ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠣᠮᠣ  ᠬᠡᠷᠡᠭ ᠤᠨ ᠲᠡᠮᠳᠡᠭᠯᠡᠯ ︵2023 ᠣᠨ ᠤ 9 ᠰᠠᠷ᠎ᠠ︶
ᠨᠡᠶᠢᠲᠡᠯᠡᠭᠰᠡᠨ ᠴᠠᠭ᠄
2023/10/13
      9 ᠰᠠᠷ᠎ᠠ ᠶᠢᠨ 2 ᠤᠨ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠢ ᠪᠠᠭᠠᠨ᠎ᠠ ᠪᠦᠯᠬᠦᠮ ᠳᠠᠭᠠᠭᠤᠯᠤᠨ ᠲᠠᠯᠠᠩ ᠪᠠᠯᠭᠠᠰᠤᠨ ᠤ ᠪᠠᠷᠠᠭᠤᠨ ᠬᠠᠷᠠᠭᠠᠨ᠋ᠳᠤ ᠭᠠᠴᠠᠭ᠎ᠠ ᠳᠤ ᠬᠦᠷᠴᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠡᠯᠡ ᠮᠥᠩᠭᠦ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠤᠬᠠᠢ ᠶᠢᠨ ᠭᠠᠵᠠᠷ ᠲᠤᠨᠢ ᠬᠢᠨᠠᠨ ᠵᠢᠯᠣᠭᠤᠳᠪᠠ᠃       9 ᠳ᠋ᠦᠭᠡᠷ ᠰᠠᠷ᠎ᠠ ᠶᠢᠨ 3 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠢ ᠪᠠᠭᠠᠨ᠎ᠠ ᠪᠥᠬᠦ ᠤᠯᠤᠰ ᠤᠨ ᠤᠰᠤ ᠠᠷᠪᠢᠯᠠᠵᠤ ᠠᠮᠤ ᠪᠤᠳᠠᠭ᠎ᠠ ᠨᠡᠮᠡᠭᠳᠡᠭᠦᠯᠬᠦ ᠦᠵᠡᠭᠦᠯᠦᠯᠭᠡ ᠶᠢᠨ ᠰᠣᠯᠢᠯᠴᠠᠭᠠᠨ ᠤ ᠬᠤᠷᠠᠯ ᠳᠤ ᠣᠷᠣᠯᠴᠠᠵᠤ᠂ ᠤᠯᠠᠭᠠᠨᠬᠠᠳᠠ ᠳᠤ ᠬᠦᠷᠴᠦ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠬᠤᠷᠠᠯᠳᠤᠭᠤᠯᠤᠭᠰᠠᠨ ᠲᠠᠷᠢᠶᠠᠯᠠᠩ ᠤᠨ ᠤᠰᠤᠨ ᠤ ᠦᠨ᠎ᠡ ᠶᠢᠨ ᠥᠭᠡᠷᠡᠴᠢᠯᠡᠯᠲᠡ ᠶᠢᠨ ᠲᠤᠬᠠᠢ ᠶᠢᠨ ᠲᠠᠯᠠᠪᠤᠷ ᠤᠨ ᠬᠤᠷᠠᠯ ᠳᠤ ᠣᠷᠣᠯᠴᠠᠪᠠ᠃      9 ᠰᠠᠷ᠎ᠠ ᠶᠢᠨ 4 ᠤ ᠡᠳᠦᠷ  ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠢ ᠽᠧ ᠮᠢᠨ ᠲᠡᠮᠦᠷ ᠵᠠᠮ ᠤᠨ ︽ᠬᠤᠶᠠᠷ ᠬᠡᠰᠡᠭ ᠤᠨ ᠳᠠᠷᠤᠭ᠎ᠠ︾ ᠶᠢᠨ ᠬᠠᠮᠲᠤᠷᠠᠭᠰᠠᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃       9 ᠰᠠᠷ᠎ᠠ ᠶᠢᠨ 6 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠢ ᠽᠧ ᠮᠢᠨ ᠬᠤᠲᠠ ᠪᠠᠯᠭᠠᠰᠤᠨ ᠤ ᠰᠢᠲᠠᠮᠠᠬᠠᠢ ᠬᠡᠢ ᠶᠢᠨ ᠲᠤᠰᠬᠠᠢ ᠵᠠᠰᠠᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ᠃       9 ᠰᠠᠷ᠎ᠠ ᠶᠢᠨ 8 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠢ ᠽᠧ ᠮᠢᠨ ᠳ᠋ᠡ ᠰᠢᠩ ᠵᠠᠮ᠂ ᠬᠤᠩ ᠭᠤᠸᠠᠩ ᠶᠡᠭᠡ ᠵᠡᠭᠡᠯᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃       ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠦ ᠵᠢᠶᠦ᠋ᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠢ ᠲᠦᠯᠬᠢᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠲᠠ ᠶᠢᠨ ᠡᠵᠡᠩᠨᠡᠯᠲᠡ ᠶᠢᠨ ᠬᠤᠳᠠᠯᠳᠤᠭᠠᠨ ᠤ ᠠᠯᠪᠠᠨ ᠭᠡᠷ ᠤᠨ ︽ᠭᠤᠷᠪᠠᠨ ᠲᠠᠩᠰᠠ ᠨᠢᠭᠡ ᠵᠠᠬᠢᠳᠠᠯ︾ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠲᠤᠰᠬᠠᠢ ᠪᠠᠶᠢᠴᠠᠭᠠᠨ ᠰᠤᠳᠤᠯᠤᠯᠲᠠ ᠬᠢᠵᠦ ᠬᠢᠨᠠᠨ ᠵᠢᠯᠤᠭᠤᠳᠬᠤ ᠬᠤᠷᠠᠯ ᠳᠤ ᠣᠷᠣᠯᠴᠠᠪᠠ᠃       9 ᠰᠠᠷ᠎ᠠ ᠶᠢᠨ 11  ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠢ ᠪᠠᠭᠠᠨ᠎ᠠ ᠪᠦᠬᠦ ᠬᠤᠳᠠ ᠶᠢᠨ ᠬᠤᠷᠴᠢᠨ ᠤ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ ᠤ ᠰᠤᠳᠤᠯᠤᠨ ᠶᠠᠷᠢᠯᠴᠠᠬᠤ ᠬᠤᠷᠠᠯ ᠳᠤ ᠣᠷᠣᠯᠴᠠᠵᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠳᠤ ᠬᠦᠷᠴᠦ ᠪᠦᠬᠦ ᠬᠤᠳᠠ ᠶᠢᠨ ᠬᠤᠷᠴᠢᠨ ᠤ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ ᠤ ᠦᠵᠡᠭᠦᠯᠦᠯᠭᠡ ᠶᠢᠨ ᠬᠤᠷᠠᠯ ᠳᠤ ᠣᠷᠣᠯᠴᠠᠪᠠ᠃       ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠰᠢᠸ ᠶᠤᠸᠠᠨ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠾᠧᠩ ᠳ᠋ᠡ ᠬᠤᠪᠢᠶᠠᠷᠢ ᠰᠤᠷᠭᠠᠭᠤᠯᠢ ᠶᠢᠨ ᠰᠤᠷᠤᠯᠭ᠎ᠠ ᠡᠬᠢᠯᠡᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃       9 ᠰᠠᠷ᠎ᠠ ᠶᠢᠨ 12 ᠤᠨ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠦ ᠵᠢᠶᠦ᠋ᠨ ᠥᠪᠥᠷ ᠮᠣᠩᠭᠤᠯ ᠤᠨ ᠵᠡᠭᠦᠨ ᠬᠡᠰᠡᠭ ᠤᠨ ᠮᠠᠰᠢᠨ ᠲᠡᠷᠭᠡᠨ ᠤ ᠬᠤᠲᠠ ᠶᠢᠨ ᠲᠥᠷᠥᠯ ᠵᠦᠢᠯ ᠤᠨ ᠵᠣᠬᠢᠴᠠᠭᠤᠯᠬᠤ ᠬᠤᠷᠠᠯ᠂ ᠥᠪᠥᠷ ᠮᠣᠩᠭᠤᠯ ᠤᠨ ᠵᠡᠭᠦᠨ ᠬᠡᠰᠡᠭ ᠤᠨ ᠨᠡᠭᠦᠷᠡᠰᠦ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠲᠥᠷᠥᠯ ᠵᠦᠢᠯ ᠤᠨ ᠵᠣᠬᠢᠴᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃       9 ᠰᠠᠷ᠎ᠠ ᠶᠢᠨ 13 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠰᠢᠸ ᠶᠤᠸᠠᠨ ᠲᠦᠩᠯᠢᠶᠣᠣ ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠼᠤᠤ ᠶᠢᠨ ᠱᠠᠨ ᠳᠤ ᠪᠠᠷ᠎ᠠ ᠪᠣᠯᠵᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠨᠠᠮᠤᠷ ᠤᠨ ᠤᠯᠠᠷᠢᠯ ᠤᠨ ᠰᠤᠷᠤᠯᠭ᠎ᠠ ᠡᠬᠢᠯᠡᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃       ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠢ ᠽᠧ ᠮᠢᠨ ᠣᠷᠣᠨ ᠲᠣᠭᠠᠨ ᠠᠴᠠ ᠭᠠᠳᠠᠨᠠᠬᠢ ᠬᠥᠮᠥᠰ ᠤᠨ ᠬᠠᠮᠢᠶᠠᠷᠤᠯᠲᠠ ᠶᠢᠨ ᠤᠳᠤᠷᠢᠳᠬᠤ ᠳᠤᠭᠤᠶᠢᠯᠠᠩ ᠤᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃       ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠦ ᠵᠢᠶᠦ᠋ᠨ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠳᠠ ᠶᠢ ᠡᠭᠦᠳᠦᠨ ᠪᠠᠶᠢᠭᠤᠯᠬᠤ ᠶᠢ ᠰᠢᠯᠭᠠᠨ ᠦᠨᠡᠯᠡᠬᠦ ᠪᠠᠶᠢᠴᠠᠭᠠᠨ ᠰᠤᠳᠤᠯᠤᠯᠲᠠ ᠶᠢ ᠤᠭᠲᠤᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠣᠨᠴᠠ ᠲᠣᠭᠤᠷᠢᠭ ᠤᠨ ᠳᠠᠷᠤᠭ᠎ᠠ ᠶᠢᠨ ᠲᠦᠷᠦᠭᠦᠯᠡᠨ ᠬᠢᠭᠰᠡᠨ ᠬᠡᠷᠡᠭ ᠢ ᠲᠣᠬᠢᠷᠠᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ᠃       9 ᠰᠠᠷ᠎ᠠ ᠶᠢᠨ 14 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠢ ᠽᠧ ᠮᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠠᠵᠢᠯ ᠠᠯᠳᠠᠯᠲᠠ ᠶᠢᠨ ᠳᠠᠭᠠᠳᠬᠠᠯ ᠤᠨ ᠪᠠᠶᠢᠳᠠᠯ ᠤᠨ ᠬᠠᠷᠢᠭᠤ  ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃       ᠲᠣᠭᠤᠷᠢᠭ ‍ᠤᠨ‌ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠢ ᠽᠧ ᠮᠢᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠳᠤ ᠪᠠᠷ᠎ᠠ ᠪᠣᠯᠵᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃       9 ᠰᠠᠷ᠎ᠠ ᠶᠢᠨ 15 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠦ ᠵᠢᠶᠦ᠋ᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠲᠤᠬᠠᠢ ᠪᠠᠶᠢᠴᠠᠭᠠᠨ ᠰᠤᠳᠤᠯᠤᠯᠲᠠ ᠬᠢᠵᠦ᠂  ᠣᠣ ᠶᠤᠸᠠᠨ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠵᠦᠢᠯᠡᠰ ᠤᠨ ᠲᠤᠬᠠᠢ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃       9 ᠰᠠᠷ᠎ᠠ ᠶᠢᠨ 16 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠦ ᠵᠢᠶᠦ᠋ᠨ ᠪᠦ᠋ ᠶᠧ ᠰᠢᠩ ᠾᠧ  ︱ ᠬᠤᠷᠴᠢᠨ ᠤ ᠲᠠᠯ᠎ᠠ ᠨᠤᠲᠤᠭ ᠤᠨ ᠰᠣᠶᠣᠯ ᠤᠨ ᠵᠢᠭᠤᠯᠴᠢᠯᠠᠯ ᠠᠮᠠᠷᠠᠯᠲᠠ ᠶᠢᠨ ᠶᠡᠷᠦᠩᠬᠡᠶᠢᠯᠡᠭᠰᠡᠨ ᠴᠣᠭᠴᠠ ᠵᠢᠴᠢ ᠢᠵᠢ ᠪᠦᠷᠢᠳᠦᠭᠰᠡᠨ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠲᠥᠷᠥᠯ ᠵᠦᠢᠯ ᠤᠨ ᠶᠠᠷᠢᠯᠴᠠᠬᠤ ᠬᠤᠷᠠᠯ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠵᠠᠬᠢᠳᠠᠯ ᠰᠣᠷᠪᠤᠯᠵᠢᠯᠠᠭ᠎ᠠ ᠶᠢᠨ ᠬᠡᠷᠡᠭ  ‍ᠦᠨ‌ᠠᠵᠢᠯ ᠢ ᠲᠦᠯᠬᠢᠨ ᠠᠬᠢᠭᠤᠯᠬᠤ ᠬᠤᠷᠠᠯ᠂ ᠠᠨᠾᠦ᠋ᠢ ᠶᠢᠨ ᠪᠥᠸᠧ ᠴᠤᠸᠠᠨ ᠰᠣᠶᠣᠯ ᠤᠨ ᠵᠢᠭᠤᠯᠴᠢᠯᠠᠯ ᠤᠨ ᠪᠦᠯᠦᠭᠯᠡᠯ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃       9 ᠰᠠᠷ᠎ᠠ ᠶᠢᠨ 18 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠢ ᠪᠠᠭᠠᠨ᠎ᠠ ᠬᠤᠷᠴᠢᠨ ᠲᠣᠭᠤᠷᠢᠭ ᠤᠨ ᠳᠥᠷᠪᠡᠳᠦᠭᠡᠷ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠣᠭᠲᠠᠮᠠᠯ ᠬᠤᠷᠠᠯ ᠵᠢᠴᠢ ᠨᠠᠮᠤᠷ ᠡᠪᠦᠯ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠤᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃       9 ᠰᠠᠷ᠎ᠠ ᠶᠢᠨ 19 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠢ ᠽᠧ ᠮᠢᠨ ᠥᠪᠥᠷ ᠮᠣᠩᠭᠤᠯ ᠤᠨ ᠵᠡᠭᠦᠨ ᠬᠡᠰᠡᠭ ︵ᠲᠦᠩᠯᠢᠶᠣᠣ︶ ᠤᠨ ᠰᠠᠯᠬᠢᠨ ᠬᠦᠴᠦᠨ ᠤ ᠴᠠᠬᠢᠯᠭᠠᠨ ᠤ ᠲᠣᠨᠣᠭᠯᠠᠯ ᠦᠢᠯᠡᠳᠬᠦ ᠰᠠᠭᠤᠷᠢᠨ ᠭᠠᠵᠠᠷ ᠲᠤ ᠬᠦᠷᠴᠦ ᠬᠤᠳᠠᠯᠳᠤᠭᠠᠨ ᠤ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠪᠠ᠃        ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠢ ᠽᠧ ᠮᠢᠨ ᠹᠧᠩ ᠲᠢᠶᠠᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠲᠥᠷᠥᠯ ᠵᠦᠢᠯ ᠳᠤ ᠪᠠᠶᠢᠴᠠᠭᠠᠨ ᠰᠤᠳᠤᠯᠤᠯᠲᠠ ᠬᠢᠪᠡ᠃       ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠦ ᠵᠢᠶᠦ᠋ᠨ ᠵᠤᠭᠠᠴᠠᠯ ᠤᠨ ᠬᠥᠭᠵᠢᠭᠦᠯᠦᠯᠲᠡ ᠶᠢᠨ ᠶᠡᠭᠡ ᠬᠤᠷᠠᠯ ᠤᠨ ᠬᠤᠯᠪᠣᠭᠳᠠᠯ ᠪᠦᠬᠦᠢ ᠶᠠᠪᠤᠳᠠᠯ ᠢ ᠰᠤᠳᠤᠯᠬᠤ ᠬᠤᠷᠠᠯ ᠳᠤ ᠣᠷᠣᠯᠴᠠᠪᠠ᠃       9 ᠰᠠᠷ᠎ᠠ ᠶᠢᠨ 21 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠰᠢᠸ ᠶᠤᠸᠠᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠪᠠᠷ᠎ᠠ ᠪᠣᠯᠵᠤ ᠬᠤᠷᠴᠢᠨ ᠲᠣᠭᠤᠷᠢᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠠᠵᠢᠯ ᠢ ᠠᠬᠢᠭᠤᠯᠤᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃       9 ᠰᠠᠷ᠎ᠠ ᠶᠢᠨ 22 ᠤᠨ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠰᠢᠸ ᠶᠤᠸᠠᠨ ᠲᠠᠯᠠᠩ ᠪᠠᠯᠭᠠᠰᠤᠨ ᠳᠤ ᠬᠦᠷᠴᠦ ᠪᠣᠭᠤᠮ᠎ᠠ ᠡᠪᠡᠳᠴᠢᠨ ᠲᠠᠢ ᠡᠪᠡᠳᠴᠢᠲᠡᠨ ᠤ ᠴᠤᠪᠤᠷᠠᠯ ᠢ ᠰᠢᠢᠳᠪᠦᠷᠢᠯᠡᠬᠦ ᠬᠠᠮᠢᠶ᠎ᠠ ᠪᠦᠬᠦᠢ ᠪᠠᠶᠢᠳᠠᠯ ᠢ ᠪᠠᠶᠢᠴᠠᠭᠠᠨ ᠰᠤᠳᠤᠯᠪᠠ᠃       ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠢ ᠽᠧ ᠮᠢᠨ ᠪᠦᠬᠦ ᠬᠤᠳᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠠᠬᠢᠭᠤᠯᠬᠤ ᠬᠤᠷᠠᠯ ᠳᠤ ᠣᠷᠣᠯᠴᠠᠪᠠ᠃        ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠦ ᠵᠢᠶᠦ᠋ᠨ 2023 ᠣᠨ ᠤ ᠬᠤᠰᠢᠭᠤ ᠰᠢᠶᠠᠨ ᠬᠤᠳᠠ ᠲᠣᠭᠤᠷᠢᠭ ᠤᠨ ᠵᠠᠰᠠᠭ ᠤᠨ ᠣᠷᠳᠣᠨ ᠤ ᠶᠠᠰᠤ ᠴᠢᠨᠠᠷ ᠢᠶᠠᠷ ᠬᠤᠳᠠ ᠶᠢ ᠬᠦᠴᠦᠷᠬᠡᠭᠵᠢᠭᠦᠯᠬᠦ ᠠᠵᠢᠯ ᠢ ᠲᠤᠬᠠᠢ ᠶᠢᠨ ᠭᠠᠵᠠᠷ ᠲᠤᠨᠢ ᠱᠠᠯᠠᠪᠳᠠᠭᠤᠯᠤᠨ ᠪᠠᠶᠢᠴᠠᠭᠠᠬᠤ ᠶᠢ ᠤᠭᠲᠤᠪᠠ᠃       9 ᠰᠠᠷ᠎ᠠ ᠶᠢᠨ 23 ᠤ ᠡᠳᠦᠷ  ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠢ ᠽᠧ ᠮᠢᠨ ᠴᠢᠶᠠᠨ ᠵᠢᠶᠠ ᠳ᠋ᠢᠶᠠᠨ ᠪᠠᠯᠭᠠᠰᠤᠨ ᠳᠤ ᠬᠦᠷᠴᠦ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠰᠢᠯᠵᠢᠭᠦᠯᠦᠨ ᠰᠢᠢᠳᠪᠦᠷᠢᠯᠡᠭᠦᠯᠦᠭᠰᠡᠨ ᠵᠦᠢᠯ ᠢ ᠭᠦᠢᠴᠡᠳᠬᠡᠭᠰᠡᠨ ᠪᠠᠶᠢᠳᠠᠯ ᠢ ᠲᠤᠬᠠᠢ ᠶᠢᠨ ᠭᠠᠵᠠᠷ ᠲᠤᠨᠢ ᠬᠢᠨᠠᠨ ᠵᠢᠯᠣᠭᠤᠳᠪᠠ᠃       9 ᠰᠠᠷ᠎ᠠ ᠶᠢᠨ 24  ᠤ ᠡᠳᠦᠷ  ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠦ ᠵᠢᠶᠦ᠋ᠨ ᠵᠤᠭᠠᠴᠠᠯ ᠤᠨ ᠶᠡᠭᠡ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠢ ᠪᠠᠶᠢᠴᠠᠭᠠᠵᠠᠢ᠃       9 ᠰᠠᠷ᠎ᠠ ᠶᠢᠨ 25 ᠤ ᠡᠳᠦᠷ  ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠢ ᠽᠧ ᠮᠢᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠳᠤ ᠪᠠᠷ᠎ᠠ ᠪᠣᠯᠵᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠪᠠᠶᠢᠴᠠᠭᠠᠨ ᠰᠤᠳᠤᠯᠤᠯᠲᠠ  ᠬᠢᠪᠡ᠃      ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠦ ᠵᠢᠶᠦ᠋ᠨ ᠬᠤᠷᠴᠢᠨ ᠲᠣᠭᠤᠷᠢᠭ ᠤᠨ ᠵᠠᠰᠠᠭ ᠠᠵᠤ ᠠᠬᠤᠶᠢᠯᠠᠯ ᠤᠨ︽ᠬᠠᠭᠠᠰ ᠰᠠᠷ᠎ᠠ ᠶᠢᠨ ᠬᠡᠯᠡᠯᠴᠡᠭᠡ︾ ᠳᠤ ᠣᠷᠣᠯᠴᠠᠪᠠ︔ ᠮᠣᠩᠭᠤᠯ ᠤᠯᠤᠰ ᠤᠨ ᠬᠤᠳᠠᠯᠳᠤᠭᠠᠴᠢᠨ ᠲᠠᠢ  ᠠᠭᠤᠯᠵᠠᠪᠠ᠃       9 ᠰᠠᠷ᠎ᠠ ᠶᠢᠨ 26 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠢ ᠪᠠᠭᠠᠨ᠎ᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠠᠯᠠᠭ᠎ᠠ ᠮᠥᠴᠢᠷ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠳᠠᠭᠠᠭᠤᠯᠤᠨ ᠨᠠᠢᠮᠠᠨ ᠰᠠᠷ᠎ᠠ ᠶᠢᠨ ᠲᠡᠷᠭᠡᠯ ᠪᠠᠶᠠᠷ ᠤᠯᠤᠰ ᠤᠨ ᠪᠠᠶᠠᠷ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠨ ᠰᠤᠳᠤᠯᠬᠤ ᠠᠵᠢᠯ ᠢ ᠥᠷᠨᠢᠭᠦᠯᠪᠡ᠃       ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠰᠢᠸ ᠶᠤᠸᠠᠨ ᠪᠤᠭᠤᠲᠤ ᠶᠢᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠡᠢ᠃       ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠢ ᠽᠧ ᠮᠢᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠰᠢᠯᠵᠢᠭᠦᠯᠦᠨ ᠭᠦᠢᠴᠡᠳᠬᠡᠭᠦᠯᠬᠦ ᠵᠦᠢᠯ ᠢ ᠭᠦᠢᠴᠡᠳᠬᠡᠭᠰᠡᠨ ᠪᠠᠶᠢᠳᠠᠯ ᠢ ᠲᠤᠬᠠᠢ ᠶᠢᠨ ᠭᠠᠵᠠᠷ ᠲᠤᠨᠢ ᠱᠠᠯᠠᠪᠳᠠᠭᠤᠯᠤᠨ ᠵᠢᠯᠤᠭᠤᠳᠴᠤ᠂ ᠭᠤᠣᠯ ᠲᠣᠮᠣ ᠵᠠᠬ᠎ᠠ ᠳᠡᠯᠭᠡᠭᠦᠷ ᠲᠤ ᠬᠦᠷᠴᠦ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠲᠣᠬᠢᠷᠠᠭᠤᠯᠪᠠ᠃       9 ᠰᠠᠷ᠎ᠠ ᠶᠢᠨ 27 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠢ ᠽᠧ ᠮᠢᠨ ᠳ᠋ᠡ ᠰᠢᠩ ᠵᠠᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃       ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠢ ᠽᠧ ᠮᠢᠨ ᠠᠶᠠᠨᠴᠢᠳ ᠤᠨ ᠲᠡᠭᠡᠭᠡᠪᠦᠷᠢ ᠶᠢᠨ ᠦᠷᠳᠡᠭᠡ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠪᠠᠷᠢᠯᠭ᠎ᠠ ᠶᠢᠨ ᠪᠠᠷᠢᠯᠭ᠎ᠠ ᠶᠢᠨ ᠭᠠᠵᠠᠷ ᠵᠡᠷᠭᠡ ᠳᠤ ᠬᠦᠷᠴᠦ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠥᠷᠨᠢᠭᠦᠯᠪᠡ᠃  
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号