ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ | ᠲᠠᠯᠠᠪᠠᠶ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠵᠠᠰᠠᠭ ᠤᠨ ᠣᠷᠳᠣᠨ ᠤ ᠡᠯ᠎ᠡ | ᠵᠥᠪᠯᠡᠯ ᠠᠯᠪᠠᠨ ᠭᠡᠷ ᠲᠣᠪᠴᠢᠶ᠎ᠠ᠂ ᠬᠤᠷᠴᠢᠨ ᠳᠤ ᠰᠠᠭᠤᠭ᠎ᠠ ᠲᠥᠪ ᠣᠷᠣᠨ ᠤ ᠰᠢᠭᠤᠳ ᠬᠠᠷᠢᠶ᠎ᠠ ᠡᠯ᠎ᠡ | ᠨᠢᠭᠡᠴᠢ ᠳᠤ᠄ | ᠬᠤᠷᠴᠢᠨ ᠲᠣᠭᠤᠷᠢᠭ ᠤᠨ ᠠᠯᠠᠰᠢᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠲᠦᠷᠭᠡᠳᠬᠡᠨ ᠠᠬᠢᠭᠤᠯᠬᠤ ᠶᠢᠨ ᠲᠤᠰᠠᠳᠠ᠂ ᠲᠣᠭᠤᠷᠢᠭ ᠤᠨ ᠵᠠᠰᠠᠭ ᠤᠨ ᠣᠷᠳᠣᠨ ᠤ ᠰᠤᠳᠤᠯᠤᠯᠲᠠ ᠪᠠᠷ ᠳᠡᠮᠵᠢᠨ᠂ | ᠡᠳᠦᠭᠡ ︽ᠬᠤᠷᠴᠢᠨ ᠲᠣᠭᠤᠷᠢᠭ ᠤᠨ 2023 ᠣᠨ ᠤ ᠲᠠᠷᠢᠶᠠᠯᠠᠩ ᠮᠠᠯ ᠠᠵᠤ ᠠᠬᠤᠢ ᠣᠶ ᠰᠢᠭᠤᠢ ᠶᠢᠨ ᠠᠵᠤ | ᠦᠢᠯᠡᠰ ᠤᠨ ᠬᠥᠭᠵᠢᠯᠲᠡ ᠶᠢᠨ ᠨᠥᠬᠦᠪᠦᠷᠢ ᠶᠢᠨ ᠲᠥᠷᠥ ᠶᠢᠨ ᠪᠣᠳᠣᠯᠭ᠎ᠠ ︵ᠠᠯᠠᠰᠢᠨ ᠦᠬᠡᠷ ᠤᠨ ᠠᠵᠤ | ᠦᠢᠯᠡᠰ ᠤᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ︶︾ ᠶᠢ ᠲᠠᠨᠠᠷ ᠲᠤ ᠳᠠᠷᠤᠮᠠᠯᠯᠠᠨ ᠲᠠᠷᠬᠠᠭᠠᠪᠠ᠃ | | | 2023 ᠣᠨ ᠤ 10 ᠰᠠᠷ᠎ᠠ ᠶᠢᠨ 16 ᠤ ᠡᠳᠦᠷ | | ᠬᠤᠷᠴᠢᠨ ᠲᠣᠭᠤᠷᠢᠭ ᠤᠨ 2023 ᠣᠨ ᠤ ᠲᠠᠷᠢᠶᠠᠯᠠᠩ ᠮᠠᠯ ᠠᠵᠤ ᠠᠬᠤᠢ ᠣᠶ ᠰᠢᠭᠤᠢ ᠶᠢᠨ ᠠᠵᠤ | ᠦᠢᠯᠡᠰ ᠤᠨ ᠬᠥᠭᠵᠢᠯᠲᠡ ᠶᠢᠨ ᠨᠥᠬᠦᠪᠦᠷᠢ ᠶᠢᠨ ᠲᠥᠷᠥ ᠶᠢᠨ ᠪᠣᠳᠣᠯᠭ᠎ᠠ ︵ᠠᠯᠠᠰᠢᠨ ᠦᠬᠡᠷ ᠤᠨ ᠠᠵᠤ | ᠦᠢᠯᠡᠰ ᠤᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ︶ | | ᠬᠤᠷᠴᠢᠨ ᠲᠣᠭᠤᠷᠢᠭ ᠤᠨ ᠠᠯᠠᠰᠢᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠶᠢᠨ ᠲᠥᠯᠥᠭᠡ᠂ ︽ᠪᠦᠬᠦ ᠤᠯᠤᠰ ᠤᠨ ᠠᠯᠠᠰᠢᠨ ᠦᠬᠡᠷ ᠤᠨ ᠠᠵᠤ ᠦᠢᠯᠡᠰ ᠤᠨ ᠨᠢᠭᠡᠳᠦᠭᠡᠷ ᠴᠢᠬᠤᠯᠠ | ᠪᠠᠯᠭᠠᠰᠤ︾ ᠪᠣᠯᠣᠨ ︽ᠪᠦᠬᠦ ᠤᠯᠤᠰ ᠤᠨ ᠬᠠᠮᠤᠭ ᠤᠨ ᠲᠣᠮᠣ ᠠᠯᠠᠰᠢᠨ ᠦᠬᠡᠷ ᠤᠨ ᠪᠦᠲᠦᠭᠡᠭᠳᠡᠬᠦᠨ ᠢ | ᠲᠥᠪᠯᠡᠷᠡᠭᠦᠯᠦᠨ ᠲᠠᠷᠬᠠᠭᠠᠬᠤ ᠲᠥᠪ︾ ᠤᠨ ᠠᠵᠤ ᠦᠢᠯᠡᠰ ᠤᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠵᠦ᠂ | ᠠᠯᠠᠰᠢᠨ ᠦᠬᠡᠷ ᠨᠢᠲᠤᠯᠵᠤ ᠨᠠᠷᠢᠯᠢᠭ ᠡᠳ᠋ᠰᠢᠭᠦᠯᠬᠦ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠷᠥᠯ ᠤᠨ | ᠬᠥᠲᠥᠴᠢ ᠠᠵᠤ ᠠᠬᠤᠶᠢᠯᠠᠯ ᠢ ᠬᠤᠷᠴᠢᠨ ᠲᠣᠭᠤᠷᠢᠭ ᠲᠤ ᠨᠠᠶᠢᠳᠠᠪᠤᠷᠢᠵᠢᠭᠤᠯᠤᠨ᠂ ᠦᠬᠡᠷ ᠤᠨ ᠮᠢᠬᠠᠨ ᠤ | ᠢᠳᠡᠭᠡᠨ ᠢ ᠨᠠᠷᠢᠯᠢᠭ ᠡᠳ᠋ᠰᠢᠭᠦᠯᠬᠦ ᠪᠠᠷ ᠨᠢᠲᠤᠯᠬᠤ ᠶᠢ ᠳᠠᠶᠢᠴᠢᠯᠠᠬᠤ᠂ ᠨᠢᠲᠤᠯᠬᠤ ᠪᠠᠷ ᠪᠣᠷᠳᠣᠬᠤ ᠶᠢ ᠳᠠᠶᠢᠴᠢᠯᠠᠬᠤ | ᠠᠯᠠᠰᠢᠨ ᠦᠬᠡᠷ ᠤᠨ ᠪᠥᠬᠦ ᠠᠵᠤ ᠦᠢᠯᠡᠰ ᠤᠨ ᠬᠡᠯᠬᠢᠶᠡᠵᠢᠯ ᠤᠨ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠵᠤ᠂ ︽ | ᠬᠤᠷᠴᠢᠨ ᠲᠣᠭᠤᠷᠢᠭ ᠤᠨ 2023 ᠣᠨ ᠤ ᠲᠠᠷᠢᠶᠠᠯᠠᠩ ᠮᠠᠯ ᠠᠵᠤ ᠠᠬᠤᠢ ᠣᠶ ᠰᠢᠭᠤᠢ ᠶᠢᠨ ᠠᠵᠤ ᠦᠢᠯᠡᠰ ᠤᠨ | ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ︾ ᠶᠢᠨ ᠰᠠᠭᠤᠷᠢᠨ ᠳᠡᠭᠡᠷ᠎ᠡ᠂ ᠳᠣᠣᠷᠠᠬᠢ ᠮᠡᠲᠦ ᠨᠥᠬᠦᠪᠦᠷᠢᠯᠡᠬᠦ | ᠲᠥᠷᠥ ᠶᠢᠨ ᠪᠣᠳᠣᠯᠭ᠎ᠠ ᠶᠢ ᠲᠣᠭᠲᠠᠭᠠᠪᠠ᠃ | ᠨᠢᠭᠡ᠂ ᠠᠯᠠᠰᠢᠨ ᠦᠬᠡᠷ ᠤᠨ ᠨᠠᠷᠢᠯᠢᠭ ᠡᠳ᠋ᠰᠢᠭᠦᠯᠬᠦ ᠲᠥᠷᠥᠯ ᠤᠨ ᠲᠥᠷᠥᠯ ᠵᠦᠢᠯ ᠢ ᠪᠦᠲᠦᠭᠡᠨ ᠪᠠᠶᠢᠭᠤᠯᠬᠤ | ᠲᠠᠯ᠎ᠠ ᠪᠠᠷ | ︵ᠨᠢᠭᠡ︶ ᠲᠥᠷᠥᠯ ᠵᠦᠢᠯ ᠤᠨ ᠬᠡᠷᠡᠭᠯᠡᠬᠦ ᠭᠠᠵᠠᠷ ᠤᠨ ᠲᠠᠯᠠᠪᠠᠶ ᠶᠢ 100 ︱ 150 ᠮᠦ ᠳᠤ ᠬᠦᠷᠦᠭᠦᠯᠵᠦ | ᠂ ᠶᠡᠷᠦᠩᠬᠡᠢ ᠪᠡᠯᠡ ᠣᠷᠣᠭᠤᠯᠤᠯᠲᠠ ᠶᠢᠨ ᠬᠡᠮᠵᠢᠶ᠎ᠡ ᠶᠢ 2 ᠳ᠋ᠦᠩᠰᠢᠭᠤᠷ ᠲᠥᠭᠦᠷᠢᠭ ᠠᠴᠠ ᠳᠡᠭᠡᠭᠰᠢ ︵ᠲᠤᠭ᠎ᠠ | ᠪᠦᠷᠢᠳᠬᠡᠯ ᠤᠨ ᠲᠣᠪᠴᠢᠶ᠎ᠠ ᠶᠢᠨ ᠲᠤᠰᠢᠶᠠᠬᠤ ᠲᠤᠭ᠎ᠠ ᠬᠡᠮᠵᠢᠶ᠎ᠡ ᠪᠠᠷ ᠪᠠᠷᠢᠮᠵᠢᠶ᠎ᠠ ᠪᠣᠯᠭᠠᠨ᠎ᠠ︶ ᠮᠥᠷᠲᠡᠭᠡᠨ ᠲᠥᠷᠥᠯ | ᠵᠦᠢᠯ ᠢ 2 ᠵᠢᠯ ᠤᠨ ᠳᠣᠲᠣᠷ᠎ᠠ ᠪᠠᠶᠢᠭᠤᠯᠵᠤ ᠳᠠᠭᠤᠰᠬᠠᠭᠰᠠᠨ ︵ᠠᠵᠢᠯ ᠡᠬᠢᠯᠡᠭᠦᠯᠬᠦ ᠵᠥᠪᠰᠢᠶᠡᠷᠡᠯ ᠤᠨ ᠦᠨᠡᠮᠯᠡᠯ ᠳᠤ | ᠠᠵᠢᠯ ᠡᠬᠢᠯᠡᠭᠦᠯᠦᠭᠰᠡᠨ ᠡᠳᠦᠷ ᠠᠴᠠ ᠡᠬᠢᠯᠡᠵᠦ ᠪᠤᠳᠤᠨ᠎ᠠ︶ ᠠᠯᠠᠰᠢᠨ ᠦᠬᠡᠷ ᠤᠨ ᠨᠠᠷᠢᠯᠢᠭ ᠡᠳ᠋ᠰᠢᠭᠦᠯᠬᠦ | ᠲᠥᠷᠥᠯ ᠤᠨ ᠠᠵᠤ ᠠᠬᠤᠶᠢᠯᠠᠯ᠂ ᠲᠦᠩᠯᠢᠶᠣᠣ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ ᠶᠢᠨ ᠳᠠᠷᠤᠮᠠᠯᠯᠠᠨ ᠲᠠᠷᠬᠠᠭᠠᠭᠰᠠᠨ ︽︿ᠲᠦᠩᠯᠢᠶᠣᠣ ᠬᠤᠲᠠ ᠶᠢᠨ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠭᠤᠣᠯᠯᠠᠬᠤ ᠠᠵᠤ ᠦᠢᠯᠡᠰ ᠤᠨ ᠲᠥᠷᠥᠯ ᠵᠦᠢᠯ ᠤᠨ ᠬᠦᠷᠢᠶᠡᠯᠡᠩ ᠳᠤ ᠣᠷᠣᠬᠤ ᠡᠵᠡᠮᠳᠡᠯ ᠤᠨ | ᠴᠢᠨᠠᠷᠲᠠᠢ ᠭᠦᠢᠴᠡᠳᠬᠡᠬᠦ ᠲᠤᠭ᠎ᠠ ︵ᠲᠤᠷᠰᠢᠨ ᠬᠡᠷᠡᠭᠵᠢᠭᠦᠯᠬᠦ︶﹀ ᠳᠤ ᠵᠠᠰᠠᠪᠤᠷᠢ ᠣᠷᠣᠭᠤᠯᠬᠤ ᠲᠤᠬᠠᠢ ᠮᠡᠳᠡᠭᠳᠡᠯ︾ | ︵ᠲᠦᠩᠯᠢᠶᠣᠣ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠦᠰᠦᠭ ﹇2023﹈ 135 ᠳ᠋ᠤᠭᠠᠷ ᠲᠣᠭᠠᠲᠤ︶ ᠤᠨ | ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠪᠠᠷ ᠯᠠᠪᠯᠠᠯᠲᠠ ᠪᠣᠯᠭᠠᠵᠤ᠂ ᠮᠦ ᠪᠦᠷᠢ ᠶᠢᠨ ᠳᠤᠮᠳᠠᠴᠢ ᠪᠡᠯᠡ | ᠣᠷᠣᠭᠤᠯᠤᠯᠲᠠ ᠶᠢᠨ ᠡᠷᠴᠢᠮ ᠨᠢ ᠵᠢᠷᠤᠮᠵᠢᠯ ᠤᠨ ᠴᠢᠨᠠᠷᠲᠠᠢ ᠭᠦᠢᠴᠡᠳᠬᠡᠯ ᠲᠤᠭ᠎ᠠ ︵130 ᠲᠦᠮᠡᠨ ᠲᠥᠭᠦᠷᠢᠭ/ᠮᠦ | ︶ ᠶᠢᠨ 150% ︵195 ᠲᠦᠮᠡᠨ ᠲᠥᠭᠦᠷᠢᠭ/ᠮᠦ︶ ᠠᠴᠠ ᠳᠠᠪᠠᠭᠰᠠᠨ ᠪᠠᠶᠢᠪᠠᠯ᠂ ᠬᠤᠷᠴᠢᠨ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠨᠢ 100 ᠮᠦ ᠪᠠᠷ ᠰᠠᠭᠤᠷᠢ ᠲᠤᠭ᠎ᠠ ᠪᠣᠯᠭᠠᠵᠤ ︵100 ᠮᠦ × 195 | ᠲᠦᠮᠡᠨ ᠲᠥᠭᠦᠷᠢᠭ × 10%︶ ᠪᠠᠷ ᠱᠠᠩᠨᠠᠨ᠎ᠠ᠃ ᠱᠠᠩᠨᠠᠯ ᠤᠨ ᠪᠡᠯᠡ ᠮᠥᠩᠭᠦ ᠶᠢ ᠲᠥᠷᠥᠯ ᠵᠦᠢᠯ ᠤᠨ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠨ᠎ᠡ᠃ ︵ᠬᠠᠷᠢᠭᠤᠴᠠᠯᠭᠠᠲᠤ ᠨᠢᠭᠡᠴᠢ᠄ ᠲᠣᠭᠤᠷᠢᠭ ᠤᠨ | ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ | ᠡᠳ᠋ ᠤᠨ ᠵᠠᠰᠠᠭ ᠤᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠪᠡᠯᠡ ᠮᠥᠩᠭᠦ ᠶᠢᠨ ᠠᠷᠭ᠎ᠠ ᠵᠠᠮ᠄ | ᠲᠣᠭᠤᠷᠢᠭ ᠤᠨ ᠡᠳ᠋ ᠤᠨ ᠵᠠᠰᠠᠭ ᠤᠨ ᠪᠡᠯᠡ ᠮᠥᠩᠭᠦ︶ | ︵ᠬᠤᠶᠠᠷ︶ ᠲᠥᠷᠥᠯ ᠵᠦᠢᠯ ᠤᠨ ᠬᠡᠷᠡᠭᠯᠡᠬᠦ ᠭᠠᠵᠠᠷ ᠤᠨ ᠲᠠᠯᠠᠪᠠᠶ ᠶᠢ 150 ᠮᠦ ᠠᠴᠠ ᠳᠡᠭᠡᠭᠰᠢ᠂ ᠶᠡᠷᠦᠩᠬᠡᠢ | ᠪᠡᠯᠡ ᠣᠷᠣᠭᠤᠯᠤᠯᠲᠠ ᠶᠢᠨ ᠲᠤᠭ᠎ᠠ ᠶᠢ 3 ᠳ᠋ᠦᠩᠰᠢᠭᠤᠷ ᠲᠥᠭᠦᠷᠢᠭ ᠠᠴᠠ ᠳᠡᠭᠡᠭᠰᠢ ︵ᠲᠤᠭ᠎ᠠ ᠪᠦᠷᠢᠳᠬᠡᠯ ᠤᠨ | ᠲᠣᠪᠴᠢᠶ᠎ᠠ ᠶᠢᠨ ᠲᠤᠰᠢᠶᠠᠬᠤ ᠲᠤᠭ᠎ᠠ ᠬᠡᠮᠵᠢᠶ᠎ᠡ ᠪᠠᠷ ᠪᠠᠷᠢᠮᠵᠢᠶ᠎ᠠ ᠪᠣᠯᠭᠠᠨ᠎ᠠ︶ ᠮᠥᠷᠲᠡᠭᠡᠨ ᠲᠥᠷᠥᠯ ᠵᠦᠢᠯ ᠢ 2 | ᠵᠢᠯ ᠤᠨ ᠳᠣᠲᠣᠷ᠎ᠠ ᠪᠠᠶᠢᠭᠤᠯᠵᠤ ᠳᠠᠭᠤᠰᠬᠠᠭᠰᠠᠨ ︵ᠠᠵᠢᠯ ᠡᠬᠢᠯᠡᠭᠦᠯᠬᠦ ᠵᠥᠪᠰᠢᠶᠡᠷᠡᠯ ᠤᠨ ᠦᠨᠡᠮᠯᠡᠯ ᠳᠤ ᠠᠵᠢᠯ | ᠡᠬᠢᠯᠡᠭᠦᠯᠦᠭᠰᠡᠨ ᠡᠳᠦᠷ ᠠᠴᠠ ᠡᠬᠢᠯᠡᠵᠦ ᠪᠤᠳᠤᠨ᠎ᠠ︶ ᠠᠯᠠᠰᠢᠨ ᠦᠬᠡᠷ ᠤᠨ ᠨᠠᠷᠢᠯᠢᠭ ᠡᠳ᠋ᠰᠢᠭᠦᠯᠬᠦ ᠲᠥᠷᠥᠯ ᠤᠨ ᠠᠵᠤ | ᠠᠬᠤᠶᠢᠯᠠᠯ᠂ ᠮᠦ ᠪᠦᠷᠢ ᠶᠢᠨ ᠳᠤᠮᠳᠠᠴᠢ ᠪᠡᠯᠡ ᠣᠷᠣᠭᠤᠯᠤᠯᠲᠠ ᠶᠢᠨ ᠡᠷᠴᠢᠮ ᠨᠢ ᠵᠢᠷᠤᠮᠵᠢᠯ ᠤᠨ ᠴᠢᠨᠠᠷᠲᠠᠢ | ᠭᠦᠢᠴᠡᠳᠬᠡᠯ ᠲᠤᠭ᠎ᠠ ︵130 ᠲᠦᠮᠡᠨ ᠲᠥᠭᠦᠷᠢᠭ/ᠮᠦ︶ ᠶᠢᠨ 150% ︵195 ᠲᠦᠮᠡᠨ ᠲᠥᠭᠦᠷᠢᠭ/ᠮᠦ︶ | ᠠᠴᠠ ᠳᠠᠪᠠᠭᠰᠠᠨ ᠪᠠᠶᠢᠪᠠᠯ᠂ ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ 150 ᠮᠦ ᠪᠠᠷ | ᠰᠠᠭᠤᠷᠢ ᠲᠤᠭ᠎ᠠ ᠪᠣᠯᠭᠠᠵᠤ ︵150 ᠮᠦ × 195 ᠲᠦᠮᠡᠨ ᠲᠥᠭᠦᠷᠢᠭ × 15%︶ ᠱᠠᠩᠨᠠᠨ᠎ᠠ᠃ ᠱᠠᠩᠨᠠᠯ ᠤᠨ | ᠪᠡᠯᠡ ᠮᠥᠩᠭᠦ ᠶᠢ ᠲᠥᠷᠥᠯ ᠵᠦᠢᠯ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠨ᠎ᠡ᠃ ︵ | ᠬᠠᠷᠢᠭᠤᠴᠠᠯᠭᠠᠲᠤ ᠨᠢᠭᠡᠴᠢ᠄ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠲᠤᠭ᠎ᠠ ᠪᠦᠷᠢᠳᠬᠡᠯ ᠤᠨ | ᠲᠣᠪᠴᠢᠶ᠎ᠠ᠂ ᠪᠡᠯᠡ ᠮᠥᠩᠭᠦ ᠶᠢᠨ ᠠᠷᠭ᠎ᠠ ᠵᠠᠮ᠄ ᠲᠣᠭᠤᠷᠢᠭ ᠤᠨ ᠡᠳ᠋ ᠤᠨ ᠵᠠᠰᠠᠭ ᠤᠨ ᠪᠡᠯᠡ ᠮᠥᠩᠭᠦ︶ | ᠬᠤᠶᠠᠷ᠂ ᠲᠡᠵᠢᠭᠡᠨ ᠦᠷᠡᠵᠢᠭᠦᠯᠬᠦ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ | ᠲᠦᠩᠯᠢᠶᠣᠣ ᠬᠤᠲᠠ ᠶᠢᠨ ᠮᠠᠯ ᠠᠵᠤ ᠠᠬᠤᠢ ᠮᠠᠯ ᠡᠮᠨᠡᠯᠭᠡ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ | ᠭᠠᠵᠠᠷ ᠵᠢᠴᠢ ᠲᠦᠩᠯᠢᠶᠣᠣ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠠᠯᠠᠰᠢᠨ ᠦᠬᠡᠷ ᠤᠨ | ᠦᠢᠯᠡᠳᠪᠦᠷᠢᠯᠡᠯ ᠢ ᠠᠬᠢᠭᠤᠯᠬᠤ ᠠᠯᠪᠠᠨ ᠭᠡᠷ ᠤᠨ ᠳᠠᠷᠤᠮᠠᠯᠯᠠᠨ ᠲᠠᠷᠬᠠᠭᠠᠭᠰᠠᠨ ︽ᠬᠡᠪᠴᠢᠶᠡᠵᠢᠭᠦᠯᠦᠭᠰᠡᠨ ᠦᠬᠡᠷ ᠤᠨ | ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢᠨ ᠮᠡᠷᠭᠡᠵᠢᠯ ᠤᠨ ᠬᠡᠪᠴᠢᠶᠡᠵᠢᠭᠦᠯᠦᠭᠰᠡᠨ ᠦᠬᠡᠷ ᠤᠨ ᠲᠠᠯᠠᠪᠠᠢ ᠶᠢᠨ | ᠪᠦᠲᠦᠭᠡᠨ ᠪᠠᠶᠢᠭᠤᠯᠤᠯᠲᠠ ᠶᠢᠨ ᠮᠡᠷᠭᠡᠵᠢᠯ ᠤᠨ ᠪᠣᠯᠵᠣᠯᠲᠤ ᠲᠤᠭ᠎ᠠ ᠶᠢᠨ ᠡᠮᠬᠢᠳᠬᠡᠯ︾᠂ ᠲᠦᠩᠯᠢᠶᠣᠣ ᠬᠤᠲᠠ ᠶᠢᠨ | ᠮᠠᠯ ᠠᠵᠤ ᠠᠬᠤᠢ ᠶᠢᠨ ᠬᠥᠭᠵᠢᠯᠲᠡ ᠶᠢᠨ ᠲᠥᠪ ᠤᠨ ᠳᠠᠷᠤᠮᠠᠯᠯᠠᠨ ᠲᠠᠷᠬᠠᠭᠠᠭᠰᠠᠨ ︽ᠮᠠᠯ ᠠᠵᠤ ᠠᠬᠤᠢ ᠶᠢᠨ | ᠠᠷᠪᠠᠨ ᠶᠡᠭᠡ ︽ᠭᠤᠣᠯᠯᠠᠨ ᠳᠡᠯᠭᠡᠷᠡᠭᠦᠯᠬᠦ ᠮᠡᠷᠭᠡᠵᠢᠯ ᠵᠢᠴᠢ ᠪᠠᠷᠢᠮᠵᠢᠶᠠᠵᠢᠭᠤᠯᠤᠭᠰᠠᠨ ᠦᠬᠡᠷ ᠤᠨ ᠬᠠᠰᠢᠶ᠎ᠠ ᠶᠢᠨ | ᠪᠦᠲᠦᠭᠡᠨ ᠪᠠᠶᠢᠭᠤᠯᠤᠯᠲᠠ ᠶᠢᠨ ᠪᠣᠯᠵᠣᠯᠲᠤ ᠲᠤᠭ᠎ᠠ ᠶᠢᠨ ᠡᠮᠬᠢᠳᠬᠡᠯ︾ ᠤᠨ ᠱᠠᠭᠠᠷᠳᠠᠯᠭ᠎ᠠ ᠶᠣᠰᠣᠭᠠᠷ ᠪᠣᠷᠳᠣᠵᠤ | ᠲᠠᠷᠭᠤᠯᠠᠭᠤᠯᠬᠤ ᠦᠬᠡᠷ ᠤᠨ ᠬᠠᠰᠢᠶ᠎ᠠ ᠶᠢᠨ ᠪᠦᠲᠦᠭᠡᠨ ᠪᠠᠶᠢᠭᠤᠯᠤᠯᠲᠠ ᠶᠢᠨ ᠲᠡᠵᠢᠭᠡᠨ ᠦᠷᠡᠵᠢᠭᠦᠯᠬᠦ ᠲᠠᠯᠠᠪᠠᠢ ︵ | ᠡᠷᠦᠬᠡ︶᠂ ᠪᠣᠷᠳᠣᠵᠤ ᠲᠠᠷᠭᠤᠯᠠᠭᠤᠯᠬᠤ ᠦᠬᠡᠷ ᠤᠨ ᠬᠠᠰᠢᠶ᠎ᠠ ᠶᠢᠨ ᠰᠢᠨ᠎ᠡ ᠪᠠᠷ ᠪᠠᠶᠢᠭᠤᠯᠤᠭᠰᠠᠨ ᠲᠠᠯᠠᠪᠠᠶ ᠵᠢᠴᠢ | ᠬᠠᠰᠢᠶ᠎ᠠ ᠳᠤ ᠣᠷᠣᠭᠤᠯᠤᠭᠰᠠᠨ ᠪᠠᠶᠢᠳᠠᠯ ᠢ ᠦᠨᠳᠦᠰᠦᠯᠡᠨ᠂ ᠰᠢᠨ᠎ᠡ ᠪᠠᠷ ᠪᠠᠶᠢᠭᠤᠯᠤᠭᠰᠠᠨ ᠪᠣᠷᠳᠣᠵᠤ | ᠲᠠᠷᠭᠤᠯᠠᠭᠤᠯᠬᠤ ᠦᠬᠡᠷ ᠤᠨ ᠬᠠᠰᠢᠶ᠎ᠠ ᠶᠢᠨ ᠬᠠᠰᠢᠶ᠎ᠠ ᠳᠤ ᠨᠥᠬᠦᠪᠦᠷᠢ ᠥᠭᠭᠦᠨ᠎ᠡ᠃ | ︵ᠨᠢᠭᠡ︶ ᠰᠢᠨ᠎ᠡ ᠪᠠᠷ ᠪᠠᠶᠢᠭᠤᠯᠤᠭᠰᠠᠨ ᠪᠠᠷᠢᠮᠵᠢᠶᠠᠵᠢᠭᠤᠯᠤᠭᠰᠠᠨ ᠪᠣᠷᠳᠣᠵᠤ ᠲᠠᠷᠭᠤᠯᠠᠭᠤᠯᠬᠤ ᠦᠬᠡᠷ ᠤᠨ | ᠬᠠᠰᠢᠶ᠎ᠠ ᠶᠢᠨ ᠲᠠᠯᠠᠪᠠᠶ ᠨᠢ 1000 ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠪᠠᠶᠢᠵᠤ᠂ ᠬᠠᠰᠢᠶᠠᠨ ᠳᠤ | ᠣᠷᠣᠭᠤᠯᠤᠭᠰᠠᠨ ᠪᠣᠷᠳᠣᠵᠤ ᠲᠠᠷᠭᠤᠯᠠᠭᠤᠯᠬᠤ ᠦᠬᠡᠷ ᠤᠨ ᠲᠤᠭ᠎ᠠ ᠶᠢ 120 ᠲᠣᠯᠣᠭᠠᠢ ᠠᠴᠠ ᠳᠡᠭᠡᠭᠰᠢ ᠳᠤ | ᠬᠦᠷᠦᠭᠦᠯᠵᠦ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ᠂ | ᠨᠢᠭᠡ ᠤᠳᠠᠭ᠎ᠠ ᠳᠤ 10 ᠲᠦᠮᠡᠨ ᠲᠥᠭᠦᠷᠢᠭ ᠢᠶᠠᠷ ᠱᠠᠩᠨᠠᠨ᠎ᠠ᠃ ︵ᠬᠠᠷᠢᠭᠤᠴᠠᠯᠭᠠᠲᠤ ᠨᠢᠭᠡᠴᠢ᠄ | ᠲᠣᠭᠤᠷᠢᠭ ᠤᠨᠲ᠋ᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠰᠤᠮᠤ | ᠪᠠᠯᠭᠠᠰᠤ ᠲᠠᠯᠠᠪᠠᠶ᠂ ᠲᠠᠷᠢᠶᠠᠯᠠᠩ ᠳᠤ ᠬᠤᠯᠪᠣᠭᠳᠠᠬᠤ ᠵᠡᠭᠡᠯᠢ ᠭᠤᠳᠤᠮᠵᠢ᠂ ᠪᠡᠯᠡ ᠮᠥᠩᠭᠦ ᠶᠢᠨ ᠠᠷᠭ᠎ᠠ ᠵᠠᠮ᠄ | ᠲᠣᠭᠤᠷᠢᠭ ᠤᠨ ᠡᠳ᠋ ᠤᠨ ᠵᠠᠰᠠᠭ ᠤᠨ ᠪᠡᠯᠡ ᠮᠥᠩᠭᠦ︶ | ︵ᠬᠤᠶᠠᠷ︶ ᠰᠢᠨ᠎ᠡ ᠪᠠᠷ ᠪᠠᠶᠢᠭᠤᠯᠤᠭᠰᠠᠨ ᠪᠠᠷᠢᠮᠵᠢᠶᠠᠵᠢᠭᠤᠯᠤᠭᠰᠠᠨ ᠪᠣᠷᠳᠣᠵᠤ ᠲᠠᠷᠭᠤᠯᠠᠭᠤᠯᠬᠤ ᠦᠬᠡᠷ ᠤᠨ | ᠬᠠᠰᠢᠶ᠎ᠠ ᠶᠢᠨ ᠲᠠᠯᠠᠪᠠᠶ ᠨᠢ 2000 ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠪᠠᠶᠢᠵᠤ᠂ ᠬᠠᠰᠢᠶᠠᠨ ᠳᠤ | ᠣᠷᠣᠭᠤᠯᠤᠭᠰᠠᠨ ᠪᠣᠷᠳᠣᠵᠤ ᠲᠠᠷᠭᠤᠯᠠᠭᠤᠯᠬᠤ ᠦᠬᠡᠷ ᠤᠨ ᠲᠤᠭ᠎ᠠ ᠶᠢ 240 ᠲᠣᠯᠣᠭᠠᠢ ᠠᠴᠠ ᠳᠡᠭᠡᠭᠰᠢ ᠳᠤ | ᠬᠦᠷᠦᠭᠦᠯᠵᠦ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ᠂ | ᠨᠢᠭᠡ ᠤᠳᠠᠭ᠎ᠠ ᠳᠤ 20 ᠲᠦᠮᠡᠨ ᠲᠥᠭᠦᠷᠢᠭ ᠢᠶᠠᠷ ᠱᠠᠩᠨᠠᠨ᠎ᠠ᠃ ︵ᠬᠠᠷᠢᠭᠤᠴᠠᠯᠭᠠᠲᠤ ᠨᠢᠭᠡᠴᠢ᠄ ᠲᠣᠭᠤᠷᠢᠭ ᠤᠨ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠰᠤᠮᠤ ᠪᠠᠯᠭᠠᠰᠤ | ᠲᠠᠯᠠᠪᠠᠶ᠂ ᠲᠠᠷᠢᠶᠠᠯᠠᠩ ᠳᠤ ᠬᠤᠯᠪᠣᠭᠳᠠᠬᠤ ᠵᠡᠭᠡᠯᠢ ᠭᠤᠳᠤᠮᠵᠢ᠂ ᠪᠡᠯᠡ ᠮᠥᠩᠭᠦ ᠶᠢᠨ ᠠᠷᠭ᠎ᠠ ᠵᠠᠮ᠄ ᠲᠣᠭᠤᠷᠢᠭ ᠤᠨ | ᠡᠳ᠋ ᠤᠨ ᠵᠠᠰᠠᠭ ᠤᠨ ᠪᠡᠯᠡ ᠮᠥᠩᠭᠦ︶ | ︵ᠭᠤᠷᠪᠠ︶ ᠰᠢᠨ᠎ᠡ ᠪᠠᠷ ᠪᠠᠶᠢᠭᠤᠯᠤᠭᠰᠠᠨ ᠪᠠᠷᠢᠮᠵᠢᠶᠠᠵᠢᠭᠤᠯᠤᠭᠰᠠᠨ ᠪᠣᠷᠳᠣᠵᠤ ᠲᠠᠷᠭᠤᠯᠠᠭᠤᠯᠬᠤ ᠦᠬᠡᠷ ᠤᠨ | ᠬᠠᠰᠢᠶ᠎ᠠ ᠶᠢᠨ ᠲᠠᠯᠠᠪᠠᠶ ᠨᠢ 3000 ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠪᠠᠶᠢᠵᠤ᠂ ᠬᠠᠰᠢᠶᠠᠨ ᠳᠤ | ᠣᠷᠣᠭᠤᠯᠤᠭᠰᠠᠨ ᠪᠣᠷᠳᠣᠵᠤ ᠲᠠᠷᠭᠤᠯᠠᠭᠤᠯᠬᠤ ᠦᠬᠡᠷ ᠤᠨ ᠲᠤᠭ᠎ᠠ ᠶᠢ 360 ᠲᠣᠯᠣᠭᠠᠢ ᠠᠴᠠ ᠳᠡᠭᠡᠭᠰᠢ ᠳᠤ | ᠬᠦᠷᠦᠭᠦᠯᠵᠦ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ᠂ | ᠨᠢᠭᠡ ᠤᠳᠠᠭ᠎ᠠ ᠳᠤ 30 ᠲᠦᠮᠡᠨ ᠲᠥᠭᠦᠷᠢᠭ ᠢᠶᠠᠷ ᠱᠠᠩᠨᠠᠨ᠎ᠠ᠃ ︵ᠬᠠᠷᠢᠭᠤᠴᠠᠯᠭᠠᠲᠤ ᠨᠢᠭᠡᠴᠢ᠄ ᠲᠣᠭᠤᠷᠢᠭ ᠤᠨ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠰᠤᠮᠤ ᠪᠠᠯᠭᠠᠰᠤ | ᠲᠠᠯᠠᠪᠠᠶ᠂ ᠲᠠᠷᠢᠶᠠᠯᠠᠩ ᠳᠤ ᠬᠤᠯᠪᠣᠭᠳᠠᠬᠤ ᠵᠡᠭᠡᠯᠢ ᠭᠤᠳᠤᠮᠵᠢ᠂ ᠪᠡᠯᠡ ᠮᠥᠩᠭᠦ ᠶᠢᠨ ᠠᠷᠭ᠎ᠠ ᠵᠠᠮ᠄ ᠲᠣᠭᠤᠷᠢᠭ ᠤᠨ | ᠡᠳ᠋ ᠤᠨ ᠵᠠᠰᠠᠭ ᠤᠨ ᠪᠡᠯᠡ ᠮᠥᠩᠭᠦ︶ | ᠭᠤᠷᠪᠠ᠂ ᠠᠯᠠᠰᠢᠨ ᠦᠬᠡᠷ ᠢ ᠨᠠᠷᠢᠯᠢᠭ ᠪᠣᠯᠪᠠᠰᠤᠷᠠᠭᠤᠯᠬᠤ ᠲᠠᠯ᠎ᠠ ᠪᠠᠷ | ᠬᠤᠷᠴᠢᠨ ᠲᠣᠭᠤᠷᠢᠭ ᠤᠨ ᠦᠬᠡᠷ ᠤᠨ ᠮᠢᠬ᠎ᠠ ᠶᠢ ᠨᠠᠷᠢᠯᠢᠭ ᠡᠳ᠋ᠰᠢᠭᠦᠯᠬᠦ ᠠᠵᠤ ᠠᠬᠤᠶᠢᠯᠠᠯ ᠤᠨ ᠵᠢᠯ ᠳᠤ | ᠬᠤᠳᠠᠯᠳᠤᠨ ᠠᠪᠤᠭᠰᠠᠨ ᠲᠣᠰ ᠭᠠᠵᠠᠷ ᠤᠨ ᠴᠡᠭ ᠲᠣᠭᠲᠠᠭᠠᠨ ᠨᠢᠲᠤᠯᠬᠤ ᠠᠵᠤ ᠠᠬᠤᠶᠢᠯᠠᠯ ᠤᠨ ᠦᠬᠡᠷ ᠤᠨ ᠮᠢᠬ᠎ᠠ | ᠨᠢ 100 ᠲᠣᠨ ᠠᠴᠠ ᠳᠡᠭᠡᠭᠰᠢ ᠳᠤ ᠬᠦᠷᠦᠭᠰᠡᠨ ᠪᠠᠶᠢᠪᠠᠯ᠂ ᠨᠢᠭᠡ ᠤᠳᠠᠭ᠎ᠠ ᠶᠢᠨ ᠴᠢᠨᠠᠷᠲᠠᠢ ᠪᠠᠷ 20 ᠲᠦᠮᠡᠨ | ᠲᠥᠭᠦᠷᠢᠭ ᠢᠶᠠᠷ ᠱᠠᠩᠨᠠᠨ᠎ᠠ᠃ ︵ᠬᠠᠷᠢᠭᠤᠴᠠᠯᠭᠠᠲᠤ ᠨᠢᠭᠡᠴᠢ᠄ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠡᠯ᠎ᠡ ᠰᠤᠮᠤ ᠪᠠᠯᠭᠠᠰᠤ ᠲᠠᠯᠠᠪᠠᠶ᠂ ᠲᠠᠷᠢᠶᠠᠯᠠᠩ ᠳᠤ ᠬᠤᠯᠪᠣᠭᠳᠠᠬᠤ ᠵᠡᠭᠡᠯᠢ ᠭᠤᠳᠤᠮᠵᠢ᠂ ᠪᠡᠯᠡ ᠮᠥᠩᠭᠦ ᠶᠢᠨ ᠠᠷᠭ᠎ᠠ | ᠵᠠᠮ᠄ ᠲᠣᠭᠤᠷᠢᠭ ᠤᠨ ᠡᠳ᠋ ᠤᠨ ᠵᠠᠰᠠᠭ ᠤᠨ ᠪᠡᠯᠡ ᠮᠥᠩᠭᠦ︶ | ᠳᠥᠷᠪᠡ᠂ ᠪᠤᠰᠤᠳ ᠵᠦᠢᠯ | ︵ᠨᠢᠭᠡ︶ ᠲᠣᠰ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ | ︵ᠬᠤᠶᠠᠷ︶ ᠲᠣᠰ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠬᠤᠷᠴᠢᠨ ᠲᠣᠭᠤᠷᠢᠭ ᠤᠨ ᠨᠠᠮ ᠤᠨ | ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ | ᠬᠠᠷᠢᠭᠤᠴᠠᠨ ᠲᠠᠶᠢᠯᠪᠤᠷᠢᠯᠠᠨ᠎ᠠ᠃ | ︵ᠭᠤᠷᠪᠠ︶ ᠲᠣᠰ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢᠨ ᠬᠦᠴᠦᠨ ᠲᠠᠢ ᠬᠤᠭᠤᠴᠠᠭ᠎ᠠ ᠨᠢ | 2025 ᠣᠨ ᠤ 12 ᠳ᠋ᠤᠭᠠᠷ ᠰᠠᠷ᠎ᠠ ᠶᠢᠨ 31 ᠤ ᠡᠳᠦᠷ᠃ | | | |