ᠠᠯᠪᠠᠨ ᠮᠡᠳᠡᠭᠡ᠄ ︽ᠬᠤᠷᠴᠢᠨ ᠲᠣᠭᠤᠷᠢᠭ ᠤᠨ ᠠᠭᠠᠷ ᠤᠨ ᠶᠠᠰᠤ ᠴᠢᠨᠠᠷ ᠢ ᠳᠡᠭᠡᠭᠰᠢᠯᠡᠭᠦᠯᠬᠦ ᠪᠣᠭᠤᠮᠲᠠ ᠰᠢᠪᠲᠤᠯᠬᠤ ᠠᠵᠢᠯᠯᠠᠭ᠎ᠠ ᠶᠢᠨ ᠲᠥᠰᠥᠯ︾ ᠢ ᠳᠠᠷᠤᠮᠠᠯᠯᠠᠨ ᠶᠠᠪᠤᠭᠤᠯᠬᠤ ᠲᠤᠬᠠᠢ ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/10/12
 ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ᠂ ᠬᠤᠩ ᠰᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠵᠢᠶᠠᠨ ᠭᠦᠸᠧ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠵᠡᠭᠦᠨ ᠲᠡᠭᠦᠷᠭᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠶᠦᠩ ᠴᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠳᠤ᠄      ︽ᠬᠤᠷᠴᠢᠨ ᠲᠣᠭᠤᠷᠢᠭ ᠤᠨ ᠠᠭᠠᠷ ᠤᠨ ᠶᠠᠰᠤ ᠴᠢᠨᠠᠷ ᠢ ᠳᠡᠭᠡᠭᠰᠢᠯᠡᠭᠦᠯᠬᠦ ᠪᠣᠭᠤᠮᠲᠠ ᠰᠢᠪᠲᠤᠯᠬᠤ ᠠᠵᠢᠯᠯᠠᠭ᠎ᠠ ᠶᠢᠨ ᠲᠥᠰᠥᠯ︾ ᠢ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠲᠤᠭᠠᠢ᠃                      2023 ᠣᠨ ᠤ 9 ᠰᠠᠷ᠎ᠠ ᠶᠢᠨ 5 ᠤ ᠡᠳᠦᠷᠬᠤᠷᠴᠢᠨ ᠲᠣᠭᠤᠷᠢᠭ ᠤᠨ ᠠᠭᠠᠷ ᠤᠨ ᠶᠠᠰᠤ ᠴᠢᠨᠠᠷ ᠢ ᠳᠡᠭᠡᠭᠰᠢᠯᠡᠭᠦᠯᠬᠦ ᠪᠣᠭᠤᠮᠲᠠ ᠰᠢᠪᠲᠤᠯᠬᠤ ᠠᠵᠢᠯᠯᠠᠭ᠎ᠠ ᠶᠢᠨ ᠲᠥᠰᠥᠯ      ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨᠬᠦ  ᠪᠠᠬᠢᠵᠢᠭᠦᠯᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ᠪᠦᠬᠦ ᠲᠣᠭᠤᠷᠢᠭ ᠤᠨ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ︽ᠲᠦᠩᠯᠢᠶᠣᠣ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠯᠦᠪᠵᠢᠭᠦᠯᠭᠡ︾ ︽ᠲᠦᠩᠯᠢᠶᠣᠣ ᠬᠤᠲᠠ ᠶᠢᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠳᠦᠷᠢᠮ︾ ︽ᠲᠦᠩᠯᠢᠶᠣᠣ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠲᠦᠷᠭᠡᠳᠬᠡᠨ ᠰᠠᠶᠢᠲᠤᠷ ᠬᠢᠬᠦ ᠲᠤᠬᠠᠢ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠤᠨ ᠶᠣᠰᠣᠭᠠᠷ᠂ ᠲᠦᠩᠯᠢᠶᠣᠣ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ ᠪᠠᠶᠢᠴᠠᠭᠠᠨ ᠰᠤᠳᠤᠯᠵᠤ ᠵᠢᠯᠤᠭᠤᠳᠬᠤ ᠰᠠᠨᠠᠯ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠬᠤᠷᠴᠢᠨ ᠲᠣᠭᠤᠷᠢᠭ ᠤᠨ ᠪᠣᠳᠠᠲᠠᠢ ᠲᠠᠢ ᠤᠶᠠᠯᠳᠤᠭᠤᠯᠤᠨ᠂  ᠣᠨᠴᠠᠭᠠᠶᠢᠯᠠᠨ ᠲᠣᠰ ᠲᠥᠰᠥᠯ ᠢ ᠲᠣᠭᠲᠠᠭᠠᠪᠠ᠃      ᠨᠢᠭᠡ᠂ ᠶᠡᠷᠦᠩᠬᠡᠢ ᠱᠠᠭᠠᠷᠳᠠᠯᠭ᠎ᠠ      ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠭᠠᠷ ᠮᠠᠨᠳᠠᠯ ᠤᠨ ᠣᠷᠴᠢᠨ ᠲᠣᠭᠤᠷᠢᠨ ᠤ ᠶᠠᠰᠤ ᠴᠢᠨᠠᠷ ᠢ ᠪᠦᠬᠦ ᠲᠠᠯ᠎ᠠ  ᠪᠠᠷ ᠰᠠᠶᠢᠵᠢᠷᠠᠭᠤᠯᠬᠤ ᠪᠠᠷ ᠭᠤᠣᠯ ᠪᠣᠯᠭᠠᠵᠤ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠣ ᠬᠤᠲᠠ ᠶᠢᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠮᠢᠶ᠎ᠠ ᠪᠦᠬᠦᠢ ᠱᠠᠭᠠᠷᠳᠠᠯᠭ᠎ᠠ  ᠶᠢ ᠡᠷᠡᠰ ᠨᠠᠶᠢᠳᠠᠪᠤᠷᠢᠵᠢᠭᠤᠯᠵᠤ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠡᠯ᠎ᠡ ᠵᠦᠢᠯ ᠤᠨ ᠠᠷᠭ᠎ᠠ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠰᠲ᠋ᠧᠮ ᠲᠠᠢ ᠪᠠᠷ ᠵᠠᠰᠠᠬᠤ᠂ ᠡᠬᠢ ᠡᠭᠦᠰᠦᠯ ᠠᠴᠠ ᠨᠢ ᠵᠠᠰᠠᠬᠤ᠂ ᠶᠡᠷᠦᠩᠬᠡᠶᠢᠯᠡᠨ ᠵᠠᠰᠠᠬᠤ ᠶᠢ ᠲᠣᠪᠤᠶᠢᠯᠭᠠᠨ᠂ ᠣᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠬᠦ᠂ ᠬᠠᠮᠵᠢᠯᠴᠠᠨ ᠦᠷ᠎ᠡ ᠠᠰᠢᠭ ᠢ ᠨᠡᠮᠡᠭᠳᠡᠭᠦᠯᠬᠦ ᠵᠠᠰᠠᠯᠲᠠ ᠶᠢᠨ ᠰᠢᠰᠲ᠋ᠧᠮᠵᠢ ᠶᠢ ᠪᠣᠶ ᠪᠣᠯᠭᠠᠵᠤ᠂ ᠠᠭᠠᠷ ᠮᠠᠨᠳᠠᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠰᠢᠨ᠎ᠡ ᠪᠠᠶᠢᠳᠠᠯ ᠢ ᠡᠭᠦᠳᠬᠦ᠂ ᠰᠢᠨ᠎ᠡ ᠦᠷ᠎ᠡ ᠪᠦᠲᠦᠮᠵᠢ ᠣᠯᠬᠤ ᠶᠢ ᠲᠠᠰᠤᠷᠠᠯᠲᠠ ᠦᠭᠡᠢ ᠠᠬᠢᠭᠤᠯᠵᠤ᠂ ᠬᠤᠷᠴᠢᠨ ᠲᠣᠭᠤᠷᠢᠭ ᠤᠨ ᠠᠭᠠᠷ ᠮᠠᠨᠳᠠᠯ ᠤᠨ ᠣᠷᠴᠢᠨ ᠲᠣᠭᠤᠷᠢᠨ ᠤ ᠶᠠᠰᠤ ᠴᠢᠨᠠᠷ ᠤᠨ ᠡᠯ᠎ᠡ ᠵᠦᠢᠯ ᠤᠨ ᠭᠦᠢᠴᠡᠳᠬᠡᠯ ᠲᠤᠭ᠎ᠠ ᠶᠢ ᠳᠡᠭᠡᠳᠦ ᠱᠠᠲᠤᠨ ᠤ ᠰᠢᠯᠭᠠᠨ ᠬᠢᠨᠠᠬᠤ ᠱᠠᠭᠠᠷᠳᠠᠯᠭ᠎ᠠ ᠳᠤ ᠬᠦᠷᠦᠭᠦᠯᠬᠦ ᠶᠢ ᠪᠠᠲᠤᠯᠠᠨ᠎ᠠ᠃      ᠬᠤᠶᠠᠷ᠂ ᠠᠵᠢᠯ ‍ᠤᠨ‌ᠠᠷᠭ᠎ᠠ ᠬᠡᠮᠵᠢᠶ᠎ᠡ      ︵ᠨᠢᠭᠡ︶ ᠬᠤᠷᠴᠢᠨ ᠲᠣᠭᠤᠷᠢᠭ ᠤᠨ ᠬᠤᠲᠠ ᠪᠠᠯᠭᠠᠰᠤ ᠶᠢᠨ ᠠᠷᠢᠭᠤᠨ ᠴᠡᠪᠡᠷ ᠳᠤᠯᠠᠭᠠᠯᠠᠭ᠎ᠠ ᠶᠢᠨ ᠠᠵᠢᠯ ᠢ ᠲᠦᠷᠭᠡᠳᠬᠡᠨ ᠠᠬᠢᠭᠤᠯᠤᠨ᠎ᠠ      ᠬᠠᠷᠢᠭᠤᠴᠠᠯᠭᠠᠲᠤ ᠨᠢᠭᠡᠴᠢ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ      ᠬᠠᠮᠢᠶᠠᠷᠤᠯᠲᠠ ᠶᠢᠨ ᠲᠣᠪᠴᠢᠶ᠎ᠠ      ᠠᠵᠢᠯ ᠤᠨ ᠠᠷᠭ᠎ᠠ ᠬᠡᠮᠵᠢᠶ᠎ᠡ᠄ ᠨᠢᠭᠡ ᠳᠤ᠂ ᠬᠤᠷᠴᠢᠨ ᠲᠣᠭᠤᠷᠢᠭ ᠤᠨ ᠪᠣᠬᠢᠷᠲᠤᠯ ᠶᠡᠬᠡᠲᠡᠢ ᠰᠢᠲᠠᠭᠠᠯᠭ᠎ᠠ ᠶᠢ ᠴᠠᠭᠠᠵᠠᠯᠠᠬᠤ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠷᠢᠭᠤᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢᠨ ᠲᠥᠷᠥᠯ ᠵᠦᠢᠯ ᠢ ᠰᠦᠪᠡᠭᠴᠢᠯᠡᠨ ᠠᠬᠢᠭᠤᠯᠵᠤ᠂ ᠣᠲᠣ ᠶᠢᠨ ᠪᠠᠶᠢᠭ᠎ᠠ ᠨᠡᠭᠦᠷᠡᠰᠦ ᠵᠡᠷᠭᠡ ᠪᠣᠬᠢᠷᠲᠤᠯ ᠶᠡᠬᠡᠲᠡᠢ ᠰᠢᠲᠠᠭᠠᠯᠭ᠎ᠠ ᠶᠢᠨ ᠵᠤᠤᠬ᠎ᠠ ᠶᠢ ᠬᠦᠴᠦᠨ ᠦᠭᠡᠢ ᠪᠣᠯᠭᠠᠵᠤ᠂ ᠪᠣᠬᠢᠷᠲᠤᠯ ᠶᠡᠬᠡᠲᠡᠢ ᠰᠢᠲᠠᠭᠠᠯᠭ᠎ᠠ ᠶᠢᠨ ᠵᠤᠤᠬ᠎ᠠ ᠶᠢ  ᠪᠣᠷᠣᠯᠠᠭᠤᠯᠵᠤ ᠬᠡᠷᠡᠭᠯᠡᠬᠦ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃ ᠬᠤᠶᠠᠷ ᠲᠤ ᠴᠢᠶᠠᠨ ᠵᠢᠶᠠ ᠳ᠋ᠢᠶᠠᠨ ᠤ ᠠᠷᠢᠭᠤᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢᠨ ᠲᠥᠷᠥᠯ ᠵᠦᠢᠯ ᠤᠨ ᠠᠮᠵᠢᠯᠲᠠ ᠲᠠᠢ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ᠨᠢᠭᠡ ᠪᠦᠯᠦᠭ ᠠᠷᠢᠭᠤᠨ ᠴᠡᠪᠡᠷ ᠳᠤᠯᠠᠭᠠᠯᠠᠭ᠎ᠠ ᠶᠢᠨ ᠲᠥᠷᠥᠯ ᠵᠦᠢᠯ ᠢ ᠰᠦᠪᠡᠭᠴᠢᠯᠡᠨ ᠠᠬᠢᠭᠤᠯᠵᠤ᠂ ᠠᠷᠠᠳ ᠤᠨ ᠲᠥᠯᠥᠭᠡ ᠢᠯᠴᠢ ᠬᠠᠩᠭᠠᠬᠤ᠂ ᠨᠢᠰᠬᠡᠯ ᠤᠨ ᠪᠠᠭᠤᠳᠠᠯ ᠤᠨ ᠢᠯᠴᠢ ᠬᠠᠩᠭᠠᠬᠤ᠂ ᠶᠢᠨ ᠭᠠᠩ ᠤᠨ ᠢᠯᠴᠢ ᠬᠠᠩᠭᠠᠬᠤ ᠵᠡᠷᠭᠡ ᠨᠡᠭᠦᠷᠡᠰᠦ ᠰᠢᠲᠠᠭᠠᠬᠤ ᠵᠤᠤᠬ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ᠂ ᠠᠷᠢᠭᠤᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠬᠢᠬᠦ ᠪᠤᠶᠤ ᠲᠣᠣᠷ ᠲᠤ ᠨᠡᠶᠢᠯᠡᠭᠦᠯᠦᠨ ᠶᠡᠭᠡ ᠢᠯᠴᠢ ᠶᠢ ᠵᠠᠯᠭᠠᠨ ᠣᠷᠣᠭᠤᠯᠤᠨ᠎ᠠ       ︵ᠬᠤᠶᠠᠷ︶ ᠢᠯᠴᠢ ᠬᠠᠩᠭᠠᠬᠤ ᠵᠤᠤᠬ᠎ᠠ ᠶᠢ ᠬᠥᠲᠥᠯᠥᠨ ᠵᠢᠯᠤᠭᠤᠳᠴᠤ ᠪᠠᠶᠢᠭᠠᠳ ᠤᠷᠬᠢᠯ ᠠᠴᠠ ᠨᠢ ᠵᠥᠷᠢᠭᠦᠯᠦᠨ ᠵᠤᠤᠬ᠎ᠠ ᠨᠤᠴᠤᠭᠠᠬᠤ      ᠬᠠᠷᠢᠭᠤᠴᠠᠯᠭᠠᠲᠤ ᠨᠢᠭᠡᠴᠢ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ      ᠠᠵᠢᠯ ᠤᠨ ᠠᠷᠭ᠎ᠠ ᠬᠡᠮᠵᠢᠶ᠎ᠡ᠄ ᠬᠤᠷᠴᠢᠨ ᠲᠣᠭᠤᠷᠢᠭ ᠤᠨ ᠳᠤᠯᠠᠭᠠᠯᠭ᠎ᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠳᠤᠯᠠᠭᠠᠯᠭ᠎ᠠ ᠶᠢᠨ ᠠᠵᠤ ᠠᠬᠤᠶᠢᠯᠠᠯ ᠤᠨ ᠨᠡᠭᠦᠷᠡᠰᠦ ᠰᠢᠲᠠᠭᠠᠬᠤ ᠵᠤᠤᠬ᠎ᠠ ᠶᠢᠨ ᠣᠷᠭᠢᠯ ᠢ ᠵᠥᠷᠢᠭᠦᠯᠦᠨ ᠵᠤᠤᠬ᠎ᠠ ᠨᠤᠴᠤᠭᠠᠬᠤ ᠲᠥᠯᠥᠪᠯᠡᠭᠡ ᠶᠢ ᠲᠣᠭᠲᠠᠭᠠᠵᠤ᠂ 9 ᠳ᠋ᠦᠭᠡᠷ ᠰᠠᠷ᠎ᠠ ᠶᠢᠨ 25 ᠤ ᠡᠳᠦᠷ ᠠᠴᠠ ᠡᠮᠦᠨ᠎ᠡ ᠲᠥᠯᠥᠪᠯᠡᠭᠡ ᠪᠠᠨ ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ᠎ᠡ᠃      ︵ᠭᠤᠷᠪᠠ︶ ᠰᠢᠲᠠᠬᠤ ᠶᠢ ᠴᠠᠭᠠᠵᠠᠯᠠᠬᠤ ᠣᠷᠣᠨ ᠤ ᠳᠣᠲᠣᠷᠠᠬᠢ ᠨᠡᠭᠦᠷᠡᠰᠦ ᠰᠢᠲᠠᠭᠠᠬᠤ ᠵᠤᠤᠬ᠎ᠠ ᠶᠢ ᠬᠠᠮᠢᠶᠠᠷᠤᠨ ᠡᠵᠡᠮᠳᠡᠬᠦ ᠡᠷᠴᠢᠮ ᠢ ᠴᠢᠩᠭᠠᠷᠠᠭᠤᠯᠤᠨ᠎ᠠ      ᠬᠠᠷᠢᠭᠤᠴᠠᠯᠭᠠᠲᠤ ᠨᠢᠭᠡᠴᠢ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ      ᠠᠵᠢᠯ ᠤᠨ ᠠᠷᠭ᠎ᠠ ᠬᠡᠮᠵᠢᠶ᠎ᠡ᠄ ᠪᠠᠶᠢᠭᠤᠯᠤᠭᠰᠠᠨ ᠲᠣᠭᠤᠷᠢᠭ ᠵᠢᠴᠢ ᠡᠷᠬᠢᠨ ᠲᠣᠭᠤᠷᠢᠨ ᠤ ᠠᠵᠤ ᠠᠬᠤᠶᠢᠯᠠᠯ ᠤᠨ ᠴᠡᠪᠡᠷ ᠡᠨᠧᠷᠭᠢ ᠬᠡᠷᠡᠭᠯᠡᠬᠦ ᠶᠢ ᠳᠡᠮᠵᠢᠵᠦ ᠬᠥᠲᠥᠯᠥᠨ ᠵᠢᠯᠤᠭᠤᠳᠴᠤ᠂ 65 ᠲᠣᠨ ᠠᠴᠠ ᠳᠡᠭᠡᠭᠰᠢᠬᠢ ᠨᠡᠭᠦᠷᠡᠰᠦ ᠰᠢᠲᠠᠭᠠᠬᠤ ᠵᠤᠤᠬ᠎ᠠ ᠶᠢᠨ ᠬᠡᠲᠦ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢᠨ ᠠᠵᠢᠯ ᠢ ᠦᠷᠭᠦᠯᠵᠢᠯᠡᠨ ᠠᠬᠢᠭᠤᠯᠵᠤ᠂ ᠨᠡᠭᠦᠷᠡᠰᠦ ᠰᠢᠲᠠᠭᠠᠬᠤ ᠵᠤᠤᠬ᠎ᠠ ᠶᠢᠨ ᠣᠷᠴᠢᠨ ᠲᠣᠭᠤᠷᠢᠨ ᠤ ᠬᠢᠨᠠᠨ ᠰᠢᠯᠭᠠᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠬᠢᠨ᠎ᠡ᠃      ︵ᠳᠥᠷᠪᠡ︶ ᠰᠢᠲᠠᠮᠠᠬᠠᠢ ᠬᠡᠢ ᠳᠤ ᠬᠤᠯᠪᠣᠭᠳᠠᠬᠤ ᠠᠵᠤ ᠠᠬᠤᠶᠢᠯᠠᠯ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ      ᠬᠠᠷᠢᠭᠤᠴᠠᠯᠭᠠᠲᠤ ᠨᠢᠭᠡᠴᠢ᠄ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ      ᠠᠵᠢᠯ ᠤᠨ ᠠᠷᠭ᠎ᠠ ᠬᠡᠮᠵᠢᠶ᠎ᠡ᠄ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠤᠨ ᠵᠠᠰᠠᠯᠲᠠ ᠶᠢᠨ ᠲᠣᠪᠣᠶᠢᠮ᠎ᠠ ᠠᠰᠠᠭᠤᠳᠠᠯ ᠳᠤ ᠴᠢᠭᠯᠡᠭᠦᠯᠦᠨ ︽ᠡᠷᠬᠢᠨ ᠬᠠᠷᠠᠬᠤ︾ ᠳᠤ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠤᠨ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠵᠦ ᠂ ᠴᠠᠬᠢᠯᠭᠠᠨ ᠬᠦᠴᠦᠨ᠂ ᠬᠢᠮᠢ ᠶᠢᠨ ᠠᠵᠤ ᠦᠢᠯᠡᠳᠪᠦᠷᠢ᠂ ᠡᠮ ᠡᠮᠨᠡᠯᠭᠡ᠂ ᠳᠤᠯᠠᠭᠠᠯᠭ᠎ᠠ ᠵᠡᠷᠭᠡ ᠰᠢᠲᠠᠮᠠᠬᠠᠢ ᠬᠡᠢ ᠳᠤ ᠬᠤᠯᠪᠣᠭᠳᠠᠬᠤ ᠠᠵᠤ ᠠᠬᠤᠶᠢᠯᠠᠯ ᠤᠨ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠪᠣᠬᠢᠷᠲᠤᠯ ᠢ ᠵᠠᠰᠠᠬᠤ ᠪᠡᠯᠡᠳᠬᠡᠮᠵᠢ ᠶᠢᠨ ᠲᠣᠭᠲᠠᠭᠤᠨ ᠢᠶᠠᠷ ᠠᠵᠢᠯᠯᠠᠬᠤ᠂ ᠪᠣᠬᠢᠷᠲᠤᠯ ᠪᠣᠳᠠᠰ ᠢ ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠬᠤ ᠶᠢ ᠪᠠᠲᠤᠯᠠᠨ᠎ᠠ᠃      ︵ᠲᠠᠪᠤ︶ ᠪᠠᠷᠢᠯᠭ᠎ᠠ ᠶᠢᠨ ᠭᠠᠵᠠᠷ᠂ ᠲᠡᠭᠡᠭᠡᠪᠦᠷᠢ᠂ ᠵᠠᠮ ᠤᠨ ᠲᠣᠭᠤᠰᠣ ᠰᠢᠷᠣᠢ ᠶᠢ ᠬᠠᠮᠢᠶᠠᠷᠤᠨ ᠡᠵᠡᠮᠳᠡᠬᠦ ᠠᠵᠢᠯ ᠢ ᠴᠢᠩᠭᠠᠳᠬᠠᠨ᠎ᠠ      ᠬᠠᠷᠢᠭᠤᠴᠠᠯᠭᠠᠲᠤ ᠨᠢᠭᠡᠴᠢ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ      ᠠᠵᠢᠯ ᠤᠨ ᠠᠷᠭ᠎ᠠ ᠬᠡᠮᠵᠢᠶ᠎ᠡ᠄ ᠨᠢᠭᠡ ᠳᠤ ᠬᠠᠷᠢᠶ᠎ᠠ ᠣᠷᠣᠨ ᠤ ᠳᠣᠲᠣᠷᠠᠬᠢ ᠪᠠᠷᠢᠯᠭ᠎ᠠ ᠶᠢᠨ ᠭᠠᠵᠠᠷ ᠤᠨ ᠲᠣᠭᠤᠰᠣ ᠰᠢᠷᠣᠢ ᠶᠢ ᠰᠡᠷᠭᠡᠶᠢᠯᠡᠨ ᠵᠠᠰᠠᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠪᠥᠬᠦ ᠬᠦᠴᠦᠨ ᠢᠶᠠᠷ ᠢᠶᠠᠨ ᠥᠷᠨᠢᠭᠦᠯᠦᠨ᠎ᠡ᠃ ᠬᠤᠶᠠᠷ ᠲᠤ᠂ ᠭᠤᠣᠯ ᠬᠤᠳᠠ ᠶᠢᠨ ᠲᠣᠭᠤᠷᠢᠭ ᠲᠠᠬᠢ ᠬᠤᠭ ᠲᠣᠭᠤᠰᠣ ᠪᠤᠲᠠᠷᠬᠠᠢ ᠰᠢᠭᠠᠷᠤ ᠶᠢ ᠬᠠᠮᠢᠶᠠᠷᠤᠨ ᠡᠵᠡᠮᠳᠡᠬᠦ ᠶᠢ ᠪᠦᠬᠦ ᠲᠠᠯ᠎ᠠ ᠪᠠᠷ ᠴᠢᠩᠭᠠᠳᠬᠠᠵᠤ᠂ ᠪᠠᠷᠢᠯᠭ᠎ᠠ ᠶᠢᠨ ᠠᠵᠢᠯ ᠤᠨ ᠶᠠᠪᠤᠴᠠ ᠶᠢᠨ ︽ᠵᠢᠷᠭᠤᠭᠠᠨ ᠵᠠᠭᠤᠨ ᠤ ᠵᠠᠭᠤ︾ ᠶᠢ ᠴᠢᠩᠭ᠎ᠠ ᠬᠡᠷᠡᠭᠵᠢᠭᠦᠯᠦᠨ᠎ᠡ᠃ ᠭᠤᠷᠪᠠ ᠳᠤ᠂ ᠤᠯᠠᠨ ᠨᠡᠶᠢᠲᠡ ᠶᠢᠨ ᠲᠠᠯᠠᠪᠤᠷ ᠵᠢᠴᠢ ᠵᠠᠮ ᠢ ᠶᠡᠷᠦᠩᠬᠡᠶᠢᠯᠡᠨ ᠴᠡᠪᠡᠷᠯᠡᠬᠦ ᠶᠢ ᠪᠦᠬᠦ ᠲᠠᠯ᠎ᠠ ᠪᠠᠷ ᠴᠢᠩᠭᠠᠳᠬᠠᠵᠤ᠂ ᠵᠠᠮ ᠢ ᠴᠡᠪᠡᠷᠯᠡᠵᠦ ᠤᠰᠤ ᠰᠦᠷᠴᠢᠬᠦ ᠤᠳᠠᠭ᠎ᠠ ᠶᠢ ᠳᠡᠭᠡᠭᠰᠢᠯᠡᠭᠦᠯᠵᠦ᠂ ᠨᠡᠶᠢᠲᠡ ᠶᠢᠨ ᠵᠣᠷᠯᠣᠩ᠂ ᠬᠤᠭ ᠨᠣᠪᠰᠢ ᠶᠢ ᠬᠤᠷᠢᠶᠠᠨ ᠴᠤᠭᠯᠠᠭᠤᠯᠵᠤ ᠳᠠᠮᠵᠢᠭᠤᠯᠤᠨ ᠲᠡᠭᠡᠭᠡᠪᠦᠷᠢᠯᠡᠬᠦ ᠵᠢᠴᠢ ᠬᠤᠯᠪᠣᠭᠳᠠᠯ ᠪᠦᠬᠦᠢ ᠲᠥᠬᠦᠭᠡᠷᠦᠮᠵᠢ ᠶᠢ ᠡᠵᠡᠩᠨᠡᠵᠦ ᠬᠠᠮᠠᠭᠠᠯᠠᠬᠤ ᠠᠵᠢᠯ ᠢ ᠰᠠᠶᠢᠲᠤᠷ ᠬᠢᠨ᠎ᠡ ᠃      ︵ᠵᠢᠷᠭᠤᠭ᠎ᠠ︶ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠳᠤ  ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠰᠠᠶᠢᠲᠤᠷ ᠬᠢᠬᠦ       ᠬᠠᠷᠢᠭᠤᠴᠠᠯᠭᠠᠲᠤ ᠨᠢᠭᠡᠴᠢ᠄ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠡᠯ᠎ᠡ ᠰᠤᠮᠤ ᠪᠠᠯᠭᠠᠰᠤ᠂ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ ᠵᠢᠴᠢ ᠲᠠᠷᠢᠶᠠᠯᠠᠩ ᠳᠤ ᠬᠤᠯᠪᠣᠭᠳᠠᠬᠤ ᠵᠡᠭᠡᠯᠢ ᠭᠤᠳᠤᠮᠵᠢ      ᠠᠵᠢᠯ ᠤᠨ ᠠᠷᠭ᠎ᠠ ᠬᠡᠮᠵᠢᠶ᠎ᠡ᠄ ᠨᠢᠭᠡ ᠳᠤ᠂ ᠲᠣᠥᠷᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠲᠤᠬᠠᠢ ᠶᠢᠨ ᠲᠠᠯᠠᠪᠤᠷ ᠲᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠭᠤᠣᠯᠳᠠᠯᠭ᠎ᠠ ᠲᠠᠢ ᠣᠷᠣᠨ ᠪᠦᠰᠡ᠂ ᠴᠢᠬᠤᠯᠠ ᠴᠠᠭ ᠬᠤᠭᠤᠴᠠᠭ᠎ᠠ ᠶᠢᠨ ᠲᠣᠭᠤᠷᠢᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠢᠯᠡᠷᠡᠭᠦᠯᠦᠭᠰᠡᠨ ᠡᠰᠢ ᠰᠦᠷᠡᠯ ᠢ ᠰᠢᠲᠠᠭᠠᠭᠰᠠᠨ ᠰᠡᠵᠢᠭᠯᠡᠯᠲᠡᠢ ᠭᠠᠯ ᠤᠨ ᠴᠡᠭ ᠢ ᠴᠠᠭ ᠲᠤᠬᠠᠢ  ᠳᠤᠨᠢ ᠲᠣᠬᠢᠲᠠᠢ ᠰᠢᠢᠳᠪᠦᠷᠢᠯᠡᠵᠦ᠂ ᠭᠠᠯ ᠤᠨ ᠴᠡᠭ ᠶᠡᠭᠡ ᠪᠠᠷ ᠳᠡᠭᠡᠭᠰᠢᠯᠡᠬᠦ᠂ ᠠᠳᠠᠯᠢ ᠣᠷᠣᠨ ᠪᠦᠰᠡ ᠳᠤ ᠳᠠᠬᠢᠨ ᠳᠠᠪᠲᠠᠨ ᠭᠠᠯ ᠤᠨ ᠴᠡᠭ ᠤᠨ ᠪᠠᠶᠢᠳᠠᠯ ᠭᠠᠷᠬᠤ ᠠᠴᠠ ᠵᠠᠶᠢᠯᠠᠰᠬᠢᠨ᠎ᠡ᠃ ᠬᠤᠶᠠᠷ ᠲᠤ᠂ ᠤᠬᠠᠭᠤᠯᠭ᠎ᠠ ᠶᠢ ᠥᠷᠭᠡᠨ ᠢᠶᠠᠷ ᠥᠷᠨᠢᠭᠦᠯᠵᠦ᠂ ᠸᠢᠴᠠᠲ ᠤᠨ ᠪᠦᠯᠦᠭ ᠤᠨ ᠮᠡᠳᠡᠭᠳᠡᠯ᠂ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠠᠯᠪᠠᠨ ᠵᠠᠷ ᠨᠠᠭᠠᠬᠤ ᠵᠡᠷᠭᠡ ᠬᠡᠯᠪᠡᠷᠢ ᠪᠠᠷ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠤᠬᠠᠭᠤᠯᠭ᠎ᠠ ᠶᠢᠨ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠡᠰᠢ ᠰᠦᠷᠡᠯ ᠢ ᠲᠣᠬᠢᠲᠠᠢ ᠰᠢᠢᠳᠪᠦᠷᠢᠯᠡᠬᠦ ᠦᠵᠡᠯ ᠤᠬᠠᠮᠰᠠᠷ ᠢ ᠪᠣᠶ ᠪᠤᠯᠭᠠᠨ᠎ᠠ᠃       ︵ᠲᠤᠯᠤᠭ᠎ᠠ︶ ᠠᠭᠠᠷ ᠮᠠᠨᠳᠠᠯ ᠢ ᠬᠢᠨᠠᠨ ᠬᠡᠮᠵᠢᠬᠦ ᠲᠢᠩᠰᠡ ᠶᠢᠨ ᠡᠷᠬᠢᠨ ᠲᠣᠭᠤᠷᠢᠨ ᠤ ᠣᠷᠴᠢᠨ ᠲᠣᠭᠤᠷᠢᠨ ᠢ ᠲᠣᠭᠤᠷᠢᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠨ᠎ᠠ      ᠬᠠᠷᠢᠭᠤᠴᠠᠯᠭᠠᠲᠤ ᠨᠢᠭᠡᠴᠢ᠄ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠵᠡᠭᠦᠨ ᠲᠡᠭᠦᠷᠭᠡ ᠵᠡᠭᠡᠯᠢ ᠭᠤᠳᠤᠮᠵᠢ᠂ ᠶᠦᠩ ᠴᠢᠩ ᠵᠡᠭᠡᠯᠢ ᠭᠤᠳᠤᠮᠵᠢ      ᠠᠵᠢᠯ ᠤᠨ ᠠᠷᠭ᠎ᠠ ᠬᠡᠮᠵᠢᠶ᠎ᠡ᠄ ᠠᠬᠠᠮᠠᠳ ᠺᠠᠳ᠋ᠷᠴᠤᠳ ᠤᠨ ᠠᠵᠢᠯᠯᠠᠭ᠎ᠠ ᠶᠢᠨ ᠲᠥᠪ᠂ ᠳ᠋ᠦᠩ ᠹᠠᠩ ᠮᠢᠩ ᠵᠦ ᠨᠡᠶᠢᠭᠡᠮ ᠲᠣᠭᠤᠷᠢᠭ ᠤᠨ ᠤᠯᠤᠰ ᠠᠴᠠ ᠡᠵᠡᠮᠳᠡᠬᠦ ᠠᠭᠠᠷ ᠮᠠᠨᠳᠠᠯ ᠤᠨ ᠬᠢᠨᠠᠨ ᠬᠡᠮᠵᠢᠬᠦ ᠲᠢᠩᠰᠡ ᠳᠤ ᠴᠢᠭᠯᠡᠭᠦᠯᠦᠨ᠂ ᠡᠷᠬᠢᠨ ᠲᠣᠭᠤᠷᠢᠨ ᠤ ᠣᠷᠴᠢᠨ ᠲᠣᠭᠤᠷᠢᠨ ᠢ ᠲᠣᠭᠤᠷᠢᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠎ᠡ ᠃ ᠲᠣᠭᠤᠷᠢᠭ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠨᠢ ᠲᠡᠭᠡᠭᠡᠪᠦᠷᠢ ᠶᠢᠨ ᠲᠣᠭᠤᠰᠣ ᠳᠡᠭᠳᠡᠬᠦ ᠶᠢ ᠬᠢᠨᠠᠨ ᠬᠠᠮᠢᠶᠠᠷᠬᠤ ᠶᠢ ᠬᠠᠷᠢᠭᠤᠴᠠᠵᠤ᠂ ᠪᠦᠲᠡᠭᠡᠯᠭᠡ ᠶᠢᠨ ᠬᠡᠷᠡᠭᠯᠡᠯᠲᠡ ᠵᠢᠷᠤᠮᠵᠢᠯ ᠦᠭᠡᠢ᠂ ᠲᠡᠷᠭᠡ ᠬᠥᠰᠬᠡ ᠶᠢ ᠨᠢᠭᠲᠠ ᠪᠢᠲᠡᠭᠦᠮᠵᠢᠯᠡᠭᠰᠡᠨ ᠦᠭᠡᠢ ᠵᠡᠷᠭᠡ ᠠᠰᠠᠭᠤᠳᠠᠯ ᠢ ᠴᠡᠭᠴᠡᠯᠡᠨ ᠵᠠᠰᠠᠵᠤ᠂ ᠲᠣᠭᠲᠠᠭᠠᠯ ᠠᠴᠠ ᠵᠥᠷᠢᠴᠡᠭᠰᠡᠨ ᠬᠤᠭ ᠰᠢᠷᠣᠢ ᠲᠡᠭᠡᠭᠡᠪᠦᠷᠢᠯᠡᠬᠦ ᠲᠡᠷᠭᠡ ᠬᠥᠰᠬᠡ ᠶᠢ ᠪᠠᠶᠢᠴᠠᠭᠠᠨ ᠰᠢᠢᠳᠪᠦᠷᠢᠯᠡᠵᠦ᠂ ᠪᠠᠷᠢᠯᠭ᠎ᠠ ᠶᠢᠨ ᠭᠠᠵᠠᠷ ᠤᠨ ᠲᠣᠭᠤᠰᠣ ᠳᠡᠭᠳᠡᠬᠦ ᠶᠢ ᠬᠢᠨᠠᠨ ᠪᠠᠶᠢᠴᠠᠭᠠᠬᠤ ᠠᠵᠢᠯ ᠢ ᠥᠷᠨᠢᠭᠦᠯᠦᠨ᠂ ᠬᠢᠨᠠᠨ ᠬᠡᠮᠵᠢᠬᠦ ᠲᠢᠩᠰᠡ ᠶᠢᠨ ᠡᠷᠬᠢᠨ ᠲᠣᠭᠤᠷᠢᠨ ᠤ ᠵᠠᠮ ᠢ ᠴᠡᠪᠡᠷᠯᠡᠵᠦ ᠤᠰᠤ ᠰᠦᠷᠴᠢᠬᠦ ᠤᠳᠠᠭ᠎ᠠ ᠶᠢ ᠳᠡᠭᠡᠭᠰᠢᠯᠡᠭᠦᠯᠦᠨ᠎ᠡ︔ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠨᠢ ᠪᠠᠷᠢᠯᠭ᠎ᠠ ᠶᠢᠨ ᠭᠠᠵᠠᠷ ᠤᠨ ᠲᠣᠭᠤᠰᠣ ᠰᠢᠷᠣᠢ ᠶᠢ ᠬᠠᠮᠢᠶᠠᠷᠤᠨ ᠡᠵᠡᠮᠳᠡᠬᠦ ᠳᠤ ᠬᠢᠨᠠᠯᠲᠠ ᠲᠠᠯᠪᠢᠬᠤ ᠶᠢ ᠬᠠᠷᠢᠭᠤᠴᠠᠵᠤ᠂ ᠪᠠᠷᠢᠯᠭ᠎ᠠ ᠶᠢᠨ ᠠᠵᠢᠯ ᠤᠨ ᠶᠠᠪᠤᠴᠠ ᠶᠢᠨ ︽ᠵᠢᠷᠭᠤᠭᠠᠨ ᠵᠠᠭᠤᠨ ᠤ ᠵᠠᠭᠤ︾ ᠶᠢ ᠪᠠᠲᠤᠯᠠᠨ᠎ᠠ᠃ ᠲᠣᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠨᠢ ᠠᠭᠠᠷ ᠤᠨ ᠶᠠᠰᠤ ᠴᠢᠨᠠᠷ ᠤᠨ ᠪᠠᠶᠢᠳᠠᠯ ᠢ ᠴᠠᠭ ᠲᠤᠬᠠᠢ ᠳᠤᠨᠢ ᠡᠵᠡᠮᠰᠢᠬᠦ ᠶᠢ ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠰᠠᠶᠢᠲᠤᠷ ᠨᠡᠪᠲᠡᠷᠡᠯᠴᠡᠵᠦ ᠬᠠᠷᠢᠯᠴᠠᠨ᠎ᠠ᠃ ᠵᠡᠭᠦᠨ ᠲᠡᠭᠦᠷᠭᠡ ᠵᠡᠭᠡᠯᠢ ᠭᠤᠳᠤᠮᠵᠢ᠂ ᠶᠦᠩ ᠴᠢᠩ ᠵᠡᠭᠡᠯᠢ ᠭᠤᠳᠤᠮᠵᠢ ᠨᠢ ᠡᠷᠬᠢᠨ ᠲᠣᠭᠤᠷᠢᠨ ᠤ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠠᠵᠢᠯ ᠢ ᠬᠠᠷᠢᠭᠤᠴᠠᠵᠤ᠂ ᠰᠢᠲᠠᠭᠠᠬᠤ᠂ ᠲᠣᠭᠤᠰᠣ ᠳᠡᠭᠳᠡᠬᠦ ᠵᠡᠷᠭᠡ ᠠᠭᠠᠷ ᠤᠨ ᠶᠠᠰᠤ ᠴᠢᠨᠠᠷ ᠢ ᠨᠥᠯᠥᠭᠡᠯᠡᠬᠦ ᠦᠶᠯᠡ ᠠᠵᠢᠯᠯᠠᠭ᠎ᠠ ᠶᠢ ᠣᠯᠵᠤ ᠮᠡᠳᠡᠪᠡᠯ᠂ ᠴᠠᠭ ᠲᠤᠬᠠᠢ ᠳᠤᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠷᠢᠯᠴᠠᠵᠤ ᠰᠢᠢᠳᠪᠦᠷᠢᠯᠡᠨ᠎ᠡ᠃       ᠭᠤᠷᠪᠠ᠂ ᠠᠵᠢᠯ ᠤᠨ ᠲᠣᠬᠢᠷᠠᠭᠤᠯᠤᠯᠲᠠ      ︵ᠨᠢᠭᠡ︶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠨ᠎ᠠ᠃ ᠡᠯ᠎ᠡ ᠬᠠᠷᠢᠭᠤᠴᠠᠯᠭᠠᠲᠤ ᠨᠢᠭᠡᠴᠢ ᠨᠦᠭᠦᠳ ᠬᠦᠴᠦᠨ ᠢᠶᠠᠨ ᠲᠣᠬᠢᠷᠠᠭᠤᠯᠤᠨ ᠪᠠᠶᠢᠷᠢᠯᠠᠭᠤᠯᠵᠤ᠂ ᠬᠤᠷᠴᠢᠨ ᠲᠣᠭᠤᠷᠢᠭ ᠤᠨ ᠬᠡᠪᠴᠢᠶᠡᠨ ᠳᠣᠲᠣᠷ᠎ᠠ ᠪᠤᠶᠤ ᠲᠣᠰ ᠠᠵᠢᠯ ᠲᠥᠷᠥᠯ ᠤᠨ ᠠᠭᠠᠷ ᠮᠠᠨᠳᠠᠯ ᠤᠨ ᠪᠣᠬᠢᠷᠲᠤᠯ ᠤᠨ ᠠᠰᠠᠭᠤᠳᠠᠯ ᠢ ᠬᠠᠮᠲᠤᠷᠠᠨ ᠵᠢᠭᠰᠠᠭᠠᠨ ᠪᠠᠶᠢᠴᠠᠭᠠᠵᠤ᠂ ᠬᠥᠳᠡᠯᠦᠩᠭᠦᠢ ᠠᠰᠠᠭᠤᠳᠠᠯ ᠤᠨ ᠨᠠᠷᠢᠨ ᠬᠠᠭᠤᠳᠠᠰᠤ ᠶᠢ ᠪᠠᠶᠢᠭᠤᠯᠤᠨ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ᠂ ᠬᠠᠷᠢᠭᠤᠴᠠᠯᠭᠠᠲᠤ ᠨᠢᠭᠡᠴᠢ ᠶᠢ ᠲᠣᠳᠣᠷᠬᠠᠶᠢᠯᠠᠵᠤ᠂ ᠳᠠᠷᠤᠶᠢᠬᠠᠨ ᠬᠡᠷᠡᠭᠵᠢᠭᠦᠯᠵᠦ ᠳᠠᠷᠤᠶᠢᠬᠠᠨ ᠥᠭᠡᠷᠡᠴᠢᠯᠡᠵᠦ ᠪᠣᠯᠬᠤ ᠶᠢ ᠨᠢ ᠳᠠᠷᠤᠶᠢᠬᠠᠨ ᠴᠡᠭᠴᠡᠯᠡᠨ ᠰᠠᠶᠢᠵᠢᠷᠠᠭᠤᠯᠵᠤ᠂ ᠪᠠᠶᠢᠴᠠᠭᠠᠬᠤ ᠶᠢᠨ ᠳᠠᠭᠠᠤ  ᠰᠠᠶᠢᠵᠢᠷᠠᠭᠤᠯᠤᠨ᠎ᠠ᠃      ︵ᠬᠤᠶᠠᠷ︶ ᠲᠥᠪᠯᠡᠷᠡᠭᠦᠯᠦᠨ ᠪᠤᠭᠤᠮᠲᠠ ᠰᠢᠪᠲᠤᠯᠬᠤ᠃ ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠡᠯ᠎ᠡ ᠬᠠᠮᠢᠶ᠎ᠠ ᠪᠦᠬᠦᠢ ᠨᠢᠭᠡᠴᠢ ᠶᠢ ᠵᠣᠬᠢᠶᠠᠨ ᠪᠠᠶᠢᠭᠤᠯᠵᠤ᠂ ᠨᠠᠷᠢᠨ ᠬᠠᠭᠤᠳᠠᠰᠤ ᠶᠢᠨ ᠳᠣᠲᠣᠷᠠᠬᠢ ᠭᠤᠣᠯᠳᠠᠯᠭ᠎ᠠ ᠲᠠᠢ ᠬᠦᠴᠢᠷ ᠠᠰᠠᠭᠤᠳᠠᠯ ᠳᠤ ᠴᠢᠭᠯᠡᠭᠦᠯᠦᠨ᠂ ᠲᠥᠪᠯᠡᠷᠡᠭᠦᠯᠦᠨ ᠰᠤᠳᠤᠯᠤᠨ ᠮᠠᠭᠠᠳᠯᠠᠬᠤ᠂ ᠠᠬᠢᠭᠤᠯᠬᠤ ᠬᠤᠷᠠᠯ ᠬᠤᠷᠠᠯᠳᠤᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠥᠪᠯᠡᠷᠡᠭᠦᠯᠦᠨ ᠪᠣᠭᠤᠮᠲᠠ ᠰᠢᠪᠲᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃      ︵ᠭᠤᠷᠪᠠ︶ ᠪᠠᠬᠢᠵᠢᠭᠦᠯᠦᠨ ᠳᠡᠭᠡᠭᠰᠢᠯᠡᠭᠦᠯᠦᠨ᠎ᠡ᠃ ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠡᠯ᠎ᠡ ᠬᠠᠮᠢᠶ᠎ᠠ ᠪᠦᠬᠦᠢ ᠨᠢᠭᠡᠴᠢ ᠶᠢ ᠵᠣᠬᠢᠶᠠᠨ ᠪᠠᠶᠢᠭᠤᠯᠤᠨ ᠪᠠᠶᠢᠩᠭᠤᠵᠢᠭᠤᠯᠤᠨ ᠬᠠᠮᠢᠶᠠᠷᠤᠨ ᠡᠵᠡᠮᠳᠡᠬᠦ ᠶᠢ ᠰᠠᠶᠢᠲᠤᠷ ᠬᠢᠵᠦ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠂ ᠠᠰᠠᠭᠤᠳᠠᠯ ᠳᠤ ᠳᠠᠬᠢᠨ ᠢᠯᠡᠷᠡᠬᠦ ᠦᠵᠡᠭᠳᠡᠯ ᠦᠭᠡᠢ ᠪᠠᠶᠢᠬᠤ ᠶᠢ ᠦᠨᠡᠨᠬᠦ ᠪᠠᠲᠤᠯᠠᠨ᠎ᠠ᠃      ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠦᠵᠡᠯ ᠰᠠᠨᠠᠭ᠎ᠠ ᠲᠠᠨᠢᠯᠲᠠ ᠪᠠᠨ ᠴᠢᠩᠭᠠᠷᠠᠭᠤᠯᠤᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ ᠶᠢᠨ ᠬᠢᠨ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠠᠭᠠᠷ ᠤᠨ ᠶᠠᠰᠤ ᠴᠢᠨᠠᠷ ᠢ ᠳᠡᠭᠡᠭᠰᠢᠯᠡᠭᠦᠯᠬᠦ ᠪᠣᠭᠤᠮᠲᠠ ᠰᠢᠪᠲᠤᠯᠬᠤ ᠠᠵᠢᠯᠯᠠᠭ᠎ᠠ ᠶᠢᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠳᠡᠭᠡᠳᠦ ᠱᠠᠲᠤᠨ ᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠮᠢᠶ᠎ᠠ ᠪᠦᠬᠦᠢ ᠠᠵᠢᠯ ᠤᠨ ᠪᠠᠶᠢᠷᠢᠯᠠᠭᠤᠯᠤᠯᠲᠠ ᠶᠢ ᠢᠳᠡᠪᠬᠢᠲᠡᠢ ᠮᠥᠷᠳᠡᠨ ᠨᠠᠶᠢᠳᠠᠪᠤᠷᠢᠵᠢᠭᠤᠯᠵᠤ᠂ ᠤᠬᠠᠮᠰᠠᠷ ᠠᠴᠠ ᠪᠠᠨ ᠬᠠᠷᠢᠭᠤᠴᠠᠯᠭ᠎ᠠ ᠡᠭᠦᠷᠭᠡᠯᠡᠬᠦ ᠲᠠᠨᠢᠯᠲᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠡᠯ᠎ᠡ ᠵᠦᠢᠯ ᠤᠨ ᠡᠭᠦᠷᠭᠡ ᠬᠠᠷᠠᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃      ︵ᠬᠤᠶᠠᠷ︶ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠨᠦᠭᠦᠳ ᠲᠣᠰ ᠲᠥᠰᠥᠯ ᠤᠨ ᠱᠠᠭᠠᠷᠳᠠᠯᠭ᠎ᠠ ᠶᠣᠰᠣᠭᠠᠷ᠂ ᠪᠣᠳᠠᠲᠠᠢ ᠲᠠᠢ ᠪᠠᠨ ᠤᠶᠠᠯᠳᠤᠭᠤᠯᠤᠨ ᠠᠷᠭᠠᠴᠠᠬᠤ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠠᠵᠢᠯ ᠤᠨ ᠬᠤᠪᠢᠶᠠᠷᠢᠯᠠᠯ ᠶᠣᠰᠣᠭᠠᠷ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠪᠠᠨ ᠭᠦᠨᠵᠡᠭᠡᠢ ᠨᠠᠶᠢᠳᠠᠪᠤᠷᠢᠵᠢᠭᠤᠯᠤᠨ᠂ ᠠᠵᠢᠯ ᠤᠨ ᠡᠭᠦᠷᠭᠡ ᠬᠠᠷᠠᠯᠲᠠ ᠪᠠᠨ ᠪᠡᠶᠡᠯᠡᠭᠦᠯᠬᠦ ᠬᠡᠷᠡᠭᠲᠡᠢ᠃ᠡᠯ᠎ᠡ ᠬᠠᠷᠢᠭᠤᠴᠠᠯᠭᠠᠲᠤ ᠨᠢᠭᠡᠴᠡ ᠨᠦᠭᠦᠳ ᠨᠢᠭᠲᠠ ᠬᠠᠮᠵᠢᠯᠴᠠᠨ᠂ ᠬᠤᠯᠪᠤᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠣᠳᠠᠲᠠᠶᠢᠵᠢᠭᠤᠯᠬᠤ ᠶᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠢ᠃      ︵ᠭᠤᠷᠪᠠ︶ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠴᠢᠩᠳᠠᠯᠠᠨ᠎ᠠ᠃ ᠡᠨᠡᠬᠦ ᠠᠵᠢᠯ ᠪᠣᠯ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠡᠷᠭᠡ ᠬᠢᠨᠠᠨ ᠰᠢᠯᠭᠠᠯᠲᠠ ᠳᠠᠬᠢ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠮᠢᠶ᠎ᠠ ᠪᠦᠬᠦᠢ ᠭᠦᠢᠴᠡᠳᠬᠡᠯ ᠲᠤᠭ᠎ᠠ ᠶᠢ ᠬᠢᠨᠠᠨ ᠰᠢᠯᠭᠠᠵᠤ ᠦᠨᠡᠯᠡᠬᠦ ᠴᠢᠬᠤᠯᠠ ᠡᠯᠧᠮᠧᠨ᠋ᠲ ᠪᠣᠯᠣᠨ᠎ᠠ᠃ ᠡᠯ᠎ᠡ ᠰᠠᠯᠠᠭ᠎ᠠ ᠮᠥᠴᠢᠷ ᠨᠢᠭᠡᠴᠢ ᠨᠦᠭᠦᠳ ᠲᠣᠰ ᠲᠥᠰᠥᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠤᠯᠪᠣᠭᠳᠠᠯ ᠪᠦᠬᠦᠢ ᠠᠵᠢᠯ ᠢ ᠢᠳᠡᠪᠬᠢᠲᠡᠢ ᠥᠷᠨᠢᠭᠦᠯᠵᠦ᠂ ᠠᠬᠢᠴᠠ ᠨᠢ ᠤᠳᠠᠭᠠᠨ᠂ ᠠᠵᠢᠯ ᠨᠢ ᠬᠦᠴᠦᠨ ᠦᠭᠡᠢ ᠪᠠᠶᠢᠪᠠᠯ᠂  ᠲᠤᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ ᠠᠯᠪᠠᠨ ᠭᠡᠷ ᠠᠴᠠ ᠵᠠᠷᠯᠠᠨ ᠮᠡᠳᠡᠭᠳᠡᠨ᠎ᠡ᠃ 
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号