ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠣᠮᠣ ᠬᠡᠷᠡᠭ ᠤᠨ ᠲᠡᠮᠳᠡᠭᠯᠡᠯ ︵2023 ᠣᠨ ᠤ 7 ᠰᠠᠷ᠎ᠠ︶
ᠨᠡᠶᠢᠲᠡᠯᠡᠭᠰᠡᠨ ᠴᠠᠭ᠄
2023/10/13
      7 ᠰᠠᠷ᠎ᠠ ᠶᠢᠨ 3 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠦ ᠵᠢᠶᠦ᠋ᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠵᠣᠬᠢᠴᠠᠭᠤᠯᠬᠤ ᠬᠤᠷᠠᠯ ᠬᠤᠷᠠᠯᠳᠤᠭᠤᠯᠵᠤ᠂ ᠵᠡᠭᠡᠯᠢ ᠭᠤᠳᠤᠮᠵᠢ ᠶᠢᠨ ᠬᠦᠦᠷᠨᠢᠯ ᠰᠢᠭᠦᠮᠵᠢ ᠶᠢᠨ ᠬᠠᠮᠢᠶ᠎ᠠ ᠪᠦᠬᠦᠢ ᠠᠵᠢᠯ ᠢ ᠶᠠᠷᠢᠯᠴᠠᠪᠠ᠃       7 ᠰᠠᠷ᠎ᠠ ᠶᠢᠨ 4 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠦ ᠵᠢᠶᠦ᠋ᠨ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠲᠥᠪ ᠤᠨ ᠲᠥᠷᠥᠯ ᠵᠦᠢᠯ ᠤᠨ ᠡᠵᠡᠩᠨᠡᠯᠲᠡ ᠶᠢᠨ ᠬᠠᠮᠢᠶ᠎ᠠ ᠪᠦᠬᠦᠢ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃       7 ᠰᠠᠷ᠎ᠠ ᠶᠢᠨ 5 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠢ ᠽᠧ ᠮᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠲᠤ ᠪᠠᠷ᠎ᠠ ᠪᠣᠯᠵᠤ ᠥᠪᠥᠷ ᠮᠣᠩᠭᠤᠯ ᠤᠨ ᠵᠡᠭᠦᠨ ᠬᠡᠰᠡᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃       ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠢ ᠽᠧ ᠮᠢᠨ ᠴᠢᠩ ᠾᠧ ᠪᠠᠯᠭᠠᠰᠤᠨ(清河镇) ᠳᠤ ᠬᠦᠷᠴᠦ ᠦ᠋ ᠳ᠋ᠣᠣ ᠮᠦ ᠶᠢᠨ ᠣᠷᠴᠢᠨ ᠠᠬᠤᠢ ᠶᠢᠨ ᠬᠠᠮᠠᠭᠠᠯᠠᠯᠲᠠ ᠶᠢᠨ ᠨᠤᠷᠠᠭᠠᠵᠤ ᠨᠡᠭᠦᠯᠭᠡᠬᠦ ᠬᠡᠷᠡᠭ ᠤᠨ ᠠᠬᠢᠴᠠ ᠶᠢᠨ ᠪᠠᠶᠢᠳᠠᠯ ᠢ ᠬᠢᠨᠠᠨ ᠵᠢᠯᠤᠭᠤᠳᠴᠤ᠂ ᠴᠢᠩ ᠾᠧ ᠪᠠᠯᠭᠠᠰᠤᠨ(清河镇) ᠳᠤ ᠬᠦᠷᠴᠦ ᠮᠥᠭᠳᠡᠨ‌‍ᠤ ᠲᠡᠮᠦᠷ ᠵᠠᠮ ᠤᠨ ᠲᠣᠪᠴᠢᠶ᠎ᠠ ᠶᠢᠨ ᠪᠦᠯᠦᠭᠯᠡᠯ ᠺᠣᠮᠫᠠᠨᠢ ᠶᠢᠨ ᠵᠠᠰᠠᠮᠠᠯ ᠵᠠᠮ ᠤᠨ ᠲᠡᠮᠦᠷ ᠵᠠᠮ ᠤᠨ ᠵᠥᠷᠢᠯᠢᠭ ᠬᠥᠭᠦᠷᠭᠡ ᠶᠢ ᠰᠢᠯᠵᠢᠭᠦᠯᠦᠨ ᠲᠤᠰᠢᠶᠠᠭᠰᠠᠨ ᠪᠠᠶᠢᠳᠠᠯ ᠢ ᠪᠠᠶᠢᠴᠠᠭᠠᠨ ᠰᠤᠳᠤᠯᠪᠠ᠃       ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠦ ᠵᠢᠶᠦ᠋ᠨ ᠪᠥᠬᠦ ᠲᠣᠭᠤᠷᠢᠭ ᠤᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠤ ᠲᠠᠲᠠᠮᠠᠯ ᠲᠣᠪᠴᠢᠯᠠᠭᠤᠷ ᠤᠨ ᠬᠠᠮᠢᠶ᠎ᠠ ᠪᠦᠬᠦᠢ ᠤᠴᠢᠷ ᠶᠠᠪᠤᠳᠠᠯ ᠳᠤ ᠲᠣᠬᠢᠷᠠᠭᠤᠯᠤᠯᠲᠠ ᠬᠢᠪᠡ᠃       7 ᠰᠠᠷ᠎ᠠ ᠶᠢᠨ 6 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠦ ᠵᠢᠶᠦ᠋ᠨ ᠬᠤᠲᠠ ᠶᠢᠨ ᠲᠠᠰ ᠤᠨ ᠠᠰᠢᠭ ᠲᠤᠰᠠ ᠶᠢᠨ ᠠᠵᠤ ᠠᠬᠤᠶᠢᠯᠠᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠠᠭᠤᠨ ᠡᠳᠦᠷ ᠤᠨ ᠠᠵᠢᠯᠯᠠᠭ᠎ᠠ ᠶᠢᠨ ᠲᠤᠰᠬᠠᠢ ᠠᠩᠭᠢ ᠶᠢᠨ ᠰᠢᠯᠭᠠᠨ ᠠᠪᠬᠤ ᠳᠤᠭᠤᠶᠢᠯᠠᠩ ᠢ  ᠤᠭᠲᠤᠵᠠᠢ᠃       7 ᠰᠠᠷ᠎ᠠ ᠶᠢᠨ 7 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠰᠢᠸ ᠶᠤᠸᠠᠨ ᠭᠤᠣᠯ ᠬᠤᠲᠠ ᠶᠢᠨ ᠲᠣᠭᠤᠷᠢᠭ ᠤᠨ ᠡᠷᠡᠭᠦᠯ ᠬᠠᠮᠠᠭᠠᠯᠠᠯ ᠤᠨ ᠬᠤᠲᠠ ᠶᠢᠨ ᠪᠠᠶᠢᠩᠭᠤᠵᠢᠭᠰᠠᠨ ᠬᠠᠮᠢᠶᠠᠷᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃      ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠢ ᠽᠧ ᠮᠢᠨ ᠱᠠᠨᠳᠦ᠋ᠩ ᠤᠨ ᠴᠢᠳᠠᠪᠤᠷᠢᠲᠠᠨ ᠤ ᠪᠦᠯᠦᠭᠯᠡᠯ ᠳᠤ ᠪᠠᠷ᠎ᠠ ᠪᠣᠯᠵᠤ ᠥᠪᠥᠷ ᠮᠣᠩᠭᠤᠯ ᠤᠨ ᠵᠡᠭᠦᠨ ︵ᠲᠦᠩᠯᠢᠶᠣᠣ︶ ᠤ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ ᠰᠠᠭᠤᠷᠢᠨ ᠭᠠᠵᠠᠷ ᠢ ᠲᠣᠭᠤᠷᠢᠨ ᠦᠵᠡᠪᠡ᠃       7 ᠰᠠᠷ᠎ᠠ ᠶᠢᠨ 10 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ  ᠪᠠᠢ ᠪᠠᠭᠠᠨ᠎ᠠ ᠠᠯᠠᠰᠢᠨ ᠦᠬᠡᠷ ᠤᠨ ᠠᠵᠤ ᠦᠢᠯᠡᠰ ᠤᠨ ᠤᠳᠤᠷᠢᠳᠬᠤ ᠳᠤᠭᠤᠶᠢᠯᠠᠩ ᠢ ᠵᠣᠬᠢᠶᠠᠨ ᠪᠠᠶᠢᠭᠤᠯᠵᠤ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ᠃      ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠢ ᠽᠧ ᠮᠢᠨ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠲᠤ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠵᠡᠢ᠃       