ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠣᠮᠣ  ᠬᠡᠷᠡᠭ ᠤᠨ ᠲᠡᠮᠳᠡᠭᠯᠡᠯ ︵2023 ᠣᠨ ᠤ 8 ᠰᠠᠷ᠎ᠠ︶
ᠨᠡᠶᠢᠲᠡᠯᠡᠭᠰᠡᠨ ᠴᠠᠭ᠄
2023/10/13
      8 ᠰᠠᠷ᠎ᠠ ᠶᠢᠨ 1 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠢ ᠪᠠᠭᠠᠨ᠎ᠠ ᠭᠤᠣᠯ ᠤᠨ ᠵᠠᠮ ᠤᠨ ᠳᠥᠷᠪᠡᠨ ᠰᠠᠮᠠᠭᠤᠨ ᠢ ᠠᠷᠢᠯᠭᠠᠬᠤ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃       ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠰᠢᠸ ᠶᠤᠸᠠᠨ ᠥᠪᠥᠷ ᠮᠣᠩᠭᠤᠯ ᠤᠨ 2023 ᠣᠨ ᠤ ᠳᠡᠯᠡᠬᠡᠢ ᠶᠢᠨ ᠡᠬᠡ ᠶᠢᠨ ᠰᠦ ᠪᠠᠷ ᠬᠥᠬᠦᠭᠦᠯᠦᠨ ᠲᠡᠵᠢᠭᠡᠬᠦ ᠭᠠᠷᠠᠭ ᠤᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠢ ᠽᠧ ᠮᠢᠨ ᠥᠪᠥᠷ ᠮᠣᠩᠭᠤᠯ ᠤᠨ ᠵᠡᠭᠦᠨ ᠬᠡᠰᠡᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃       ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠦ ᠵᠢᠶᠦ᠋ᠨ ᠪᠦᠬᠦ ᠬᠤᠳᠠ ᠶᠢᠨ ᠳᠡᠭᠡᠷ᠎ᠡ ᠬᠠᠭᠠᠰ ᠵᠢᠯ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠣᠯᠪᠠᠰᠤᠷᠠᠯ ᠤᠨ ᠬᠤᠷᠠᠯ ᠳᠤ ᠣᠷᠣᠯᠴᠠᠪᠠ᠃       8 ᠰᠠᠷ᠎ᠠ ᠶᠢᠨ 2 ᠤᠨ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠢ ᠪᠠᠭᠠᠨ᠎ᠠ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃       ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠢ ᠽᠧ ᠮᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ ᠪᠣᠬᠢᠷᠲᠤᠯ ᠦᠭᠡᠢ ᠬᠥᠭᠵᠢᠯᠲᠡ ᠶᠢᠨ ᠡᠷᠳᠡᠮ ᠰᠢᠨᠵᠢᠯᠡᠭᠡᠨ ᠤ ᠬᠤᠷᠠᠯ ᠳᠤ ᠣᠷᠣᠯᠴᠠᠪᠠ᠃       8 ᠰᠠᠷ᠎ᠠ ᠶᠢᠨ 3 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠢ ᠽᠧ ᠮᠢᠨ ᠬᠤᠸᠠ ᠰᠢᠶᠠ ᠰᠢᠨ ᠵᠥᠩ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠳᠤ ᠪᠠᠷ᠎ᠠ ᠪᠣᠯᠵᠤ ᠯᠠᠪᠯᠠᠯᠲᠠ ᠶᠢᠨ ᠪᠠᠶᠢᠴᠠᠭᠠᠯᠲᠠ ᠬᠢᠪᠡ᠃       8 ᠰᠠᠷ᠎ᠠ ᠶᠢᠨ 4 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠢ ᠪᠠᠭᠠᠨ᠎ᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠡᠯᠡ ᠮᠥᠩᠭᠦ ᠶᠢᠨ ᠲᠦᠷᠦᠯ ᠵᠦᠢᠯ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃       ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠢ ᠽᠧ ᠮᠢᠨ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠪᠤᠷᠢ ᠶᠢᠨ ᠰᠢᠰᠲ᠋ᠧᠮ ᠳᠤ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠤ᠂  ᠶᠢᠨ ᠭᠠᠩ  ᠳᠤ ᠬᠦᠷᠴᠦ ᠪᠠᠷᠠᠭᠠᠨ ᠤ ᠭᠦᠢᠯᠭᠡᠭᠡ ᠶᠢᠨ ᠲᠤᠬᠠᠢ ᠶᠢᠨ ᠲᠠᠯᠠᠪᠠᠢ ᠳᠤ ᠠᠯᠪᠠᠯᠠᠵᠤ ᠢᠯᠴᠢ ᠬᠠᠩᠭᠠᠬᠤ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃       8 ᠳ᠋ᠤᠭᠠᠷ ᠰᠠᠷ᠎ᠠ ᠶᠢᠨ 6 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠦ ᠵᠢᠶᠦ᠋ᠨ ᠬᠤᠷᠴᠢᠨ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠢᠴᠢ ᠠᠵᠤ ᠠᠬᠤᠢ ᠶᠢᠨ ᠠᠵᠢᠯᠯᠠᠭᠠᠨ ᠤ ᠵᠠᠳᠠᠯᠤᠯᠲᠠ ᠲᠣᠬᠢᠷᠠᠭᠤᠯᠤᠯᠲᠠ ᠶᠢᠨ ᠬᠤᠷᠠᠯ ᠳᠤ ᠣᠷᠣᠯᠴᠠᠪᠠ᠃      8 ᠳ᠋ᠤᠭᠠᠷ ᠰᠠᠷ᠎ᠠ ᠶᠢᠨ 8 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠦ ᠵᠢᠶᠦ᠋ᠨ ᠨᠠᠨ ᠵᠢᠶᠦ᠋ᠨ ᠤ ᠣᠷᠳᠣᠨ ᠤ ᠶᠡᠷᠦᠩᠬᠡᠶᠢᠯᠡᠭᠰᠡᠨ ᠰᠢᠯᠭᠠᠨ ᠠᠪᠬᠤ ᠭᠠᠷᠳᠠᠮ ᠢ ᠭᠦᠢᠴᠡᠳᠬᠡᠬᠦ ᠠᠵᠢᠯ ᠢ ᠲᠦᠯᠬᠢᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠹᠧᠩ ᠱᠧᠩ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠲᠤ ᠬᠦᠷᠴᠦ ᠰᠢᠬᠢᠷ ᠤᠨ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠤᠴᠢᠷ ᠶᠠᠪᠤᠳᠠᠯ ᠢ ᠪᠠᠶᠢᠴᠠᠭᠠᠨ ᠰᠤᠳᠤᠯᠵᠤ᠂ ᠮᠣᠩᠭᠤᠯ ᠤᠯᠤᠰ ᠤᠨ ᠮᠣᠩᠭᠤᠯ ᠡᠮ ᠤᠨ ᠰᠤᠳᠤᠯᠭᠠᠨ ᠤ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠪᠣᠯᠣᠳ ᠤᠨ ᠮᠠᠨ ᠤ ᠲᠣᠭᠤᠷᠢᠭ ᠲᠤ ᠢᠷᠡᠵᠦ ᠭᠠᠳᠠᠭᠠᠳᠤ ᠠᠷᠠᠯᠵᠢᠶᠠᠨ ᠤ ᠬᠤᠯᠪᠣᠭᠳᠠᠯ ᠪᠦᠬᠦᠢ ᠠᠵᠢᠯ ᠤᠨ ᠲᠤᠬᠠᠢ ᠵᠥᠪᠳᠡᠯᠴᠡᠬᠦ ᠶᠢ ᠤᠭᠲᠤᠪᠠ᠃       