ᠬᠤᠷᠴᠢᠨ ᠲᠣᠭᠤᠷᠢᠭ᠄ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ ᠭᠤᠣᠯᠯᠠᠬᠤ ᠥᠷᠲᠡᠭ ᠤᠨ ᠦᠵᠡᠯᠲᠡ ᠶᠢ ᠦᠢᠯᠡᠳᠦᠯᠭᠡᠵᠢᠭᠦᠯᠦᠨ᠎ᠡ
ᠨᠡᠶᠢᠲᠡᠯᠡᠭᠰᠡᠨ ᠴᠠᠭ᠄
2023/10/23
    ᠡᠨᠡ ᠵᠢᠯ᠂ ᠬᠤᠷᠴᠢᠨ ᠲᠣᠭᠤᠷᠢᠭ ᠣᠶᠤᠨ ᠤ ᠪᠣᠯᠪᠠᠰᠤᠨ ᠤ ︽ᠵᠢᠷᠭᠤᠭᠠᠨ ᠶᠡᠭᠡ ᠡᠭᠦᠳᠦᠨ ᠪᠠᠶᠢᠭᠤᠯᠤᠯᠲᠠ︾  ᠶᠢᠨ ᠠᠵᠢᠯ ᠳᠤ ᠰᠢᠨ᠎ᠡ ᠰᠢᠪᠲᠤᠯᠤᠯᠲᠠ ᠲᠠᠢ ᠪᠣᠯᠵᠤ᠂ ᠤᠯᠤᠰ ᠤᠨ ᠲᠠᠰ ᠤᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠯᠪᠠᠰᠤᠨ ᠲᠣᠰᠬᠤᠨ ᠪᠠᠯᠭᠠᠰᠤ᠂ ᠨᠢᠭᠡᠴᠢ᠂ ᠨᠡᠶᠢᠭᠡᠮ ᠲᠣᠭᠤᠷᠢᠭ᠂ ᠭᠡᠷ ᠪᠦᠯᠢ᠂ ᠰᠤᠷᠭᠠᠭᠤᠯᠢ ᠶᠢᠨ ᠬᠦᠷᠢᠶ᠎ᠡ ᠶᠢ 58 ᠡᠭᠦᠳᠦᠨ ᠪᠠᠶᠢᠭᠤᠯᠵᠤ᠂ 3 ᠰᠤᠷᠭᠠᠭᠤᠯᠢ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠰᠤᠷᠭᠠᠭᠤᠯᠢ ᠶᠢᠨ ᠪᠠᠭᠠᠴᠤᠳ ᠤᠨ ᠣᠷᠳᠣᠨ ᠳᠤ ᠰᠣᠩᠭᠤᠭᠳᠠᠪᠠ᠃ ᠡᠭᠦᠨ ᠤ ᠬᠠᠮᠲᠤ᠂ ᠰᠢᠨ᠎ᠡ ᠴᠠᠭ ᠦᠶ᠎ᠡ ᠶᠢᠨ ᠠᠷᠠᠳ ᠢᠷᠭᠡᠳ ᠤᠨ ᠶᠣᠰᠣ ᠰᠤᠷᠲᠠᠬᠤᠨ ᠤ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂  ︽ᠥᠯᠢᠭᠡᠷ ᠳᠠᠭᠤᠷᠢᠶᠠᠯ ᠳᠡᠷᠭᠡᠳᠡ ᠨᠢ ᠪᠠᠶᠢᠬᠤ︾ ᠤᠬᠠᠭᠤᠯᠭ᠎ᠠ ᠬᠥᠮᠦᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠪᠢ ᠥᠪᠡᠷ ᠤᠨ ᠳᠡᠷᠭᠡᠳᠡᠬᠢ ᠰᠠᠶᠢᠨ ᠬᠥᠮᠥᠨ ᠢ ᠲᠠᠨᠢᠯᠴᠠᠭᠤᠯᠵᠤ ᠦᠨᠡᠯᠡᠬᠦ︾ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠦᠨ᠎ᠡ᠃ ᠡᠭᠦᠨ ᠠᠴᠠ ᠭᠠᠳᠠᠨ᠎ᠠ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠥᠷᠭᠡᠳᠬᠡᠵᠦ᠂ ︽ᠨᠢᠭᠡ ᠰᠠᠷ᠎ᠠ ᠳᠤ ᠨᠢᠭᠡ ᠭᠤᠣᠯ ᠰᠡᠳᠦᠪ︾ ᠣᠨᠴᠠᠯᠢᠭᠲᠤ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠢ ᠪᠣᠶ ᠪᠣᠯᠭᠠᠵᠤ᠂ ᠡᠯ᠎ᠡ ᠲᠥᠷᠥᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ 1100 ᠭᠠᠷᠤᠢ ᠤᠳᠠᠭ᠎ᠠ ᠥᠷᠨᠢᠭᠦᠯᠪᠡ︔ ︽ᠨᠢᠭᠡ ᠨᠣᠮ ᠢ ᠬᠠᠮᠲᠤ ᠪᠠᠷ ᠤᠩᠰᠢᠯ᠎ᠠ ︱ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠦᠶ᠎ᠡ︾ ᠶᠢᠨ ᠰᠣᠩᠭᠤᠳᠠᠭ ᠪᠦᠲᠦᠭᠡᠯ ᠤᠨ ᠪᠤᠤᠬᠢᠶ᠎ᠠ ᠤᠩᠰᠢᠯᠭ᠎ᠠ ᠶᠢᠨ ᠲᠦᠷᠦᠯ ᠵᠦᠢᠯ ᠨᠢ ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠵᠠᠯᠠᠭᠤᠴᠤᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠵᠦᠢᠯ ᠤᠨ ᠤᠷᠤᠯᠳᠤᠭᠠᠨ ᠤ ᠮᠥᠩᠭᠦᠨ ᠱᠠᠩᠨᠠᠯ ᠢ ᠬᠦᠷᠳᠡᠪᠡ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号