ᠡᠨᠡ ᠵᠢᠯ᠂ ᠬᠤᠷᠴᠢᠨ ᠲᠣᠭᠤᠷᠢᠭ ᠤᠨ ᠬᠢᠨ ᠤᠯᠠᠨ ᠵᠦᠢᠯ ᠤᠨ ᠠᠷᠭ᠎ᠠ ᠬᠡᠮᠵᠢᠶ᠎ᠡ ᠪᠠᠷ ᠴᠢᠳᠠᠪᠤᠷᠢᠲᠠᠨ ᠢ | ᠣᠷᠣᠭᠤᠯᠤᠨ ᠠᠪᠴᠢᠷᠠᠵᠤ᠂ ᠬᠥᠮᠥᠵᠢᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ | ᠴᠢᠳᠠᠪᠤᠷᠢᠲᠠᠨ ᠤ ᠥᠨᠳᠦᠷᠯᠢᠭ ᠭᠠᠵᠠᠷ ᠢ ᠪᠠᠶᠢᠭᠤᠯᠵᠤ ᠥᠭᠴᠡᠢ᠃ ᠣᠳᠣᠬᠠᠨ ᠳᠤ᠂ ᠬᠤᠷᠴᠢᠨ ᠲᠣᠭᠤᠷᠢᠭ ᠤᠨ | ᠳᠡᠭᠡᠳᠦ ᠲᠠᠰ ᠤᠨ ᠴᠢᠳᠠᠪᠤᠷᠢᠲᠠᠨ ᠤ ᠶᠡᠷᠦᠩᠬᠡᠢ ᠬᠡᠮᠵᠢᠶ᠎ᠡ 15069 ᠬᠥᠮᠥᠨ ᠳᠤ ᠬᠦᠷᠴᠦ᠂ ᠨᠢᠳᠤᠨᠤᠨ ᠤ | ᠬᠢ ᠠᠴᠠ 5.79% ᠪᠠᠷ ᠨᠡᠮᠡᠭᠳᠡᠵᠡᠢ᠃ ᠬᠤᠷᠴᠢᠨ ᠲᠣᠭᠤᠷᠢᠭ ᠤᠨ ᠬᠢᠨ ︽ᠠᠵᠤ ᠠᠬᠤᠶᠢᠯᠠᠯ ᠤᠨ ᠵᠠᠬᠢᠶᠠᠯᠠᠭ᠎ᠠ ᠶᠢᠨ | ᠬᠠᠭᠤᠳᠠᠰᠤ᠂ ᠵᠠᠰᠠᠭ ᠤᠨ ᠣᠷᠳᠣᠨ ᠠᠴᠠ ᠵᠠᠬᠢᠶᠠᠯᠠᠭ᠎ᠠ ᠶᠢᠨ ᠬᠠᠭᠤᠳᠠᠰᠤ ᠲᠠᠷᠬᠠᠭᠠᠬᠤ᠂ ᠴᠢᠳᠠᠪᠤᠷᠢᠲᠠᠨ | ᠵᠠᠬᠢᠶᠠᠯᠠᠭ᠎ᠠ ᠶᠢᠨ ᠬᠠᠭᠤᠳᠠᠰᠤ ᠶᠢ ᠭᠥᠯᠢᠶᠡᠨ ᠠᠪᠬᠤ︾ ᠵᠠᠭᠪᠤᠷ ᠢ ᠰᠢᠨ᠎ᠡ ᠪᠠᠷ ᠡᠭᠦᠳᠦᠨ ᠬᠡᠷᠡᠭᠵᠢᠭᠦᠯᠵᠦ᠂ 2023 | ᠣᠨ ᠤ ᠠᠵᠢᠯ ᠦᠢᠯᠡᠰ ᠤᠨ ᠨᠢᠭᠡᠴᠢ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠢ ᠥᠷᠨᠢᠭᠦᠯᠵᠦ᠂ | ᠠᠵᠢᠯ ᠦᠢᠯᠡᠰ ᠤᠨ ᠨᠢᠭᠡᠴᠢ 18᠂ ᠠᠵᠢᠯ ᠤᠨ ᠪᠠᠶᠢᠷᠢ 94᠂ ᠴᠢᠳᠠᠪᠤᠷᠢᠲᠠᠨ ᠤ ᠬᠡᠷᠡᠭᠴᠡᠭᠡ 181 ᠬᠥᠮᠥᠨ ᠳᠤ | ᠬᠤᠯᠪᠣᠭᠳᠠᠵᠠᠢ᠃ ᠡᠭᠦᠨ ᠠᠴᠠ ᠭᠠᠳᠠᠨ᠎ᠠ᠂ ᠬᠤᠷᠴᠢᠨ ᠲᠣᠭᠤᠷᠢᠭ ᠤᠨ ᠬᠢᠨ ︽ᠬᠤᠷᠴᠢᠨ ᠲᠣᠭᠤᠷᠢᠭ ᠤᠨ ᠰᠠᠯᠬᠢᠨ | ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠴᠢᠳᠠᠪᠤᠷᠢᠲᠠᠨ ᠢ ᠳᠡᠮᠵᠢᠬᠦ ᠲᠥᠷᠥ ᠶᠢᠨ ᠪᠣᠳᠣᠯᠭ᠎ᠠ ᠨᠤᠭᠤᠳ︾ ᠵᠡᠷᠭᠡ ᠪᠢᠴᠢᠭ ᠮᠠᠲ᠋ᠧᠷᠢᠶᠠᠯ ᠢ | ᠵᠠᠯᠭᠠᠭ᠎ᠠ ᠪᠠᠷ ᠨᠡᠶᠢᠲᠡᠯᠡᠵᠦ᠂ ᠠᠮᠢᠳᠤᠷᠠᠯ ᠤᠨ ᠨᠥᠬᠦᠪᠦᠷᠢ᠂ ᠣᠷᠣᠨ ᠰᠠᠭᠤᠴᠠ ᠶᠢᠨ ᠪᠠᠲᠤᠯᠠᠭ᠎ᠠ᠂ ᠰᠢᠨᠵᠢᠯᠡᠬᠦ | ᠤᠬᠠᠭᠠᠨ ᠤ ᠰᠤᠳᠤᠯᠭᠠᠨ ᠤ ᠳᠡᠮᠵᠢᠯᠭᠡ ᠵᠡᠷᠭᠡ ᠲᠠᠯ᠎ᠠ ᠪᠠᠷ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠥᠷᠥ ᠶᠢᠨ | ᠪᠣᠳᠣᠯᠭ᠎ᠠ ᠶᠢᠨ ᠲᠤᠯᠭᠠᠭᠤᠷᠢᠯᠠᠯ ᠢ ᠲᠣᠳᠣᠷᠬᠠᠢ ᠲᠣᠭᠲᠠᠭᠠᠭᠰᠠᠨ ᠪᠠᠶᠢᠨ᠎ᠠ᠃ | |