ᠲᠦᠩᠯᠢᠶᠣᠣ ᠬᠤᠷᠴᠢᠨ ᠤ ᠵᠠᠰᠠᠭ ᠠᠯᠪᠠᠨ ᠲᠠᠷᠬᠠᠭᠠᠭᠰᠠᠨ〔2023〕1 ᠳ᠋ᠦᠭᠡᠷ ᠲᠣᠭᠠᠲᠤ | | ︽ᠬᠤᠷᠴᠢᠨ ᠲᠣᠭᠤᠷᠢᠭ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠬᠡᠷᠡᠭᠵᠢᠭᠦᠯᠬᠦ ᠲᠥᠯᠥᠪᠯᠡᠭᠡ (2021 | ︱ 2025 ᠣᠨ)︾ ᠶᠢ ᠳᠠᠷᠤᠮᠠᠯᠯᠠᠨ ᠶᠠᠪᠤᠭᠤᠯᠬᠤ ᠲᠤᠬᠠᠢ ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠤ ᠠᠯᠪᠠᠨ ᠭᠡᠷ ᠤᠨ ᠮᠡᠳᠡᠭᠳᠡᠯ | ᠬᠤᠯᠪᠣᠭᠳᠠᠯ ᠪᠦᠬᠦᠢ ᠨᠢᠭᠡᠴᠢ ᠨᠦᠭᠦᠳ ᠲᠤ᠄ | ᠮᠠᠨ ᠤ ᠲᠣᠭᠤᠷᠢᠭ ᠤᠨ ᠥᠷᠭᠡᠨ ᠣᠯᠠᠨ ᠠᠷᠠᠳ ᠲᠦᠮᠡᠨ ᠤ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠤᠯᠠᠮ | ᠨᠢᠭᠡ ᠠᠯᠬᠤᠮ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨᠴᠢ᠂ ᠪᠣᠯᠪᠠᠰᠤᠨ᠂ ᠡᠷᠡᠭᠦᠯ ᠴᠢᠭᠢᠷᠠᠭ ᠠᠮᠢᠳᠤᠷᠠᠯ ᠤᠨ | ᠠᠷᠭ᠎ᠠ ᠮᠠᠶ᠋ᠢᠭ ᠢ ᠴᠣᠭᠴᠠᠯᠠᠨ ᠪᠠᠶᠢᠭᠤᠯᠵᠤ᠂ ᠠᠷᠠᠳ ᠲᠦᠮᠡᠨ ᠤ ᠬᠡᠷᠡᠭᠴᠡᠭᠡ ᠪᠠ ᠣᠷᠣᠨ ᠪᠦᠰᠡ ᠶᠢᠨ | ᠣᠨᠴᠠᠯᠢᠭ ᠲᠤ ᠨᠡᠶᠢᠴᠡᠭᠰᠡᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠤᠨ ᠬᠥᠭᠵᠢᠯᠲᠡ ᠶᠢᠨ ᠵᠠᠭᠪᠤᠷ ᠢ | ᠪᠣᠶ ᠪᠣᠯᠭᠠᠬᠤ ᠶᠢᠨ ᠲᠤᠰᠠᠳᠠ᠂ ᠡᠳᠦᠭᠡ ︽ᠬᠤᠷᠴᠢᠨ ᠲᠣᠭᠤᠷᠢᠭ ᠤᠨ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠶᠢ ᠬᠡᠷᠡᠭᠵᠢᠭᠦᠯᠬᠦ ᠲᠥᠯᠥᠪᠯᠡᠭᠡ ( 2021 ︱ 2025 ᠣᠨ )︾ ᠶᠢ ᠲᠠᠨᠠᠷ ᠲᠤ | ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠲᠤᠭᠠᠢ᠃ | | | ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2023 ᠣᠨ ᠤ 1 ᠰᠠᠷ᠎ᠠ ᠶᠢᠨ 28 ᠤ ᠡᠳᠦᠷ | | | ᠬᠤᠷᠴᠢᠨ ᠲᠣᠭᠤᠷᠢᠭ ᠤᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠬᠡᠷᠡᠭᠵᠢᠭᠦᠯᠬᠦ ᠲᠥᠯᠥᠪᠯᠡᠭᠡ | ︵2021-2025 ᠣᠨ︶ | | ᠪᠦᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠬᠥᠳᠡᠯᠭᠡᠭᠡᠨ ᠢ ᠥᠷᠭᠡᠨ ᠳᠡᠯᠭᠡᠷ | ᠥᠷᠨᠢᠭᠦᠯᠬᠦ ᠶᠢᠨ ᠲᠥᠯᠥᠭᠡ᠂ ᠮᠠᠨ ᠤ ᠲᠣᠭᠤᠷᠢᠭ ᠤᠨ ᠥᠷᠭᠡᠨ ᠣᠯᠠᠨ ᠠᠷᠠᠳ ᠲᠦᠮᠡᠨ ᠤ ᠪᠡᠶ᠎ᠡ ᠰᠡᠳᠬᠢᠯ ᠤᠨ | ᠡᠷᠡᠭᠦᠯ ᠮᠡᠨᠳᠦ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨᠴᠢ᠂ ᠪᠣᠯᠪᠠᠰᠤᠨ᠂ ᠡᠷᠡᠭᠦᠯ | ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠢ ᠪᠠᠶᠢᠭᠤᠯᠤᠨ᠂ ᠠᠷᠠᠳ ᠲᠦᠮᠡᠨ ᠤ ᠬᠡᠷᠡᠭᠴᠡᠭᠡ ᠪᠠ ᠣᠷᠣᠨ ᠪᠦᠰᠡ ᠶᠢᠨ | ᠣᠨᠴᠠᠯᠢᠭ ᠲᠤ ᠨᠡᠶᠢᠴᠡᠭᠰᠡᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠤᠨ ᠬᠥᠭᠵᠢᠯᠲᠡ ᠶᠢᠨ ᠵᠠᠭᠪᠤᠷ ᠢ | ᠪᠣᠶ ᠪᠣᠯᠭᠠᠵᠤ᠂ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠳᠦᠷᠢᠮ︾ ᠪᠠ ︽ᠲᠦᠩᠯᠢᠶᠣᠣ ᠬᠤᠲᠠ ᠶᠢᠨ | ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠬᠡᠷᠡᠭᠵᠢᠭᠦᠯᠬᠦ ᠲᠥᠯᠥᠪᠯᠡᠭᠡ ︵2021 ︱ 2025︶︾ ᠶᠢ | ᠦᠨᠳᠦᠰᠦᠯᠡᠨ᠂ ᠮᠠᠨ ᠤ ᠲᠣᠭᠤᠷᠢᠭ ᠤᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠪᠣᠳᠠᠲᠤ | ᠪᠠᠶᠢᠳᠠᠯ ᠲᠠᠢ ᠤᠶᠠᠯᠳᠤᠭᠤᠯᠵᠤ᠂ ᠲᠣᠰ ᠲᠥᠯᠥᠪᠯᠡᠭᠡ ᠶᠢ ᠲᠣᠭᠲᠠᠭᠠᠪᠠ᠃ | ᠨᠢᠭᠡ᠂ ᠵᠢᠯᠤᠭᠤᠳᠬᠤ ᠦᠵᠡᠯ ᠰᠠᠨᠠᠭ᠎ᠠ | ᠬᠤᠷᠴᠢᠨ ᠲᠣᠭᠤᠷᠢᠭ ᠤᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠨᠢ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠵᠤ᠂ ᠡᠷᠡᠭᠦᠯ ᠡᠩᠬᠡ ᠳᠤᠮᠳᠠᠳᠤ ᠤᠯᠤᠰ ᠤᠨ ᠪᠠᠶᠢᠯᠳᠤᠬᠤ ᠪᠣᠳᠣᠯᠭ᠎ᠠ ᠪᠠ ᠪᠥᠬᠦ ᠠᠷᠠᠳ ᠤᠨ | ᠪᠡᠶ᠎ᠡ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠦᠨ᠎ᠡ᠃ ᠠᠷᠠᠳ | ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠥᠷᠭᠡᠨ ᠣᠯᠠᠨ ᠠᠷᠠᠳ ᠲᠦᠮᠡᠨ ᠤ ᠪᠡᠶ᠎ᠡ ᠴᠢᠭᠢᠷᠠᠭᠵᠢᠭᠤᠯᠬᠤ | ᠬᠡᠷᠡᠭᠴᠡᠭᠡ ᠶᠢ ᠬᠠᠩᠭᠠᠬᠤ᠂ ᠬᠥᠮᠥᠨ ᠤ ᠪᠦᠬᠦ ᠲᠠᠯ᠎ᠠ ᠪᠠᠷ ᠬᠥᠭᠵᠢᠬᠦ ᠶᠢ ᠠᠬᠢᠭᠤᠯᠬᠤ ᠶᠢ ᠮᠠᠨ ᠤ ᠲᠣᠭᠤᠷᠢᠭ ᠤᠨ | ᠪᠡᠶ᠎ᠡ ᠶᠢᠨ ᠲᠠᠮᠢᠷ ᠤᠨ ᠠᠵᠢᠯ ᠤᠨ ᠡᠭᠦᠰᠬᠡᠯ ᠪᠠ ᠲᠡᠭᠦᠰᠬᠡᠯ ᠪᠣᠯᠭᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ | ᠲᠤᠤᠱᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠭᠤᠯᠤᠨ᠂ | ᠳᠤᠲᠠᠭᠤᠳᠠᠯ ᠢ ᠨᠥᠬᠦᠪᠦᠷᠢᠯᠡᠵᠦ᠂ ᠪᠠᠭᠤᠷᠠᠢ ᠲᠠᠯ᠎ᠠ ᠶᠢ ᠬᠦᠴᠦᠷᠬᠡᠭᠵᠢᠭᠦᠯᠦᠨ᠂ ᠨᠠᠩ ᠥᠨᠳᠥᠷ ᠬᠢᠷᠢ ᠲᠦᠪᠰᠢᠨ | ᠪᠦᠬᠦᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ | ᠪᠠᠶᠢᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ | ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠬᠡᠷᠡᠭᠴᠡᠭᠡ | ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠨ᠎ᠠ᠃ | ᠬᠤᠶᠠᠷ᠂ ᠬᠥᠭᠵᠢᠯᠲᠡ ᠶᠢᠨ ᠬᠠᠷᠠᠯᠲᠠ | 2025 ᠣᠨ ᠪᠣᠯᠬᠤ ᠳᠤ᠂ ᠪᠥᠬᠦ ᠲᠣᠭᠤᠷᠢᠭ ᠤᠨ ᠥᠷᠭᠡᠨ ᠣᠯᠠᠨ ᠠᠷᠠᠳ ᠲᠦᠮᠡᠨ ᠤ ᠪᠡᠶ᠎ᠡ ᠶᠢᠨ | ᠲᠠᠮᠢᠷ ᠤᠨ ᠪᠣᠯᠪᠠᠰᠤᠷᠠᠯ ᠳᠤ ᠣᠷᠣᠯᠴᠠᠬᠤ ᠦᠵᠡᠯ ᠤᠬᠠᠮᠰᠠᠷ ᠢ ᠢᠯᠡᠳᠲᠡ ᠴᠢᠩᠭᠠᠷᠠᠭᠤᠯᠵᠤ᠂ ᠪᠡᠶ᠎ᠡ ᠶᠢᠨ ᠲᠠᠮᠢᠷ ᠤᠨ | ᠪᠣᠯᠪᠠᠰᠤᠷᠠᠯ ᠳᠤ ᠪᠠᠶᠢᠩᠭᠤ ᠣᠷᠣᠯᠴᠠᠬᠤ ᠬᠥᠮᠥᠨ ᠤ ᠲᠤᠭ᠎ᠠ ᠶᠢᠨ ᠬᠠᠷᠢᠴᠠᠯ ᠢ ᠵᠢᠱᠢᠯᠲᠡ ᠪᠠᠷ 38.5% ᠳᠤ | ᠬᠦᠷᠦᠭᠦᠯᠦᠨ᠎ᠡ︔ ᠰᠤᠮᠤ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ | ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠡᠯᠡᠳᠬᠡᠮᠵᠢ ᠳᠤ ᠴᠥᠮ ︽15 ᠮᠢᠨᠦ᠋ᠲ ᠤᠨ ᠪᠡᠶ᠎ᠡ ᠴᠢᠭᠢᠷᠠᠭᠵᠢᠭᠤᠯᠬᠤ | ᠲᠣᠭᠤᠷᠢᠭ︾ ᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃ ᠬᠤᠷᠴᠢᠨ ᠲᠣᠭᠤᠷᠢᠭ ᠤᠨ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠲᠥᠪ ᠢ ᠠᠰᠢᠭᠯᠠᠯᠲᠠ ᠳᠤ ᠣᠷᠣᠭᠤᠯᠵᠤ᠂ ᠨᠢᠭᠡ ᠪᠡᠶ᠎ᠡ ᠶᠢᠨ ᠲᠠᠮᠢᠷ ᠤᠨ ᠴᠡᠴᠡᠷᠯᠢᠭ ᠢ ᠲᠥᠯᠥᠪᠯᠡᠨ | ᠪᠠᠶᠢᠭᠤᠯᠵᠤ᠂ ᠪᠥᠬᠦ ᠲᠣᠭᠤᠷᠢᠭ ᠤᠨ ᠬᠥᠮᠥᠨ ᠳᠤᠮᠳᠠᠴᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠲᠠᠯᠠᠪᠠᠶ ︵ᠡᠯ᠎ᠡ | ᠱᠠᠲᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨᠲ᠋ᠠᠯᠠᠪᠤᠷ ᠪᠠᠭᠲᠠᠨ᠎ᠠ︶ ᠶᠢ 2.6 ᠲᠡᠭᠰᠢ | ᠳᠥᠷᠪᠡᠯᠵᠢᠨ ᠮᠧᠲᠷ ᠠᠴᠠ ᠳᠡᠭᠡᠭᠰᠢ ᠳᠤ ᠬᠦᠷᠦᠭᠦᠯᠦᠨ᠎ᠡ︔ ᠪᠡᠶ᠎ᠡ ᠶᠢᠨ ᠲᠠᠮᠢᠷ ᠤᠨ ᠲᠤᠰᠬᠠᠢ ᠮᠡᠷᠭᠡᠵᠢᠯ ᠤᠨ ᠤᠷ᠎ᠠ | ᠴᠢᠳᠠᠪᠤᠷᠢᠲᠠᠨ ᠢ ᠶᠡᠬᠡᠪᠡᠷ ᠬᠥᠮᠥᠵᠢᠭᠦᠯᠵᠦ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠦᠢᠯᠡᠴᠢᠯᠡᠭᠡᠨ ᠤ | ᠵᠢᠯᠤᠭᠤᠳᠬᠤ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠦᠨ᠎ᠡ᠃ ᠤᠯᠤᠰ ᠠᠷᠠᠳ ᠤᠨ ᠪᠡᠶ᠎ᠡ ᠮᠠᠬᠠᠪᠤᠳ ᠤᠨ ᠬᠢᠨᠠᠨ | ᠬᠡᠮᠵᠢᠯᠲᠡ ᠶᠢᠨ ᠬᠢᠷᠢ ᠲᠡᠩᠴᠡᠭᠰᠡᠨ ᠨᠣᠷᠮ᠎ᠠ ᠶᠢ ᠮᠢᠩᠭᠠᠨ ᠬᠥᠮᠥᠨ ᠪᠦᠷᠢ ᠳᠤ ᠨᠡᠶᠢᠭᠡᠮ ᠤᠨ ᠪᠡᠶ᠎ᠡ ᠶᠢᠨ ᠲᠠᠮᠢᠷ ᠤᠨ | ᠵᠢᠭᠠᠨ ᠵᠢᠯᠣᠭᠤᠳᠤᠭᠴᠢ ᠠᠴᠠ 2.5 ᠬᠥᠮᠥᠨ ᠠᠴᠠ ᠳᠡᠭᠡᠭᠰᠢ ᠪᠠᠶᠢᠬᠤ ᠬᠡᠷᠡᠭᠲᠡᠢ︔ ᠪᠡᠶ᠎ᠡ ᠶᠢᠨ ᠲᠠᠮᠢᠷ ᠤᠨ ᠠᠵᠤ | ᠦᠢᠯᠡᠰ ᠤᠯᠠᠮ ᠨᠢᠭᠡ ᠠᠯᠬᠤᠮ ᠬᠥᠭᠵᠢᠵᠦ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠦᠢᠯᠡᠳᠪᠦᠷᠢᠯᠡᠯ ᠤᠨ | ᠥᠷᠲᠡᠭ ᠢ ᠢᠯᠡᠳᠲᠡ ᠲᠡᠭᠡᠭᠰᠢᠯᠡᠭᠦᠯᠤᠨ᠎ᠡ᠃ | ᠭᠤᠷᠪᠠ᠂ ᠭᠤᠣᠯ ᠡᠭᠦᠷᠭᠡ | ︵ᠨᠢᠭᠡ︶ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠪᠡᠯᠡᠳᠬᠡᠮᠵᠢ ᠶᠢᠨ ᠬᠠᠩᠭᠠᠯᠭ᠎ᠠ ᠶᠢ | ᠴᠢᠩᠭᠠᠳᠬᠠᠨ᠎ᠠ | 1. ᠬᠤᠲᠠ ᠶᠢᠨ ᠲᠣᠭᠤᠷᠢᠭ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠤᠨ | ᠪᠡᠯᠡᠳᠬᠡᠮᠵᠢ ᠶᠢᠨ ᠲᠠᠰ ᠳᠡᠪᠰᠢᠬᠦ ᠶᠢ ᠠᠬᠢᠭᠤᠯᠤᠨ᠎ᠠ᠃ ᠬᠤᠲᠠ ᠶᠢᠨ ᠲᠣᠭᠤᠷᠢᠭ ᠤᠨ ᠡᠮᠦᠨ᠎ᠡ ᠤᠮᠠᠷ᠎ᠠ ᠶᠢᠨ ᠳᠥᠷᠪᠡᠨ | ᠶᠡᠭᠡ ᠴᠡᠴᠡᠷᠯᠢᠭ ︵ᠯᠢᠶᠣᠤ ᠾᠧ ᠴᠡᠴᠡᠷᠯᠢᠭ᠂ ᠰᠢᠷᠠᠮᠥ᠋ᠷᠦᠨ ᠴᠡᠴᠡᠷᠯᠢᠭ᠂ ᠠᠷᠠᠳ ᠤᠨ ᠴᠡᠴᠡᠷᠯᠢᠭ᠂ ᠣᠶ | ᠰᠢᠭᠤᠢ ᠶᠢᠨ ᠴᠡᠴᠡᠷᠯᠢᠭ︶ ᠪᠣᠯᠣᠨ ᠵᠡᠭᠦᠨ ᠪᠠᠷᠠᠭᠤᠨ ᠭᠤᠷᠪᠠᠨ ᠶᠡᠭᠡ ᠲᠠᠯᠠᠪᠠᠶ ︵ᠣᠯᠢᠮᠫᠢᠺ ᠤᠨ ᠪᠡᠶ᠎ᠡ ᠶᠢᠨ | ᠲᠠᠮᠢᠷ ᠤᠨ ᠲᠠᠯᠠᠪᠠᠶ᠂ ᠰᠣᠶᠣᠯ ᠪᠡᠶ᠎ᠡ ᠶᠢᠨ ᠲᠠᠮᠢᠷ ᠤᠨ ᠲᠠᠯᠠᠪᠠᠶ᠂ ᠵᠠᠭᠠᠨ ᠤ ᠲᠠᠯᠠᠪᠠᠶ︶ ᠶᠢᠨ ᠴᠢᠳᠠᠮᠵᠢ ᠶᠢ ᠭᠦᠢᠴᠡᠳ | ᠪᠠᠳᠠᠷᠠᠭᠤᠯᠵᠤ᠂ 2023 ᠣᠨ ᠤ ᠰᠡᠭᠦᠯᠴᠢ ᠪᠠᠷ ᠬᠤᠷᠴᠢᠨ ᠲᠣᠭᠤᠷᠢᠭ ᠤᠨ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠲᠥᠪ ᠢ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ ᠳᠡᠭᠡᠳᠦ ᠱᠠᠲᠤᠨ ᠤ ᠪᠡᠯᠡ | ᠮᠥᠩᠭᠦ ᠪᠠᠷ ᠳᠡᠮᠵᠢᠬᠦ ᠲᠥᠷᠥᠯ ᠵᠦᠢᠯ ᠤᠨ ᠴᠢᠭᠯᠡᠯ ᠢ ᠢᠳᠡᠪᠬᠢᠲᠡᠢ ᠪᠠᠷ ᠡᠮᠬᠢᠯᠡᠨ ᠳᠢᠭᠯᠡᠵᠦ᠂ ᠤᠯᠤᠰ ᠤᠨ | ᠲᠥᠷᠥ ᠶᠢᠨ ᠪᠣᠳᠣᠯᠭ᠎ᠠ ᠬᠢᠭᠡᠳ ᠭᠤᠣᠯ ᠬᠤᠲᠠ ᠶᠢᠨ ᠲᠣᠭᠤᠷᠢᠭ ᠤᠨ ᠪᠣᠳᠠᠲᠠᠢ ᠪᠠᠶᠢᠳᠠᠯ ᠤᠨ ᠤᠶᠠᠯᠳᠤᠯ ᠤᠨ ᠴᠡᠭ | ᠪᠠ ᠭᠠᠷᠳᠠᠬᠤ ᠴᠡᠭ ᠢ ᠣᠨᠣᠪᠴᠢᠲᠠᠶ ᠡᠷᠢᠨ ᠣᠯᠵᠤ᠂ ᠪᠡᠶ᠎ᠡ ᠴᠢᠭᠢᠷᠠᠭᠵᠢᠭᠤᠯᠬᠤ ᠵᠠᠮ᠂ ᠪᠡᠶ᠎ᠡ ᠶᠢᠨ ᠲᠠᠮᠢᠷ ᠤᠨ | ᠴᠡᠴᠡᠷᠯᠢᠭ᠂ ᠣᠯᠠᠨ ᠨᠡᠶᠢᠲᠡ ᠶᠢᠨ ᠬᠥᠯ ᠪᠥᠮᠪᠦᠭᠡ ᠶᠢᠨ ᠲᠠᠯᠠᠪᠤᠷ ᠵᠡᠷᠭᠡ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠪᠠ | ᠦᠢᠯᠡᠴᠢᠯᠡᠭᠡᠨ ᠤ ᠪᠡᠯᠡᠳᠬᠡᠮᠵᠢ ᠵᠡᠷᠭᠡ ᠴᠢᠭᠯᠡᠯ ᠳᠤ ᠴᠢᠭᠯᠡᠭᠦᠯᠦᠨ᠂ ᠲᠥᠷᠥᠯ ᠵᠦᠢᠯ ᠢ ᠨᠠᠶᠢᠷᠠᠭᠤᠯᠤᠨ ᠵᠣᠬᠢᠶᠠᠬᠤ | ᠠᠵᠢᠯ ᠢ ᠰᠠᠶᠢᠲᠤᠷ ᠬᠢᠬᠦ ᠬᠡᠷᠡᠭᠲᠡᠢ᠃ | 2. ᠮᠠᠯᠵᠢᠬᠤ ᠲᠠᠷᠢᠶᠠᠯᠠᠬᠤ ᠣᠷᠣᠨ ᠤ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠶᠢᠨ | ᠳᠤᠲᠠᠭᠤᠳᠠᠯ ᠢ ᠨᠥᠬᠦᠪᠦᠷᠢᠯᠡᠨ᠎ᠡ᠃ 2025 ᠣᠨ ᠪᠣᠯᠬᠤ ᠳᠤ᠂ ᠪᠥᠬᠦ ᠲᠣᠭᠤᠷᠢᠭ ᠤᠨ 10 ᠰᠤᠮᠤ ᠪᠠᠯᠭᠠᠰᠤᠨ ᠳᠤ | ᠴᠥᠮ ᠴᠢᠳᠠᠮᠵᠢ ᠪᠠᠷ ᠪᠦᠷᠢᠨ ᠲᠡᠭᠦᠯᠳᠡᠷ ᠶᠡᠷᠦᠩᠬᠡᠶᠢᠯᠡᠭᠰᠡᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠢ | ᠨᠢᠭᠡ ᠪᠠᠶᠢᠭᠤᠯᠤᠨ᠎ᠠ᠃ ᠲᠣᠰᠬᠤᠨ ︵ᠭᠠᠴᠠᠭ᠎ᠠ︶ ᠤ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠪᠠᠶᠢᠭᠤᠯᠬᠤ | ᠵᠢᠵᠢᠭ ᠬᠡᠯᠪᠡᠷᠢ ᠶᠢᠨ ᠶᠡᠷᠦᠩᠬᠡᠶᠢᠯᠡᠭᠰᠡᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠤᠨ ᠲᠥᠷᠥᠯ ᠵᠦᠢᠯ ᠢ | ᠠᠬᠢᠭᠤᠯᠵᠤ᠂ ᠪᠦᠬᠦᠨ ᠢ ᠬᠠᠮᠤᠷᠬᠤ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠰᠤᠮᠤ ᠪᠠᠯᠭᠠᠰᠤ᠂ ᠭᠠᠴᠠᠭ᠎ᠠ ᠲᠣᠰᠬᠤᠨ ᠳᠤ | ᠣᠯᠠᠨ ᠴᠢᠳᠠᠮᠵᠢᠲᠤ ᠪᠡᠶ᠎ᠡ ᠶᠢᠨ ᠲᠠᠮᠢᠷ ᠤᠨ ᠲᠠᠯᠠᠪᠠᠶ᠂ ᠪᠡᠶ᠎ᠡ ᠴᠢᠭᠢᠷᠠᠭᠵᠢᠭᠤᠯᠬᠤ ᠵᠠᠮ ᠱᠤᠭᠤᠮ᠂ ᠨᠡᠶᠢᠭᠡᠮ ᠤᠨ ᠬᠥᠯ | ᠪᠥᠮᠪᠦᠭᠡ ᠶᠢᠨ ᠲᠠᠯᠠᠪᠤᠷ ᠵᠡᠷᠭᠡ ᠶᠢ ᠲᠣᠬᠢᠷᠠᠭᠤᠯᠤᠨ ᠪᠠᠶᠢᠭᠤᠯᠬᠤ ᠶᠢ ᠲᠡᠭᠦᠯᠳᠡᠷᠵᠢᠭᠦᠯᠵᠦ᠂ ᠰᠤᠮᠤ ᠰᠢᠶᠠᠩ ᠪᠠᠯᠭᠠᠰᠤ᠂ | ᠭᠠᠴᠠᠭ᠎ᠠ ᠲᠣᠰᠬᠤᠨ ᠳᠤ ᠨᠠᠭᠠᠲᠤ ᠵᠠᠬ᠎ᠠ ᠳᠠᠭᠠᠨ 1 ᠢᠵᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠᠭᠠᠵᠢ | ᠬᠡᠷᠡᠭᠰᠡᠯ ᠲᠣᠬᠢᠷᠠᠭᠤᠯᠬᠤ ᠶᠢ ᠪᠡᠶᠡᠯᠡᠭᠦᠯᠦᠨ᠎ᠡ᠃ | 3. ᠮᠥᠰᠥ ᠴᠠᠰᠤᠨ ᠤ ᠲᠠᠯᠠᠪᠤᠷ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ | ᠣᠯᠠᠨ ᠲᠦᠮᠡᠨ ᠤ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠣᠯᠠᠨ ᠶᠠᠩᠵᠤ ᠶᠢᠨ ᠬᠥᠭᠵᠢᠯᠲᠡ ᠶᠢ | ᠢᠳᠡᠪᠬᠢᠲᠡᠢ ᠪᠠᠷ ᠠᠬᠢᠭᠤᠯᠵᠤ᠂ ᠡᠯ᠎ᠡ ᠰᠤᠮᠤ᠂ ᠪᠠᠯᠭᠠᠰᠤ᠂ ᠵᠡᠭᠡᠯᠢ ᠭᠤᠳᠤᠮᠵᠢ ᠶᠢᠨ ᠣᠯᠠᠨ ᠵᠦᠢᠯ ᠤᠨ ᠬᠡᠯᠪᠡᠷᠢ | ᠮᠠᠶ᠋ᠢᠭ ᠢᠶᠠᠷ ᠳᠠᠮᠵᠢᠭᠤᠯᠤᠨ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠮᠥᠰᠥ ᠴᠠᠰᠤᠨ ᠤ | ᠪᠡᠶ᠎ᠡ ᠶᠢᠨ ᠲᠠᠮᠢᠷ ᠤᠨ ᠲᠠᠯᠠᠪᠤᠷ ᠭᠠᠵᠠᠷ ᠤᠨ ᠪᠡᠯᠡᠳᠬᠡᠮᠵᠢ ᠶᠢ ᠪᠦᠲᠦᠭᠡᠨ ᠪᠠᠶᠢᠭᠤᠯᠬᠤ ᠶᠢ ᠵᠣᠷᠢᠭᠵᠢᠭᠤᠯᠵᠤ᠂ ᠣᠯᠠᠨ | ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠮᠥᠰᠥ ᠴᠠᠰᠤᠨ ᠤ ᠪᠡᠶ᠎ᠡ ᠶᠢᠨ ᠲᠠᠮᠢᠷ ᠤᠨᠡᠯ᠎ᠡ ᠰᠤᠮᠤ ᠪᠠᠯᠭᠠᠰᠤ᠂ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠴᠡᠴᠡᠷᠯᠢᠭ᠂ ᠠᠭᠤᠳᠠᠮ ᠲᠠᠯᠠᠪᠠᠶ᠂ ᠰᠤᠯᠠ ᠭᠠᠵᠠᠷ ᠵᠡᠷᠭᠡ ᠶᠢ | ᠠᠰᠢᠭᠯᠠᠨ ᠭᠡᠷ ᠤᠨ ᠭᠠᠳᠠᠨᠠᠬᠢ ᠲᠡᠰᠢᠯᠲᠡ ᠶᠢᠨ ᠲᠠᠯᠠᠪᠤᠷ ᠪᠠᠶᠢᠭᠤᠯᠬᠤ ᠶᠢ ᠳᠡᠮᠵᠢᠵᠦ᠂ ᠳᠤᠮᠳᠠᠳᠤ ᠪᠠᠭ᠎ᠠ | ᠰᠤᠷᠭᠠᠭᠤᠯᠢ ᠶᠢᠨ ᠣᠲᠣ ᠶᠢᠨ ᠨᠥᠬᠦᠴᠡᠯ ᠢᠶᠠᠨ ᠠᠰᠢᠭᠯᠠᠨ ᠲᠡᠰᠢᠯᠲᠡ ᠶᠢᠨ ᠲᠠᠯᠠᠪᠠᠶ ᠪᠠᠶᠢᠭᠤᠯᠬᠤ᠂ ᠮᠥᠰᠥ | ᠲᠡᠰᠢᠯᠲᠡ ᠶᠢᠨ ᠬᠢᠴᠢᠶᠡᠯ ᠨᠡᠭᠡᠭᠡᠬᠦ ᠶᠢ ᠳᠡᠮᠵᠢᠵᠦ᠂ ᠪᠠᠭ᠎ᠠ ᠬᠡᠯᠪᠡᠷᠢ ᠶᠢᠨ ᠣᠯᠠᠨ ᠶᠠᠩᠵᠤ ᠶᠢᠨ ᠬᠠᠭᠤᠷᠠᠢ ᠭᠠᠵᠠᠷ ᠤᠨ | ᠮᠥᠰᠥ ᠴᠠᠰᠤᠨ ᠤ ᠪᠠᠭᠠᠵᠢ ᠬᠡᠷᠡᠭᠰᠡᠯ ᠢ ᠲᠣᠬᠢᠷᠠᠭᠤᠯᠤᠨ᠂ ᠰᠤᠷᠭᠠᠭᠤᠯᠢ ᠶᠢᠨ ᠬᠦᠷᠢᠶᠡᠨ ᠤ ᠮᠥᠰᠥ ᠴᠠᠰᠤᠨ ᠤ | ᠠᠵᠢᠯᠯᠠᠭ᠎ᠠ ᠶᠢ ᠳᠥᠷᠪᠡᠨ ᠤᠯᠠᠷᠢᠯ ᠳᠠᠰᠢ ᠥᠷᠭᠡᠳᠬᠡᠬᠦ ᠶᠢ ᠳᠠᠶᠢᠴᠢᠯᠠᠨ᠎ᠠ᠃ | 4. ᠰᠤᠯᠠ ᠬᠡᠷᠡᠭᠯᠡᠬᠦ ᠭᠠᠵᠠᠷ ᠢ ᠠᠮᠢᠳᠤᠯᠢᠭᠵᠢᠭᠤᠯᠤᠨ ᠰᠠᠶᠢᠲᠤᠷ ᠠᠰᠢᠭᠯᠠᠨ᠎ᠠ᠃ ᠬᠤᠲᠠ ᠶᠢᠨ ᠰᠤᠯᠠ | ᠪᠠᠶᠢᠭ᠎ᠠ ᠭᠠᠵᠠᠷ ᠰᠢᠷᠣᠢ ᠶᠢ ᠠᠮᠢᠳᠤᠯᠢᠭ ᠠᠰᠢᠭᠯᠠᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ ᠰᠠᠶᠢᠲᠤᠷ ᠬᠡᠷᠡᠭᠯᠡᠨ᠂ ᠲᠦᠷᠢᠶᠡᠰᠦᠯᠡᠬᠦ ᠠᠷᠭ᠎ᠠ ᠮᠠᠶ᠋ᠢᠭ ᠢᠶᠠᠷ ᠭᠠᠵᠠᠷ | ᠰᠢᠷᠣᠢ ᠬᠠᠩᠭᠠᠬᠤ ᠶᠢ ᠳᠡᠮᠵᠢᠵᠦ᠂ ᠭᠠᠵᠠᠷ ᠰᠢᠷᠣᠢ ᠶᠢ ᠨᠡᠶᠢᠯᠡᠭᠦᠯᠦᠨ ᠠᠰᠢᠭᠯᠠᠬᠤ ᠶᠢ ᠰᠠᠨᠠᠭᠠᠴᠢᠯᠠᠨ᠂ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠦᠯᠡᠳᠡᠭᠡᠯ ᠳᠠᠯᠳᠠ ᠬᠦᠴᠦᠨ ᠢ ᠭᠦᠢᠴᠡᠳ ᠠᠭᠤᠳᠠᠯᠵᠤ᠂ | ᠨᠡᠶᠢᠭᠡᠮ ᠲᠣᠭᠤᠷᠢᠭ ᠲᠤ ᠣᠶᠢᠷᠠᠲᠤᠭᠰᠠᠨ᠂ ᠬᠦᠷᠴᠦ ᠳᠡᠶᠢᠯᠬᠦ ᠳᠤ ᠲᠥᠬᠦᠮ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠲᠠᠯᠠᠪᠤᠷ ᠭᠠᠵᠠᠷ ᠤᠨ ᠪᠡᠯᠡᠳᠬᠡᠮᠵᠢ ᠶᠢ ᠲᠥᠯᠥᠪᠵᠢᠭᠦᠯᠦᠨ ᠪᠦᠲᠦᠭᠡᠨ ᠪᠠᠶᠢᠭᠤᠯᠤᠨ᠎ᠠ᠃ | 5. ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠤ ᠦᠢᠯᠡᠴᠢᠯᠡᠭᠡᠨ ᠤ ᠬᠢᠷᠢ ᠲᠦᠪᠰᠢᠨ ᠢ | ᠲᠡᠭᠡᠭᠰᠢᠯᠡᠭᠦᠯᠦᠨ᠎ᠡ᠃ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠢ ᠨᠡᠶᠢᠭᠡᠮ ᠳᠤ ᠰᠦᠢᠳᠬᠡᠯ | ᠬᠤᠷᠢᠶᠠᠬᠤ ᠦᠭᠡᠢ ᠪᠤᠶᠤ ᠰᠦᠢᠳᠬᠡᠯ ᠪᠠᠭ᠎ᠠ ᠬᠤᠷᠢᠶᠠᠵᠤ ᠴᠢᠯᠦᠭᠡᠲᠡᠢ ᠨᠡᠭᠡᠭᠡᠬᠦ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠨᠡᠭᠡᠭᠡᠯᠲᠡᠲᠤ ᠦᠢᠯᠡᠴᠢᠯᠡᠭᠡᠨ ᠢ ︽ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ | ᠣᠷᠳᠣᠨ ᠤ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠵᠢᠷᠤᠮᠵᠢᠯ︾ ᠤᠨ ᠱᠠᠭᠠᠷᠳᠠᠯᠭ᠎ᠠ ᠳ᠋ᠤ᠋ᠨᠡᠭᠡᠭᠡᠯᠲᠡ | ᠬᠢᠬᠦ ᠨᠥᠬᠦᠴᠡᠯ ᠲᠠᠢ ᠪᠠᠶᠢᠭᠤᠯᠤᠯᠭ᠎ᠠ᠂ ᠰᠤᠷᠭᠠᠭᠤᠯᠢ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ | ᠪᠡᠶ᠎ᠡ ᠶᠢᠨ ᠲᠠᠮᠢᠷ ᠤᠨ ᠲᠠᠯᠠᠪᠠᠶ ᠶᠢᠨ ᠪᠡᠯᠡᠳᠬᠡᠮᠵᠢ ᠶᠢ ᠰᠦᠢᠳᠬᠡᠯ ᠬᠤᠷᠢᠶᠠᠬᠤ ᠦᠭᠡᠢ ᠪᠠᠷ ᠪᠤᠶᠤ ᠳᠣᠣᠷ᠎ᠠ | ᠰᠦᠢᠳᠬᠡᠯ ᠢᠶᠠᠷ ᠨᠡᠶᠢᠭᠡᠮ ᠨᠡᠶᠢᠲᠡ ᠳᠤ ᠨᠡᠭᠡᠭᠡᠯᠲᠡ ᠬᠢᠬᠦ ᠶᠢ ᠵᠣᠷᠢᠭᠵᠢᠭᠤᠯᠤᠨ᠎ᠠ᠃ ᠲᠠᠯᠠᠪᠠᠶ ᠣᠷᠳᠣᠨ ᠤ ᠪᠠᠴᠢᠮ | ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ︵ᠳᠠᠭᠠᠳᠬᠠᠯ︶ ᠶᠢᠨ ᠴᠢᠳᠠᠮᠵᠢ ᠶᠢ ᠬᠤᠪᠢᠷᠠᠭᠤᠯᠬᠤ ᠪᠡᠯᠡᠳᠬᠡᠯ | ᠲᠥᠰᠥᠯ ᠢ ᠰᠠᠶᠢᠲᠤᠷ ᠬᠢᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤᠵᠢᠭᠰᠠᠨ ᠨᠥᠬᠦᠴᠡᠯ | ᠳᠣᠣᠷᠠᠬᠢ ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠢ ᠨᠡᠭᠡᠭᠡᠨ ᠬᠠᠮᠢᠶᠠᠷᠬᠤ ᠠᠵᠢᠯ ᠢ | ᠴᠢᠩᠭᠠᠳᠬᠠᠵᠤ᠂ ᠲᠠᠯᠠᠪᠤᠷ ᠣᠷᠳᠣᠨ ᠤ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ | ︵ᠬᠤᠶᠠᠷ︶ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠷᠤᠯᠳᠤᠭᠠᠨ ᠤ ᠠᠵᠢᠯᠯᠠᠭ᠎ᠠ ᠶᠢ ᠥᠷᠭᠡᠨ ᠢᠶᠠᠷ | ᠥᠷᠨᠢᠭᠦᠯᠦᠨ᠎ᠡ | 6. ᠣᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠲᠥᠷᠥᠯ ᠵᠦᠢᠯ ᠢ ᠲᠠᠰᠤᠷᠠᠯᠲᠠ ᠦᠭᠡᠢ | ᠪᠠᠶᠠᠯᠢᠭᠵᠢᠭᠤᠯᠤᠨ᠎ᠠ᠃ ᠤᠯᠠᠮᠵᠢᠯᠠᠯᠲᠤ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠡᠷᠭᠡ ᠴᠢᠬᠤᠯᠠ ᠵᠠᠩᠭᠢᠯᠠᠭ᠎ᠠ ᠶᠢᠨ | ᠴᠠᠭ ᠬᠤᠭᠤᠴᠠᠭᠠᠨ ᠤ ᠴᠡᠭ ᠲᠤ ︽ᠯᠢᠶᠣᠤ ᠾᠧ ᠬᠤᠨᠳᠠᠭᠠᠲᠤ︾ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠬᠥᠳᠡᠯᠭᠡᠭᠡᠨ ᠤ ᠶᠡᠭᠡ ᠬᠤᠷᠠᠯ᠂ ᠨᠡᠶᠢᠭᠡᠮ ᠲᠣᠭᠤᠷᠢᠭ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠠᠵᠢᠯᠲᠠᠨ | ᠠᠵᠢᠯᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠭᠢᠯᠡᠨ᠎ᠡ᠃ ︽ᠭᠤᠷᠪᠠᠨ ᠲᠣᠮᠣ ᠪᠥᠮᠪᠦᠭᠡ︾᠂ ᠪᠡᠶ᠎ᠡ | ᠴᠢᠭᠢᠷᠠᠭᠵᠢᠭᠤᠯᠬᠤ ᠭᠦᠶᠦᠯᠲᠡ᠂ ᠪᠡᠶ᠎ᠡ ᠴᠢᠭᠢᠷᠠᠭᠵᠢᠭᠤᠯᠬᠤ ᠠᠯᠬᠤᠯᠲᠠ ᠵᠡᠷᠭᠡ ᠬᠤᠲᠠ ᠬᠥᠳᠡᠭᠡ ᠶᠢᠨ ᠨᠡᠶᠢᠭᠡᠮ | ᠲᠣᠭᠤᠷᠢᠭ ᠤᠨ ᠦᠢᠯᠡᠳᠪᠦᠷᠢᠯᠡᠯ ᠠᠮᠢᠳᠤᠷᠠᠯ ᠳᠤ ᠣᠶᠢᠷᠠᠲᠤᠭᠰᠠᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠪᠡᠶ᠎ᠡ ᠴᠢᠭᠢᠷᠠᠭᠵᠢᠭᠤᠯᠬᠤ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠰᠡᠨ᠂ ᠣᠯᠠᠨ ᠲᠦᠮᠡᠨ ᠤ ᠣᠷᠣᠯᠴᠠᠭᠰᠠᠨ | ᠬᠡᠮᠵᠢᠶ᠎ᠡ ᠪᠠᠷ ᠥᠨᠳᠥᠷ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠷᠤᠯᠳᠤᠭᠠᠨ ᠤ ᠠᠵᠢᠯᠯᠠᠭ᠎ᠠ ᠶᠢ | ᠥᠷᠭᠡᠨ ᠢᠶᠠᠷ ᠥᠷᠨᠢᠭᠦᠯᠦᠨ᠎ᠡ᠃ ︽ᠨᠢᠭᠡ ᠭᠠᠵᠠᠷ ᠣᠷᠣᠨ ᠨᠢᠭᠡ ᠨᠠᠷᠠᠲᠤ ᠲᠡᠮᠳᠡᠭᠲᠦ᠂ ᠨᠢᠭᠡ ᠭᠠᠵᠠᠷ ᠣᠷᠣᠨ ᠨᠢᠭᠡ | ᠣᠨᠴᠠᠯᠢᠭ ᠲᠠᠢ︾ ᠣᠯᠠᠨ ᠲᠦᠮᠡᠨᠴᠢ ᠴᠢᠨᠠᠷᠲᠠᠢ ᠨᠠᠷᠠᠲᠤ ᠲᠥᠷᠥᠯ ᠲᠡᠮᠳᠡᠭᠲᠦ ᠶᠢᠨ ᠤᠷᠤᠯᠳᠤᠭᠠᠨ ᠢ ᠡᠭᠦᠳᠦᠨ | ᠪᠠᠶᠢᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ︽ᠯᠢᠶᠣᠤ ᠾᠧ ᠬᠤᠨᠳᠠᠭᠠᠲᠤ︾ ᠪᠥᠬᠦ ᠠᠷᠠᠳ ᠤᠨ ᠬᠥᠳᠡᠯᠭᠡᠭᠡᠨ ᠤ | ᠶᠡᠭᠡ ᠬᠤᠷᠠᠯ᠂ ᠮᠣᠷᠢᠨ ᠰᠦᠮ᠎ᠡ ᠶᠢᠨ ᠰᠤᠮᠤ ᠶᠢᠨ ᠨᠠᠭᠠᠳᠤᠮ ᠤᠨ ᠶᠡᠭᠡ ᠬᠤᠷᠠᠯ᠂ ᠮᠤᠷᠤᠢ ᠵᠢᠨᠰᠦ᠋ᠮᠡ ᠶᠢᠨ ᠨᠠᠭᠤᠷ | ᠲᠣᠭᠤᠷᠢᠭᠰᠠᠨ ᠳᠤᠭᠤᠢ ᠲᠡᠷᠭᠡᠨ ᠤ ᠤᠷᠤᠯᠳᠤᠭᠠᠨ ᠵᠡᠷᠭᠡ ᠨᠠᠷᠠᠲᠤ ᠲᠥᠷᠥᠯ ᠲᠡᠮᠳᠡᠭᠲᠦ ᠶᠢᠨ ᠤᠷᠤᠯᠳᠤᠭᠠᠨ ᠤ | ᠠᠵᠢᠯᠯᠠᠭ᠎ᠠ ᠶᠢ ᠪᠣᠶ ᠪᠣᠯᠭᠠᠨ᠎ᠠ᠃ | 7. ᠰᠢᠶᠠᠨ ᠤ ᠬᠡᠪᠴᠢᠶᠡᠨ ᠤ ᠬᠥᠯ ᠪᠥᠮᠪᠦᠭᠡ ᠶᠢ ᠳᠡᠯᠭᠡᠷᠡᠭᠦᠯᠦᠨ ᠲᠦᠭᠡᠮᠡᠯᠵᠢᠭᠦᠯᠬᠦ ᠶᠢ ᠠᠬᠢᠭᠤᠯᠤᠨ᠎ᠠ᠃ | ᠬᠥᠯ ᠪᠥᠮᠪᠦᠭᠡ ᠶᠢᠨ ᠲᠠᠯᠠᠪᠤᠷ ᠭᠠᠵᠠᠷ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠥᠯ | ᠪᠥᠮᠪᠦᠭᠡ ᠶᠢᠨ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠨ᠂ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠢ ᠶᠢᠨ ᠬᠥᠯ ᠪᠥᠮᠪᠦᠭᠡ ᠶᠢᠨ ᠠᠩᠭᠢ ᠪᠠᠶᠢᠭᠤᠯᠬᠤ ᠶᠢ ᠵᠣᠷᠢᠭᠵᠢᠭᠤᠯᠤᠨ᠎ᠠ᠃ ᠳᠤᠮᠳᠠᠳᠤ ᠪᠠᠭ᠎ᠠ | ᠰᠤᠷᠭᠠᠭᠤᠯᠢ ᠨᠤᠭᠤᠳ ᠠᠳᠠᠯᠢ ᠪᠤᠰᠤ ᠨᠠᠰᠤᠨ ᠤ ᠱᠠᠲᠤᠨ ᠤ ᠬᠥᠯ ᠪᠥᠮᠪᠦᠭᠡ ᠶᠢᠨ ᠡᠩᠨᠡᠭᠡ ᠶᠢ ᠪᠠᠶᠢᠭᠤᠯᠵᠤ᠂ ᠪᠠᠭ᠎ᠠ | ᠰᠤᠷᠭᠠᠭᠤᠯᠢ ᠶᠢᠨ ᠰᠤᠷᠤᠭᠴᠢᠳ ᠤᠨ ︽ᠳᠡᠭᠦᠯᠢᠨ ᠨᠢᠰᠬᠦ ᠬᠤᠨᠳᠠᠭᠠᠲᠤ︾ ᠬᠥᠯ ᠪᠥᠮᠪᠦᠭᠡ ᠶᠢᠨ ᠤᠷᠤᠯᠳᠤᠭᠠᠨ᠂ | ᠭᠠᠷᠠᠭ ᠤᠨ ᠰᠡᠭᠦᠯᠴᠢ ᠶᠢᠨ ᠬᠤᠯᠪᠣᠭᠠᠲᠤ ᠤᠷᠤᠯᠳᠤᠭᠠᠨ᠂ ︽ᠲᠣᠭᠤᠷᠢᠭ ᠤᠨ ᠳᠠᠷᠤᠭ᠎ᠠ ᠬᠤᠨᠳᠠᠭᠠᠲᠤ︾ ᠬᠥᠯ | ᠪᠥᠮᠪᠦᠭᠡ ᠶᠢᠨ ᠬᠤᠯᠪᠣᠭᠠᠲᠤ ᠤᠷᠤᠯᠳᠤᠭᠠᠨ ᠵᠡᠷᠭᠡ ᠤᠯᠠᠮᠵᠢᠯᠠᠯᠲᠤ ᠬᠥᠯ ᠪᠥᠮᠪᠦᠭᠡ ᠶᠢᠨ ᠤᠷᠤᠯᠳᠤᠭᠠᠨ ᠢ | ᠦᠷᠭᠦᠯᠵᠢᠯᠡᠨ ᠵᠠᠯᠭᠠᠮᠵᠢᠯᠠᠵᠤ᠂ ᠬᠡᠯᠪᠡᠷᠢ ᠮᠠᠶ᠋ᠢᠭ ᠨᠢ ᠣᠯᠠᠨ ᠶᠠᠩᠵᠤ ᠶᠢᠨ᠂ ᠠᠳᠠᠯᠢ ᠪᠤᠰᠤ ᠨᠠᠰᠤᠨ ᠤ ᠱᠠᠲᠤᠨ ᠤ | ᠬᠥᠮᠥᠰ ᠤᠨ ᠣᠷᠣᠯᠴᠠᠬᠤ ᠳᠤ ᠲᠣᠬᠢᠷᠠᠬᠤ ᠣᠯᠠᠨ ᠲᠦᠮᠡᠨᠴᠢ ᠴᠢᠨᠠᠷᠲᠠᠢ ᠬᠥᠯ ᠪᠥᠮᠪᠦᠭᠡ ᠶᠢᠨ ᠠᠵᠢᠯᠯᠠᠭ᠎ᠠ ᠶᠢ | ᠥᠷᠭᠡᠨ ᠢᠶᠠᠷ ᠥᠷᠨᠢᠭᠦᠯᠵᠦ᠂ ᠨᠡᠶᠢᠭᠡᠮ ᠲᠣᠭᠤᠷᠢᠭ ᠤᠨ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠢ | ᠵᠣᠬᠢᠶᠠᠨ ᠪᠠᠶᠢᠭᠤᠯᠤᠨ᠎ᠠ᠃ | ︵ᠭᠤᠷᠪᠠ︶ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠵᠢᠯᠤᠭᠤᠳᠬᠤ ᠦᠢᠯᠡᠴᠢᠯᠡᠭᠡᠨ ᠤ ᠬᠢᠷᠢ | ᠲᠦᠪᠰᠢᠨ ᠢ ᠲᠡᠭᠡᠭᠰᠢᠯᠡᠭᠦᠯᠦᠨ᠎ᠡ | 8. ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠶᠢᠨ ᠬᠠᠩᠭᠠᠯᠭ᠎ᠠ ᠶᠢ ᠵᠢᠯᠤᠭᠤᠳᠬᠤ ᠵᠠᠭᠪᠤᠷ ᠢ | ᠪᠠᠶᠠᠯᠢᠭᠵᠢᠭᠤᠯᠤᠨ᠎ᠠ᠃ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢᠨ ᠡᠩᠨᠡᠭᠡ ᠶᠢᠨ | ᠪᠠᠶᠢᠭᠤᠯᠤᠯᠲᠠ ᠪᠠ ᠲᠤᠰᠬᠠᠢ ᠮᠡᠷᠭᠡᠵᠢᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠵᠢᠯ | ᠪᠦᠷᠢ 120 ᠨᠡᠷᠡᠰ ᠠᠴᠠ ᠳᠤᠲᠠᠭᠤ ᠦᠭᠡᠢ ᠪᠣᠯᠪᠠᠰᠤᠷᠠᠭᠤᠯᠬᠤ ᠶᠢᠨ ᠬᠠᠮᠲᠤ ᠨᠡᠶᠢᠭᠡᠮ ᠤᠨ ᠪᠡᠶ᠎ᠡ ᠶᠢᠨ ᠲᠠᠮᠢᠷ ᠤᠨ | ᠰᠢᠯᠢᠳᠡᠭ ᠵᠢᠭᠠᠨ ᠵᠢᠯᠣᠭᠤᠳᠤᠭᠴᠢ ᠶᠢᠨ ᠮᠡᠳᠡᠭᠡ ᠵᠠᠩᠭᠢ ᠶᠢᠨ ᠬᠥᠮᠥᠷᠭᠡ ᠶᠢ ᠪᠠᠶᠢᠭᠤᠯᠤᠨ᠎ᠠ᠃ ᠰᠦᠯᠵᠢᠶᠡᠨ ᠳᠡᠭᠡᠷᠡᠬᠢ | ᠪᠠ ᠰᠦᠯᠵᠢᠶᠡᠨ ᠠᠴᠠ ᠭᠠᠳᠠᠨᠠᠬᠢ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠢᠴᠢᠶᠡᠯ ᠤᠨ ᠲᠠᠩᠬᠢᠮ︾ ᠵᠡᠷᠭᠡ | ᠠᠵᠢᠯᠯᠠᠭ᠎ᠠ ᠶᠢ ᠥᠷᠨᠢᠭᠦᠯᠵᠦ᠂ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢ ᠵᠣᠬᠢᠶᠠᠨ | ᠪᠠᠶᠢᠭᠤᠯᠤᠨ ᠭᠡᠷ ᠪᠦᠯᠢ᠂ ᠰᠤᠷᠭᠠᠭᠤᠯᠢ ᠶᠢᠨ ᠬᠦᠷᠢᠶ᠎ᠡ᠂ ᠨᠡᠶᠢᠭᠡᠮ ᠲᠣᠭᠤᠷᠢᠭ᠂ ᠪᠠᠶᠢᠭᠤᠯᠤᠯᠭ᠎ᠠ᠂ ᠠᠵᠤ ᠠᠬᠤᠶᠢᠯᠠᠯ | ᠂ ᠮᠠᠯᠵᠢᠬᠤ ᠲᠠᠷᠢᠶᠠᠯᠠᠬᠤ ᠣᠷᠣᠨ ᠳᠤ ᠣᠴᠢᠭᠤᠯᠤᠨ᠎ᠠ᠃ ᠰᠢᠯᠢᠳᠡᠭ ᠲᠠᠮᠢᠷᠴᠢᠨ᠂ ᠰᠤᠷᠭᠠᠭᠴᠢ ᠶᠢᠨ ᠦᠢᠯᠡᠳᠦᠯ ᠢ | ᠢᠳᠡᠪᠬᠢᠲᠡᠢ ᠪᠠᠳᠠᠷᠠᠭᠤᠯᠵᠤ᠂ ᠳᠤᠮᠳᠠᠳᠤ ᠪᠠᠭ᠎ᠠ ᠰᠤᠷᠭᠠᠭᠤᠯᠢ ᠪᠤᠶᠤ ᠨᠡᠶᠢᠭᠡᠮ ᠲᠣᠭᠤᠷᠢᠭ ᠲᠤ ᠪᠡᠶ᠎ᠡ | ᠴᠢᠭᠢᠷᠠᠭᠵᠢᠭᠤᠯᠬᠤ ᠶᠢᠨ ᠵᠢᠯᠤᠭᠤᠳᠬᠤ ᠦᠢᠯᠡᠴᠢᠯᠡᠭᠡ ᠶᠢ ᠥᠷᠨᠢᠭᠦᠯᠵᠦ᠂ ᠰᠢᠨᠵᠢᠯᠡᠬᠦ ᠤᠬᠠᠭᠠᠨᠴᠢ ᠪᠠᠷ ᠪᠡᠶ᠎ᠡ | ᠴᠢᠭᠢᠷᠠᠭᠵᠢᠭᠤᠯᠬᠤ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ᠂ ᠣᠯᠠᠨ ᠲᠦᠮᠡᠨ ᠢ ᠳᠠᠶᠢᠴᠢᠯᠠᠨ ᠪᠡᠶ᠎ᠡ | ᠴᠢᠭᠢᠷᠠᠭᠵᠢᠭᠤᠯᠬᠤ ᠳᠤ ᠣᠷᠣᠯᠴᠠᠭᠤᠯᠤᠨ᠎ᠠ᠃ ᠤᠯᠠᠨ ᠲᠦᠮᠡᠨ ᠳᠤ ᠬᠠᠨᠳᠤᠭᠤᠯᠤᠭᠰᠠᠨ ᠪᠡᠶ᠎ᠡ ᠶᠢᠨ ᠲᠠᠮᠢᠷ ᠤᠨ | ᠬᠥᠳᠡᠯᠭᠡᠭᠡᠨ ᠤ ᠬᠢᠷᠢ ᠬᠡᠮᠵᠢᠶ᠎ᠡ ᠶᠢᠨ ᠵᠡᠷᠭᠡ ᠳᠡᠰ ᠤᠨᠤᠯᠤᠰ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ | ᠪᠠᠷᠢᠮᠵᠢᠶ᠎ᠠ ᠶᠢ ᠬᠡᠷᠡᠭᠵᠢᠭᠦᠯᠵᠦ᠂ ᠣᠯᠠᠨ ᠲᠠᠰ ᠳᠠᠪᠬᠤᠷᠭ᠎ᠠ ᠶᠢᠨ᠂ ᠰᠢᠰᠲ᠋ᠧᠮᠵᠢᠭᠰᠡᠨ᠂ ᠵᠢᠷᠤᠮᠵᠢᠭᠰᠠᠨ ᠤᠯᠤᠰ ᠤᠨ | ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠪᠠᠷᠢᠮᠵᠢᠶ᠎ᠠ ᠶᠢᠨ ᠪᠠᠷᠢᠮᠵᠢᠶ᠎ᠠ ᠳᠤ ᠬᠦᠷᠦᠭᠰᠡᠨ ᠰᠢᠯᠭᠠᠨ ᠪᠠᠶᠢᠴᠠᠭᠠᠬᠤ | ᠠᠵᠢᠯᠯᠠᠭ᠎ᠠ ᠵᠢᠨᠪᠥ᠋ᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠪᠠᠶᠢᠳᠠᠯ ᠤᠨ ᠪᠠᠶᠢᠴᠠᠭᠠᠯᠲᠠ ᠶᠢ | ᠯᠠᠪᠳᠠᠭᠤᠨ ᠢᠶᠠᠷ ᠠᠬᠢᠭᠤᠯᠵᠤ᠂ ᠪᠡᠶ᠎ᠡ ᠮᠠᠬᠠᠪᠤᠳ ᠢ ᠪᠠᠶᠢᠩᠭᠤᠵᠢᠭᠤᠯᠤᠨ ᠬᠢᠨᠠᠨ ᠬᠡᠮᠵᠢᠬᠦ ᠶᠢ ᠥᠷᠨᠢᠭᠦᠯᠦᠨ᠂ ᠣᠯᠠᠨ | ᠲᠦᠮᠡᠨ ᠳᠤ ᠬᠠᠨᠳᠤᠭᠤᠯᠤᠭᠰᠠᠨ᠂ ᠣᠯᠠᠨ ᠡᠰᠢᠲᠦ ᠴᠢᠳᠠᠮᠵᠢ ᠲᠠᠢ ᠤᠯᠤᠰ ᠠᠷᠠᠳ ᠤᠨ ᠪᠡᠶ᠎ᠡ ᠮᠠᠬᠠᠪᠤᠳ ᠢ ᠬᠢᠨᠠᠨ | ᠬᠡᠮᠵᠢᠬᠦ ᠲᠣᠣᠷ ᠰᠦᠯᠵᠢᠶ᠎ᠡ ᠶᠢ ᠲᠡᠭᠦᠯᠳᠡᠷᠵᠢᠭᠦᠯᠵᠦ᠂ ᠤᠯᠤᠰ ᠠᠷᠠᠳ ᠤᠨ ᠪᠡᠶ᠎ᠡ ᠮᠠᠬᠠᠪᠤᠳ ᠢ ᠬᠢᠨᠠᠨ ᠬᠡᠮᠵᠢᠬᠦ ᠲᠡᠷᠭᠡ | ᠵᠡᠷᠭᠡ ᠠᠴᠢᠶᠠᠯᠠᠪᠤᠷᠢ ᠪᠠᠷ ᠳᠠᠮᠵᠢᠭᠤᠯᠤᠨ ᠤᠯᠤᠰ ᠠᠷᠠᠳ ᠤᠨ ᠪᠡᠶ᠎ᠡ ᠮᠠᠬᠠᠪᠤᠳ ᠢ ᠬᠢᠨᠠᠨ ᠬᠡᠮᠵᠢᠬᠦ ᠦᠢᠯᠡᠴᠢᠯᠡᠭᠡ ᠶᠢ | ᠥᠷᠨᠢᠭᠦᠯᠦᠨ᠎ᠡ᠃ | ︵ᠳᠥᠷᠪᠡ︶ ᠪᠡᠶ᠎ᠡ ᠶᠢᠨ ᠲᠠᠮᠢᠷ ᠤᠨᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ | ᠴᠢᠩᠭᠠᠷᠠᠭᠤᠯᠤᠨ᠎ᠠ | 9. ᠡᠯ᠎ᠡ ᠱᠠᠲᠤᠨ ᠤ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠯᠲᠠ ᠶᠢ ᠴᠢᠩᠭᠠᠳᠬᠠᠨ᠎ᠠ᠃ ᠡᠯ᠎ᠡ ᠱᠠᠲᠤᠨ ᠤ ᠡᠯ᠎ᠡ ᠲᠥᠷᠥᠯ ᠤᠨ ᠲᠠᠩ ᠵᠦᠢᠯ ᠤᠨ ᠪᠠ ᠠᠵᠢᠯ | ᠲᠥᠷᠥᠯ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠢᠶᠠᠷ ᠲᠤᠯᠭᠠᠭᠤᠷᠢᠯᠠᠯ ᠪᠣᠯᠭᠠᠵᠤ᠂ ᠦᠨᠳᠦᠰᠦᠨ ᠱᠠᠲᠤᠨ ᠤ | ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠪᠠᠷ ᠭᠤᠣᠯ ᠴᠣᠭᠴᠠ ᠪᠣᠯᠭᠠᠨ᠂ ᠬᠤᠲᠠ ᠬᠥᠳᠡᠭᠡ ᠶᠢ | ᠬᠠᠮᠤᠷᠤᠭᠰᠠᠨ᠂ ᠵᠢᠷᠤᠮᠵᠢᠯ ᠲᠠᠢ ᠡᠮᠬᠢ ᠵᠢᠷᠤᠮ ᠲᠠᠢ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠥᠬᠦ ᠠᠷᠠᠳ ᠤᠨ | ᠪᠡᠶ᠎ᠡ ᠴᠢᠭᠢᠷᠠᠭᠵᠢᠭᠤᠯᠬᠤ ᠵᠣᠬᠢᠶᠠᠨ ᠪᠠᠶᠢᠭᠤᠯᠤᠯᠲᠠ ᠵᠢᠨᠪᠡᠶᠡ ᠶᠢᠨ ᠲᠠᠮᠢᠷ ᠤᠨ ᠶᠡᠷᠦᠩᠬᠡᠢ ᠨᠡᠶᠢᠭᠡᠮᠯᠢᠭ ᠢ ᠰᠤᠮᠤ | ᠪᠠᠯᠭᠠᠰᠤ ︵ᠵᠡᠭᠡᠯᠢ ᠭᠤᠳᠤᠮᠵᠢ︶ ᠳᠠᠰᠢ ᠤᠷᠲᠤᠳᠬᠠᠬᠤ ᠶᠢ ᠵᠣᠷᠢᠭᠵᠢᠭᠤᠯᠵᠤ᠂ ᠡᠯ᠎ᠡ ᠲᠥᠷᠥᠯ ᠤᠨ ᠪᠡᠶ᠎ᠡ ᠶᠢᠨ | ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ | ᠳᠣᠷᠣᠭᠰᠢ ᠪᠠᠭᠤᠯᠭᠠᠨ᠎ᠠ᠃ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠬᠥᠲᠥᠯᠥᠨ | ᠵᠢᠯᠤᠭᠤᠳᠴᠤ ᠪᠠᠶᠢᠭᠠᠳ ᠵᠢᠷᠤᠮᠵᠢᠭᠤᠯᠤᠨ ᠬᠠᠮᠢᠶᠠᠷᠬᠤ᠂ ᠤᠷᠤᠯᠳᠤᠭᠠᠨ ᠤ ᠶᠠᠪᠤᠳᠠᠯ ᠢ ᠡᠵᠡᠩᠨᠡᠬᠦ᠂ ᠪᠡᠶ᠎ᠡ | ᠴᠢᠭᠢᠷᠠᠭᠵᠢᠭᠤᠯᠬᠤ ᠶᠢ ᠵᠢᠯᠤᠭᠤᠳᠬᠤ᠂ ᠤᠬᠠᠭᠤᠯᠤᠨ ᠳᠡᠯᠭᠡᠷᠡᠭᠦᠯᠬᠦ ᠬᠢᠷᠢ ᠬᠡᠮᠵᠢᠶ᠎ᠡ ᠶᠢ ᠨᠢ ᠳᠡᠭᠡᠭᠰᠢᠯᠡᠭᠦᠯᠵᠦ᠂ | ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ | ᠴᠢᠬᠤᠯᠠ ᠲᠤᠯᠭᠠᠭᠤᠷᠢᠯᠠᠯ ᠪᠣᠯᠭᠠᠨ᠎ᠠ᠃ | ︵ᠲᠠᠪᠤ︶ ᠭᠤᠣᠯᠳᠠᠯᠭ᠎ᠠ ᠲᠠᠢ ᠬᠥᠮᠥᠰ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠥᠷᠨᠢᠭᠦᠯᠬᠦ ᠶᠢ | ᠠᠬᠢᠭᠤᠯᠤᠨ᠎ᠠ | 10. ᠭᠤᠣᠯᠳᠠᠯᠭ᠎ᠠ ᠲᠠᠢ ᠬᠥᠮᠥᠰ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠬᠠᠩᠭᠠᠯᠭ᠎ᠠ ᠶᠢ | ᠪᠠᠶᠠᠯᠢᠭᠵᠢᠭᠤᠯᠤᠨ᠎ᠠ᠃ ᠡᠯ᠎ᠡ ᠱᠠᠲᠤᠨ ᠤ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ | ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠵᠡᠮᠳᠡᠭᠴᠦᠳ ᠤᠨ ᠬᠤᠯᠪᠣᠭᠠᠲᠤ ᠬᠤᠷᠠᠯ ᠵᠡᠷᠭᠡ ᠶᠢᠨ ᠦᠢᠯᠡᠳᠦᠯ ᠢ | ᠢᠳᠡᠪᠬᠢᠲᠡᠢ ᠪᠠᠳᠠᠷᠠᠭᠤᠯᠵᠤ᠂ ᠠᠵᠢᠯᠲᠠᠨ ᠠᠵᠢᠯᠴᠢᠨ᠂ ᠡᠮᠡᠭᠲᠡᠶᠢᠴᠦᠳ ᠬᠡᠦᠬᠡᠳ᠂ ᠵᠠᠯᠠᠭᠤᠴᠤᠳ ᠪᠠᠭᠠᠴᠤᠳ᠂ | ᠨᠠᠰᠤᠲᠠᠶᠢᠴᠤᠳ ᠪᠠ ᠵᠡᠮᠳᠡᠭᠴᠦᠳ ᠵᠡᠷᠭᠡ ᠬᠥᠮᠥᠰ ᠤᠨ ᠡᠷᠡᠭᠦᠯ ᠮᠡᠨᠳᠦ ᠶᠢᠨ ᠬᠡᠷᠡᠭᠴᠡᠭᠡ ᠱᠠᠭᠠᠷᠳᠠᠯᠭ᠎ᠠ ᠶᠢ | ᠦᠨᠳᠦᠰᠦᠯᠡᠨ᠂ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠲᠦᠭᠡᠮᠡᠯᠵᠢᠭᠦᠯᠦᠨ ᠥᠷᠨᠢᠭᠦᠯᠦᠨ᠎ᠡ᠃ ᠵᠠᠯᠠᠭᠤᠴᠤᠳ | ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠠᠬᠢᠭᠤᠯᠬᠤ ᠲᠥᠯᠥᠪᠯᠡᠭᠡ ᠶᠢ ᠬᠡᠷᠡᠭᠵᠢᠭᠦᠯᠵᠦ᠂ ᠵᠠᠯᠠᠭᠤᠴᠤᠳ | ᠪᠠᠭᠠᠴᠤᠳ ᠤᠨ ᠣᠶᠢᠷ᠎ᠠ ᠬᠠᠷᠠᠭ᠎ᠠ᠂ ᠲᠠᠷᠭᠤᠨ ᠵᠡᠷᠭᠡ ᠠᠰᠠᠭᠤᠳᠠᠯ ᠳᠤ ᠴᠢᠭᠯᠡᠭᠦᠯᠦᠨ ᠪᠡᠶ᠎ᠡ ᠶᠢᠨ ᠲᠠᠮᠢᠷ ᠤᠨ | ᠲᠠᠯ᠎ᠠ ᠪᠠᠷ ᠭᠠᠷ ᠲᠦᠷᠦᠭᠦ ᠠᠵᠢᠯᠯᠠᠭ᠎ᠠ ᠶᠢ ᠥᠷᠨᠢᠭᠦᠯᠵᠦ᠂ ︽ᠭᠤᠷᠪᠠᠨ ᠲᠣᠮᠣ ᠪᠥᠮᠪᠦᠭᠡ︾᠂ ᠬᠦᠨᠳᠦ ᠬᠥᠩᠭᠡᠨ | ᠲᠠᠮᠢᠷ᠂ ᠫᠢᠩᠫᠠᠩ ᠪᠥᠮᠪᠦᠭᠡ᠂ ᠪᠥᠬᠡ᠂ ᠵᠡᠪᠰᠡᠭ ᠤᠨ ᠡᠷᠳᠡᠮ ᠵᠡᠷᠭᠡ ᠤᠷᠤᠯᠳᠤᠭᠠᠨ ᠤ ᠠᠵᠢᠯᠯᠠᠭ᠎ᠠ ᠶᠢ | ᠥᠷᠨᠢᠭᠦᠯᠦᠨ᠎ᠡ᠃ ᠡᠭᠦᠳᠡᠨ ᠪᠥᠮᠪᠦᠭᠡ᠂ ᠨᠡᠷᠡᠬᠦᠢ ᠨᠢᠳᠤᠷᠭ᠎ᠠ᠂ ᠪᠡᠶ᠎ᠡ ᠴᠢᠭᠢᠷᠠᠭᠵᠢᠭᠤᠯᠬᠤ ᠪᠥᠮᠪᠦᠭᠡ᠂ ᠪᠡᠶ᠎ᠡ | ᠴᠢᠭᠢᠷᠠᠭᠵᠢᠭᠤᠯᠬᠤ ᠠᠮᠢᠰᠬᠤᠯ ᠤᠨ ᠲᠠᠮᠢᠷ ᠵᠡᠷᠭᠡ ᠨᠠᠰᠤᠲᠠᠶᠢᠴᠤᠳ ᠤᠨ ᠣᠷᠣᠯᠴᠠᠬᠤ ᠳᠤ ᠲᠣᠬᠢᠷᠠᠬᠤ ᠪᠡᠶ᠎ᠡ ᠶᠢᠨ | ᠲᠠᠮᠢᠷ ᠤᠨ ᠰᠡᠯᠡᠭᠦᠴᠡᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠵᠦᠯᠭᠡ ᠭᠠᠵᠠᠷ᠂ ᠠᠭᠤᠳᠠᠮ | ᠲᠠᠯᠠᠪᠠᠶ ᠵᠡᠷᠭᠡ ᠳᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠠᠵᠢᠯᠯᠠᠭ᠎ᠠ ᠶᠢᠨ ᠲᠠᠯᠠᠪᠤᠷ ᠤᠨ ᠲᠡᠮᠳᠡᠭ ᠢ ᠨᠡᠮᠡᠵᠦ᠂ | ᠪᠡᠶ᠎ᠡ ᠶᠢᠨ ᠲᠠᠮᠢᠷ ᠤᠨ ᠲᠠᠯᠠᠪᠠᠶ ᠣᠷᠳᠣᠨ᠂ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠵᠡᠷᠭᠡ ᠶᠢ ᠳᠡᠭᠡᠭᠰᠢᠯᠡᠭᠦᠯᠦᠨ᠎ᠡ᠃ | ᠡᠮᠡᠭᠲᠡᠶᠢᠴᠦᠳ ᠤᠨ ᠪᠡᠶ᠎ᠡ ᠴᠢᠭᠢᠷᠠᠭᠵᠢᠭᠤᠯᠬᠤ ᠲᠠᠮᠢᠷ᠂ ᠲᠠᠯᠠᠪᠠᠶ ᠶᠢᠨ ᠪᠥᠵᠢᠭ ᠵᠡᠷᠭᠡ ᠪᠡᠶ᠎ᠡ ᠴᠢᠭᠢᠷᠠᠭᠵᠢᠭᠤᠯᠬᠤ | ᠠᠵᠢᠯᠯᠠᠭ᠎ᠠ ᠳᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠤᠨ᠎ᠠ᠃ ᠠᠯᠪᠠᠨ ᠪᠠᠶᠢᠭᠤᠯᠭ᠎ᠠ᠂ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠢ ᠨᠦᠭᠦᠳ ᠠᠷᠠᠳ ᠨᠡᠶᠢᠲᠡ ᠶᠢᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠤᠯᠠᠨ | ᠵᠦᠢᠯ ᠤᠨ ᠬᠡᠯᠪᠡᠷᠢ ᠶᠢᠨ ᠠᠵᠢᠯᠯᠠᠭ᠎ᠠ ᠶᠢ ᠥᠷᠨᠢᠭᠦᠯᠵᠦ᠂ ᠠᠷᠠᠳ ᠨᠡᠶᠢᠲᠡ ᠶᠢᠨ ᠪᠡᠶ᠎ᠡ ᠶᠢᠨ ᠲᠠᠮᠢᠷ ᠤᠨ ᠴᠤᠭᠯᠠᠭᠠᠨ᠂ | ᠠᠵᠢᠯᠲᠠᠨ ᠠᠵᠢᠯᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ ᠢ ᠵᠣᠬᠢᠶᠠᠨ ᠪᠠᠶᠢᠭᠤᠯᠵᠤ᠂ ᠠᠵᠢᠯ ᠤᠨ ᠬᠤᠭᠤᠷᠣᠨᠳᠣᠬᠢ | ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠳᠦᠷᠢᠮ ᠢ ᠨᠠᠶᠢᠳᠠᠪᠤᠷᠢᠵᠢᠭᠤᠯᠤᠨ᠂ ᠷᠠᠳᠢᠣ᠋ ᠪᠡᠶ᠎ᠡ ᠶᠢᠨ ᠲᠠᠮᠢᠷ ᠢ | ᠳᠡᠯᠭᠡᠷᠡᠭᠦᠯᠦᠨ ᠲᠦᠭᠡᠮᠡᠯᠵᠢᠭᠦᠯᠵᠦ᠂ ᠠᠯᠪᠠᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ | ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠭᠡᠷ ᠪᠠ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠪᠠᠭᠠᠵᠢ ᠶᠢ | ᠲᠦᠭᠡᠮᠡᠯᠵᠢᠭᠦᠯᠬᠦ ᠶᠢ ᠠᠬᠢᠭᠤᠯᠤᠨ᠎ᠠ᠃ | ︵ᠵᠢᠷᠭᠤᠭ᠎ᠠ︶ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠠᠭᠤᠰᠤᠯᠴᠠᠨ ᠬᠥᠭᠵᠢᠬᠦ ᠶᠢ | ᠠᠬᠢᠭᠤᠯᠤᠨ᠎ᠠ | 11. ᠪᠡᠶ᠎ᠡ ᠲᠠᠮᠢᠷ ᠪᠠ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠦᠨ᠎ᠡ᠃ ᠪᠡᠶ᠎ᠡ ᠶᠢᠨ | ᠲᠠᠮᠢᠷ ᠤᠨ ᠲᠥᠷᠥᠯ ᠵᠦᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ᠭᠤᠣᠯᠳᠠᠯᠭ᠎ᠠ ᠲᠠᠢ ᠬᠡᠷᠡᠭᠵᠢᠭᠦᠯᠵᠦ᠂ | ᠬᠤᠭᠤᠰᠤᠨ ᠬᠤᠯᠤᠰᠤ᠂ ᠵᠡᠪᠰᠡᠭ ᠤᠨ ᠡᠷᠳᠡᠮ ᠵᠡᠷᠭᠡ ᠤᠯᠠᠮᠵᠢᠯᠠᠯᠲᠤ ᠲᠥᠷᠥᠯ ᠵᠦᠢᠯ ᠢ ᠰᠤᠷᠭᠠᠭᠤᠯᠢ ᠶᠢᠨ | ᠬᠦᠷᠢᠶᠡᠨ ᠳᠤ ᠪᠡᠶ᠎ᠡ ᠶᠢᠨ ᠲᠠᠮᠢᠷ ᠤᠨ ᠣᠨᠴᠠᠯᠢᠭᠲᠤ ᠬᠢᠴᠢᠶᠡᠯ ᠢ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ | ᠪᠡᠶ᠎ᠡ ᠶᠢᠨ ᠲᠠᠮᠢᠷ ᠤᠨ ᠳᠤᠷ᠎ᠠ ᠰᠣᠨᠢᠷᠬᠠᠯ ᠤᠨ ᠠᠩᠭᠢ᠂ ᠪᠡᠶ᠎ᠡ ᠶᠢᠨ ᠲᠠᠮᠢᠷ ᠤᠨ ᠨᠡᠶᠢᠭᠡᠮ ᠤᠨ ᠪᠦᠯᠬᠦᠮ ᠵᠡᠷᠭᠡ ᠶᠢ | ᠡᠭᠦᠳᠦᠨ ᠪᠠᠶᠢᠭᠤᠯᠵᠤ᠂ ᠰᠤᠷᠤᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠪᠡᠶ᠎ᠡ ᠶᠢᠨ ᠲᠠᠮᠢᠷ ᠤᠨ | ᠪᠣᠯᠪᠠᠰᠤᠷᠠᠯ ᠳᠤ ᠢᠳᠡᠪᠬᠢᠲᠡᠢ ᠣᠷᠣᠯᠴᠠᠭᠤᠯᠵᠤ᠂ ᠰᠤᠷᠤᠭᠴᠢᠳ ᠤᠨ ᠡᠳᠦᠷ ᠪᠦᠷᠢ ᠶᠢᠨ ᠰᠤᠷᠭᠠᠭᠤᠯᠢ ᠶᠢᠨ ᠳᠣᠲᠣᠨ᠎ᠠ | ᠭᠠᠳᠠᠨ᠎ᠠ ᠲᠣᠰ ᠲᠣᠰ 1 ᠴᠠᠭ ᠤᠨ ᠪᠦᠲᠦᠮᠵᠢᠲᠡᠶ ᠪᠣᠯᠪᠠᠰᠤᠷᠠᠬᠤ ᠴᠠᠭ ᠢ ᠪᠠᠲᠤᠯᠠᠨ᠎ᠠ᠃ ᠵᠠᠯᠠᠭᠤᠴᠤᠳ | ᠪᠠᠭᠠᠴᠤᠳ ᠤᠨ ᠠᠳᠠᠯᠢ ᠪᠤᠰᠤ ᠨᠠᠰᠤᠨ ᠤ ᠱᠠᠲᠤ ᠪᠠ ᠲᠦᠷᠦᠯ ᠵᠦᠢᠯ ᠤᠨ ᠣᠨᠴᠠᠯᠢᠭ ᠢ ᠦᠨᠳᠦᠰᠦᠯᠡᠨ᠂ | ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠢ ᠰᠢᠯᠢᠳᠡᠭᠵᠢᠭᠦᠯᠦᠨ᠎ᠡ᠃ | 12. ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠨ ᠠᠭᠤᠰᠤᠯᠴᠠᠯ ᠢ ᠠᠬᠢᠭᠤᠯᠤᠨ᠎ᠠ᠃ ᠪᠡᠶ᠎ᠡ ᠶᠢᠨ ᠲᠠᠮᠢᠷ | ᠬᠢᠭᠡᠳ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ | ᠤᠳᠠᠭᠠᠨ ᠴᠢᠨᠠᠷᠲᠠᠢ ᠡᠪᠡᠳᠴᠢᠨ ᠤ ᠬᠥᠳᠡᠯᠭᠡᠭᠡᠨ ᠳᠤ ᠭᠠᠷ ᠲᠦᠷᠦᠭᠦ᠂ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ | ᠵᠢᠴᠢ ᠡᠷᠡᠭᠦᠯᠵᠢᠭᠦᠯᠬᠦ ᠵᠡᠷᠭᠡ ᠲᠠᠯ᠎ᠠ ᠪᠠᠷ ᠬᠢ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠦᠢᠯᠡᠳᠦᠯ ᠢ ᠪᠠᠳᠠᠷᠠᠭᠤᠯᠤᠨ᠎ᠠ᠃ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠷᠢᠶ᠎ᠠ ᠨᠢᠭᠡᠴᠢ ᠶᠢᠨ ᠰᠠᠯᠠᠭ᠎ᠠ ᠲᠣᠭᠤᠷᠢᠭ ᠤᠨ ᠮᠣᠩᠭᠤᠯ | ᠡᠮᠨᠡᠯᠭᠡ ᠶᠢᠨ ᠬᠤᠷᠢᠶ᠎ᠠ ᠶᠢᠨ ᠡᠪᠡᠳᠴᠢᠨ ᠠᠴᠠ ᠡᠮᠦᠨᠡᠬᠢ ᠡᠪᠡᠳᠴᠢᠨ ᠢ ᠵᠠᠰᠠᠬᠤ ᠲᠥᠪ ᠯᠦᠭᠡ ᠬᠠᠮᠲᠤᠷᠠᠨ ᠤᠯᠤᠰ | ᠠᠷᠠᠳ ᠤᠨ ᠪᠡᠶ᠎ᠡ ᠮᠠᠬᠠᠪᠤᠳ ᠢ ᠬᠢᠨᠠᠨ ᠬᠡᠮᠵᠢᠬᠦ ᠴᠢᠭ᠋ ᠢ ᠪᠠᠶᠢᠭᠤᠯᠵᠤ᠂ ᠮᠣᠩᠭᠤᠯ ᠡᠮᠨᠡᠯᠭᠡ ᠶᠢᠨ ᠬᠤᠷᠢᠶ᠎ᠠ ᠶᠢᠨ | ᠡᠮᠴᠢ ᠳᠤ ᠲᠦᠰᠢᠭᠯᠡᠨ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠶᠢᠨ ᠵᠢᠯᠣᠭᠤᠳᠤᠯᠭ᠎ᠠ ᠪᠠ ᠪᠡᠶ᠎ᠡ ᠶᠢᠨ | ᠲᠠᠮᠢᠷ ᠤᠨ ᠬᠥᠳᠡᠯᠭᠡᠭᠡᠨ ᠢᠶᠠᠷ ᠡᠷᠡᠭᠦᠯ ᠮᠡᠨᠳᠦ ᠶᠢ ᠠᠬᠢᠭᠤᠯᠬᠤ ᠦᠢᠯᠡᠴᠢᠯᠡᠭᠡ ᠶᠢ ᠥᠷᠨᠢᠭᠦᠯᠵᠦ᠂ ᠡᠷᠡᠭᠦᠯ ᠮᠡᠨᠳᠦ ᠶᠢᠨ | ᠦᠵᠦᠭᠦᠷ ᠢ ᠤᠷᠤᠭᠰᠢ ᠰᠢᠯᠵᠢᠭᠦᠯᠬᠦ ᠶᠢ ᠠᠬᠢᠭᠤᠯᠤᠨ᠎ᠠ᠃ | ︵ᠳᠣᠯᠤᠭ᠎ᠠ︶ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠠᠶᠢᠨ ᠰᠠᠶᠢᠬᠠᠨ ᠨᠡᠶᠢᠭᠡᠮ ᠤᠨ ᠠᠭᠤᠷ | ᠠᠮᠢᠰᠬᠤᠯ ᠢ ᠪᠣᠶ ᠪᠣᠯᠭᠠᠨ᠎ᠠ | 13. ᠤᠯᠠᠮᠵᠢᠯᠠᠯᠲᠤ ᠵᠠᠭᠤᠴᠢᠯᠠᠭᠤᠷ᠂ ᠸᠢᠴᠠᠲ ᠤᠨ ᠨᠡᠶᠢᠲᠡ ᠶᠢᠨ ᠳ᠋ᠤᠭᠠᠷ᠂ ᠰᠢᠨ᠎ᠡ ᠵᠠᠭᠤᠴᠢᠯᠠᠭᠤᠷ ᠲᠤ | ᠲᠦᠰᠢᠭᠯᠡᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠡᠷᠡᠭᠦᠯ ᠮᠡᠨᠳᠦ ᠶᠢ ᠠᠬᠢᠭᠤᠯᠬᠤ ᠣᠨᠣᠯᠵᠢᠬᠤᠨ ᠢ ᠤᠬᠠᠭᠤᠯᠵᠤ᠂ | ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠮᠡᠳᠡᠯᠭᠡ ᠶᠢ ᠲᠦᠭᠡᠮᠡᠯᠵᠢᠭᠦᠯᠦᠨ᠂ ᠰᠢᠨᠵᠢᠯᠡᠬᠦ ᠤᠬᠠᠭᠠᠨᠴᠢ ᠪᠠᠷ ᠪᠡᠶ᠎ᠡ | ᠴᠢᠭᠢᠷᠠᠭᠵᠢᠭᠤᠯᠬᠤ ᠠᠷᠭ᠎ᠠ ᠶᠢ ᠳᠡᠯᠭᠡᠷᠡᠭᠦᠯᠦᠨ᠎ᠡ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠵᠡᠭᠦᠯᠦᠯᠭᠡ ᠶᠢᠨ | ᠲᠣᠭᠯᠠᠯᠲᠠ ᠡᠷᠭᠢᠯᠡᠬᠦ ᠪᠠᠷ ᠳᠠᠮᠵᠢᠭᠤᠯᠤᠨ᠂ ᠪᠥᠬᠦ ᠨᠡᠶᠢᠭᠡᠮ ᠢᠶᠠᠷ ᠢᠶᠠᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠬᠥᠭᠵᠢᠯᠲᠡ ᠶᠢ ᠥᠷᠭᠡᠨ ᠢᠶᠠᠷ ᠠᠩᠬᠠᠷᠴᠤ ᠳᠡᠮᠵᠢᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃ | ︵ᠨᠠᠢᠮᠠ︶ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ | ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠴᠢᠳᠠᠪᠤᠷᠢᠲᠠᠨ ᠤ ᠡᠩᠨᠡᠭᠡ ᠬᠢᠭᠡᠳ ᠤᠷᠤᠯᠳᠤᠭᠠᠨ ᠤ ᠪᠡᠶ᠎ᠡ ᠶᠢᠨ | ᠲᠠᠮᠢᠷ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ᠂ ᠪᠡᠶ᠎ᠡ ᠶᠢᠨ ᠲᠠᠮᠢᠷ ᠤᠨ ᠠᠵᠤ ᠦᠢᠯᠡᠰ᠂ ᠡᠷᠡᠭᠦᠯ | ᠬᠠᠮᠠᠭᠠᠯᠠᠯ ᠡᠷᠡᠭᠦᠯ ᠮᠡᠨᠳᠦ ᠵᠡᠷᠭᠡ ᠬᠦᠷᠢᠶ᠎ᠡ ᠴᠠᠷᠠᠭ᠎ᠠ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ | ᠠᠬᠢᠭᠤᠯᠵᠤ᠂ ᠪᠡᠶ᠎ᠡ ᠴᠢᠭᠢᠷᠠᠭᠵᠢᠭᠤᠯᠬᠤ ᠶᠢᠨ ᠵᠢᠯᠣᠭᠤᠳᠤᠯᠭ᠎ᠠ᠂ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ᠂ | ᠤᠬᠠᠭᠤᠯᠤᠨ ᠳᠡᠯᠭᠡᠷᠡᠭᠦᠯᠬᠦ᠂ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠲᠠᠯ᠎ᠠ ᠶᠢᠨ ᠴᠢᠳᠠᠪᠤᠷᠢᠲᠠᠨ ᠬᠥᠮᠥᠵᠢᠭᠦᠯᠬᠦ | ᠬᠠᠩᠭᠠᠯᠭ᠎ᠠ ᠶᠢ ᠴᠢᠩᠭᠠᠳᠬᠠᠨ᠎ᠠ᠃ ᠢᠨᠲ᠋ᠧᠷ ᠰᠦᠯᠵᠢᠶ᠎ᠡ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ | ᠪᠠᠷᠢᠯ ᠳᠤ ᠲᠦᠰᠢᠭᠯᠡᠨ ᠴᠢᠳᠠᠪᠤᠷᠢᠲᠠᠨ ᠤ ᠪᠣᠯᠪᠠᠰᠤᠷᠠᠭᠤᠯᠤᠯ ᠢ ᠥᠷᠨᠢᠭᠦᠯᠦᠨ᠎ᠡ᠃ ᠡᠯ᠎ᠡ ᠲᠥᠷᠥᠯ ᠤᠨ ᠬᠥᠮᠥᠵᠢᠭᠦᠯᠬᠦ | ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠴᠡᠷᠢᠭ ᠤᠨ ᠠᠯᠪᠠ ᠠᠴᠠ ᠪᠠᠭᠤᠭᠰᠠᠨ ᠲᠠᠮᠢᠷᠴᠢᠳ᠂ ᠰᠤᠷᠭᠠᠭᠴᠢ᠂ | ᠪᠡᠶ᠎ᠡ ᠶᠢᠨ ᠲᠠᠮᠢᠷ ᠤᠨ ᠪᠠᠭᠰᠢ᠂ ᠨᠡᠶᠢᠭᠡᠮ ᠲᠣᠭᠤᠷᠢᠭ ᠤᠨ ᠡᠮᠴᠢ᠂ ᠪᠠᠶᠢᠭᠤᠯᠭ᠎ᠠ ᠶᠢᠨ ᠺᠠᠳ᠋ᠷ ᠵᠡᠷᠭᠡ ᠶᠢᠨ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠴᠢᠯᠡᠭᠡ ᠡᠷᠭᠢᠯᠡᠬᠦ ᠶᠢ ᠵᠣᠷᠢᠭᠵᠢᠭᠤᠯᠤᠨ᠂ ᠨᠡᠶᠢᠭᠡᠮ ᠤᠨ ᠬᠦᠴᠦᠨ ᠤ | ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠴᠢᠳᠠᠪᠤᠷᠢᠲᠠᠨ ᠢ ᠬᠥᠮᠥᠵᠢᠭᠦᠯᠬᠦ ᠳᠤ ᠣᠷᠣᠯᠴᠠᠬᠤ ᠶᠢ ᠬᠥᠲᠥᠯᠥᠨ | ᠵᠢᠯᠤᠭᠤᠳᠴᠤ ᠲᠡᠳᠬᠦᠨ ᠳᠡᠮᠵᠢᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠲᠤ ᠴᠢᠳᠠᠪᠤᠷᠢᠲᠠᠨ ᠤ | ᠪᠠᠲᠤᠯᠠᠭ᠎ᠠ ᠬᠠᠩᠭᠠᠨ᠎ᠠ᠃ | ︵ᠶᠢᠰᠦ︶ᠤᠳᠤᠷᠢᠳᠤᠯᠭ᠎ᠠ ᠶᠢᠨ ᠵᠣᠬᠢᠶᠠᠨ ᠪᠠᠶᠢᠭᠤᠯᠤᠯᠲᠠ ᠪᠠᠨ ᠴᠢᠩᠭᠠᠳᠬᠠᠵᠤ᠂ ᠵᠠᠷᠤᠳᠠᠯ ᠢ | ᠨᠠᠶᠢᠳᠠᠪᠤᠷᠢᠵᠢᠭᠤᠯᠬᠤ ᠶᠢ ᠪᠠᠲᠤᠯᠠᠭ᠎ᠠ ᠲᠠᠢ ᠪᠣᠯᠭᠠᠨ᠎ᠠ | ᠵᠠᠰᠠᠭ ᠤᠨ ᠣᠷᠳᠣᠨ ᠠᠴᠠ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠢ ᠪᠥᠬᠦ ᠲᠠᠯ᠎ᠠ ᠪᠠᠷ | ᠤᠳᠤᠷᠢᠳᠴᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠢ ᠤᠳᠤᠷᠢᠳᠬᠤ ᠪᠠ ᠵᠣᠬᠢᠴᠠᠭᠤᠯᠬᠤ | ᠲᠣᠭᠲᠠᠴᠠ ᠶᠢ ᠪᠦᠷᠢᠨᠰᠢᠭᠦᠯᠦᠨ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠡᠬᠢ ᠪᠠᠶᠠᠯᠢᠭ ᠤᠨ ᠳᠠᠪᠠᠭᠤᠯᠢᠭ ᠢ | ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠵᠠᠷᠤᠳᠠᠯ ᠢ | ᠲᠥᠯᠥᠪᠯᠡᠭᠡ ᠲᠠᠢ ᠵᠦᠢ ᠵᠣᠬᠢᠰᠲᠠᠢ ᠵᠠᠷᠤᠴᠠᠭᠤᠯᠬᠤ ᠶᠢ ᠪᠠᠲᠤᠯᠠᠨ᠂ ᠪᠥᠬᠦ ᠲᠣᠭᠤᠷᠢᠭ ᠤᠨ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠠᠵᠢᠯᠯᠠᠭ᠎ᠠ ᠶᠢᠨ ᠤᠷᠤᠭᠰᠢᠲᠠᠢ ᠶᠠᠪᠤᠭᠳᠠᠬᠤ ᠶᠢ ᠪᠠᠲᠤᠯᠠᠵᠤ᠂ ᠣᠯᠠᠨ ᠨᠡᠶᠢᠲᠡ ᠶᠢᠨ ᠪᠡᠶ᠎ᠡ ᠶᠢᠨ | ᠲᠠᠮᠢᠷ ᠤᠨ ᠲᠠᠯᠠᠪᠤᠷ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠨᠡᠶᠢᠭᠡᠮ ᠤᠨ | ᠬᠦᠴᠦᠨ ᠢ ᠭᠦᠢᠴᠡᠳ ᠳᠠᠶᠢᠴᠢᠯᠠᠨ᠂ ᠵᠠᠰᠠᠭ ᠤᠨ ᠣᠷᠳᠣᠨ ᠢᠶᠠᠷ ᠤᠳᠤᠷᠢᠳᠤᠮᠵᠢ ᠪᠣᠯᠭᠠᠬᠤ ᠶᠢ ᠤᠯᠠᠮ ᠨᠢᠭᠡ | ᠠᠯᠬᠤᠮ ᠲᠡᠭᠦᠯᠳᠡᠷᠵᠢᠭᠦᠯᠵᠦ᠂ ᠨᠡᠶᠢᠭᠡᠮ ᠨᠡᠶᠢᠲᠡ ᠪᠠᠷ ᠢᠶᠠᠨ ᠬᠠᠮᠵᠢᠯᠴᠠᠭᠰᠠᠨ᠂ ᠣᠯᠠᠨ ᠨᠡᠶᠢᠲᠡ ᠪᠠᠷ ᠢᠶᠠᠨ | ᠣᠷᠣᠯᠴᠠᠭᠰᠠᠨ᠂ ᠬᠠᠤᠯᠢ ᠪᠠᠷ ᠵᠠᠰᠠᠬᠤ ᠪᠠᠷ ᠪᠠᠲᠤᠯᠠᠭᠰᠠᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠤᠨ | ᠪᠠᠶᠢᠷᠢᠰᠢᠯ ᠢ ᠪᠦᠷᠢᠨᠰᠢᠭᠦᠯᠦᠨ᠎ᠡ᠃ | ︵ᠠᠷᠪᠠ︶ ᠠᠶᠤᠯ ᠦᠭᠡᠢ ᠶᠢᠨ ᠪᠠᠲᠤᠯᠠᠭ᠎ᠠ ᠶᠢᠨ ᠳᠦᠷᠢᠮ ᠢ ᠲᠡᠭᠦᠯᠳᠡᠷᠵᠢᠭᠦᠯᠦᠨ᠎ᠡ | ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠷᠤᠯᠳᠤᠭᠠᠨ ᠤ ᠠᠵᠢᠯᠯᠠᠭ᠎ᠠ ᠶᠢᠨ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠵᠢᠨᠣᠯᠠᠨ ᠨᠡᠶᠢᠲᠡ ᠶᠢᠨ ᠲᠠᠯᠠᠪᠤᠷ ᠤᠨ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠢ ᠲᠣᠬᠢᠷᠠᠭᠤᠯᠤᠨ ᠪᠠᠶᠢᠭᠤᠯᠬᠤ ᠬᠠᠮᠢᠶᠠᠷᠤᠯᠲᠠ ᠪᠠ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ | ᠣᠷᠳᠣᠨ ᠳᠤ ᠲᠦᠷᠭᠡᠨ ᠠᠪᠤᠷᠠᠯᠳᠠ ᠶᠢᠨ ᠲᠥᠬᠦᠭᠡᠷᠦᠮᠵᠢ ᠲᠣᠬᠢᠷᠠᠭᠤᠯᠬᠤ ᠶᠢ ᠵᠣᠷᠢᠭᠵᠢᠭᠤᠯᠤᠨ᠂ ᠡᠯ᠎ᠡ ᠲᠥᠷᠥᠯ ᠤᠨ | ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠨᠡᠭᠡᠭᠡᠯᠲᠡᠲᠤ ᠦᠢᠯᠡᠴᠢᠯᠡᠭᠡ ᠶᠢ ᠬᠢᠵᠢᠭ ᠢ ᠰᠡᠷᠭᠡᠶᠢᠯᠡᠬᠦ᠂ | ᠪᠠᠴᠢᠮ ᠪᠠᠶᠢᠳᠠᠯ ᠢ ᠠᠷᠭᠠᠴᠠᠬᠤ᠂ ᠲᠠᠷᠬᠠᠭᠠᠬᠤ᠂ ᠦᠢᠯᠡᠳᠬᠦᠨ ᠤ ᠶᠠᠰᠤ ᠴᠢᠨᠠᠷ ᠵᠡᠷᠭᠡ ᠠᠮᠤᠷ ᠲᠦᠪᠰᠢᠨ ᠤ | ᠪᠠᠷᠢᠮᠵᠢᠶ᠎ᠠ ᠳᠤ ᠰᠦᠯᠵᠢᠶᠡᠨ ᠤ ᠠᠮᠤᠷ ᠲᠦᠪᠰᠢᠨ ᠤ ᠵᠡᠷᠭᠡ ᠳᠡᠰ ᠤᠨ ᠬᠠᠮᠠᠭᠠᠯᠠᠯᠲᠠ ᠶᠢᠨ ᠳᠦᠷᠢᠮ ᠢ | ᠨᠠᠶᠢᠳᠠᠪᠤᠷᠢᠵᠢᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠠᠮᠢᠶ᠎ᠠ ᠪᠦᠬᠦᠢ ᠮᠡᠳᠡᠭᠡ ᠵᠠᠩᠭᠢ ᠶᠢᠨ | ᠰᠢᠰᠲ᠋ᠧᠮ ᠤᠨ ᠠᠮᠤᠷ ᠲᠦᠪᠰᠢᠨ ᠤ ᠬᠠᠮᠠᠭᠠᠯᠠᠯᠲᠠ ᠪᠠ ᠬᠤᠪᠢ ᠬᠥᠮᠥᠨ ᠤ ᠮᠡᠳᠡᠭᠡ ᠵᠠᠩᠭᠢ ᠶᠢᠨ ᠠᠮᠤᠷ ᠲᠦᠪᠰᠢᠨ ᠢ | ᠬᠠᠮᠠᠭᠠᠯᠠᠨ᠎ᠠ᠃ | ︵ᠠᠷᠪᠠᠨ ᠨᠢᠭᠡ︶ ᠲᠤᠰ ᠲᠥᠯᠥᠪᠯᠡᠭᠡ ᠶᠢ ᠬᠡᠷᠡᠭᠵᠢᠭᠦᠯᠬᠦ ᠠᠵᠢᠯ | ᠲᠣᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ᠂ ᠪᠥᠬᠦ ᠲᠣᠭᠤᠷᠢᠭ | ᠤᠨᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠣᠨ ᠤᠯᠤᠰ ᠤᠨ ᠥᠮᠴᠢᠯᠡᠯᠲᠦ | ᠲᠠᠷᠢᠶᠠᠯᠠᠩ ᠮᠠᠯᠵᠢᠯ ᠤᠨ ᠲᠠᠯᠠᠪᠠᠶ ᠨᠢ ᠲᠤᠬᠠᠢ ᠶᠢᠨ ᠭᠠᠵᠠᠷ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ | ᠲᠥᠯᠥᠪᠯᠡᠭᠡ ᠶᠢ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠣᠰ ᠬᠠᠷᠢᠶ᠎ᠠ ᠣᠷᠣᠨ ᠤ ᠪᠣᠳᠠᠲᠠᠢ ᠳᠤ | ᠲᠣᠬᠢᠷᠠᠬᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠬᠡᠷᠡᠭᠵᠢᠭᠦᠯᠬᠦ ᠲᠥᠯᠥᠪᠯᠡᠭᠡ ᠶᠢ ᠲᠣᠭᠲᠠᠭᠠᠵᠤ᠂ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ | ᠬᠠᠮᠢᠶ᠎ᠠ ᠪᠦᠬᠦᠢ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠲᠣᠭᠤᠷᠢᠭ ᠤᠨ | ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠨᠢ ᠰᠤᠮᠤ ᠪᠠᠯᠭᠠᠰᠤ᠂ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠣᠨ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ ᠶᠢᠨ | ᠲᠣᠰ ︽ᠲᠥᠯᠥᠪᠯᠡᠭᠡ︾ ᠶᠢ ᠬᠡᠷᠡᠭᠵᠢᠭᠦᠯᠦᠭᠰᠡᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠬᠢᠨᠠᠯᠲᠠ | ᠲᠠᠯᠪᠢᠨ᠎ᠠ᠃ | | | |