8 ᠰᠠᠷ᠎ᠠ ᠶᠢᠨ 9 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠢ ᠪᠠᠭᠠᠨ᠎ᠠ ︽ᠲᠦᠷᠪᠡᠨ ᠰᠠᠮᠠᠭᠤᠷᠠᠯ ᠢ  ᠠᠷᠢᠯᠭᠠᠬᠤ︾  ᠶᠢ ᠠᠬᠢᠭᠤᠯᠬᠤ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃       ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠦ ᠵᠢᠶᠦ᠋ᠨ ᠵᠠᠰᠠᠭ ᠠᠵᠤ ᠠᠬᠤᠶᠢᠯᠠᠯ ᠤᠨ ᠳᠣᠲᠣᠨᠣ ᠴᠢᠬᠡᠴᠢ ᠬᠠᠭᠠᠰ ᠰᠠᠷ᠎ᠠ ᠶᠢᠨ ᠬᠡᠯᠡᠯᠴᠡᠭᠡ᠂ ᠵᠠᠰᠠᠭ ᠠᠵᠤ ᠠᠬᠤᠶᠢᠯᠠᠯ ᠤᠨ ᠭᠠᠳᠠᠭᠠᠳᠤ ᠪᠡᠯᠡ ᠭᠠᠳᠠᠭᠠᠳᠤ ᠠᠷᠠᠯᠵᠢᠶᠠᠨ ᠤ ᠠᠵᠢᠯ ᠤᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠳᠠ ᠶᠢᠨ ᠱᠠᠯᠠᠪᠳᠠᠭᠤᠯᠤᠨ ᠪᠠᠶᠢᠴᠠᠭᠠᠬᠤ ᠲᠠᠰᠤᠭ ᠤᠨ ᠱᠠᠯᠠᠪᠳᠠᠭᠤᠯᠤᠨ ᠪᠠᠶᠢᠴᠠᠭᠠᠬᠤ ᠠᠵᠢᠯ ᠢ ᠤᠭᠲᠤᠪᠠ᠃       8 ᠰᠠᠷ᠎ᠠ ᠶᠢᠨ 10  ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠢ ᠪᠠᠭᠠᠨ᠎ᠠ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ᠃       8 ᠰᠠᠷ᠎ᠠ ᠶᠢᠨ 11 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠢ ᠽᠧ ᠮᠢᠨ ᠪᠥᠬᠦ ᠬᠤᠲᠠ ᠶᠢᠨ ᠠᠵᠢᠯ ᠣᠯᠭᠤᠯᠲᠠ ᠠᠳᠠᠯ ᠦᠢᠯᠡᠰ ᠴᠣᠭᠴᠠᠯᠠᠯᠲᠠ ᠶᠢ ᠠᠬᠢᠭᠤᠯᠬᠤ ᠠᠵᠢᠯ ᠤᠨ ᠬᠤᠷᠠᠯ ᠵᠢᠴᠢ ︽ᠵᠠᠰᠠᠭ ᠰᠤᠷᠭᠠᠭᠤᠯᠢ ᠠᠵᠤ ᠠᠬᠤᠶᠢᠯᠠᠯ︾ ᠤᠨ ᠪᠣᠯᠪᠠᠰᠤᠷᠠᠭᠤᠯᠤᠯ ᠤᠨ ᠬᠤᠯᠪᠣᠭ᠎ᠠ ᠶᠢᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃       8 ᠰᠠᠷ᠎ᠠ ᠶᠢᠨ 14  ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠢ ᠽᠧ ᠮᠢᠨ ᠠᠮᠢ ᠠᠬᠤᠢ ᠣᠷᠴᠢᠨ ᠲᠣᠭᠤᠷᠢᠨ ᠤ ᠬᠦᠷᠢᠶᠡᠨ ᠳᠠᠬᠢ ᠭᠤᠣᠯᠳᠠᠯᠭ᠎ᠠ ᠲᠠᠢ ᠬᠦᠴᠢᠷ ᠠᠰᠠᠭᠤᠳᠠᠯ ᠳᠤ ᠪᠠᠶᠢᠴᠠᠭᠠᠨ ᠰᠤᠳᠤᠯᠤᠯᠲᠠ ᠬᠢᠵᠡᠢ᠃       8 ᠰᠠᠷ᠎ᠠ ᠶᠢᠨ 15 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠰᠢᠸ ᠶᠤᠸᠠᠨ ᠬᠤᠶᠠᠳᠤᠭᠠᠷ ᠤᠯᠠᠷᠢᠯ ᠤᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠰᠤᠳᠤᠯᠤᠨ ᠮᠠᠭᠠᠳᠯᠠᠬᠤ ᠬᠤᠷᠠᠯ ᠵᠢᠴᠢ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃       ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠢ ᠽᠧ ᠮᠢᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠪᠠᠷ᠎ᠠ ᠪᠣᠯᠵᠤ ᠠᠵᠢᠯ ᠣᠯᠭᠤᠯᠲᠠ ᠶᠢᠨ ᠠᠵᠢᠯ ᠢ  ᠪᠠᠶᠢᠴᠠᠭᠠᠨ ᠰᠤᠳᠤᠯᠪᠠ᠃      ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠦ ᠵᠢᠶᠦ᠋ᠨ ᠬᠤᠷᠢᠨ ᠳᠥᠷᠪᠡᠳᠦᠭᠡᠷ ᠬᠤᠭᠤᠴᠠᠭᠠᠨ ᠤ︽8·18︾ ᠤ ᠵᠢᠷᠢᠮ ᠮᠣᠷᠢᠨ ᠤᠷᠤᠯᠳᠤᠭᠠᠨ ᠤ ᠪᠡᠯᠡᠳᠬᠡᠯ ᠠᠵᠢᠯ ᠤᠨ ᠲᠣᠬᠢᠷᠠᠭᠤᠯᠭ᠎ᠠ ᠶᠢᠨ ᠬᠤᠷᠠᠯ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠦᠷᠦᠯ ᠵᠦᠢᠯ ᠤᠨ ᠵᠥᠪᠳᠡᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ᠃       8 ᠰᠠᠷ᠎ᠠ ᠶᠢᠨ 16  ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠢ ᠪᠠᠭᠠᠨ᠎ᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠡᠯᠡ ᠮᠥᠩᠭᠦ ᠶᠢᠨ ᠲᠦᠷᠦᠯ ᠵᠦᠢᠯ ᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃       ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠦ ᠵᠢᠶᠦ᠋ᠨ 2023 ᠣᠨ ᠤ ᠣᠨᠴᠠᠯᠢᠭᠲᠤ ᠪᠦᠲᠦᠭᠡᠭᠳᠡᠬᠦᠨ ᠤ ᠦᠵᠡᠭᠦᠯᠦᠯᠭᠡ ᠵᠢᠴᠢ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃       8 ᠰᠠᠷ᠎ᠠ ᠶᠢᠨ 17  ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠦ ᠵᠢᠶᠦ᠋ᠨ ᠠᠩᠬᠠᠳᠤᠭᠠᠷ ᠬᠤᠭᠤᠴᠠᠭᠠᠨ ᠤ ᠪᠠᠷᠠᠭᠤᠨ ᠯᠢᠶᠣᠤᠾᠧ ᠭᠤᠣᠯ ᠤᠨ ᠰᠣᠶᠣᠯ ᠤᠨ ᠨᠠᠶᠢᠷ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃       8 ᠰᠠᠷ᠎ᠠ ᠶᠢᠨ 18 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠢ ᠪᠠᠭᠠᠨ᠎ᠠ ︽ᠳᠥᠷᠪᠡᠨ ᠰᠠᠮᠠᠭᠤᠨ ᠢ ᠠᠷᠢᠯᠭᠠᠬᠤ︾ ᠭᠤᠣᠯ ᠨᠠᠭᠤᠷ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯ  ᠢ ᠠᠬᠢᠭᠤᠯᠬᠤ ᠬᠤᠷᠠᠯ  ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃       ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠦ ᠵᠢᠶᠦ᠋ᠨ ᠬᠤᠷᠢᠨ ᠳᠥᠷᠪᠡᠳᠦᠭᠡᠷ ᠬᠤᠭᠤᠴᠠᠭᠠᠨ ᠤ︽8·18︾ ᠤ ᠵᠢᠷᠢᠮ ᠮᠣᠷᠢᠨ ᠤᠷᠤᠯᠳᠤᠭᠠᠨ ᠤ ᠪᠠᠶᠠᠷ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃       8 ᠰᠠᠷ᠎ᠠ ᠶᠢᠨ 20 ᠤ ᠡᠳᠦᠷ  ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠦ ᠵᠢᠶᠦ᠋ᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠤᠳᠤᠯᠤᠨ ᠲᠣᠬᠢᠷᠠᠭᠤᠯᠪᠠ᠃       8 ᠰᠠᠷ᠎ᠠ ᠶᠢᠨ 22 ᠤᠨ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠦ ᠵᠢᠶᠦ᠋ᠨ ᠣᠯᠠᠨ ᠬᠠᠮᠲᠤᠷᠠᠭᠰᠠᠨ ᠲᠡᠭᠡᠭᠡᠪᠦᠷᠢ ᠶᠢᠨ ᠪᠣᠭᠤᠮᠲᠠ ᠶᠢᠨ ᠬᠢᠨᠠᠨ ᠬᠠᠮᠢᠶᠠᠷᠤᠯᠲᠠ ᠶᠢᠨ ᠣᠷᠣᠨ ᠪᠦᠰᠡ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠣᠶᠤᠨᠴᠢ ᠢᠯᠭᠠᠯᠲᠠ ᠶᠢᠨ ᠲᠥᠪ ᠤᠨ ᠥᠷᠭᠡᠳᠬᠡᠨ ᠪᠠᠶᠢᠭᠤᠯᠬᠤ ᠵᠦᠢᠯᠡᠰ ᠤᠨ ᠬᠡᠷᠡᠭᠯᠡᠬᠦ ᠭᠠᠵᠠᠷ ᠤᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠬᠤᠲᠠ ᠶᠢᠨ ᠡᠵᠡᠩᠨᠡᠯᠲᠡ ᠶᠢᠨ ᠬᠤᠳᠠᠯᠳᠤᠭᠠᠨ ᠤ ᠠᠯᠪᠠᠨ ᠭᠡᠷ ᠤᠨ ᠲᠤᠰᠢᠶᠠᠨ ᠰᠢᠢᠳᠪᠦᠷᠢᠯᠡᠭᠦᠯᠬᠦ ᠰᠢᠪᠠᠳᠠᠨ ᠰᠢᠢᠳᠪᠦᠷᠢᠯᠡᠭᠦᠯᠬᠦ ᠬᠡᠷᠡᠭ ᠢ ᠲᠦᠯᠬᠢᠨ ᠠᠬᠢᠭᠤᠯᠬᠤ ᠬᠤᠷᠠᠯ ᠳᠤ ᠣᠷᠣᠯᠴᠠᠪᠠ᠃       8 ᠰᠠᠷ᠎ᠠ ᠶᠢᠨ 23 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠰᠢᠸ ᠶᠤᠸᠠᠨ ᠬᠤᠷᠴᠢᠨ ᠲᠣᠭᠤᠷᠢᠭ ᠤᠨ ᠪᠥᠬᠦ ᠬᠤᠲᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠵᠢᠴᠢ ᠡᠮᠴᠢᠯᠡᠭᠡᠨ ᠤ ᠪᠦᠯᠦᠭᠯᠡᠯ ᠤᠨ ᠲᠥᠰᠥᠯ ᠢ ᠰᠤᠳᠤᠯᠤᠨ ᠲᠣᠭᠲᠠᠭᠠᠬᠤ ᠬᠤᠷᠠᠯ ᠢ ᠬᠤᠷᠠᠯᠳᠤᠭᠤᠯᠪᠠ᠃       8 ᠰᠠᠷ᠎ᠠ ᠶᠢᠨ 25 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠢ ᠪᠠᠭᠠᠨ᠎ᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠡᠯᠡ ᠮᠥᠩᠭᠦ ᠶᠢᠨ ᠲᠦᠷᠦᠯ ᠵᠦᠢᠯ ᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃       8 ᠰᠠᠷ᠎ᠠ ᠶᠢᠨ 28 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠦ ᠵᠢᠶᠦ᠋ᠨ ᠴᠢᠯᠠᠭᠤᠨ ᠮᠠᠲ᠋ᠧᠷᠢᠶᠠᠯ ᠤᠨ ᠬᠤᠲᠠ᠂ ᠬᠤᠩ ᠮᠧᠩ ᠤᠨ ᠬᠤᠶᠠᠳᠤᠭᠠᠷ ᠬᠤᠭᠤᠴᠠᠭᠠᠨ ᠤ ᠵᠦᠢᠯᠡᠰ ᠤᠨ ᠭᠠᠵᠠᠷ ᠬᠡᠷᠡᠭᠯᠡᠬᠦ ᠶᠠᠪᠤᠳᠠᠯ ᠤᠨ ᠲᠤᠰᠬᠠᠢ ᠰᠡᠳᠦᠪᠲᠦ ᠬᠤᠷᠠᠯ ᠬᠢᠪᠡ᠃       8 ᠳ᠋ᠤᠭᠠᠷ ᠰᠠᠷ᠎ᠠ ᠶᠢᠨ 29 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠢ ᠽᠧ ᠮᠢᠨ ᠬᠤᠷᠴᠢᠨ ᠤ ᠪᠣᠬᠢᠷᠲᠤᠯ ᠦᠭᠡᠢ ᠢᠳᠡᠭᠡᠨ ᠪᠣᠯᠪᠠᠰᠤᠷᠠᠭᠤᠯᠬᠤ ᠬᠦᠷᠢᠶᠡᠯᠡᠩ ᠲᠣᠭᠤᠷᠢᠭ ᠲᠤ ᠬᠦᠷᠴᠦ ᠮᠣᠩᠭᠤᠯ ᠡᠮ ᠡᠮᠨᠡᠯᠭᠡ ᠶᠢᠨ ᠢᠨᠵᠧᠨᠧᠷᠢᠩ ᠤᠨ ᠰᠤᠳᠤᠯᠭᠠᠨ ᠤ ᠬᠦᠷᠢᠶᠡᠯᠡᠩ ᠤᠨ ᠰᠢᠨ᠎ᠡ ᠡᠮ ᠦᠢᠯᠡᠳᠪᠦᠷᠢᠯᠡᠬᠦ ᠲᠥᠷᠥᠯ ᠵᠦᠢᠯ ᠢ ᠲᠦᠯᠬᠢᠨ ᠠᠬᠢᠭᠤᠯᠪᠠ᠃       8 ᠳ᠋ᠤᠭᠠᠷ ᠰᠠᠷ᠎ᠠ ᠶᠢᠨ 30 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠦ ᠵᠢᠶᠦ᠋ᠨ ᠲᠦᠩᠯᠢᠶᠣᠣ ᠬᠤᠳᠠ ᠶᠢᠨ ᠨᠤᠲᠤᠭ ᠤᠨ ᠬᠠᠶᠢᠷ᠎ᠠ ᠶᠢᠨ ᠰᠡᠳᠦᠪᠲᠦ ᠤᠯᠡᠠ ᠣᠳᠣᠳ ᠤᠨ ᠨᠡᠶᠢᠲᠡ ᠶᠢᠨ ᠠᠰᠠᠷᠠᠮᠵᠢ ᠶᠢᠨ ᠳᠠᠭᠤᠤ ᠶᠢᠨ ᠴᠤᠭᠯᠠᠭᠠᠨ ᠵᠢᠴᠢ ᠥᠪᠥᠷ ᠮᠣᠩᠭᠤᠯ ᠤᠨ ᠨᠠᠷᠠᠲᠤ ᠰᠢᠯᠢᠳᠡᠭ ᠣᠨᠴᠠ ᠭᠠᠷᠤᠯᠲᠠ ᠶᠢ ᠰᠢᠭᠤᠳ ᠨᠠᠪᠲᠠᠷᠡᠭᠦᠯᠵᠦ ᠲᠠᠨᠢᠯᠴᠠᠭᠤᠯᠬᠤ ᠠᠵᠢᠯᠯᠠᠭ᠎ᠠ ᠶᠢᠨ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃       8 ᠳ᠋ᠤᠭᠠᠷ ᠰᠠᠷ᠎ᠠ ᠶᠢᠨ 31 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠦ ᠵᠢᠶᠦ᠋ᠨ ᠬᠥᠮᠥᠷᠭᠡ ᠳᠤ ᠣᠷᠣᠭᠤᠯᠵᠤ ᠪᠥᠬᠦᠳᠡ ᠶᠢ ᠨᠢᠭᠡᠳᠬᠡᠬᠦ ᠠᠵᠢᠯ ᠢ ᠲᠦᠯᠬᠢᠨ ᠠᠬᠢᠭᠤᠯᠬᠤ ᠬᠤᠷᠠᠯ᠂ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢᠨ ᠡᠭᠦᠷᠭᠡ ᠶᠢ ᠲᠦᠯᠬᠢᠨ ᠠᠬᠢᠭᠤᠯᠬᠤ ᠬᠤᠷᠠᠯ᠂ ᠬᠤᠲᠠ᠂ ᠲᠣᠭᠤᠷᠢᠭ ᠬᠤᠶᠠᠷ ᠱᠠᠲᠤᠨ ᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠲᠦᠯᠬᠢᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠵᠢᠭᠤᠯᠴᠢᠯᠠᠯ ᠤᠨ ᠬᠥᠭᠵᠢᠭᠦᠯᠦᠯᠲᠡ ᠶᠢᠨ ᠶᠡᠭᠡ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠢ ᠰᠤᠳᠤᠯᠤᠨ ᠲᠣᠬᠢᠷᠠᠭᠤᠯᠪᠠ᠃ 
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号