡᠳᠬᠡᠬᠦ ᠳᠤ ᠬᠦᠴᠦᠨ ᠨᠡᠮᠡᠷᠢᠯᠡᠨ᠎ᠡ᠃ᠤᠯᠠᠮᠵᠢᠯᠠᠯᠲᠤ | ᠬᠡᠷᠡᠭᠯᠡᠭᠡ ᠶᠢ ᠲᠡᠳᠬᠦᠨ ᠳᠡᠮᠵᠢᠬᠦ ᠡᠷᠴᠢᠮ ᠢ ᠴᠢᠩᠭᠠᠷᠠᠭᠤᠯᠵᠤ᠂ ᠬᠤᠭᠤᠯᠠ ᠤᠮᠳᠠ ᠬᠤᠨᠤᠭ ᠪᠠᠭᠤᠳᠠᠯ᠂ ᠡᠷᠡᠭᠦᠯᠵᠢᠯ | ᠰᠤᠪᠢᠯᠠᠯᠲᠠ ᠵᠤᠭ᠎ᠠ ᠴᠡᠩᠭᠡᠯ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ᠂ ᠨᠠᠰᠤᠵᠢᠯ ᠤᠨ ᠠᠰᠠᠷᠠᠮᠵᠢ ᠭᠡᠷ ᠤᠨ ᠶᠠᠪᠤᠳᠠᠯ | ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠰᠢᠯᠢᠳᠡᠭᠵᠢᠭᠦᠯᠬᠦ ᠦᠢᠯᠡᠴᠢᠯᠡᠭᠡᠨ ᠤ ᠵᠠᠭᠪᠤᠷ ᠢ ᠲᠦᠯᠬᠢᠨ ᠠᠬᠢᠭᠤᠯᠵᠤ᠂ | ᠦᠢᠯᠡᠴᠢᠯᠡᠭᠡᠨ ᠤ ᠬᠡᠷᠡᠭᠯᠡᠭᠡᠨ ᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ᠵᠠᠬ᠎ᠠ ᠳᠡᠯᠭᠡᠭᠦᠷ ᠤᠨ | ᠭᠤᠣᠯ ᠴᠣᠭᠴᠠ ᠶᠢᠨ ᠰᠢᠯᠢᠳᠡᠭ ᠢ ᠬᠥᠮᠥᠵᠢᠭᠦᠯᠬᠦ ᠠᠯᠬᠤᠴᠠ ᠶᠢ ᠲᠦᠷᠭᠡᠳᠬᠡᠨ᠂ ᠳᠦᠷᠢᠮ ᠲᠣᠭᠲᠠᠭᠠᠯ ᠢ | ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠱᠠᠩᠨᠠᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠰᠢᠯᠢᠳᠡᠭᠵᠢᠭᠦᠯᠵᠦ᠂ | ᠪᠥᠬᠦ ᠵᠢᠯ ᠳᠤ ᠬᠢᠵᠠᠭᠠᠷ ᠲᠤᠭ᠎ᠠ ᠠᠴᠠ ᠳᠡᠭᠡᠭᠰᠢᠬᠢ 5 ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠭᠦᠯᠬᠦ ᠪᠠᠷ | ᠴᠢᠷᠮᠠᠶᠢᠵᠤ᠂ ︽ᠪᠣᠯᠪᠠᠰᠤᠷᠠᠭᠤᠯᠬᠤ᠂ ᠲᠣᠭᠲᠠᠭᠤᠨ ᠪᠠᠶᠢᠯᠭᠠᠬᠤ᠂ ᠰᠢᠯᠢᠳᠡᠭᠵᠢᠭᠦᠯᠬᠦ︾ ᠶᠢ ᠵᠡᠷᠭᠡ ᠳᠤᠨᠢ | ᠬᠦᠴᠦᠯᠡᠬᠦ ᠶᠢ ᠪᠡᠶᠡᠯᠡᠭᠦᠯᠦᠨ᠎ᠡ᠃ | ᠤᠳᠤ ᠦᠶ᠎ᠡ ᠶᠢᠨ ᠦᠢᠯᠡᠴᠢᠯᠡᠭᠡᠨ ᠤ ᠰᠢᠰᠲ᠋ᠧᠮ ᠢ ᠪᠠᠬᠢᠵᠢᠭᠦᠯᠦᠨ᠎ᠡ᠃ᠪᠠᠷᠠᠭᠠᠨ ᠤ ᠭᠦᠢᠯᠭᠡᠭᠡᠨ ᠤ ᠠᠵᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠦᠷᠭᠡᠳᠬᠡᠨ | ᠨᠡᠶᠢᠲᠡᠯᠡᠵᠦ᠂ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠣᠶᠤᠨᠴᠢᠯᠠᠬᠤ᠂ ᠬᠡᠪᠴᠢᠶᠡᠵᠢᠭᠦᠯᠬᠦ᠂ ᠪᠣᠬᠢᠷᠲᠤᠯ | ᠦᠭᠡᠢ ᠪᠣᠯᠬᠤ ᠳᠠᠰᠢ ᠤᠷᠤᠭᠰᠢᠯᠠᠬᠤ ᠶᠢ ᠠᠬᠢᠭᠤᠯᠤᠨ᠎ᠠ᠃ᠭᠤᠣᠯ ᠬᠤᠲᠠ ᠲᠣᠭᠤᠷᠢᠭ ᠤᠨ ᠪᠠᠷᠠᠭᠠᠨ ᠤ | ᠭᠦᠢᠯᠭᠡᠭᠡᠨ ᠤ ᠲᠥᠪᠯᠡᠷᠡᠭᠰᠡᠨ ᠲᠣᠭᠤᠷᠢᠭ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠭᠤᠣᠯᠯᠠᠬᠤ | ᠠᠵᠤ ᠦᠢᠯᠡᠰ ᠤᠨ ᠰᠠᠭᠤᠷᠢᠨ ᠭᠠᠵᠠᠷ ᠤᠨ ᠲᠣᠭᠤᠷᠢᠨ ᠳᠤ᠂ ᠨᠡᠶᠢᠭᠡᠮ ᠤᠨ ᠬᠥᠷᠥᠩᠭᠡ ᠶᠢ ᠣᠷᠣᠭᠤᠯᠤᠨ | ᠠᠪᠴᠢᠷᠠᠵᠤ ᠣᠯᠠᠨ ᠴᠢᠳᠠᠮᠵᠢᠲᠤ ︽ᠮᠣᠷᠢᠨ ᠲᠡᠷᠭᠡᠨ ᠤ ᠥᠷᠲᠡᠭᠡ︾ ᠶᠢ ᠪᠠᠶᠢᠷᠢᠰᠢᠭᠤᠯᠤᠨ ᠪᠦᠲᠦᠭᠡᠨ ᠪᠠᠶᠢᠭᠤᠯᠵᠤ᠂ | ︽ᠶᠡᠬᠡᠪᠡᠷ ᠣᠷᠣᠭᠤᠯᠵᠤ ᠶᠡᠬᠡᠪᠡᠷ ᠭᠠᠷᠭᠠᠬᠤ︾ ︽ᠰᠢᠯᠢᠳᠡᠭ ᠢ ᠣᠷᠣᠭᠤᠯᠵᠤ ᠰᠢᠯᠢᠳᠡᠭ ᠢ ᠭᠠᠷᠭᠠᠬᠤ︾ | ᠭᠦᠢᠯᠭᠡᠭᠡᠨ ᠤ ᠪᠠᠶᠢᠷᠢᠰᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ᠳᠤᠮᠳᠠᠳᠤ ᠡᠸᠦ᠋ᠷᠦᠫᠡ ᠶᠢᠨ ᠵᠢᠱᠢᠶᠡᠨ ᠤ | ᠭᠠᠯᠲᠤ ᠲᠡᠷᠭᠡ ᠶᠢᠨ ᠤᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠣᠶᠤᠨᠴᠢᠯᠠᠭᠰᠠᠨ ᠬᠠᠮᠢᠶᠠᠷᠤᠯᠲᠠ ᠶᠢᠨ | ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠨᠡᠮᠡᠭᠳᠡᠭᠦᠯᠬᠦ ᠲᠦᠷᠦᠯ ᠵᠦᠢᠯ ᠢ ᠨᠠᠶᠢᠳᠠᠪᠤᠷᠢᠵᠢᠭᠤᠯᠤᠨ | ᠬᠡᠷᠡᠭᠵᠢᠭᠦᠯᠬᠦ ᠪᠠᠷ ᠴᠢᠷᠮᠠᠶᠢᠵᠤ᠂ ᠬᠢᠯᠢ ᠠᠯᠤᠰᠯᠠᠭᠰᠠᠨ ᠪᠠᠷᠠᠭᠠᠨ ᠤ ᠲᠡᠭᠡᠭᠡᠪᠦᠷᠢ ᠶᠢᠨ ᠵᠠᠮ ᠢ ᠪᠦᠬᠦ ᠬᠦᠴᠦᠨ ᠢᠶᠠᠷ ᠢᠶᠠᠨ | ᠰᠢᠯᠤᠭᠤᠳᠬᠠᠨ᠎ᠠ᠃ᠡᠯᠪᠡᠭ ᠳᠡᠯᠪᠡᠭ ᠲᠠᠷᠢᠶᠠᠯᠠᠩ ᠤᠨ ᠪᠦᠲᠦᠭᠡᠭᠳᠡᠬᠦᠨ ᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ | ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ ᠪᠠᠨ ᠥᠷᠭᠡᠳᠬᠡᠬᠦ ᠶᠢ ᠣᠯᠠᠨ ᠠᠷᠭ᠎ᠠ ᠵᠠᠮ ᠢᠶᠠᠷ ᠳᠡᠮᠵᠢᠵᠦ᠂ | ᠵᠦᠷᠢᠶᠡᠴᠢᠯᠡᠭᠰᠡᠨ ᠬᠥᠭᠵᠢᠯᠲᠡ ᠶᠢᠨ ᠵᠠᠭᠪᠤᠷ ᠢᠶᠠᠷ ᠤᠯᠠᠮᠵᠢᠯᠠᠯᠲᠤ ᠡᠵᠡᠩᠨᠡᠯᠲᠡ ᠶᠢᠨ ︽ᠬᠠᠯᠬᠠᠪᠴᠢ︾ ᠶᠢ ᠡᠪᠳᠡᠬᠦ | ᠬᠡᠷᠡᠭᠲᠡᠢ᠃ ᠱᠧᠨ ᠲᠦᠩ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠱᠠᠩᠬᠠᠢ ᠲᠦᠩᠯᠢᠶᠣᠣ ᠶᠢᠨ ᠡᠭᠦᠯᠡᠨ | ᠬᠥᠮᠥᠷᠭᠡ ᠶᠢᠨ ᠲᠦᠷᠦᠯ ᠵᠦᠢᠯ ᠤᠨ ᠪᠠᠷᠢᠯᠭ᠎ᠠ ᠡᠬᠢᠯᠡᠬᠦ ᠶᠢ ᠬᠦᠴᠦᠯᠡᠨ ᠠᠬᠢᠭᠤᠯᠵᠤ᠂ ᠵᠢᠩ ᠳ᠋ᠦᠩ ᠤᠨ ᠣᠶᠤᠨᠲᠤ | ᠲᠠᠷᠢᠶᠠᠯᠠᠩ ᠤᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠤᠨ ᠲᠦᠷᠦᠯ | ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠬᠡᠷᠡᠭᠵᠢᠭᠦᠯᠵᠦ᠂ ᠣᠶᠤᠨᠲᠤ ᠪᠠᠷᠠᠭᠠᠨ ᠤ ᠭᠦᠢᠯᠭᠡᠭᠡ ᠪᠠᠷ ᠠᠵᠤ | ᠦᠢᠯᠡᠰ ᠤᠨ ᠰᠢᠨ᠎ᠡ ᠶᠢ ᠡᠭᠦᠳᠬᠦ ᠬᠥᠭᠵᠢᠯᠲᠡ ᠶᠢ ᠬᠥᠲᠥᠯᠥᠨ ᠳᠠᠭᠠᠭᠤᠯᠪᠠ᠃ᠯᠢᠶᠣᠤ ᠤᠯᠤᠰ ᠤᠨ ᠦᠶ᠎ᠡ ᠶᠢᠨ ︽ | ᠯᠦᠩ ᠬᠤᠸᠠ ᠵᠧᠦ︾ ᠶᠢᠨ ᠪᠠᠭᠤᠷᠢ ᠶᠢ ᠢᠳᠡᠪᠬᠢᠵᠢᠭᠦᠯᠦᠨ ᠠᠰᠢᠭᠯᠠᠬᠤ ᠶᠢ ᠲᠦᠷᠭᠡᠳᠬᠡᠨ ᠠᠬᠢᠭᠤᠯᠵᠤ᠂ ᠳᠥᠷᠪᠡᠨ | ᠤᠯᠠᠷᠢᠯ ᠤᠨ ᠮᠥᠰᠥ ᠴᠠᠰᠤᠨ ᠤ ᠰᠣᠶᠣᠯ ᠲᠠᠮᠢᠷ ᠤᠨ ᠴᠡᠩᠭᠡᠯ ᠤᠨ ᠬᠦᠷᠢᠶᠡᠯᠡᠩ᠂ ᠪᠦ᠋ ᠶᠧ ᠰᠢᠩ ᠾᠧ ᠰᠣᠶᠣᠯ | ᠵᠢᠭᠤᠯᠴᠢᠯᠠᠯ ᠤᠨ ᠶᠡᠷᠦᠩᠬᠡᠶᠢᠯᠡᠭᠰᠡᠨ ᠴᠣᠭᠴᠠ ᠶᠢᠨ ᠲᠥᠷᠥᠯ ᠵᠦᠢᠯ ᠢ ᠪᠣᠳᠠᠲᠠᠶᠢᠵᠢᠭᠤᠯᠤᠨ ᠬᠡᠷᠡᠭᠵᠢᠭᠦᠯᠬᠦ ᠶᠢ ᠪᠥᠬᠦ | ᠬᠦᠴᠦᠨ ᠢᠶᠠᠷ ᠢᠶᠠᠨ ᠠᠬᠢᠭᠤᠯᠵᠤ᠂ ᠭᠤᠣᠯ ᠬᠤᠲᠠ ᠶᠢᠨ ᠲᠣᠭᠤᠷᠢᠭ ᠤᠨ ᠵᠢᠭᠤᠯᠴᠢᠯᠠᠯ ᠤᠨ ᠲᠥᠪᠯᠡᠷᠡᠭᠦᠯᠦᠨ | ᠲᠠᠷᠬᠠᠭᠠᠬᠤ ᠵᠠᠩᠭᠢᠯᠠᠭ᠎ᠠ ᠶᠢᠨ ᠴᠢᠳᠠᠮᠵᠢ ᠶᠢ ᠦᠷᠭᠦᠯᠵᠢᠯᠡᠨ ᠪᠠᠶᠠᠯᠢᠭᠵᠢᠭᠤᠯᠤᠨ᠎ᠠ᠃ᠮᠥᠩᠭᠦᠨ ᠭᠦᠢᠯᠭᠡᠭᠡᠨ ᠢᠶᠠᠷ | ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠶᠢ ᠪᠦᠲᠦᠮᠵᠢᠲᠡᠶ ᠳᠡᠮᠵᠢᠬᠦ ᠶᠢ ᠯᠠᠪᠳᠠᠭᠤᠨ ᠪᠠᠲᠤᠲᠠᠢ | ᠠᠬᠢᠭᠤᠯᠵᠤ᠂ ᠵᠢᠩ ᠳ᠋ᠦᠩ ᠮᠥᠩᠭᠦᠨ ᠭᠦᠢᠯᠭᠡᠭᠡᠨ ᠵᠡᠷᠭᠡ ᠮᠥᠩᠭᠦᠨ ᠭᠦᠢᠯᠭᠡᠭᠡᠨ ᠤ ᠳᠠᠭᠠᠭᠠᠯᠲᠠ ᠶᠢᠨ | ᠪᠠᠶᠢᠭᠤᠯᠤᠮᠵᠢ ᠶᠢ ᠣᠷᠣᠭᠤᠯᠤᠨ ᠠᠪᠴᠢᠷᠠᠵᠤ ᠮᠥᠩᠭᠦᠨ ᠭᠦᠢᠯᠭᠡᠭᠡᠨ ᠤ ᠦᠢᠯᠡᠳᠬᠦᠨ ᠳᠤ ᠣᠷᠣᠭᠤᠯᠵᠤ᠂ ᠠᠵᠤ | ᠠᠬᠤᠶᠢᠯᠠᠯ ᠤᠨ ᠪᠡᠯᠡ ᠲᠣᠬᠢᠷᠠᠭᠤᠯᠬᠤ ᠳᠤ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠦᠨ᠂ ᠪᠡᠯᠡ | ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠪᠠᠭᠤᠷᠠᠭᠤᠯᠤᠨ᠎ᠠ᠃ | ᠰᠢᠨ᠎ᠡ ᠪᠠᠷ ᠬᠥᠭᠵᠢᠭᠰᠡᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠦᠷᠭᠡᠪᠴᠢᠯᠡᠨ ᠬᠦᠴᠦᠨ ᠢᠶᠠᠨ | ᠲᠥᠪᠯᠡᠷᠡᠭᠦᠯᠦᠨ ︽ᠬᠤᠷᠴᠢᠨ ᠴᠢᠨᠠᠷ ᠰᠠᠶᠢᠳᠠᠢᠢ ᠪᠦᠲᠦᠭᠡᠭᠳᠡᠬᠦᠨ︾ ᠤ ᠳᠡᠯᠭᠡᠨ ᠨᠡᠪᠲᠡᠷᠡᠭᠦᠯᠬᠦ ᠲᠠᠪᠴᠠᠩ ᠢ | ᠪᠠᠶᠢᠭᠤᠯᠵᠤ᠂ ᠣᠯᠠᠨ ᠠᠷᠭ᠎ᠠ ᠵᠠᠮ ᠢᠶᠠᠷ ᠴᠢᠨᠠᠷ ᠰᠠᠶᠢᠲᠠᠢ ᠠᠵᠤ ᠠᠬᠤᠶᠢᠯᠠᠯ ᠢ ᠡᠯᠧᠺᠲᠷᠣᠨ ᠬᠤᠳᠠᠯᠳᠤᠭᠠᠨ ᠤ ᠠᠵᠤ | ᠦᠢᠯᠡᠰ ᠤᠨ ᠬᠦᠷᠢᠶᠡᠯᠡᠩ ᠳᠤ ᠲᠡᠳᠡᠨ ᠣᠷᠣᠭᠤᠯᠵᠤ᠂ ᠲᠣᠰ ᠭᠠᠵᠠᠷ ᠣᠷᠣᠨ ᠤ ᠠᠵᠤ ᠠᠬᠤᠶᠢᠯᠠᠯ᠂ ᠠᠷᠠᠯᠵᠢᠶ᠎ᠠ | ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢᠨ ᠰᠦᠯᠵᠢᠶᠡᠨ ᠳᠡᠭᠡᠷᠡᠬᠢ ᠠᠷᠠᠯᠵᠢᠶ᠎ᠠ ᠶᠢᠨ ᠵᠠᠭᠪᠤᠷ ᠢ | ᠬᠠᠭᠤᠯᠪᠤᠷᠢᠯᠠᠨ ᠳᠡᠯᠭᠡᠷᠡᠭᠦᠯᠬᠦ ᠶᠢ ᠨᠠᠷᠢᠨ ᠨᠢᠮᠪᠠᠢ ᠲᠡᠳᠬᠦᠵᠦ᠂ ᠰᠢᠭᠤᠳ ᠨᠡᠪᠲᠡᠷᠡᠭᠦᠯᠬᠦ ᠪᠣᠷᠤᠯᠠᠭᠤᠯᠭ᠎ᠠ ᠶᠢᠨ | ᠨᠣᠷᠮ᠎ᠠ ᠶᠢ 1 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃ᠥᠪᠥᠷ ᠮᠣᠩᠭᠤᠯ ᠤᠨ ᠵᠡᠭᠦᠨ | ᠬᠡᠰᠡᠭ ᠤᠨ ᠵᠠᠯᠠᠭᠤᠴᠤᠳ ᠤᠨ ᠵᠡᠭᠦᠳᠦᠨ ᠤ ᠦᠢᠯᠡᠳᠪᠦᠷᠢ ᠶᠢ ᠡᠵᠡᠩᠨᠡᠯᠲᠡ ᠳᠤ ᠣᠷᠣᠭᠤᠯᠬᠤ ᠶᠢ ᠲᠦᠷᠭᠡᠳᠬᠡᠨ | ᠠᠬᠢᠭᠤᠯᠵᠤ᠂ ︽ᠣᠷᠣᠨ ᠪᠦᠰᠡ ᠶᠢᠨ ᠡᠬᠢ ᠪᠠᠶᠠᠯᠢᠭ ᠢ ᠵᠣᠯᠭᠠᠭᠤᠯᠬᠤ᠂ ᠰᠢᠨ᠎ᠡ ᠶᠢ ᠡᠭᠦᠳᠦᠨ ᠠᠳᠠᠯ ᠦᠢᠯᠡᠰ | ᠴᠣᠭᠴᠠᠯᠠᠬᠤ ᠶᠢ ᠨᠡᠪᠴᠢᠭᠦᠯᠬᠦ᠂ ᠴᠢᠳᠠᠪᠤᠷᠢᠲᠠᠨ ᠢ ᠬᠥᠮᠥᠵᠢᠭᠦᠯᠦᠨ ᠭᠠᠷᠭᠠᠬᠤ︾ ᠶᠢ ᠵᠡᠷᠭᠡᠪᠡᠷ ᠳᠠᠪᠲᠠᠮᠵᠢ ᠲᠠᠢ | ᠪᠣᠯᠭᠠᠬᠤ ᠶᠢ ᠪᠡᠶᠡᠯᠡᠭᠦᠯᠵᠦ᠂ ᠣᠲᠣ ᠶᠢᠨ ᠪᠠᠶᠢᠭ᠎ᠠ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠪᠣᠭᠤᠮᠢ ᠶᠢ ᠡᠪᠳᠡᠵᠦ᠂ | ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠷᠠᠯᠵᠢᠶ᠎ᠠ ᠶᠢᠨ ᠰᠢᠨ᠎ᠡ ᠵᠠᠭᠪᠤᠷ ᠢᠬᠤᠷᠴᠢᠨ | ᠵᠦᠴᠦᠭᠡ ᠶᠢᠨ ᠬᠦᠷᠢᠶᠡᠯᠡᠩ ᠤᠨ ᠨᠠᠷᠠᠲᠤ ᠲᠣᠭᠯᠠᠯᠲᠠ ᠶᠢᠨ ᠪᠦᠯᠬᠦᠮ ᠲᠠᠢ ᠵᠣᠯᠭᠠᠭᠤᠯᠤᠨ ᠲᠣᠭᠤᠷᠢᠨ ᠲᠣᠭᠯᠠᠯᠲᠠ | ᠥᠷᠨᠢᠭᠦᠯᠬᠦ ᠶᠢ ᠠᠬᠢᠭᠤᠯᠵᠤ᠂ ᠵᠢᠪᠡᠭᠦᠨ ᠬᠡᠯᠪᠡᠷᠢ ᠶᠢᠨ ᠲᠣᠭᠯᠠᠯᠲᠠ ᠶᠢᠨ ᠵᠢᠵᠢᠭ ᠲᠢᠶᠠᠲᠷ ᠢ ᠪᠣᠶᠢᠵᠢᠭᠤᠯᠤᠨ | ᠪᠤᠵᠠᠭᠠᠶᠢᠷᠠᠭᠤᠯᠵᠤ᠂ ᠰᠣᠶᠣᠯ ᠤᠨ ᠬᠡᠷᠡᠭᠯᠡᠭᠡ ᠶᠢ ᠰᠢᠨ᠎ᠡ ᠨᠡᠮᠡᠭᠳᠡᠯ ᠤᠨ ᠴᠡᠭ ᠪᠣᠯᠭᠠᠬᠤ ᠶᠢ ᠠᠬᠢᠭᠤᠯᠤᠨ᠎ᠠ᠃ ᠬᠤᠩ | ᠮᠧᠩ ᠮᠠᠰᠢᠨ ᠲᠡᠷᠭᠡᠨ ᠤ ᠠᠵᠤ ᠦᠢᠯᠡᠰ ᠤᠨ ᠬᠦᠷᠢᠶᠡᠯᠡᠩ ᠤᠨ ᠬᠡᠪᠴᠢᠶ᠎ᠡ ᠪᠠᠨ ᠥᠷᠭᠡᠳᠬᠡᠬᠦ ᠶᠢ ᠪᠥᠬᠦ | ᠬᠦᠴᠦᠨ ᠢᠶᠠᠷ ᠢᠶᠠᠨ ᠪᠠᠲᠤᠯᠠᠵᠤ᠂ ᠰᠦᠯᠵᠢᠶ᠎ᠡ ᠪᠠᠷ ᠲᠡᠷᠭᠡ ᠰᠣᠩᠭᠤᠬᠤ᠂ ᠠᠯᠤᠰ ᠠᠴᠠ ᠲᠡᠷᠭᠡ ᠰᠢᠯᠭᠠᠬᠤ᠂ ᠬᠢᠯᠢ | ᠠᠯᠤᠰᠯᠠᠨ ᠠᠷᠠᠯᠵᠢᠶᠠᠯᠠᠬᠤ ᠵᠡᠷᠭᠡ ᠰᠢᠨ᠎ᠡ ᠪᠠᠷ ᠪᠣᠶ ᠪᠣᠯᠤᠭᠰᠠᠨ ᠲᠤᠬᠠᠶᠢᠯᠠᠭᠰᠠᠨ ᠠᠵᠢᠯ ᠢ ᠥᠷᠭᠡᠳᠬᠡᠨ᠂ ᠵᠠᠬ᠎ᠠ | ᠳᠡᠯᠭᠡᠭᠦᠷ ᠤᠨ ᠣᠷᠴᠢᠨ ᠲᠣᠭᠤᠷᠢᠨ ᠢ ᠦᠷᠭᠦᠯᠵᠢᠯᠡᠨ ᠴᠡᠪᠡᠷᠰᠢᠭᠦᠯᠵᠦ᠂ ᠬᠡᠷᠡᠭᠯᠡᠭᠡᠨ ᠤ ᠳᠠᠯᠳᠠ ᠬᠦᠴᠦᠨ ᠢ | ᠭᠦᠢᠴᠡᠳ ᠪᠠᠳᠠᠷᠠᠭᠤᠯᠬᠤ ᠶᠢ ᠪᠡᠶᠡᠯᠡᠭᠦᠯᠵᠦ᠂ ᠵᠡᠭᠦᠨ ᠬᠤᠶᠢᠲᠤ ᠣᠷᠣᠨ ᠤ ᠬᠠᠮᠤᠭ ᠤᠨ ᠨᠥᠯᠥᠭᠡᠯᠡᠬᠦ ᠬᠦᠴᠦᠨ ᠲᠠᠢ | ᠭᠠᠷ ᠳᠠᠮᠵᠢᠭᠰᠠᠨ ᠮᠠᠰᠢᠨ ᠲᠡᠷᠭᠡᠨ ᠤ ︽ᠠᠮᠢ ᠠᠬᠤᠢ ᠶᠢᠨ ᠬᠦᠷᠢᠶ᠎ᠡ︾ ᠶᠢ ᠪᠣᠶ ᠪᠣᠯᠭᠠᠨ᠎ᠠ᠃ | ︵ᠳᠥᠷᠪᠡ︶ ᠬᠤᠲᠠ ᠶᠢᠨ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠶᠢ ᠵᠡᠷᠭᠡᠪᠡᠷ ᠴᠢᠬᠤᠯᠠᠴᠢᠯᠠᠬᠤ ᠶᠢ | ᠪᠠᠷᠢᠮᠲᠠᠯᠠᠵᠤ᠂ ᠭᠤᠣᠯ ᠬᠤᠲᠠ ᠶᠢᠨ ᠲᠣᠭᠤᠷᠢᠭ ᠤᠨ ᠰᠠᠭᠤᠷᠢᠰᠢᠬᠤ ᠳᠤ ᠲᠣᠬᠢᠷᠠᠮᠵᠢᠲᠠᠢ ᠴᠢᠨᠠᠷ ᠴᠢᠨᠰᠠᠭ᠎ᠠ ᠶᠢ | ᠳᠡᠭᠡᠭᠰᠢᠯᠡᠭᠦᠯᠬᠦ ᠲᠠᠯ᠎ᠠ ᠪᠠᠷ ᠡᠷᠡᠯᠬᠡᠭᠯᠡᠨ ᠤᠷᠤᠭᠰᠢᠯᠠᠵᠤ ᠰᠢᠪᠲᠤᠯᠤᠯᠲᠠ ᠭᠠᠷᠭᠠᠨ᠎ᠠ᠃ ᠬᠤᠳᠠ ᠶᠢᠨ ᠬᠥᠭᠵᠢᠯᠲᠡ ᠪᠣᠯ | ᠵᠥᠭᠡᠯᠡᠨ᠂ ᠬᠠᠲᠠᠭᠤ ᠣᠷᠴᠢᠨ ᠲᠣᠭᠤᠷᠢᠨ ᠤ ᠪᠦᠬᠦ ᠲᠠᠯ᠎ᠠ ᠶᠢᠨ ᠬᠥᠭᠵᠢᠯᠲᠡ ᠮᠥᠨ᠂ ᠡᠷᠬᠡᠪᠰᠢ ︽ᠬᠤᠳᠠ︾ ᠶᠢ | ᠰᠠᠶᠢᠲᠤᠷ ᠪᠦᠲᠦᠭᠡᠨ ᠪᠠᠶᠢᠭᠤᠯᠬᠤ᠂ ︽ᠬᠤᠳᠠ︾ ᠶᠢ ᠰᠠᠶᠢᠲᠤᠷ ᠪᠣᠶᠢᠵᠢᠭᠤᠯᠬᠤ ᠰᠡᠳᠬᠢᠴᠡ ᠪᠠᠷ ᠲᠡᠰ ᠳᠡᠪᠰᠢᠭᠦᠯᠦᠨ | ᠥᠭᠡᠷᠡᠴᠢᠯᠡᠬᠦ ᠪᠠ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠶᠢ ᠵᠡᠷᠭᠡᠪᠡᠷ ᠬᠡᠷᠡᠭᠵᠢᠭᠦᠯᠬᠦ᠂︽ᠬᠤᠶᠠᠷ | ᠬᠦᠷᠳᠦ ᠪᠠᠷ ᠬᠥᠳᠡᠯᠭᠡᠭᠦᠷ ᠪᠣᠯᠭᠠᠬᠤ︾ ᠶᠢ ᠪᠠᠷᠢᠮᠲᠠᠯᠠᠵᠤ᠂ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠴᠢᠳᠠᠪᠬᠢ ᠶᠢ | ᠴᠢᠩᠭᠠᠳᠬᠠᠵᠤ᠂ ᠶᠠᠰᠤ ᠴᠢᠨᠠᠷ ᠢ ᠳᠡᠭᠡᠭᠰᠢᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠣᠷᠣᠨ ᠵᠠᠢ ᠶᠢ ᠪᠦᠬᠦ | ᠬᠦᠴᠦᠨ ᠢᠶᠠᠷ ᠢᠶᠠᠨ ᠥᠷᠭᠡᠳᠬᠡᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠤᠶᠠᠨ ᠬᠠᠳᠠᠨ ᠴᠢᠨᠠᠷᠲᠠᠢ ᠬᠤᠳᠠ ᠶᠢ | ᠪᠦᠲᠦᠭᠡᠨ ᠪᠠᠶᠢᠭᠤᠯᠬᠤ ᠬᠡᠷᠡᠭᠲᠡᠢ᠃ | ᠬᠤᠳᠠ ᠶᠢᠨ ᠣᠷᠣᠨ ᠵᠠᠢ ᠶᠢ ᠨᠡᠩ ᠶᠡᠭᠡ ᠡᠷᠴᠢᠮ ᠢᠶᠠᠷ ᠥᠷᠭᠡᠳᠬᠡᠨ᠎ᠡ᠃ᠦᠢᠯᠡᠳᠪᠦᠷᠢᠯᠡᠯ᠂ ᠠᠮᠢᠳᠤᠷᠠᠯ᠂ ᠠᠮᠢ | ᠠᠬᠤᠢ ᠶᠢᠨ ᠭᠤᠷᠪᠠᠨ ᠶᠡᠭᠡ ᠣᠶᠢᠯᠠᠭᠠᠭᠳᠠᠬᠤᠨ ᠢ ᠨᠢᠭᠡᠳᠦᠯᠲᠡᠢ ᠲᠥᠯᠥᠪᠯᠡᠵᠦ᠂ ᠬᠤᠳᠠ ᠶᠢᠨ ᠵᠡᠭᠦᠨ ᠬᠡᠰᠡᠭ᠂ | ᠬᠤᠳᠠ ᠶᠢᠨ ᠡᠮᠦᠨ᠎ᠡ ᠬᠡᠰᠡᠭ ᠤᠨ ᠬᠡᠰᠡᠭ ᠣᠷᠣᠨ ᠢ ᠨᠡᠭᠡᠭᠡᠨ ᠬᠥᠭᠵᠢᠭᠦᠯᠬᠦ ᠲᠥᠰᠥᠯ ᠢ ᠵᠢᠷᠤᠵᠤ ᠲᠥᠯᠥᠪᠯᠡᠬᠦ ᠶᠢ | ᠥᠨᠳᠥᠷ ᠪᠠᠷᠢᠮᠵᠢᠶ᠎ᠠ ᠪᠠᠷ ᠬᠡᠷᠡᠭᠵᠢᠭᠦᠯᠵᠦ᠂ ᠠᠵᠤ ᠦᠢᠯᠡᠰ ᠪᠠ ᠬᠤᠳᠠ ᠶᠢ ᠠᠭᠤᠰᠤᠯᠴᠠᠭᠤᠯᠤᠭᠰᠠᠨ᠂ ᠰᠡᠶᠢᠷᠡᠭ | ᠨᠢᠭᠲᠠ ᠬᠡᠮᠵᠢᠶ᠎ᠡ ᠲᠠᠢ ᠣᠷᠣᠨ ᠵᠠᠢ ᠶᠢᠨ ᠪᠠᠶᠢᠷᠢᠰᠢᠯ ᠢ ᠪᠠᠶᠢᠭᠤᠯᠤᠨ᠎ᠠ᠃ᠰᠢᠨ᠎ᠡ ᠠᠵᠤ ᠦᠢᠯᠡᠳᠪᠦᠷᠢ ᠶᠢᠨ ᠬᠤᠶᠠᠳᠤᠭᠠᠷ | ᠵᠠᠮ ᠤᠨ ᠪᠠᠷᠢᠯᠭ᠎ᠠ ᠶᠢᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠲᠦᠷᠭᠡᠳᠬᠡᠨ ᠠᠬᠢᠭᠤᠯᠵᠤ᠂ ᠬᠤᠳᠠ ᠶᠢᠨ | ᠵᠡᠭᠦᠨ ᠬᠡᠰᠡᠭ ᠤᠨ ᠬᠡᠰᠡᠭ ᠣᠷᠣᠨ ᠤ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠲᠤᠯᠭᠠᠭᠤᠷᠢᠯᠠᠯ ᠢ ᠴᠢᠩᠭᠠᠳᠬᠠᠵᠤ᠂ | ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢ ᠰᠠᠶᠢᠵᠢᠷᠠᠭᠤᠯᠬᠤ ᠪᠠᠷ ᠬᠤᠳᠠ ᠶᠢᠨ ᠠᠵᠤ ᠦᠢᠯᠡᠳᠪᠦᠷᠢ ᠶᠢᠨ | ᠬᠥᠭᠵᠢᠯᠲᠡ ᠶᠢ ᠠᠬᠢᠭᠤᠯᠤᠨ᠎ᠠ᠃ᠰᠢᠶᠠᠩ ᠭᠧ ᠯᠢ ᠯᠡ᠂ ᠶᠢᠨ ᠼᠠᠨ ᠢᠦᠢ ᠶᠤᠸᠠᠨ ᠵᠡᠷᠭᠡ ᠣᠷᠣᠨ ᠰᠠᠭᠤᠴᠠ ᠶᠢᠨ | ᠵᠢᠵᠢᠭ ᠲᠣᠭᠤᠷᠢᠭ ᠢ ᠵᠢᠯ ᠤᠨ ᠳᠣᠲᠣᠷ᠎ᠠ ᠪᠠᠷᠢᠵᠤ ᠳᠠᠭᠤᠰᠬᠠᠬᠤ ᠶᠢ ᠣᠯᠠᠨ ᠲᠠᠯ᠎ᠠ ᠠᠴᠠ ᠪᠠᠲᠤᠯᠠᠵᠤ᠂ ᠬᠤᠲᠠ ᠶᠢᠨ | ᠵᠡᠭᠦᠨ ᠲᠠᠯ᠎ᠠ᠂ ᠬᠤᠲᠠ ᠶᠢᠨ ᠡᠮᠦᠨ᠎ᠡ ᠲᠠᠯ᠎ᠠ ᠶᠢᠨ ᠬᠥᠮᠥᠰ ᠤᠨ ᠣᠷᠣᠨ ᠰᠠᠭᠤᠴᠠ ᠶᠢᠨ ᠴᠢᠨᠠᠷ ᠴᠢᠨᠰᠠᠭ᠎ᠠ ᠶᠢᠨ | ᠰᠢᠨ᠎ᠡ ᠬᠡᠪ ᠳᠠᠭᠤᠷᠢᠶᠠᠯ ᠢ ᠪᠣᠶ ᠪᠣᠯᠭᠠᠨ᠎ᠠ᠃ | ᠬᠤᠳᠠ ᠶᠢᠨ ᠶᠠᠰᠤ ᠴᠢᠨᠠᠷ ᠢ ᠨᠡᠩ ᠥᠨᠳᠥᠷ ᠪᠠᠷᠢᠮᠵᠢᠶ᠎ᠠ ᠪᠠᠷ ᠳᠡᠭᠡᠭᠰᠢᠯᠡᠭᠦᠯᠦᠨ᠎ᠡ᠃ᠬᠦᠴᠦᠨ ᠢᠶᠠᠨ | ᠲᠥᠪᠯᠡᠷᠡᠭᠦᠯᠦᠨ ᠭᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ︽ᠭᠤᠷᠪᠠᠨ ᠪᠡᠷᠬᠡ︾ ᠶᠢᠨ ᠠᠰᠠᠭᠤᠳᠠᠯ ᠢ | ᠰᠢᠪᠲᠤᠯᠵᠤ᠂ ᠨᠣᠮ ᠤᠨ ᠦᠨᠦᠷ ᠬᠠᠩᠬᠢᠯᠤᠭᠰᠠᠨ ᠬᠦᠷᠢᠶᠡᠯᠡᠩ ᠤᠨ ᠲᠥᠷᠥᠯ ᠵᠦᠢᠯ ᠢ ᠪᠤᠴᠠᠭᠠᠨ ᠨᠡᠭᠦᠯᠭᠡᠵᠦ | ᠲᠥᠪᠬᠢᠨᠡᠭᠦᠯᠬᠦ ᠠᠵᠢᠯ ᠢ ᠲᠦᠷᠭᠡᠳᠬᠡᠨ ᠡᠬᠢᠯᠡᠭᠦᠯᠵᠦ᠂ ᠲᠡᠮᠦᠷᠯᠢᠭ ᠪᠠᠷᠢᠯᠭ᠎ᠠ ᠶᠢᠨ ᠮᠠᠲ᠋ᠧᠷᠢᠶᠠᠯ ᠤᠨ ᠬᠤᠲᠠ ᠶᠢᠨ | ᠬᠤᠶᠠᠳᠤᠭᠠᠷ ᠬᠤᠭᠤᠴᠠᠭ᠎ᠠ᠂ ᠴᠢᠨ ᠶᠤᠸᠠᠨ ᠪᠠᠭ᠎ᠠ ᠲᠣᠭᠤᠷᠢᠭ ᠤᠨ ᠲᠥᠷᠥᠯ ᠵᠦᠢᠯ ᠢ ᠵᠢᠯ ᠤᠨ ᠳᠣᠲᠣᠷ᠎ᠠ | ᠲᠤᠰᠢᠶᠠᠨ ᠥᠭᠴᠦ ᠬᠡᠷᠡᠭᠯᠡᠭᠦᠯᠬᠦ ᠪᠠᠷ ᠴᠢᠷᠮᠠᠶᠢᠨ᠎ᠠ᠃ᠬᠤᠲᠠ ᠶᠢᠨ ᠵᠠᠮ ᠤᠨ ᠲᠣᠣᠷ ᠤᠨ ᠪᠦᠲᠦᠴᠡ ᠶᠢ ᠪᠥᠬᠦ | ᠲᠠᠯ᠎ᠠ ᠪᠠᠷ ᠰᠢᠯᠢᠳᠡᠭᠵᠢᠭᠦᠯᠵᠦ᠂ ᠬᠤᠩ ᠭᠤᠸᠠᠩ ᠶᠡᠭᠡ ᠵᠡᠭᠡᠯᠢ᠂ ᠰᠢᠨ ᠬᠥᠩ ᠨᠢᠭᠡᠳᠦᠭᠡᠷ ᠵᠠᠮ ᠵᠡᠷᠭᠡ ᠬᠤᠲᠠ ᠶᠢᠨ | ᠶᠠᠪᠤᠳᠠᠯ ᠤᠨ ᠭᠤᠣᠯ ᠵᠠᠮ ᠤᠨ ᠰᠠᠭᠠᠳ ᠦᠭᠡᠢ ᠨᠡᠪᠲᠡᠷᠡᠬᠦ ᠢᠨᠵᠧᠨᠧᠷᠢᠩ ᠢ ᠲᠦᠷᠭᠡᠳᠬᠡᠨ ᠪᠠᠶᠢᠭᠤᠯᠵᠤ᠂ | ᠬᠤᠲᠠ ᠶᠢᠨ ᠵᠠᠮ ᠤᠨ ︽ᠪᠢᠴᠢᠯ ᠡᠷᠭᠢᠯᠲᠡ︾ ᠶᠢ ᠰᠠᠭᠠᠳ ᠦᠭᠡᠢ ᠨᠡᠪᠲᠡᠷᠡᠭᠦᠯᠦᠨ᠎ᠡ᠃ᠬᠤᠳᠠ ᠶᠢᠨ | ᠰᠢᠨᠡᠴᠢᠯᠡᠯᠲᠡ ᠶᠢᠨ ᠠᠵᠢᠯᠯᠠᠭ᠎ᠠ ᠶᠢ ᠶᠡᠬᠡᠪᠡᠷ ᠥᠷᠨᠢᠭᠦᠯᠦᠨ᠂ 53 ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ | ᠵᠠᠰᠠᠬᠤ ᠢᠨᠵᠧᠨᠧᠷᠢᠩ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠡᠨᠡ ᠵᠢᠯ ᠤᠨ ᠳᠣᠲᠣᠷ᠎ᠠ ᠳ᠋ᠠ ᠰᠢᠩ ᠲᠦᠬᠦᠮ | ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠵᠠᠰᠠᠬᠤ ᠵᠦᠢᠯᠡᠰ ᠤᠨ ᠭᠤᠣᠯ ᠴᠣᠭᠴᠠ ᠶᠢᠨ | ᠪᠠᠷᠢᠯᠭ᠎ᠠ ᠶᠢ ᠳᠠᠭᠤᠰᠬᠠᠨ᠎ᠠ᠃ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ ᠢ | ᠵᠡᠷᠭᠡᠪᠡᠷ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠢᠯᠴᠢ ᠬᠠᠩᠭᠠᠬᠤ ᠬᠤᠶᠠᠳᠠᠭᠢ ᠤᠳᠠᠭᠠᠨ ᠤ | ᠬᠤᠭᠤᠯᠠᠢ ᠶᠢᠨ ᠲᠣᠣᠷ᠂ ᠰᠢᠲᠠᠮᠠᠬᠠᠢ ᠬᠡᠢ ᠶᠢᠨ ᠬᠤᠭᠤᠯᠠᠢ ᠶᠢᠨ ᠲᠣᠣᠷ᠂ ᠪᠣᠷᠣᠭᠠᠨ ᠤ ᠤᠰᠤᠨ ᠤ ᠬᠤᠭᠤᠯᠠᠢ ᠶᠢᠨ | ᠲᠣᠣᠷ ᠢ ᠥᠭᠡᠷᠡᠴᠢᠯᠡᠬᠦ ᠢᠨᠵᠧᠨᠧᠷᠢᠩ ᠢ ᠭᠤᠣᠯᠳᠠᠯᠭ᠎ᠠ ᠲᠠᠢ ᠠᠬᠢᠭᠤᠯᠵᠤ᠂ ᠬᠤᠳᠠ ᠶᠢᠨ ᠤᠶᠠᠨ ᠬᠠᠳᠠᠨ ᠴᠢᠨᠠᠷ ᠪᠠ | ᠣᠷᠣᠰᠢᠨ ᠰᠠᠭᠤᠬᠤ ᠳᠤ ᠲᠣᠬᠢᠷᠠᠮᠵᠢᠲᠠᠢ ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠦᠨ᠎ᠡ᠃ | ᠨᠠᠩ ᠪᠣᠳᠠᠲᠠᠢ ᠠᠷᠭ᠎ᠠ ᠬᠡᠮᠵᠢᠶ᠎ᠡ ᠠᠪᠴᠤ ᠪᠠᠶᠢᠭᠠᠳ ᠬᠤᠲᠠ ᠶᠢᠨ ᠳᠦᠷᠢ ᠲᠥᠷᠬᠦ ᠶᠢ ᠱᠤᠭᠤᠨ᠎ᠠ᠃︽ | ᠬᠤᠲᠠ ᠪᠠᠶᠢᠭᠤᠯᠤᠭᠰᠠᠨ︾ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠬᠦ ᠪᠠᠷ ᠭᠠᠷᠳᠠᠴᠠ ᠪᠣᠯᠭᠠᠵᠤ᠂ | ᠬᠠᠭᠤᠴᠢᠨ ᠵᠢᠵᠢᠭ ᠲᠣᠭᠤᠷᠢᠭ ᠤᠨ ᠪᠠᠷᠢᠮᠵᠢᠶᠠᠵᠢᠭᠤᠯᠤᠭᠰᠠᠨ ᠠᠳᠠᠯ ᠠᠬᠤᠢ ᠶᠢᠨ ᠬᠠᠮᠢᠶᠠᠷᠤᠯᠲᠠ ᠶᠢ | ᠭᠦᠨᠵᠡᠭᠡᠶᠢᠷᠡᠭᠦᠯᠦᠨ᠂ ᠬᠤᠲᠠ ᠶᠢᠨ ᠶᠠᠪᠤᠳᠠᠯ ᠤᠨ ᠪᠡᠯᠡᠳᠬᠡᠮᠵᠢ ᠶᠢᠨ ᠬᠠᠮᠠᠭᠠᠯᠠᠯᠲᠠ ᠪᠠ ᠴᠡᠴᠡᠷᠯᠢᠭ ᠤᠨ | ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠵᠠᠮ ᠳᠠᠭᠠᠭᠰᠠᠨ ᠮᠣᠳᠣ᠂ ᠨᠣᠭᠤᠭᠠᠷᠠᠭᠤᠯᠤᠯᠲᠠ ᠶᠢᠨ ᠪᠦᠰᠡ ᠶᠢᠨ | ᠤᠷᠠᠯᠢᠭ ᠤᠨ ᠳᠦᠷᠰᠦ ᠪᠦᠲᠦᠭᠡᠯᠲᠡ ᠶᠢ ᠴᠢᠩᠭᠠᠷᠠᠭᠤᠯᠤᠨ᠂ ᠬᠤᠲᠠ ᠶᠢᠨ ᠳᠦᠷᠢ ᠲᠥᠷᠬᠦ ᠶᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠰᠢᠯᠵᠢᠭᠦᠯᠦᠨ ᠲᠡᠭᠡᠭᠡᠪᠦᠷᠢᠯᠡᠵᠦ | ᠰᠢᠢᠳᠪᠦᠷᠢᠯᠡᠬᠦ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠪᠠᠷᠢᠯᠭ᠎ᠠ᠂ ᠵᠠᠰᠠᠯ ᠴᠢᠮᠡᠭᠯᠡᠯ ᠤᠨ ᠬᠤᠭ ᠨᠣᠪᠰᠢ ᠶᠢ | ᠨᠢᠭᠡᠳᠦᠯᠲᠡᠢ ᠬᠤᠷᠢᠶᠠᠨ ᠰᠢᠢᠳᠪᠦᠷᠢᠯᠡᠬᠦ ᠶᠢ ᠲᠦᠷᠭᠡᠳᠬᠡᠨ ᠠᠬᠢᠭᠤᠯᠵᠤ᠂ ᠬᠤᠭᠤᠯᠠᠨ ᠭᠡᠷ ᠲᠣᠭᠤᠭᠠᠨ ᠭᠡᠷ ᠤᠨ | ᠬᠤᠭ ᠨᠣᠪᠰᠢ ᠶᠢ ᠵᠢᠷᠤᠮᠵᠢᠭᠤᠯᠤᠨ ᠴᠡᠪᠡᠷᠯᠡᠬᠦ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠤᠲᠠ ᠶᠢᠨ ᠣᠷᠴᠢᠨ | ᠲᠣᠭᠤᠷᠢᠨ ᠢ ᠲᠠᠰᠤᠷᠠᠯᠲᠠ ᠦᠭᠡᠢ ᠴᠡᠪᠡᠷᠰᠢᠭᠦᠯᠦᠨ᠎ᠡ᠃ᠬᠤᠳᠠ ᠶᠢᠨ ᠨᠠᠷᠢᠯᠢᠭᠵᠢᠭᠤᠯᠤᠭᠰᠠᠨ᠂ ᠲᠣᠣᠷᠵᠢᠭᠤᠯᠤᠭᠰᠠᠨ᠂ | ᠵᠢᠷᠤᠮᠵᠢᠭᠤᠯᠤᠭᠰᠠᠨ ᠬᠠᠮᠢᠶᠠᠷᠤᠯᠲᠠ ᠶᠢ ᠭᠦᠨᠵᠡᠭᠡᠢ ᠲᠦᠯᠬᠢᠨ ᠠᠬᠢᠭᠤᠯᠵᠤ᠂ ᠵᠡᠭᠡᠯᠢ ᠭᠤᠳᠤᠮᠵᠢ᠂ ᠬᠤᠳᠠ | ᠬᠥᠳᠡᠭᠡ ᠶᠢᠨ ᠠᠭᠤᠯᠵᠠᠷ ᠬᠡᠰᠡᠭ ᠤᠨ ᠣᠷᠴᠢᠨ ᠠᠬᠤᠢ ᠶᠢ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠵᠤ᠂ | ᠬᠤᠳᠠ ᠶᠢᠨ ᠲᠣᠭᠤᠷᠢᠭ ᠤᠨ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠭᠰᠠᠨ᠂ ᠳᠤᠷ᠎ᠠ ᠪᠠᠷ ᠢᠶᠠᠨ | ᠪᠠᠶᠢᠭᠤᠯᠵᠤ ᠳᠤᠷ᠎ᠠ ᠪᠠᠷ ᠢᠶᠠᠨ ᠪᠠᠶᠢᠭᠤᠯᠤᠭᠰᠠᠨ᠂ ᠲᠣᠭᠲᠠᠭᠠᠯ ᠠᠴᠠ ᠵᠥᠷᠢᠴᠡᠨ ᠵᠠᠮ ᠡᠵᠡᠯᠡᠭᠰᠡᠨ ᠵᠡᠷᠭᠡ ᠪᠣᠯᠪᠠᠰᠤᠨ | ᠪᠤᠰᠤ ᠦᠢᠯᠡ ᠠᠵᠢᠯᠯᠠᠭ᠎ᠠ ᠶᠢ ᠶᠡᠭᠡ ᠪᠠᠷ ᠴᠡᠭᠴᠡᠯᠡᠨ ᠵᠠᠰᠠᠵᠤ᠂ ᠬᠤᠳᠠ ᠶᠢᠨ ᠳᠦᠷᠰᠦ ᠪᠠᠶᠢᠳᠠᠯ ᠤᠨ ᠡᠮᠬᠢ ᠵᠢᠷᠤᠮ ᠢ | ᠲᠠᠰᠤᠷᠠᠯᠳᠠ ᠦᠭᠡᠢ ᠵᠢᠷᠤᠮᠵᠢᠭᠤᠯᠤᠨ᠎ᠠ᠃ | ︵ᠲᠠᠪᠤ︶ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠶᠢ ᠪᠠᠷᠢᠮᠲᠠᠯᠠᠵᠤ᠂ | ᠪᠣᠬᠢᠷᠲᠤᠯ ᠦᠭᠡᠢ ᠬᠥᠭᠵᠢᠯᠲᠡ ᠶᠢᠨ ᠳᠠᠪᠠᠭᠤᠯᠢᠭ ᠢ ᠪᠠᠲᠤᠳᠬᠠᠬᠤ ᠳᠡᠭᠡᠷ᠎ᠡ ᠡᠷᠡᠯᠬᠡᠭᠯᠡᠨ ᠤᠷᠤᠭᠰᠢᠯᠠᠵᠤ | ᠰᠢᠪᠲᠤᠯᠤᠯᠲᠠ ᠬᠢᠨ᠎ᠡ᠃ᠠᠵᠤ ᠠᠬᠤᠢ ᠨᠡᠶᠢᠭᠡᠮ ᠤᠨ ᠬᠥᠭᠵᠢᠯᠲᠡ ᠶᠢ ᠪᠣᠬᠢᠷᠲᠤᠯ ᠦᠭᠡᠢ ᠪᠣᠯᠭᠠᠬᠤ᠂ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠬᠤ ᠶᠢ ᠳᠣᠣᠷ᠎ᠠ ᠪᠣᠯᠭᠠᠬᠤ ᠪᠣᠯ ᠴᠢᠨᠠᠷ ᠰᠠᠶᠢᠲᠠᠢ ᠬᠥᠭᠵᠢᠯᠲᠡ ᠶᠢ | ᠪᠡᠶᠡᠯᠡᠭᠦᠯᠬᠦ ᠶᠢᠨ ᠵᠠᠩᠭᠢᠯᠠᠭ᠎ᠠ ᠶᠢᠨ ᠭᠤᠭᠴᠤᠭ᠎ᠠ ᠮᠥᠨ᠂ ᠡᠷᠬᠡᠪᠰᠢ ᠬᠥᠬᠡᠮᠳᠦᠭ ᠨᠣᠭᠤᠭᠠᠨ ᠠᠭᠤᠯᠠ ᠤᠰᠤ ᠪᠣᠯ | ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠨ ᠦᠢᠯᠡᠳᠦᠯᠭᠡᠵᠢᠭᠦᠯᠵᠦ᠂ | ᠨᠠᠩ ᠥᠨᠳᠥᠷ ᠪᠠᠷᠢᠮᠵᠢᠶ᠎ᠠ ᠪᠠᠷ ᠪᠣᠬᠢᠷᠲᠤᠯ ᠢ ᠪᠠᠭᠠᠰᠬᠠᠬᠤ᠂ ᠨᠡᠭᠦᠷᠡᠰᠦᠲᠥ᠋ᠷᠥᠭᠴᠢᠶᠢᠨ ᠭᠠᠳᠠᠭᠰᠢᠯᠠᠭᠤᠯᠬᠤ ᠶᠢ | ᠪᠠᠭᠤᠷᠠᠭᠤᠯᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠡᠮᠡᠭᠳᠡᠭᠦᠯᠬᠦ ᠶᠢ ᠬᠠᠮᠵᠢᠯᠴᠠᠨ ᠠᠬᠢᠭᠤᠯᠵᠤ᠂ ᠪᠣᠬᠢᠷᠲᠤᠯ | ᠦᠭᠡᠢ ᠶᠢ ᠬᠤᠷᠴᠢᠨ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠬᠠᠮᠤᠭ ᠤᠨ | ᠦᠵᠡᠰᠬᠦᠯᠡᠩᠲᠦ ᠰᠠᠶᠢᠬᠠᠨ ᠰᠠᠭᠤᠷᠢ ᠥᠩᠭᠡ ᠪᠣᠯᠭᠠᠬᠤ ᠬᠡᠷᠡᠭᠲᠡᠢ᠃ | ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠴᠢᠩᠭᠠᠳᠬᠠᠨ᠎ᠠ᠃ | ᠲᠦᠩᠯᠢᠶᠣᠣ ᠶᠢᠨ ᠢᠯᠴᠢ ᠴᠠᠬᠢᠯᠭᠠᠨ ᠤ ᠬᠡᠲᠦ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ᠂ ᠤᠯᠤᠰ ᠤᠨ | ᠡᠨᠧᠷᠭᠢ ᠶᠢᠨ ᠠᠮᠢᠳᠤ ᠪᠣᠳᠠᠰ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠴᠤᠭᠯᠠᠭᠤᠯᠤᠨ ᠠᠰᠢᠭᠯᠠᠬᠤ | ᠲᠥᠷᠥᠯ ᠵᠦᠢᠯ ᠤᠨ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠵᠤ᠂ ᠤᠣ ᠰᠢᠨ ᠬᠢᠮᠢ ᠶᠢᠨ ᠠᠵᠤ | ᠦᠢᠯᠡᠳᠪᠦᠷᠢ ᠪᠠ ᠬᠠᠢ ᠲᠢᠶᠠᠨ ᠡᠮ ᠦᠢᠯᠡᠳᠬᠦ ᠳᠤ ︽ᠨᠡᠭᠦᠷᠡᠰᠦ ᠶᠢ ᠰᠢᠲᠠᠮᠠᠬᠠᠢ ᠬᠡᠢ ᠪᠣᠯᠭᠠᠨ ᠥᠭᠡᠷᠡᠴᠢᠯᠡᠬᠦ︾᠂ | ᠲᠦᠩᠯᠢᠶᠣᠣ ᠶᠢᠨ ᠨᠢᠰᠬᠡᠯ ᠤᠨ ᠪᠠᠭᠤᠳᠠᠯ ᠤᠨ ᠴᠡᠪᠡᠷ ᠡᠨᠧᠷᠭᠢ ᠪᠠᠷ ᠳᠤᠯᠠᠭᠠᠯᠠᠬᠤ ᠲᠥᠷᠥᠯ ᠵᠦᠢᠯ ᠢ | ᠨᠠᠶᠢᠳᠠᠪᠤᠷᠢᠵᠢᠭᠤᠯᠤᠨ ᠬᠡᠷᠡᠭᠵᠢᠭᠦᠯᠬᠦ ᠪᠠᠷ ᠴᠢᠷᠮᠠᠶᠢᠵᠤ᠂ ᠠᠭᠠᠷ ᠤᠨ ᠶᠠᠰᠤ ᠴᠢᠨᠠᠷ ᠢ ᠲᠣᠭᠲᠠᠭᠤᠨ ᠢᠶᠠᠷ | ᠳᠡᠭᠡᠭᠰᠢᠯᠡᠭᠦᠯᠦᠨ᠎ᠡ᠃ᠤᠰᠤᠨ ᠰᠤᠷᠪᠤᠯᠵᠢ ᠶᠢᠨ ᠣᠷᠣᠨ ᠤ ᠬᠠᠮᠠᠭᠠᠯᠠᠯᠲᠠ ᠶᠢᠨ ᠣᠷᠣᠨ ᠤ ᠵᠢᠷᠤᠮᠵᠢᠭᠰᠠᠨ | ᠪᠠᠶᠢᠭᠤᠯᠤᠯᠲᠠ ᠶᠢ ᠢᠳᠡᠪᠬᠢᠲᠡᠢ ᠪᠠᠷ ᠲᠦᠯᠬᠢᠨ ᠠᠬᠢᠭᠤᠯᠵᠤ᠂ ᠳ᠋ᠠᠯᠢᠨ ᠪᠠᠯᠭᠠᠰᠤᠨ ᠤ ᠪᠣᠬᠢᠷ ᠤᠰᠤᠨ ᠤ | ᠬᠤᠭᠤᠯᠠᠢ ᠶᠢᠨ ᠲᠣᠣᠷ ᠢ ᠥᠭᠡᠷᠡᠴᠢᠯᠡᠬᠦ ᠵᠡᠷᠭᠡ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ | ᠶᠡᠷᠦᠩᠬᠡᠶᠢᠯᠡᠨ ᠵᠠᠰᠠᠬᠤ ᠨᠢᠭᠡ ᠪᠦᠯᠦᠭ ᠢᠨᠵᠧᠨᠧᠷᠢᠩ ᠢ ᠬᠦᠴᠦᠯᠡᠨ ᠬᠡᠷᠡᠭᠵᠢᠭᠦᠯᠵᠦ᠂ ᠤᠰᠤᠨ ᠤ ᠣᠷᠴᠢᠨ | ᠠᠬᠤᠢ ᠶᠢᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠤᠨ᠎ᠠ᠃ᠬᠥᠳᠡᠭᠡ ᠲᠣᠰᠬᠤᠨ ᠤ ᠠᠮᠢᠳᠤᠷᠠᠯ ᠤᠨ ᠬᠤᠭ | ᠨᠣᠪᠰᠢ ᠶᠢ ᠶᠡᠷᠦᠩᠬᠡᠶᠢᠯᠡᠨ ᠵᠠᠰᠠᠬᠤ ᠶᠢ ᠰᠢᠰᠲ᠋ᠧᠮ ᠲᠠᠢ ᠠᠬᠢᠭᠤᠯᠵᠤ᠂ ᠬᠤᠸᠠ ᠲᠦᠩ ᠤᠨ ᠠᠮᠢᠳᠤᠷᠠᠯ ᠤᠨ ᠬᠤᠭ | ᠨᠣᠪᠰᠢ ᠶᠢ ︽ᠬᠤᠣᠷ ᠦᠭᠡᠢ ᠪᠣᠯᠭᠠᠬᠤ᠂ ᠡᠬᠢ ᠪᠠᠶᠠᠯᠢᠭᠵᠢᠭᠤᠯᠬᠤ︾ ᠠᠰᠢᠭᠯᠠᠬᠤ ᠴᠢᠳᠠᠪᠤᠷᠢ ᠶᠢ ᠪᠥᠬᠦ | ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠲᠠᠭᠤ | ᠬᠠᠶᠠᠭᠳᠠᠮᠠᠯ ᠰᠢᠭᠠᠷᠤ ᠶᠢᠨ ᠲᠠᠯᠠᠪᠤᠷ ᠤᠨ ︽ᠲᠠᠯᠠᠪᠤᠷ ᠢ ᠪᠢᠲᠡᠭᠦᠮᠵᠢᠯᠡᠨ ᠨᠣᠭᠤᠭᠠᠷᠠᠭᠤᠯᠬᠤ︾ ᠶᠢ ᠠᠬᠢᠭᠤᠯᠵᠤ᠂ | ᠬᠥᠷᠥᠰᠥ ᠰᠢᠷᠣᠢ ᠶᠢᠨ ᠣᠷᠴᠢᠨ ᠲᠣᠭᠤᠷᠢᠨ ᠤ ᠠᠮᠤᠷ ᠲᠦᠪᠰᠢᠨ ᠢ ᠡᠵᠡᠮᠳᠡᠬᠦ ᠶᠢ ᠪᠠᠲᠤᠯᠠᠨ᠎ᠠ᠃ | ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠪᠠᠬᠢ ᠪᠠᠶᠢᠭᠤᠯᠤᠨ᠎ᠠ᠃ ᠲᠥᠪ ᠤᠨ ᠠᠮᠢ | ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ | ᠡᠭᠦᠷᠭᠡ ᠶᠢ ᠡᠷᠡᠰ ᠨᠠᠶᠢᠳᠠᠪᠤᠷᠢᠵᠢᠭᠤᠯᠵᠤ᠂ ︽ᠲᠠᠪᠤᠨ ᠦᠨᠳᠦᠰᠦᠨ ᠵᠦᠢᠯ ᠠᠴᠠ ᠡᠬᠢᠯᠡᠬᠦ︾ ᠠᠵᠢᠯᠯᠠᠭ᠎ᠠ ᠶᠢᠨ ᠱᠠᠲᠤ | ᠦᠶ᠎ᠡ ᠶᠢᠨ ᠡᠭᠦᠷᠭᠡ ᠶᠢ ᠪᠡᠶᠡᠯᠡᠭᠦᠯᠵᠦ᠂ ︽ᠭᠤᠷᠪᠠᠨ ᠣᠷᠣᠨ ᠭᠤᠷᠪᠠᠨ ᠱᠤᠭᠤᠮ︾᠂ ︽ᠭᠤᠷᠪᠠᠨ ᠱᠤᠭᠤᠮ ᠨᠢᠭᠡ | ᠲᠠᠩᠰᠠ︾ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠵᠦ ᠬᠠᠮᠲᠤᠪᠠᠷ ᠬᠡᠷᠡᠭᠯᠡᠬᠦ ᠶᠢ ᠭᠦᠨᠵᠡᠭᠡᠢ ᠠᠬᠢᠭᠤᠯᠵᠤ᠂ ᠠᠮᠢ | ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠨ᠎ᠠ᠃1.09 ᠲᠦᠮᠡᠨ | ᠮᠦ ᠲᠠᠷᠢᠶᠠᠨ ᠭᠠᠵᠠᠷ ᠤᠨ ᠨᠥᠭᠡᠴᠡ ᠶᠢᠨ ᠬᠥᠮᠥᠷᠭᠡ ᠶᠢᠨ ᠭᠦᠢᠴᠡᠳᠬᠡᠯ ᠲᠤᠭ᠎ᠠ ᠶᠢ ᠴᠢᠷᠮᠠᠶᠢᠨ ᠣᠯᠵᠤ᠂ ᠲᠠᠷᠢᠶᠠᠨ | ᠭᠠᠵᠠᠷ ᠤᠨ ᠭᠦᠢᠴᠡᠳᠬᠡᠯ ᠲᠤᠭ᠎ᠠ ᠶᠢᠨ ᠣᠷᠣᠨ ᠪᠦᠰᠡ ᠠᠯᠤᠰᠯᠠᠨ ᠠᠷᠠᠯᠵᠢᠶᠠᠯᠠᠬᠤ ᠲᠣᠭᠲᠠᠴᠠ ᠶᠢ ᠵᠡᠷᠭᠡ ᠳᠤᠨᠢ | ᠰᠢᠯᠢᠳᠡᠭᠵᠢᠭᠦᠯᠦᠨ᠂ ᠲᠠᠷᠢᠶᠠᠨ ᠭᠠᠵᠠᠷ ᠤᠨ ᠡᠬᠢ ᠪᠠᠶᠠᠯᠢᠭ ᠤᠨ ᠬᠠᠮᠤᠭ ᠤᠨ ᠶᠡᠭᠡ ᠠᠵᠤ ᠠᠬᠤᠢ ᠶᠢᠨ ᠦᠷ᠎ᠡ | ᠠᠰᠢᠭ ᠢ ᠦᠨᠡᠨᠬᠦ ᠪᠠᠳᠠᠷᠠᠭᠤᠯᠤᠨ᠎ᠠ᠃ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠪᠡᠯᠴᠢᠭᠡᠷ ᠡᠯᠡᠰᠦ | ᠰᠢᠷᠣᠢ᠂ ᠡᠸᠦ᠋ᠷᠦᠫᠡ ᠶᠢᠨ ᠪᠡᠯᠡ ᠣᠷᠣᠭᠤᠯᠤᠯᠲᠠ ᠶᠢᠨ ᠪᠠᠩᠬᠢ ᠶᠢᠨ ᠵᠢᠭᠡᠯᠡᠯᠭᠡ ᠪᠠᠷ ᠣᠶᠢᠵᠢᠭᠤᠯᠬᠤ ᠲᠥᠷᠥᠯ | ᠵᠦᠢᠯ ᠢ ᠴᠢᠨᠠᠷ ᠰᠠᠶᠢᠲᠠᠢ ᠪᠡᠶᠡᠯᠡᠭᠦᠯᠵᠦ᠂ ᠮᠠᠭᠤᠳᠠᠭᠰᠠᠨ ᠣᠶ ᠶᠢ ᠬᠡᠰᠡᠭᠯᠡᠨ ᠰᠡᠷᠭᠦᠭᠡᠬᠦ᠂ ᠳᠤᠮᠳᠠ ᠨᠢᠯᠬ᠎ᠠ ᠣᠶ ᠶᠢ | ᠠᠷᠠᠴᠢᠯᠠᠨ ᠪᠣᠶᠢᠵᠢᠭᠤᠯᠬᠤ᠂ ᠠᠮᠢ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢ 5 ᠲᠦᠮᠡᠨ ᠮᠦ ᠳᠤ | ᠬᠡᠷᠡᠭᠵᠢᠭᠦᠯᠵᠦ᠂ 1.2 ᠲᠦᠮᠡᠨ ᠮᠦ ᠶᠢᠨ ᠬᠤᠵᠢᠷᠯᠢᠭ ᠡᠪᠡᠰᠦ ᠳᠠᠷᠢᠬᠤ ᠰᠠᠭᠤᠷᠢᠨ ᠭᠠᠵᠠᠷ ᠢ ᠪᠠᠶᠢᠭᠤᠯᠤᠨ᠎ᠠ᠃︽ | ᠲᠥᠷᠪᠡᠨ ᠤᠰᠤ ᠶᠢ ᠳᠥᠷᠪᠡ ᠪᠠᠷ ᠲᠣᠭᠲᠠᠭᠠᠬᠤ︾ ᠵᠠᠷᠴᠢᠮ ᠪᠠ ︽ᠤᠰᠤ ᠶᠢ ᠬᠡᠮᠵᠢᠶ᠎ᠡ ᠪᠠᠷ ᠬᠡᠷᠡᠭᠯᠡᠬᠦ︾ | ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠭᠠᠵᠠᠷ ᠳᠣᠣᠷᠠᠬᠢ ᠤᠰᠤ ᠶᠢ ᠳᠠᠷᠤᠵᠤ ᠮᠠᠯᠲᠠᠬᠤ ᠠᠵᠢᠯᠯᠠᠭ᠎ᠠ ᠶᠢ | ᠦᠷᠭᠦᠯᠵᠢᠯᠡᠨ ᠬᠡᠷᠡᠭᠵᠢᠭᠦᠯᠵᠦ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢ ᠲᠦᠯᠬᠢᠨ | ᠠᠬᠢᠭᠤᠯᠤᠨ᠎ᠠ᠃ᠣᠶ ᠰᠢᠭᠤᠢ ᠡᠪᠡᠰᠦ ᠪᠡᠯᠴᠢᠭᠡᠷ ᠤᠨ ᠣᠷᠳᠣ ᠬᠤᠭᠤᠴᠠᠭᠠᠨ ᠤ ᠳᠦᠷᠢᠮ᠂ ᠭᠤᠣᠯ ᠮᠥᠷᠡᠨ ᠨᠠᠭᠤᠷ | ᠴᠥᠭᠦᠷᠥᠮ ᠤᠨ ᠣᠷᠳᠣ ᠬᠤᠭᠤᠴᠠᠭᠠᠨ ᠤ ᠳᠦᠷᠢᠮ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠨᠤᠲᠤᠭ ᠪᠡᠯᠴᠢᠭᠡᠷ | ᠣᠶᠢᠲᠤ ᠭᠠᠵᠠᠷ ᠢ ᠡᠪᠳᠡᠭᠰᠡᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠡᠭᠴᠡᠯᠡᠨ ᠵᠠᠰᠠᠬᠤ ᠶᠢ | ᠭᠦᠨᠵᠡᠭᠡᠶᠢᠷᠡᠭᠦᠯᠦᠨ᠂ ᠭᠤᠣᠯ ᠤᠨ ᠵᠠᠮ ᠤᠨ ᠳᠥᠷᠪᠡᠨ ᠵᠦᠢᠯ ᠢ ᠳᠤᠷ᠎ᠠ ᠪᠠᠷ ᠢᠶᠠᠨ ᠵᠠᠰᠠᠬᠤ ᠶᠢ ᠪᠥᠬᠦ ᠲᠠᠯ᠎ᠠ ᠪᠠᠷ | ᠠᠬᠢᠭᠤᠯᠵᠤ᠂ ᠣᠶ ᠰᠢᠭᠤᠢ ᠡᠪᠡᠰᠦ ᠪᠡᠯᠴᠢᠭᠡᠷ ᠤᠨ ᠠᠮᠢ ᠨᠠᠰᠤ ᠶᠢ ᠰᠡᠷᠭᠦᠭᠡᠵᠦ᠂ ᠭᠤᠣᠯ ᠮᠥᠷᠡᠨ ᠤ ᠠᠮᠢᠵᠢᠷᠠᠯ ᠤᠨ | ᠬᠦᠴᠦᠨ ᠢ ᠲᠠᠬᠢᠨ ᠢᠯᠡᠷᠡᠭᠦᠯᠦᠨ᠎ᠡ᠃ | ︽ᠬᠤᠣᠰ ᠨᠡᠭᠦᠷᠡᠰᠦᠲᠥ᠋ᠷᠥᠭᠴᠢ︾ ᠶᠢᠨ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ᠎ᠠ᠃ ᠡᠨᠧᠷᠭᠢ ᠶᠢᠨ ᠬᠤᠷᠣᠭᠳᠠᠭᠤᠯᠤᠯ ᠤᠨ ᠬᠤᠣᠰ ᠬᠢᠵᠠᠭᠠᠷᠯᠠᠯ ᠪᠠ ᠨᠡᠭᠦᠷᠡᠰᠦᠲᠥ᠋ᠷᠥᠭᠴᠢ ᠶᠢᠨ | ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠤᠷᠬᠢᠯ ᠳᠤ ᠬᠦᠷᠭᠡᠬᠦ ᠪᠠ ᠨᠡᠭᠦᠷᠡᠰᠦᠲᠥ᠋ᠷᠥᠭᠴᠢ ᠶᠢᠨ ᠳᠠᠪᠬᠤᠷ | ᠢᠰᠦᠯ ᠢ ᠰᠠᠭᠠᠷᠮᠠᠭᠵᠢᠭᠤᠯᠬᠤ ᠶᠢ ᠡᠮᠬᠢ ᠵᠢᠷᠤᠮ ᠲᠠᠢ ᠵᠣᠯᠭᠠᠯᠳᠤᠭᠤᠯᠬᠤ ᠶᠢ ᠯᠠᠪᠳᠠᠭᠤᠨ ᠪᠠᠲᠤᠲᠠᠢ ᠪᠠᠷ ᠲᠦᠯᠬᠢᠨ | ᠠᠬᠢᠭᠤᠯᠵᠤ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠬᠢᠭᠡᠳ ᠠᠮᠢ ᠠᠬᠤᠢ ᠶᠢᠨ ᠣᠷᠴᠢᠨ ᠨᠥᠬᠦᠴᠡᠯ ᠤᠨ | ᠵᠣᠬᠢᠴᠠᠩᠭᠤᠢ ᠬᠥᠭᠵᠢᠯᠲᠡ ᠳᠤ ᠬᠦᠴᠦᠨ ᠨᠡᠮᠡᠷᠢᠯᠡᠨ᠎ᠡ᠃ᠡᠷᠳᠡᠨᠢ ᠰᠢᠰᠢ ᠶᠢᠨ ᠠᠮᠢᠳᠤ ᠪᠣᠳᠠᠰ ᠤᠨ ᠰᠢᠨᠵᠢᠯᠡᠬᠦ | ᠤᠬᠠᠭᠠᠨ ᠮᠡᠷᠭᠡᠵᠢᠯ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠠᠷᠢᠭᠤᠨ ᠴᠡᠪᠡᠷ ᠦᠢᠯᠡᠳᠪᠦᠷᠢᠯᠡᠯ ᠤᠨ | ᠥᠭᠡᠷᠡᠴᠢᠯᠡᠯᠲᠡ ᠶᠢ ᠭᠦᠨᠵᠡᠭᠡᠢ ᠬᠡᠷᠡᠭᠵᠢᠭᠦᠯᠬᠦ ᠶᠢ ᠬᠥᠲᠥᠯᠥᠨ ᠵᠢᠯᠤᠭᠤᠳᠴᠤ᠂ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠳᠡᠮᠵᠢᠵᠦ᠂ | ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠶᠢ ᠬᠠᠮᠵᠢᠯᠴᠠᠨ ᠦᠷ᠎ᠡ ᠠᠰᠢᠭ ᠢ ᠰᠢᠨ᠎ᠡ | ᠡᠨᠧᠷᠭᠢ ᠶᠢᠨ ᠰᠤᠷᠪᠤᠯᠵᠢ ᠪᠠᠷ ᠴᠠᠬᠢᠯᠭᠠᠨ ᠭᠠᠷᠭᠠᠬᠤ ᠵᠦᠢᠯᠡᠰ ᠢ ᠪᠠᠶᠢᠭᠤᠯᠤᠨ ᠲᠣᠣᠷ ᠲᠤ ᠨᠡᠶᠢᠯᠡᠭᠦᠯᠬᠦ ᠶᠢ | ᠲᠦᠷᠭᠡᠪᠴᠢᠯᠡᠨ ᠠᠬᠢᠭᠤᠯᠵᠤ᠂ ᠡᠨᠧᠷᠭᠢ ᠨᠥᠭᠡᠴᠡᠯᠡᠵᠦ ᠤᠰᠤᠲᠥ᠋ᠷᠥᠭᠴᠢ ᠦᠢᠯᠡᠳᠬᠦ ᠠᠵᠤ ᠦᠢᠯᠡᠰ ᠤᠨ | ᠠᠰᠠᠭᠤᠳᠠᠯ ᠢ ᠰᠢᠢᠳᠪᠦᠷᠢᠯᠡᠨ ᠬᠥᠭᠵᠢᠬᠦ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ᠃ᠤᠯᠠᠨ ᠠᠷᠭ᠎ᠠ | ᠵᠠᠮ ᠢᠶᠠᠷ ᠨᠡᠶᠢᠭᠡᠮ ᠨᠡᠶᠢᠲᠡ ᠶᠢ ᠬᠥᠲᠥᠯᠥᠨ ᠵᠢᠯᠤᠭᠤᠳᠴᠤ ᠪᠠᠶᠢᠭᠠᠳ ᠠᠷᠪᠢᠯᠠᠨ ᠭᠠᠮᠨᠠᠬᠤ ᠤᠬᠠᠮᠰᠠᠷ ᠢ ᠨᠢ | ᠴᠢᠩᠭᠠᠷᠠᠭᠤᠯᠵᠤ᠂ ᠳᠥᠭᠦᠮ ᠪᠥᠭᠡᠳ ᠲᠣᠬᠢᠷᠠᠮᠵᠢᠲᠠᠢ᠂ ᠪᠣᠬᠢᠷᠲᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠠᠮᠢᠳᠤᠷᠠᠯ ᠤᠨ ᠠᠷᠭ᠎ᠠ ᠮᠠᠶ᠋ᠢᠭ ᠢ ᠬᠡᠷᠡᠭᠵᠢᠭᠦᠯᠵᠦ᠂ ᠪᠦᠬᠦ ᠨᠡᠶᠢᠭᠡᠮ ᠤᠨ ᠡᠬᠢ ᠪᠠᠶᠠᠯᠢᠭ ᠢ | ᠠᠷᠪᠢᠯᠠᠨ ᠡᠷᠴᠢᠮᠵᠢᠭᠦᠯᠬᠦ ᠬᠦᠴᠦᠷᠬᠡᠭ ᠶᠡᠭᠡ ᠬᠦᠴᠦᠨ ᠢ ᠨᠢᠭᠲᠠᠷᠠᠭᠤᠯᠤᠨ᠎ᠠ᠃ | ︵ᠵᠢᠷᠭᠤᠭ᠎ᠠ︶ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠨᠡᠮᠡᠭᠳᠡᠭᠦᠯᠬᠦ ᠶᠢ ᠪᠠᠷᠢᠮᠲᠠᠯᠠᠵᠤ᠂ | ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠬᠦ ᠲᠠᠯ᠎ᠠ ᠪᠠᠷ ᠡᠷᠡᠯᠬᠡᠭᠯᠡᠨ ᠤᠷᠤᠭᠰᠢᠯᠠᠵᠤ | ᠰᠢᠪᠲᠤᠯᠤᠯᠲᠠ ᠬᠢᠨ᠎ᠡ᠃ ᠥᠭᠡᠷᠡᠴᠢᠯᠡᠯᠲᠡ ᠨᠡᠭᠡᠭᠡᠯᠲᠡ ᠪᠣᠯ ᠬᠥᠭᠵᠢᠯᠲᠡ ᠶᠢᠨ ᠪᠡᠷᠬᠡ ᠰᠡᠳᠦᠪ ᠢ ᠰᠢᠢᠳᠪᠦᠷᠢᠯᠡᠬᠦ ᠳᠤ | ᠵᠠᠪᠠᠯ ᠥᠩᠭᠡᠷᠡᠬᠦ ᠵᠠᠮ ᠮᠥᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠣᠯ ᠬᠥᠭᠵᠢᠯᠲᠡ ᠶᠢᠨ | ᠣᠷᠣᠨ ᠵᠠᠢ ᠶᠢ ᠥᠷᠭᠡᠳᠬᠡᠬᠦ ᠵᠠᠩᠭᠢᠯᠠᠭ᠎ᠠ ᠶᠢᠨ ᠲᠦᠰᠢᠭ ᠲᠤᠯᠭᠠᠭᠤᠷᠢ ᠮᠥᠨ᠂ ᠡᠷᠬᠡᠪᠰᠢ ᠨᠡᠩ ᠭᠦᠨ | ᠳᠠᠪᠬᠤᠷᠭ᠎ᠠ ᠶᠢᠨ ᠥᠭᠡᠷᠡᠴᠢᠯᠡᠯᠲᠡ᠂ ᠨᠡᠩ ᠥᠷᠭᠡᠨ ᠬᠦᠷᠢᠶᠡᠨ ᠤ ᠨᠡᠭᠡᠭᠡᠯᠲᠡ᠂ ᠨᠡᠩ ᠶᠡᠭᠡ ᠡᠷᠴᠢᠮ ᠢᠶᠠᠷ ᠰᠢᠨ᠎ᠡ ᠶᠢ | ᠡᠭᠦᠳᠬᠦ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠠᠮᠢᠳᠤᠯᠢᠭ ᠬᠦᠴᠦᠨ᠂ ᠬᠥᠭᠵᠢᠯᠲᠡ ᠶᠢᠨ ᠬᠥᠳᠡᠯᠭᠡᠭᠴᠢ ᠬᠦᠴᠦᠨ ᠢ | ᠬᠥᠭᠵᠢᠭᠡᠬᠦ ᠬᠡᠷᠡᠭᠲᠡᠢ᠃ | ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠪᠡ᠃ ︽ᠬᠤᠶᠠᠷ ᠥᠴᠥᠬᠡᠨ ᠴᠦ | ᠭᠤᠶᠢᠪᠢᠰᠢ ᠦᠭᠡᠢ︾ ᠶᠢ ᠡᠷᠡᠰ ᠨᠠᠶᠢᠳᠠᠪᠤᠷᠢᠵᠢᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠥᠭᠡᠷᠡᠴᠢᠯᠡᠯᠲᠡ ᠶᠢ ᠭᠦᠨᠵᠡᠭᠡᠢ ᠠᠬᠢᠭᠤᠯᠤᠨ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ | ᠬᠥᠭᠵᠢᠯᠲᠡ ᠶᠢᠨ ᠠᠷᠭ᠎ᠠ ᠵᠠᠮ ᠢ ᠣᠯᠠᠨ ᠲᠠᠯ᠎ᠠ ᠠᠴᠠ ᠥᠷᠭᠡᠳᠬᠡᠵᠦ᠂ ᠪᠣᠶ ᠪᠦᠬᠦᠢ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠠᠵᠢᠯ ᠦᠢᠯᠡᠰ ᠪᠦᠲᠦᠭᠡᠬᠦ᠂ ᠵᠣᠷᠢᠭᠲᠠᠢ ᠪᠠᠷ ᠰᠢᠨ᠎ᠡ ᠶᠢ ᠡᠭᠦᠳᠬᠦ᠂ ᠦᠢᠯᠡᠰ ᠪᠦᠲᠦᠭᠡᠬᠦ ᠶᠢ | ᠵᠣᠷᠢᠭᠵᠢᠭᠤᠯᠤᠨ᠎ᠠ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠪᠠᠷᠢᠮᠵᠢᠶᠠᠵᠢᠭᠤᠯᠤᠭᠰᠠᠨ | ᠬᠠᠮᠢᠶᠠᠷᠤᠯᠲᠠ ᠶᠢ ᠴᠢᠩᠭᠠᠳᠬᠠᠨ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠡᠭᠦᠷᠭᠡ ᠴᠢᠳᠠᠪᠤᠷᠢ ᠶᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠬᠠᠮᠤᠭ ᠤᠨ ᠰᠢᠯᠢᠳᠡᠭ | ᠦᠢᠯᠡᠴᠢᠯᠡᠭᠡᠨ ᠤ ᠣᠷᠴᠢᠨ ᠲᠣᠭᠤᠷᠢᠨ ᠢ ᠬᠦᠴᠦᠯᠡᠨ ᠪᠠᠶᠢᠭᠤᠯᠤᠨ᠎ᠠ᠃ᠲᠤᠭ᠎ᠠ ᠪᠦᠷᠢᠳᠬᠡᠯ ᠤᠨ | ᠣᠳᠣᠬᠢᠴᠢᠯᠠᠯᠲᠠ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠲᠠᠪᠤᠳᠤᠭᠠᠷ ᠤᠳᠠᠭᠠᠨ ᠤ | ᠪᠦᠬᠦ ᠤᠯᠤᠰ ᠤᠨ ᠠᠵᠤ ᠠᠬᠤᠢ ᠶᠢᠨ ᠨᠡᠶᠢᠳᠡᠮᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠭᠦᠨᠵᠡᠭᠡᠢ ᠲᠦᠯᠬᠢᠨ ᠠᠬᠢᠭᠤᠯᠵᠤ᠂ ᠦᠢᠯᠡᠳᠪᠦᠷᠢᠯᠡᠯ᠂ ᠬᠠᠩᠭᠠᠨ ᠪᠣᠷᠤᠯᠠᠭᠤᠯᠭ᠎ᠠ᠂ ᠢᠲᠡᠭᠡᠮᠵᠢ | ︽ᠭᠤᠷᠪᠠ ᠶᠢ ᠨᠢᠭᠡ ᠴᠣᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭ᠎ᠠ ᠶᠢ ᠥᠷᠨᠢᠭᠦᠯᠵᠦ᠂ ᠲᠠᠷᠢᠶᠠᠴᠢᠳ ᠤᠨ | ᠦᠢᠯᠡᠳᠪᠦᠷᠢᠯᠡᠯ ᠠᠮᠢᠳᠤᠷᠠᠯ ᠳᠤ ᠦᠢᠯᠡᠴᠢᠯᠡᠬᠦ ᠶᠡᠷᠦᠩᠬᠡᠶᠢᠯᠡᠭᠰᠡᠨ ᠲᠠᠪᠴᠠᠩ ᠢ ᠲᠡᠭᠦᠯᠳᠡᠷᠵᠢᠭᠦᠯᠦᠨ᠎ᠡ᠃ᠭᠠᠳᠠᠭᠰᠢ | ᠴᠢᠭᠯᠡᠭᠦᠯᠦᠭᠰᠡᠨ ᠬᠡᠯᠪᠡᠷᠢ ᠶᠢᠨ ᠠᠵᠤ ᠠᠬᠤᠶᠢᠯᠠᠯ ᠤᠨ ᠠᠶᠤᠯ ᠲᠦᠭᠰᠢᠭᠦᠷᠢ ᠶᠢ ᠡᠰᠡᠷᠭᠦᠴᠡᠨ ᠬᠤᠷᠢᠭᠯᠠᠬᠤ | ᠴᠢᠳᠠᠪᠤᠷᠢ ᠪᠠᠨ ᠳᠡᠭᠡᠭᠰᠢᠯᠡᠭᠦᠯᠬᠦ ᠶᠢ ᠪᠥᠬᠦ ᠲᠠᠯ᠎ᠠ ᠪᠠᠷ ᠳᠡᠮᠵᠢᠵᠦ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ | ᠵᠥᠪᠳᠡᠯᠴᠡᠭᠡᠨ ᠤ ᠬᠤᠷᠠᠯ᠂ ᠭᠠᠳᠠᠭᠠᠳᠤ ᠣᠷᠣᠭᠤᠯᠤᠯᠲᠠ ᠶᠢᠨ ᠦᠵᠡᠰᠬᠦᠯᠡᠩ ᠤᠨ ᠴᠤᠭᠯᠠᠭᠠᠨ ᠵᠡᠷᠭᠡ ᠤᠯᠤᠰ ᠤᠨ | ᠳᠣᠲᠣᠭᠠᠳᠤ ᠭᠠᠳᠠᠭᠠᠳᠤ ᠶᠢᠨ ᠴᠢᠬᠤᠯᠠ ᠶᠡᠭᠡ ᠠᠵᠤ ᠠᠬᠤᠢ ᠠᠷᠠᠯᠵᠢᠶᠠᠨ ᠤ ᠠᠵᠢᠯᠯᠠᠭ᠎ᠠ ᠪᠠᠷ ᠳᠠᠮᠵᠢᠭᠤᠯᠤᠨ᠂ | ᠳᠠᠪᠠᠭᠤᠯᠢᠭ ᠦᠢᠯᠡᠳᠬᠦᠨ ᠤ ᠭᠠᠳᠠᠭᠠᠳᠤ ᠭᠠᠷᠭᠠᠯᠲᠠ ᠶᠢᠨ ᠬᠡᠮᠵᠢᠶ᠎ᠡ ᠪᠠᠨ ᠯᠠᠪᠳᠠᠭᠤᠨ ᠢᠶᠠᠷ ᠥᠷᠭᠡᠳᠬᠡᠵᠦ᠂ | ᠨᠡᠭᠡᠭᠡᠯᠲᠡᠲᠤ ᠬᠡᠯᠪᠡᠷᠢ ᠶᠢᠨ ᠠᠵᠤ ᠠᠬᠤᠢ ᠶᠢ ᠦᠷᠭᠦᠯᠵᠢᠯᠡᠨᠲ᠋ᠤᠰᠬᠠᠢ ᠮᠡᠷᠭᠡᠵᠢᠯ᠂ ᠴᠢᠭ᠋ ᠲᠣᠭᠲᠠᠭᠠᠭᠰᠠᠨ᠂ ᠪᠥᠬᠦ | ᠤᠯᠠᠷᠢᠯ ᠤᠨ ᠬᠤᠳᠠᠯᠳᠤᠭᠠᠴᠢᠨ ᠤᠷᠢᠬᠤ ᠪᠠᠶᠢᠷᠢᠰᠢᠯ ᠢ ᠪᠥᠬᠦ ᠲᠠᠯ᠎ᠠ ᠪᠠᠷ ᠰᠢᠯᠢᠳᠡᠭᠵᠢᠭᠦᠯᠵᠦ᠂ ᠲᠤᠰᠬᠠᠢ | ᠮᠡᠷᠭᠡᠵᠢᠯ ᠤᠨ ᠬᠤᠳᠠᠯᠳᠤᠭᠠᠴᠢᠨ ᠤᠷᠢᠬᠤ ᠳᠤᠭᠤᠶᠢᠯᠠᠩ᠂ ᠵᠥᠪᠯᠡᠭᠴᠢ ᠶᠢᠨ ᠪᠦᠯᠬᠦᠮ᠂ ᠴᠡᠭ ᠲᠤ ᠰᠠᠭᠤᠭ᠎ᠠ | ᠬᠤᠳᠠᠯᠳᠤᠭᠠᠴᠢᠨ ᠤᠷᠢᠬᠤ ᠠᠩᠭᠢ᠂ ᠪᠠᠲᠤᠯᠠᠭ᠎ᠠ ᠶᠢᠨ ᠦᠢᠯᠡᠴᠢᠯᠡᠭᠡᠨ ᠤ ᠲᠤᠰᠬᠠᠢ ᠠᠩᠭᠢ ᠶᠢ ᠲᠦᠷᠭᠡᠳᠬᠡᠨ | ᠪᠠᠶᠢᠭᠤᠯᠵᠤ᠂ ᠨᠡᠶᠢᠭᠡᠮᠯᠢᠭ ᠤᠨ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠤᠷᠢᠬᠤ ᠵᠡᠷᠭᠡ ᠬᠡᠯᠪᠡᠷᠢ ᠶᠢ | ᠠᠮᠢᠳᠤᠯᠢᠭ ᠢᠶᠠᠷ ᠬᠡᠷᠡᠭᠯᠡᠨ ᠬᠤᠳᠠᠯᠳᠤᠭᠠᠴᠢᠨ ᠤᠷᠢᠬᠤ ᠠᠷᠭ᠎ᠠ ᠵᠠᠮ ᠢ ᠥᠷᠭᠡᠳᠬᠡᠨ᠂ ᠪᠡᠯᠡ ᠣᠷᠣᠭᠤᠯᠤᠯᠲᠠ ᠶᠢᠨ | ᠡᠷᠴᠢᠮ᠂ ᠪᠣᠳᠠᠲᠠᠶᠢᠵᠢᠭᠤᠯᠤᠭᠰᠠᠨ ᠪᠡᠯᠡ ᠮᠥᠩᠭᠦ ᠵᠡᠷᠭᠡ ᠵᠠᠩᠭᠢᠯᠠᠭ᠎ᠠ ᠶᠢᠨ ᠭᠦᠢᠴᠡᠳᠬᠡᠯ ᠲᠤᠭ᠎ᠠ ᠶᠢ ᠴᠢᠩᠭ᠎ᠠ | ᠠᠳᠬᠤᠵᠤ᠂ 100 ᠲᠥᠷᠥᠯ ᠵᠦᠢᠯ ᠢ ᠲᠡᠳᠡᠨ ᠠᠪᠴᠢᠷᠠᠬᠤ᠂ 60 