ᠡᠨᠡ ᠵᠢᠯ᠂ ᠬᠤᠷᠴᠢᠨ ᠲᠣᠭᠤᠷᠢᠭ ᠤᠨ ᠬᠢᠨ ︽ᠲᠥᠷᠥᠯ ᠵᠦᠢᠯ ᠢᠶᠠᠷ ᠭᠤᠣᠯ ᠪᠣᠯᠭᠠᠵᠤ᠂ ᠬᠤᠳᠠᠯᠳᠤᠭᠠᠴᠢᠨ | ᠤᠷᠢᠬᠤ ᠪᠠᠷ ᠭᠤᠣᠯ ᠪᠣᠯᠭᠠᠬᠤ︾ ᠣᠶᠢᠯᠠᠭᠠᠭᠳᠠᠬᠤᠨ ᠢ ᠤᠯᠠᠮ ᠨᠢᠭᠡ ᠠᠯᠬᠤᠮ ᠪᠠᠲᠤ ᠪᠣᠶ ᠪᠣᠯᠭᠠᠵᠤ᠂ ᠲᠤᠯᠭᠠᠮ᠎ᠠ | ᠰᠡᠳᠬᠢᠯᠭᠡ ᠪᠠᠨ ᠨᠡᠮᠡᠭᠳᠡᠭᠦᠯᠦᠨ᠂ ᠠᠩᠬᠠᠷᠤᠯ ᠢᠶᠠᠨ ᠲᠥᠪᠯᠡᠷᠡᠭᠦᠯᠵᠦ᠂ ᠨᠠᠩ ᠶᠡᠭᠡ ᠡᠷᠴᠢᠮ ᠨᠠᠩ ᠪᠣᠳᠠᠲᠠᠢ ᠠᠷᠭ᠎ᠠ | ᠬᠡᠮᠵᠢᠶ᠎ᠡ ᠪᠠᠷ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠴᠢᠩᠭ᠎ᠠ ᠪᠣᠳᠠᠲᠠᠢ ᠪᠠᠷ | ᠠᠳᠬᠤᠨ᠎ᠠ᠃ ᠬᠤᠷᠴᠢᠨ ᠲᠣᠭᠤᠷᠢᠭ ᠤᠨ ᠬᠢᠨ ᠭᠤᠣᠯ ᠰᠡᠳᠦᠪᠲᠦ ᠬᠥᠮᠦᠵᠢᠯ ᠢᠶᠠᠷ ᠠᠵᠠ ᠲᠣᠬᠢᠶᠠᠯ ᠪᠣᠯᠭᠠᠬᠤ ᠶᠢ | ᠪᠠᠷᠢᠮᠲᠠᠯᠠᠵᠤ᠂ ᠰᠤᠷᠲᠠᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠵᠤ᠂ | ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨᠢ ᠰᠢᠯᠢᠳᠡᠭᠵᠢᠭᠦᠯᠵᠦ᠂ ᠰᠠᠨᠠᠭᠠᠴᠢᠯᠠᠭ᠎ᠠ ᠠᠴᠠ ᠪᠠᠨ ᠡᠮᠦᠨ᠎ᠡ ᠹᠷᠣᠨᠲ ᠲᠤ | ᠦᠢᠯᠡᠴᠢᠯᠡᠵᠦ᠂ ᠠᠵᠤ ᠠᠬᠤᠶᠢᠯᠠᠯ ᠳᠤ ᠠᠰᠢᠭ ᠬᠦᠷᠲᠡᠭᠡᠵᠦ ᠬᠦᠴᠢᠷᠳᠡᠯ ᠢ ᠰᠢᠢᠳᠪᠦᠷᠢᠯᠡᠬᠦ ᠲᠦᠷᠦ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠰᠠᠶᠢᠨ | ᠰᠠᠶᠢᠬᠠᠨ ᠨᠥᠬᠦᠴᠡᠯ ᠪᠦᠷᠢᠯᠳᠦᠭᠦᠯᠵᠦ ᠥᠭᠬᠦ ᠪᠠᠷ ᠴᠢᠷᠮᠠᠶᠢᠪᠠ᠃ ᠡᠭᠦᠨ ᠠᠴᠠ ᠭᠠᠳᠠᠨ᠎ᠠ᠂ ᠨᠢᠭᠡᠳᠦᠯᠲᠡᠢ ᠲᠥᠯᠥᠪᠯᠡᠨ | ᠵᠣᠬᠢᠴᠠᠭᠤᠯᠬᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠨ ᠠᠬᠢᠭᠤᠯᠬᠤ᠂ ᠬᠥᠳᠡᠯᠦᠩᠭᠦᠢ ᠪᠠᠷ ᠬᠢᠨᠠᠨ | ᠬᠡᠮᠵᠢᠵᠦ ᠦᠨᠡᠯᠡᠨ ᠵᠢᠱᠢᠬᠦ ᠶᠢ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠲᠥᠷᠥ ᠶᠢᠨ ᠪᠣᠳᠣᠯᠭ᠎ᠠ ᠲᠣᠭᠲᠠᠭᠠᠨ | ᠬᠡᠷᠡᠭᠵᠢᠭᠦᠯᠵᠦ᠂ ᠭᠤᠣᠯᠳᠠᠯᠭ᠎ᠠ ᠲᠠᠢ ᠲᠥᠷᠥᠯ ᠵᠦᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ | ᠬᠦᠴᠦᠯᠡᠨ ᠠᠬᠢᠭᠤᠯᠤᠨ᠎ᠠ᠃ | |