ᠨᠢᠭᠡ᠂ ᠲᠦᠩᠯᠢᠶᠣᠣ ᠬᠤᠲᠠ ᠶᠢᠨ ᠵᠣᠴᠢᠳ ᠤᠨ ᠪᠠᠭᠤᠳᠠᠯ | | ᠲᠦᠩᠯᠢᠶᠣᠣ ᠬᠤᠳᠠ ᠶᠢᠨ ᠵᠣᠴᠢᠳ ᠤᠨ ᠪᠠᠭᠤᠳᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠰᠢᠷᠠᠮᠥ᠋ᠷᠡᠨ | ᠶᠡᠭᠡ ᠵᠡᠭᠡᠯᠢ ᠶᠢᠨ ᠪᠠᠷᠠᠭᠤᠨ 30 ᠳ᠋ᠤᠭᠠᠷ ᠨᠣᠮᠧᠷ ᠲᠤ ᠪᠠᠶᠢᠷᠢᠯᠠᠵᠤ᠂ ᠤᠮᠠᠷᠠᠰᠢ ᠪᠠᠨ ᠪᠠᠷᠠᠭᠤᠨ ᠯᠢᠶᠣᠤᠾᠧ | ᠭᠤᠣᠯ ᠲᠠᠢ ᠬᠠᠪᠢᠳᠠᠵᠤ᠂ ᠪᠠᠷᠠᠭᠤᠨᠰᠢ ᠪᠠᠨ ᠰᠢᠷᠠᠮᠥ᠋ᠷᠡᠨ ᠴᠡᠴᠡᠷᠯᠢᠭ ᠲᠠᠢ ᠬᠠᠪᠢᠳᠠᠵᠤ᠂ 4 ᠲᠦᠮᠡ 6 ᠮᠢᠩᠭ᠎ᠠ | ᠭᠠᠷᠤᠢ ᠺᠦᠸᠠᠳ᠋ ᠮᠧᠲᠷ ᠲᠠᠯᠠᠪᠠᠶ ᠲᠠᠢ᠂ ᠵᠠᠰᠠᠭ ᠤᠨ ᠶᠠᠪᠤᠳᠠᠯ᠂ ᠬᠤᠳᠠᠯᠳᠤᠭᠠᠨ ᠤ ᠶᠠᠪᠤᠳᠠᠯ᠂ ᠵᠢᠭᠤᠯᠴᠢᠯᠠᠯ ᠤᠨ | ᠵᠣᠴᠢᠯᠠᠯᠭ᠎ᠠ ᠶᠢ ᠨᠢᠭᠡᠳᠬᠡᠭᠰᠡᠨ᠂ ᠬᠤᠨᠤᠭ ᠪᠠᠭᠤᠳᠠᠯ᠂ ᠬᠤᠭᠤᠯᠠ ᠤᠮᠳᠠ᠂ ᠵᠤᠭ᠎ᠠ ᠴᠡᠩᠭᠡᠯ᠂ ᠪᠠᠷᠠᠭ᠎ᠠ ᠬᠤᠳᠠᠯᠳᠤᠨ | ᠠᠪᠬᠤ ᠵᠡᠷᠭᠡ ᠣᠯᠠᠨ ᠵᠦᠢᠯ ᠤᠨ ᠬᠡᠷᠡᠭᠴᠡᠭᠡ ᠶᠢ ᠬᠠᠩᠭᠠᠵᠤ ᠳᠡᠶᠢᠯᠬᠦ ᠶᠡᠷᠦᠩᠬᠡᠶᠢᠯᠡᠭᠰᠡᠨ ᠴᠢᠨᠠᠷᠲᠠᠢ ᠵᠣᠴᠢᠳ ᠤᠨ | ᠪᠠᠭᠤᠳᠠᠯ ᠪᠣᠯᠣᠨ᠎ᠠ᠃ ᠵᠣᠴᠢᠳ ᠤᠨ ᠪᠠᠭᠤᠳᠠᠯ ᠤᠨ ᠣᠷᠴᠢᠨ ᠲᠣᠭᠤᠷᠢᠨ ᠢᠷᠠᠭᠤ ᠰᠠᠶᠢᠬᠠᠨ᠂ ᠵᠠᠮ ᠬᠠᠷᠢᠯᠴᠠᠭ᠎ᠠ | ᠳᠥᠭᠦᠮ ᠳᠥᠲᠡ᠂ ᠴᠢᠮᠡᠭᠡ ᠨᠡᠪᠲᠡᠷᠡᠯᠭᠡ ᠲᠦᠷᠭᠡᠨ᠂ ᠦᠢᠯᠡᠴᠢᠯᠡᠭᠡ ᠪᠦᠷᠢᠨ ᠭᠦᠢᠴᠡᠳ ᠪᠠᠶᠢᠵᠤ᠂ ᠲᠦᠩᠯᠢᠶᠣᠣ | ᠬᠤᠳᠠ ᠶᠢᠨ ᠵᠣᠴᠢᠳ ᠤᠨ ᠪᠠᠭᠤᠳᠠᠯ 1999 ᠣᠨ ᠤ 12 ᠳ᠋ᠤᠭᠠᠷ ᠰᠠᠷ᠎ᠠ ᠳᠤ ᠭᠤᠷᠪᠠᠨ ᠤᠳᠤᠨ ᠲᠡᠰ ᠢᠶᠠᠷ | ᠦᠨᠡᠯᠡᠭᠳᠡᠵᠦ᠂ 2000 ᠣᠨ᠂ 2002 ᠣᠨ ᠳᠤ ᠬᠤᠶᠠᠷ ᠤᠳᠠᠭ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠠᠮᠤᠭ ᠰᠠᠶᠢᠨ ᠣᠳᠣᠨ ᠳᠡᠰ ᠤᠨ ᠵᠣᠴᠢᠳ ᠤᠨ ᠪᠠᠭᠤᠳᠠᠯ ᠤᠨ ᠴᠣᠯᠠ ᠶᠢ ᠬᠦᠷᠲᠡᠪᠡ᠃ | | | | | ᠵᠣᠴᠢᠳ ᠤᠨ ᠪᠠᠭᠤᠳᠠᠯ ᠲᠡᠷᠢᠭᠦᠨ ᠤ ᠲᠥᠬᠦᠭᠡᠷᠦᠮᠵᠢ ᠲᠠᠢ᠂ ᠵᠠᠰᠠᠯ ᠴᠢᠮᠡᠭᠯᠡᠯ ᠢᠷᠠᠭᠤ ᠰᠠᠶᠢᠬᠠᠨ᠃ ᠭᠡᠷ | ᠳᠣᠲᠣᠷᠠᠬᠢ ᠣᠷᠴᠢᠨ ᠲᠣᠭᠤᠷᠢᠨ ᠴᠡᠪᠡᠷ ᠠᠷᠢᠭᠤᠨ᠂ ᠳᠤᠯᠠᠭᠠᠨ ᠲᠠᠭᠠᠯᠠᠮᠵᠢᠲᠠᠢ ᠪᠠᠶᠢᠳᠠᠭ᠃ ᠣᠳᠣ ᠬᠡᠭᠡᠨᠴᠢᠷ | ᠬᠦᠨᠳᠦᠲᠦ ᠵᠣᠴᠢᠨ ᠤ ᠢᠵᠢ ᠥᠷᠥᠭᠡ᠂ ᠪᠠᠷᠢᠮᠵᠢᠶᠠᠲᠤ ᠥᠷᠥᠭᠡ᠂ ᠭᠠᠭᠴᠠ ᠬᠥᠮᠥᠨ ᠤ ᠥᠷᠥᠭᠡ ᠵᠡᠷᠭᠡ ᠣᠯᠠᠨ | ᠵᠦᠢᠯ ᠤᠨ ᠦᠷᠦᠭᠡ ᠶᠢᠨ ᠬᠡᠯᠪᠡᠷᠢ 186 ᠢᠵᠢ ᠂ 315 ᠣᠷᠣ ᠪᠠᠶᠢᠨ᠎ᠠ᠃ ᠬᠠᠨ᠎ᠠ ᠶᠢᠨ ᠡᠯᠭᠦᠮᠡᠯ ᠬᠡᠯᠪᠡᠷᠢ ᠶᠢᠨ | ᠠᠭᠠᠷ ᠲᠣᠬᠢᠷᠠᠭᠤᠯᠤᠭᠴᠢ᠂ ᠴᠠᠬᠢᠯᠭᠠᠨ ᠬᠦᠴᠦᠨ ᠤ ᠮᠤᠤᠷ ᠤᠨ ᠲᠣᠣᠷ ᠰᠦᠯᠵᠢᠶᠡᠨ ᠤ ᠭᠥᠯᠢᠶᠡᠨ ᠠᠪᠬᠤ ᠰᠢᠰᠲ᠋ᠧᠮ | ᠂ ᠤᠯᠤᠰ ᠤᠨ ᠳᠣᠲᠣᠭᠠᠳᠤ ᠭᠠᠳᠠᠭᠠᠳᠤ ᠶᠢᠨ ᠰᠢᠭᠤᠳ ᠨᠡᠪᠲᠡᠷᠡᠬᠦ ᠤᠲᠠᠰᠤ᠂ ᠤᠲᠠᠰᠤᠲᠤ ᠲᠧᠯᠸᠢᠰ ᠵᠡᠷᠭᠡ ᠴᠥᠮ | ᠪᠦᠷᠢᠨ ᠪᠠᠶᠢᠨ᠎ᠠ᠃ ᠭᠥᠯᠢᠶᠡᠨ ᠠᠪᠤᠭᠴᠢ 24 ᠴᠠᠭ ᠲᠤ ᠭᠥᠯᠢᠶᠡᠨ ᠠᠪᠬᠤ᠂ ᠠᠰᠠᠭᠤᠨ ᠯᠠᠪᠯᠠᠬᠤ᠂ ᠳᠠᠩᠰᠠ | ᠳ᠋ᠦᠩᠨᠡᠬᠦ ᠪᠠ ᠦᠭᠡ ᠦᠯᠡᠳᠡᠭᠡᠬᠦ ᠦᠢᠯᠡᠴᠢᠯᠡᠭᠡ ᠬᠠᠩᠭᠠᠨ᠎ᠠ᠃ ᠵᠠᠬᠢᠳᠠᠯ ᠢ ᠣᠷᠣᠯᠠᠨ ᠶᠠᠪᠤᠭᠤᠯᠬᠤ᠂ ᠹᠠᠺᠰ | ᠶᠠᠪᠤᠭᠤᠯᠬᠤ᠂ ᠳᠠᠷᠤᠮᠠᠯᠯᠠᠬᠤ᠂ ᠦᠰᠦᠭ ᠮᠠᠰᠢᠨᠳᠠᠬᠤ᠂ ᠲᠦᠷᠢᠶᠡᠰᠦᠨ ᠮᠠᠰᠢᠨ ᠲᠡᠷᠭᠡ ᠶᠢ ᠤᠷᠢᠳᠴᠢᠯᠠᠨ ᠵᠠᠬᠢᠶᠠᠯᠠᠬᠤ | ᠪᠠ ᠲᠣᠬᠢᠷᠠᠭᠤᠯᠬᠤ ᠵᠢᠴᠢ ᠺᠣᠮᠫᠢᠦ᠋ᠲ᠋ᠧᠷ ᠲᠦᠷᠢᠶᠡᠰᠦᠯᠡᠭᠦᠯᠬᠦ ᠦᠢᠯᠡᠴᠢᠯᠡᠭᠡ ᠬᠠᠩᠭᠠᠵᠤ ᠪᠣᠯᠣᠨ᠎ᠠ᠃ | 20 ᠵᠦᠢᠯ ᠤᠨ ᠥᠪᠡᠷᠮᠢᠴᠡ ᠬᠡᠪ ᠨᠠᠮᠪᠠ ᠲᠠᠢ ᠶᠡᠭᠡ ᠪᠠᠭ᠎ᠠ ᠬᠤᠭᠤᠯᠠᠨ ᠭᠡᠷ᠂ ᠳᠠᠶᠢᠯᠠᠯᠭ᠎ᠠ ᠶᠢᠨ ᠲᠢᠩᠬᠢᠮ ᠳᠤ | ᠠᠳᠠᠯᠢ ᠪᠤᠰᠤ ᠬᠡᠪᠴᠢᠶᠡᠨ ᠤ ᠳᠠᠶᠢᠯᠠᠯᠭ᠎ᠠ᠂ ᠠᠷᠢᠬᠢᠨ ᠳᠠᠶᠢᠯᠠᠯᠭ᠎ᠠ᠂ ᠬᠦᠢᠲᠡᠨ ᠢᠳᠡᠭᠡᠨ ᠤ ᠳᠠᠶᠢᠯᠠᠯᠭ᠎ᠠ ᠶᠢ ᠵᠡᠷᠭᠡ ᠪᠠᠷ | ᠶᠠᠪᠤᠭᠳᠠᠭᠤᠯᠵᠤ ᠪᠣᠯᠣᠨ᠎ᠠ᠃ ᠨᠠᠷᠠᠲᠠᠢ ᠪᠠᠭᠰᠢ ᠰᠧᠴᠤᠸᠠᠨ᠂ ᠯᠢᠶᠣᠤᠨᠢᠩ᠂ ᠭᠤᠸᠠᠩᠳᠦ᠋ᠩ ᠶᠢᠨ ᠡᠯ᠎ᠡ | ᠲᠥᠷᠥᠯ ᠤᠨ ᠨᠣᠭᠤᠭ᠎ᠠ ᠶᠢᠨ ᠰᠢᠰᠲ᠋ᠧᠮ ᠵᠢᠴᠢ ᠣᠷᠣᠨ ᠨᠤᠲᠤᠭ ᠤᠨ ᠦᠨᠳᠦᠰᠦᠲᠡᠨ ᠤ ᠠᠮᠲᠠᠲᠤ ᠢᠳᠡᠭᠡᠨ ᠢ | ᠡᠷᠭᠢᠯᠡᠨ ᠬᠠᠮᠢᠶᠠᠷᠳᠠᠭ᠃ ᠥᠪᠡᠷᠮᠢᠴᠡ ᠣᠨᠴᠠᠯᠢᠭ ᠲᠠᠢ ᠮᠣᠩᠭᠤᠯ ᠭᠡᠷ ᠤᠨ ᠬᠤᠭᠤᠯᠠᠨ ᠭᠡᠷ ᠨᠢ ᠲᠠᠨ ᠳᠤ | ᠦᠨᠳᠦᠰᠦᠲᠡᠨ ᠤ ᠴᠡᠪᠡᠷ ᠠᠮᠲᠠᠲᠤ ᠢᠳᠡᠭᠡᠨ ᠢ ᠡᠳ᠋ᠯᠡᠭᠦᠯᠬᠦ ᠶᠢᠨ ᠬᠠᠮᠲᠤ ᠦᠨᠳᠦᠰᠦᠲᠡᠨ ᠤ ᠤᠷᠠᠯᠢᠭ ᠤᠨ ᠵᠢᠩᠬᠢᠨᠢ | ᠲᠣᠭᠯᠠᠯᠲᠠ ᠶᠢ ᠰᠣᠨᠢᠷᠬᠠᠭᠤᠯᠤᠨ᠎ᠠ᠃ | ᠲᠠᠩᠰᠤᠭ ᠬᠡᠭᠡᠨᠴᠢᠷ ᠣᠯᠠᠨ ᠴᠢᠳᠠᠮᠵᠢᠲᠤ ᠲᠢᠩᠬᠢᠮ ᠨᠢ ᠲᠥᠪ ᠶᠡᠬᠡᠮᠰᠦᠭ᠂ ᠬᠡᠭᠡᠨᠴᠢᠷ᠂ ᠲᠣᠬᠢᠷᠠᠭᠤᠯᠤᠯᠲᠠ | ᠨᠢ ᠪᠦᠷᠢᠨ ᠲᠡᠭᠦᠯᠳᠡᠷ ᠪᠠᠶᠢᠳᠠᠭ᠃ ᠲᠠᠨ ᠤ ᠭᠡᠷ᠎ᠡ ᠲᠣᠭᠲᠠᠬᠤ᠂ ᠴᠤᠭᠯᠠᠭᠠᠨ ᠵᠢᠴᠢ ᠰᠣᠨᠢᠨ ᠮᠡᠳᠡᠭᠡ ᠨᠡᠶᠢᠲᠡᠯᠡᠬᠦ | ᠵᠡᠷᠭᠡ ᠶᠢ ᠨᠡᠩ ᠴᠢᠨᠠᠷ ᠳᠡᠰ ᠲᠠᠢ ᠪᠣᠯᠭᠠᠨ᠎ᠠ᠃ ᠠᠭᠤᠵᠢᠮ ᠰᠠᠷᠠᠭᠤᠯ᠂ ᠴᠢᠳᠠᠮᠵᠢ ᠨᠢ ᠢᠵᠢ ᠪᠦᠷᠢᠳᠦᠭᠰᠡᠨ 9 | ᠶᠡᠭᠡ ᠪᠠᠭ᠎ᠠ ᠬᠤᠷᠠᠯ ᠤᠨ ᠲᠢᠩᠬᠢᠮ ᠨᠢ ᠠᠳᠠᠯᠢ ᠪᠤᠰᠤ ᠲᠠᠰ ᠪᠠ ᠬᠡᠪᠴᠢᠶ᠎ᠡ ᠲᠠᠢ ᠬᠤᠷᠠᠯ ᠢ ᠭᠥᠯᠢᠶᠡᠨ ᠠᠪᠴᠤ ᠪᠣᠯᠬᠤ | ᠪᠥᠭᠡᠳ ᠲᠣᠮᠣ ᠬᠡᠯᠪᠡᠷᠢ ᠶᠢᠨ ᠠᠵᠤ ᠠᠬᠤᠢ ᠶᠢᠨ ᠬᠤᠷᠠᠯ ᠦᠵᠡᠰᠬᠦᠯᠡᠩ ᠢ ᠡᠷᠭᠢᠯᠡᠬᠦ ᠬᠦᠰᠡᠯᠡᠩ ᠤᠨ ᠲᠠᠯᠠᠪᠤᠷ | ᠪᠣᠯᠣᠨ᠎ᠠ᠃ ᠳᠥᠭᠦᠮ ᠳᠥᠲᠡ ᠣᠳᠣ ᠦᠶ᠎ᠡ ᠶᠢᠨ ᠬᠤᠳᠠᠯᠳᠤᠭᠠᠨ ᠤ ᠶᠠᠪᠤᠳᠠᠯ ᠤᠨ ᠰᠢᠰᠲ᠋ᠧᠮ ᠨᠢ ᠲᠠᠨ ᠳᠤ ᠨᠢᠭᠡᠨ | ᠪᠦᠷᠢᠨ ᠲᠡᠭᠦᠯᠳᠡᠷ ᠬᠤᠳᠠᠯᠳᠤᠭᠠᠨ ᠤ ᠶᠠᠪᠤᠳᠠᠯ ᠤᠨ ᠲᠠᠪᠴᠠᠩ ᠢ ᠪᠠᠶᠢᠭᠤᠯᠵᠤ ᠥᠭᠭᠦᠨ᠎ᠡ᠃ | ᠬᠤᠳᠠᠯᠳᠤᠭᠠᠨ ᠤ ᠲᠥᠪ᠂ ᠰᠣᠳᠣᠨ ᠲᠠᠸᠠᠷ ᠤᠨ ᠴᠤᠭᠯᠠᠭᠠᠨ᠃ ᠣᠷᠣᠨ ᠨᠤᠲᠤᠭ ᠤᠨ ᠦᠨᠳᠦᠰᠦᠲᠡᠨ ᠤ | ᠥᠪᠡᠷᠮᠢᠴᠡ ᠣᠨᠴᠠᠯᠢᠭ ᠲᠠᠢ ᠭᠠᠷ ᠤᠷᠠᠯᠠᠯ ᠤᠨ ᠪᠦᠲᠦᠭᠡᠭᠳᠡᠬᠦᠨ᠂ ᠵᠤᠭᠠᠴᠠᠯ ᠤᠨ ᠪᠦᠲᠦᠭᠡᠭᠳᠡᠬᠦᠨ᠂ ᠨᠤᠲᠤᠭ ᠤᠨ | ᠣᠨᠴᠠ ᠭᠠᠷᠤᠯᠲᠠ ᠵᠡᠷᠭᠡ ᠪᠦᠷ ᠪᠠᠶᠢᠨ᠎ᠠ᠃ | ᠬᠠᠶ᠋ᠢᠭ᠄ ᠰᠢᠷᠠᠮᠥ᠋ᠷᠡᠨ ᠶᠡᠭᠡ ᠵᠡᠭᠡᠯᠢ ᠶᠢᠨ 30 ᠳ᠋ᠤᠭᠠᠷ ᠨᠣᠮᠧᠷ | ᠬᠠᠷᠢᠯᠴᠠᠬᠤ ᠤᠲᠠᠰᠤ᠄ 0475 ︱ 8280000 | | | | |