ᠬᠤᠷᠴᠢᠨ ᠲᠣᠭᠤᠷᠢᠭ ᠤᠨ ᠡᠯ᠎ᠡ ᠳᠤᠮᠳᠠᠳᠤ ᠪᠠᠭ᠎ᠠ ᠰᠤᠷᠭᠠᠭᠤᠯᠢ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2023/10/16
      ᠡᠨᠡ ᠵᠢᠯ᠂ ᠬᠤᠷᠴᠢᠨ ᠲᠣᠭᠤᠷᠢᠭ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠪᠠᠭᠰᠢ ᠶᠢᠨ ᠡᠩᠨᠡᠭᠡ ᠶᠢᠨ ᠪᠣᠯᠪᠠᠰᠤᠷᠠᠯ ᠪᠣᠯᠣᠨ ᠵᠢᠭᠠᠬᠤ ᠮᠠᠲ᠋ᠧᠷᠢᠶᠠᠯ ᠤᠨ ᠪᠠᠷᠢᠮᠵᠢᠶ᠎ᠠ ᠶᠢᠨ ᠪᠣᠯᠪᠠᠰᠤᠷᠠᠯ ᠢ ᠴᠢᠩᠭ᠎ᠠ ᠠᠳᠬᠤᠵᠤ᠂ ᠡᠩ ᠤᠨ ᠵᠢᠭᠠᠨ ᠰᠤᠳᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠡᠢ᠃ᠣᠲᠣ ᠪᠣᠯᠲᠠᠯ᠎ᠠ᠂ ᠬᠤᠷᠴᠢᠨ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠪᠠ ᠥᠨᠳᠥᠷ ᠳᠤᠮᠳᠠᠳᠤ ᠰᠤᠷᠭᠠᠭᠤᠯᠢ ᠶᠢᠨ ᠱᠠᠲᠤᠨ ᠳᠤ ᠨᠢᠭᠡᠨᠲᠡ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠬᠡᠷᠡᠭᠯᠡᠨ ᠬᠢᠴᠢᠶᠡᠯᠯᠡᠬᠦ ᠶᠢ ᠬᠡᠷᠡᠭᠵᠢᠭᠦᠯᠵᠦ ᠪᠠᠶᠢᠨ᠎ᠠ᠃
 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号