ᠬᠤᠷᠴᠢᠨ ᠲᠣᠭᠤᠷᠢᠭ᠄ ᠣᠯᠠᠨ ᠨᠡᠶᠢᠲᠡ ᠶᠢᠨ ᠲᠠᠯᠠᠪᠤᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ ᠶᠢ ᠡᠮᠬᠢ ᠵᠢᠷᠤᠮ ᠲᠠᠢ ᠠᠬᠢᠭᠤᠯᠤᠨ᠎ᠠ
ᠨᠡᠶᠢᠲᠡᠯᠡᠭᠰᠡᠨ ᠴᠠᠭ᠄
2023/10/20
    ᠡᠨᠡ ᠵᠢᠯ᠂ ᠬᠤᠷᠴᠢᠨ ᠲᠣᠭᠤᠷᠢᠭ ᠤᠨ ᠬᠢᠨ ᠣᠯᠠᠨ ᠨᠡᠶᠢᠲᠡ ᠶᠢᠨ ᠲᠠᠯᠠᠪᠤᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠦᠯᠬᠢᠨ ᠠᠬᠢᠭᠤᠯᠬᠤ ᠶᠠᠪᠤᠴᠠ ᠳᠤᠮᠳᠠ᠂ ᠴᠡᠭᠴᠡᠯᠡᠨ ᠰᠠᠶᠢᠵᠢᠷᠠᠭᠤᠯᠬᠤ ᠲᠥᠰᠥᠯ ᠤᠨ ᠵᠢᠷᠤᠭ ᠲᠥᠯᠥᠪᠯᠡᠭᠡ ᠶᠢ ᠵᠣᠬᠢᠶᠠᠨ ᠪᠠᠶᠢᠭᠤᠯᠬᠤ ᠪᠠᠨ ᠴᠢᠩᠭᠠᠳᠬᠠᠵᠤ᠂ ᠬᠡᠮ ᠰᠣᠭᠤᠭ ᠲᠠᠢ ᠨᠢᠭᠡᠴᠢ ᠶᠢ ᠤᠷᠢᠳ ᠬᠤᠵᠢᠳ ᠲᠤᠬᠠᠢ ᠶᠢᠨ ᠭᠠᠵᠠᠷ ᠲᠤᠨᠢ 5 ᠤᠳᠠᠭ᠎ᠠ ᠪᠠᠶᠢᠴᠠᠭᠠᠨ᠂ ᠲᠤᠰᠬᠠᠢ ᠵᠦᠢᠯ ᠢᠶᠠᠷ ᠲᠦᠯᠬᠢᠨ ᠠᠬᠢᠭᠤᠯᠬᠤ ᠬᠤᠷᠠᠯ ᠢ 3 ᠤᠳᠠᠭ᠎ᠠ ᠬᠤᠷᠠᠯᠳᠤᠭᠤᠯᠵᠤ᠂ ᠴᠡᠭᠴᠡᠯᠡᠨ ᠰᠠᠶᠢᠵᠢᠷᠠᠭᠤᠯᠬᠤ ᠲᠥᠰᠥᠯ ᠢ ᠨᠢᠭᠡᠳ ᠨᠢᠭᠡ ᠪᠠᠷ ᠲᠣᠭᠲᠠᠭᠠᠪᠠ᠃ ᠡᠭᠦᠨ ᠤ ᠬᠠᠮᠲᠤ᠂ ᠴᠡᠭᠴᠡᠯᠡᠨ ᠰᠠᠶᠢᠵᠢᠷᠠᠭᠤᠯᠬᠤ ᠶᠢ ᠬᠡᠷᠡᠭᠵᠢᠭᠦᠯᠬᠦ ᠠᠭᠤᠯᠭ᠎ᠠ ᠶᠢ ᠨᠠᠷᠢᠯᠢᠭᠵᠢᠭᠤᠯᠵᠤ᠂ ᠡᠯ᠎ᠡ ᠬᠡᠷᠡᠭᠵᠢᠭᠦᠯᠬᠦ ᠨᠢᠭᠡᠴᠢ ᠠᠴᠠ ᠬᠦᠨᠳᠦ ᠶᠡᠭᠡ ᠬᠡᠮ ᠰᠣᠭᠤᠭ ᠲᠠᠢ ᠨᠢᠭᠡᠴᠢ ᠶᠢᠨ ᠴᠡᠭᠴᠡᠯᠡᠨ ᠰᠠᠶᠢᠵᠢᠷᠠᠭᠤᠯᠵᠤ ᠳ᠋ᠤᠭᠠᠷ ᠬᠠᠰᠤᠬᠤ ᠠᠵᠢᠯ ᠢ ᠬᠠᠮᠲᠤᠷᠠᠨ ᠠᠬᠢᠭᠤᠯᠬᠤ ᠶᠢᠨ ᠬᠠᠮᠲᠤ᠂ ᠭᠠᠯ ᠤᠨᠲᠠᠷᠠᠭᠠᠬᠤ ᠥᠭᠡᠷᠡᠴᠢᠯᠡᠯᠲᠡ ᠶᠢᠨ ᠢᠨᠵᠧᠨᠧᠷᠢᠩ ᠤᠨ ᠲᠤᠰᠬᠠᠢ ᠤᠳᠤᠷᠢᠳᠬᠤ ᠳᠤᠭᠤᠶᠢᠯᠠᠩ ᠪᠠᠶᠢᠭᠤᠯᠵᠤ᠂ ᠵᠡᠭᠡᠯᠢ ᠭᠤᠳᠤᠮᠵᠢ᠂ ᠭᠠᠯ ᠤᠨᠲᠠᠷᠠᠭᠠᠬᠤ ᠶᠡᠭᠡ ᠠᠩᠭᠢ᠂ ᠠᠳᠠᠯ ᠠᠬᠤᠢ ᠶᠢᠨ ᠺᠣᠮᠫᠠᠨᠢ ᠪᠣᠯᠣᠨ ᠥᠮᠴᠢᠲᠡᠨ ᠤ ᠲᠥᠯᠥᠭᠡᠯᠡᠭᠴᠢ ᠶᠢ ᠵᠣᠬᠢᠶᠠᠨ ᠪᠠᠶᠢᠭᠤᠯᠤᠨ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠵᠤ᠂ ᠣᠯᠠᠨ ᠨᠡᠶᠢᠲᠡ ᠶᠢᠨ ᠲᠠᠯᠠᠪᠤᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ ᠠᠵᠢᠯ ᠢ ᠬᠠᠮᠲᠤᠪᠠᠷ ᠵᠣᠬᠢᠴᠠᠭᠤᠯᠤᠨ ᠠᠬᠢᠭᠤᠯᠤᠨ᠎ᠠ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号