ᠬᠤᠷᠴᠢᠨ ᠲᠣᠭᠤᠷᠢᠭ ᠤᠨ ᠠᠷᠠᠯᠵᠢᠶᠠᠴᠢᠨ ᠤᠷᠢᠬᠤ ᠳᠤᠭᠤᠶᠢᠯᠠᠩ ᠱᠠᠩᠬᠠᠢ ᠬᠤᠲᠠ ᠳᠤ ᠬᠦᠷᠴᠦ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/10/18
     ᠣᠶᠢᠷ᠎ᠠ ᠳᠤ᠂ ᠬᠤᠷᠴᠢᠨ ᠲᠣᠭᠤᠷᠢᠭ ᠤᠨ ᠵᠢᠶᠠᠩᠰᠤ ᠵᠧᠵᠢᠶᠠᠩ ᠱᠠᠩᠬᠠᠢ ᠳᠤ ᠰᠠᠭᠤᠭ᠎ᠠ ᠬᠤᠳᠠᠯᠳᠤᠭᠠᠴᠢᠨ ᠤᠷᠢᠬᠤ ᠠᠵᠢᠯ ᠤᠨ ᠳᠤᠭᠤᠶᠢᠯᠠᠩ ᠱᠠᠩᠬᠠᠢ ᠬᠤᠲᠠ ᠶᠢᠨ ᠸᠠᠢ ᠭᠤᠸ ᠴᠢᠶᠣᠤ ᠴᠢᠯᠦᠭᠡᠲᠦ ᠠᠷᠠᠯᠵᠢᠶᠠᠨ ᠤ ᠣᠷᠣᠨ ᠤ ᠪᠥᠬᠦ ᠪᠥᠮᠪᠥᠷᠴᠡᠭ ᠤᠨ ᠴᠤᠭᠯᠠᠭᠠᠨ ᠳᠤ ᠬᠦᠷᠴᠦ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠥᠷᠨᠢᠭᠦᠯᠪᠡ᠃ ᠠᠷᠠᠯᠵᠢᠶᠠᠴᠢᠨ ᠤᠷᠢᠬᠤ ᠳᠤᠭᠤᠶᠢᠯᠠᠩ ᠤᠨ ᠬᠢᠨ ᠬᠤᠷᠴᠢᠨ ᠲᠣᠭᠤᠷᠢᠭ ᠤᠨ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠭᠤᠣᠯᠳᠠᠯᠭ᠎ᠠ ᠲᠠᠢ ᠲᠠᠨᠢᠯᠴᠠᠭᠤᠯᠵᠤ᠂ ᠬᠤᠶᠠᠷ ᠲᠠᠯ᠎ᠠ ᠪᠠᠷ ᠢᠶᠠᠨ ᠦᠬᠡᠷ ᠤᠨ ᠮᠢᠬ᠎ᠠ ᠶᠢ ᠨᠠᠷᠢᠯᠢᠭ ᠪᠣᠯᠪᠠᠰᠤᠷᠠᠭᠤᠯᠬᠤ᠂ ᠠᠯᠠᠰᠢᠨ ᠦᠬᠡᠷ ᠤᠨ ᠪᠥᠬᠦ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠬᠤ᠂ ᠬᠤᠷᠴᠢᠨ ᠦᠬᠡᠷ ᠤᠨ ᠨᠠᠷᠠᠲᠤ ᠲᠡᠮᠳᠡᠭ ᠤᠨ ᠠᠯᠳᠠᠷᠰᠢᠯ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠪᠠ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号