ᠲᠥᠷᠥᠯ ᠵᠦᠢᠯ ᠢ ᠠᠵᠢᠯ ᠡᠬᠢᠯᠡᠭᠦᠯᠦᠨ | ᠪᠦᠲᠦᠭᠡᠨ ᠪᠠᠶᠢᠭᠤᠯᠬᠤ᠂ ᠪᠣᠳᠠᠲᠠᠶᠢᠵᠢᠭᠤᠯᠤᠭᠰᠠᠨ ᠪᠡᠯᠡ ᠮᠥᠩᠭᠦ ᠶᠢ 30% ᠠᠴᠠ ᠳᠡᠭᠡᠭᠰᠢ ᠨᠡᠮᠡᠭᠳᠡᠭᠦᠯᠬᠦ ᠶᠢ | ᠦᠨᠡᠨᠬᠦ ᠪᠠᠲᠤᠯᠠᠨ᠎ᠠ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃︽ᠬᠥᠮᠥᠨ ᠪᠦᠬᠦᠨ | ᠴᠥᠮ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠪᠠᠶᠢᠵᠤ᠂ ᠶᠠᠪᠤᠳᠠᠯ ᠪᠦᠬᠦᠨ ᠴᠥᠮ ᠬᠤᠳᠠᠯᠳᠤᠭ᠎ᠠ ᠡᠷᠭᠢᠯᠡᠬᠦ | ᠣᠷᠴᠢᠨ ᠲᠣᠭᠤᠷᠢᠨ ᠲᠠᠢ ᠬᠤᠯᠪᠣᠭᠳᠠᠨ᠎ᠠ︾ ᠭᠡᠬᠦ ᠣᠶᠢᠯᠠᠭᠠᠭᠳᠠᠬᠤᠨ ᠢᠶᠠᠷ᠂ ᠲᠡᠷᠢᠭᠦᠨ ᠵᠡᠷᠭᠡ ᠶᠢᠨ ᠪᠠᠷᠢᠮᠵᠢᠶ᠎ᠠ ᠲᠠᠢ | ᠬᠠᠷᠢᠴᠠᠭᠤᠯᠵᠤ ᠪᠠᠶᠢᠭᠠᠳ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠦᠨ ᠰᠢᠯᠢᠳᠡᠭ | ᠪᠣᠯᠬᠤ ᠪᠠᠷ ᠴᠢᠷᠮᠠᠶᠢᠬᠤ ᠣᠨ ᠤ ᠠᠵᠢᠯᠯᠠᠭ᠎ᠠ ᠶᠢ ᠥᠷᠨᠢᠭᠦᠯᠵᠦ᠂ ︽ ᠬᠤᠷᠴᠢᠨ ᠲᠦᠷᠭᠡᠨ ᠡᠷᠭᠢᠯᠡᠬᠦ︾ ᠨᠠᠷᠠᠲᠤ | ᠲᠡᠮᠳᠡᠭᠲᠦ ᠶᠢ ᠪᠣᠶ ᠪᠣᠯᠭᠠᠨ᠎ᠠ᠃ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ︽ᠰᠢᠭᠤᠳ ᠬᠦᠷᠴᠦ ᠲᠦᠷᠭᠡᠨ | ᠡᠳ᠋ᠯᠡᠬᠦ︾ ᠶᠢ ᠪᠠᠷᠢᠮᠲᠠᠯᠠᠨ᠂ ᠠᠵᠤ ᠠᠬᠤᠶᠢᠯᠠᠯ ᠳᠤ ᠬᠤᠯᠪᠣᠭᠳᠠᠬᠤ ᠠᠮᠠᠯᠠᠯᠲᠠ ᠪᠠᠨ ᠪᠥᠬᠦ ᠬᠦᠴᠦᠨ ᠢᠶᠠᠷ | ᠪᠡᠶᠡᠯᠡᠭᠦᠯᠵᠦ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ᠂ ᠪᠡᠯᠡ ᠲᠣᠬᠢᠷᠠᠭᠤᠯᠭ᠎ᠠ ᠶᠢᠨ ᠳᠡᠮᠵᠢᠯᠭᠡ᠂ | ᠱᠠᠩᠨᠠᠵᠤ ᠨᠥᠬᠦᠪᠦᠷᠢ ᠥᠭᠬᠦ ᠵᠡᠷᠭᠡ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠨᠢᠭᠡᠳᠦᠯᠲᠡᠢ | ᠲᠥᠯᠥᠪᠯᠡᠨ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠬᠥᠩᠭᠡᠨ ᠬᠠᠭᠤᠳᠠᠮ ᠢᠶᠠᠷ ᠪᠠᠶᠢᠯᠳᠤᠭᠠᠨ ᠳᠤ | ᠣᠷᠣᠯᠴᠠᠬᠤ᠂ ᠯᠠᠪᠳᠠᠭᠤᠨ ᠢᠶᠠᠷ ᠬᠤᠯᠠ ᠠᠶᠠᠯᠠᠬᠤ ᠳᠤ ᠬᠦᠴᠦᠨ ᠨᠡᠮᠡᠷᠢᠯᠡᠨ᠎ᠡ᠃ᠣᠶᠤᠨᠲᠤ ᠵᠠᠰᠠᠭ ᠤᠨ ᠶᠠᠪᠤᠳᠠᠯ ᠤᠨ | ᠪᠠᠶᠢᠭᠤᠯᠤᠯᠲᠠ ᠶᠢ ᠲᠦᠷᠭᠡᠳᠬᠡᠨ ᠲᠡᠭᠦᠯᠳᠡᠷᠵᠢᠭᠦᠯᠵᠦ᠂ ᠢᠨᠵᠧᠨᠧᠷᠢᠩ ᠤᠨ ᠲᠥᠷᠥᠯ ᠵᠦᠢᠯ ᠤᠨ ᠬᠢᠨᠠᠨ ᠵᠥᠪᠰᠢᠶᠡᠷᠡᠬᠦ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ︽ᠨᠢᠭᠤᠷ ᠵᠣᠯᠭᠠᠬᠤ ᠦᠭᠡᠢ ᠪᠠᠷ ᠳᠠᠭᠠᠭᠠᠴᠢᠯᠠᠯᠲᠠ ᠨᠡᠶᠢᠲᠡᠯᠡᠬᠦ︾ ᠶᠢ | ᠨᠡᠶᠢᠳᠡᠮ ᠬᠠᠮᠤᠷᠬᠤ ᠶᠢ ᠦᠷᠭᠦᠯᠵᠢᠯᠡᠨ ᠪᠠᠲᠤᠯᠠᠵᠤ᠂ ᠣᠯᠠᠨ ᠲᠦᠮᠡᠨ ᠬᠠᠨᠤᠮᠵᠢᠲᠠᠶ᠂ ᠠᠵᠤ ᠠᠬᠤᠶᠢᠯᠠᠯ ᠰᠠᠨᠠᠭ᠎ᠠ | ᠠᠮᠤᠷ ᠪᠠᠶᠢᠬᠤ ᠦᠢᠯᠡᠴᠢᠯᠡᠭᠡᠨ ᠤ ᠬᠢᠨᠠᠨ ᠵᠥᠪᠰᠢᠶᠡᠷᠡᠬᠦ ᠳᠥᠭᠦᠮ ᠳᠥᠲᠡ ᠵᠠᠮ ᠢ ᠰᠠᠭᠠᠳ ᠦᠭᠡᠢ ᠨᠡᠪᠲᠡᠷᠡᠭᠦᠯᠦᠨ᠎ᠡ᠃ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠥᠷᠭᠡᠳᠬᠡᠨ ᠪᠠᠶᠢᠭᠤᠯᠬᠤ ᠪᠠ ᠥᠭᠡᠷᠡᠴᠢᠯᠡᠨ | ᠪᠠᠶᠢᠭᠤᠯᠬᠤ ᠶᠢ ᠪᠡᠶᠡᠯᠡᠭᠦᠯᠬᠦ ᠶᠢ ᠦᠨᠡᠨᠬᠦ ᠪᠠᠲᠤᠯᠠᠵᠤ᠂ ︽ᠶᠡᠷᠦᠩᠬᠡᠶᠢᠯᠡᠭᠰᠡᠨ ᠨᠢᠭᠡ ᠴᠣᠩᠬᠤᠪᠴᠢ︾ ᠶᠢᠨ ᠠᠵᠢᠯ | ᠶᠠᠪᠤᠳᠠᠯ ᠭᠦᠢᠴᠡᠳᠬᠡᠬᠦ ᠶᠠᠰᠤ ᠴᠢᠨᠠᠷ ᠦᠷ᠎ᠡ ᠪᠦᠲᠦᠮᠵᠢ ᠶᠢ ᠪᠠᠬᠢᠵᠢᠭᠦᠯᠦᠨ ᠥᠷᠭᠡᠳᠬᠡᠵᠦ᠂ ᠬᠠᠪᠰᠤᠷᠤᠨ | ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠡᠩᠨᠡᠭᠡ ᠶᠢᠨ ᠪᠠᠶᠢᠭᠤᠯᠤᠯᠲᠠ ᠶᠢ ᠬᠦᠴᠦᠯᠡᠨ | ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠭᠤᠨ ᠳᠤᠯᠠᠭᠠᠨ ᠪᠠ ᠬᠤᠷᠳᠤᠴᠠ ᠶᠢ | ᠳᠡᠭᠡᠭᠰᠢᠯᠡᠭᠦᠯᠦᠨ᠎ᠡ᠃ᠠᠵᠤ ᠠᠬᠤᠶᠢᠯᠠᠯ ᠤᠨ ᠨᠡᠭᠡᠭᠡᠨ ᠡᠷᠭᠢᠯᠡᠬᠦ᠂ ᠬᠦᠴᠦᠨ ᠦᠭᠡᠢ ᠪᠣᠯᠭᠠᠬᠤ ᠦᠢᠯᠡᠴᠢᠯᠡᠭᠡᠨ ᠤ | ᠴᠤᠪᠤᠷᠠᠯ ᠢ ᠰᠢᠯᠢᠳᠡᠭᠵᠢᠭᠦᠯᠵᠦ᠂ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ | ᠬᠤᠯᠪᠤᠭᠠᠯᠠᠨ ᠬᠢᠨᠠᠨ ᠬᠠᠮᠢᠶᠠᠷᠬᠤ ᠪᠠ ᠠᠵᠤ ᠠᠬᠤᠶᠢᠯᠠᠯ ᠳᠤ ᠬᠤᠯᠪᠣᠭᠳᠠᠬᠤ ᠮᠡᠳᠡᠭᠡ ᠵᠠᠩᠭᠢ ᠶᠢ ᠴᠤᠭᠯᠠᠭᠤᠯᠬᠤ ᠶᠢ | ᠬᠠᠮᠵᠢᠯᠴᠠᠨ ᠠᠬᠢᠭᠤᠯᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠡᠷᠬᠡ ᠲᠡᠭᠰᠢ ᠪᠠᠷ | ᠥᠷᠢᠰᠦᠯᠳᠦᠬᠦ ᠶᠢ ᠪᠠᠲᠤᠯᠠᠨ᠂ ᠬᠦᠴᠦ ᠪᠠᠨ ᠲᠥᠪᠯᠡᠷᠡᠭᠦᠯᠦᠨ ᠠᠵᠤ ᠠᠬᠤᠶᠢᠯᠠᠯ ᠤᠨ ᠪᠥᠬᠦ ᠠᠮᠢ ᠨᠠᠰᠤᠨ ᠤ | ᠦᠶᠡᠯᠡᠯ ᠤᠨ ᠬᠤᠭᠤᠴᠠᠭᠠᠨ ᠤ ᠦᠢᠯᠡᠴᠢᠯᠡᠭᠡᠨ ᠤ ᠬᠡᠯᠬᠢᠶ᠎ᠡ ᠶᠢ ᠪᠣᠶ ᠪᠣᠯᠭᠠᠨ᠎ᠠ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠯᠬᠤᠴᠠ ᠵᠢᠰᠢᠨ᠎ᠡ ᠶᠢ ᠡᠭᠦᠳᠬᠦ ᠪᠠᠷ | ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠤᠯᠤᠰ ᠤᠨ ᠲᠡᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 3 ᠰᠢᠨ᠎ᠡ ᠪᠠᠷ ᠨᠡᠮᠡᠭᠳᠡᠭᠦᠯᠵᠦ᠂ | ᠬᠥᠮᠥᠷᠭᠡ ᠳᠤ ᠣᠷᠣᠭᠤᠯᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ | ᠠᠬᠤᠶᠢᠯᠠᠯ ᠢ 5 ᠪᠣᠶᠢᠵᠢᠭᠤᠯᠪᠠ᠃ᠰᠢᠨ᠎ᠡ ᠶᠢ ᠡᠭᠦᠳᠬᠦ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠵᠤ᠂ ᠳᠡᠭᠡᠳᠦ ᠰᠢᠨ᠎ᠡ ᠮᠡᠷᠭᠡᠵᠢᠯ ᠤᠨ ᠴᠢᠳᠠᠪᠤᠷᠢᠲᠠᠨ᠂ ᠰᠢᠯᠢᠳᠡᠭ ᠳᠡᠭᠡᠳᠦ ᠰᠤᠷᠭᠠᠭᠤᠯᠢ ᠲᠡᠭᠦᠰᠦᠭᠰᠡᠨ | 1400 ᠰᠤᠷᠤᠭᠴᠢ ᠶᠢ ᠲᠠᠳᠠᠨ ᠣᠷᠣᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠰᠢᠨ᠎ᠡ | ᠬᠥᠳᠡᠯᠭᠡᠭᠴᠢ ᠡᠨᠧᠷᠭᠢ ᠶᠢ ᠬᠤᠷᠠᠮᠳᠤᠭᠤᠯᠪᠠ᠃ᠲᠦᠩᠯᠢᠶᠣᠣ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠮᠣ ᠵᠠᠬ᠎ᠠ | ᠳᠡᠯᠭᠡᠭᠦᠷ ᠤᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠦᠨᠡᠨᠬᠦ ᠪᠠᠲᠤᠯᠠᠵᠤ᠂ ᠰᠢᠨᠵᠢᠯᠡᠬᠦ ᠤᠬᠠᠭᠠᠨ ᠤ | ᠰᠤᠳᠤᠯᠭᠠᠨ ᠤ ᠠᠵᠢᠯᠲᠠᠨ ᠤ ᠣᠷᠣᠯᠭ᠎ᠠ ᠶᠢᠨ ᠬᠤᠪᠢᠶᠠᠷᠢᠯᠠᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠢ ᠤᠯᠠᠷᠢᠭᠤᠯᠬᠤ ᠶᠢ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠦᠨ᠂ 5 ᠲᠥᠷᠥᠯ ᠤᠨ ᠰᠤᠳᠤᠯᠤᠨ | ᠨᠡᠭᠡᠭᠡᠬᠦ ᠪᠠᠶᠢᠭᠤᠯᠤᠮᠵᠢ ᠶᠢ ᠮᠠᠭᠠᠳᠯᠠᠨ ᠲᠣᠭᠲᠠᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ | ᠲᠤᠬᠠᠢ ᠶᠢᠨ ᠭᠠᠵᠠᠷ ᠲᠤᠨᠢ ᠠᠷᠠᠯᠵᠢᠶᠠᠯᠠᠬᠤ᠂ ᠲᠤᠬᠠᠢ ᠶᠢᠨ ᠭᠠᠵᠠᠷ ᠲᠤᠨᠢ ᠤᠯᠠᠷᠢᠭᠤᠯᠬᠤ᠂ ᠲᠤᠬᠠᠢ ᠶᠢᠨ ᠭᠠᠵᠠᠷ | ᠲᠤᠨᠢ ᠬᠡᠷᠡᠭᠯᠡᠬᠦ ᠶᠢ ᠪᠡᠶᠡᠯᠡᠭᠦᠯᠦᠨ᠎ᠡ᠃ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡᠨ ᠤ ᠳᠡᠮᠵᠢᠯᠭᠡ ᠶᠢᠨ | ᠡᠷᠴᠢᠮ ᠢ ᠴᠢᠩᠭᠠᠷᠠᠭᠤᠯᠵᠤ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠪᠠᠨ ᠳᠠᠨᠵᠢᠯᠠᠵᠤ ᠪᠡᠯᠡ ᠲᠣᠬᠢᠷᠠᠭᠤᠯᠬᠤ ᠶᠢ ᠥᠷᠨᠢᠭᠦᠯᠵᠦ᠂ ᠰᠤᠳᠤᠯᠤᠨ | ᠨᠡᠭᠡᠭᠡᠬᠦ ᠣᠷᠣᠭᠤᠯᠤᠯᠲᠠ ᠶᠢᠨ ᠦᠷᠭᠦᠯᠵᠢᠯᠡᠨ ᠳᠡᠭᠡᠭᠰᠢᠯᠡᠬᠦ ᠶᠢ ᠳᠠᠶᠢᠴᠢᠯᠠᠨ᠂ ᠰᠢᠨᠵᠢᠯᠡᠬᠦ ᠤᠬᠠᠭᠠᠨ ᠮᠡᠷᠭᠡᠵᠢᠯ ᠢᠶᠠᠷ | ᠦᠢᠯᠡᠰ ᠬᠥᠭᠵᠢᠭᠦᠯᠵᠦ᠂ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠰᠠᠶᠢᠨ ᠰᠠᠶᠢᠬᠠᠨ ᠪᠠᠶᠢᠳᠠᠯ ᠢ ᠪᠣᠶ | ᠪᠣᠯᠭᠠᠨ᠎ᠠ᠃ | ︵ᠲᠤᠯᠤᠭ᠎ᠠ︶ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳᠡᠯᠬᠦ ᠶᠢ | ᠪᠠᠷᠢᠮᠲᠠᠯᠠᠨ᠎ᠠ᠃ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠲᠠᠯ᠎ᠠ ᠪᠠᠷ ᠡᠷᠡᠯᠬᠡᠭᠯᠡᠨ ᠤᠷᠤᠭᠰᠢᠯᠠᠵᠤ | ᠰᠢᠪᠲᠤᠯᠤᠯᠲᠠ ᠭᠠᠷᠭᠠᠪᠠ᠃ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠪᠣᠯ | ᠳᠠᠷᠤᠢ ᠮᠠᠨ ᠤ ᠲᠡᠮᠡᠴᠡᠯ ᠤᠨ ᠬᠠᠷᠠᠯᠲᠠ ᠮᠥᠨ᠂ ᠡᠷᠬᠡᠪᠰᠢ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ | ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ | ᠰᠡᠳᠬᠢᠯ ᠢ ᠳᠤᠯᠠᠭᠠᠴᠠᠭᠤᠯᠬᠤ᠂ ᠠᠷᠠᠳ ᠤᠨ ᠵᠣᠪᠠᠨᠢᠯ ᠢ ᠰᠢᠢᠳᠪᠦᠷᠢᠯᠡᠬᠦ ᠨᠡᠩ ᠤᠯᠠᠨ ᠠᠷᠭ᠎ᠠ ᠬᠡᠮᠵᠢᠶ᠎ᠡ ᠶᠢ ᠠᠪᠴᠤ᠂ | ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠲᠡᠩᠴᠡᠭᠦᠷᠢᠲᠦ ᠴᠢᠨᠠᠷ ᠪᠠ ᠬᠦᠷᠦᠯᠴᠡᠬᠦᠶᠢᠴᠡ ᠴᠢᠨᠠᠷ ᠢ | ᠴᠢᠩᠭᠠᠳᠬᠠᠵᠤ᠂ ᠰᠢᠨ᠎ᠡ ᠠᠶᠠᠨ ᠵᠠᠮ ᠳᠤ ᠬᠠᠮᠲᠤ ᠪᠠᠷ ᠴᠢᠨᠡᠭᠡᠯᠢᠭᠵᠢᠬᠦ ᠶᠢ ᠯᠠᠪᠳᠠᠭᠤᠨ ᠢᠶᠠᠷ ᠲᠦᠯᠬᠢᠨ ᠠᠬᠢᠭᠤᠯᠬᠤ | ᠬᠡᠷᠡᠭᠲᠡᠢ᠃ | ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ | ᠲᠦᠩᠯᠢᠶᠣᠣ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠤᠨ ᠠᠵᠤ ᠦᠢᠯᠡᠰ ᠤᠨ ᠬᠦᠷᠢᠶᠡᠯᠡᠩ ᠤᠨ | ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠤᠨ ᠠᠵᠢᠯ ᠤᠨ ᠪᠠᠶᠢᠷᠢ ᠶᠢ ᠥᠷᠭᠡᠳᠬᠡᠬᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠂ ᠳᠡᠭᠡᠳᠦ | ᠰᠤᠷᠭᠠᠭᠤᠯᠢ ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ᠂ ᠵᠡᠮᠳᠡᠭᠴᠦᠳ ᠪᠠ ᠬᠤᠲᠠ ᠪᠠᠯᠭᠠᠰᠤ ᠶᠢᠨ | ᠬᠦᠴᠢᠷᠳᠡᠯᠲᠡᠢ ᠬᠥᠮᠥᠰ ᠵᠡᠷᠭᠡ ᠭᠤᠣᠯᠳᠠᠯᠭ᠎ᠠ ᠲᠠᠢ ᠬᠥᠮᠥᠰ ᠲᠤ ᠠᠵᠢᠯ ᠣᠯᠭᠤᠬᠤ ᠶᠢ ᠬᠦᠴᠦᠯᠡᠨ ᠰᠠᠶᠢᠲᠤᠷ | ᠠᠳᠬᠤᠵᠤ᠂ ᠬᠤᠲᠠ ᠪᠠᠯᠭᠠᠰᠤ ᠶᠢᠨ 4700 ᠬᠥᠮᠥᠨ ᠳᠤ ᠰᠢᠨ᠎ᠡ ᠪᠠᠷ ᠠᠵᠢᠯ ᠣᠯᠭᠤᠬᠤ ᠶᠢ ᠦᠨᠡᠨᠬᠦ ᠪᠠᠲᠤᠯᠠᠵᠤ᠂ | ᠬᠤᠲᠠ ᠪᠠᠯᠭᠠᠰᠤ ᠶᠢᠨ ᠠᠵᠢᠯ ᠠᠯᠳᠠᠭᠰᠠᠳ ᠤᠨ ᠨᠣᠷᠮ᠎ᠠ ᠶᠢ 4.2% ᠤᠨ ᠳᠣᠲᠣᠷ᠎ᠠ ᠬᠢᠵᠠᠭᠠᠷᠯᠠᠨ᠎ᠠ᠃ᠵᠠᠰᠠᠭ ᠤᠨ | ᠣᠷᠳᠣᠨ ᠠᠴᠠ ᠬᠥᠲᠥᠯᠥᠨ ᠵᠢᠯᠤᠭᠤᠳᠬᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠴᠢᠳᠠᠪᠤᠷᠢᠲᠠᠨ ᠢᠶᠠᠷ | ᠳᠠᠶᠢᠴᠢᠯᠠᠬᠤ ᠶᠢᠨ ᠲᠣᠭᠤᠷᠢᠨ ᠳᠤ᠂ ᠤᠯᠠᠷᠢᠯ ᠤᠨ ᠴᠢᠨᠠᠷᠲᠠᠢ᠂ ᠱᠠᠲᠤ ᠦᠶ᠎ᠡ ᠶᠢᠨ ᠴᠢᠨᠠᠷᠲᠠᠢ ᠬᠥᠳᠡᠯᠮᠦᠷᠢ | ᠬᠦᠴᠦᠨ ᠤ ᠭᠠᠷᠭᠠᠯᠭ᠎ᠠ ᠶᠢ ᠴᠢᠩᠭᠠᠷᠠᠭᠤᠯᠤᠨ᠂ ᠲᠠᠷᠢᠶᠠᠯᠠᠩ ᠤᠨ ᠰᠡᠯᠡᠭᠦᠦ ᠴᠠᠭ ᠬᠢᠭᠡᠳ ᠤᠯᠠᠷᠢᠯ ᠤᠨ ᠴᠢᠨᠠᠷᠲᠠᠢ | ᠠᠵᠢᠯ ᠬᠥᠳᠡᠯᠮᠦᠷᠢ ᠬᠢᠬᠦ ᠶᠢ ᠬᠠᠷᠢᠯᠴᠠᠨ ᠵᠣᠯᠭᠠᠭᠤᠯᠬᠤ᠂ ᠣᠬᠤᠷ ᠬᠤᠭᠤᠴᠠᠭ᠎ᠠ ᠪᠠᠷ ᠠᠵᠢᠯ ᠬᠥᠳᠡᠯᠮᠦᠷᠢ ᠬᠢᠬᠦ | ᠬᠢᠭᠡᠳ ᠲᠣᠭᠲᠠᠪᠤᠷᠢᠲᠠᠢ ᠠᠵᠢᠯ ᠣᠯᠭᠤᠬᠤ ᠶᠢ ᠬᠠᠷᠢᠯᠴᠠᠨ ᠤᠶᠠᠯᠳᠤᠭᠤᠯᠬᠤ᠂ ᠭᠠᠳᠠᠭᠰᠢ ᠭᠠᠷᠴᠤ ᠠᠵᠢᠯ | ᠬᠥᠳᠡᠯᠮᠦᠷᠢ ᠬᠢᠬᠦ ᠪᠠ ᠲᠤᠬᠠᠢ ᠶᠢᠨ ᠭᠠᠵᠠᠷ ᠣᠶᠢᠷ᠎ᠠ ᠬᠠᠪᠢ ᠳᠠᠭᠠᠨ ᠠᠵᠢᠯ ᠣᠯᠭᠤᠬᠤ ᠶᠢ ᠬᠠᠷᠢᠯᠴᠠᠨ ᠨᠥᠬᠦᠪᠦᠷᠢᠯᠡᠬᠦ | ᠠᠵᠢᠯ ᠣᠯᠭᠤᠯᠲᠠ ᠶᠢᠨ ᠵᠠᠭᠪᠤᠷ ᠢ ᠪᠣᠶ ᠪᠣᠯᠭᠠᠵᠤ᠂ ᠮᠠᠯᠵᠢᠬᠤ ᠲᠠᠷᠢᠶᠠᠯᠠᠬᠤ ᠣᠷᠣᠨ ᠤ 8.2 ᠲᠦᠮᠡ ᠠᠴᠠ ᠳᠡᠭᠡᠭᠰᠢ | ᠬᠥᠮᠥᠨ ᠢ ᠰᠢᠯᠵᠢᠭᠦᠯᠦᠨ ᠠᠵᠢᠯ ᠣᠯᠭᠤᠬᠤ ᠶᠢ ᠦᠨᠡᠨᠬᠦ ᠪᠠᠲᠤᠯᠠᠨ᠎ᠠ᠃ ᠣᠶᠤᠲᠠᠳ ᠤᠨ ᠥᠪᠡᠷ ᠤᠨ ᠥᠷᠲᠡᠭ | ᠦᠭᠡᠢ ᠪᠠᠷ ᠠᠳᠠᠯ ᠦᠢᠯᠡᠰ ᠴᠣᠭᠴᠠᠯᠠᠬᠤ ᠨᠡᠪᠴᠢᠭᠦᠯᠬᠦ ᠰᠠᠭᠤᠷᠢᠨ ᠭᠠᠵᠠᠷ ᠤᠨ ᠦᠢᠯᠡᠴᠢᠯᠡᠭᠡᠨ ᠤ ᠴᠢᠳᠠᠪᠤᠷᠢ ᠶᠢ | ᠦᠷᠭᠦᠯᠵᠢᠯᠡᠨ ᠳᠡᠭᠡᠭᠰᠢᠯᠡᠭᠦᠯᠵᠦ᠂ ᠲᠦᠩᠯᠢᠶᠣᠣ ᠬᠤᠲᠠ ᠶᠢᠨ ᠪᠠᠷᠠᠭᠠᠨ ᠤ ᠭᠦᠢᠯᠭᠡᠭᠡᠨ ᠤ ᠠᠳᠠᠯ ᠦᠢᠯᠡᠰ | ᠴᠣᠭᠴᠠᠯᠠᠬᠤ ᠬᠦᠷᠢᠶᠡᠯᠡᠩ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠠᠳᠠᠯ ᠦᠢᠯᠡᠰ ᠴᠣᠭᠴᠠᠯᠠᠬᠤ | ᠬᠦᠷᠢᠶᠡᠯᠡᠩ ᠲᠣᠭᠤᠷᠢᠭ ᠢ ᠴᠢᠷᠮᠠᠶᠢᠨ ᠪᠠᠶᠢᠭᠤᠯᠬᠤ ᠶᠢ ᠠᠬᠢᠭᠤᠯᠵᠤ᠂ ᠠᠳᠠᠯ ᠦᠢᠯᠡᠰ ᠴᠣᠭᠴᠠᠯᠠᠬᠤ ᠪᠠᠷ ᠠᠵᠢᠯ | ᠣᠯᠭᠤᠯᠲᠠ ᠶᠢ ᠳᠠᠶᠢᠴᠢᠯᠠᠬᠤ ᠰᠢᠨ᠎ᠡ ᠠᠮᠢᠵᠢᠷᠠᠯ ᠤᠨ ᠬᠦᠴᠦᠨ ᠢ ᠪᠣᠶ ᠪᠣᠯᠭᠠᠨ᠎ᠠ᠃ | ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠨᠡᠶᠢᠭᠡᠮ ᠵᠢᠷᠤᠮ ᠤᠨ ᠭᠤᠣᠯᠯᠠᠬᠤ | ᠦᠷᠳᠡᠭ ᠤᠨ ᠦᠵᠡᠯᠲᠡ ᠶᠢᠨ ᠤᠬᠠᠭᠤᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ ᠪᠣᠯᠪᠠᠰᠤᠨ ᠢ ᠪᠣᠶᠢᠵᠢᠭᠤᠯᠬᠤ᠂ | ᠪᠣᠯᠪᠠᠰᠤᠨ ᠢ ᠦᠢᠯᠡᠳᠦᠯᠭᠡᠵᠢᠭᠦᠯᠬᠦ᠂ ᠪᠣᠯᠪᠠᠰᠤᠨ ᠢ ᠡᠭᠦᠳᠦᠨ ᠪᠠᠶᠢᠭᠤᠯᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ | ᠬᠤᠳᠠ ᠬᠥᠳᠡᠭᠡ ᠶᠢᠨ ᠤᠶᠤᠨ ᠤ ᠪᠣᠯᠪᠠᠰᠤᠨ ᠢ ᠠᠭᠤᠰᠤᠯᠴᠠᠭᠤᠯᠤᠨ ᠬᠥᠭᠵᠢᠭᠦᠯᠬᠦ ᠪᠠᠷ ᠶᠣᠰᠣ ᠮᠣᠷᠠᠯ ᠬᠡᠪ | ᠰᠤᠷᠲᠠᠯ ᠤᠨ ᠥᠨᠳᠦᠷᠯᠢᠭ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠃ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠦᠢᠯᠡᠰ ᠢ ᠪᠦᠬᠦ ᠲᠠᠯ᠎ᠠ ᠪᠠᠷ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠢᠯᠡ ᠲᠥᠷᠥᠭᠳᠡᠯ ᠲᠠᠢ ᠪᠦᠲᠦᠮᠵᠢᠲᠡᠢ ᠪᠤᠢ ᠪᠣᠯᠭᠠᠵᠤ᠂ ︽ᠭᠤᠷᠪᠠᠨ ᠰᠠᠯᠵᠤ ᠴᠢᠳᠠᠬᠤ | ᠦᠭᠡᠢ︾᠂︽ᠲᠠᠪᠤᠨ ᠮᠡᠳᠡᠷᠡᠮᠵᠢ︾᠂︽ᠳᠥᠷᠪᠡ ᠪᠠᠨ ᠬᠠᠮᠲᠤᠳᠬᠠᠬᠤ︾ ᠶᠢ ᠬᠥᠮᠥᠰ ᠤᠨ ᠰᠡᠳᠬᠢᠯ ᠳᠤ ᠨᠡᠩ ᠭᠦᠨ | ᠬᠠᠳᠠᠩᠰᠢᠭᠤᠯᠤᠨ᠎ᠠ᠃ᠰᠢᠯᠢᠳᠡᠭ ᠣᠨᠴᠠᠯᠢᠭᠲᠤ ᠰᠣᠶᠣᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠨᠣᠮ ᠤᠨ | ᠰᠠᠩ ᠤᠨ ᠰᠢᠨ᠎ᠡ ᠣᠷᠳᠣᠨ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠵᠤ᠂ ᠨᠢᠭᠡ ᠪᠦᠯᠦᠭ | ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠵᠢᠴᠢ | ᠵᠠᠯᠭᠠᠮᠵᠢᠯᠠᠭᠴᠢ ᠶᠢ ᠪᠥᠬᠦ ᠬᠦᠴᠦᠨ ᠢᠶᠠᠷ ᠢᠶᠠᠨ ᠴᠢᠷᠮᠠᠶᠢᠨ ᠡᠭᠦᠳᠴᠦ᠂ ᠤᠯᠠᠭᠠᠨᠮᠥ᠋ᠴᠢᠷ ᠤᠨ ᠳᠠᠭᠤᠤ ᠪᠥᠵᠢᠭᠲᠦ | ᠵᠦᠴᠦᠭᠡ ᠶᠢ ᠨᠠᠶᠢᠷᠠᠭᠤᠯᠤᠨ ᠵᠢᠭᠰᠠᠭᠠᠬᠤ ᠪᠠ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ ᠯᠠᠪᠳᠠᠭᠤᠨ ᠪᠠᠲᠤᠲᠠᠢ | ᠰᠠᠶᠢᠲᠤᠷ ᠬᠢᠵᠦ᠂ ᠰᠣᠶᠣᠯ ᠤᠨ ᠬᠠᠩᠭᠠᠯᠭ᠎ᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ᠃ᠵᠢᠷᠭᠤᠳᠤᠭᠠᠷ | ᠳᠤᠮᠳᠠᠳᠤ ᠰᠤᠷᠭᠠᠭᠤᠯᠢ᠂ ᠳᠥᠷᠪᠡᠳᠦᠭᠡᠷ ᠬᠡᠦᠬᠡᠳ ᠤᠨ ᠴᠡᠴᠡᠷᠯᠢᠭ᠂ ᠬᠤᠲᠠ ᠶᠢᠨ ᠲᠤᠷᠰᠢᠯᠲᠠ ᠶᠢᠨ ᠪᠠᠭ᠎ᠠ | ᠰᠤᠷᠭᠠᠭᠤᠯᠢ ᠶᠢᠨ ᠾᠧᠩ ᠳ᠋ᠡ ᠬᠤᠪᠢᠶᠠᠷᠢ ᠰᠤᠷᠭᠠᠭᠤᠯᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ᠂ ᠲᠡᠮᠦᠷ ᠵᠠᠮ ᠤᠨ ᠡᠮᠦᠨᠡᠲᠦ ᠬᠡᠰᠡᠭ ᠤᠨ ᠬᠡᠰᠡᠭ ᠲᠣᠭᠤᠷᠢᠭ ᠤᠨ ᠠᠯᠪᠠᠨ ᠵᠢᠷᠤᠮ ᠤᠨ | ᠰᠤᠷᠭᠠᠨ ᠬᠥᠮᠦᠵᠢᠯ᠂ ᠬᠤᠲᠠ ᠶᠢᠨ ᠵᠡᠭᠦᠨ ᠬᠡᠰᠡᠭ ᠤᠨ ᠬᠡᠰᠡᠭ ᠲᠣᠭᠤᠷᠢᠭ ᠤᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠶᠢᠷᠢᠰᠢᠭᠤᠯᠤᠯᠲᠠ ᠶᠢ ᠥᠨᠳᠥᠷ ᠪᠠᠷᠢᠮᠵᠢᠶ᠎ᠠ ᠪᠠᠷ | ᠲᠥᠯᠥᠪᠵᠢᠭᠦᠯᠵᠦ᠂ ᠰᠤᠷᠭᠠᠨ ᠬᠥᠮᠦᠵᠢᠯ ᠤᠨ ᠬᠤᠲᠠ ᠬᠥᠳᠡᠭᠡ ᠶᠢ ᠨᠢᠭᠡ ᠴᠣᠭᠴᠠᠵᠢᠭᠤᠯᠬᠤ᠂ | ᠪᠠᠶᠢᠷᠢᠰᠢᠭᠤᠯᠤᠯᠲᠠ ᠶᠢ ᠲᠡᠩᠴᠡᠭᠦᠷᠢᠲᠡᠢ ᠪᠣᠯᠭᠠᠬᠤ ᠶᠢ ᠦᠷᠭᠦᠯᠵᠢᠯᠡᠨᠠᠯᠪᠠᠨ ᠠᠴᠠ ᠡᠷᠭᠢᠯᠡᠭᠰᠡᠨ ᠬᠡᠦᠬᠡᠳ ᠤᠨ | ᠴᠡᠴᠡᠷᠯᠢᠭ ᠤᠨ ᠴᠡᠴᠡᠷᠯᠢᠭ ᠲᠤ ᠪᠠᠶᠢᠭ᠎ᠠ ᠬᠡᠦᠬᠡᠳ ᠤᠨ ᠡᠵᠡᠯᠡᠬᠦ ᠬᠠᠷᠢᠴᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ | ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠬᠤᠶᠠᠷ ᠢ ᠪᠠᠭᠠᠰᠬᠠᠬᠤ︾ ᠦᠷ᠎ᠡ ᠪᠦᠲᠦᠮᠵᠢ ᠶᠢ ᠪᠥᠬᠦ | ᠲᠠᠯ᠎ᠠ ᠪᠠᠷ ᠪᠠᠬᠢᠵᠢᠭᠦᠯᠵᠦ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠬᠡᠷᠡᠭᠵᠢᠭᠦᠯᠬᠦ ᠯᠦᠭᠡ | ᠪᠦᠲᠦᠮᠵᠢᠲᠡᠶ ᠵᠣᠯᠭᠠᠭᠤᠯᠬᠤ ᠶᠢ ᠲᠣᠬᠢᠲᠠᠢ ᠰᠠᠶᠢᠲᠤᠷ ᠬᠢᠵᠦ᠂ ᠴᠢᠨᠠᠷ ᠰᠠᠶᠢᠲᠠᠢ ᠪᠠᠭᠰᠢ ᠶᠢᠨ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠨ᠂ ᠰᠤᠷᠭᠠᠨ ᠬᠥᠮᠦᠵᠢᠯ ᠤᠨ ᠦᠢᠯᠡᠰ ᠤᠨ ᠵᠣᠬᠢᠴᠠᠯᠳᠤᠨ ᠬᠥᠳᠡᠯᠦᠯᠴᠡᠬᠦ᠂ ᠪᠦᠬᠦᠯᠢ | ᠴᠣᠭᠴᠠ ᠪᠠᠷ ᠠᠬᠢᠭᠤᠯᠬᠤ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠨ᠎ᠠ᠃ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠲᠥᠪ᠂ ᠲᠦᠩᠯᠢᠶᠣᠣ ᠬᠤᠲᠠ ᠶᠢᠨ ᠪᠡᠶ᠎ᠡ ᠶᠢᠨ ᠲᠠᠮᠢᠷ ᠤᠨ ᠴᠡᠴᠡᠷᠯᠢᠭ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠯᠢᠶᠣᠤ ᠾᠧ ᠬᠤᠨᠳᠠᠭᠠᠲᠤ︾ ᠵᠡᠷᠭᠡ ᠨᠠᠷᠠᠲᠤ ᠲᠥᠷᠥᠯ | ᠲᠡᠮᠳᠡᠭᠲᠦ ᠶᠢᠨ ᠤᠷᠤᠯᠳᠤᠭᠠᠨ ᠤ ᠨᠥᠯᠥᠭᠡᠯᠡᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠢ ᠠᠭᠤᠰᠤᠯᠴᠠᠬᠤ ᠶᠢ | ᠠᠬᠢᠭᠤᠯᠤᠨ᠎ᠠ᠃ | ᠡᠷᠡᠭᠦᠯ ᠡᠩᠬᠡ ᠬᠤᠷᠴᠢᠨ ᠤ ᠪᠠᠶᠢᠭᠤᠯᠤᠯᠲᠠ ᠶᠢ ᠠᠬᠢᠭᠤᠯᠤᠨ᠎ᠠ᠃ᠨᠢᠭᠡᠳᠦᠭᠡᠷ ᠡᠮᠨᠡᠯᠭᠡ ᠶᠢᠨ ᠬᠤᠷᠢᠶ᠎ᠠ ᠶᠢᠨ | ᠪᠠᠴᠢᠮ ᠪᠠᠶᠢᠳᠠᠯ ᠢ ᠠᠷᠭᠠᠴᠠᠬᠤ ᠡᠮᠴᠢᠯᠡᠭᠡᠨ ᠤ ᠶᠡᠷᠦᠩᠬᠡᠶᠢᠯᠡᠭᠰᠡᠨ ᠠᠰᠠᠷ ᠤᠨ ᠭᠠᠵᠠᠷ ᠰᠣᠩᠭᠤᠬᠤ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠪᠡᠶᠡᠯᠡᠭᠦᠯᠵᠦ᠂ ᠳᠥᠷᠪᠡᠳᠦᠭᠡᠷ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡ | ᠨᠠᠰᠤᠵᠢᠯ ᠤᠨ ᠶᠡᠷᠦᠩᠬᠡᠶᠢᠯᠡᠭᠰᠡᠨ ᠲᠥᠷᠥᠯ ᠵᠦᠢᠯ ᠢ ᠵᠢᠯ ᠤᠨ ᠳᠣᠲᠣᠷ᠎ᠠ ᠠᠵᠢᠯ ᠡᠬᠢᠯᠡᠭᠦᠯᠬᠦ ᠪᠠᠷ ᠴᠢᠷᠮᠠᠶᠢᠵᠤ᠂ | ᠭᠤᠷᠪᠠᠳᠤᠭᠠᠷ ᠡᠮᠨᠡᠯᠭᠡ ᠶᠢᠨ ᠬᠤᠷᠢᠶ᠎ᠠ ᠶᠢᠨ ᠲᠤᠰᠬᠠᠢ ᠰᠠᠯᠠᠭᠠᠨ ᠤ ᠠᠰᠠᠷ ᠤᠨ ᠭᠤᠣᠯ ᠴᠣᠭᠴᠠ ᠶᠢᠨ ᠠᠵᠢᠯ | ᠳᠠᠭᠤᠰᠬᠤ ᠶᠢ ᠦᠨᠡᠨᠬᠦ ᠪᠠᠲᠤᠯᠠᠵᠤ᠂ ᠨᠢᠭᠡ ᠪᠦᠯᠦᠭ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠰᠠᠭᠤᠷᠢ | ᠪᠡᠯᠡᠳᠬᠡᠮᠵᠢ ᠶᠢ ᠳᠡᠭᠡᠭᠰᠢᠯᠡᠭᠦᠯᠦᠨ ᠥᠭᠡᠷᠡᠴᠢᠯᠡᠬᠦ ᠲᠥᠷᠥᠯ ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠵᠦ᠂ | ᠡᠮᠴᠢᠯᠡᠭᠡᠨ ᠦᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠬᠦᠴᠦᠯᠡᠨ | ᠴᠢᠩᠭᠠᠳᠬᠠᠵᠤ᠂ ᠡᠮᠴᠢ ᠶᠢᠨ ᠬᠤᠣᠰ ᠴᠢᠭᠯᠡᠯ ᠢᠶᠠᠷ ᠰᠢᠯᠵᠢᠬᠦ᠂ ᠡᠪᠡᠳᠴᠢᠲᠡᠨ ᠢ ᠬᠤᠣᠰ ᠴᠢᠭᠯᠡᠯ ᠢᠶᠠᠷ ᠰᠢᠯᠵᠢᠭᠦᠯᠦᠨ | ᠡᠮᠨᠡᠬᠦ ᠠᠷᠭ᠎ᠠ ᠵᠠᠮ ᠢ ᠰᠢᠯᠢᠳᠡᠭᠵᠢᠭᠦᠯᠦᠨ᠂ ᠬᠤᠲᠠ ᠬᠥᠳᠡᠭᠡ ᠶᠢᠨ ᠡᠮᠴᠢᠯᠡᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠪᠤᠷᠠᠨ ᠵᠠᠰᠠᠬᠤ ᠰᠢᠰᠲ᠋ᠧᠮ ᠪᠠ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠡᠮᠴᠢᠯᠡᠭᠡᠨ ᠤ ᠡᠬᠢ ᠪᠠᠶᠠᠯᠢᠭ ᠤᠨ ᠨᠥᠭᠡᠴᠡᠯᠡᠯᠲᠡ ᠶᠢ ᠴᠢᠩᠭᠠᠳᠬᠠᠵᠤ᠂ ᠡᠮ ᠤᠨ ᠵᠦᠢᠯ ᠤᠨ | ᠬᠠᠩᠭᠠᠯᠭ᠎ᠠ ᠶᠢ ᠲᠣᠭᠲᠠᠪᠤᠷᠢᠵᠢᠭᠤᠯᠤᠨ᠂ ᠡᠯ᠎ᠡ ᠲᠦᠷᠦᠯ ᠤᠨ ᠬᠥᠮᠥᠰ ᠲᠤ ᠸᠠᠺᠼᠢᠨ ᠤ ᠲᠠᠷᠢᠯᠭ᠎ᠠ ᠬᠢᠬᠦ ᠶᠢ | ᠨᠢᠭᠡᠳᠦᠯᠲᠡᠢ ᠲᠥᠯᠥᠪᠯᠡᠨ ᠠᠬᠢᠭᠤᠯᠵᠤ᠂ ᠠᠵᠢᠯ ᠤᠨ ᠭᠤᠣᠯᠳᠠᠯᠭ᠎ᠠ ᠪᠠᠨ ᠡᠷᠡᠭᠦᠯ ᠮᠡᠨᠳᠦ ᠶᠢ ᠪᠠᠲᠤᠯᠠᠬᠤ᠂ ᠬᠦᠨᠳᠦ | ᠡᠪᠡᠳᠴᠢᠨ ᠢ ᠰᠡᠷᠭᠡᠶᠢᠯᠡᠬᠦ ᠳᠡᠭᠡᠷ᠎ᠡ ᠦᠨᠡᠨ ᠬᠦ ᠰᠢᠯᠵᠢᠭᠦᠯᠦᠨ᠎ᠡ᠃ᠦᠨᠳᠦᠰᠦᠨ ᠱᠠᠲᠤᠨ ᠤ ᠡᠮᠴᠢᠯᠡᠭᠡᠨ ᠤ | ᠪᠠᠶᠢᠭᠤᠯᠤᠮᠵᠢ ᠬᠢᠭᠡᠳ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠲᠠᠪᠴᠠᠩ ᠤᠨ ᠰᠢᠰᠲ᠋ᠧᠮ ᠤᠨ ᠵᠣᠯᠭᠠᠯᠴᠠᠭ᠎ᠠ ᠶᠢ | ᠲᠦᠷᠭᠡᠳᠬᠡᠵᠦ᠂ ᠠᠯᠤᠰ ᠠᠴᠠ ᠬᠠᠮᠲᠤᠷᠠᠨ ᠣᠨᠣᠰᠢᠯᠠᠬᠤ᠂ ᠣᠶᠤᠨᠴᠢ ᠲᠦᠷᠭᠡᠨ ᠠᠪᠤᠷᠠᠯᠲᠠ᠂ ᠬᠥᠳᠡᠭᠡ | ᠲᠣᠰᠬᠤᠨ ᠤ ︽30 ᠮᠢᠨᠦ᠋ᠲ ᠤᠨ ᠲᠦᠷᠭᠡᠨ ᠠᠪᠤᠷᠠᠯᠲᠠ ᠶᠢᠨ ᠲᠣᠭᠤᠷᠢᠭ︾ ᠢ ᠬᠠᠮᠤᠷᠤᠭᠰᠠᠨ ᠮᠡᠳᠡᠭᠡ | ᠵᠠᠩᠭᠢᠵᠢᠯᠲᠠ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ ᠣᠶᠤᠨᠴᠢ ᠡᠮᠴᠢᠯᠡᠭᠡᠨ ᠤ ᠬᠥᠭᠵᠢᠯᠲᠡ ᠶᠢᠨ ︽ | ᠭᠠᠪᠠ ᠭᠢᠨᠵᠢ︾ ᠶᠢ ᠡᠪᠳᠡᠬᠦ ᠳᠤ ᠬᠦᠴᠦᠨ ᠨᠡᠮᠡᠷᠢᠯᠡᠨ᠎ᠡ᠃ | ᠨᠡᠶᠢᠭᠡᠮ ᠤᠨ ᠪᠠᠲᠤᠯᠠᠭ᠎ᠠ ᠶᠢᠨ ᠲᠣᠣᠷ ᠢ ᠪᠠᠬᠢᠵᠢᠭᠦᠯᠦᠨ᠎ᠡ᠃ ᠪᠦᠬᠦ ᠠᠷᠠᠳ ᠢᠶᠠᠷ ᠢᠶᠠᠨ ᠳᠠᠭᠠᠳᠬᠠᠯ ᠳᠤ | ᠣᠷᠣᠯᠴᠠᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠡᠯ᠎ᠡ ᠲᠦᠷᠦᠯ ᠤᠨ ᠬᠦᠴᠢᠷᠳᠡᠯ ᠲᠠᠢ ᠬᠠᠮᠲᠤᠯᠢᠭ ᠤᠨ | ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠵᠦ᠂ ᠲᠡᠰ ᠳᠠᠪᠬᠤᠷᠭ᠎ᠠ | ᠲᠦᠷᠦᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠦᠨ᠎ᠡ᠃ᠣᠷᠣᠨ ᠪᠦᠰᠡ | ᠠᠯᠤᠰᠯᠠᠨ ᠡᠮᠨᠡᠭᠦᠯᠬᠦ ᠵᠥᠪᠳᠡᠯᠴᠡᠭᠡᠷ ᠤᠨ ᠬᠠᠮᠢᠶᠠᠷᠤᠯᠲᠠ ᠶᠢᠨ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ | ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠠᠷᠠᠳ | ᠣᠯᠠᠨ ᠤ ︽ᠠᠮᠢ ᠠᠪᠤᠷᠠᠬᠤ ᠵᠣᠭᠤᠰ︾ ᠢ ᠰᠠᠶᠢᠲᠤᠷ ᠰᠠᠬᠢᠵᠤ ᠰᠠᠶᠢᠲᠤᠷ ᠬᠡᠷᠡᠭᠯᠡᠬᠦ ᠬᠡᠷᠡᠭᠲᠡᠢ᠃ᠡᠮᠡᠭᠲᠡᠶᠢᠴᠦᠳ | ᠬᠡᠦᠬᠡᠳ ᠤᠨ ︽ᠬᠤᠶᠠᠷ ᠬᠥᠲᠥᠯᠪᠦᠷᠢ︾ ᠶᠢᠨ ᠬᠠᠷᠠᠯᠲᠠᠲᠤ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠨ᠎ᠡ᠃ᠤᠯᠠᠪᠭᠤᠤ | ᠪᠠᠯᠭᠠᠰᠤ ᠶᠢᠨ ᠨᠠᠰᠤᠲᠠᠨ ᠢ ᠠᠰᠠᠷᠠᠬᠤ ᠬᠦᠷᠢᠶᠡᠯᠡᠩ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠲᠦᠷᠭᠡᠳᠬᠡᠨ | ᠠᠬᠢᠭᠤᠯᠵᠤ᠂ 16 ᠭᠡᠷ ᠲᠡᠭᠡᠨ ᠰᠠᠭᠤᠵᠤ ᠪᠠᠶᠢᠭ᠎ᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ | ᠲᠥᠪ ︵ᠥᠷᠲᠡᠭᠡ︶ ᠢ ᠵᠢᠷᠤᠮᠵᠢᠭᠤᠯᠤᠨ ᠠᠵᠢᠯᠯᠠᠭᠤᠯᠬᠤ ᠶᠢ ᠠᠬᠢᠭᠤᠯᠵᠤ᠂ ᠣᠯᠠᠨ ᠲᠠᠰ ᠳᠠᠪᠬᠤᠷᠭ᠎ᠠ ᠶᠢᠨ | ᠨᠠᠰᠤᠵᠢᠯ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ | ︵ᠨᠠᠢᠮᠠ︶ ᠠᠶᠤᠯ ᠲᠦᠭᠰᠢᠭᠦᠷᠢ ᠶᠢᠨ ᠳᠠᠯᠳᠠ ᠬᠡᠮ ᠢ ᠰᠡᠷᠭᠡᠶᠢᠯᠡᠨ ᠠᠷᠢᠯᠭᠠᠬᠤ ᠶᠢ ᠪᠠᠷᠢᠮᠲᠠᠯᠠᠵᠤ᠂ | ᠨᠢᠭᠡᠳᠦᠯᠲᠡᠢ ᠲᠥᠯᠥᠪᠯᠡᠨ ᠬᠥᠭᠵᠢᠭᠦᠯᠬᠦ ᠪᠠ ᠠᠮᠤᠷ ᠲᠦᠪᠰᠢᠨ ᠤ ᠲᠠᠯ᠎ᠠ ᠪᠠᠷ ᠡᠷᠡᠯᠬᠡᠭᠯᠡᠨ ᠤᠷᠤᠭᠰᠢᠯᠠᠵᠤ | ᠰᠢᠪᠲᠤᠯᠤᠯᠲᠠ ᠬᠢᠨ᠎ᠡ᠃ᠠᠮᠤᠷ ᠲᠦᠪᠰᠢᠨ ᠪᠣᠯ ᠬᠥᠭᠵᠢᠯᠲᠡ ᠶᠢᠨ ᠴᠢᠬᠤᠯᠠ ᠰᠠᠭᠤᠷᠢ ᠮᠥᠨ᠂ ᠠᠷᠠᠳ ᠲᠦᠮᠡᠨ ᠤ | ᠦᠨᠳᠦᠰᠦᠨ ᠠᠰᠢᠭ ᠲᠤᠰᠠ ᠮᠥᠨ᠂ ᠡᠷᠬᠡᠪᠰᠢ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠰᠠᠨᠠᠭᠠᠰᠢᠷᠠᠨ | ᠵᠣᠪᠠᠨᠢᠬᠤ ᠤᠬᠠᠮᠰᠠᠷ ᠢᠶᠠᠨ ᠴᠢᠩᠭᠠᠳᠬᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠪᠦᠬᠦ ᠬᠦᠴᠦᠨ ᠢᠶᠠᠷ ᠢᠶᠠᠨ | ᠰᠡᠷᠭᠡᠶᠢᠯᠡᠨ ᠠᠷᠢᠯᠭᠠᠵᠤ᠂ ᠨᠡᠶᠢᠭᠡᠮ ᠤᠨ ᠵᠠᠰᠠᠯᠲᠠ ᠶᠢᠨ ᠰᠢᠨᠵᠢᠯᠡᠬᠦ ᠤᠬᠠᠭᠠᠨᠴᠢᠯᠠᠯᠲᠠ᠂ ᠣᠨᠣᠪᠴᠢᠵᠢᠭᠤᠯᠤᠯᠲᠠ᠂ | ᠨᠠᠷᠢᠯᠢᠭᠵᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ | ᠲᠣᠭᠲᠠᠭᠤᠨ ᠢ ᠡᠷᠡᠰ ᠬᠠᠮᠠᠭᠠᠯᠠᠬᠤ ᠬᠡᠷᠡᠭᠲᠡᠢ᠃ | ᠠᠶᠤᠯ ᠲᠦᠭᠰᠢᠭᠦᠷᠢ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠠᠷᠢᠯᠭᠠᠨ᠎ᠠ᠃ ᠪᠡᠯᠡ ᠬᠥᠷᠥᠩᠭᠡ ᠶᠢ | ᠲᠤᠯᠭᠠᠨ ᠲᠥᠯᠥᠭᠦᠯᠬᠦ᠂ ᠬᠢᠨᠠᠨ ᠪᠤᠳᠤᠵᠤ ᠬᠠᠷᠭᠤᠭᠤᠯᠤᠨ ᠳᠠᠩᠰᠠᠨ ᠠᠴᠠ ᠭᠠᠷᠭᠠᠵᠤ ᠬᠠᠷᠭᠤᠭᠤᠯᠤᠨ ᠬᠠᠰᠤᠬᠤ | ᠵᠡᠷᠭᠡ ᠠᠷᠭ᠎ᠠ ᠮᠠᠶ᠋ᠢᠭ ᠢ ᠨᠢᠭᠡᠳᠦᠯᠲᠡᠢ ᠲᠥᠯᠥᠪᠯᠡᠨ ᠰᠠᠶᠢᠲᠤᠷ ᠬᠡᠷᠡᠭᠯᠡᠵᠦ ᠵᠠᠰᠠᠭ ᠤᠨ ᠣᠷᠳᠣᠨ ᠤ ᠥᠷᠢ | ᠥᠭᠴᠡᠭᠡ ᠶᠢ ᠠᠷᠢᠯᠭᠠᠵᠤ᠂ ᠬᠦᠴᠦᠨ ᠦᠭᠡᠢ ᠪᠤᠶᠤ ᠴᠢᠬᠤᠯᠠ ᠦᠭᠡᠢ ᠵᠠᠷᠤᠯᠭ᠎ᠠ ᠶᠢ ᠡᠷᠡᠰ ᠬᠦᠴᠦᠨ ᠦᠭᠡᠢ ᠪᠣᠯᠭᠠᠵᠤ᠂ | ᠬᠠᠲᠠᠭᠤ ᠪᠤᠰᠤ ᠵᠠᠷᠤᠯᠭ᠎ᠠ ᠶᠢ ᠪᠠᠭᠠᠰᠬᠠᠨ᠂ ᠰᠢᠨ᠎ᠡ ᠪᠠᠷ ᠨᠡᠮᠡᠭᠳᠡᠬᠦ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠨᠡᠩ ᠤᠯᠠᠨ | ᠡᠳ᠋ ᠤᠨ ᠬᠦᠴᠦᠨ ᠢ ᠠᠷᠠᠳ ᠤᠨ ᠦᠨᠳᠦᠰᠦᠨ ᠠᠮᠢᠳᠤᠷᠠᠯ ᠢ ᠰᠠᠶᠢᠵᠢᠷᠠᠭᠤᠯᠬᠤ ᠪᠠ ᠵᠠᠬ᠎ᠠ ᠳᠡᠯᠭᠡᠭᠦᠷ ᠤᠨ ᠪᠡᠶᠡᠴᠢ | ᠴᠣᠭᠴᠠ ᠶᠢᠨ ᠬᠥᠭᠵᠢᠯᠲᠡ ᠶᠢ ᠳᠡᠮᠵᠢᠬᠦ ᠳᠤ ᠬᠡᠷᠡᠭᠯᠡᠨ᠎ᠡ᠃ᠲᠥᠰᠥᠪ ᠤᠨ ᠨᠢᠭᠡᠴᠢ ᠶᠢᠨ ᠪᠡᠯᠡ ᠮᠥᠩᠭᠦᠨ ᠤ | ᠰᠢᠰᠲ᠋ᠧᠮ ᠤᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ | ᠭᠦᠢᠯᠭᠡᠭᠡᠨ ᠤ ᠡᠯ᠎ᠡ ᠵᠠᠩᠭᠢᠯᠠᠭ᠎ᠠ ᠳᠤ ᠨᠡᠪᠴᠢᠬᠦ ᠶᠠᠪᠤᠳᠠᠯ ᠢ ᠡᠷᠡᠰ ᠬᠤᠷᠢᠭᠯᠠᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ | ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠲᠤᠰᠬᠠᠢ ᠵᠦᠢᠯ ᠤᠨ ᠵᠢᠭᠡᠯᠡᠯᠭᠡ ᠶᠢᠨ ︽ᠵᠢᠭᠡᠯᠡᠨ | ᠬᠡᠷᠡᠭᠯᠡᠬᠦ ᠶᠢ ᠬᠠᠮᠢᠶᠠᠷᠬᠤ︾ ᠪᠦᠬᠦ ᠶᠠᠪᠤᠴᠠ ᠶᠢᠨ ᠬᠠᠮᠢᠶᠠᠷᠤᠯᠲᠠ ᠶᠢ ᠴᠢᠩᠭ᠎ᠠ ᠨᠠᠶᠢᠳᠠᠪᠤᠷᠢᠵᠢᠭᠤᠯᠵᠤ᠂ ᠮᠥᠩᠭᠦᠨ | ᠭᠦᠢᠯᠭᠡᠭᠡᠨ ᠤ ᠬᠥᠰᠢᠭᠦᠷᠭᠡ ᠶᠢᠨ ᠦᠢᠯᠡᠳᠦᠯ ᠢ ᠦᠨᠡᠨ ᠬᠦ ᠪᠠᠳᠠᠷᠠᠭᠤᠯᠤᠨ᠎ᠠ᠃ᠳᠤᠮᠳᠠ ᠵᠢᠵᠢᠭ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠳᠠᠭᠠᠳᠬᠠᠯ ᠢ ᠡᠮᠬᠢ ᠵᠢᠷᠤᠮ ᠲᠠᠢ ᠪᠠᠷ ᠲᠦᠯᠬᠢᠨ | ᠠᠬᠢᠭᠤᠯᠵᠤ᠂ ︽ᠰᠦᠪᠡᠭᠴᠢ ᠶᠢ ᠬᠦᠷᠭᠡᠬᠦ᠂ ᠠᠶᠤᠯ ᠲᠦᠭᠰᠢᠭᠦᠷᠢ ᠶᠢ ᠠᠩᠬ᠎ᠠ ᠪᠠᠶᠢᠴᠠᠭᠠᠬᠤ᠂ ᠬᠠᠷᠢᠭᠤ ᠲᠤᠰᠬᠠᠵᠤ | ᠰᠤᠳᠤᠯᠤᠨ ᠮᠠᠭᠠᠳᠯᠠᠬᠤ᠂ ᠲᠥᠪᠯᠡᠷᠡᠭᠦᠯᠦᠨ ᠬᠢᠨᠠᠨ ᠪᠠᠶᠢᠴᠠᠭᠠᠬᠤ︾ ᠬᠠᠤᠯᠢ ᠪᠤᠰᠤ ᠪᠠᠶᠢᠳᠠᠯ ᠢ ᠰᠡᠷᠭᠡᠶᠢᠯᠡᠨ | ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠰᠢᠰᠲ᠋ᠧᠮ ᠤᠨ ᠴᠢᠨᠠᠷᠲᠠᠢ ᠣᠷᠣᠨ ᠪᠦᠰᠡ ᠶᠢᠨ ᠴᠢᠨᠠᠷᠲᠠᠢ | ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠪᠠᠲᠤ ᠰᠠᠬᠢᠨ᠎ᠠ᠃ | ᠨᠡᠶᠢᠭᠡᠮ ᠤᠨ ᠵᠠᠰᠠᠯᠲᠠ ᠶᠢ ᠰᠢᠨ᠎ᠡ ᠶᠢ ᠡᠭᠦᠳᠦᠨ ᠠᠬᠢᠭᠤᠯᠤᠨ᠎ᠠ᠃︽ᠲᠠᠪᠤ ᠶᠢ ᠵᠠᠰᠠᠬᠤ︾ ᠶᠢ | ᠤᠶᠠᠯᠳᠤᠭᠤᠯᠤᠭᠰᠠᠨ ᠬᠤᠲᠠ ᠬᠥᠳᠡᠭᠡ ᠶᠢᠨ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮᠵᠢ ᠶᠢ | ᠪᠦᠷᠢᠨᠰᠢᠭᠦᠯᠵᠦ᠂ ᠲᠣᠥᠷᠵᠢᠭᠤᠯᠤᠭᠰᠠᠨ ᠬᠠᠮᠢᠶᠠᠷᠤᠯᠲᠠ ᠦᠢᠯᠡᠴᠢᠯᠡᠭᠡ ᠶᠢ ᠴᠢᠩᠭᠠᠷᠠᠭᠤᠯᠤᠨ᠂ ᠨᠡᠶᠢᠭᠡᠮ ᠤᠨ ᠵᠠᠰᠠᠯᠲᠠ | ᠪᠠ ᠦᠢᠯᠡᠴᠢᠯᠡᠭᠡᠨ ᠤ ᠭᠤᠣᠯᠳᠠᠯᠭ᠎ᠠ ᠶᠢ ᠦᠨᠳᠦᠰᠦᠨ ᠱᠠᠲᠤ ᠳᠠᠰᠢ ᠤᠷᠲᠤᠳᠬᠠᠬᠤ ᠶᠢ ᠠᠬᠢᠭᠤᠯᠤᠨ᠎ᠠ᠃ᠬᠠᠷ᠎ᠠ | ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠵᠦ᠂ ︽ᠪᠠᠶᠢᠳᠠᠯ ᠢ ᠵᠢᠭᠠᠵᠤ ᠰᠠᠨᠠᠭ᠎ᠠ ᠪᠠᠨ ᠴᠢᠯᠡᠭᠡᠬᠦ︾ ᠶᠢ ᠨᠢᠭᠡ ᠴᠣᠭᠴᠠᠵᠢᠭᠤᠯᠤᠭᠰᠠᠨ ᠪᠣᠳᠠᠲᠤ | ᠪᠠᠶᠢᠯᠳᠤᠭᠠᠨᠴᠢᠯᠠᠭᠰᠠᠨ ᠠᠵᠢᠯᠯᠠᠭᠠᠨ ᠤ ᠦᠢᠯᠡᠳᠦᠯ ᠢ ᠭᠦᠢᠴᠡᠳ ᠪᠠᠳᠠᠷᠠᠭᠤᠯᠤᠨ᠂ ︽ᠲᠣᠣᠷ ᠢ ᠴᠡᠪᠡᠷᠰᠢᠭᠦᠯᠬᠦ︾ ︽ | ᠲᠣᠣᠷ ᠢ ᠬᠠᠮᠠᠭᠠᠯᠠᠬᠤ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠤᠷᠴᠢᠨ ᠲᠣᠭᠤᠷᠢᠭ ᠤᠨ ᠣᠨᠴᠠᠯᠢᠭ ᠲᠠᠢ | ᠪᠣᠰᠤᠭ᠎ᠠ ᠴᠣᠭᠴᠠᠲᠤ᠂ ᠮᠡᠳᠡᠭᠡ ᠵᠠᠩᠭᠢᠵᠢᠯᠲᠠ ᠶᠢᠨ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ | ᠰᠢᠰᠲ᠋ᠧᠮᠵᠢ ᠶᠢ ᠪᠣᠶ ᠪᠣᠯᠭᠠᠨ᠎ᠠ᠃ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ | ᠬᠥᠭᠵᠢᠭᠦᠯᠵᠦ᠂ ᠲᠤᠰᠬᠠᠢ ᠵᠦᠢᠯ ᠤᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠲᠥᠪᠯᠡᠷᠡᠭᠦᠯᠦᠨ ᠪᠡᠷᠬᠡ ᠰᠡᠳᠦᠪ ᠢ | ᠰᠢᠢᠳᠪᠦᠷᠢᠯᠡᠵᠦ᠂ ᠢᠯᠡ ᠪᠠᠷ ᠭᠡᠷᠡᠴᠢᠯᠡᠭᠡ ᠰᠣᠨᠣᠰᠴᠤ᠂ ᠤᠯᠠᠨ ᠲᠦᠮᠡᠨ ᠤ ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ᠂ | ᠠᠰᠢᠭ ᠲᠤᠰᠠ ᠪᠠᠨ ᠵᠣᠬᠢᠴᠠᠭᠤᠯᠬᠤ᠂ ᠡᠷᠬᠡ ᠠᠰᠢᠭ ᠢᠶᠠᠨ ᠪᠠᠲᠤᠯᠠᠬᠤ ᠵᠠᠮ ᠢ ᠰᠠᠭᠠᠳ ᠦᠭᠡᠢ ᠨᠡᠪᠲᠡᠷᠡᠭᠦᠯᠬᠦ ᠪᠠ | ᠵᠢᠷᠤᠮᠵᠢᠭᠤᠯᠵᠤ᠂ ᠡᠯ᠎ᠡ ᠲᠦᠷᠦᠯ ᠤᠨ ᠵᠥᠷᠢᠴᠡᠯ ᠠᠶᠤᠯ ᠲᠦᠭᠰᠢᠭᠦᠷᠢ᠂ ᠭᠤᠣᠯᠳᠠᠯᠭ᠎ᠠ ᠲᠠᠢ ᠪᠡᠷᠬᠡ ᠵᠠᠬᠢᠳᠠᠯ | ᠰᠣᠷᠪᠤᠯᠵᠢᠯᠠᠭ᠎ᠠ ᠶᠢᠨ ᠵᠦᠢᠯᠡᠰ ᠢ ᠵᠢᠭᠰᠠᠭᠠᠨ ᠪᠠᠶᠢᠴᠠᠭᠠᠵᠤ ᠰᠢᠢᠳᠪᠦᠷᠢᠯᠡᠬᠦ ᠶᠢ ᠨᠢᠭᠡ ᠴᠣᠭᠴᠠᠵᠢᠭᠤᠯᠤᠨ ᠲᠦᠯᠬᠢᠨ | ᠠᠬᠢᠭᠤᠯᠵᠤ᠂ ᠪᠦᠬᠦ ᠤᠯᠤᠰ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ | ᠪᠠᠶᠢᠭᠤᠯᠬᠤ ᠪᠠᠷ ᠴᠢᠷᠮᠠᠶᠢᠨ᠎ᠠ᠃ | ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠪᠠᠲᠤ ᠰᠠᠬᠢᠨ᠎ᠠ᠃ᠠᠶᠤᠯᠭᠦᠢ ᠦᠢᠯᠡᠳᠪᠦᠷᠢᠯᠡᠯ ᠤᠨ ᠲᠤᠰᠬᠠᠢ | ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ | ᠠᠶᠤᠯᠲᠠᠢ ᠬᠢᠮᠢ ᠶᠢᠨ ᠪᠣᠳᠠᠰ᠂ ᠬᠤᠸᠠᠷ ᠫᠤᠤᠵᠢᠩ᠂ ᠦᠢᠯᠡᠳᠪᠦᠷᠢ ᠠᠭᠤᠷᠬᠠᠢ ᠬᠤᠳᠠᠯᠳᠤᠭ᠎ᠠ ᠠᠷᠠᠯᠵᠢᠶ᠎ᠠ᠂ ᠬᠥᠮᠥᠨ | ᠤᠯᠠᠨ ᠴᠤᠭᠯᠠᠷᠠᠬᠤ ᠭᠠᠵᠠᠷ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢᠨ ᠡᠷᠴᠢᠮ ᠢ ᠲᠠᠰᠤᠷᠠᠯᠲᠠ ᠦᠭᠡᠢ ᠴᠢᠩᠭᠠᠷᠠᠭᠤᠯᠵᠤ᠂ ᠢᠳᠡᠭᠡᠨ ᠪᠠ ᠡᠮ ᠤᠨ | ᠵᠦᠢᠯᠡᠰ ᠤᠨ︽ᠲᠦᠷᠪᠡᠨ ᠬᠠᠮᠤᠭ ᠤᠨ ᠴᠢᠩᠭ᠎ᠠ︾ᠪᠠᠶᠢᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ | ᠲᠦᠪᠰᠢᠨ ᠤ ᠭᠡᠮ ᠰᠣᠭᠤᠭ ᠢ ᠦᠨᠡᠨᠬᠦ ᠠᠷᠢᠯᠭᠠᠨ᠎ᠠ᠃︽ᠢᠨᠲ᠋ᠧᠷ ᠰᠦᠯᠵᠢᠶ᠎ᠡ + ᠬᠢᠨᠠᠨ ᠬᠠᠮᠢᠶᠠᠷᠤᠯᠲᠠ︾᠂ ︽ᠬᠠᠤᠯᠢ | ᠬᠡᠷᠡᠭᠵᠢᠭᠦᠯᠬᠦ + ᠲᠤᠰᠬᠠᠢ ᠮᠡᠷᠭᠡᠵᠢᠯᠲᠡᠨ︾᠂ ︽ᠠᠮᠤᠷ ᠲᠦᠪᠰᠢᠨ ᠤ ᠦᠨᠡᠯᠡᠨ ᠵᠢᠱᠢᠯᠲᠡ + ᠬᠠᠤᠯᠢ ᠬᠡᠷᠡᠭᠵᠢᠭᠦᠯᠬᠦ︾ | ᠵᠠᠭᠪᠤᠷ ᠢ ᠶᠡᠭᠡ ᠪᠠᠷ ᠳᠡᠯᠭᠡᠷᠡᠭᠦᠯᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠡᠯ᠎ᠡ ᠵᠦᠢᠯ ᠤᠨ ᠦᠢᠯᠡ | ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠦᠨᠳᠦ ᠶᠡᠭᠡ ᠣᠨᠴᠠ ᠶᠡᠭᠡ ᠡ᠊ᠨᠳᠡᠯ ᠭᠠᠷᠬᠤ ᠶᠢ ᠡᠷᠡᠰ | ᠬᠤᠷᠢᠭᠯᠠᠨ᠎ᠠ᠃ᠪᠦᠬᠦ ᠤᠯᠤᠰ ᠤᠨ ᠠᠩᠬᠠᠳᠤᠭᠠᠷ ᠤᠳᠠᠭᠠᠨ ᠤ ᠪᠠᠶᠢᠭᠠᠯᠢ ᠶᠢᠨ ᠭᠠᠮᠰᠢᠭ ᠤᠨ ᠨᠡᠶᠢᠳᠡᠮ ᠤᠨ | ᠪᠠᠶᠢᠴᠠᠭᠠᠯᠲᠠ ᠶᠢᠨ ᠦᠷ᠎ᠡ ᠪᠦᠲᠦᠭᠡᠯ ᠢ ᠥᠨᠳᠥᠷ ᠪᠦᠲᠦᠮᠵᠢᠲᠡᠶ ᠪᠠᠷ ᠬᠡᠷᠡᠭᠯᠡᠵᠦ᠂ ᠲᠤᠶᠢᠯ ᠤᠨ ᠬᠦᠨᠳᠦ ᠴᠠᠭ | ᠠᠭᠤᠷ ᠢ ᠤᠷᠢᠳᠴᠢᠯᠠᠨ ᠰᠡᠷᠡᠮᠵᠢᠯᠡᠭᠦᠯᠬᠦ ᠪᠠ ᠦᠶᠡᠷ ᠤᠰᠤᠲᠤᠯ ᠭᠠᠩ ᠤᠨ ᠭᠠᠮᠰᠢᠭ ᠤᠨ ᠭᠠᠮᠰᠢᠭ ᠢ ᠤᠷᠢᠳᠴᠢᠯᠠᠨ | ᠰᠡᠷᠭᠡᠶᠢᠯᠡᠬᠦ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠰᠡᠷᠭᠡᠶᠢᠯᠡᠨ ᠭᠠᠯ ᠤᠨᠲᠠᠷᠠᠭᠠᠬᠤ ᠠᠵᠢᠯ ᠤᠨ ᠰᠢᠰᠲ᠋ᠧᠮ ᠢ | ᠪᠦᠷᠢᠨᠰᠢᠭᠦᠯᠦᠨ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠡᠴᠦᠰ ᠤᠨ ᠭᠠᠯ ᠤᠨᠲᠠᠷᠠᠭᠠᠬᠤ ᠬᠦᠴᠦᠨ ᠤ | ᠪᠠᠶᠢᠭᠤᠯᠤᠯᠲᠠ ᠶᠢ ᠴᠢᠩᠭᠠᠳᠬᠠᠨ᠂ ︽ᠴᠠᠭ ᠢᠮᠠᠭᠲᠠ ᠰᠠᠨᠠᠭ᠎ᠠ ᠠᠮᠤᠷ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ | ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠠᠳᠬᠤᠨ | ᠪᠣᠳᠠᠲᠠᠢ ᠪᠠᠷ ᠠᠳᠬᠤᠨ᠎ᠠ᠃ | ᠭᠤᠷᠪᠠ᠂ ᠲᠣᠰ ᠪᠡᠶ᠎ᠡ ᠶᠢᠨ ᠪᠠᠶᠢᠭᠤᠯᠤᠯᠲᠠ ᠪᠠᠨ ᠪᠥᠬᠦ ᠲᠠᠯ᠎ᠠ ᠪᠠᠷ ᠴᠢᠩᠭᠠᠳᠬᠠᠵᠤ᠂ ᠠᠵᠢᠯ ᠬᠢᠵᠦ ᠠᠳᠠᠯ | ᠦᠢᠯᠡᠰ ᠴᠣᠭᠴᠠᠯᠠᠬᠤ ᠴᠤᠭ ᠰᠦᠯᠳᠡ ᠶᠢ ᠬᠥᠭᠵᠢᠭᠡᠨ᠎ᠡ᠃ ᠰᠢᠨ᠎ᠡ ᠴᠠᠭ ᠦᠶ᠎ᠡ ᠰᠢᠨ᠎ᠡ ᠡᠭᠦᠷᠭᠡ ᠰᠢᠨ᠎ᠡ ᠠᠶᠠᠨ ᠳᠤ | ᠬᠠᠨᠳᠤᠵᠤ᠂ ᠪᠢᠳᠡ ᠡᠷᠬᠡᠪᠰᠢ ᠨᠡᠩ ᠥᠨᠳᠥᠷ ᠵᠣᠭᠰᠣᠴᠠ᠂ ᠨᠡᠩ ᠪᠣᠳᠠᠲᠠᠢ ᠠᠷᠭ᠎ᠠ ᠬᠡᠮᠵᠢᠶ᠎ᠡ᠂ ᠨᠡᠩ ᠰᠢᠯᠢᠳᠡᠭ ᠦᠷ᠎ᠡ | ᠪᠦᠲᠦᠮᠵᠢ᠂ ᠨᠡᠩ ᠴᠢᠩᠭ᠎ᠠ ᠰᠤᠷᠲᠠᠯ ᠢᠶᠠᠷ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢ ᠲᠠᠰᠤᠷᠠᠯᠲᠠ ᠦᠭᠡᠢ ᠠᠬᠢᠭᠤᠯᠵᠤ᠂ ᠵᠠᠰᠠᠭ ᠤᠨ ᠣᠷᠳᠣᠨ ᠤ ᠠᠵᠢᠯ ᠤᠨ ᠰᠢᠨ᠎ᠡ | ᠪᠠᠶᠢᠳᠠᠯ ᠢ ᠴᠢᠷᠮᠠᠶᠢᠨ ᠡᠭᠦᠳᠴᠦ᠂ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠵᠦ᠂ ᠰᠢᠨ᠎ᠡ ᠠᠮᠵᠢᠯᠲᠠ ᠪᠦᠲᠦᠮᠵᠢ ᠶᠢ | ᠡᠭᠦᠳᠴᠦ᠂ ᠰᠢᠨ᠎ᠡ ᠰᠢᠯᠭᠠᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ᠃ | ᠰᠤᠷᠤᠯᠴᠠᠬᠤ ᠶᠢ ᠲᠡᠷᠢᠭᠦᠨ ᠳᠤ ᠲᠠᠯᠪᠢᠵᠤ᠂ ᠦᠨᠡᠨᠴᠢ ᠰᠢᠳᠤᠷᠭᠤ ᠪᠠᠷ ᠵᠠᠰᠠᠭ ᠪᠠᠷᠢᠬᠤ ᠶᠢ ᠢᠮᠠᠭᠲᠠ | ᠦᠢᠯᠡᠳᠦᠯᠭᠡᠵᠢᠭᠦᠯᠦᠨ᠎ᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠬᠠᠨᠳᠤᠯᠭ᠎ᠠ ᠲᠠᠢ ᠪᠠᠷ ᠵᠠᠮᠴᠢᠯᠠᠬᠤ ᠶᠢ ᠡᠷᠡᠰ ᠪᠠᠷᠢᠮᠲᠠᠯᠠᠵᠤ᠂ ︽ᠨᠢᠭᠡᠳᠦᠭᠡᠷ | ᠵᠥᠪᠯᠡᠬᠦ ᠰᠡᠳᠦᠪ︾ ᠤᠨ ᠳᠦᠷᠢᠮ ᠢ ᠴᠢᠩᠭ᠎ᠠ ᠬᠡᠷᠡᠭᠵᠢᠭᠦᠯᠵᠦ᠂ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ | ᠭᠠᠵᠠᠷ ᠢ ᠪᠠᠬᠢᠵᠢᠭᠦᠯᠵᠦ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ | ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢ ᠦᠨᠡᠨᠬᠦ ᠴᠢᠩᠭᠠᠳᠬᠠᠵᠤ᠂ ︽ᠲᠦᠷᠪᠡᠨ ᠢᠲᠡᠭᠡᠯ︾ ᠢ | ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ | ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠡᠷᠡᠰ ᠨᠠᠶᠢᠳᠠᠪᠤᠷᠢᠵᠢᠭᠤᠯᠵᠤ᠂ ᠨᠠᠮ ᠤᠨ ᠲᠥᠪ | ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠣ ᠬᠤᠲᠠ ᠪᠣᠯᠣᠨ ᠲᠣᠭᠤᠷᠢᠭ ᠤᠨ ᠨᠠᠮ ᠤᠨ ᠬᠤᠷᠢᠶᠠᠨ ᠤ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ᠨᠠᠮ ᠤᠨ | ᠤᠳᠤᠷᠢᠳᠤᠯᠭ᠎ᠠ ᠶᠢ ᠤᠬᠠᠮᠰᠠᠷ ᠠᠴᠠ ᠪᠠᠨ ᠵᠠᠰᠠᠭ ᠤᠨ ᠣᠷᠳᠣᠨ ᠤ ᠠᠵᠢᠯ ᠤᠨ ᠪᠦᠬᠦ ᠶᠠᠪᠤᠴᠠ᠂ ᠡᠯ᠎ᠡ ᠬᠦᠷᠢᠶᠡᠨ ᠳᠤ | ᠲᠤᠤᠱᠯᠠᠭᠤᠯᠵᠤ᠂ ︽ᠰᠢᠢᠳᠪᠦᠷᠢᠯᠡᠬᠦ ᠰᠡᠳᠬᠢᠬᠦᠢ︾᠂ ︽ᠰᠢᠯᠭᠠᠯᠲᠠ ᠶᠢᠨ ᠬᠠᠭᠤᠳᠠᠰᠤ ᠲᠤᠰᠢᠶᠠᠬᠤ ᠤᠬᠠᠮᠰᠠᠷ︾ ᠢ | ᠴᠢᠩᠭᠠᠳᠬᠠᠵᠤ᠂ ᠢᠮᠠᠭᠲᠠ ᠡᠷᠡᠰ ᠲᠤᠤᠱᠯᠠᠭᠤᠯᠵᠤ ᠶᠠᠩᠵᠤ ᠶᠢ ᠨᠢ ᠬᠤᠪᠢᠷᠠᠭᠤᠯᠬᠤ ᠦᠭᠡᠢ᠂ ᠦᠨᠡᠨᠴᠢ | ᠰᠢᠳᠤᠷᠭᠤ ᠪᠠᠷ ᠬᠡᠷᠡᠭᠵᠢᠭᠦᠯᠬᠦ ᠳᠤ ᠦᠨ᠎ᠡ ᠪᠠᠭᠤᠷᠠᠭᠤᠯᠬᠤ ᠦᠭᠡᠢ᠂ ᠨᠠᠶᠢᠳᠠᠪᠤᠷᠢᠵᠢᠭᠤᠯᠤᠯᠲᠠ ᠶᠢ ᠴᠢᠩᠭ᠎ᠠ | ᠠᠳᠬᠤᠬᠤ ᠳᠤ ᠴᠠᠯᠠᠭᠠᠶᠢᠷᠠᠬᠤ ᠦᠭᠡᠢ ᠪᠠᠶᠢᠬᠤ ᠶᠢ ᠪᠡᠶᠡᠯᠡᠭᠦᠯᠵᠦ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ | ᠪᠦᠲᠦᠮᠵᠢ ᠪᠠᠷ ᠨᠠᠮ ᠳᠠᠭᠠᠨ ᠬᠠᠷᠢᠴᠠᠯᠠᠰᠢ ᠦᠭᠡᠢ ᠦᠨᠡᠨᠴᠢ ᠪᠠᠶᠢᠬᠤ ᠶᠢ ᠲᠠᠶᠢᠯᠪᠤᠷᠢᠯᠠᠵᠤ᠂ ᠤᠯᠤᠰ ᠲᠦᠷᠦ ᠶᠢᠨ | ᠵᠢᠯᠣᠭᠤᠳᠤᠯᠭ᠎ᠠ ᠪᠠᠷ ᠵᠣᠭᠰᠣᠴᠠ ᠪᠠᠨ ᠳᠡᠭᠡᠭᠰᠢᠯᠡᠭᠦᠯᠵᠦ᠂ ᠲᠣᠭᠲᠠᠯ ᠬᠦᠴᠦᠨ ᠢᠶᠠᠨ ᠴᠢᠩᠭᠠᠳᠬᠠᠵᠤ᠂ ᠨᠢᠭᠲᠠᠷᠠᠭᠤᠯᠬᠤ | ᠬᠦᠴᠦᠨ ᠢᠶᠠᠨ ᠴᠢᠩᠭᠠᠳᠬᠠᠬᠤ ᠬᠡᠷᠡᠭᠲᠡᠢ᠃ | ᠬᠠᠤᠯᠢ ᠪᠠᠷ ᠬᠥᠲᠥᠯᠪᠦᠷᠢ ᠪᠣᠯᠭᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠦᠬᠦ ᠲᠠᠯ᠎ᠠ ᠪᠠᠷ ᠲᠦᠯᠬᠢᠨ | ᠠᠬᠢᠭᠤᠯᠤᠨ᠎ᠠ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ | ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ ᠬᠥᠭᠵᠢᠯᠲᠡ ᠶᠢ ᠲᠦᠯᠬᠢᠨ ᠠᠬᠢᠭᠤᠯᠵᠤ᠂ ᠵᠥᠷᠢᠴᠡᠯ ᠢ ᠠᠷᠢᠯᠭᠠᠨ᠂ ᠲᠣᠭᠲᠠᠭᠤᠨ | ᠪᠠᠶᠢᠳᠠᠯ ᠢ ᠬᠠᠮᠠᠭᠠᠯᠠᠵᠤ᠂ ᠣᠯᠭᠤᠬᠤ ᠳᠤ ᠦᠨᠳᠦᠰᠦ ᠪᠠᠷᠢᠮᠲᠠ ᠲᠠᠢ᠂ ᠬᠡᠷᠡᠭᠵᠢᠭᠦᠯᠬᠦ ᠳᠤ ᠳᠦᠷᠢᠮ ᠲᠠᠢ᠂ ᠵᠠᠰᠠᠭ | ᠶᠠᠪᠤᠭᠤᠯᠬᠤ ᠳᠤ ᠢᠲᠡᠭᠡᠯ ᠲᠠᠢ᠂ ᠬᠢᠨᠠᠯᠲᠠ ᠲᠠᠯᠪᠢᠬᠤ ᠳᠤ ᠪᠦᠲᠦᠮᠵᠢᠲᠡᠶ ᠪᠠᠶᠢᠬᠤ ᠶᠢ ᠪᠡᠶᠡᠯᠡᠭᠦᠯᠦᠨ᠎ᠡ᠃ᠴᠢᠬᠤᠯᠠ ᠶᠡᠭᠡ | ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠢᠷᠤᠮ ᠢ ᠲᠡᠭᠦᠯᠳᠡᠷᠵᠢᠭᠦᠯᠵᠦ᠂ ᠰᠢᠨᠵᠢᠯᠡᠬᠦ | ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ | ᠲᠣᠭᠲᠠᠭᠠᠬᠤ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠪᠡᠶᠡᠯᠡᠭᠦᠯᠦᠨ᠎ᠡ᠃ᠵᠠᠰᠠᠭ ᠤᠨ | ᠶᠠᠪᠤᠳᠠᠯ ᠢ ᠢᠯᠡ ᠪᠣᠯᠭᠠᠬᠤ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ ᠶᠣᠰᠣᠨ ᠤ ᠬᠢᠨᠠᠯᠲᠠ ᠪᠠ ᠤᠯᠤᠰ ᠲᠦᠷᠦ ᠶᠢᠨ | ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠨᠡᠶᠢᠭᠡᠮ ᠤᠨ ᠬᠢᠨᠠᠯᠲᠠ ᠪᠠ | ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ | ᠳᠤᠷᠠᠳᠤᠯᠭ᠎ᠠ ᠶᠢ ᠴᠢᠨᠠᠷ ᠰᠠᠶᠢᠲᠠᠢ ᠰᠠᠶᠢᠲᠤᠷ ᠰᠢᠢᠳᠪᠦᠷᠢᠯᠡᠵᠦ᠂ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠢ | ᠢᠮᠠᠭᠲᠠ ᠬᠠᠤᠯᠢ ᠪᠠᠷ ᠵᠠᠰᠠᠬᠤ ᠵᠠᠮ ᠢᠶᠠᠷ ᠢᠯᠡ ᠪᠠᠷ ᠶᠠᠪᠤᠭᠳᠠᠭᠤᠯᠬᠤ ᠶᠢ ᠪᠠᠲᠤᠯᠠᠵᠤ᠂ ᠬᠠᠤᠯᠢ ᠶᠣᠰᠣᠭᠠᠷ ᠵᠠᠰᠠᠭ | ᠶᠠᠪᠤᠭᠤᠯᠬᠤ ᠪᠠᠷ ᠡᠭᠦᠷᠭᠡ ᠴᠢᠳᠠᠪᠤᠷᠢ ᠪᠠᠨ ᠬᠤᠪᠢᠷᠠᠭᠤᠯᠵᠤ᠂ ᠵᠠᠰᠠᠯᠲᠠ ᠶᠢ ᠰᠢᠯᠢᠳᠡᠭᠵᠢᠭᠦᠯᠵᠦ᠂ ᠬᠡᠪ ᠰᠤᠷᠲᠠᠯ ᠢ | ᠲᠥᠪ ᠪᠣᠯᠭᠠᠨ᠎ᠠ᠃ | ᠠᠷᠠᠳ ᠢᠶᠠᠷ ᠦᠨᠳᠦᠰᠦ ᠪᠣᠯᠭᠠᠵᠤ᠂ ᠡᠷᠡᠰ ᠭᠤᠶᠢᠪᠢᠰᠢ ᠦᠭᠡᠢ ᠪᠠᠷ ᠦᠨᠡᠨ ᠪᠣᠳᠠᠲᠠᠢ ᠠᠵᠢᠯᠯᠠᠵᠤ ᠠᠵᠢᠯᠴᠢ | ᠬᠢᠴᠢᠶᠡᠩᠭᠦᠢ ᠪᠠᠷ ᠵᠠᠰᠠᠭ ᠪᠠᠷᠢᠨ᠎ᠠ᠃ ᠵᠠᠰᠠᠭ ᠤᠨ ᠶᠠᠪᠤᠳᠠᠯ ᠢ ᠠᠷᠠᠳ ᠠᠴᠠ ᠠᠰᠠᠭᠤᠬᠤ᠂ ᠬᠡᠷᠡᠭᠴᠡᠭᠡ ᠶᠢ | ᠠᠷᠠᠳ ᠠᠴᠠ ᠠᠰᠠᠭᠤᠬᠤ᠂ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠬᠤ ᠶᠢ ᠪᠠᠷᠢᠮᠲᠠᠯᠠᠵᠤ᠂ | ᠰᠠᠨᠠᠭᠠᠴᠢᠯᠠᠭ᠎ᠠ ᠠᠴᠠ ᠪᠠᠨ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠬᠥᠳᠡᠭᠡ ᠲᠣᠰᠬᠤᠨ ᠳᠤ ᠦᠨᠳᠦᠰᠦᠯᠡᠵᠦ᠂ | ᠠᠷᠠᠳ ᠤᠯᠠᠨ ᠲᠠᠢ ᠣᠶᠢᠷᠠᠳᠴᠤ᠂ ᠴᠠᠭᠠᠷᠠᠭᠰᠠᠨ ᠴᠢᠳᠠᠪᠤᠷᠢ ᠪᠠᠷ ᠢᠶᠠᠨ ᠪᠣᠳᠠᠲᠠᠢ ᠠᠵᠢᠯᠯᠠᠬᠤ ᠶᠢ ᠲᠤᠯᠭᠠᠭᠤᠷᠢᠯᠠᠵᠤ᠂ | ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠪᠣᠳᠠᠲᠠᠢ ᠠᠵᠢᠯᠯᠠᠬᠤ ᠶᠢ ᠬᠠᠲᠠᠭᠤᠵᠢᠭᠤᠯᠵᠤ᠂ ᠲᠡᠷᠢᠭᠦᠨ ᠤ ᠠᠮᠵᠢᠯᠲᠠ | ᠪᠦᠲᠦᠮᠵᠢ ᠪᠠᠷ ᠪᠣᠳᠠᠲᠠᠢ ᠠᠵᠢᠯᠯᠠᠬᠤ ᠶᠢ ᠢᠯᠡᠷᠡᠭᠦᠯᠵᠦ᠂ ᠰᠡᠳᠬᠢᠯ ᠲᠠᠯᠪᠢᠨ ᠬᠦᠴᠦᠯᠡᠵᠦ ᠪᠠᠶᠢᠭᠠᠳ ᠠᠷᠠᠳ ᠲᠤ | ᠲᠦᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠵᠦ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠵᠤ | ᠠᠬᠤᠶᠢᠯᠠᠯ ᠢ ᠲᠡᠳᠬᠦᠵᠦ ᠠᠵᠤ ᠠᠬᠤᠶᠢᠯᠠᠯ ᠢ ᠳᠤᠯᠠᠭᠠᠴᠠᠭᠤᠯᠤᠨ᠎ᠠ᠃ᠠᠵᠤ ᠦᠢᠯᠡᠰ ᠤᠨ ᠳᠡᠰ ᠳᠡᠪᠰᠢᠬᠦ᠂ | ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ | ᠲᠠᠢ ᠠᠵᠢᠯ ᠢ ᠴᠢᠩᠭ᠎ᠠ ᠠᠩᠬᠠᠷᠴᠤ᠂ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠬᠦᠴᠢᠷᠳᠡᠯ ᠢ ᠰᠢᠢᠳᠪᠦᠷᠢᠯᠡᠬᠦ᠂ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ | ᠵᠡᠷᠭᠡ ᠬᠦᠴᠢᠷ ᠲᠦᠪᠡᠭᠲᠡᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯᠳᠠᠯᠭ᠎ᠠ ᠲᠠᠢ ᠠᠵᠢᠯ ᠤᠨ | ᠨᠠᠷᠢᠨ ᠲᠠᠩᠰᠠ ᠶᠢᠨ ᠳᠦᠷᠢᠮ ᠢ ᠪᠠᠶᠢᠭᠤᠯᠵᠤ᠂ ᠠᠬᠢᠭᠤᠯᠬᠤ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ᠂ | ᠪᠠᠷᠢᠯᠭ᠎ᠠ ᠶᠢᠨ ᠵᠢᠷᠤᠭ ᠢ ᠲᠣᠳᠣᠷᠬᠠᠶᠢᠯᠠᠵᠤ᠂ ᠱᠠᠯᠠᠪᠳᠠᠭᠤᠯᠤᠨ ᠪᠠᠶᠢᠴᠠᠭᠠᠬᠤ᠂ ᠬᠢᠨᠠᠨ ᠰᠢᠯᠭᠠᠬᠤ᠂ ᠬᠠᠷᠢᠭᠤᠴᠠᠯᠭ᠎ᠠ | ᠨᠡᠬᠡᠮᠵᠢᠯᠡᠬᠦ ᠶᠢ ᠪᠡᠶᠡᠯᠡᠭᠦᠯᠵᠦ᠂ ︽ᠲᠦᠷᠦ ᠶᠢᠨ ᠪᠣᠳᠣᠯᠭ᠎ᠠ ᠶᠢ ᠤᠨᠲᠠᠭᠤᠯᠬᠤ ᠦᠭᠡᠢ᠂ ᠨᠠᠶᠢᠳᠠᠪᠤᠷᠢᠵᠢᠭᠤᠯᠬᠤ ᠳᠤ | ᠪᠣᠳᠠᠲᠠᠢ ᠦᠷ᠎ᠡ ᠪᠦᠲᠦᠮᠵᠢ ᠭᠠᠷᠭᠠᠬᠤ︾ ᠶᠢ ᠪᠠᠲᠤᠯᠠᠵᠤ᠂ ᠪᠣᠭᠤᠮᠲᠠ ᠰᠢᠪᠲᠤᠯᠬᠤ ᠵᠣᠷᠢᠭ ᠢᠶᠠᠷ ᠬᠥᠭᠵᠢᠯᠲᠡ ᠶᠢ | ᠠᠳᠬᠤᠵᠤ᠂ ᠶᠡᠭᠡ ᠰᠢᠯᠭᠠᠯᠲᠠ ᠶᠢ ᠤᠭᠲᠤᠵᠤ᠂ ᠬᠠᠲᠠᠭᠤ ᠳᠠᠶᠢᠯᠠᠯᠳᠤᠭᠠᠨ ᠬᠢᠬᠦ ᠬᠡᠷᠡᠭᠲᠡᠢ᠃ | ᠠᠷᠢᠭᠤᠨ ᠴᠢᠬᠡᠴᠢ ᠪᠠᠷ ᠰᠠᠭᠤᠷᠢ ᠪᠣᠯᠭᠠᠵᠤ᠂ ᠵᠠᠰᠠᠭ ᠢ ᠴᠢᠩᠭ᠎ᠠ ᠵᠠᠰᠠᠬᠤ ᠶᠢ ᠤᠷᠳᠤ ᠬᠤᠭᠤᠴᠠᠭ᠎ᠠ ᠪᠠᠷ | ᠪᠠᠷᠢᠮᠲᠠᠯᠠᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠠᠲᠤ | ᠡᠭᠦᠷᠭᠡᠯᠡᠵᠦ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ | ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠢ ᠦᠷᠭᠦᠯᠵᠢᠯᠡᠨ ᠲᠦᠯᠬᠢᠨ ᠠᠬᠢᠭᠤᠯᠵᠤ᠂ | ᠭᠤᠣᠯᠳᠠᠯᠭ᠎ᠠ ᠲᠠᠢ ᠬᠦᠷᠢᠶ᠎ᠡ᠂ ᠴᠢᠬᠤᠯᠠ ᠰᠠᠯᠠᠭ᠎ᠠ ᠮᠥᠴᠢᠷ᠂ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠠᠷᠢᠭᠤᠨ | ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠤᠯᠠᠨ ᠲᠦᠮᠡᠨ ᠤ | ᠳᠡᠷᠭᠡᠳᠡᠬᠢ ᠢᠯᠵᠠᠷᠠᠯ ᠪᠠ ᠰᠤᠷᠲᠠᠯ ᠤᠨ ᠠᠰᠠᠭᠤᠳᠠᠯ ᠢ ᠡᠷᠡᠰ ᠴᠡᠭᠴᠡᠯᠡᠨ ᠵᠠᠰᠠᠵᠤ᠂ ︽ᠲᠦᠷᠪᠡᠨ ᠰᠤᠷᠲᠠᠯ︾ ᠤᠨ | ᠠᠷᠬᠠᠭ ᠭᠡᠮ ᠢ ᠬᠦᠴᠦᠯᠡᠨ ᠵᠠᠯᠠᠷᠠᠭᠤᠯᠵᠤ᠂ ︽ᠲᠤᠯᠤᠭ᠎ᠠ ᠶᠢ ᠲᠠᠶᠠᠭᠳᠠᠬᠤ︾ ᠶᠢ ᠡᠷᠡᠰ ᠪᠡᠶᠡᠯᠡᠭᠦᠯᠵᠦ᠂ ᠭᠠᠵᠢᠭᠤ | ᠰᠤᠷᠲᠠᠯ ᠢ ᠬᠤᠷᠢᠭᠯᠠᠨ ᠵᠣᠭᠰᠣᠭᠠᠵᠤ᠂ ᠲᠥᠪ ᠰᠤᠷᠲᠠᠯ ᠢ ᠪᠤᠢ ᠪᠣᠯᠭᠠᠵᠤ᠂ ᠱᠠᠮᠰᠢᠵᠤ ᠢᠯᠵᠠᠷᠠᠬᠤ ᠶᠢ ᠵᠠᠯᠬᠠᠭᠠᠨ | ᠰᠢᠳᠭᠡᠵᠦ᠂ ᠬᠤᠣᠷ ᠨᠥᠯᠥᠭᠡ ᠶᠢ ᠠᠷᠢᠯᠭᠠᠨ᠂ ᠠᠯᠵᠠᠭᠤ ᠵᠠᠯᠬᠠᠭᠤ ᠶᠢ ᠵᠠᠰᠠᠵᠤ᠂ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ | ᠪᠠᠶᠢᠬᠤ ᠶᠢ ᠨᠢᠭᠡ ᠴᠣᠭᠴᠠ ᠪᠠᠷ ᠲᠦᠯᠬᠢᠨ ᠠᠬᠢᠭᠤᠯᠵᠤ᠂ ᠳᠦᠷᠢᠮ ᠢ ᠴᠢᠩᠳᠠᠯᠠᠵᠤ᠂ ᠰᠤᠷᠭᠠᠨ ᠬᠥᠮᠦᠵᠢᠯ ᠢ | ᠴᠢᠩᠳᠠᠯᠠᠵᠤ᠂ ᠢᠯᠵᠠᠷᠠᠯ ᠢ ᠴᠢᠩᠭ᠎ᠠ ᠵᠠᠯᠬᠠᠭᠠᠨ ᠰᠢᠳᠭᠡᠵᠦ᠂ ᠲᠡᠮᠦᠷ ᠮᠡᠲᠦ ᠬᠠᠤᠯᠢ ᠴᠠᠭᠠᠵᠠ ᠪᠠ ᠴᠠᠭᠠᠵᠠ | ᠵᠠᠷᠯᠢᠭ ᠢᠶᠠᠷ ︽ᠵᠠᠮ ᠤᠨ ᠲᠡᠮᠳᠡᠭ︾ ᠲᠣᠭᠲᠠᠭᠠᠵᠤ᠂ ︽ᠰᠠᠬᠢᠯᠭ᠎ᠠ ᠪᠠᠲᠤ ᠶᠢᠨ ᠱᠤᠭᠤᠮ︾ ᠢ ᠲᠣᠳᠣᠷᠬᠠᠢ ᠢᠯᠭᠠᠵᠤ᠂ | ︽ᠰᠢᠪᠡᠭᠡ ᠬᠡᠷᠡᠮ︾ ᠢ ᠪᠠᠬᠢᠯᠡᠵᠦ᠂ ᠢᠮᠠᠭᠲᠠ ᠠᠷᠠᠳ ᠤᠨ ᠬᠡᠷᠡᠭᠯᠡᠭᠡᠨ ᠤ ᠡᠷᠬᠡ ᠶᠢ ᠬᠤᠪᠢ ᠶᠢᠨ ᠠᠰᠢᠭ ᠢ | ᠬᠥᠭᠡᠭᠡᠴᠡᠯᠳᠦᠬᠦ ᠦᠭᠡᠢ᠂ ᠬᠠᠤᠯᠢ ᠶᠣᠰᠣᠭᠠᠷ ᠡᠷᠬᠡ ᠶᠢ ᠬᠡᠷᠡᠭᠯᠡᠬᠦ ᠳᠤ ᠳᠤᠷ᠎ᠠ ᠪᠠᠷ ᠢᠶᠠᠨ ᠬᠡᠷᠡᠭᠯᠡᠬᠦ ᠦᠭᠡᠢ᠂ | ᠪᠣᠯᠭᠤᠮᠵᠢᠲᠠᠢ ᠪᠠᠷ ᠡᠷᠬᠡ ᠶᠢ ᠬᠡᠷᠡᠭᠯᠡᠬᠦ ᠳᠤ ᠳᠤᠷ᠎ᠠ ᠪᠠᠷ ᠨᠢ ᠲᠠᠯᠪᠢᠬᠤ ᠦᠭᠡᠢ᠂ ᠬᠠᠷᠢᠭᠤᠴᠠᠯᠭ᠎ᠠ ᠶᠢ ᠡᠭᠦᠷᠭᠡᠯᠡᠨ | ᠡᠷᠬᠡ ᠶᠢ ᠬᠡᠷᠡᠭᠯᠡᠬᠦ ᠳᠤ ᠬᠠᠷᠢᠭᠤᠴᠠᠯᠭ᠎ᠠ ᠪᠠᠨ ᠠᠯᠳᠠᠬᠤ ᠦᠭᠡᠢ ᠪᠠᠶᠢᠬᠤ ᠶᠢ ᠪᠡᠶᠡᠯᠡᠭᠦᠯᠵᠦ᠂ ᠬᠠᠤᠯᠢ ᠲᠣᠭᠲᠠᠭᠠᠯ ᠢ | ᠴᠢᠩᠳᠠᠯᠠᠵᠤ ᠰᠠᠬᠢᠯᠭ᠎ᠠ ᠪᠠᠲᠤ ᠶᠢ ᠲᠣᠳᠣᠷᠬᠠᠶᠢᠯᠠᠨ ᠰᠤᠷᠲᠠᠯ ᠢ ᠴᠢᠩᠭᠠᠷᠠᠭᠤᠯᠵᠤ᠂ ᠬᠤᠷᠢᠭ᠎ᠠ ᠱᠤᠭᠤᠮ ᠢ ᠰᠠᠬᠢᠵᠤ᠂ | ᠰᠢᠨ᠎ᠡ ᠰᠤᠷᠲᠠᠯ ᠢ ᠪᠣᠢ ᠪᠣᠯᠭᠠᠨ᠎ᠠ᠃ | ᠲᠥᠯᠥᠭᠡᠯᠡᠭᠴᠢᠳ ᠠ᠋᠂ ᠴᠠᠭ ᠤᠨ ᠪᠠᠶᠢᠳᠠᠯ ᠡᠳᠦᠷ ᠢᠷᠡᠬᠦᠶ᠎ᠡ ᠰᠢᠨ᠎ᠡ ᠪᠠᠷ ᠬᠥᠮᠥᠰ ᠢ ᠡᠷᠡᠯᠬᠡᠭᠯᠡᠨ | ᠤᠷᠤᠭᠰᠢᠯᠠᠭᠤᠯᠵᠤ᠂ ᠵᠢᠷᠤᠭ ᠲᠥᠰᠥᠪ ᠢ ᠵᠢᠷᠤᠭᠯᠠᠬᠤ ᠳᠤ ᠭᠠᠭᠴᠠ ᠬᠦ ᠲᠡᠮᠡᠴᠡᠯ ᠠᠴᠠ ᠥᠭᠡᠷ᠎ᠡ ᠠᠷᠭ᠎ᠠ ᠦᠭᠡᠢ ᠶᠤᠮ᠃ | ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ | ᠨᠢᠭᠲᠠᠷᠠᠨ ᠪᠦᠯᠬᠦᠮᠳᠡᠵᠦ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠵᠥᠪ ᠣᠨᠣᠪᠴᠢᠲᠠᠢ ᠤᠳᠤᠷᠢᠳᠤᠯᠭ᠎ᠠ ᠳᠣᠣᠷ᠎ᠠ᠂ ᠲᠣᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠪᠣᠯᠣᠨ ᠨᠡᠶᠢᠭᠡᠮ ᠤᠨ ᠡᠯ᠎ᠡ | ᠡᠲᠡᠭᠡᠳ ᠤᠨ ᠬᠢᠨᠠᠯᠲᠠ ᠳᠡᠮᠵᠢᠯᠭᠡ ᠶᠢᠨ ᠳᠣᠣᠷ᠎ᠠ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠢᠲᠡᠭᠡᠯ | ᠵᠣᠷᠢᠭ ᠢᠶᠠᠨ ᠪᠠᠲᠤᠳᠬᠠᠵᠤ᠂ ᠡᠷᠡᠯᠬᠡᠭᠯᠡᠨ ᠲᠡᠮᠡᠴᠡᠵᠦ᠂ ᠡᠷᠡᠯᠬᠡᠭᠯᠡᠨ ᠤᠷᠤᠭᠰᠢᠯᠠᠵᠤ᠂ ᠬᠤᠷᠴᠢᠨ ᠲᠣᠭᠤᠷᠢᠭ ᠤᠨ ᠠᠵᠤ | ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠨᠡᠭᠡᠭᠡᠵᠡᠭᠡᠶᠡ︕ | | ᠨᠡᠷ᠎ᠡ ᠦᠭᠡ ᠶᠢᠨ ᠲᠠᠶᠢᠯᠪᠤᠷᠢ | 1. ︽15 ᠮᠢᠨᠦ᠋ᠲ ᠤᠨ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠬᠦᠷᠢᠶ᠎ᠡ︾᠄ ᠨᠡᠶᠢᠭᠡᠮ | ᠲᠣᠭᠤᠷᠢᠭ ᠤᠨ ᠰᠠᠭᠤᠭᠠᠯᠢ ᠠᠷᠠᠳ ᠰᠠᠭᠤᠭ᠎ᠠ ᠭᠠᠵᠠᠷ ᠠᠴᠠ ᠪᠠᠨ ᠮᠣᠷᠳᠠᠵᠤ᠂ 5 ᠮᠢᠨᠦ᠋ᠲ ᠲᠤ ᠲᠦᠬᠦᠮ ᠳᠡᠯᠭᠡᠭᠦᠷ᠂ | ᠢᠳᠡᠭᠡᠨ ᠤ ᠳᠡᠯᠭᠡᠭᠦᠷ᠂ ᠥᠷᠯᠥᠭᠡ ᠶᠢᠨ ᠬᠤᠭᠤᠯᠠᠨ ᠤ ᠳᠡᠯᠭᠡᠭᠦᠷ ᠵᠡᠷᠭᠡ ᠳᠤ ᠬᠦᠷᠴᠦ᠂ 10 ᠮᠢᠨᠦ᠋ᠲ ᠲᠤ | ᠪᠠᠷᠢᠮᠵᠢᠶᠠᠵᠢᠭᠰᠠᠨ ᠨᠣᠭᠤᠭ᠎ᠠ ᠶᠢᠨ ᠵᠠᠬ᠎ᠠ ᠳᠡᠯᠭᠡᠭᠦᠷ᠂ ᠨᠡᠶᠢᠭᠡᠮ ᠲᠣᠭᠤᠷᠢᠭ ᠤᠨ ᠬᠡᠳᠦ ᠳᠡᠯᠭᠡᠭᠦᠷ᠂ ᠢᠳᠡᠭᠡᠨ | ᠤᠮᠳᠠᠭᠠᠨ ᠤ ᠳᠡᠯᠭᠡᠭᠦᠷ᠂ ᠵᠢᠰᠦ ᠭᠤᠶᠣᠯᠠᠵᠤ ᠦᠰᠦ ᠵᠠᠰᠠᠬᠤ ᠭᠠᠵᠠᠷ ᠵᠡᠷᠭᠡ ᠳᠤ ᠬᠦᠷᠴᠦ᠂ 15 ᠮᠢᠨᠦ᠋ᠲ ᠲᠤ | ᠶᠡᠷᠦᠩᠬᠡᠶᠢᠯᠡᠭᠰᠡᠨ ᠬᠤᠳᠠᠯᠳᠤᠭᠠᠨ ᠤ ᠲᠥᠪ ᠲᠤ ᠬᠦᠷᠬᠦ ᠶᠢ ᠵᠢᠭᠠᠵᠤ ᠪᠠᠶᠢᠨ᠎ᠠ᠃ᠭᠤᠣᠯᠳᠠᠭᠤ ᠵᠠᠰᠠᠭ ᠤᠨ | ᠣᠷᠳᠣᠨ ᠠᠴᠠ ᠬᠥᠲᠥᠯᠥᠨ ᠵᠢᠯᠤᠭᠤᠳᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ ᠬᠡᠯᠪᠡᠷᠢ ᠶᠢ ᠠᠪᠴᠤ ᠬᠡᠰᠡᠭ | ᠪᠦᠯᠦᠭ ᠬᠤᠪᠢᠶᠠᠨ ᠪᠣᠳᠠᠲᠠᠶᠢᠵᠢᠭᠤᠯᠵᠤ᠂ ᠤᠯᠠᠨ ᠲᠦᠮᠡᠨ ᠳᠤ ᠬᠡᠷᠡᠭᠯᠡᠭᠡᠨ ᠤ ᠰᠠᠶᠢᠨ ᠰᠠᠶᠢᠬᠠᠨ ᠣᠷᠴᠢᠨ | ᠨᠥᠬᠦᠴᠡᠯ ᠢ ᠪᠤᠢ ᠪᠣᠯᠭᠠᠵᠤ ᠥᠭᠭᠦᠨ᠎ᠡ᠃ | 2. ︽ᠲᠠᠭᠠᠷᠴᠤᠭ ᠴᠡᠴᠡᠷᠯᠢᠭ︾᠄ ᠤᠯᠠᠨ ᠨᠡᠶᠢᠳᠡ ᠲᠤ ᠬᠠᠨᠳᠤᠭᠤᠯᠤᠨ ᠨᠡᠭᠡᠭᠡᠭᠰᠡᠨ᠂ ᠬᠡᠪᠴᠢᠶ᠎ᠡ ᠪᠠᠷ ᠨᠡᠯᠢᠶᠡᠳ | ᠪᠠᠭ᠎ᠠ᠂ ᠬᠡᠯᠪᠡᠷᠢ ᠳᠦᠷᠰᠦ ᠨᠢ ᠤᠯᠠᠨ ᠶᠠᠩᠵᠤ ᠶᠢᠨ᠂ ᠵᠣᠬᠢᠬᠤ ᠵᠤᠭᠠᠴᠠᠨ ᠠᠮᠠᠷᠠᠬᠤ ᠴᠢᠳᠠᠮᠵᠢ ᠲᠠᠢ ᠴᠡᠴᠡᠷᠯᠢᠭ | ᠤᠨᠨᠣᠭᠤᠭᠠᠷᠠᠭᠤᠯᠬᠤ ᠠᠵᠢᠯᠯᠠᠭ᠎ᠠ ᠶᠢᠨ ᠲᠠᠯᠠᠪᠤᠷ ᠢ ᠵᠢᠭᠠᠵᠤ ᠪᠤᠢ᠂ ᠲᠠᠯᠠᠪᠠᠢ ᠨᠢ ᠶᠡᠷᠦ ᠳᠡᠭᠡᠨ 400 ᠠᠴᠠ | 10000 ᠲᠡᠭᠰᠢ ᠳᠥᠷᠪᠡᠯᠵᠢᠨ ᠮᠧᠲᠷ ᠤᠨ ᠬᠤᠭᠤᠷᠣᠨᠳᠤ ᠪᠠᠶᠢᠵᠤ᠂ ᠵᠢᠵᠢᠭ ᠵᠤᠭᠠᠴᠠᠯ ᠤᠨ ᠬᠦᠷᠢᠶᠡᠯᠡᠩ᠂ ᠵᠢᠵᠢᠭ | ᠪᠢᠴᠢᠯ ᠨᠣᠭᠤᠭᠠᠨ ᠭᠠᠵᠠᠷ ᠵᠡᠷᠭᠡ ᠶᠢ ᠪᠠᠭᠲᠠᠭᠠᠨ᠎ᠠ᠃ | 3. ︽ᠭᠤᠷᠪᠠᠨ ᠣᠷᠣᠨ ᠭᠤᠷᠪᠠᠨ ᠹᠷᠣᠨᠲ︾᠄ ︽ᠭᠤᠷᠪᠠᠨ ᠣᠷᠣᠨ︾ ᠭᠡᠳᠡᠭ ᠨᠢ ᠬᠤᠲᠠ ᠪᠠᠯᠭᠠᠰᠤ ᠶᠢᠨ | ᠣᠷᠣᠨ ᠵᠠᠢ᠂ ᠲᠠᠷᠢᠶᠠᠯᠠᠩ ᠤᠨ ᠣᠷᠣᠨ ᠵᠠᠢ᠂ ᠠᠮᠢ ᠠᠬᠤᠢ ᠶᠢᠨ ᠣᠷᠣᠨ ᠵᠠᠢ ᠵᠡᠷᠭᠡ ᠭᠤᠷᠪᠠᠨ ᠲᠦᠷᠦᠯ ᠤᠨ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠵᠢᠭᠠᠵᠤ ᠪᠠᠶᠢᠨ᠎ᠠ᠃ ︽ᠭᠤᠷᠪᠠᠨ ᠱᠤᠭᠤᠮ︾ ᠢ ᠲᠣᠰ ᠲᠣᠰ | ᠬᠤᠲᠠ ᠪᠠᠯᠭᠠᠰᠤ ᠶᠢᠨ ᠣᠷᠣᠨ ᠵᠠᠢ᠂ ᠲᠠᠷᠢᠶᠠᠯᠠᠩ ᠤᠨ ᠣᠷᠣᠨ ᠵᠠᠢ᠂ ᠠᠮᠢ ᠠᠬᠤᠢ ᠶᠢᠨ ᠣᠷᠣᠨ ᠵᠠᠢ ᠳᠤ ᠵᠠᠭᠠᠭᠯᠠᠨ | ᠲᠣᠭᠲᠠᠭᠠᠭᠰᠠᠨ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ᠂ ᠡᠭᠦᠷᠢᠳᠡ ᠶᠢᠨ ᠦᠨᠳᠦᠰᠦᠨ | ᠲᠠᠷᠢᠶᠠᠨ ᠭᠠᠵᠠᠷ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠵᠡᠷᠭᠡ ᠭᠤᠷᠪᠠᠨ ᠬᠢᠵᠠᠭᠠᠷᠯᠠᠬᠤ | ᠱᠤᠭᠤᠮ ᠲᠠᠢ ᠵᠣᠬᠢᠴᠠᠭᠤᠯᠤᠨ᠎ᠠ᠃ | 4. ︽ᠡᠮ ᠡᠮᠨᠡᠯᠭᠡ ᠶᠢᠨ ᠳᠠᠭᠠᠳᠬᠠᠯ ᠤᠨ DIP ᠲᠣᠭᠠᠴᠠᠭ᠎ᠠ ᠬᠢᠬᠦ ᠠᠷᠭ᠎ᠠ ᠮᠠᠶ᠋ᠢᠭ︾᠄ ᠵᠣᠬᠢᠬᠤ ᠣᠷᠣᠨ | ᠪᠦᠰᠡ ᠶᠢᠨ ᠳᠣᠲᠣᠷ᠎ᠠ᠂ ᠡᠮᠴᠢᠯᠡᠭᠡᠨ ᠤ ᠲᠥᠷᠥᠯ ᠵᠦᠢᠯ᠂ ᠡᠪᠡᠳᠴᠢᠨ ᠤ ᠲᠥᠷᠥᠯ ᠵᠦᠢᠯ᠂ ᠣᠷᠣ ᠶᠢᠨ ᠡᠳᠦᠷ | ᠵᠡᠷᠭᠡ ᠶᠢ ᠵᠣᠬᠢᠬᠤ ᠴᠡᠭ ᠪᠣᠯᠭᠠᠨ ᠬᠤᠪᠢᠷᠠᠭᠤᠯᠬᠤ ᠶᠢ ᠵᠢᠭᠠᠵᠤ ᠪᠣᠶ᠃ᠣᠳᠣ ᠶᠢᠨ ᠲᠣᠭᠲᠠᠭᠠᠭᠰᠠᠨ ᠦᠨ᠎ᠡ ᠶᠢ | ᠬᠠᠷᠠᠭᠠᠯᠵᠠᠭᠰᠠᠨ ᠴᠡᠭ ᠪᠣᠯᠭᠠᠨ ᠥᠭᠡᠷᠡᠴᠢᠯᠡᠵᠦ᠂ ᠬᠠᠮᠤᠭ ᠰᠡᠭᠦᠯ ᠳᠤ ᠲᠤᠰ ᠣᠷᠣᠨ ᠤ ᠪᠣᠢ ᠪᠦᠬᠦᠢ ᠡᠮᠴᠢᠯᠡᠭᠡᠨ ᠤ | ᠪᠠᠶᠢᠭᠤᠯᠤᠮᠵᠢ ᠶᠢᠨ ᠬᠠᠩᠭᠠᠭᠰᠠᠨ ᠡᠮᠴᠢᠯᠡᠭᠡᠨ ᠤ ᠦᠢᠯᠡᠴᠢᠯᠡᠭᠡᠨ ᠤ ᠶᠡᠷᠦᠩᠬᠡᠢ ᠴᠡᠭ ᠤᠨ ᠲᠤᠭ᠎ᠠ ᠶᠢ ᠦᠨᠳᠦᠰᠦᠯᠡᠵᠦ᠂ | ᠳᠠᠬᠢᠨ ᠲᠤᠬᠠᠢ ᠶᠢᠨ ᠭᠠᠵᠠᠷ ᠤᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠲᠠᠢ ᠬᠠᠷᠠᠭᠠᠯᠵᠠᠭᠰᠠᠨ | ᠵᠠᠷᠤᠯᠭ᠎ᠠ ᠶᠢᠨ ᠵᠣᠭᠤᠰ ᠤᠨ ᠲᠤᠭ᠎ᠠ ᠶᠢ ᠦᠨᠳᠦᠰᠦᠯᠡᠨ ᠴᠡᠭ ᠪᠦᠷᠢ ᠶᠢᠨ ᠲᠥᠯᠥᠭᠡᠯᠡᠬᠦ ᠥᠷᠲᠡᠭ ᠢ ᠪᠣᠳᠣᠨ | ᠭᠠᠷᠭᠠᠵᠤ᠂ ᠳᠠᠷᠠᠭ᠎ᠠ ᠨᠢ ᠡᠮᠴᠢᠯᠡᠭᠡᠨ ᠤ ᠪᠠᠶᠢᠭᠤᠯᠤᠮᠵᠢ ᠨᠢᠭᠡᠪᠦᠷᠢ ᠶᠢᠨ ᠬᠠᠮᠤᠭ ᠡᠴᠦᠰ ᠤᠨ ᠪᠣᠳᠠᠲᠠᠢ ᠣᠯᠣᠭᠰᠠᠨ | ᠵᠣᠭᠤᠰ ᠤᠨ ᠲᠤᠭ᠎ᠠ ᠶᠢ ᠭᠠᠷᠭᠠᠨ᠎ᠠ᠃ | 5. ︽ᠬᠤᠶᠠᠷ ᠢ ᠬᠥᠩᠭᠡᠷᠡᠭᠦᠯᠬᠦ︾᠄ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ | ᠰᠤᠷᠤᠭᠴᠢᠳ ᠤᠨ ᠳᠠᠰᠬᠠᠯ ᠤᠨ ᠳᠠᠷᠤᠭᠠᠰᠤ ᠶᠢ ᠬᠥᠩᠭᠡᠷᠡᠭᠦᠯᠵᠦ᠂ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠭᠤᠯᠤᠯ ᠤᠨ ᠳᠠᠷᠤᠭᠠᠰᠤ ᠶᠢ ᠬᠥᠩᠭᠡᠷᠡᠭᠦᠯᠦᠨ᠎ᠡ᠃ | 6. ︽ᠭᠡᠭᠡᠨ ᠰᠠᠷᠠᠭᠤᠯ ᠢᠨᠵᠧᠨᠧᠷᠢᠩ︾᠄ ᠰᠢᠶᠠᠨ᠂ ᠰᠢᠶᠠᠩ᠂ ᠲᠣᠰᠬᠤᠨ ᠭᠤᠷᠪᠠᠨ ᠱᠠᠲᠤᠨ ᠤ | ᠶᠡᠷᠦᠩᠬᠡᠶᠢᠯᠡᠨ ᠵᠠᠰᠠᠬᠤ ᠲᠥᠪ ᠢᠶᠠᠷ ᠵᠢᠯᠤᠭᠤᠳᠬᠤ ᠲᠠᠪᠴᠠᠩ ᠪᠣᠯᠭᠠᠵᠤ᠂ ᠶᠡᠷᠦᠩᠬᠡᠶᠢᠯᠡᠨ ᠵᠠᠰᠠᠬᠤ ᠮᠡᠳᠡᠭᠡ | ᠵᠠᠩᠭᠢᠵᠢᠯᠲᠠ ᠪᠠᠷ ᠲᠤᠯᠭᠠᠭᠤᠷᠢᠯᠠᠯ ᠪᠣᠯᠭᠠᠵᠤ᠂ ᠲᠣᠥᠷᠵᠢᠭᠤᠯᠤᠭᠰᠠᠨ ᠬᠠᠮᠢᠶᠠᠷᠤᠯᠲᠠ ᠪᠠᠷ ᠰᠠᠭᠤᠷᠢ ᠪᠣᠯᠭᠠᠵᠤ᠂ | ᠣᠯᠠᠨ ᠨᠡᠶᠢᠲᠡ ᠶᠢᠨ ᠠᠮᠤᠷ ᠲᠦᠪᠰᠢᠨ ᠤ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠵᠦ ᠰᠦᠯᠵᠢᠶᠡᠵᠢᠭᠦᠯᠦᠨ | ᠬᠡᠷᠡᠭᠯᠡᠬᠦ ᠪᠠᠷ ᠭᠤᠣᠯᠳᠠᠯᠭ᠎ᠠ ᠪᠣᠯᠭᠠᠭᠰᠠᠨ ︽ᠣᠯᠠᠨ ᠲᠦᠮᠡᠨᠴᠢ ᠴᠢᠨᠠᠷᠲᠠᠢ ᠠᠮᠤᠷ ᠲᠦᠪᠰᠢᠨ ᠤ ᠰᠡᠷᠭᠡᠶᠢᠯᠡᠨ | ᠡᠵᠡᠮᠳᠡᠬᠦ ᠢᠨᠵᠧᠨᠧᠷᠢᠩ︾ ᠢ ᠵᠢᠭᠠᠵᠤ ᠪᠣᠶ᠃ | 7. ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ︽ᠬᠤᠶᠠᠷ ᠢ ᠳᠡᠭᠡᠭᠰᠢᠯᠡᠭᠦᠯᠵᠦ ᠬᠤᠶᠠᠷ ᠢ | ᠪᠠᠭᠤᠷᠠᠭᠤᠯᠬᠤ︾᠄ ᠬᠡᠷᠡᠭ ᠢᠯᠡᠷᠡᠭᠦᠯᠦᠭᠰᠡᠨ ᠲᠤᠭ᠎ᠠ᠂ ᠪᠠᠷᠢᠪᠴᠢᠯᠠᠭᠰᠠᠨ ᠬᠥᠮᠥᠨ ᠤ ᠲᠤᠭ᠎ᠠ ᠨᠡᠮᠡᠭᠳᠡᠵᠦ᠂ ᠬᠡᠷᠡᠭ | ᠭᠠᠷᠤᠭᠰᠠᠨ ᠲᠤᠭ᠎ᠠ᠂ ᠣᠯᠠᠨ ᠲᠦᠮᠡᠨ ᠤ ᠬᠤᠬᠢᠷᠠᠯ ᠤᠨ ᠲᠤᠭ᠎ᠠ ᠪᠠᠭᠤᠷᠠᠪᠠ᠃ | 8. ︽ᠲᠠᠪᠤᠨ ᠶᠡᠭᠡ ᠡᠬᠢᠯᠡᠯᠲᠡ︾᠄ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠢ ᠶᠡᠭᠡ | ᠡᠬᠢᠯᠡᠯᠲᠡ ᠲᠠᠢ ᠪᠣᠯᠭᠠᠵᠤ᠂ ᠨᠡᠭᠡᠭᠡᠯᠲᠡ ᠶᠢᠨ ᠲᠣᠭᠤᠷᠢᠭ ᠤᠨ ᠰᠤᠯᠠ ᠪᠠᠶᠢᠭ᠎ᠠ ᠡᠬᠢ ᠪᠠᠶᠠᠯᠢᠭ ᠤᠨ ᠬᠦᠴᠦᠨ ᠵᠦᠢᠯ ᠢ | ᠶᠡᠭᠡ ᠡᠬᠢᠯᠡᠯᠲᠡ ᠲᠠᠢ ᠪᠣᠯᠭᠠᠵᠤ᠂ ᠳᠠᠷᠤᠭᠳᠠᠵᠤ ᠪᠠᠶᠢᠭ᠎ᠠ ᠪᠡᠯᠡ ᠮᠥᠩᠭᠦ ᠶᠢ ᠶᠡᠭᠡ ᠡᠬᠢᠯᠡᠯᠲᠡ ᠲᠠᠢ ᠪᠣᠯᠭᠠᠵᠤ᠂ ︽ | ᠬᠠᠭᠠᠰ ᠳᠤᠲᠠᠭᠤ︾ ᠢᠨᠵᠧᠨᠧᠷᠢᠩ ᠢ ᠶᠡᠭᠡ ᠡᠬᠢᠯᠡᠯᠲᠡ ᠲᠠᠢ ᠪᠣᠯᠭᠠᠵᠤ᠂ ᠵᠥᠪᠰᠢᠶᠡᠷᠡᠭᠰᠡᠨ ᠪᠠᠶᠢᠲᠠᠯ᠎ᠠ ᠬᠠᠩᠭᠠᠭᠰᠠᠨ | ᠦᠭᠡᠢ᠂ ᠰᠤᠯᠠ ᠪᠠᠶᠢᠭ᠎ᠠ ᠭᠠᠵᠠᠷ ᠰᠢᠷᠣᠢ ᠶᠢ ᠶᠡᠭᠡ ᠡᠬᠢᠯᠡᠯᠲᠡ ᠲᠠᠢ ᠪᠣᠯᠭᠠᠨ᠎ᠠ᠃ | 9. ᠬᠤᠲᠠ ᠶᠢᠨ ᠠᠷᠠᠳ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ︽ᠭᠤᠷᠪᠠᠨ ᠨᠣᠷᠮ᠎ᠠ︾᠄ | ᠳᠠᠭᠠᠬᠤ ᠨᠣᠷᠮ᠎ᠠ᠂ ᠰᠢᠢᠳᠪᠦᠷᠢᠯᠡᠵᠦ ᠳᠠᠭᠤᠰᠬᠠᠬᠤ ᠨᠣᠷᠮ᠎ᠠ᠂ ᠬᠠᠨᠤᠮᠵᠢᠲᠠᠶ ᠪᠠᠶᠢᠬᠤ ᠨᠣᠷᠮ᠎ᠠ᠃ | 10. ︽ᠲᠠᠪᠤᠨ ᠶᠡᠭᠡ ᠠᠵᠤ ᠦᠢᠯᠡᠰ︾ ᠤᠨ ᠰᠠᠭᠤᠷᠢᠨ ᠭᠠᠵᠠᠷ᠄ ᠪᠣᠬᠢᠷᠲᠤᠯ ᠦᠭᠡᠢ ᠡᠷᠳᠡᠨᠢ ᠰᠢᠰᠢ | ᠦᠢᠯᠡᠳᠪᠦᠷᠢᠯᠡᠵᠦ ᠡᠳ᠋ᠰᠢᠭᠦᠯᠬᠦ ᠰᠠᠭᠤᠷᠢᠨ ᠭᠠᠵᠠᠷ᠂ ᠤᠮᠠᠷᠠᠲᠤ ᠶᠢᠨ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ | ᠰᠠᠭᠤᠷᠢᠨ ᠭᠠᠵᠠᠷ᠂ ᠪᠣᠷᠳᠣᠵᠤ ᠲᠠᠷᠭᠤᠯᠠᠭᠤᠯᠬᠤ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠬᠢᠲᠠᠳ | ᠮᠣᠩᠭᠤᠯ ᠡᠮ ᠤᠨ ᠮᠠᠲ᠋ᠧᠷᠢᠶᠠᠯ ᠤᠨ ᠰᠠᠭᠤᠷᠢᠨ ᠭᠠᠵᠠᠷ᠂ ᠣᠨᠴᠠᠯᠢᠭᠲᠤ ᠣᠶ ᠵᠢᠮᠢᠰ ᠤᠨ ᠰᠠᠭᠤᠷᠢᠨ ᠭᠠᠵᠠᠷ᠃ | 11. ︽ᠬᠡᠮᠵᠢᠶ᠎ᠡ ᠶᠢ ᠨᠡᠮᠡᠭᠳᠡᠭᠦᠯᠦᠨ ᠴᠠᠬᠢᠯᠭᠠᠨ ᠲᠣᠬᠢᠷᠠᠭᠤᠯᠬᠤ︾᠄ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠢᠶᠠᠷ ᠭᠤᠣᠯ ᠪᠣᠯᠭᠠᠭᠰᠠᠨ ᠲᠣᠪᠴᠢᠶ᠎ᠠ ᠶᠢ ᠵᠢᠭᠠᠵᠤ ᠪᠠᠶᠢᠨ᠎ᠠ᠃ ᠴᠠᠬᠢᠯᠭᠠᠨ ᠬᠦᠴᠦᠳᠡᠯ ᠤᠨ ᠲᠡᠰ ᠨᠢ | 110 ᠺᠢᠯᠤᠸᠤᠯᠲ ᠪᠤᠶᠤ 220 ᠺᠢᠯᠤᠸᠤᠯᠲ ︵330 ᠺᠢᠯᠤᠸᠤᠯᠲ︶ ᠵᠢᠴᠢ ᠲᠡᠭᠦᠨ ᠠᠴᠠ ᠳᠣᠭᠤᠭᠰᠢ᠂ | ᠲᠤᠬᠠᠢ ᠶᠢᠨ ᠭᠠᠵᠠᠷ ᠤᠨ ᠤᠯᠤᠰ ᠤᠨ ᠴᠠᠬᠢᠯᠭᠠᠨ ᠬᠦᠴᠦᠨ ᠤ ᠺᠣᠮᠫᠠᠨᠢ ᠶᠢᠨ ᠤᠳᠤ ᠬᠠᠳᠠᠭᠠᠯᠠᠵᠤ ᠪᠠᠶᠢᠭ᠎ᠠ | ᠴᠠᠬᠢᠯᠭᠠᠨ ᠲᠦᠭᠡᠭᠡᠬᠦ ᠬᠥᠷᠥᠩᠭᠡ ᠠᠴᠠ ᠭᠠᠳᠠᠨᠠᠬᠢ ᠰᠢᠨ᠎ᠡ ᠪᠠᠷ ᠨᠡᠮᠡᠭᠳᠡᠬᠦ ᠠᠴᠢᠶ᠎ᠠ ᠶᠢ ᠣᠷᠣᠨ ᠨᠤᠲᠤᠭ ᠤᠨ | ᠵᠠᠰᠠᠭ ᠤᠨ ᠣᠷᠳᠣᠨ ᠤ ᠡᠨᠧᠷᠭᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠣᠷᠣᠨ ᠪᠦᠰᠡ ᠶᠢᠨ ᠴᠠᠬᠢᠯᠭᠠᠨ | ᠲᠦᠭᠡᠭᠡᠬᠦ ᠪᠦᠬᠦᠯᠢ ᠴᠣᠭᠴᠠ ᠶᠢᠨ ᠲᠥᠯᠦᠪᠵᠢᠭᠦᠯᠭᠡ ᠶᠢ ᠲᠣᠭᠲᠠᠭᠠᠬᠤ ᠶᠢᠨ ᠬᠠᠮᠲᠤ ᠴᠠᠬᠢᠯᠭᠠᠨ ᠪᠣᠷᠣᠯᠠᠭᠤᠯᠬᠤ | ᠺᠣᠮᠫᠠᠨᠢ ᠶᠢᠨ ᠵᠥᠪᠰᠢᠶᠡᠷᠡᠨ ᠣᠷᠣᠭᠤᠯᠬᠤ ᠨᠥᠬᠦᠴᠡᠯ ᠳᠤ ᠨᠡᠶᠢᠴᠡᠭᠰᠡᠨ᠂ ᠰᠢᠨ᠎ᠡ ᠪᠠᠷ ᠨᠡᠮᠡᠭᠳᠡᠭᠰᠡᠨ ᠴᠠᠬᠢᠯᠭᠠᠨ | ᠲᠦᠭᠡᠭᠡᠬᠦ ᠲᠣᠣᠷ ᠤᠨ ᠬᠥᠷᠥᠩᠭᠡ ᠶᠢᠨ ᠬᠠᠷᠢᠴᠠᠯᠠᠰᠢᠭᠦᠢ ᠬᠤᠪᠢ ᠡᠵᠡᠮᠳᠡᠬᠦ ᠡᠷᠬᠡ ᠲᠠᠢ ᠺᠣᠮᠫᠠᠨᠢ ᠠᠴᠠ | ᠥᠷᠨᠢᠭᠦᠯᠦᠭᠰᠡᠨ ᠴᠠᠬᠢᠯᠭᠠᠨ ᠪᠣᠷᠣᠯᠠᠭᠤᠯᠬᠤ ᠲᠤᠬᠠᠶᠢᠯᠠᠭᠰᠠᠨ ᠠᠵᠢᠯ ᠪᠣᠯᠣᠨ᠎ᠠ᠃ | 12. ︽ᠠᠩᠬᠠᠨ ᠤ ᠳᠡᠯᠭᠡᠭᠦᠷ ᠤᠨ ᠠᠵᠤ ᠠᠬᠤᠢ︾᠄ ᠨᠢᠭᠡ ᠣᠷᠣᠨ ᠪᠦᠰᠡ ᠨᠢ ᠣᠨᠴᠠ ᠪᠠᠶᠢᠳᠠᠭ ᠡᠬᠢ | ᠪᠠᠶᠠᠯᠢᠭ ᠤᠨ ᠳᠠᠪᠠᠭᠤᠯᠢᠭ ᠢᠶᠠᠨ ᠠᠰᠢᠭᠯᠠᠨ᠂ ᠤᠯᠤᠰ ᠤᠨ ᠳᠣᠲᠣᠭᠠᠳᠤᠭᠠᠳᠠᠭᠠᠳᠤ ᠶᠢᠨ ᠨᠠᠷᠠᠲᠤ ᠲᠥᠷᠥᠯ | ᠲᠡᠮᠳᠡᠭᠲᠦ ᠶᠢ ᠲᠡᠳᠡᠨ ᠣᠷᠣᠨ ᠪᠦᠰᠡ ᠳᠤ ᠠᠩᠬ᠎ᠠ ᠤᠳᠠᠭ᠎ᠠ ᠳᠡᠯᠭᠡᠭᠦᠷ ᠨᠡᠭᠡᠭᠡᠵᠦ᠂ ᠨᠠᠷᠠᠲᠤ ᠲᠥᠷᠥᠯ | ᠲᠡᠮᠳᠡᠭᠲᠦ ᠶᠢᠨ ᠦᠨ᠎ᠡ ᠥᠷᠲᠡᠭ ᠢ ᠣᠷᠣᠨ ᠪᠦᠰᠡ ᠶᠢᠨ ᠡᠬᠢ ᠪᠠᠶᠠᠯᠢᠭ ᠯᠤᠭ᠎ᠠ ᠬᠠᠮᠤᠭ ᠤᠨ ᠰᠠᠶᠢᠨ ᠡᠪᠰᠡᠭᠦᠯᠬᠦ ᠶᠢ | ᠪᠡᠶᠡᠯᠡᠭᠦᠯᠬᠦ ᠵᠢᠴᠢ ᠡᠭᠦᠨ ᠠᠴᠠ ᠪᠣᠯᠵᠤ ᠲᠣᠰ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠳᠤ | ᠢᠳᠡᠪᠬᠢᠲᠡᠢ ᠨᠥᠯᠥᠭᠡ ᠦᠵᠡᠭᠦᠯᠬᠦ ᠨᠢᠭᠡ ᠵᠦᠢᠯ ᠤᠨ ᠠᠵᠤ ᠠᠬᠤᠢ ᠶᠢᠨ ᠬᠡᠯᠪᠡᠷᠢ ᠪᠠᠶᠢᠳᠠᠯ ᠢ ᠵᠢᠭᠠᠵᠤ ᠪᠣᠶ᠃ | 13. ︽ᠭᠤᠷᠪᠠᠨ ᠱᠤᠭᠤᠮ ᠨᠢᠭᠡ ᠬᠠᠭᠤᠳᠠᠰᠤ︾᠄ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ | ᠱᠤᠭᠤᠮ᠂ ᠣᠷᠴᠢᠨ ᠠᠬᠤᠢ ᠶᠢᠨ ᠶᠠᠰᠤ ᠴᠢᠨᠠᠷ ᠤᠨ ᠬᠢᠵᠠᠭᠠᠷ ᠱᠤᠭᠤᠮ᠂ ᠡᠬᠢ ᠪᠠᠶᠠᠯᠢᠭ ᠤᠨ ᠠᠰᠢᠭᠯᠠᠯᠲᠠ ᠶᠢᠨ | ᠳᠡᠭᠡᠳᠦ ᠱᠤᠭᠤᠮ ᠪᠠ ᠣᠷᠴᠢᠨ ᠠᠬᠤᠢ ᠶᠢᠨ ᠣᠷᠣᠬᠤ ᠵᠥᠪᠰᠢᠶᠡᠷᠡᠯ ᠤᠨ ᠨᠠᠵᠠᠭᠠᠢ ᠲᠠᠯ᠎ᠠ ᠶᠢᠨ ᠨᠠᠷᠢᠨ ᠲᠠᠩᠰᠠ᠃ | 14. ︽ᠳᠥᠷᠪᠡᠨ ᠵᠦᠢᠯ ᠤᠨ ᠤᠰᠤ ᠳᠥᠷᠪᠡᠨ ᠵᠦᠢᠯ ᠢ ᠲᠣᠭᠲᠠᠭᠠᠬᠤ︾᠄ ᠤᠰᠤ ᠪᠠᠷ ᠬᠤᠲᠠ ᠶᠢ | ᠲᠣᠭᠲᠠᠭᠠᠵᠤ᠂ ᠤᠰᠤ ᠪᠠᠷ ᠭᠠᠵᠠᠷ ᠰᠢᠷᠣᠢ ᠶᠢ ᠲᠣᠭᠲᠠᠭᠠᠵᠤ᠂ ᠤᠰᠤ ᠪᠠᠷ ᠬᠥᠮᠥᠨ ᠢ ᠲᠣᠭᠲᠠᠭᠠᠵᠤ᠂ ᠤᠰᠤ ᠪᠠᠷ | ᠭᠠᠷᠤᠯᠲᠠ ᠶᠢ ᠲᠣᠭᠲᠠᠭᠠᠨ᠎ᠠ᠃ | 15. ︽ᠬᠤᠶᠠᠷ ᠥᠴᠥᠬᠡᠨ ᠴᠦ ᠭᠤᠶᠢᠪᠢᠰᠢ ᠦᠭᠡᠢ︾᠄ ᠨᠡᠶᠢᠲᠡ ᠶᠢᠨ ᠥᠮᠴᠢᠯᠡᠯ ᠤᠨ ᠠᠵᠤ ᠠᠬᠤᠢ ᠶᠢ | ᠥᠴᠥᠬᠡᠨ ᠴᠦ ᠭᠤᠶᠢᠪᠢᠰᠢ ᠦᠭᠡᠢ ᠪᠠᠷ ᠪᠠᠬᠢᠵᠢᠭᠦᠯᠦᠨ ᠬᠥᠭᠵᠢᠭᠦᠯᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ | ᠠᠬᠤᠢ ᠶᠢᠨ ᠬᠥᠭᠵᠢᠯᠲᠡ ᠶᠢ ᠥᠴᠥᠬᠡᠨ ᠴᠦ ᠭᠤᠶᠢᠪᠢᠰᠢ ᠦᠭᠡᠢ ᠪᠠᠷ ᠵᠣᠷᠢᠭᠵᠢᠭᠤᠯᠤᠨ ᠲᠡᠮᠵᠢᠵᠤ᠂ ᠬᠥᠲᠥᠯᠥᠨ | ᠵᠢᠯᠣᠭᠤᠳᠤᠨ᠎ᠠ᠃ | 16. ᠬᠥᠳᠡᠭᠡ ᠲᠣᠰᠬᠤᠨ ᠤ ︽30 ᠮᠢᠨᠦ᠋ᠲ ᠤᠨ ᠲᠦᠷᠭᠡᠨ ᠠᠪᠤᠷᠠᠯᠳᠠ ᠶᠢᠨ ᠲᠣᠭᠤᠷᠢᠭ︾᠄ ᠭᠤᠣᠯ | ᠬᠤᠲᠠ ᠶᠢᠨ ᠲᠣᠭᠤᠷᠢᠭ ᠤᠨ ᠡᠮᠴᠢᠯᠡᠭᠡᠨ ᠤ ᠡᠬᠢ ᠪᠠᠶᠠᠯᠢᠭ ᠲᠤ ᠲᠦᠰᠢᠭᠯᠡᠨ᠂ ᠳ᠋ᠠ ᠯᠢᠨ ᠪᠠᠯᠭᠠᠰᠤ᠂ ᠴᠢᠩ ᠾᠧ | ᠪᠠᠯᠭᠠᠰᠤ ᠵᠡᠷᠭᠡ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠲᠦᠷᠭᠡᠨ ᠠᠪᠤᠷᠠᠯᠳᠠ ᠶᠢᠨ ᠥᠷᠲᠡᠭᠡ ᠶᠢᠨ ᠪᠦᠲᠦᠭᠡᠨ | ᠪᠠᠶᠢᠭᠤᠯᠤᠯᠲᠠ ᠲᠠᠢ ᠬᠠᠮᠵᠢᠯᠴᠠᠵᠤ᠂ ᠲᠦᠷᠭᠡᠨ ᠠᠪᠤᠷᠠᠯᠳᠠ ᠶᠢᠨ ᠡᠪᠡᠳᠴᠢᠲᠡᠨ ᠢ 30 ᠮᠢᠨᠦ᠋ᠲ ᠤᠨ ᠳᠣᠲᠣᠷ᠎ᠠ | ᠡᠮᠨᠡᠭᠦᠯᠬᠦ ᠶᠢ ᠪᠡᠶᠡᠯᠡᠭᠦᠯᠦᠨ᠎ᠡ᠃ | 17. ︽ᠲᠠᠪᠤ ᠶᠢ ᠵᠠᠰᠠᠬᠤ︾᠄ ᠤᠯᠤᠰ ᠲᠥᠷᠥ ᠪᠠᠷ ᠬᠥᠲᠥᠯᠥᠨ ᠳᠠᠭᠠᠭᠤᠯᠬᠤ᠂ ᠬᠠᠤᠯᠢ ᠪᠠᠷ ᠵᠠᠰᠠᠬᠤ ᠪᠠᠷ | ᠪᠠᠲᠤᠯᠠᠬᠤ᠂ ᠶᠣᠰᠣ ᠮᠣᠷᠠᠯ ᠢᠶᠠᠷ ᠵᠠᠰᠠᠵᠤ ᠰᠡᠬᠡᠭᠡᠷᠡᠭᠦᠯᠬᠦ᠂ ᠥᠪᠡᠷᠲᠡᠭᠡᠨ ᠵᠠᠰᠠᠬᠤ ᠪᠠᠷ ᠰᠠᠭᠤᠷᠢ ᠶᠢ ᠴᠢᠩᠭᠠᠳᠬᠠᠬᠤ᠂ | ᠣᠶᠤᠨ ᠢᠶᠠᠷ ᠵᠠᠰᠠᠬᠤ ᠪᠠᠷ ᠲᠤᠯᠭᠠᠭᠤᠷᠢᠯᠠᠭᠤᠯᠤᠨ᠎ᠠ᠃ | ᠳᠠᠭᠠᠯᠳᠤᠭᠤᠯᠤᠯ᠄ | ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠤᠨ ᠲᠥᠷᠥᠯ ᠵᠦᠢᠯ | | 1. ᠭᠤᠣᠯ ᠬᠤᠲᠠ ᠶᠢᠨ ᠲᠣᠭᠤᠷᠢᠭ ᠤᠨ 15 ᠵᠤᠷᠪᠤᠰ ᠠᠷᠤ ᠵᠡᠭᠡᠯᠢ ᠶᠢᠨ ᠵᠢᠵᠢᠭ ᠭᠤᠳᠤᠮᠵᠢ ᠶᠢᠨ | ᠥᠭᠡᠷᠡᠴᠢᠯᠡᠯᠲᠡ ᠶᠢ ᠪᠡᠶᠡᠯᠡᠭᠦᠯᠦᠨ᠎ᠡ᠃ | 2. ᠶᠦᠩ ᠨᠢᠩ ᠵᠠᠮ ᠤᠨ ᠨᠢᠭᠡ ᠴᠣᠭᠴᠠᠵᠢᠭᠰᠠᠨ ᠪᠣᠬᠢᠷ ᠤᠰᠤ ᠶᠢ ᠳᠡᠭᠡᠭᠰᠢᠯᠡᠭᠦᠯᠬᠦ ᠬᠥᠭᠡᠷᠭᠡ ᠶᠢᠨ | ᠥᠷᠲᠡᠭᠡ ᠶᠢᠨ ᠢᠨᠵᠧᠨᠧᠷᠢᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ | 3. ᠹᠧᠩ ᠲᠢᠶᠠᠨ ᠪᠠᠯᠭᠠᠰᠤᠨ ᠤ ᠭᠠᠯ ᠤᠨᠲᠠᠷᠠᠭᠠᠬᠤ ᠥᠷᠲᠡᠭᠡ ᠶᠢᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠪᠡᠶᠡᠯᠡᠭᠦᠯᠦᠨ᠎ᠡ᠃ | | |