7 ᠰᠠᠷ᠎ᠠ ᠶᠢᠨ 11 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠦ ᠵᠢᠶᠦ᠋ᠨ ᠵᠡᠭᠦᠨ ᠭᠠᠷᠭᠠᠯᠲᠠ ᠶᠢ ᠬᠢᠨᠠᠨ ᠵᠢᠯᠤᠭᠤᠳᠴᠤ ᠴᠡᠭᠴᠡᠯᠡᠨ ᠵᠠᠰᠠᠬᠤ ᠠᠵᠢᠯ ᠤᠨ ᠬᠠᠮᠢᠶ᠎ᠠ ᠪᠦᠬᠦᠢ ᠤᠴᠢᠷ ᠶᠠᠪᠤᠳᠠᠯ ᠳᠤ ᠲᠣᠬᠢᠷᠠᠭᠤᠯᠤᠯᠲᠠ ᠬᠢᠪᠡ︔ ᠦᠳᠡ ᠶᠢᠨ ᠬᠤᠶᠢᠨ᠎ᠠ ᠬᠤᠩ ᠮᠧᠩ ᠤᠨ ᠬᠤᠶᠠᠳᠤᠭᠠᠷ ᠬᠤᠭᠤᠴᠠᠭᠠᠨ ᠤ ᠵᠦᠢᠯᠡᠰ ᠲᠤ ᠬᠡᠷᠡᠭᠯᠡᠬᠦ ᠭᠠᠵᠠᠷ ᠲᠤ ᠬᠦᠷᠴᠦ ᠲᠤᠬᠠᠢ ᠶᠢᠨ ᠲᠠᠯᠠᠪᠤᠷ ᠤᠨ ᠠᠵᠢᠯᠯᠠᠬᠤ ᠬᠤᠷᠠᠯ ᠬᠢᠪᠡ᠃       7 ᠰᠠᠷ᠎ᠠ ᠶᠢᠨ 12 ᠤᠨ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠦ ᠵᠢᠶᠦ᠋ᠨ ᠰᠤᠷᠪᠤᠯᠵᠢᠯᠠᠬᠤ ᠪᠠᠷ ᠢᠷᠡᠭᠰᠡᠨ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠬᠦᠷᠴᠦ ᠦᠢᠯᠡᠳᠪᠦᠷᠢᠯᠡᠯ ᠤᠨ ᠬᠡᠯᠪᠡᠷᠢ ᠶᠢᠨ ᠪᠠᠷᠠᠭᠠᠨ ᠤ ᠭᠦᠢᠯᠭᠡᠭᠡᠨ ᠤ  ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃       7 ᠰᠠᠷ᠎ᠠ ᠶᠢᠨ 13 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠦ ᠵᠢᠶᠦ᠋ᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠮᠠᠷᠠᠲᠤ ᠶᠢᠨ ᠮᠠᠰᠢᠨ ᠲᠡᠷᠭᠡ ᠪᠠᠷ ᠵᠤᠭᠠᠴᠠᠬᠤ ᠬᠥᠭᠵᠢᠯᠲᠡ ᠶᠢᠨ ᠶᠠᠷᠢᠶᠠᠨ ᠤ ᠲᠠᠪᠴᠠᠩ ᠤᠨ ᠬᠤᠷᠠᠯ ᠳᠤ ᠣᠷᠣᠯᠴᠠᠪᠠ᠃       7 ᠰᠠᠷ᠎ᠠ ᠶᠢᠨ 14 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠢ ᠽᠧ ᠮᠢᠨ ᠲᠦᠩᠯᠢᠶᠣᠣ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠵᠢᠶᠠᠩᠨᠠᠨ ᠶᠡᠭᠡ ᠰᠤᠷᠭᠠᠭᠤᠯᠢ ᠶᠢᠨ ᠵᠢᠶᠠᠩᠨᠠᠨ ᠶᠡᠭᠡ ᠰᠤᠷᠭᠠᠭᠤᠯᠢ ᠶᠢᠨ ᠤᠯᠤᠰ ᠤᠨ ᠮᠡᠷᠭᠡᠵᠢᠯ ᠰᠢᠯᠵᠢᠭᠦᠯᠬᠦ ᠲᠥᠪ ᠢ ᠬᠠᠮᠲᠤ ᠪᠠᠷ ᠪᠠᠶᠢᠭᠤᠯᠬᠤ ᠲᠦᠩᠯᠢᠶᠣᠣ ᠶᠢᠨ ᠬᠤᠪᠢᠶᠠᠷᠢ ᠲᠥᠪ ᠲᠤ ᠭᠠᠷ ᠤᠨ ᠥᠰᠥᠭ ᠵᠢᠷᠤᠬᠤ ᠶᠣᠰᠣᠯᠠᠯ ᠵᠢᠴᠢ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭᠠᠨ ᠤ ᠶᠠᠷᠢᠯᠴᠠᠬᠤ ᠬᠤᠷᠠᠯ ᠳᠤ ᠣᠷᠣᠯᠴᠠᠪᠠ᠃      ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠦ ᠵᠢᠶᠦ᠋ᠨ ᠪᠦᠬᠦ ᠬᠤᠳᠠ ᠶᠢᠨ 2023 ᠣᠨ ᠤ ᠭᠤᠣᠯᠳᠠᠯᠭ᠎ᠠ ᠲᠠᠢ ᠠᠵᠢᠯ ᠤᠨ ᠬᠤᠣᠰ ᠰᠠᠷ᠎ᠠ ᠶᠢᠨ ᠬᠦᠦᠷᠨᠢᠯ ᠰᠢᠭᠦᠮᠵᠢ ᠶᠢᠨ ᠬᠤᠷᠠᠯ ᠤᠨ ᠭᠤᠷᠪᠠᠳᠤᠭᠠᠷ ᠤᠳᠠᠭ᠎ᠠ ᠶᠢᠨ ᠬᠤᠷᠠᠯ ᠳᠤ ᠣᠷᠣᠯᠴᠠᠪᠠ᠃       7 ᠰᠠᠷ᠎ᠠ ᠶᠢᠨ 18 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠦ ᠵᠢᠶᠦ᠋ᠨ ᠦᠳᠡ ᠶᠢᠨ ᠡᠮᠦᠨ᠎ᠡ ᠶᠢᠨ ᠭᠠᠩ ᠪᠠᠷᠠᠭᠠᠨ ᠤ ᠭᠦᠢᠯᠭᠡᠭᠡᠨ ᠤ ᠢᠯᠴᠢ ᠬᠠᠩᠭᠠᠯᠭ᠎ᠠ ᠶᠢᠨ ᠬᠠᠮᠢᠶ᠎ᠠ ᠪᠦᠬᠦᠢ ᠤᠴᠢᠷ ᠶᠠᠪᠤᠳᠠᠯ ᠢ ᠰᠤᠳᠤᠯᠤᠨ ᠵᠥᠪᠳᠡᠯᠴᠡᠵᠦ᠂ ᠦᠳᠡ ᠶᠢᠨ ᠬᠤᠶᠢᠨ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠠᠪᠤᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠤᠷᠴᠢᠨ ᠲᠣᠭᠤᠷᠢᠭ ᠢ ᠲᠣᠭᠤᠷᠢᠨ ᠪᠠᠶᠢᠴᠠᠭᠠᠭᠰᠠᠨ ᠪᠠᠶᠢᠳᠠᠯ ᠢ ᠬᠠᠷᠢᠭᠤ ᠲᠤᠰᠬᠠᠬᠤ ᠬᠤᠷᠠᠯ᠂ ᠲᠣᠭᠤᠷᠢᠭ ᠤᠨ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶ᠎ᠠ ᠶᠢᠨ ︵ᠥᠷᠭᠡᠳᠬᠡᠭᠰᠡᠨ︶ 10 ᠳ᠋ᠤᠭᠠᠷ ᠤᠳᠠᠭᠠᠨ ᠤ ᠬᠤᠷᠠᠯ ᠳᠤ ᠣᠷᠣᠯᠴᠠᠪᠠ᠃       7 ᠰᠠᠷ᠎ᠠ ᠶᠢᠨ 19 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠰᠢᠸ ᠶᠤᠸᠠᠨ ᠭᠤᠣᠯ ᠬᠤᠲᠠ ᠶᠢᠨ ᠲᠣᠭᠤᠷᠢᠭ ᠤᠨ ᠥᠷᠯᠥᠭᠡ ᠶᠢᠨ ᠵᠠᠬ᠎ᠠ ᠳᠡᠯᠭᠡᠭᠦᠷ ᠤᠨ ᠵᠢᠷᠤᠮᠵᠢᠭᠰᠠᠨ ᠡᠵᠡᠩᠨᠡᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃       7 ᠰᠠᠷ᠎ᠠ ᠶᠢᠨ 20  ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠦ ᠵᠢᠶᠦ᠋ᠨ ᠦᠳᠡ ᠶᠢᠨ ᠡᠮᠦᠨ᠎ᠡ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠳᠤ ᠣᠷᠣᠯᠴᠠᠵᠤ᠂ ᠲᠦᠩᠯᠢᠶᠣᠣ ᠶᠢᠨ ᠠᠩᠬᠠᠳᠤᠭᠠᠷ ᠬᠤᠭᠤᠴᠠᠭᠠᠨ ᠤ ᠪᠠᠷᠠᠭᠤᠨ ᠯᠢᠶᠣᠤᠾᠧ ᠭᠤᠣᠯ ᠤᠨ ᠰᠣᠶᠣᠯ ᠤᠨ ᠨᠠᠶᠢᠷ ᠵᠢᠴᠢ 8·18 ᠤ ᠵᠢᠷᠢᠮ ᠤᠨ ᠮᠣᠷᠢᠨ ᠤᠷᠤᠯᠳᠤᠭᠠᠨ ᠤ ᠪᠠᠶᠠᠷ ᠤᠨ ᠠᠵᠢᠯ ᠤᠨ ᠡᠭᠦᠷᠭᠡ ᠶᠢ ᠲᠣᠬᠢᠷᠠᠭᠤᠯᠬᠤ ᠬᠤᠷᠠᠯ ᠳᠤ ᠣᠷᠣᠯᠴᠠᠵᠤ᠂ ᠦᠳᠡ ᠶᠢᠨ ᠬᠤᠶᠢᠨ᠎ᠠ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ ᠠᠵᠢᠯ ᠢ ᠲᠣᠬᠢᠷᠠᠭᠤᠯᠤᠨ ᠰᠢᠯᠢᠳᠡᠭᠵᠢᠭᠦᠯᠵᠦ᠂ ᠡᠯ᠎ᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠳᠠᠭᠤᠷᠢᠶᠠᠮᠠᠯ ᠰᠡᠳᠦᠪ ᠬᠠᠷᠢᠭᠤᠯᠪᠠ᠃       7 ᠰᠠᠷ᠎ᠠ ᠶᠢᠨ 21 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠰᠢᠸ ᠶᠤᠸᠠᠨ ᠭᠤᠣᠯ ᠬᠤᠲᠠ ᠶᠢᠨ ᠲᠣᠭᠤᠷᠢᠭ ᠤᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠪᠣᠯᠣᠨ ᠰᠥᠨᠢ ᠶᠢᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠵᠢᠷᠤᠮ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃       ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠦ ᠵᠢᠶᠦ᠋ᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠬᠢᠨᠠᠨ ᠰᠢᠯᠭᠠᠯᠲᠠ ᠶᠢᠨ ᠠᠵᠢᠯ ᠢ ᠲᠣᠬᠢᠷᠠᠭᠤᠯᠤᠨ ᠰᠢᠯᠢᠳᠡᠭᠵᠢᠭᠦᠯᠪᠡ᠃       7 ᠰᠠᠷ᠎ᠠ ᠶᠢᠨ 25 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠦ ᠵᠢᠶᠦ᠋ᠨ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠲᠥᠷᠥᠯ ᠵᠦᠢᠯ ᠤᠨ ᠡᠵᠡᠩᠨᠡᠯᠲᠡ ᠶᠢ ᠲᠦᠯᠬᠢᠨ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃       7 ᠰᠠᠷ᠎ᠠ ᠶᠢᠨ 27 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠢ ᠽᠧ ᠮᠢᠨ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠢᠪᠠᠳᠠᠨ ᠪᠠᠶᠢᠴᠠᠭᠠᠬᠤ ᠳᠤᠭᠤᠶᠢᠯᠠᠩ ᠳᠤ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃       ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠦ ᠵᠢᠶᠦ᠋ᠨ ᠥᠪᠥᠷ ᠮᠣᠩᠭᠤᠯ ᠤᠨ ᠬᠤᠩ ᠮᠧᠩ ᠤᠨ ᠲᠣᠮᠣ ᠬᠡᠯᠪᠡᠷᠢ ᠶᠢᠨ ᠶᠡᠷᠦᠩᠬᠡᠶᠢᠯᠡᠭᠰᠡᠨ ᠠᠮᠢ ᠠᠬᠤᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠬᠠᠷᠠᠭᠠᠯᠵᠠᠯᠲᠤ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠵᠣᠬᠢᠴᠠᠭᠤᠯᠬᠤ ᠬᠤᠷᠠᠯ᠂ ᠬᠤᠷᠴᠢᠨ ᠲᠣᠭᠤᠷᠢᠭ ᠤᠨ ᠭᠠᠷ ᠳᠠᠮᠵᠢᠭᠰᠠᠨ ᠮᠠᠰᠢᠨ ᠲᠡᠷᠭᠡᠨ ᠤ ᠵᠠᠬ᠎ᠠ ᠳᠡᠯᠭᠡᠭᠦᠷ ᠤᠨ ᠵᠢᠷᠤᠮᠵᠢᠭᠰᠠᠨ ᠬᠠᠮᠢᠶᠠᠷᠤᠯᠲᠠ ᠶᠢ ᠠᠬᠢᠭᠤᠯᠬᠤ ᠬᠤᠷᠠᠯ ᠢ ᠬᠤᠷᠠᠯᠳᠤᠭᠤᠯᠪᠠ᠃       7 ᠰᠠᠷ᠎ᠠ ᠶᠢᠨ 28  ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ  ᠪᠠᠢ ᠪᠠᠭᠠᠨ᠎ᠠ ᠨᠠᠢᠮᠠᠨ ᠬᠤᠰᠢᠭᠤᠨ ᠳᠤ ᠬᠦᠷᠴᠦ ᠪᠦᠬᠦ ᠬᠤᠳᠠ ᠶᠢᠨ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ ᠢ ᠲᠣᠬᠢᠷᠠᠭᠤᠯᠬᠤ ᠬᠤᠷᠠᠯ ᠳᠤ ᠣᠷᠣᠯᠴᠠᠪᠠ᠃       ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠰᠢᠸ ᠶᠤᠸᠠᠨ ᠲᠦᠩᠯᠢᠶᠣᠣ ᠬᠤᠳᠠ ᠶᠢᠨ ᠬᠢᠲᠠᠳ ᠡᠮᠨᠡᠯᠭᠡ ᠶᠢᠨ ᠬᠤᠷᠢᠶ᠎ᠠ ᠪᠣᠯᠣᠨ ᠴᠠᠩᠴᠦ᠋ᠨ ᠤ ᠬᠢᠲᠠᠳ ᠡᠮ ᠡᠮᠨᠡᠯᠭᠡ ᠶᠢᠨ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶᠠᠨ ᠤ ᠡᠮᠨᠡᠯᠭᠡ ᠶᠢᠨ ᠬᠤᠯᠪᠣᠭᠠᠲᠤ ᠴᠣᠭᠴᠠ ᠶᠢᠨ ᠬᠠᠮᠲᠤᠷᠠᠨ ᠫᠠᠶᠢᠰᠠ ᠣᠯᠭᠤᠬᠤ ᠶᠣᠰᠣᠯᠠᠯ ᠳᠤ ᠣᠷᠣᠯᠴᠠᠪᠠ᠃       7 ᠰᠠᠷ᠎ᠠ ᠶᠢᠨ 29 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠰᠢᠸ ᠶᠤᠸᠠᠨ ᠭᠤᠣᠯ ᠬᠤᠲᠠ ᠶᠢᠨ ᠲᠣᠭᠤᠷᠢᠭ ᠤᠨ ᠡᠷᠡᠭᠦᠯ ᠬᠠᠮᠠᠭᠠᠯᠠᠯ ᠤᠨ ᠬᠤᠲᠠ ᠶᠢᠨ ᠪᠠᠶᠢᠩᠭᠤᠵᠢᠭᠰᠠᠨ ᠬᠠᠮᠢᠶᠠᠷᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃       7 ᠰᠠᠷ᠎ᠠ ᠶᠢᠨ 30 ᠤ ᠡᠳᠦᠷ᠂ 31 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠰᠢᠸ ᠶᠤᠸᠠᠨ ᠭᠤᠣᠯ ᠬᠤᠲᠠ ᠶᠢᠨ ᠲᠣᠭᠤᠷᠢᠭ ᠤᠨ ᠥᠷᠯᠥᠭᠡ ᠶᠢᠨ ᠵᠠᠬ᠎ᠠ ᠳᠡᠯᠭᠡᠭᠦᠷ ᠤᠨ ᠵᠢᠷᠤᠮᠵᠢᠭᠰᠠᠨ ᠡᠵᠡᠩᠨᠡᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃ 
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号